ᠾᠧ ᠬᠠᠢ ᠳ᠋ᠦᠩ ᠸᠠᠩ ᠰᠢᠶᠠᠩ ᠪᠣᠯᠣᠨ ᠰᠢᠶᠦᠶᠢᠩ ᠬᠤᠢ ᠨᠠᠷ ᠲᠠᠢ ᠠᠭᠤᠯᠵᠠᠪᠠ
ᠨᠡᠶᠢᠲᠡᠯᠡᠭᠰᠡᠨ ᠴᠠᠭ᠄
2023/2/9
      ︵ᠰᠤᠷᠪᠤᠯᠵᠢᠯᠠᠭᠴᠢ ᠯᠢᠶᠠᠩ ᠵᠢᠩ ᠱᠤ᠋︶ 2 ᠳ᠋ᠤᠭᠠᠷ ᠰᠠᠷ᠎ᠠ ᠶᠢᠨ 8 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠵᠥᠩ ᠰᠢᠩ ᠴᠢᠮᠡᠭᠡ ᠬᠤᠯᠪᠣᠭ᠎ᠠ ᠶᠢᠨ ᠳᠡᠭᠡᠳᠦ ᠵᠡᠷᠭᠡ ᠶᠢᠨ ᠳᠡᠳ᠋ ᠶᠡᠷᠦᠩᠬᠡᠢ ᠵᠠᠬᠢᠷᠤᠯ ᠸᠠᠩ ᠰᠢᠶᠠᠩ᠂ ᠰᠠᠨ ᠨᠥᠸᠧ ᠪᠦᠯᠦᠭᠯᠡᠯ ᠤᠨ ᠪᠠᠶᠢᠩᠭᠤ ᠶᠢᠨ ᠳᠡᠳ᠋ ᠶᠡᠷᠦᠩᠬᠡᠢ ᠵᠠᠬᠢᠷᠤᠯ ᠰᠢᠶᠦ᠋ᠩ ᠬᠤᠶ ᠨᠠᠷ ᠲᠠᠢ ᠠᠭᠤᠯᠵᠠᠪᠠ᠃ ᠬᠤᠶᠠᠷ ᠲᠠᠯ᠎ᠠ ᠪᠠᠷ ᠢᠶᠠᠨ ᠦᠢᠯᠡᠴᠢᠯᠡᠭᠦᠷ ᠢ ᠰᠤᠳᠤᠯᠤᠨ ᠨᠡᠭᠡᠭᠡᠬᠦ᠂ ᠦᠢᠯᠡᠳᠪᠦᠷᠢᠯᠡᠬᠦ᠂ ᠦᠢᠯᠡᠳᠬᠦ ᠵᠡᠷᠭᠡ ᠲᠠᠯ᠎ᠠ ᠶᠢᠨ ᠬᠠᠮᠲᠤᠷᠠᠯᠴᠠᠭ᠎ᠠ ᠶᠢᠨ ᠲᠣᠭᠤᠷᠢᠨ ᠳᠤ  ᠦᠵᠡᠯ ᠪᠣᠳᠣᠯ ᠢᠶᠠᠨ ᠭᠦᠨᠵᠡᠭᠡᠢ ᠰᠣᠯᠢᠯᠴᠠᠵᠤ᠂ ᠲᠤᠰ ᠲᠤᠰ ᠤᠨ ᠳᠠᠪᠠᠭᠤᠯᠢᠭ ᠢᠶᠠᠨ ᠪᠠᠳᠠᠷᠠᠭᠤᠯᠤᠨ᠂ ᠬᠠᠮᠲᠤᠷᠠᠯᠴᠠᠭᠠᠨ ᠤ ᠵᠠᠭᠪᠤᠷ ᠤᠨ ᠲᠣᠭᠤᠷᠢᠨ ᠳᠤ ᠭᠦᠨᠵᠡᠭᠡᠢ ᠵᠣᠯᠭᠠᠭᠤᠯᠤᠨ ᠵᠥᠪᠳᠡᠯᠴᠡᠵᠦ᠂ ᠲᠦᠷᠦᠯ ᠵᠦᠢᠯ ᠳᠤ ᠠᠯᠢ ᠬᠤᠷᠳᠤᠨ ᠬᠠᠮᠲᠤᠷᠠᠯᠴᠠᠭᠠᠨ ᠤ ᠬᠠᠮᠲᠤ ᠶᠢᠨ ᠲᠠᠨᠢᠯᠲᠠ ᠲᠠᠢ ᠪᠣᠯᠬᠤ ᠶᠢ ᠪᠠᠲᠤᠯᠠᠵᠤ᠂ ᠲᠦᠷᠦᠯ ᠵᠦᠢᠯ ᠤᠨ ᠡᠷᠲᠡ ᠭᠡᠷ᠎ᠡ ᠲᠣᠭᠲᠠᠬᠤ᠂ ᠲᠦᠷᠭᠡᠨ ᠨᠠᠶᠢᠳᠠᠪᠤᠷᠢᠵᠢᠭᠤᠯᠬᠤ ᠶᠢ ᠴᠢᠷᠮᠠᠶᠢᠨ ᠠᠬᠢᠭᠤᠯᠵᠤ᠂ ᠬᠤᠶᠠᠷ ᠲᠠᠯ᠎ᠠ ᠶᠢᠨ ᠬᠥᠭᠵᠢᠯᠲᠡ ᠶᠢᠨ ᠬᠠᠮᠲᠤ ᠶᠢᠨ ᠠᠰᠢᠭ ᠲᠤᠰᠠ ᠶᠢ ᠪᠡᠶᠡᠯᠡᠭᠦᠯᠦᠨ᠎ᠡ ᠭᠡᠵᠦ ᠰᠠᠨᠠᠯ ᠨᠢᠭᠡᠲᠡᠢ ᠢᠯᠡᠳᠬᠡᠪᠡ᠃      ᠬᠤᠳᠠ ᠶᠢᠨ ᠤᠳᠤᠷᠢᠳᠤᠯᠭ᠎ᠠ ᠯᠢ ᠰᠢᠶᠣᠣ ᠶᠠᠨ᠂ ᠵᠦ ᠵᠢᠶᠠᠨ ᠭᠦᠸᠧ᠂ ᠬᠤᠳᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠯᠢᠦ ᠵᠢᠶᠠᠨ ᠸᠧᠨ ᠵᠢᠴᠢ ᠬᠠᠮᠢᠶ᠎ᠠ ᠪᠦᠬᠦᠢ ᠭᠠᠵᠠᠷ ᠣᠷᠣᠨ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠭᠤᠯᠵᠠᠯᠲᠠ ᠳᠤ ᠣᠷᠣᠯᠴᠠᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号