ᠮᠠᠨ ᠤ ᠬᠤᠲᠠ ᠶᠢᠨ ᠥᠯᠥ ᠬᠥᠳᠡᠯᠬᠦ ᠬᠥᠷᠥᠩᠭᠡ ᠶᠢᠨ ᠨᠢᠭᠡᠴᠡ ᠶᠢᠨ ᠠᠩᠬᠠᠨ ᠤ ᠳᠠᠩᠰᠠᠯᠠᠯᠲᠠ ᠶᠢᠨ ᠮᠡᠳᠡᠭᠡ ᠵᠠᠩᠭᠢ ᠶᠢᠨ ᠬᠦᠰᠦᠨᠦᠭᠲᠦ ᠶᠢ ᠲᠤᠭᠠᠴᠢᠯᠠᠭᠰᠠᠨ ᠪᠦᠭᠡᠳ ᠴᠠᠭ ᠲᠤᠬᠠᠢ ᠳᠠᠭᠠᠨ ᠰᠢᠨᠡᠴᠢᠯᠡᠭᠳᠡᠬᠦ ᠪᠣᠯᠪᠠ
ᠨᠡᠶᠢᠲᠡᠯᠡᠭᠰᠡᠨ ᠴᠠᠭ᠄
2023/2/8
      ︵ᠰᠤᠷᠪᠤᠯᠵᠢᠯᠠᠭᠴᠢ ᠰᠦᠩ ᠰᠢᠶᠠᠩ ᠬᠤᠸᠠ︶ ᠮᠠᠨ ᠤ ᠬᠤᠲᠠ ᠶᠢᠨ ᠬᠤᠳᠠᠯᠳᠤᠭ᠎ᠠ ᠡᠷᠬᠢᠯᠡᠬᠦ ᠣᠷᠴᠢᠨ  ᠨᠦᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ︽ᠢᠨᠲ᠋ᠧᠷ ᠰᠦᠯᠵᠢᠶ᠎ᠡ + ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ︾ ᠶᠢᠨ ᠠᠵᠢᠯ ᠢ ᠭᠦᠨᠵᠡᠭᠡᠢ ᠠᠬᠢᠭᠤᠯᠵᠤ᠂ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠠᠷᠠᠳ ᠲᠤ ᠲᠥᠬᠦᠮ᠂ ᠬᠤᠷᠳᠤᠨ᠂ ᠲᠣᠭᠠᠴᠢᠯᠠᠭᠰᠠᠨ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠬᠦ ᠶᠢᠨ ᠲᠥᠯᠥᠭᠡ᠂ 2 ᠳ᠋ᠤᠭᠠᠷ ᠰᠠᠷ᠎ᠠ ᠶᠢᠨ 7 ᠤ ᠡᠳᠦᠷ ᠠᠴᠠ ᠡᠬᠢᠯᠡᠨ᠂ ᠰᠢᠨ᠎ᠡ ᠪᠠᠷ ᠨᠡᠶᠢᠲᠡᠯᠡᠭᠰᠡᠨ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠳᠤ ᠥᠯᠥ ᠬᠥᠳᠡᠯᠬᠦ ᠬᠥᠷᠥᠩᠭᠡ ᠶᠢᠨ ᠨᠢᠭᠡᠴᠡ ᠶᠢᠨ ᠠᠩᠬᠠᠨ ᠤ ᠳᠠᠩᠰᠠᠯᠠᠯᠲᠠ ᠶᠢᠨ ᠮᠡᠳᠡᠭᠡ ᠵᠠᠩᠭᠢ ᠶᠢᠨ ᠬᠦᠰᠦᠨᠦᠭᠲᠦ ᠶᠢ ᠳᠠᠭᠢᠵᠤ ᠨᠠᠭᠠᠬᠤ ᠦᠭᠡᠢ᠂ ᠦᠨᠡᠮᠯᠡᠯ ᠠᠪᠴᠤ ᠪᠠᠶᠢᠭ᠎ᠠ ᠬᠥᠮᠥᠨ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠤᠨ ᠳᠠᠭᠠᠯᠳᠤᠭᠤᠯᠤᠯ ᠵᠢᠷᠤᠭ ᠤᠨ ᠨᠢᠭᠤᠷ ᠲᠠᠬᠢ ᠮᠡᠷᠭᠡᠨ ᠴᠣᠬᠤᠷ ᠢ ᠰᠢᠷᠪᠢᠵᠦ ᠲᠣᠰ ᠥᠯᠥ ᠬᠥᠳᠡᠯᠬᠦ ᠬᠥᠷᠥᠩᠭᠡ ᠶᠢᠨ ᠨᠢᠭᠡᠴᠡ ᠶᠢᠨ ᠡᠯᠧᠺᠲᠷᠣᠨ ᠮᠡᠳᠡᠭᠡ ᠵᠠᠩᠭᠢ ᠶᠢᠨ ᠬᠦᠰᠦᠨᠦᠭᠲᠦ ᠶᠢ ᠪᠠᠶᠢᠴᠠᠭᠠᠨ ᠦᠵᠡᠵᠦ ᠪᠣᠯᠣᠨ᠎ᠠ᠃      ︽ᠥᠯᠥ ᠬᠥᠳᠡᠯᠬᠦ ᠬᠥᠷᠥᠩᠭᠡ ᠶᠢᠨ ᠨᠢᠭᠡᠴᠡ ᠶᠢᠨ ᠠᠩᠬᠠᠨ ᠤ ᠳᠠᠩᠰᠠᠯᠠᠯᠲᠠ ᠶᠢᠨ ᠡᠯᠧᠺᠲᠷᠣᠨ ᠮᠡᠳᠡᠭᠡ ᠵᠠᠩᠭᠢ ᠶᠢᠨ ᠬᠦᠰᠦᠨᠦᠭᠲᠦ︾ ᠭᠡᠳᠡᠭ ᠨᠢ ᠭᠤᠶᠤᠴᠢᠯᠠᠭᠴᠢ ᠥᠯᠥ ᠬᠥᠳᠡᠯᠬᠦ ᠬᠥᠷᠥᠩᠭᠡ ᠶᠢᠨ ᠠᠩᠬᠠᠨ ᠤ ᠳᠠᠩᠰᠠᠯᠠᠯᠲᠠ ᠬᠢᠯᠭᠡᠬᠦ ᠪᠠᠷ ᠭᠤᠶᠤᠴᠢᠯᠠᠬᠤ ᠶᠢᠨ ᠬᠠᠮᠲᠤ ᠬᠢᠨᠠᠨ ᠬᠠᠷᠭᠤᠭᠤᠯᠵᠤ ᠲᠡᠮᠳᠡᠭᠯᠡᠭᠰᠡᠨ ᠤ ᠳᠠᠷᠠᠭ᠎ᠠ ᠲᠡᠷᠡ ᠳᠠᠷᠤᠢ ᠳᠤᠨᠢ ᠡᠯᠧᠺᠲᠷᠣᠨ ᠮᠡᠳᠡᠭᠡ ᠵᠠᠩᠭᠢ ᠶᠢᠨ ᠬᠦᠰᠦᠨᠦᠭᠲᠦ ᠶᠢ ᠪᠣᠶ ᠪᠣᠯᠭᠠᠬᠤ ᠪᠥᠭᠡᠳ ᠴᠠᠭ ᠲᠤᠬᠠᠢ ᠳᠤᠨᠢ ᠰᠢᠨᠡᠴᠢᠯᠡᠬᠦ ᠶᠠᠪᠤᠳᠠᠯ ᠪᠣᠯᠣᠨ᠎ᠠ᠃ ᠦᠯᠦ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠤᠨ ᠮᠡᠳᠡᠭᠡ ᠵᠠᠩᠭᠢ ᠶᠢᠨ ᠬᠦᠰᠦᠨᠦᠭᠲᠦ ᠶᠢ ᠴᠠᠭᠠᠰᠤ ᠠᠴᠠ ᠡᠯᠧᠺᠲᠷᠤᠨᠴᠢᠯᠠᠬᠤ ᠲᠡᠶᠢᠰᠢ ᠬᠤᠪᠢᠷᠠᠭᠤᠯᠵᠤ᠂ ᠠᠵᠤ ᠠᠬᠤᠶᠢᠯᠠᠯ ᠪᠠ ᠤᠯᠠᠨ ᠲᠦᠮᠡᠨ ᠤ ᠠᠵᠢᠯ ᠶᠠᠪᠤᠳᠠᠯ ᠰᠢᠢᠳᠪᠦᠷᠢᠯᠡᠬᠦ ᠳᠤ ᠤᠯᠠᠮ ᠨᠢᠭᠡ ᠠᠯᠬᠤᠮ ᠲᠦᠭᠦᠮ ᠦᠵᠡᠭᠦᠯᠪᠡ᠃      ᠥᠩᠭᠡᠷᠡᠭᠰᠡᠨ ᠳᠤ᠂ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠳᠡᠭᠡᠷᠡᠬᠢ ᠮᠡᠳᠡᠭᠡ ᠵᠠᠩᠭᠢ ᠶᠢᠨ ᠬᠦᠰᠦᠨᠦᠭᠲᠦ ᠶᠢ ᠴᠥᠮ ᠴᠠᠭᠠᠰᠤᠨ ᠬᠦᠰᠦᠨᠦᠭᠲᠦ ᠶᠢᠨ ᠬᠠᠭᠤᠳᠠᠰᠤ ᠶᠢ ᠠᠵᠢᠯᠲᠠᠨ ᠤ ᠭᠠᠷ ᠢᠶᠠᠷ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠳᠡᠭᠡᠷ᠎ᠡ ᠨᠠᠭᠠᠵᠤ᠂ ᠨᠢᠭᠤᠷ ᠤᠨ ᠲᠤᠭ᠎ᠠ ᠨᠢ ᠣᠯᠠᠨ᠂ ᠠᠮᠠᠷᠬᠠᠨ ᠤᠷᠠᠭᠳᠠᠵᠤ ᠰᠦᠢᠳᠬᠦ᠂ ᠪᠠᠶᠢᠴᠠᠭᠠᠨ ᠦᠵᠡᠬᠦ ᠳᠤ ᠬᠦᠴᠢᠷ ᠵᠡᠷᠭᠡ ᠠᠰᠠᠭᠤᠳᠠᠯ ᠣᠷᠣᠰᠢᠵᠤ ᠪᠠᠶᠢᠪᠠ᠃ ᠡᠭᠦᠨ ᠤ ᠬᠠᠮᠲᠤ᠂ ᠠᠵᠢᠯᠲᠠᠳ ᠦᠨᠡᠮᠯᠡᠯ ᠬᠢᠬᠦ ᠶᠠᠪᠤᠴᠠ ᠳᠤ ᠦᠳᠡᠬᠦ᠂ ᠨᠠᠭᠠᠬᠤ᠂ ᠲᠠᠮᠠᠭ᠎ᠠ ᠳᠠᠷᠤᠬᠤ ᠵᠡᠷᠭᠡ ᠠᠯᠢ ᠣᠯᠠᠨ ᠠᠵᠢᠯ ᠢ ᠪᠡᠶᠡᠯᠡᠭᠦᠯᠵᠦ᠂ ᠠᠵᠢᠯ ᠤᠨ ᠦᠷ᠎ᠡ ᠪᠦᠲᠦᠮᠵᠢ ᠶᠢ ᠲᠤᠶᠢᠯ ᠤᠨ ᠶᠡᠭᠡ ᠪᠠᠷ ᠨᠥᠯᠥᠭᠡᠯᠡᠳᠡᠭ᠃ ︽ᠦᠯᠦ ᠬᠥᠳᠡᠯᠬᠦ ᠬᠥᠷᠥᠩᠭᠡ ᠶᠢᠨ ᠨᠢᠭᠡᠴᠡ ᠶᠢᠨ ᠠᠩᠬᠠᠨ ᠤ ᠳᠠᠩᠰᠠᠯᠠᠯᠲᠠ ᠶᠢᠨ ᠡᠯᠧᠺᠲᠷᠣᠨ ᠮᠡᠳᠡᠭᠡ ᠵᠠᠩᠭᠢ ᠶᠢᠨ ᠬᠦᠰᠦᠨᠦᠭᠲᠦ︾ ᠶᠢ ᠲᠣᠭᠠᠴᠢᠯᠠᠬᠤ ᠥᠭᠡᠷᠡᠴᠢᠯᠡᠯᠲᠡ ᠪᠠᠷ ᠳᠠᠮᠵᠢᠭᠤᠯᠤᠨ᠂ ᠦᠯᠦ ᠬᠥᠳᠡᠯᠬᠦ ᠬᠥᠷᠥᠩᠭᠡ ᠶᠢ ᠳᠠᠩᠰᠠᠯᠠᠬᠤ ᠦᠷ᠎ᠡ ᠪᠦᠲᠦᠮᠵᠢ ᠶᠢ ᠪᠦᠲᠦᠮᠵᠢᠲᠡᠶ ᠳᠡᠭᠡᠭᠰᠢᠯᠡᠭᠦᠯᠵᠦ᠂ ᠦᠯᠦ ᠬᠥᠳᠡᠯᠬᠦ ᠬᠥᠷᠥᠩᠭᠡ ᠶᠢ ᠳᠠᠩᠰᠠᠯᠠᠬᠤ ᠴᠠᠭ ᠢ ᠪᠣᠭᠤᠨᠢᠰᠬᠠᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号