︵ᠰᠤᠷᠪᠤᠯᠵᠢᠯᠠᠭᠴᠢ ᠠᠷᠢᠭᠤᠨ᠎ᠠ︶ 2 ᠳ᠋ᠤᠭᠠᠷ ᠰᠠᠷ᠎ᠠ ᠶᠢᠨ 8 ᠤ ᠡᠳᠦᠷ᠂ 2023 ᠣᠨ ᠤ ᠪᠦᠬᠦ | ᠬᠤᠳᠠ ᠶᠢᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠵᠢᠴᠢ ︽ᠬᠠᠶᠠᠭᠳᠠᠮᠠᠯ ᠦᠭᠡᠢ ᠬᠤᠳᠠ | ︾ ᠶᠢᠨ ᠪᠦᠲᠦᠭᠡᠨ ᠪᠠᠶᠢᠭᠤᠯᠤᠯᠲᠠ ᠶᠢᠨ ᠳᠠᠶᠢᠴᠢᠯᠠᠯᠲᠠ ᠶᠢᠨ ᠬᠤᠷᠠᠯ ᠬᠤᠷᠠᠯᠳᠤᠵᠤ᠂ 2022 ᠣᠨ ᠤ ᠪᠦᠬᠦ | ᠬᠤᠳᠠ ᠶᠢᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠳ᠋ᠦᠩᠨᠡᠵᠦ᠂ 2023 ᠣᠨ ᠤ | ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ᠃ | ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠬᠤᠷᠠᠯ ᠳᠤ | ᠣᠷᠣᠯᠴᠠᠵᠤ ᠶᠠᠷᠢᠶ᠎ᠠ ᠲᠠᠯᠪᠢᠪᠠ᠃ | ᠾᠧ ᠬᠠᠢ ᠳ᠋ᠦᠩ ᠴᠢᠬᠤᠯᠠᠴᠢᠯᠠᠭᠰᠠᠨ ᠨᠢ᠂ ᠪᠦᠬᠦ ᠬᠤᠳᠠ ᠪᠠᠷ ᠢᠶᠠᠨ ᠤᠯᠤᠰ ᠤᠨ ᠠᠮᠢ ᠠᠬᠤᠢ ᠶᠢᠨ | ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠳᠠ ᠶᠢᠨ ᠪᠠᠶᠢᠭᠤᠯᠤᠯᠲᠠ ᠶᠢᠨ ᠦᠷ᠎ᠡ ᠪᠦᠲᠦᠭᠡᠯ ᠢ | ᠦᠨᠡᠨᠬᠦ ᠪᠠᠲᠤᠳᠬᠠᠬᠤ ᠬᠡᠷᠡᠭᠲᠡᠢ︔ ᠬᠤᠶᠠᠳᠤᠭᠠᠷ ᠡᠭᠡᠯᠵᠢ ᠶᠢᠨ ᠲᠥᠪ ᠤᠨ ᠠᠮᠢ ᠠᠬᠤᠢ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠶᠢ ᠣᠨᠣᠪᠴᠢᠲᠠᠢ | ᠣᠶᠢᠯᠠᠭᠠᠵᠤ᠂ ᠴᠡᠭᠴᠡᠯᠡᠨ ᠰᠠᠶᠢᠵᠢᠷᠠᠭᠤᠯᠬᠤ ᠴᠠᠭ ᠤᠨ ᠱᠠᠭᠠᠷᠳᠠᠯᠭ᠎ᠠ ᠶᠢ ᠴᠢᠩᠭ᠎ᠠ ᠠᠩᠬᠠᠷᠴᠤ᠂ ᠬᠤᠳᠠᠯ | ᠬᠠᠭᠤᠷᠮᠠᠭ ᠢᠶᠠᠷ ᠴᠡᠭᠴᠡᠯᠡᠨ ᠰᠠᠶᠢᠵᠢᠷᠠᠭᠤᠯᠬᠤ᠂ ᠦᠩᠭᠡᠨ ᠲᠠᠯ᠎ᠠ ᠶᠢ ᠨᠢ ᠴᠡᠭᠴᠡᠯᠡᠨ ᠰᠠᠶᠢᠵᠢᠷᠠᠭᠤᠯᠬᠤ᠂ ᠬᠠᠰᠢ | ᠶᠠᠰᠢ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ︔ ᠠᠭᠠᠷ ᠮᠠᠨᠳᠠᠯ ᠤᠨ ᠪᠣᠬᠢᠷᠳᠤᠯ ᠢ | ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠠᠳᠬᠤᠵᠤ᠂ ᠢᠯᠴᠢ ᠶᠢ ᠬᠥᠬᠡᠬᠤᠲᠠ ᠳᠤ ᠣᠷᠣᠭᠤᠯᠬᠤ ᠪᠠᠷᠢᠯᠭ᠎ᠠ ᠶᠢᠨ | ᠪᠦᠲᠦᠭᠡᠨ ᠪᠠᠶᠢᠭᠤᠯᠤᠯᠲᠠ᠂ ᠲᠦᠯᠡᠰᠢᠨ ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ | ᠭᠤᠣᠯᠳᠠᠯᠭ᠎ᠠ ᠲᠠᠢ ᠠᠵᠢᠯ ᠪᠣᠯᠭᠠᠨ ᠥᠷᠨᠢᠭᠦᠯᠬᠦ ᠬᠡᠷᠡᠭᠲᠡᠢ︔ ᠤᠰᠤᠨ ᠤ ᠣᠷᠴᠢᠨ ᠲᠣᠭᠤᠷᠢᠨ ᠤ ᠵᠠᠰᠠᠯᠲᠠ ᠶᠢ | ᠰᠠᠶᠢᠲᠤᠷ ᠠᠳᠬᠤᠵᠤ᠂ ᠤᠰᠤ ᠬᠠᠩᠭᠠᠬᠤ᠂ ᠤᠰᠤ ᠵᠠᠰᠠᠬᠤ᠂ ᠤᠰᠤ ᠴᠡᠪᠡᠷᠰᠢᠭᠦᠯᠬᠦ ᠲᠠᠯ᠎ᠠ ᠶᠢᠨ ᠠᠵᠢᠯ ᠤᠨ | ᠡᠷᠴᠢᠮ ᠢ ᠴᠢᠩᠭᠠᠳᠬᠠᠬᠤ ᠬᠡᠷᠡᠭᠲᠡᠢ︔ ︽ᠬᠠᠶᠠᠭᠳᠠᠮᠠᠯ ᠦᠭᠡᠢ ᠬᠤᠳᠠ︾ ᠶᠢᠨ ᠪᠦᠲᠦᠭᠡᠨ ᠪᠠᠶᠢᠭᠤᠯᠤᠯᠲᠠ ᠶᠢ | ᠰᠠᠶᠢᠲᠤᠷ ᠠᠳᠬᠤᠵᠤ᠂ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ᠂ ᠲᠠᠷᠢᠶᠠᠯᠠᠩ ᠬᠥᠳᠡᠭᠡ | ᠲᠣᠰᠬᠤᠨ ᠤ ᠬᠠᠲᠠᠭᠤ ᠪᠡᠶᠡᠲᠦ ᠬᠠᠶᠠᠭᠳᠠᠮᠠᠯ ᠪᠣᠳᠠᠰ᠂ ᠠᠮᠢᠳᠤᠷᠠᠯ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ | ᠵᠡᠷᠭᠡ ᠭᠤᠣᠯᠳᠠᠯᠭ᠎ᠠ ᠲᠠᠢ ᠬᠦᠷᠢᠶ᠎ᠡ ᠶᠢ ᠰᠠᠶᠢᠲᠤᠷ ᠠᠩᠬᠠᠷᠴᠤ᠂ ᠡᠯ᠎ᠡ ᠵᠦᠢᠯ ᠤᠨ ᠠᠵᠢᠯ ᠤᠨ ᠡᠮᠬᠢ ᠵᠢᠷᠤᠮ ᠲᠠᠢ | ᠶᠠᠪᠤᠭᠳᠠᠬᠤ ᠶᠢ ᠪᠠᠲᠤᠯᠠᠬᠤ ᠶᠢᠨ ᠬᠠᠮᠲᠤ ᠤᠬᠠᠭᠤᠯᠵᠤ ᠬᠥᠲᠥᠯᠥᠨ ᠵᠢᠯᠤᠭᠤᠳᠬᠤ ᠠᠵᠢᠯ ᠢ ᠰᠠᠶᠢᠲᠤᠷ ᠬᠢᠬᠦ ᠬᠡᠷᠡᠭᠲᠡᠢ | ︔ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ | ᠮᠥᠴᠢᠷ ᠤᠨ ᠬᠢᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ᠂ ᠡᠨᠡ ᠵᠢᠯ ᠤᠨ ᠡᠯ᠎ᠡ | ᠵᠦᠢᠯ ᠤᠨ ᠠᠵᠢᠯ ᠢᠶᠠᠨ ᠦᠨᠡᠨᠬᠦ ᠰᠠᠶᠢᠲᠤᠷ ᠬᠢᠬᠦ ᠬᠡᠷᠡᠭᠲᠡᠢ ᠭᠡᠵᠡᠢ᠃ | ᠬᠤᠷᠠᠯ ᠳᠡᠭᠡᠷ᠎ᠡ᠂ ᠬᠤᠲᠠ ᠶᠢᠨ ᠳᠡᠳ᠋ ᠳᠠᠷᠤᠭ᠎ᠠ ᠮᠠ ᠪᠢᠩ ᠴᠢᠤᠸᠠᠨ 2022 ᠣᠨ ᠤ ᠪᠥᠬᠦ ᠬᠤᠲᠠ ᠶᠢᠨ | ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠬᠠᠷᠢᠭᠤ ᠮᠡᠳᠡᠭᠦᠯᠦᠯᠲᠡ ᠬᠢᠭᠰᠡᠨ ᠪᠥᠭᠡᠳ | 2023 ᠣᠨ ᠤ ᠭᠤᠣᠯᠳᠠᠯᠭ᠎ᠠ ᠲᠠᠢ ᠠᠵᠢᠯ ᠵᠢᠴᠢ ︽ᠬᠠᠶᠠᠭᠳᠠᠮᠠᠯ ᠦᠭᠡᠢ ᠬᠤᠲᠠ︾ ᠶᠢᠨ ᠪᠦᠲᠦᠭᠡᠨ | ᠪᠠᠶᠢᠭᠤᠯᠤᠯᠲᠠ ᠶᠢᠨ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃ ᠬᠤᠲᠠ ᠶᠢᠨ ᠳᠡᠳ᠋ ᠳᠠᠷᠤᠭ᠎ᠠ ᠯᠢ | ᠰᠢᠶᠣᠣ ᠶᠠᠨ ᠬᠤᠷᠠᠯ ᠢ ᠡᠷᠭᠢᠯᠡᠪᠡ᠃ | ᠮᠠᠨ ᠤ ᠬᠤᠳᠠ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ᠂ ᠡᠯ᠎ᠡ ᠬᠤᠰᠢᠭᠤ ᠰᠢᠶᠠᠨ ᠲᠣᠭᠤᠷᠢᠭ᠂ ᠠᠵᠤ | ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠤᠨ ᠭᠤᠣᠯ ᠬᠠᠷᠢᠭᠤᠴᠠᠯᠭᠠᠲᠠᠨ | ᠬᠤᠷᠠᠯ ᠳᠤ ᠣᠷᠣᠯᠴᠠᠪᠠ᠃ |