︽ᠤᠭ ᠰᠠᠨᠠᠭ᠎ᠠ ᠪᠠᠨ ᠦᠯᠦ ᠮᠠᠷᠲᠠᠨ ᠨᠠᠮ ᠢᠶᠠᠨ ᠲᠠᠭᠠᠵᠦ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠶ᠎ᠡ︾ᠭᠡᠬᠦ ᠭᠤᠣᠯ ᠰᠡᠳᠦᠪᠲᠦ ᠶᠠᠷᠢᠶ᠎ᠠ ᠢᠯᠡᠳᠬᠡᠯ ᠤᠨ ᠤᠷᠤᠯᠳᠤᠭᠠᠨ ᠲᠡᠭᠦᠰ ᠠᠮᠵᠢᠯᠲᠠ ᠲᠠᠢ ᠥᠨᠳᠥᠷᠯᠡᠪᠡ
ᠨᠡᠶᠢᠲᠡᠯᠡᠭᠰᠡᠨ ᠴᠠᠭ᠄
2023/6/25
      ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 102 ᠵᠢᠯ ᠤᠨ ᠣᠶ ᠶᠢ ᠪᠠᠶᠠᠷᠯᠠᠨ ᠪᠡᠯᠭᠡᠯᠡᠬᠦ ᠶᠢᠨ ᠲᠥᠯᠥᠭᠡ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠪᠢᠰᠬᠠᠯ ᠤᠨ ᠤᠯᠠᠮᠵᠢᠯᠠᠯ ᠢ ᠪᠠᠳᠠᠷᠠᠭᠤᠯᠵᠤ᠂ ᠬᠤᠪᠢᠰᠬᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ ᠵᠢᠯᠤᠭᠤᠳᠴᠤ ᠪᠠᠶᠢᠭᠠᠳ ᠨᠡᠩ ᠴᠤᠭ ᠪᠠᠳᠠᠷᠠᠩᠭᠤᠢ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠴᠢᠷᠮᠠᠶᠢᠨ ᠠᠵᠢᠯᠯᠠᠭᠤᠯᠵᠤ᠂ 6 ᠰᠠᠷ᠎ᠠ ᠶᠢᠨ 20  ᠤ ᠡᠳᠦᠷ᠂ ᠰᠠᠶᠢᠬᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠠᠵᠢᠯ ᠤᠨ ᠬᠤᠷᠢᠶ᠎ᠠ ᠶᠢᠨ ᠬᠠᠮᠲᠤᠷᠠᠭᠰᠠᠨ ᠲᠣᠭᠤᠷᠢᠭ ᠤᠨ ᠠᠵᠢᠯᠴᠢᠨ ᠤ ᠶᠡᠷᠦᠩᠬᠡᠢ ᠡᠪᠯᠡᠯ᠂ ᠲᠣᠭᠤᠷᠢᠭ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ︽ᠤᠭ ᠰᠠᠨᠠᠭ᠎ᠠ ᠪᠠᠨ ᠦᠯᠦ ᠮᠠᠷᠲᠠᠵᠤ ᠨᠠᠮ ᠢᠶᠠᠨ ᠲᠠᠭᠠᠵᠤ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠶ᠎ᠡ︾ᠭᠡᠬᠦ ᠭᠤᠣᠯ ᠰᠡᠳᠦᠪᠲᠦ ᠶᠠᠷᠢᠶ᠎ᠠ ᠢᠯᠡᠳᠬᠡᠯ ᠤᠨ ᠤᠷᠤᠯᠳᠤᠭᠠᠨ ᠶᠠᠪᠤᠭᠤᠯᠵᠠᠢ᠃
     ︽ᠥᠩᠭᠡᠷᠡᠭᠰᠡᠨ ᠢᠶᠠᠨ ᠡᠷᠭᠢᠴᠡᠭᠦᠯᠵᠦ᠂ ᠭᠡᠷᠡᠯ ᠰᠠᠴᠤᠷᠠᠩᠭᠤᠢ ᠠᠮᠵᠢᠯᠲᠠ ᠶᠢ ᠣᠯᠵᠤ᠂ ᠮᠠᠷᠭᠠᠰᠢ ᠪᠠᠨ ᠪᠠᠷᠠᠯᠠᠬᠤᠶ᠎ᠠ᠂ ᠪᠢᠳᠡ ᠣᠮᠤᠭ ᠵᠣᠷᠢᠭ ᠲᠡᠭᠦᠯᠳᠡᠷ ᠰᠢᠨ᠎ᠡ ᠶᠢᠷᠲᠢᠨᠴᠦ ᠶᠢ ᠡᠪᠦᠷᠯᠡᠨ᠎ᠡ︾᠃      ︽74 ᠵᠢᠯ ᠤᠨ ᠳᠠᠷᠠᠭ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠳᠡᠯᠡᠬᠡᠢ ᠳ᠋ᠠᠬᠢᠨ ᠳᠤ᠂ ᠲᠡᠦᠬᠡ ᠳᠤ ᠨᠢᠭᠡ ᠬᠤᠪᠢ ᠰᠢᠯᠢᠳᠡᠭ ᠬᠠᠷᠢᠭᠤᠯᠲᠠ ᠶᠢᠨ ᠬᠠᠭᠤᠳᠠᠰᠤ ᠲᠤᠰᠢᠶᠠᠪᠠ︾᠃      ᠤᠷᠤᠯᠳᠤᠭᠠᠨ ᠤ ᠲᠤᠬᠠᠢ ᠶᠢᠨ ᠲᠠᠯᠠᠪᠠᠢ᠂ 17 ᠪᠠᠶᠢᠭᠤᠯᠤᠯᠭ᠎ᠠ ᠶᠢᠨ 25 ᠤᠷᠤᠯᠳᠤᠭᠠᠨ ᠳᠤ ᠣᠷᠣᠯᠴᠠᠭᠰᠠᠨ ᠲᠠᠮᠢᠷᠴᠢᠨ ᠤᠷᠮ᠎ᠠ ᠵᠣᠷᠢᠭ ᠲᠡᠭᠦᠯᠳᠡᠷ ᠪᠠᠶᠢᠵᠤ ᠮᠡᠳᠡᠨ᠎ᠡ᠂ ᠡᠰᠡᠬᠦᠯ᠎ᠡ ᠰᠣᠨᠣᠰᠪᠤᠷᠢᠲᠠᠢ ᠪᠠᠷ᠄ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠣᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠶᠢᠨ ᠲᠣᠭᠤᠷᠢᠨ ᠳᠤ᠂ ᠲᠤᠬᠠᠶᠢᠯᠠᠭᠰᠠᠨ ᠠᠵᠢᠯ ᠲᠠᠢ ᠪᠠᠨ ᠤᠶᠠᠯᠳᠤᠭᠤᠯᠤᠨ᠂ ᠠᠮᠢᠳᠤᠯᠢᠭ ᠰᠠᠶᠢᠬᠠᠨ ᠦᠭᠡ ᠬᠡᠯᠡ᠂ ᠣᠷᠭᠢᠯᠤᠮ᠎ᠠ ᠬᠠᠯᠠᠭᠤᠨ ᠰᠡᠳᠬᠢᠯᠭᠡ ᠪᠠ ᠠᠮᠢᠳᠤ ᠰᠣᠷᠭᠤᠭ ᠪᠣᠳᠠᠲᠤ ᠵᠢᠱᠢᠶ᠎ᠡ ᠪᠠᠷ ᠰᠢᠨ᠎ᠡ ᠠᠶᠠᠨ ᠵᠠᠮ ᠳᠠᠬᠢ ᠬᠠᠷᠢᠭᠤᠴᠠᠯᠭ᠎ᠠ ᠪᠠ ᠬᠠᠷᠢᠭᠤᠴᠠᠯᠭ᠎ᠠ ᠪᠠᠨ ᠲᠣᠭᠠᠴᠢᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ᠠᠵᠢᠯ ᠤᠨ ᠪᠠᠶᠢᠷᠢ ᠪᠠᠨ ᠬᠠᠶᠢᠷᠠᠯᠠᠵᠤ ᠦᠢᠯᠡᠰ ᠢᠶᠠᠨ ᠳᠡᠭᠡᠳᠦᠯᠡᠬᠦ᠂ ᠤᠭ ᠰᠠᠨᠠᠭ᠎ᠠ ᠪᠠᠨ ᠪᠠᠲᠤ ᠰᠠᠬᠢᠬᠤ᠂ ᠡᠷᠴᠢ ᠵᠣᠷᠢᠭ ᠢᠶᠠᠨ ᠬᠥᠪᠴᠢᠯᠡᠬᠦ ᠰᠠᠶᠢᠨ ᠰᠠᠶᠢᠬᠠᠨ ᠤᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠵᠦ᠂ ᠲᠤᠬᠠᠢ ᠶᠢᠨ ᠲᠠᠯᠠᠪᠠᠢ ᠶᠢᠨ ᠦᠵᠡᠭᠴᠢᠳ ᠤᠨ ᠬᠠᠯᠠᠭᠤᠨ ᠠᠯᠠᠭ᠎ᠠ ᠲᠡᠰᠢᠯᠲᠡ ᠶᠢ ᠣᠯᠣᠭᠰᠠᠨ ᠪᠠᠶᠢᠨ᠎ᠠ᠃
      ᠬᠤᠷᠴᠠ ᠰᠢᠷᠦᠭᠦᠨ ᠥᠷᠢᠰᠦᠯᠳᠦᠭᠡᠨ ᠢᠶᠠᠷ ᠳᠡᠮᠵᠢᠨ᠂ ᠲᠣᠰ ᠤᠳᠠᠭᠠᠨ ᠤ ᠤᠷᠤᠯᠳᠤᠭᠠᠨ ᠳᠤ ᠨᠢᠭᠡᠳᠦᠭᠡᠷ ᠳᠡᠰ ᠤᠨ ᠱᠠᠩᠨᠠᠯ ᠳᠤ 1 ᠨᠡᠷᠡᠰ᠂ ᠬᠤᠶᠠᠳᠤᠭᠠᠷ ᠳᠡᠰ ᠤᠨ ᠱᠠᠩᠨᠠᠯ ᠳᠤ 4 ᠨᠡᠷᠡᠰ᠂ ᠭᠤᠷᠪᠠᠳᠤᠭᠠᠷ ᠳᠡᠰ ᠤᠨ ᠱᠠᠩᠨᠠᠯ ᠳᠤ 5 ᠨᠡᠷᠡᠰ ᠪᠠ ᠰᠢᠯᠢᠳᠡᠭ ᠵᠣᠬᠢᠶᠠᠨ ᠪᠠᠶᠢᠭᠤᠯᠤᠯᠲᠠ ᠶᠢᠨ ᠱᠠᠩᠨᠠᠯ ᠳᠤ 10 ᠨᠡᠷᠡᠰ ᠰᠢᠯᠭᠠᠷᠠᠭᠤᠯᠪᠠ᠃ᠤᠷᠤᠯᠳᠤᠭᠠᠨ ᠳᠤ ᠣᠷᠣᠯᠴᠠᠭᠰᠠᠳ᠄ ᠨᠠᠮ ᠤᠨ ᠭᠡᠰᠢᠭᠦᠨ ᠺᠠᠳ᠋ᠷ ᠪᠣᠯᠤᠭᠰᠠᠨ ᠤ ᠬᠤᠪᠢ ᠳᠤ᠂ ᠲᠤᠰ ᠤᠳᠠᠭ᠎ᠠ ᠶᠢᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂︽ᠲᠦᠷᠪᠡᠨ ᠤᠬᠠᠮᠰᠠᠷ︾  ᠢᠶᠠᠨ ᠲᠠᠰᠤᠷᠠᠯᠲᠠ ᠦᠭᠡᠢ ᠴᠢᠩᠭᠠᠳᠬᠠᠵᠤ᠂︽ᠲᠦᠷᠪᠡᠨ ᠢᠲᠡᠭᠡᠯ︾  ᠢᠶᠠᠨ ᠪᠠᠲᠤᠳᠬᠠᠵᠤ᠂︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠪᠣᠳᠠᠲᠤ ᠠᠵᠢᠯᠯᠠᠭ᠎ᠠ ᠪᠠᠷ ᠢᠶᠠᠨ ᠪᠦᠬᠦ ᠣᠷᠣᠨ ᠤ ᠪᠠᠶᠢᠭᠤᠯᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠲᠠᠬᠢᠨ ᠰᠢᠨ᠎ᠡ ᠳᠡᠭᠲᠡᠷ ᠲᠤ ᠭᠠᠷᠭᠠᠬᠤ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠵᠢᠭᠠᠵᠤ ᠭᠠᠷᠭᠠᠪᠠ᠃       ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ   ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号