ᠠᠮᠢᠲᠠᠨ ᠤ ᠬᠦᠷᠢᠶᠡᠯᠡᠩ ᠤᠨ ᠲᠣᠭᠤᠷᠢᠨ ᠦᠵᠡᠬᠦ ᠬᠥᠭᠦᠷᠭᠡᠨ ᠵᠠᠮ ᠢ ᠥᠨᠥᠳᠥᠷ ᠠᠴᠠ ᠡᠬᠢᠯᠡᠵᠦ ᠨᠡᠭᠡᠭᠡᠨ᠎ᠡ
ᠨᠡᠶᠢᠲᠡᠯᠡᠭᠰᠡᠨ ᠴᠠᠭ᠄
2023/3/20
     ︵ᠰᠤᠷᠪᠤᠯᠵᠢᠯᠠᠭᠴᠢ ᠰᠥᠩ ᠰᠢᠶᠠᠩ ᠬᠤᠸᠠ︶ ᠰᠤᠷᠪᠤᠯᠵᠢᠯᠠᠭᠴᠢ ᠣᠶᠢᠷ᠎ᠠ ᠳᠤ ᠣᠶᠢᠯᠠᠭᠠᠭᠰᠠᠨ ᠢᠶᠠᠷ᠂ ᠬᠥᠬᠡᠬᠤᠲᠠ ᠶᠢᠨ ᠠᠮᠢᠲᠠᠨ ᠤ ᠬᠦᠷᠢᠶᠡᠯᠡᠩ  ᠲᠣᠭᠤᠷᠢᠨ ᠦᠵᠡᠬᠦ ᠬᠥᠭᠦᠷᠭᠡᠨ ᠵᠠᠮ ᠢ ᠥᠨᠥᠳᠥᠷ ᠠᠴᠠ ᠡᠬᠢᠯᠡᠨ ᠨᠡᠭᠡᠭᠡᠬᠦ ᠪᠣᠯᠣᠨ᠎ᠠ᠃            ᠣᠳᠣᠬᠠᠨ ᠳᠤ᠂ ᠬᠥᠬᠡᠬᠤᠲᠠ ᠶᠢᠨ ᠠᠮᠢᠲᠠᠨ ᠤ ᠬᠦᠷᠢᠶᠡᠯᠡᠩ ᠤᠨ ᠴᠢᠨ᠋ᠸ᠎ᠠ ᠶᠢᠨ ᠵᠢᠯᠠᠭ᠎ᠠ᠂ ᠪᠠᠷᠰ ᠤᠨ ᠬᠦᠷᠢᠶᠡᠯᠡᠩ᠂ ᠠᠷᠰᠯᠠᠩᠲᠤ ᠶᠢᠨ ᠳᠠᠪᠠᠭ᠎ᠠ᠂  ᠪᠠᠭᠠᠪᠠᠭᠠᠢ ᠶᠢᠨ ᠬᠥᠨᠳᠡᠢ ᠵᠡᠷᠭᠡ ᠲᠣᠭᠰᠢᠨ ᠠᠷᠢᠶᠠᠲᠠᠨ ᠢ ᠰᠤᠯᠠ ᠲᠡᠵᠢᠭᠡᠵᠦ ᠪᠠᠶᠢᠭ᠎ᠠ ᠣᠷᠣᠨ ᠵᠢᠴᠢ ᠥᠨᠳᠦᠷᠯᠢᠭ ᠤᠨ ᠲᠠᠯ᠎ᠠ ᠨᠤᠲᠤᠭ ᠤᠨ ᠠᠮᠢᠲᠠᠨ ᠢ ᠰᠤᠯᠠ  ᠲᠡᠵᠢᠭᠡᠵᠦ ᠪᠠᠶᠢᠭ᠎ᠠ ᠣᠷᠣᠨ ᠢ ᠴᠥᠮ ᠮᠤᠳᠤᠨ ᠬᠥᠭᠦᠷᠭᠡᠨ ᠵᠠᠮ ᠳᠡᠭᠡᠷ᠎ᠡ ᠠᠴᠠ ᠣᠶᠢᠷ᠎ᠠ ᠵᠠᠢ ᠠᠴᠠ ᠰᠣᠨᠢᠷᠬᠠᠵᠤ ᠪᠣᠯᠣᠨ᠎ᠠ᠃ ᠬᠥᠭᠦᠷᠭᠡᠨ ᠵᠠᠮ ᠤᠨ ᠪᠥᠬᠦ  ᠣᠷᠳᠣ ᠨᠢ 1.46 ᠺᠢᠯᠣᠮᠧᠲᠷ ᠪᠠᠶᠢᠵᠤ᠂ 7 ᠠᠵᠢᠭᠯᠠᠬᠤ ᠲᠠᠪᠴᠠᠩ ᠪᠠ 2 ᠦᠵᠡᠮᠵᠢ ᠰᠣᠨᠢᠷᠬᠠᠬᠤ ᠲᠠᠪᠴᠠᠩ ᠲᠠᠢ᠃ ᠵᠢᠭᠤᠯᠴᠢᠳ ᠬᠥᠭᠦᠷᠭᠡᠨ ᠵᠠᠮ ᠳᠡᠭᠡᠷ᠎ᠡ  ᠴᠥᠮ ᠶᠠᠪᠠᠭᠠᠨ ᠶᠠᠪᠤᠬᠤ ᠴᠢᠬᠤᠯᠠ ᠲᠠᠢ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号