︽ᠠᠳᠤᠭᠤᠨ ᠰᠣᠶᠣᠯ ᠢ ᠰᠤᠳᠤᠯᠤᠨ ᠰᠤᠷᠤᠯᠴᠠᠬᠤ︾ ᠵᠢᠭᠠᠨ ᠰᠤᠷᠭᠠᠯᠲᠠ ᠶᠢᠨ ᠦᠢᠯᠡᠳᠦᠯᠭᠡ ᠶᠢᠨ ᠠᠵᠢᠯᠯᠠᠭ᠎ᠠ ᠶᠠᠪᠤᠭᠳᠠᠪᠠ
ᠨᠡᠶᠢᠲᠡᠯᠡᠭᠰᠡᠨ ᠴᠠᠭ᠄
2023/6/25
     ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠴᠧᠨ ᠨᠠᠷᠠᠨᠳᠤᠩᠭᠠᠯᠠᠭ︶ ᠲᠦᠷᠦᠬᠦᠬᠡᠨ᠂ ᠥᠪᠥᠷ ᠮᠣᠩᠭᠤᠯ ᠤᠨ ᠮᠣᠷᠢᠨ  ᠤᠷᠤᠯᠳᠤᠭᠠᠨ ᠤ ᠲᠠᠯᠠᠪᠠᠶ ᠬᠢᠭᠡᠳ ᠬᠥᠬᠡᠬᠤᠲᠠ ᠶᠢᠨ ᠲᠤᠷᠰᠢᠯᠲᠠ ᠶᠢᠨ ᠰᠤᠷᠭᠠᠨ ᠬᠥᠮᠦᠵᠢᠯ ᠤᠨ ᠪᠦᠯᠦᠭᠯᠡᠯ ᠬᠠᠮᠲᠤᠷᠠᠨ ︽ᠠᠳᠤᠭᠤᠨ ᠰᠣᠶᠣᠯ ᠢ ᠰᠤᠳᠤᠯᠤᠨ  ᠰᠤᠷᠤᠯᠴᠠᠬᠤ︾ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠵᠦ᠂ 300 ᠭᠠᠷᠤᠶ ᠰᠤᠷᠤᠭᠴᠢ᠂ ᠬᠡᠷ ᠤᠨ ᠠᠬᠠᠮᠠᠳ ᠠᠵᠢᠯᠯᠠᠭ᠎ᠠ ᠳᠤ ᠣᠷᠣᠯᠴᠠᠪᠠ᠃            ᠠᠵᠢᠯᠯᠠᠭ᠎ᠠ ᠶᠢᠨ ᠠᠬᠤᠶ ᠲᠠᠯᠠᠪᠠᠶ ᠳᠤ᠂ ᠣᠯᠠᠨ ᠢᠶᠠᠷ ᠢᠶᠠᠨ ᠲᠠᠶᠢᠯᠪᠤᠷᠢᠯᠠᠭᠴᠢ ᠶᠢ ᠳᠠᠭᠠᠵᠤ ᠠᠳᠤᠭᠤᠨ ᠰᠣᠶᠣᠯ ᠤᠷᠠᠯᠢᠭ ᠤᠨ ᠦᠵᠡᠭᠦᠯᠭᠡ ᠶᠢᠨ  ᠣᠷᠳᠣᠨ ᠳᠤ ᠣᠷᠣᠵᠤ᠂ ᠮᠣᠷᠢᠨ ᠤᠷᠤᠯᠳᠤᠭᠠᠨ ᠤ ᠲᠠᠯᠠᠪᠠᠶ ᠶᠢᠨ ᠬᠦᠭᠵᠢᠯᠳᠡ ᠬᠤᠪᠢᠷᠠᠯᠳᠠ ᠶᠢ ᠨᠠᠷᠢᠨ ᠬᠢᠨᠠᠮᠠᠭᠠᠶ ᠰᠣᠨᠣᠰᠴᠤ᠂ ᠮᠣᠷᠢᠨ ᠮᠡᠷᠭᠡᠵᠢᠯ ᠤᠨ  ᠮᠡᠳᠡᠯᠭᠡ ᠶᠢᠨ ᠣᠬᠤᠷ ᠹᠢᠯᠢᠮ ᠢ ᠰᠤᠨᠢᠷᠬᠠᠵᠦ᠂ ᠠᠳᠤᠭᠤᠨ ᠰᠣᠶᠣᠯ ᠤᠨ ᠬᠠᠮᠢᠶ᠎ᠠ ᠪᠥᠬᠦᠶ ᠮᠡᠳᠡᠯᠭᠡ ᠶᠢ ᠣᠶᠢᠯᠠᠭᠠᠪᠠ᠃ ᠳᠠᠷᠠᠭ᠎ᠠ ᠨᠢ᠂ ᠰᠤᠷᠤᠭᠴᠢᠳ ᠮᠣᠷᠢᠨ  ᠤᠷᠤᠯᠳᠤᠭᠠᠨ ᠤ ᠲᠠᠯᠠᠪᠠᠢ ᠳᠠᠬᠢ ᠮᠣᠷᠢᠨ ᠤ ᠦᠵᠡᠭᠦᠯᠭᠡ ᠶᠢᠨ ᠲᠣᠭᠤᠷᠢᠭ ᠲᠤ ᠬᠦᠷᠴᠦ᠂ ᠮᠣᠷᠢᠨ ᠮᠡᠷᠭᠡᠵᠢᠯ ᠤᠨ ᠳᠠᠰᠬᠠᠯᠵᠢᠭᠤᠯᠤᠭᠴᠢ ᠠᠴᠠ ᠮᠣᠷᠢ ᠲᠠᠢ  ᠬᠡᠷᠬᠢᠨ‌ᠣᠶᠢᠷᠠᠳᠬᠤ᠂ ᠮᠣᠷᠢ ᠪᠠᠨ ᠬᠡᠷᠬᠢᠨ ᠰᠠᠮᠨᠠᠵᠤ ᠴᠡᠪᠡᠷᠯᠡᠬᠦ ᠶᠢ ᠲᠠᠶᠢᠯᠪᠤᠷᠢᠯᠠᠨ‌ᠤᠯᠠᠮᠵᠢᠯᠠᠪᠠ᠃  ︽ᠠᠳᠤᠭᠤᠨ ᠰᠣᠶᠣᠯ ᠢ ᠰᠤᠳᠤᠯᠤᠨ ᠰᠤᠷᠤᠯᠴᠠᠬᠤ︾  ᠵᠢᠭᠠᠨ ᠰᠤᠷᠭᠠᠯᠲᠠ ᠦᠢᠯᠡᠳᠦᠯᠭᠡ ᠶᠢᠨ ᠠᠵᠢᠯᠯᠠᠭ᠎ᠠ ᠨᠢ ᠵᠠᠯᠠᠭᠤᠴᠤᠳ ᠪᠠᠭᠠᠴᠤᠳ ᠤᠨ ᠠᠳᠤᠭᠤᠨ ᠰᠣᠶᠣᠯ ᠤᠨ ᠲᠤᠬᠠᠢ ᠳᠤᠷ᠎ᠠ ᠰᠣᠨᠢᠷᠬᠠᠯ ᠢ ᠬᠥᠮᠦᠵᠢᠭᠦᠯᠵᠦ᠂ ᠵᠠᠯᠠᠭᠤᠴᠤᠳ ᠪᠠᠭᠠᠴᠤᠳ ᠤᠨ ᠦᠰᠦᠨ ᠪᠣᠶᠢᠵᠢᠬᠤ ᠶᠠᠪᠤᠴᠠ ᠳᠠᠭᠠᠨ ᠢᠲᠡᠭᠡᠯ ᠵᠣᠷᠢᠭ ᠲᠠᠢ ᠰᠦᠰᠦ ᠵᠤᠷᠢᠭ ᠲᠠᠢ ᠪᠠᠶᠢᠬᠤ᠂ ᠠᠮᠢ ᠨᠠᠰᠤ ᠶᠢ ᠬᠦᠨᠳᠦᠳᠭᠡᠬᠦ  ᠰᠢᠯᠢᠳᠡᠭ ᠵᠠᠩ ᠴᠢᠨᠠᠷ ᠢ ᠳᠠᠪᠲᠠᠨ ᠪᠣᠯᠪᠠᠰᠤᠷᠠᠭᠤᠯᠬᠤ ᠪᠠᠷ ᠵᠣᠷᠢᠯᠲᠠ ᠪᠠᠨ ᠪᠣᠯᠭᠠᠵᠠᠢ᠃            ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠮᠣᠷᠢᠨ ᠤᠷᠤᠯᠳᠤᠭᠠᠨ ᠤ ᠲᠠᠯᠠᠪᠠᠶ ᠶᠢᠨ ᠰᠤᠳᠤᠯᠤᠨ ᠰᠤᠷᠤᠯᠴᠠᠬᠤ ᠰᠠᠭᠤᠷᠢᠨ ᠪᠠᠶᠢᠭᠤᠯᠤᠭᠳᠠᠭᠰᠠᠨ ᠠᠴᠠ  ᠨᠠᠭᠠᠰᠢ᠂ ︽ᠠᠳᠤᠭᠤᠨ ᠰᠣᠶᠣᠯ ᠢ ᠰᠤᠳᠤᠯᠤᠨ ᠰᠤᠷᠤᠯᠴᠠᠬᠤ ︾ ᠵᠢᠭᠠᠨ ᠰᠤᠷᠭᠠᠯᠲᠠ ᠶᠢᠨ ᠦᠢᠯᠡᠳᠦᠯᠭᠡ ᠶᠢᠨ ᠠᠵᠢᠯᠯᠠᠭ᠎ᠠ ᠶᠢ 20 ᠭᠠᠷᠤᠶ ᠬᠤᠭᠤᠴᠠᠭ᠎ᠠ  ᠡᠷᠭᠢᠯᠡᠵᠦ᠂ ᠣᠷᠣᠨ ᠤ ᠳᠣᠲᠣᠨ᠎ᠠ ᠭᠠᠳᠠᠨᠠᠬᠢ 1000 ᠰᠢᠬᠠᠮ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ ᠰᠤᠳᠤᠯᠤᠨ ᠰᠤᠷᠤᠯᠴᠠᠬᠤ ᠠᠵᠢᠯᠯᠠᠭ᠎ᠠ ᠳᠤ  ᠣᠷᠣᠯᠴᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号