ᠵᠣᠴᠢᠨ᠄ ᠬᠥᠬᠡᠬᠤᠲᠠ ᠶᠢᠨ ᠲᠣᠮᠣ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠮᠠ | ᠸᠧᠨ ᠺᠠᠶ᠂ ᠲᠣᠮᠣ ᠳ᠋ᠠᠶᠢᠲ᠋ᠠ ᠶᠢᠨ ᠬᠡᠷᠡᠭᠯᠡᠭᠡᠨ ᠤ ᠰᠠᠯᠠᠭ᠎ᠠ ᠶᠢᠨ ᠵᠣᠣ ᠰᠢᠤᠸᠠᠢ ᠵᠢᠶᠤᠤ᠂ ᠥᠪᠥᠷ ᠮᠣᠩᠭᠤᠯ ᠤᠨ | ᠤᠶᠤᠨᠲᠤ ᠬᠦᠬᠡᠬᠤᠲᠠ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠹᠠᠨ | ᡁᠢ ᠮᠢᠨ | 1. ᠬᠠᠮᠢᠶᠠᠷᠤᠭᠴᠢ | ᠲᠣᠰ ᠤᠳᠠᠭᠠᠨ ᠤ ᠰᠤᠷᠪᠤᠯᠵᠢᠯᠠᠭ᠎ᠠ ᠪᠣᠯ ᠬᠥᠬᠡᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ ᠬᠢᠭᠡᠳ | ᠬᠥᠬᠡᠬᠤᠲᠠ ᠶᠢᠨ ᠷᠠᠳᠢᠣ᠋ ᠲᠧᠯᠸᠢᠰ ᠬᠤᠷᠢᠶ᠎ᠠ ᠶᠢᠨ ᠤᠳᠬ᠎ᠠ ᠤᠷᠠᠯᠢᠭ ᠤᠨ ᠷᠠᠳᠢᠣ᠋ ᠠᠴᠠ ᠬᠢᠵᠦ ᠪᠠᠶᠢᠭ᠎ᠠ | ᠬᠠᠮᠲᠤᠷᠠᠭᠰᠠᠨ ᠲᠤᠰᠬᠠᠶ ᠰᠤᠷᠪᠤᠯᠵᠢᠯᠠᠭ᠎ᠠ ᠪᠣᠯᠤᠨ᠎ᠠ᠂ ᠰᠦᠯᠵᠢᠶᠡᠨ ᠠᠨᠳᠠ ᠨᠠᠷ ᠰᠦᠯᠵᠢᠶᠡᠨ ᠳᠡᠭᠡᠷ᠎ᠡ ᠦᠭᠡ | ᠦᠯᠡᠳᠡᠭᠡᠵᠦ ᠵᠣᠴᠢᠳ ᠲᠠᠢ ᠦᠵᠡᠯᠲᠡ ᠪᠣᠳᠤᠯ ᠢᠶᠠᠨ ᠰᠣᠯᠢᠯᠴᠠᠵᠤ ᠪᠣᠯᠤᠨ᠎ᠠ᠂ ᠰᠦᠯᠵᠢᠶᠡᠨ ᠠᠨᠳᠠ ᠨᠠᠷ ᠤᠨ | ᠢᠳᠡᠪᠬᠢᠲᠡᠶ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃ | 2. ᠬᠥᠲᠥᠯᠥᠭᠴᠢ | ᠣᠳᠣᠬᠠᠨ ᠳᠤ᠂ ᠤᠶᠤᠨᠲᠤ ᠬᠤᠳᠠ ᠶᠢᠨ ᠪᠦᠳᠦᠭᠡᠨ ᠪᠠᠶᠢᠭᠤᠯᠤᠯᠲᠠ ᠨᠢ ᠬᠤᠳᠠ ᠶᠢᠨ ᠵᠠᠰᠠᠯᠲᠠ ᠶᠢᠨ | ᠴᠢᠳᠠᠪᠤᠷᠢ ᠪᠣᠯᠤᠨ ᠵᠠᠰᠠᠯᠲᠠ ᠶᠢᠨ ᠰᠢᠰᠲ᠋ᠧᠮ ᠤᠨ ᠣᠳᠣᠬᠢᠴᠢᠯᠠᠯᠲᠠ ᠶᠢ ᠠᠬᠢᠭᠤᠯᠬᠤ ᠳᠤ ᠵᠠᠪᠠᠯ ᠶᠠᠪᠤᠬᠤ ᠵᠠᠮ | ᠪᠣᠯᠤᠭᠰᠠᠨ ᠤ ᠬᠤᠪᠢ ᠳᠤ ᠪᠦᠬᠦ ᠤᠯᠤᠰ ᠤᠨ ᠡᠯ᠎ᠡ ᠭᠠᠵᠠᠷ ᠲᠤ ᠵᠠᠯᠭᠠᠪᠡᠷ ᠶᠠᠪᠤᠭᠳᠠᠵᠤ ᠪᠤᠢ᠃ ᠬᠥᠬᠡᠬᠤᠲᠠ | ᠥᠪᠡᠷᠲᠡᠭᠡᠨ ᠵᠠᠰᠠᠬᠤ ᠣᠷᠣᠨ ᠤ ᠲᠥᠪ ᠬᠤᠲᠠ ᠪᠣᠯᠤᠭᠰᠠᠨ ᠤ ᠬᠤᠪᠢ ᠳᠤ ︽ᠡᠮᠦᠨ᠎ᠡ ᠨᠢ ᠶᠠᠪᠤᠵᠤ᠂ ᠥᠯᠢᠭᠡᠷ | ᠳᠠᠭᠤᠷᠢᠶᠠᠯ ᠪᠣᠯᠬᠤ︾ ᠡᠭᠦᠷᠭᠡ ᠬᠠᠷᠢᠭᠤᠴᠠᠯᠭ᠎ᠠ ᠪᠠᠨ ᠪᠠᠳᠠᠷᠠᠭᠤᠯᠵᠤ᠂ ᠤᠶᠤᠨᠲᠤ ᠬᠤᠲᠠ ᠶᠢᠨ ᠪᠥᠲᠥᠭᠡᠨ | ᠪᠠᠶᠢᠭᠤᠯᠤᠯᠲᠠ ᠶᠢ ᠤᠷᠢᠳᠠᠪᠠᠷ ᠡᠬᠢᠯᠡᠭᠦᠯᠦᠭᠰᠡᠨ ᠪᠥᠭᠡᠳ ᠱᠠᠲᠤ ᠦᠶ᠎ᠡ ᠶᠢᠨ ᠴᠢᠨᠠᠷᠲᠠᠶ ᠦᠷ᠎ᠡ ᠪᠦᠲᠦᠮᠵᠢ | ᠣᠯᠤᠭᠰᠠᠨ ᠪᠠᠶᠢᠨ᠎ᠠ᠃ ᠬᠥᠬᠡᠬᠤᠲᠠ ᠶᠢᠨ ᠤᠶᠤᠨᠲᠤ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠲᠦᠷᠦᠭᠦᠯᠡᠬᠦ | ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠬᠤᠲᠠ ᠶᠢᠨ ᠲᠣᠮᠣ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ | ᠤᠶᠤᠨᠲᠤ ᠬᠥᠬᠡ ᠬᠤᠲᠠ ᠶᠢᠨ ᠪᠥᠲᠥᠭᠡᠨ ᠪᠠᠶᠢᠭᠤᠯᠤᠯᠲᠠ ᠶᠢ ᠳᠥᠯᠭᠢᠨ ᠠᠬᠢᠭᠤᠯᠬᠤ᠂ ︽ᠨᠢᠭᠡ ᠭᠠᠷ ᠤᠲᠠᠰᠤ ᠪᠠᠷ | ᠬᠥᠬᠡᠬᠤᠲᠠ ᠳᠤ ᠶᠠᠪᠤᠬᠤ︾ ᠰᠠᠶᠢᠨ ᠰᠠᠶᠢᠬᠠᠨ ᠬᠦᠰᠡᠯ ᠡᠷᠡᠮᠡᠯᠵᠡᠯ ᠢ ᠪᠡᠶᠡᠯᠡᠭᠦᠯᠬᠦ ᠲᠠᠯ᠎ᠠ ᠪᠠᠷ ᠶᠠᠮᠠᠷ ᠶᠠᠮᠠᠷ ᠭᠤᠤᠯ | ᠠᠵᠢᠯ ᠬᠢᠭᠰᠡᠨ ᠪᠣᠶ︖ | 3. ᠬᠥᠬᠡᠬᠤᠲᠠ ᠶᠢᠨ ᠲᠣᠮᠣ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠮᠠ ᠸᠧᠨ | ᠺᠠᠶ | | | | | | ᠶᠡᠷᠦᠩᠬᠡᠢ ᠱᠦᠵᠢ ᠰᠢ ᠶᠢᠨ ᠫᠢᠩ ᠤᠨ ︽ᠬᠤᠳᠠ ᠶᠢ ᠨᠡᠩ ᠰᠡᠴᠡᠨ ᠰᠡᠷᠭᠦᠯᠡᠩ᠂ ᠨᠡᠩ ᠤᠬᠠᠭᠠᠨᠯᠢᠭ | ᠪᠣᠯᠭᠠᠬᠤ︾ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢᠨ ᠲᠥᠯᠥᠭᠡ᠂ ᠱᠦᠵᠢ ᠱᠢ ᠲᠠᠢ ᠹᠧᠩ ᠤᠨ 2020 ᠣᠨ ᠤ 4 ᠳ᠋ᠤᠭᠡᠷ ᠰᠠᠷ᠎ᠠ ᠳᠤ | ᠮᠠᠨ ᠤ ᠬᠤᠳᠠ ᠶᠢᠨ ᠬᠤᠳᠠ ᠶᠢᠨ ᠬᠠᠮᠢᠶᠠᠷᠤᠯᠲᠠ ᠶᠢᠨ ᠵᠢᠯᠣᠭᠤᠳᠬᠤ ᠲᠠᠪᠴᠠᠩ ᠳᠤ ᠪᠠᠶᠢᠴᠠᠭᠠᠨ ᠰᠤᠳᠤᠯᠤᠯᠲᠠ | ᠬᠢᠬᠦ ᠦᠶ᠎ᠡ ᠶᠢᠨ ᠠᠵᠢᠯ ᠤᠨ ᠱᠠᠭᠠᠷᠳᠠᠯᠭ᠎ᠠ ᠶᠣᠰᠣᠭᠠᠷ᠂ ᠬᠥᠬᠡᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ | ᠣᠷᠳᠣᠨ ᠦᠳᠲᠡᠷ ᠲᠦᠷᠭᠡᠨ ᠴᠤᠤᠷᠢᠶᠠᠲᠤᠨ ᠳᠠᠭᠠᠵᠤ᠂ ᠲᠥᠪᠯᠡᠷᠡᠭᠦᠯᠦᠨ ᠪᠠᠶᠢᠷᠢᠯᠠᠭᠤᠯᠵᠤ᠂ ᠤᠶᠤᠨᠲᠤ ᠬᠥᠬᠡ | ᠬᠤᠲᠠ ᠶᠢᠨ ᠪᠦᠳᠦᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠪᠦᠬᠦ ᠲᠠᠯ᠎ᠠ ᠪᠠᠷ ᠨᠡᠭᠡᠭᠡᠵᠡᠢ᠃ | 2020 ᠣᠨ ᠤ 7 ᠳ᠋ᠤᠭᠠᠷ ᠰᠠᠷ᠎ᠠ ᠳᠤ᠂ ᠬᠤᠳᠠ ᠶᠢᠨ ᠨᠠᠮ ᠤᠨ ᠬᠤᠷᠢᠶᠠᠨ ᠤ ᠱᠦᠵᠢ᠂ ᠬᠤᠳᠠ ᠶᠢᠨ | ᠳᠠᠷᠤᠭ᠎ᠠ ᠪᠦᠯᠬᠦᠮ ᠳᠠᠭᠠᠭᠤᠯᠤᠨ ᠬᠠᠩᠵᠧᠦ ᠳᠤ ᠬᠦᠷᠴᠦ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ | ᠲᠡᠷᠢᠭᠦᠨ ᠤ ᠲᠤᠷᠰᠢᠯᠭ᠎ᠠ ᠶᠢ ᠰᠤᠷᠤᠯᠴᠠᠵᠤ᠂ ᠲᠡᠷᠡ ᠳᠠᠷᠤᠢ ᠳᠤᠨᠢ ᠪᠠᠶᠢᠩᠭᠤ ᠶᠢᠨ ᠬᠤᠷᠢᠶ᠎ᠠ ᠶᠢᠨ ᠬᠤᠷᠠᠯ | ᠬᠤᠷᠠᠯᠳᠤᠭᠤᠯᠵᠤ ︽ᠬᠥᠬᠡᠬᠤᠲᠠ ᠶᠢᠨ ᠰᠢᠨ᠎ᠡ ᠮᠠᠶ᠋ᠢᠭ ᠤᠨ ᠤᠶᠤᠨᠲᠤ ᠬᠤᠳᠠ ᠶᠢᠨ ᠦᠵᠦ ᠲᠥᠯᠥᠪᠯᠡᠭᠡ ᠶᠢᠨ | ᠲᠥᠰᠦᠯ ︵2020 — 2022︶︾ ᠢ ᠰᠤᠳᠤᠯᠤᠨ ᠲᠣᠭᠲᠠᠭᠠᠭᠰᠠᠨ ᠪᠥᠭᠡᠳ ᠬᠤᠶᠠᠷ ᠡᠳᠦᠷ ᠤᠨ | ᠬᠤᠭᠤᠴᠠᠭ᠎ᠠ ᠲᠠᠢ ᠪᠦᠬᠦ ᠬᠤᠳᠠ ᠶᠢᠨ ᠤᠶᠤᠨᠲᠤ ᠬᠤᠳᠠ ᠶᠢᠨ ᠪᠦᠳᠦᠭᠡᠨ ᠪᠠᠶᠢᠭᠤᠯᠤᠯᠲᠠ ᠶᠢᠨ ᠲᠤᠰᠬᠠᠢ ᠰᠡᠳᠦᠪᠲᠦ | ᠰᠤᠷᠤᠯᠴᠠᠨ ᠰᠤᠳᠤᠯᠤᠨ ᠶᠠᠷᠢᠯᠴᠠᠬᠤ ᠠᠩᠬᠢ ᠶᠢ ᠵᠣᠬᠢᠶᠠᠨ ᠪᠠᠶᠢᠭᠤᠯᠵᠤ᠂ ᠬᠠᠩᠵᠧᠦ ᠶᠢᠨ ᠲᠤᠰᠬᠠᠢ ᠮᠡᠷᠭᠡᠵᠢᠯ ᠤᠨ | ᠪᠦᠯᠬᠦᠮ ᠢ ᠤᠷᠢᠵᠤ ᠬᠤᠳᠠ ᠶᠢᠨ ᠵᠠᠰᠠᠯᠲᠠ ᠳᠠᠬᠢ ᠲᠤᠮᠤ ᠳ᠋ᠠᠶᠢᠲ᠋ᠠ ᠶᠢᠨ ᠪᠣᠳᠠᠲᠠᠢ ᠬᠡᠷᠡᠭ ᠤᠨ ᠵᠢᠱᠢᠶ᠎ᠡ ᠶᠢᠨ | ᠬᠢᠴᠢᠶᠡᠯ ᠤᠷᠤᠭᠤᠯᠪᠠ᠃ 2020 ᠣᠨ ᠤ 9 ᠳ᠋ᠤᠭᠠᠷ ᠰᠠᠷ᠎ᠠ ᠳᠤ᠂ ᠬᠤᠲᠠ ᠶᠢᠨ ᠨᠠᠮ ᠤᠨ ᠬᠤᠷᠢᠶ᠎ᠠ ᠶᠢᠨ | ᠱᠦᠵᠢ ᠪᠠᠷ ᠶᠡᠷᠦᠩᠬᠡᠶ ᠵᠢᠯᠣᠭᠤᠳᠣᠭᠴᠢ ᠪᠣᠯᠭᠠᠭᠰᠠᠨ᠂ ᠬᠤᠲᠠ ᠶᠢᠨ ᠳᠠᠷᠤᠭ᠎ᠠ ᠪᠠᠷ ᠨᠢᠭᠡᠳᠦᠭᠡᠷ ᠳᠡᠳ᠋ ᠶᠡᠷᠦᠩᠬᠡᠶ | ᠵᠢᠯᠣᠭᠤᠳᠣᠭᠴᠢ ᠪᠣᠯᠭᠠᠭᠰᠠᠨ ᠤᠶᠤᠨᠲᠤ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠵᠢᠯᠣᠭᠤᠳᠬᠤ ᠭᠠᠵᠠᠷ ᠢ | ᠪᠠᠶᠢᠭᠤᠯᠵᠤ᠂ ᠪᠥᠬᠦ ᠲᠠᠯ᠎ᠠ ᠪᠠᠷ ᠨᠢᠭᠡᠳᠦᠯᠲᠡᠶ ᠲᠥᠯᠥᠪᠯᠡᠨ᠂ ᠲᠣᠭᠲᠠᠮᠠᠯ ᠬᠤᠭᠤᠴᠠᠭ᠎ᠠ ᠲᠠᠢ ᠪᠠᠷ ᠳᠣᠭᠢᠷᠠᠭᠤᠯᠵᠤ᠂ | ᠬᠦᠴᠦᠲᠡᠶ ᠳᠥᠯᠭᠢᠨ ᠠᠬᠢᠭᠤᠯᠵᠤ᠂ ᠵᠢᠯᠣᠭᠤᠳᠬᠤ ᠭᠠᠵᠠᠷ ᠤᠨ ᠠᠯᠪᠠᠨ ᠬᠡᠷ ᠢ ᠬᠤᠲᠠ ᠶᠢᠨ ᠲᠣᠮᠣ ᠳ᠋ᠠᠶᠢᠲ᠋ᠠ ᠶᠢᠨ | ᠬᠠᠮᠢᠶᠠᠷᠤᠯᠲᠠ ᠶᠢᠨ ᠲᠣᠪᠴᠢᠶ᠎ᠠ ᠳᠤ ᠳᠣᠭᠢᠷᠠᠭᠤᠯᠤᠨ᠂ ᠡᠯ᠎ᠡ ᠵᠦᠢᠯ ᠤᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ | ᠨᠢᠭᠡᠳᠦᠯᠲᠡᠶ ᠲᠥᠯᠥᠪᠯᠡᠨ ᠵᠣᠬᠢᠴᠠᠭᠤᠯᠵᠤ ᠠᠬᠢᠭᠤᠯᠬᠤ ᠶᠢ ᠬᠠᠷᠢᠭᠤᠴᠠᠭᠤᠯᠪᠠ︔ ᠤᠯᠤᠰ ᠤᠨ ᠥᠮᠴᠢᠯᠡᠯ ᠤᠨ | ᠬᠤᠪᠢᠴᠠᠭᠠᠲᠤ ᠺᠣᠮᠫᠠᠨᠢ ᠶᠢᠨ ᠥᠪᠥᠷ ᠮᠣᠩᠭᠤᠯ ᠤᠨ ᠤᠶᠤᠨᠲᠤ ᠬᠥᠬᠡ ᠬᠤᠲᠠ ᠶᠢᠨ ᠺᠣᠮᠫᠠᠨᠢ ᠶᠢ ᠪᠠᠶᠢᠭᠤᠯᠵᠤ᠂ | ᠤᠶᠤᠨᠲᠤ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠪᠣᠳᠠᠲᠠᠶ ᠡᠭᠦᠷᠭᠡᠯᠡᠪᠡ᠃ ᠲᠣᠰ ᠰᠠᠷ᠎ᠠ ᠳᠤ᠂ | ᠬᠥᠬᠡᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠲᠦᠷᠦᠭᠦᠯᠡᠨ᠂ ᠪᠤᠭᠤᠲᠤ᠂ ᠣᠷᠳᠣᠰ᠂ | ᠲᠡᠮᠡᠭᠡᠲᠦ ᠵᠢᠴᠢ ᠤᠯᠠᠭᠠᠨᠴᠠᠪ ᠳᠥᠷᠪᠡᠨ ᠬᠤᠲᠠ ᠶᠢ ᠵᠣᠬᠢᠶᠠᠨ ᠪᠠᠶᠢᠭᠤᠯᠤᠨ ᠬᠥᠬᠡᠬᠤᠲᠠ ᠪᠤᠭᠤᠲᠤ ᠣᠷᠳᠣᠰ | ᠲᠡᠮᠡᠭᠡᠲᠦ ᠶᠢᠨ ᠬᠤᠲᠠ ᠶᠢᠨ ᠰᠦᠷᠦᠭᠵᠢᠯ ᠵᠢᠴᠢ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠬᠠᠮᠵᠢᠯᠴᠠᠨ | ᠬᠥᠭᠵᠢᠬᠦ ᠨᠠᠮ ᠵᠠᠰᠠᠭ ᠤᠨ ᠬᠠᠮᠲᠤᠷᠠᠭᠰᠠᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠬᠥᠬᠡᠬᠤᠲᠠ | ᠲᠦᠷᠦᠭᠦᠯᠡᠨ ᠨᠠᠶᠢᠷᠠᠭᠤᠯᠤᠨ ᠵᠣᠬᠢᠶᠠᠭᠰᠠᠨ ︽ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠤᠶᠤᠨᠲᠤ | ᠬᠤᠲᠠ ᠶᠢᠨ ᠰᠦᠷᠦᠭᠵᠢᠯ ᠢ ᠨᠢᠭᠡ ᠴᠤᠭᠴᠠᠵᠢᠭᠤᠯᠬᠤ ᠪᠥᠲᠥᠭᠡᠨ ᠪᠠᠶᠢᠭᠤᠯᠤᠯᠲᠠ ᠶᠢᠨ ᠠᠵᠢᠯᠯᠠᠭᠠᠨ ᠤ ᠲᠥᠯᠥᠪᠯᠡᠭᠡ︾ | ᠶᠢ ᠰᠤᠳᠤᠯᠤᠨ ᠪᠠᠲᠤᠯᠠᠪᠠ᠃ 2020 ᠣᠨ ᠤ 10 ᠳ᠋ᠤᠭᠠᠷ ᠰᠠᠷ᠎ᠠ ᠳᠤ᠂ ︽ᠬᠥᠬᠡᠬᠤᠲᠠ ᠶᠢᠨ ᠤᠶᠤᠨᠲᠤ | ᠬᠥᠬᠡ ᠬᠤᠲᠠ ᠶᠢᠨ ︵ᠨᠢᠭᠡᠳᠦᠭᠡᠷ ᠬᠤᠭᠤᠴᠠᠭ᠎ᠠ︶ ᠶᠢᠨ ᠪᠥᠲᠥᠭᠡᠨ ᠪᠠᠶᠢᠭᠤᠯᠤᠯᠲᠠ ᠶᠢᠨ ᠲᠥᠰᠦᠯ︾ ᠢ | ᠳᠠᠷᠤᠮᠠᠯᠯᠠᠨ ᠲᠠᠷᠬᠠᠭᠠᠵᠤ᠂ ᠤᠶᠤᠨᠲᠤ ᠬᠤᠲᠠ ᠶᠢᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠡᠬᠢᠯᠡᠭᠦᠯᠪᠡ᠃ | | 2021 ᠣᠨ ᠤ 1 ᠳ᠋ᠤᠭᠡᠷ ᠰᠠᠷ᠎ᠠ ᠶᠢᠨ 20 ᠤ ᠡᠳᠦᠷ᠂ 100 ᠡᠳᠦᠷ ᠤᠨ ᠴᠠᠭ ᠢ ᠬᠡᠷᠡᠭᠯᠡᠵᠦ᠂ | ᠬᠥᠬᠡᠬᠤᠲᠠ ᠶᠢᠨ ᠬᠤᠲᠠ ᠶᠢᠨ ᠶᠡᠭᠡ ᠲᠠᠷᠢᠬᠢ ᠵᠢᠩᠬᠢᠨᠢ ᠪᠠᠷ ᠠᠰᠢᠭᠯᠠᠯᠲᠠ ᠳᠤ ᠣᠷᠣᠵᠤ᠂ ᠬᠥᠬᠡᠬᠤᠲᠠ ᠶᠢᠨ | ᠤᠶᠤᠨᠲᠤ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ︽ᠳᠥᠷᠪᠡᠨ ᠨᠢᠷᠤᠭᠤ ᠨᠠᠢᠮᠠᠨ ᠲᠤᠯᠭᠠᠭᠤᠷᠢ︾ ᠶᠢᠨ | ᠦᠨᠳᠦᠰᠦᠨ ᠪᠣᠷᠣ ᠲᠥᠯᠥᠪ ᠢ ᠪᠠᠶᠢᠭᠤᠯᠤᠨ ᠳᠠᠭᠤᠰᠬᠠᠵᠤ᠂ ︽1+4+N︾ ᠪᠥᠲᠥᠭᠡᠨ ᠪᠠᠶᠢᠭᠤᠯᠤᠯᠲᠠ ᠶᠢᠨ | ᠰᠢᠰᠲ᠋ᠧᠮᠵᠢ ᠶᠢ ᠪᠦᠷᠢᠯᠳᠦᠭᠦᠯᠪᠡ᠃ ︽1︾ ᠭᠡᠳᠡᠭ ᠨᠢ ᠬᠤᠲᠠ ᠶᠢᠨ ᠶᠡᠭᠡ ᠲᠠᠷᠢᠬᠢ᠂ ︽4︾ ᠭᠡᠳᠡᠭ ᠨᠢ | ᠰᠡᠷᠡᠯ ᠤᠨ ᠰᠢᠰᠲ᠋ᠧᠮ᠂ ᠲᠤᠭ᠎ᠠ ᠪᠠᠷᠢᠮᠲᠠ ᠶᠢᠨ ᠰᠢᠰᠲ᠋ᠧᠮ᠂ ᠠᠮᠤᠷ ᠲᠦᠪᠰᠢᠨ ᠤ ᠰᠢᠰᠲ᠋ᠧᠮ᠂ ︽ᠠᠶ ᠴᠢᠩ ᠴᠧᠩ | ︾ APP ᠵᠡᠷᠭᠡ 4 ᠰᠠᠭᠤᠷᠢ ᠲᠤᠯᠭᠠᠭᠤᠷᠢᠯᠠᠯ ᠪᠣᠯᠤᠨ᠎ᠠ᠂ ︽N︾ ᠭᠡᠳᠡᠭ ᠨᠢ ᠬᠤᠲᠠ ᠶᠢᠨ ᠶᠡᠭᠡ ᠲᠠᠷᠢᠬᠢ ᠶᠢ | ᠤᠷᠲᠤᠳᠬᠠᠨ ᠨᠡᠭᠡᠭᠡᠨ ᠬᠥᠭᠵᠢᠭᠦᠯᠬᠦ ᠳᠤ ᠰᠠᠭᠤᠷᠢᠯᠠᠭᠰᠠᠨ N ᠤᠯᠠᠨ ᠤᠶᠤᠨᠲᠤ ᠬᠡᠷᠡᠭᠯᠡᠯᠲᠡ ᠪᠣᠯᠤᠨ᠎ᠠ᠃ | 4 ᠰᠠᠭᠤᠷᠢ ᠲᠤᠯᠭᠠᠭᠤᠷᠢᠯᠠᠯ ᠤᠨ ᠳᠤᠮᠳᠠ᠂ ︽ᠠᠢ ᠴᠢᠩ ᠴᠧᠩ︾ APP ᠪᠣᠯ ᠳᠠᠷᠤᠶ ᠬᠤᠲᠠ ᠶᠢᠨ | ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ︽ᠨᠢᠭᠡ ᠭᠠᠷ ᠤᠲᠠᠰᠤ ᠪᠠᠷ ᠬᠥᠬᠡᠬᠤᠲᠠ ᠳᠤ ᠶᠠᠪᠤᠬᠤ︾ ᠲᠤᠬᠠᠶ | ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ | ᠤᠬᠠᠭᠠᠨᠯᠢᠭ ᠢᠶᠠᠷ ᠵᠠᠰᠠᠬᠤ︾ ᠠᠷᠭ᠎ᠠ ᠪᠠᠷᠢᠯ ᠢ ᠬᠦᠢᠴᠡᠳ ᠪᠠᠳᠠᠷᠠᠭᠤᠯᠵᠤ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ︽ᠨᠢᠭᠡ ᠰᠦᠯᠵᠢᠶ᠎ᠡ ᠪᠠᠷ ᠨᠡᠶᠢᠳᠡᠮ ᠰᠢᠢᠳᠪᠦᠷᠢᠯᠡᠬᠦ︾ ᠪᠠᠷ ᠬᠦᠲᠦᠴᠢ ᠪᠣᠯᠭᠠᠵᠤ᠂ ᠪᠥᠬᠦ | ᠬᠤᠲᠠ ᠶᠢᠨ ᠬᠤᠯᠪᠤᠭᠳᠠᠯ ᠪᠥᠬᠦᠶ ᠵᠥᠪᠯᠡᠯ ᠠᠯᠪᠠᠨ ᠬᠡᠷ ᠲᠣᠪᠴᠢᠶ᠎ᠠ᠂ ᠠᠵᠤ ᠠᠬᠤᠶᠢᠯᠠᠯ ᠠᠵᠢᠯ ᠦᠢᠯᠡᠰ ᠤᠨ | ᠨᠢᠭᠡᠴᠡ ᠶᠢᠨ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠵᠦᠢᠯᠡᠰ ᠢ ᠬᠤᠯᠪᠤᠵᠤ ᠤᠷᠤᠭᠤᠯᠬᠤ ᠪᠠᠷ | ᠳᠠᠮᠵᠢᠭᠤᠯᠤᠨ᠂ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠤᠶᠤᠨᠲᠤ ᠬᠡᠷᠡᠭᠯᠡᠭᠡ ᠶᠢ ᠲᠦᠪᠯᠡᠷᠡᠭᠦᠯᠦᠨ | ᠠᠴᠢᠶᠠᠯᠠᠵᠤ᠂ ᠣᠷᠣᠨ ᠤ ᠲᠥᠪ ᠬᠤᠲᠠ ᠶᠢᠨ ᠠᠷᠠᠳ ᠤᠨ ᠲᠣᠭᠠᠴᠢᠯᠠᠭᠰᠠᠨ ᠠᠮᠢᠳᠤᠷᠠᠯ ᠤᠨ ᠨᠢᠭᠡᠳᠦᠯᠲᠡᠶ ᠣᠷᠣᠬᠤ | ᠡᠭᠦᠳᠡ ᠶᠢ ᠪᠣᠶ ᠪᠣᠯᠭᠠᠵᠤ᠂ ᠨᠠᠩ ᠣᠯᠠᠨ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠵᠦᠢᠯᠡᠰ ᠢ ︽ᠠᠯᠠᠭᠠᠨ | ᠲᠡᠭᠡᠷ᠎ᠡ ᠪᠠᠨ ᠬᠦᠢᠴᠡᠳᠬᠡᠬᠦ︾᠂ ︽ᠬᠤᠷᠤᠭᠤᠨ ᠦᠵᠦᠭᠦᠷ ᠢᠶᠠᠷ ᠢᠶᠠᠨ ᠬᠦᠢᠴᠡᠳᠬᠡᠬᠦ︾ ᠢ ᠪᠡᠶᠡᠯᠡᠭᠦᠯᠪᠡ᠃ | | 2021 ᠣᠨ ᠤ 4 ᠳ᠋ᠤᠭᠡᠷ ᠰᠠᠷ᠎ᠠ ᠶᠢᠨ 29 ᠤ ᠡᠳᠦᠷ᠂ ᠬᠤᠶᠠᠷ ᠰᠠᠷ᠎ᠠ ᠶᠢᠨ ᠳᠣᠲᠣᠭᠠᠳᠤ ᠶᠢᠨ | ᠲᠤᠷᠰᠢᠯᠲᠠ ᠪᠠᠷ ᠳᠡᠮᠵᠢᠨ᠂ ︽ᠠᠶ ᠴᠢᠩ ᠴᠧᠩ︾ APP ᠶᠢᠨ ᠬᠤᠲᠠ ᠶᠢᠨ ᠠᠷᠠᠳ ᠲᠤ ᠬᠠᠨᠳᠤᠭᠤᠯᠤᠭᠰᠠᠨ | ᠨᠡᠶᠢᠲᠡ ᠶᠢᠨ ᠲᠤᠷᠰᠢᠯᠲᠠ ᠶᠢᠨ 1.0 ᠬᠡᠪᠯᠡᠯ ᠢ ᠨᠢᠭᠡᠨᠲᠡ ᠡᠯ᠎ᠡ ᠲᠥᠷᠥᠯ ᠤᠨ ᠭᠠᠷ ᠤᠲᠠᠰᠤᠨ ᠤ ᠬᠡᠷᠡᠭᠯᠡᠭᠡᠨ ᠤ | ᠳᠡᠯᠭᠡᠭᠦᠷ ᠲᠤ ᠵᠢᠩᠬᠢᠨᠢ ᠪᠠᠷ ᠭᠠᠷᠭᠠᠪᠠ᠃ ᠠᠳᠡ ᠪᠢ ᠪᠠᠰᠠ ᠥᠷᠭᠡᠨ ᠤᠯᠠᠨ ᠨᠠᠶᠢᠵᠠ ᠨᠠᠷ ᠤᠨ ᠢᠳᠡᠪᠬᠢᠲᠡᠢ ᠪᠠᠷ | ᠪᠠᠭᠤᠯᠭᠠᠨ ᠠᠪᠴᠤ ᠬᠡᠷᠡᠭᠯᠡᠨ᠂ ᠰᠠᠨᠠᠯ ᠰᠠᠨᠠᠭᠤᠯᠭ᠎ᠠ ᠪᠠᠨ ᠳᠤᠷᠠᠳᠬᠤ ᠶᠢ ᠬᠦᠰᠡᠵᠦ ᠪᠠᠶᠢᠨ᠎ᠠ᠂ ᠪᠢᠳᠡ ᠦᠷᠭᠦᠯᠵᠢᠯᠡᠨ | ᠰᠢᠯᠢᠳᠡᠭᠵᠢᠭᠦᠯᠦᠨ ᠲᠡᠰ ᠳᠡᠪᠰᠢᠭᠦᠯᠵᠦ᠂ ︽ᠨᠢᠭᠡ ᠭᠠᠷ ᠤᠲᠠᠰᠤ ᠪᠠᠷ ᠬᠥᠬᠡ ᠬᠤᠳᠠ ᠳᠤ ᠶᠠᠪᠤᠬᠤ︾ ᠶᠢ ᠪᠣᠳᠠᠲᠤ | ᠶᠠᠪᠤᠳᠠᠯ ᠪᠣᠯᠭᠠᠬᠤ ᠶᠢ ᠪᠡᠶᠡᠯᠡᠭᠦᠯᠦᠨ᠎ᠡ︕ | 4. ᠬᠥᠲᠥᠯᠥᠭᠴᠢ | ᠠᠶ ᠴᠢᠩ ᠴᠧᠩ ︽APP︾ ᠶᠢᠨ 1.0 ᠬᠡᠪᠯᠡᠯ ᠨᠢ ᠭᠤᠤᠯᠳᠠᠭᠤ ᠠᠷᠠᠳ ᠤᠨ ᠠᠮᠢᠳᠤᠷᠠᠯ ᠤᠨ | ᠦᠢᠯᠡᠴᠢᠯᠡᠭᠡᠨ ᠤ ᠠᠯᠢ ᠠᠯᠢ ᠲᠠᠯ᠎ᠠ ᠶᠢ ᠬᠠᠮᠤᠷᠴᠤ᠂ ᠶᠠᠮᠠᠷ ᠲᠣᠪᠤᠶᠢᠮ᠎ᠠ ᠳᠠᠪᠠᠭᠤᠯᠢᠭ ᠲᠠᠢ ᠪᠣᠶ︖ | 5. ᠬᠥᠬᠡᠬᠤᠲᠠ ᠶᠢᠨ ᠲᠣᠮᠣ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠮᠠ | ᠸᠧᠨ ᠺᠠᠶ | ︽ᠠᠶ ᠴᠢᠩ ᠴᠧᠩ︾ APP ᠶᠢᠨ 1.0 ᠬᠡᠪᠯᠡᠯ ᠳᠤ ᠭᠤᠤᠯᠳᠠᠭᠤ᠄ ᠠᠷᠠᠳ ᠲᠤ ᠲᠥᠬᠦᠮ ᠦᠵᠡᠭᠦᠯᠬᠦ | ᠦᠢᠯᠡᠴᠢᠯᠡᠭᠡ᠂ ᠵᠠᠰᠠᠭ ᠤᠨ ᠶᠠᠪᠤᠳᠠᠯ ᠤᠨ ᠤᠴᠢᠷ ᠶᠠᠪᠤᠳᠠᠯ ᠰᠢᠢᠳᠪᠦᠷᠢᠯᠡᠬᠦ᠂ ᠰᠣᠶᠣᠯ ᠰᠤᠷᠭᠠᠨ ᠬᠥᠮᠦᠵᠢᠯ᠂ | ᠵᠠᠰᠠᠭ ᠠᠷᠠᠳ ᠬᠠᠷᠢᠯᠴᠠᠨ ᠦᠢᠯᠡᠳᠦᠯᠴᠡᠬᠦ᠂ ᠤᠬᠠᠭᠠᠯᠢᠭ ᠢᠶᠠᠷ ᠶᠠᠪᠤᠵᠤ ᠰᠠᠭᠤᠬᠤ᠂ ᠣᠶᠤᠨᠴᠢ ᠪᠠᠷ ᠬᠥᠬᠡ | ᠬᠤᠲᠠ ᠳᠤ ᠵᠢᠭᠤᠯᠴᠢᠯᠠᠬᠤ᠂ ᠡᠷᠡᠭᠦᠯ ᠮᠡᠨᠳᠦ ᠡᠮᠴᠢᠯᠡᠭᠡ᠂ ᠰᠣᠨᠢᠨ ᠮᠡᠳᠡᠭᠡᠨ ᠤ ᠮᠡᠳᠡᠭᠡ ᠵᠠᠩᠭᠢ ᠵᠡᠷᠭᠡ 8 ᠲᠣᠮᠣ | ᠬᠡᠰᠡᠭ ᠢ ᠪᠠᠭᠲᠠᠭᠠᠵᠤ᠂ ᠠᠷᠠᠳ ᠲᠤ ᠲᠥᠬᠦᠮ ᠦᠵᠡᠭᠦᠯᠬᠦ ᠥᠨᠳᠥᠷ ᠲᠠᠪᠳᠠᠮᠵᠢᠳᠤ ᠦᠢᠯᠡᠴᠢᠯᠡᠭᠡᠨ ᠤ ᠵᠦᠢᠯᠡᠰ | ᠨᠡᠶᠢᠲᠡ 90 ᠪᠣᠶ᠂ ᠡᠲᠡᠭᠡᠷ ᠵᠦᠢᠯᠡᠰ ᠢ ᠴᠥᠮ ᠰᠦᠯᠵᠢᠶᠡᠨ ᠳᠡᠭᠡᠷ᠎ᠡ ᠬᠦᠢᠴᠡᠳᠬᠡᠬᠦ ᠪᠤᠶᠤ ᠯᠠᠪᠯᠠᠵᠤ ᠪᠣᠯᠤᠨ᠎ᠠ᠃ | | ᠴᠢᠳᠠᠪᠬᠢ ᠶᠢᠨ ᠵᠢᠷᠤᠭ ᠲᠥᠯᠥᠪᠯᠡᠭᠡ ᠶᠢᠨ ᠲᠠᠯ᠎ᠠ ᠪᠠᠷ ᠭᠤᠷᠪᠠᠨ ᠶᠡᠭᠡ ᠣᠨᠴᠠᠯᠢᠭ ᠲᠠᠢ᠃ ᠨᠢᠭᠡ ᠳᠤ | ᠲᠦᠭᠦᠮ᠃ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠵᠦᠢᠯᠡᠰ ᠢ ᠵᠠᠯᠭᠠᠨ ᠣᠷᠣᠭᠤᠯᠤᠭᠰᠠᠨ ᠰᠠᠭᠤᠷᠢᠨ | ᠳᠡᠭᠡᠷ᠎ᠡ ᠡᠮᠬᠢᠳᠬᠡᠨ ᠨᠡᠶᠢᠯᠡᠭᠦᠯᠵᠦ᠂ ︽ᠲᠠᠨ ᠳᠤ ᠡᠷᠢᠵᠦ ᠥᠭᠬᠦ︾᠂ ︽ᠲᠠᠨ ᠳᠤ ᠯᠠᠪᠯᠠᠵᠤ ᠥᠭᠬᠦ︾᠂ ︽ | ᠲᠠᠨ ᠳᠤ ᠪᠣᠯᠵᠣᠵᠤ ᠥᠭᠬᠦ︾ ᠵᠡᠷᠭᠡ ᠤᠨᠴᠠᠯᠢᠬᠳᠤ ᠬᠡᠪᠯᠡᠯ ᠢ ᠵᠢᠷᠤᠵᠤ ᠲᠥᠯᠥᠪᠯᠡᠨ᠂ ᠦᠢᠯᠡᠴᠢᠯᠡᠭᠡ ᠡᠷᠢᠬᠦ᠂ | ᠤᠴᠢᠷ ᠶᠠᠪᠤᠳᠠᠯ ᠢ ᠯᠠᠪᠯᠠᠬᠤ᠂ ᠤᠴᠢᠷ ᠶᠠᠪᠤᠳᠠᠯ ᠢ ᠪᠣᠯᠵᠣᠨ ᠰᠢᠢᠳᠪᠦᠷᠢᠯᠡᠬᠦ ᠳᠤ ᠨᠢᠭᠡ ᠯᠡ ᠣᠷᠤᠴᠠ ᠪᠠᠷ | ᠪᠡᠶᠡᠯᠡᠭᠦᠯᠴᠢᠬᠡᠨ᠎ᠡ᠃ ᠬᠤᠶᠠᠷ ᠲᠤ᠂ ᠲᠦᠷᠬᠡᠨ᠃ ᠥᠯᠥ ᠬᠥᠳᠡᠯᠬᠦ ᠬᠥᠷᠥᠩᠭᠡ᠂ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ᠂ ᠨᠡᠶᠢᠭᠡᠮ ᠤᠨ ᠪᠠᠲᠤᠯᠠᠭ᠎ᠠ ᠵᠡᠷᠭᠡ ᠠᠷᠠᠳ ᠲᠤ ᠲᠥᠬᠦᠮ ᠦᠵᠡᠭᠦᠯᠬᠦ ᠥᠨᠳᠥᠷ | ᠲᠠᠪᠳᠠᠮᠵᠢᠳᠤ ᠦᠢᠯᠡᠴᠢᠯᠡᠭᠡᠨ ᠤ ᠵᠦᠢᠯᠡᠰ ᠢ ᠬᠦᠢᠴᠡᠳᠭᠡᠬᠦ ᠳᠤ ᠨᠠᠰᠢ ᠴᠠᠰᠢ ᠭᠦᠶᠦᠯᠳᠦᠬᠦ ᠴᠢᠬᠤᠯᠠ ᠥᠬᠡᠶ᠂ | ᠬᠤᠷᠤᠭᠤ ᠪᠠᠨ ᠬᠦᠳᠡᠯᠭᠡᠪᠡᠯ ᠳᠠᠷᠤᠶ ᠪᠡᠶᠡᠯᠡᠭᠦᠯᠴᠢᠬᠡᠨ᠎ᠡ᠃ ᠭᠤᠷᠪᠠ ᠳᠤ ᠤᠶᠤᠨᠯᠢᠭ᠃ ᠪᠢᠳᠡ ᠤᠶᠤᠨᠯᠢᠭ ᠵᠶ᠋ᠠᠷᠲ᠋ᠡᠷᠭᠡ | ᠵᠣᠭᠰᠣᠭᠠᠬᠤ᠂ ᠤᠶᠤᠨᠯᠢᠭ ᠢᠶᠠᠷ ᠬᠥᠬᠡᠬᠤᠲᠠ ᠳᠤ ᠵᠢᠭᠤᠯᠴᠢᠯᠠᠬᠤ ᠵᠡᠷᠭᠡ ᠤᠨᠴᠠᠯᠢᠭᠳᠤ ᠬᠡᠷᠡᠭᠯᠡᠭᠡᠨ ᠢ ᠨᠡᠭᠡᠭᠡᠨ | ᠬᠥᠭᠵᠢᠭᠦᠯᠪᠡ᠃ ᠬᠡᠷᠡᠭᠯᠡᠯᠲᠡ ᠶᠢ ᠡᠬᠢᠯᠡᠭᠦᠯᠪᠡᠯ ᠳᠠᠷᠤᠶ ᠪᠥᠬᠦ ᠬᠤᠲᠠ ᠶᠢᠨ ᠭᠤᠤᠯ ᠬᠤᠲᠠ ᠵᠢᠨᠲ᠋ᠣᠭᠤᠷᠢᠭ ᠤᠨ | ᠣᠯᠠᠨ ᠨᠡᠶᠢᠲᠡ ᠶᠢᠨ ᠲᠡᠷᠭᠡᠨ ᠵᠣᠭᠰᠣᠭᠠᠯ ᠤᠨ ᠬᠤᠭᠤᠰᠣᠨ ᠣᠷᠣ ᠶᠢ ᠯᠠᠪᠯᠠᠬᠤ᠂ ᠵᠢᠭᠤᠯᠴᠢᠯᠠᠯ ᠤᠨᠦᠵᠡᠮᠵᠢ ᠶᠢᠨ | ᠭᠠᠵᠠᠷ ᠢ ᠰᠦᠯᠵᠢᠶᠡᠨ ᠳᠡᠭᠡᠷ᠎ᠡ ᠪᠣᠯᠵᠣᠬᠤ᠂ ᠣᠶᠤᠨᠴᠢ ᠠᠶᠠᠯᠠᠯ ᠢ ᠰᠦᠯᠵᠢᠶᠡᠨ ᠳᠡᠭᠡᠷ᠎ᠡ ᠲᠣᠭᠲᠠᠭᠠᠬᠤ ᠵᠡᠷᠭᠡ | ᠴᠢᠳᠠᠮᠵᠢ ᠶᠢ ᠪᠡᠶᠡᠯᠡᠭᠦᠯᠵᠦ ᠴᠢᠳᠠᠨ᠎ᠠ᠃ | 6. ᠬᠥᠲᠥᠯᠥᠭᠴᠢ | ᠬᠤᠲᠠ ᠶᠢᠨ ᠠᠷᠠᠳ ᠤᠨ ᠨᠡᠶᠢᠳᠡᠮ ᠠᠩᠬᠠᠷᠴᠤ ᠪᠠᠶᠢᠭ᠎ᠠ᠂ ᠬᠡᠷᠡᠭᠯᠡᠬᠦ ᠳᠠᠪᠲᠠᠮᠵᠢ ᠨᠢ ᠨᠡᠯᠢᠶᠡᠳ ᠥᠨᠳᠥᠷ | ᠨᠡᠶᠢᠭᠡᠮ ᠤᠨ ᠳᠠᠭᠠᠳᠬᠠᠯ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ᠂ ᠥᠯᠥ ᠬᠥᠳᠡᠯᠬᠦ ᠬᠥᠷᠥᠩᠭᠡ ᠵᠡᠷᠭᠡ | ᠲᠤᠬᠠᠶᠢᠯᠠᠭᠰᠠᠨ ᠠᠵᠢᠯ ᠤᠨ ᠲᠠᠯ᠎ᠠ ᠪᠠᠷ᠂ ︽ᠠᠢ ᠴᠢᠩ ᠴᠧᠩ︾ APP ᠨᠢ ᠴᠤᠬᠤᠮ ᠶᠠᠮᠠᠷ ᠶᠠᠮᠠᠷ ᠴᠢᠳᠠᠪᠬᠢ ᠶᠢ | ᠬᠠᠮᠤᠷᠴᠤ ᠪᠠᠶᠢᠬᠤ ᠪᠣᠶ︖ | 7. ᠲᠣᠮᠣ ᠳ᠋ᠠᠶᠢᠲ᠋ᠠ ᠶᠢᠨ ᠬᠡᠷᠡᠭᠯᠡᠭᠡᠨ ᠤ ᠰᠠᠯᠠᠭ᠎ᠠ ᠶᠢᠨ ᠵᠣᠣ ᠰᠢᠤᠸᠠᠢ ᠵᠢᠶᠤᠤ | | | | | | ᠨᠡᠶᠢᠭᠡᠮ ᠤᠨ ᠳᠠᠭᠠᠳᠬᠠᠯ ᠤᠨ ᠲᠤᠬᠠᠶᠢᠯᠠᠭᠰᠠᠨ ᠠᠵᠢᠯ ᠤᠨ ᠬᠡᠰᠡᠭ ᠲᠤ᠄ ᠣᠳᠣᠬᠠᠨ ᠳᠤ ᠨᠢᠭᠡᠨᠲᠡ | ᠨᠡᠶᠢᠭᠡᠮ ᠤᠨ ᠳᠠᠭᠠᠳᠬᠠᠯ ᠤᠨ ᠲᠤᠬᠠᠶᠢᠯᠠᠭᠰᠠᠨ ᠠᠵᠢᠯ ᠤᠨ ᠳᠥᠷᠪᠡᠨ ᠲᠥᠷᠥᠯ ᠤᠨ 17 ᠵᠦᠢᠯ ᠢ ᠵᠠᠯᠭᠠᠨ | ᠣᠷᠣᠭᠤᠯᠵᠠᠶ᠂ ᠡᠭᠦᠨ ᠳᠤ᠄ ᠮᠡᠳᠡᠭᠡ ᠵᠠᠩᠭᠢ ᠶᠢ ᠯᠠᠪᠯᠠᠬᠤ ᠲᠥᠷᠥᠯ 5 ᠪᠣᠶ᠄ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠢ ᠰᠢᠯᠵᠢᠭᠦᠯᠬᠦ ᠠᠬᠢᠴᠠ ᠶᠢ ᠯᠠᠪᠯᠠᠬᠤ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢ ᠰᠢᠯᠵᠢᠭᠦᠯᠦᠨ | ᠤᠷᠤᠭᠤᠯᠬᠤ ᠠᠬᠢᠴᠠ ᠶᠢ ᠯᠠᠪᠯᠠᠬᠤ᠂ ᠠᠵᠢᠯᠲᠠᠨ ᠠᠵᠢᠯᠴᠢᠨ ᠤ ᠨᠡᠶᠢᠭᠡᠮ ᠤᠨ ᠳᠠᠭᠠᠳᠬᠠᠯ ᠢ ᠯᠠᠪᠯᠠᠬᠤ᠂ ᠰᠠᠭᠤᠭᠠᠯᠢ | ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠮᠡᠳᠡᠭᠡ ᠵᠠᠩᠭᠢ ᠶᠢ ᠯᠠᠪᠯᠠᠬᠤ᠂ ᠺᠠᠷᠲ ᠨᠥᠬᠦᠵᠦ | ᠰᠣᠯᠢᠬᠤ ᠪᠠᠩᠬᠢ ᠶᠢᠨ ᠮᠡᠳᠡᠭᠡ ᠵᠠᠩᠭᠢ ᠶᠢ ᠯᠠᠪᠯᠠᠬᠤ︔ ᠲᠤᠬᠠᠶᠢᠯᠠᠭᠰᠠᠨ ᠠᠵᠢᠯ ᠬᠦᠢᠴᠡᠳᠬᠡᠬᠦ ᠲᠥᠷᠥᠯ 5 ᠪᠣᠶ᠄ | ᠨᠡᠶᠢᠭᠡᠮ ᠤᠨ ᠳᠠᠭᠠᠳᠬᠠᠯ ᠤᠨ ᠺᠠᠷᠲ ᠢ ᠡᠬᠢᠯᠡᠨ ᠬᠡᠷᠡᠭᠯᠡᠬᠦ᠂ ᠨᠡᠶᠢᠭᠡᠮ ᠤᠨ ᠳᠠᠭᠠᠳᠬᠠᠯ ᠤᠨ ᠺᠠᠷᠲ ᠢᠶᠠᠨ | ᠭᠡᠭᠡᠭᠰᠡᠨ ᠢᠶᠠᠨ ᠮᠡᠳᠡᠭᠦᠯᠬᠦ᠂ ᠨᠡᠶᠢᠭᠡᠮ ᠤᠨ ᠳᠠᠭᠠᠳᠬᠠᠯ ᠤᠨ ᠺᠠᠷᠲ ᠤᠨ ᠨᠢᠭᠤᠴᠠ ᠨᠣᠮᠧᠷ ᠢ ᠵᠠᠰᠠᠬᠤ᠂ ᠨᠡᠶᠢᠭᠡᠮ ᠤᠨ | ᠳᠠᠭᠠᠳᠬᠠᠯ ᠤᠨ ᠺᠠᠷᠲ ᠢᠶᠠᠨ ᠲᠠᠶᠢᠯᠬᠤ᠂ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠶᠢ ᠭᠤᠶᠤᠴᠢᠯᠠᠨ | ᠠᠪᠬᠤ︔ ᠡᠭᠦᠨ ᠳᠤ ᠭᠡᠷᠡᠴᠢᠯᠡᠯ ᠬᠢᠬᠦ ᠲᠥᠷᠥᠯ 7 ᠪᠣᠶ᠄ ᠬᠤᠪᠢ ᠬᠥᠮᠦᠨ ᠤ ᠨᠡᠶᠢᠭᠡᠮ ᠤᠨ ᠲᠠᠭᠠᠳᠬᠠᠯ ᠳᠤ | ᠣᠷᠣᠯᠴᠠᠬᠤ᠂ ᠨᠠᠰᠤᠵᠢᠯ ᠤᠨ ᠠᠰᠠᠷᠠᠮᠵᠢ ᠶᠢᠨ ᠬᠠᠷᠢᠴᠠᠭ᠎ᠠ ᠶᠢ ᠰᠢᠯᠵᠢᠭᠦᠯᠬᠦ ᠭᠡᠷᠡᠴᠢ ᠪᠠᠷᠢᠮᠲᠠ ᠶᠢ ᠥᠪᠡᠰᠦᠪᠡᠨ | ᠳᠠᠷᠤᠮᠠᠯᠯᠠᠬᠤ᠂ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠬᠠᠷᠠᠭᠠᠯᠵᠠᠯ ᠢ ᠭᠥᠷᠳᠡᠬᠦ ᠭᠡᠷᠡᠴᠢ ᠪᠠᠷᠢᠮᠲᠠ ᠶᠢ | ᠥᠪᠡᠰᠦᠪᠡᠨ ᠳᠠᠷᠤᠮᠠᠯᠯᠠᠬᠤ᠂ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠬᠠᠷᠠᠭᠠᠯᠵᠠᠯ ᠢ ᠥᠯᠥ ᠭᠥᠷᠳᠡᠬᠦ ᠭᠡᠷᠡᠴᠢ | ᠪᠠᠷᠢᠮᠲᠠ ᠶᠢ ᠥᠪᠡᠰᠦᠪᠡᠨ ᠳᠠᠷᠤᠮᠠᠯᠯᠠᠬᠤ᠂ ᠠᠵᠢᠯ ᠠᠯᠳᠠᠯᠲᠠ ᠶᠢᠨ ᠳᠠᠭᠠᠳᠬᠠᠯ ᠤᠨ ᠳᠠᠭᠠᠳᠬᠠᠯ ᠳᠤ ᠣᠷᠣᠯᠴᠠᠬᠤ | ᠬᠠᠷᠢᠴᠠᠭ᠎ᠠ ᠶᠢ ᠰᠢᠯᠵᠢᠭᠦᠯᠦᠨ ᠭᠠᠷᠭᠠᠬᠤ ᠶᠢ ᠳᠠᠷᠤᠮᠠᠯᠯᠠᠬᠤ᠂ ᠨᠠᠰᠤᠵᠢᠯ ᠤᠨ ᠠᠰᠠᠷᠠᠮᠵᠢ ᠶᠢᠨ ᠬᠠᠷᠢᠴᠠᠭ᠎ᠠ ᠶᠢ | ᠰᠢᠯᠵᠢᠬᠦᠯᠬᠦ ᠬᠠᠷᠢᠯᠴᠠᠬᠤ ᠵᠠᠬᠢᠳᠠᠯ ᠢ ᠯᠠᠪᠯᠠᠬᠤ ᠳᠠᠷᠤᠮᠠᠯᠯᠠᠬᠤ᠂ ᠨᠠᠰᠤᠨ ᠤ ᠠᠮᠠᠷᠠᠯᠲᠠ ᠶᠢᠨ ᠬᠠᠷᠠᠭᠠᠯᠵᠠᠯ ᠢ ᠬᠢᠨᠠᠨ | ᠲᠣᠭᠲᠠᠭᠠᠬᠤ ᠬᠦᠰᠦᠨᠦᠭᠲᠦ ᠶᠢ ᠥᠪᠡᠰᠦᠪᠡᠨ ᠳᠠᠷᠤᠮᠠᠯᠯᠠᠬᠤ ᠪᠣᠯᠤᠨ᠎ᠠ᠃ | ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠤᠬᠠᠶᠢᠯᠠᠭᠰᠠᠨ ᠠᠵᠢᠯ ᠤᠨ ᠬᠡᠰᠡᠭ ᠲᠤ᠄ | ᠣᠳᠣᠬᠠᠨ ᠳᠤ ᠨᠢᠭᠡᠨᠲᠡ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠤᠬᠠᠶᠢᠯᠠᠭᠰᠠᠨ ᠠᠵᠢᠯ ᠤᠨ ᠳᠥᠷᠪᠡᠨ | ᠲᠥᠷᠥᠯ ᠤᠨ 20 ᠵᠦᠢᠯ ᠢ ᠵᠠᠯᠭᠠᠨ ᠣᠷᠣᠭᠤᠯᠵᠠᠶ᠂ ᠡᠭᠦᠨ ᠳᠤ᠄ ᠮᠡᠳᠡᠭᠡ ᠵᠠᠩᠭᠢ ᠶᠢ ᠯᠠᠪᠯᠠᠬᠤ ᠲᠥᠷᠥᠯ 5 ᠪᠣᠶ᠄ | ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ︵ᠲᠤᠰᠢᠶᠠᠨ ᠬᠠᠳᠠᠭᠠᠯᠠᠭᠰᠠᠨ ᠮᠡᠳᠡᠭᠡ ᠵᠠᠩᠭᠢ᠂ ᠵᠢᠭᠡᠯᠡᠯᠭᠡ ᠶᠢᠨ | ᠮᠡᠳᠡᠭᠡ ᠵᠠᠩᠭᠢ᠂ ᠲᠤᠰᠢᠶᠠᠨ ᠬᠠᠳᠠᠭᠠᠯᠠᠭᠰᠠᠨ ᠨᠠᠷᠢᠨ ᠵᠦᠢᠯᠡᠰ᠂ ᠵᠣᠭᠤᠰ ᠪᠤᠴᠠᠭᠠᠬᠤ ᠨᠠᠷᠢᠨ ᠵᠦᠢᠯᠡᠰ ᠪᠠᠭᠲᠠᠨ᠎ᠠ︶ | ᠂ ᠲᠣᠤᠷ ᠴᠡᠭ ᠢ ᠯᠠᠪᠯᠠᠬᠤ᠂ ᠬᠤᠷᠰᠢᠭᠰᠠᠨ ᠠᠰᠠᠷ ᠢ ᠯᠠᠪᠯᠠᠬᠤ᠂ ᠨᠡᠶᠢᠲᠡ ᠶᠢᠨ ᠬᠤᠷᠠᠮᠳᠤᠭᠤᠯᠭ᠎ᠠ ᠶᠢᠨ | ᠮᠥᠩᠭᠦ ᠶᠢᠨ ᠵᠢᠭᠡᠯᠡᠯᠭᠡ ᠶᠢᠨ ᠬᠢᠨᠠᠨ ᠵᠥᠪᠰᠢᠶᠡᠷᠡᠯᠲᠡ ᠶᠢᠨ ᠠᠬᠢᠴᠠ ᠶᠢ ᠯᠠᠪᠯᠠᠬᠤ᠂ ᠲᠤᠬᠠᠶᠢᠯᠠᠭᠰᠠᠨ ᠠᠵᠢᠯ ᠢ | ᠬᠦᠢᠴᠡᠳᠬᠡᠭᠰᠡᠨ ᠠᠬᠢᠴᠠ ᠶᠢ ᠯᠠᠪᠯᠠᠬᠤ︔ ᠲᠤᠬᠠᠶᠢᠯᠠᠭᠰᠠᠨ ᠠᠵᠢᠯ ᠢ ᠬᠦᠢᠴᠡᠳᠬᠡᠬᠦ ᠲᠥᠷᠥᠯ 8 ᠪᠣᠶ᠄ ᠭᠠᠷ | ᠳᠠᠮᠵᠢᠭᠰᠠᠨ ᠬᠡᠷ ᠪᠠᠶᠢᠰᠢᠩ ᠢ ᠭᠠᠷᠭᠠᠨ ᠠᠪᠬᠤ᠂ ᠲᠠᠸᠠᠷ ᠤᠨ ᠬᠡᠷ ᠪᠠᠶᠢᠰᠢᠩ ᠢ ᠭᠠᠷᠭᠠᠨ ᠠᠪᠬᠤ᠂ | ᠬᠥᠳᠡᠯᠮᠦᠷᠢ ᠶᠢᠨ ᠬᠠᠷᠢᠴᠠᠭ᠎ᠠ ᠶᠢ ᠵᠣᠭᠰᠤᠭᠠᠭᠰᠠᠨ ᠢ ᠭᠠᠷᠭᠠᠨ ᠠᠪᠬᠤ᠂ ᠥᠪᠡᠰᠦᠪᠡᠨ ᠰᠠᠭᠤᠬᠤ ᠣᠷᠣᠨ ᠰᠠᠭᠤᠴᠠ | ᠥᠬᠡᠶ ᠮᠥᠷᠲᠡᠭᠡᠨ ᠲᠦᠷᠢᠶᠡᠰᠦᠯᠡᠭᠰᠡᠨ ᠬᠡᠷ ᠪᠠᠶᠢᠰᠢᠩ ᠢ ᠭᠠᠷᠭᠠᠨ ᠠᠪᠬᠤ᠂ ᠠᠵᠢᠯ ᠠᠴᠠ ᠪᠠᠨ ᠰᠠᠯᠵᠤ ᠠᠮᠠᠷᠠᠭᠰᠠᠨ | ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠢ ᠭᠠᠷᠭᠠᠨ ᠠᠪᠬᠤ᠂ ᠨᠡᠶᠢᠲᠡ ᠶᠢᠨ ᠬᠤᠷᠠᠮᠳᠤᠭᠤᠯᠭ᠎ᠠ ᠶᠢᠨ | ᠮᠥᠩᠭᠦ ᠶᠢᠨ ᠬᠤᠪᠢ ᠬᠥᠮᠦᠨ ᠤ ᠮᠠᠲ᠋ᠧᠷᠢᠶᠠᠯ ᠢ ᠬᠤᠪᠢᠷᠠᠭᠤᠯᠬᠤ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ | ᠣᠨᠳᠣᠤ ᠭᠠᠵᠠᠷ ᠲᠤ ᠰᠢᠯᠵᠢᠭᠦᠯᠦᠨ ᠣᠷᠣᠭᠤᠯᠬᠤ ᠪᠠᠷ ᠭᠤᠶᠤᠴᠢᠯᠠᠬᠤ᠂ ᠨᠡᠶᠢᠲᠡ ᠶᠢᠨ ᠬᠤᠷᠠᠮᠳᠤᠭᠤᠯᠭ᠎ᠠ ᠶᠢᠨ | ᠮᠥᠩᠭᠦ ᠶᠢ ᠪᠤᠴᠠᠭᠠᠬᠤ ᠭᠡᠷ᠎ᠡ ᠲᠣᠭᠲᠠᠬᠤ︔ ᠭᠡᠷᠡᠴᠢ ᠬᠢᠵᠦ ᠥᠭᠬᠦ ᠲᠥᠷᠥᠯ 3 ᠪᠣᠶ᠄ ᠲᠤᠰᠢᠶᠠᠨ ᠬᠠᠳᠠᠭᠠᠯᠠᠭᠰᠠᠨ | ︵ᠣᠨᠳᠣᠤ ᠭᠠᠵᠠᠷ︶ ᠭᠡᠷᠡᠴᠢ ᠶᠢ ᠳᠠᠷᠤᠮᠠᠯᠯᠠᠬᠤ᠂ ᠵᠢᠭᠡᠯᠡᠯᠭᠡ ︵ᠣᠨᠳᠣᠤ ᠭᠠᠵᠠᠷ︶ ᠶᠢᠨ ᠦᠯᠡᠳᠡᠪᠦᠷᠢ ᠶᠢᠨ | ᠭᠡᠷᠡᠴᠢ᠂ ᠬᠤᠪᠢ ᠬᠥᠮᠦᠨ ᠤ ᠨᠠᠷᠢᠨ ᠵᠦᠢᠯᠡᠰ ᠢ ᠳᠠᠷᠤᠮᠠᠯᠯᠠᠬᠤ︔ ᠲᠤᠬᠠᠶᠢᠯᠠᠭᠰᠠᠨ ᠠᠵᠢᠯ ᠤᠨ | ᠲᠠᠨᠢᠯᠴᠠᠭᠤᠯᠭ᠎ᠠ ᠶᠢᠨ ᠲᠥᠷᠥᠯ 4 ᠪᠣᠶ᠄ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ᠂ ᠲᠤᠬᠠᠶᠢᠯᠠᠭᠰᠠᠨ | ᠠᠵᠢᠯ ᠤᠨ ᠵᠦᠭᠯᠡᠭᠦᠷ᠂ ᠵᠢᠭᠡᠯᠡᠯᠭᠡ ᠶᠢᠨ ᠬᠦᠤ ᠶᠢᠨ ᠨᠣᠷᠮ᠎ᠠ᠂ ᠵᠢᠭᠡᠯᠡᠯᠭᠡ ᠶᠢ ᠲᠤᠷᠰᠢᠨ ᠪᠤᠳᠤᠬᠤ᠃ | ᠥᠯᠥ ᠬᠥᠳᠡᠯᠬᠦ ᠬᠥᠷᠥᠩᠭᠡ ᠶᠢᠨ ᠲᠤᠬᠠᠶᠢᠯᠠᠭᠰᠠᠨ ᠠᠵᠢᠯ ᠤᠨ ᠰᠠᠮᠪᠠᠷ᠎ᠠ ᠶᠢᠨ ᠬᠡᠰᠡᠭ ᠲᠤ᠄ ᠨᠡᠶᠢᠭᠡᠮ ᠤᠨ | ᠪᠠᠲᠤᠯᠠᠭ᠎ᠠ ᠶᠢᠨ ᠲᠤᠬᠠᠶᠢᠯᠠᠭᠰᠠᠨ ᠠᠵᠢᠯ ᠤᠨ ᠭᠤᠷᠪᠠᠨ ᠲᠥᠷᠥᠯ ᠢ ᠨᠢᠭᠡᠨᠲᠡ ᠵᠠᠯᠭᠠᠨ ᠣᠷᠣᠭᠤᠯᠪᠠ᠂ ᠡᠭᠦᠨ ᠳᠤ᠄ | ᠨᠢᠭᠡ ᠳᠤ ᠥᠯᠥ ᠬᠥᠳᠡᠯᠬᠦ ᠬᠥᠷᠥᠩᠭᠡ ᠶᠢ ᠯᠠᠪᠯᠠᠬᠤ᠂ ᠵᠢᠱᠢᠶᠡᠯᠡᠪᠡᠯ ᠥᠯᠥ ᠬᠥᠳᠡᠯᠬᠦ ᠬᠥᠷᠥᠩᠭᠡ ᠶᠢ | ᠭᠦᠢᠴᠡᠳᠬᠡᠭᠰᠡᠨ ᠠᠬᠢᠴᠠ ᠶᠢ ᠯᠠᠪᠯᠠᠬᠤ᠂ ᠲᠣᠮᠣ ᠥᠮᠴᠢᠯᠡᠯ ᠤᠨ ᠡᠷᠬᠡ ᠶᠢᠨ ᠦᠨᠡᠮᠯᠡᠯ ᠢ ᠯᠠᠪᠯᠠᠬᠤ᠂ ᠦᠨᠡᠮᠯᠡᠯ | ᠭᠡᠷᠡᠴᠢ ᠶᠢᠨ ᠦᠨᠡᠨ ᠬᠤᠳᠠᠯ ᠢ ᠰᠢᠯᠭᠠᠨ ᠪᠠᠲᠤᠯᠠᠬᠤ ᠪᠠᠷ ᠯᠠᠪᠯᠠᠬᠤ᠂ ᠦᠢᠯᠡᠴᠢᠯᠡᠭᠡᠨ ᠤ ᠲᠣᠤᠷ ᠴᠡᠭ ᠢ ᠯᠠᠪᠯᠠᠬᠤ | ᠵᠡᠷᠭᠡ ᠪᠠᠭᠲᠠᠨ᠎ᠠ᠃ ᠬᠤᠶᠠᠷ ᠲᠤ ᠥᠯᠥ ᠬᠥᠳᠡᠯᠬᠦ ᠬᠥᠷᠥᠩᠭᠡ ᠶᠢᠨ ᠡᠯᠧᠺᠲᠷᠤᠨ ᠭᠡᠷᠡᠴᠢ ᠭᠠᠷᠭᠠᠵᠤ ᠥᠭᠬᠦ᠂ ᠦᠷ᠎ᠡ | ᠬᠡᠤᠬᠡᠳ ᠤᠨ ᠰᠤᠷᠭᠠᠭᠤᠯᠢ ᠳᠤ ᠣᠷᠣᠬᠤ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠭᠥᠷᠳᠡᠬᠦ᠂ ᠨᠡᠷ᠎ᠡ | ᠳᠡᠭᠡᠷᠡᠬᠢ ᠬᠡᠷ ᠬᠥᠷᠥᠩᠭᠡ ᠪᠠᠨ ᠪᠠᠷᠢᠴᠠᠭᠠᠯᠠᠭᠰᠠᠨ ᠪᠠᠶᠢᠳᠠᠯ ᠵᠡᠷᠭᠡ ᠳᠤ ᠥᠯᠥ ᠬᠥᠳᠡᠯᠬᠦ ᠬᠥᠷᠥᠩᠭᠡ ᠶᠢᠨ | ᠡᠯᠧᠺᠲᠷᠤᠨ ᠭᠡᠷᠡᠴᠢ ᠭᠠᠷᠭᠠᠵᠤ ᠥᠭᠭᠦᠨ᠎ᠡ᠃ ᠭᠤᠷᠪᠠ ᠳᠤ ᠭᠠᠷ ᠳᠠᠮᠵᠢᠭᠰᠠᠨ ᠣᠷᠣᠨ ᠰᠠᠭᠤᠴᠠ ᠶᠢᠨ ᠡᠷᠤᠭᠡ | ᠰᠢᠯᠵᠢᠭᠦᠯᠬᠦ᠂ ᠦᠯᠦ ᠬᠥᠳᠡᠯᠬᠦ ᠬᠦᠷᠦᠩᠭᠡ ᠶᠢ ᠬᠤᠪᠢᠷᠠᠭᠤᠯᠬᠤ ᠲᠤᠬᠠᠶᠢᠯᠠᠭᠰᠠᠨ ᠠᠵᠢᠯ ᠢ ᠭᠦᠢᠴᠡᠳᠬᠡᠨ᠎ᠡ᠂ | ᠡᠭᠦᠨ ᠳᠤ ᠡᠷ᠎ᠡ ᠡᠮ᠎ᠡ ᠬᠤᠶᠠᠭᠤᠯᠠ ᠶᠢᠨ ᠨᠡᠷ᠎ᠡ ᠶᠢ ᠰᠣᠯᠢᠬᠤ ᠪᠠ ᠡᠷᠬᠡᠲᠦ ᠬᠥᠮᠦᠨ ᠤ ᠮᠡᠳᠡᠭᠡ ᠵᠠᠩᠭᠢ ᠶᠢ | ᠬᠤᠪᠢᠷᠠᠭᠤᠯᠬᠤ ᠪᠠᠭᠲᠠᠨ᠎ᠠ᠃ | ᠳᠡᠭᠡᠷᠡᠬᠢ ᠠᠷᠠᠳ ᠲᠤ ᠲᠥᠬᠦᠮ ᠦᠵᠡᠭᠦᠯᠬᠦ ᠥᠨᠳᠥᠷ ᠲᠠᠪᠳᠠᠮᠵᠢᠳᠤ ᠦᠢᠯᠡᠴᠢᠯᠡᠭᠡᠨ ᠤ ᠵᠦᠢᠯᠡᠰ ᠢ ᠴᠥᠮ | ︽ᠠᠶ ᠴᠢᠩ ᠴᠧᠩ︾ APP ᠶᠢᠨ ᠬᠠᠷᠠᠭᠠᠯᠵᠠᠭᠰᠠᠨ ᠬᠡᠰᠡᠭ ᠢᠶᠠᠷ ᠰᠢᠭᠤᠳ ᠭᠦᠢᠴᠡᠳᠬᠡᠵᠦ ᠪᠣᠯᠤᠨ᠎ᠠ᠃ | 8. ᠬᠥᠲᠥᠯᠥᠭᠴᠢ | ︽ᠠᠶ ᠴᠢᠩ ᠴᠧᠩ︾ APP ᠶᠢᠨ 1.0 ᠬᠡᠪᠯᠡᠯ ᠤᠨ ᠳᠣᠲᠣᠷᠠᠬᠢ ᠤᠨᠴᠠᠯᠢᠬᠳᠤ ᠲᠤᠰᠬᠠᠶ ᠬᠡᠰᠡᠭ ᠲᠤ | ᠤᠶᠤᠨᠯᠢᠭ ᠢᠶᠠᠷ ᠲᠡᠷᠭᠡ ᠵᠣᠭᠰᠣᠭᠠᠬᠤ᠂ ᠤᠶᠤᠨᠯᠢᠭ ᠢᠶᠠᠷ ᠬᠥᠬᠡᠬᠤᠲᠠ ᠳᠤ ᠵᠢᠭᠤᠯᠴᠢᠯᠠᠬᠤ ᠬᠤᠶᠠᠷ ᠤᠨᠴᠠᠯᠢᠬᠳᠤ | ᠬᠡᠷᠡᠭᠯᠡᠭᠡ ᠶᠢ ᠵᠠᠯᠭᠠᠵᠤ ᠣᠷᠣᠭᠤᠯᠪᠠ᠂ ᠪᠢᠳᠡᠨ ᠳᠤ ᠳᠥᠭᠦᠮᠬᠡᠨ ᠲᠠᠨᠢᠯᠴᠠᠭᠤᠯᠤᠭᠠᠳ ᠥᠭᠭᠦᠨ᠎ᠡ ᠤᠤ︖ | 9. ᠥᠪᠥᠷ ᠮᠣᠩᠭᠤᠯ ᠤᠨ ᠤᠶᠤᠨᠲᠤ ᠬᠦᠬᠡᠬᠤᠲᠠ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ | ᠺᠣᠮᠫᠠᠨᠢ ᠶᠢᠨ ᠶᠡᠷᠦᠩᠬᠡᠶ ᠳᠠᠭᠠᠭᠠᠮᠠᠯ ᠹᠠᠨ ᡁᠢ ᠮᠢᠨ | | | | | | ︽ᠣᠶᠤᠨᠴᠢ ᠪᠠᠷ ᠲᠡᠷᠭᠡ ᠵᠣᠭᠰᠣᠭᠠᠬᠤ︾ ᠬᠡᠷᠡᠭᠯᠡᠭᠡ ᠨᠢ ᠬᠤᠲᠠ ᠶᠢᠨ ᠠᠷᠠᠳ ᠣᠯᠠᠨ ᠤ ᠠᠩᠬᠠᠷᠴᠤ | ᠬᠠᠯᠠᠮᠵᠢᠯᠠᠵᠤ ᠪᠠᠶᠢᠭ᠎ᠠ ︽ᠲᠡᠷᠭᠡ ᠵᠣᠭᠰᠣᠭᠠᠬᠤ ᠳᠤ ᠬᠦᠴᠢᠷ︾᠂ ︽ᠰᠦᠢᠳᠬᠡᠯ ᠲᠤᠰᠢᠶᠠᠬᠤ ᠳᠤ ᠲᠦᠪᠡᠭᠲᠡᠶ︾ | ᠠᠰᠠᠭᠤᠳᠠᠯ ᠢ ᠰᠢᠢᠳᠪᠦᠷᠢᠯᠡᠬᠦ ᠵᠣᠷᠢᠯᠭ᠎ᠠ ᠪᠠᠷ᠂ ᠡᠬᠢ ᠪᠠᠶᠠᠯᠢᠭ ᠢ ᠡᠮᠬᠢᠯᠡᠨᠨᠡᠶᠢᠯᠡᠭᠦᠯᠬᠦ᠂ ᠠᠷᠭ᠎ᠠ | ᠪᠠᠷᠢᠯ ᠳ᠋ᠠᠭᠠᠨᠰᠢᠨᠡ ᠶᠢ ᠡᠭᠦᠳᠬᠦ᠂ ᠴᠢᠳᠠᠪᠬᠢ ᠶᠢ ᠥᠷᠭᠡᠳᠬᠡᠬᠦ ᠪᠠᠷ ᠳᠠᠮᠵᠢᠭᠤᠯᠤᠨ᠂ ᠲᠥᠯᠥᠪᠵᠢᠭᠦᠯᠭᠡ᠂ ᠲᠤᠭ᠎ᠠ | ᠪᠠᠷᠢᠮᠲᠠ᠂ ᠦᠢᠯᠡᠴᠢᠯᠡᠭᠡ᠂ ᠬᠠᠮᠢᠶᠠᠷᠤᠯᠲᠠ ᠵᠡᠷᠭᠡ ᠲᠠᠯ᠎ᠠ ᠠᠴᠠ ᠪᠥᠬᠦ ᠬᠤᠲᠠ ᠶᠢᠨ ᠲᠡᠷᠭᠡ ᠵᠣᠭᠰᠣᠭᠠᠬᠤ ᠡᠬᠢ | ᠪᠠᠶᠠᠯᠢᠭ ᠲᠤ ᠨᠢᠭᠡᠳᠦᠯᠲᠡᠶ ᠬᠠᠮᠢᠶᠠᠷᠤᠯᠲᠠ ᠶᠠᠪᠤᠭᠤᠯᠵᠤ᠂ ᠬᠤᠲᠠ ᠶᠢᠨ ᠲᠡᠷᠭᠡ ᠵᠣᠭᠰᠣᠭᠠᠬᠤ ᠦᠢᠯᠡᠴᠢᠯᠡᠭᠡᠨ ᠤ | ᠵᠠᠭᠪᠤᠷ ᠢ ᠳᠠᠬᠢᠨ ᠪᠠᠶᠢᠭᠤᠯᠪᠠ᠃ ᠨᠢᠭᠡ ᠲᠠᠯ᠎ᠠ ᠪᠠᠷ ᠬᠤᠲᠠ ᠶᠢᠨ ᠠᠷᠠᠳ ᠲᠤ ᠲᠡᠷᠭᠡ ᠵᠣᠭᠰᠣᠬᠤ ᠡᠬᠢ ᠪᠠᠶᠠᠯᠢᠭ ᠢ | ᠯᠠᠪᠯᠠᠬᠤ ᠪᠠ ᠬᠥᠲᠥᠯᠥᠨ ᠵᠢᠯᠣᠭᠤᠳᠬᠤ ᠲᠤᠬᠠᠶ ᠶᠢᠨ ᠴᠠᠭ ᠤᠨ᠂ ᠪᠥᠬᠦ ᠲᠠᠯ᠎ᠠ ᠶᠢᠨ ᠦᠢᠯᠡᠴᠢᠯᠡᠭᠡ ᠬᠠᠩᠭᠠᠵᠤ | ᠪᠣᠯᠤᠨ᠎ᠠ᠃ ᠪᠣᠳᠠᠲᠠᠶ ᠪᠠᠷ ᠬᠡᠯᠡᠪᠡᠯ᠄ ᠲᠡᠷᠭᠡᠨ ᠵᠣᠭᠰᠣᠭᠠᠯ ᠤᠨ ᠪᠠᠶᠢᠷᠢᠰᠢᠯ ᠵᠦᠭ ᠵᠠᠮᠴᠢᠯᠠᠬᠤ᠂ ᠲᠡᠷᠭᠡᠨ | ᠵᠣᠭᠰᠣᠭᠠᠯ ᠤᠨ ᠵᠣᠭᠰᠣᠭᠠᠯ ᠤᠨ ᠰᠤᠯᠠ ᠪᠠᠶᠢᠭ᠎ᠠ ᠮᠡᠳᠡᠭᠡ ᠵᠠᠩᠭᠢ ᠶᠢ ᠴᠠᠭ ᠲᠤᠬᠠᠶ ᠳᠤᠨᠢ ᠯᠠᠪᠯᠠᠬᠤ᠂ ᠰᠦᠯᠵᠢᠶᠡᠨ | ᠳᠡᠭᠡᠷ᠎ᠡ ᠲᠣᠭᠠᠴᠠᠭ᠎ᠠ ᠬᠢᠬᠦ ᠵᠢᠴᠢ ᠰᠡᠮ ᠢᠶᠠᠷ ᠲᠣᠭᠠᠴᠠᠭ᠎ᠠ ᠬᠢᠬᠦ ᠵᠠᠭᠪᠤᠷ ᠵᠡᠷᠭᠡ ᠴᠢᠳᠠᠪᠬᠢ ᠶᠢ ᠪᠠᠭᠲᠠᠭᠠᠨ᠎ᠠ᠃ | ᠨᠥᠭᠦᠭᠡ ᠲᠠᠯ᠎ᠠ ᠪᠠᠷ ᠮᠠᠨ ᠤ ᠬᠤᠲᠠ ᠶᠢᠨ ᠨᠢᠭᠡᠳᠦᠯᠲᠡᠶ ᠬᠤᠲᠠ ᠶᠢᠨ ᠲᠠᠰ ᠤᠨ ᠲᠡᠷᠭᠡ ᠵᠣᠭᠰᠣᠭᠠᠬᠤ ᠲᠣᠮᠣ | ᠲᠠᠪᠴᠠᠩ ᠢ ᠪᠠᠶᠢᠭᠤᠯᠬᠤ ᠪᠠᠷ ᠳᠠᠮᠵᠢᠭᠤᠯᠤᠨ᠂ ᠲᠡᠷᠢᠭᠦᠨ ᠤ ᠮᠡᠷᠭᠡᠵᠢᠯ ᠲᠠᠢ᠂ ᠰᠢᠨᠵᠢᠯᠡᠬᠦ ᠤᠬᠠᠭᠠᠨᠴᠢ | ᠬᠠᠮᠢᠶᠠᠷᠤᠯᠲᠠ ᠲᠠᠢ᠂ ᠪᠣᠳᠠᠲᠤ ᠪᠠᠶᠢᠳᠠᠯ ᠳᠤ ᠲᠤᠰᠠᠲᠠᠶ ᠲᠡᠷᠭᠡ ᠵᠣᠭᠰᠣᠭᠠᠬᠤ ᠬᠠᠮᠢᠶᠠᠷᠤᠯᠲᠠ ᠶᠢᠨ ᠰᠢᠰᠲ᠋ᠧᠮᠵᠢ ᠶᠢ | ᠪᠣᠶ ᠪᠣᠯᠭᠠᠵᠤ᠂ ᠡᠵᠡᠩᠨᠡᠯᠲᠡ ᠶᠢᠨ ᠨᠢᠭᠡᠴᠡ᠂ ᠲᠡᠷᠭᠡ ᠵᠣᠭᠰᠣᠭᠠᠭᠴᠢ ᠶᠢ ᠬᠥᠲᠥᠯᠦᠨ ᠵᠢᠯᠣᠭᠤᠳᠴᠤ ᠪᠠᠶᠢᠭᠠᠳ | ᠲᠣᠭᠲᠠᠩᠭᠤᠶ ᠵᠠᠮ ᠬᠠᠷᠢᠯᠴᠠᠭᠠᠨ ᠤ ᠠᠮᠢ ᠠᠬᠤᠶ ᠶᠢᠨ ᠪᠣᠯᠪᠠᠰᠤᠨ ᠤ ᠰᠢᠰᠲ᠋ᠧᠮᠵᠢ ᠶᠢ ᠬᠠᠮᠲᠤ ᠪᠠᠷ ᠪᠠᠶᠢᠭᠤᠯᠵᠤ᠂ | ︽ᠲᠡᠷᠭᠡ ᠵᠣᠭᠰᠣᠭᠠᠬᠤ ᠳᠤ ᠬᠦᠴᠢᠷᠲᠡᠶ᠂ ᠲᠡᠷᠭᠡ ᠵᠣᠭᠰᠣᠭᠠᠬᠤ ᠡᠷᠦᠶ ᠬᠤᠷᠤᠶ ᠥᠬᠡᠶ ᠪᠠᠶᠢᠬᠤ︾ ᠠᠰᠠᠭᠤᠳᠠᠯ ᠢ | ᠪᠦᠲᠦᠮᠵᠢᠲᠡᠶ ᠨᠠᠮᠳᠠᠭᠤᠯᠵᠤ᠂ ᠮᠠᠨ ᠤ ᠬᠤᠲᠠ ᠶᠢᠨ ᠲᠣᠭᠲᠠᠩᠭᠤᠶ ᠵᠠᠮ ᠬᠠᠷᠢᠯᠴᠠᠭᠠᠨ ᠤ ᠣᠷᠳᠣ ᠬᠤᠭᠤᠴᠠᠭᠠᠨ ᠤ | ᠪᠦᠲᠦᠮᠵᠢᠲᠡᠶ ᠬᠠᠮᠢᠶᠠᠷᠤᠯᠲᠠ ᠪᠠ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ︽ᠤᠶᠤᠨᠯᠢᠭ ᠢᠶᠠᠷ ᠬᠥᠬᠡᠬᠤᠲᠠ ᠳᠤ ᠵᠢᠭᠤᠯᠴᠢᠯᠠᠬᠤ︾ ᠬᠡᠷᠡᠭᠯᠡᠭᠡ ᠶᠢᠨ ᠵᠣᠷᠢᠯᠭ᠎ᠠ ᠨᠢ ᠪᠥᠬᠦ ᠬᠤᠲᠠ ᠶᠢᠨ | ᠵᠢᠭᠤᠯᠴᠢᠯᠠᠯ ᠤᠨ ᠡᠬᠢ ᠪᠠᠶᠠᠯᠢᠭ ᠵᠢᠴᠢ ᠡᠷᠬᠢᠨ ᠲᠣᠭᠤᠷᠢᠨ ᠤ ᠬᠤᠯᠪᠤᠭᠳᠠᠯ ᠪᠥᠬᠦᠶ ᠯᠠᠪᠯᠠᠯᠲᠠ ᠶᠢ ᠲᠥᠪᠯᠡᠷᠡᠭᠦᠯᠦᠨ | ᠨᠡᠶᠢᠯᠡᠭᠦᠯᠵᠦ᠂ ᠨᠢᠭᠡ ᠳᠡᠯᠭᠡᠴᠡ ᠪᠠᠷ ᠪᠦᠬᠦᠨ ᠢ ᠳᠡᠯᠭᠡᠨ ᠦᠵᠡᠭᠦᠯᠵᠦ᠂ ᠵᠢᠭᠤᠯᠴᠢᠯᠠᠭᠴᠢᠳᠲ᠋ᠤ ᠪᠥᠬᠦ ᠲᠠᠯ᠎ᠠ ᠶᠢᠨ | ᠵᠢᠭᠤᠯᠴᠢᠯᠠᠯ ᠤᠨ ᠦᠢᠯᠡᠴᠢᠯᠡᠭᠡ ᠬᠠᠩᠭᠠᠬᠤ ᠶᠢᠨ ᠲᠥᠯᠥᠭᠡ ᠶᠤᠮ᠃ ᠵᠤᠭᠠᠴᠠᠭᠰᠠᠳ ᠮᠠᠨ ᠤ ᠬᠤᠲᠠ ᠶᠢᠨ ᠰᠣᠶᠣᠯ | ᠵᠤᠭᠠᠴᠠᠯ ᠤᠨ ᠰᠤᠷᠠᠭ ᠴᠢᠮᠡᠭᠡ ᠮᠡᠳᠡᠭᠡ ᠵᠠᠩᠭᠢ ᠶᠢ ᠴᠠᠭ ᠲᠤᠬᠠᠢ ᠳᠤᠨᠢ ᠣᠶᠢᠯᠠᠭᠠᠵᠤ᠂ ᠵᠤᠭᠠᠴᠠᠯ ᠤᠨ ᠠᠷᠭ᠎ᠠ | ᠪᠤᠳᠤᠯᠭ᠎ᠠ ᠶᠢ ᠯᠠᠪᠯᠠᠵᠤ᠂ ᠰᠣᠳᠣᠨ ᠵᠠᠮ ᠱᠤᠭᠤᠮ ᠢ ᠡᠷᠢᠵᠦ᠂ ᠰᠣᠶᠣᠯ ᠵᠤᠭᠠᠴᠠᠯ ᠤᠨᠠᠵᠢᠯᠯᠠᠭ᠎ᠠ ᠳᠤ ᠣᠷᠣᠯᠴᠠᠵᠤ᠂ | ᠦᠵᠡᠮᠵᠢ ᠶᠢᠨ ᠣᠷᠣᠨ ᠢ ᠤᠷᠢᠳᠴᠢᠯᠠᠨ ᠪᠣᠯᠵᠣᠵᠤ᠂ ᠰᠣᠶᠣᠯ ᠵᠤᠭᠠᠴᠠᠯ ᠤᠨ ᠪᠦᠲᠦᠭᠡᠭᠳᠡᠬᠦᠨ ᠢ ᠤᠷᠢᠳᠴᠢᠯᠠᠨ | ᠵᠠᠬᠢᠶᠠᠯᠠᠵᠤ᠂ ᠭᠤᠶᠤ ᠦᠵᠡᠮᠵᠢ ᠶᠢ ᠰᠣᠨᠢᠷᠬᠠᠵᠤ᠂ ᠲᠠᠶᠢᠯᠤᠮᠵᠢ ᠶᠢ ᠰᠣᠨᠣᠰᠴᠤ᠂ ᠪᠣᠳᠠᠰ ᠤᠨ ᠪᠤᠰᠤ ᠰᠣᠶᠣᠯ ᠤᠨ | ᠥᠪ ᠢ ᠰᠣᠨᠢᠷᠬᠠᠵᠤ᠂ ᠲᠣᠭᠯᠠᠯᠲᠠ ᠦᠵᠡᠵᠦ ᠪᠣᠯᠤᠨ᠎ᠠ᠂ ᠪᠠᠰᠠ ᠣᠶᠤᠨᠴᠢ ᠠᠶᠠᠯᠠᠯ ᠤᠨ ᠵᠠᠬᠢᠶᠠᠯᠠᠭ᠎ᠠ ᠶᠢᠨ | ᠴᠢᠳᠠᠪᠬᠢ ᠶᠢ ᠬᠡᠷᠡᠭᠯᠡᠨ ᠳᠤᠷ᠎ᠠ ᠰᠣᠨᠢᠷᠬᠠᠯ ᠢᠶᠠᠨ ᠦᠨᠳᠦᠰᠦᠯᠡᠨ ᠵᠤᠭᠠᠴᠠᠯ ᠤᠨ ᠵᠠᠮ ᠱᠤᠭᠤᠮ ᠢ ᠠᠶᠠᠨᠳᠠᠭᠠᠨ ᠪᠤᠢ | ᠪᠣᠯᠭᠠᠵᠤ ᠪᠣᠯᠤᠨ᠎ᠠ᠃ ᠡᠭᠦᠨ ᠤ ᠬᠠᠮᠲᠤ᠂ ᠮᠠᠨ ᠤ ᠬᠤᠲᠠ ᠶᠢᠨ ᠣᠯᠠᠨ ᠨᠡᠶᠢᠲᠡ ᠶᠢᠨ ᠰᠣᠶᠣᠯ ᠤᠨ | ᠦᠢᠯᠡᠴᠢᠯᠡᠭᠡ ᠶᠢ ᠭᠦᠢᠴᠡᠳ ᠢᠯᠡᠷᠡᠭᠦᠯᠬᠦ ᠶᠢᠨ ᠲᠥᠯᠥᠭᠡ᠂ ᠬᠡᠷᠡᠭᠯᠡᠭᠡᠨ ᠤ ᠳᠤᠮᠳᠠ ᠪᠠᠰᠠ ᠬᠤᠲᠠ ᠶᠢᠨ ᠠᠷᠠᠳ ᠲᠤ | ᠬᠤᠨ ᠭᠠᠯᠠᠭᠤ ᠤᠩᠰᠢᠬᠤ ᠳᠤᠷᠠᠲᠠᠶ ᠨᠣᠮ᠂ ᠲᠣᠭᠠᠴᠢᠯᠠᠭᠰᠠᠨ ᠨᠣᠮ ᠤᠨ ᠰᠠᠩ᠂ ᠲᠣᠭᠠᠴᠢᠯᠠᠭᠰᠠᠨ ᠰᠣᠶᠣᠯ ᠤᠨ | ᠣᠷᠳᠣᠨ᠂ ᠲᠣᠭᠠᠴᠢᠯᠠᠭᠰᠠᠨ ᠤᠷᠠᠨ ᠵᠢᠷᠤᠭ ᠤᠨ ᠣᠷᠳᠣᠨ᠂ ᠤᠯᠠᠭᠠᠨᠮᠥ᠋ᠴᠢᠷ᠂ ᠰᠣᠶᠣᠯ ᠤᠨ ᠦᠵᠡᠰᠬᠦᠯᠡᠩ ᠤᠨ | ᠣᠷᠳᠣᠨ ᠤ ᠦᠢᠯᠡᠴᠢᠯᠡᠭᠡ ᠬᠠᠩᠭᠠᠭᠰᠠᠨ ᠪᠠᠶᠢᠨ᠎ᠠ᠃ | ︽ᠨᠢᠭᠡ ᠥᠷᠲᠡᠭᠡ ᠮᠠᠶ᠋ᠢᠭ︾ ᠤᠨ ᠰᠣᠶᠤᠯ ᠤᠨ ᠵᠢᠭᠤᠯᠴᠢᠯᠠᠯ ᠠᠴᠠ ᠭᠠᠳᠠᠨ᠎ᠠ᠂ ᠪᠠᠰᠠ ︽ᠭᠠᠷ ᠢᠶᠠᠷ | ᠵᠢᠷᠤᠭᠰᠠᠨ ᠭᠠᠵᠠᠷ ᠤᠨ ᠵᠢᠷᠤᠭ᠂ ᠣᠶᠤᠨᠴᠢ ᠪᠠᠷ ᠵᠠᠮᠴᠢᠯᠠᠬᠤ︾ ᠴᠢᠳᠠᠪᠬᠢ ᠶᠢ ᠪᠡᠶᠡᠯᠡᠭᠦᠯᠵᠦ᠂ ᠰᠦᠯᠵᠢᠶᠡᠨ ᠳᠠᠬᠢ | ᠤᠶᠤᠨᠴᠢᠯᠠᠭᠰᠠᠨ ᠪᠥᠬᠦ ᠦᠵᠡᠮᠵᠢ ᠶᠢᠨ ᠦᠵᠡᠭᠦᠯᠦᠯᠭᠡ᠂ ᠵᠠᠮᠴᠢᠯᠠᠵᠤ ᠦᠵᠡᠭᠦᠯᠬᠦ᠂ ᠦᠭᠡ ᠶᠠᠷᠢᠶᠠᠨ ᠤ ᠲᠠᠶᠢᠯᠪᠤᠷᠢ᠂ | ᠵᠠᠮ ᠱᠤᠭᠤᠮ ᠤᠨ ᠲᠥᠯᠥᠪᠵᠢᠭᠦᠯᠭᠡ ᠵᠡᠷᠭᠡ ᠶᠢ ᠨᠢᠭᠡ ᠴᠤᠭᠴᠠᠵᠢᠭᠤᠯᠤᠭᠰᠠᠨ ᠣᠶᠤᠨᠴᠢ ᠵᠢᠭᠤᠯᠴᠢᠯᠠᠯ ᠤᠨ | ᠦᠢᠯᠡᠴᠢᠯᠡᠭᠡ ᠵᠢᠴᠢ ︽ᠭᠤᠷᠪᠠᠨ ᠨᠣᠮᠧᠷ ᠢ ᠨᠢᠭᠡᠳᠬᠡᠬᠦ᠂ ᠴᠠᠭ ᠬᠤᠪᠢᠶᠠᠨ ᠪᠣᠯᠵᠣᠬᠤ︾ ᠴᠢᠳᠠᠪᠬᠢ ᠶᠢ ᠬᠠᠩᠭᠠᠵᠤ᠂ | A ᠲᠠᠰ ᠤᠨ ᠦᠵᠡᠮᠵᠢ ᠶᠢᠨ ᠣᠷᠣᠨ ᠢ ︽ᠴᠠᠭ ᠬᠤᠪᠢᠶᠠᠨ ᠪᠣᠯᠵᠣᠬᠤ︾ ᠶᠢ ᠨᠡᠶᠢᠳᠡᠮ ᠪᠡᠶᠡᠯᠡᠭᠦᠯᠵᠦ᠂ ᠮᠤᠵᠢ ᠶᠢᠨ | ᠳᠣᠲᠣᠨ᠎ᠠ ᠭᠠᠳᠠᠨᠠᠬᠢ ᠵᠢᠭᠤᠯᠴᠢᠯᠠᠭᠴᠢᠳ ᠲᠤ ᠤᠷᠢᠳᠴᠢᠯᠠᠨ ᠪᠣᠯᠵᠣᠬᠤ᠂ ᠪᠢᠯᠧᠲ ᠬᠤᠳᠠᠯᠳᠤᠨ ᠠᠪᠬᠤ᠂ | ᠬᠢᠵᠢᠭ ᠢ ᠰᠡᠷᠭᠡᠶᠢᠯᠡᠬᠦ ᠭᠤᠷᠪᠠᠨ ᠨᠣᠮᠧᠷ ᠢ ᠨᠢᠭᠡᠳᠬᠡᠬᠦ ᠳᠥᠭᠦᠮ ᠳᠥᠲᠡ ᠴᠢᠳᠠᠪᠬᠢ ᠶᠢ ᠬᠠᠩᠭᠠᠭᠰᠠᠨ ᠪᠠᠶᠢᠨ᠎ᠠ᠃ | ᠢᠷᠡᠭᠡᠳᠦᠶ ᠳᠤ᠂ ︽ᠤᠶᠤᠨᠯᠢᠭ ᠢᠶᠠᠷ ᠬᠥᠬᠡᠬᠤᠲᠠ ᠳᠤ ᠵᠢᠭᠤᠯᠴᠢᠯᠠᠬᠤ︾ ᠬᠡᠷᠡᠭᠯᠡᠭᠡ ᠨᠢ ᠦᠢᠯᠡᠴᠢᠯᠡᠭᠡ ᠪᠠᠨ | ᠲᠠᠰᠤᠷᠠᠯᠲᠠ ᠥᠬᠡᠶ ᠰᠢᠯᠢᠳᠡᠭᠵᠢᠭᠦᠯᠵᠦ᠂ ᠭᠤᠶᠣ ᠦᠵᠡᠮᠵᠢ ᠶᠢᠨ ᠤᠳᠠᠭᠠᠨ ᠰᠢᠭᠤᠳ ᠨᠡᠪᠲᠡᠷᠡᠭᠦᠯᠭᠡ ᠪᠠ 720 | ᠭᠷᠠᠳᠦ᠋ᠰ ᠤᠨ ᠪᠥᠬᠦ ᠦᠵᠡᠮᠵᠢ ᠶᠢᠨ ᠵᠢᠭᠤᠯᠴᠢᠯᠠᠯ + VR ᠬᠡᠶᠢᠰᠪᠦᠷᠢ ᠵᠢᠭᠤᠯᠴᠢᠯᠠᠯ ᠢ ᠰᠦᠯᠵᠢᠶᠡᠨ ᠳᠤ ᠬᠤᠯᠪᠣᠬᠤ | ᠪᠠ ᠨᠡᠪᠲᠡᠷᠡᠭᠦᠯᠬᠦ ᠶᠢ ᠵᠠᠯᠭᠠᠪᠡᠷ ᠳᠥᠯᠭᠢᠨ ᠠᠬᠢᠭᠤᠯᠬᠤ ᠪᠣᠯᠤᠨ᠎ᠠ᠃ ᠥᠷᠭᠡᠨ ᠤᠯᠠᠨ ᠬᠤᠳᠠ ᠶᠢᠨ ᠠᠷᠠᠳ ᠪᠣᠯᠤᠨ | ᠵᠤᠭᠠᠴᠠᠭᠰᠠᠳ ᠤᠨ ᠡᠷᠬᠢᠮ ᠨᠠᠨᠳᠢᠨ ᠰᠠᠨᠠᠯ ᠢᠶᠠᠨ ᠢᠯᠡᠭᠦᠬᠡᠨ ᠳᠤᠷᠠᠳᠬᠤ ᠶᠢ ᠪᠠᠶᠠᠷᠯᠠᠨ ᠤᠭᠲᠤᠵᠤ ᠪᠠᠶᠢᠨ᠎ᠠ᠂ | ᠪᠢᠳᠡ ᠨᠠᠷᠢᠨ ᠬᠢᠨᠠᠮᠠᠭᠠᠢ ᠬᠦᠯᠢᠶᠡᠨ ᠠᠪᠴᠤ᠂ ᠳᠠᠰᠤᠷᠠᠯᠳᠠ ᠦᠭᠡᠢ ᠬᠠᠯᠠᠨ ᠰᠠᠶᠢᠵᠢᠷᠠᠭᠤᠯᠵᠤ᠂ ᠤᠯᠠᠨ ᠲᠦᠮᠡᠨ ᠤ | ᠵᠤᠭᠠᠴᠠᠯ ᠤᠨ ᠬᠡᠷᠡᠭᠴᠡᠭᠡ ᠶᠢ ᠨᠡᠩ ᠰᠠᠶᠢᠲᠤᠷ ᠬᠠᠩᠭᠠᠨ᠎ᠠ᠃ | 10. ᠬᠥᠲᠥᠯᠥᠭᠴᠢ | ︽ᠠᠶ ᠴᠢᠩ ᠴᠧᠩ︾ APP ᠶᠢᠨ ᠨᠡᠶᠢᠭᠡᠮ ᠤᠨ ᠪᠠᠲᠤᠯᠠᠭ᠎ᠠ᠂ ᠨᠡᠶᠢᠲᠡ ᠶᠢᠨ ᠬᠤᠷᠠᠮᠳᠤᠭᠤᠯᠭ᠎ᠠ ᠶᠢᠨ | ᠮᠥᠩᠭᠦ ᠵᠡᠷᠭᠡ ᠲᠤᠬᠠᠶᠢᠯᠠᠭᠰᠠᠨ ᠠᠵᠢᠯ ᠢ ᠭᠦᠢᠴᠡᠳᠬᠡᠬᠦ ᠳᠤ ᠦᠨᠡᠨ ᠨᠡᠷ᠎ᠡ ᠪᠠᠷ ᠢᠶᠠᠨ ᠭᠡᠷᠡᠴᠢᠯᠡᠬᠦ ᠵᠡᠷᠭᠡ | ᠠᠵᠢᠯᠯᠠᠭ᠎ᠠ ᠶᠢ ᠬᠢᠬᠦ ᠴᠢᠬᠤᠯᠠᠲᠠᠶ᠂ ᠪᠢᠳᠡ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢᠨ ᠠᠮᠤᠷ ᠲᠦᠪᠰᠢᠨ ᠢ | ᠪᠠᠲᠤᠯᠠᠬᠤ ᠲᠠᠯ᠎ᠠ ᠪᠠᠷ ᠶᠠᠮᠠᠷ ᠶᠠᠮᠠᠷ ᠠᠵᠢᠯ ᠬᠢᠭᠰᠡᠨ ᠪᠣᠶ︖ | 11. ᠥᠪᠥᠷ ᠮᠣᠩᠭᠤᠯ ᠤᠨ ᠤᠶᠤᠨᠲᠤ ᠬᠦᠬᠡᠬᠤᠲᠠ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ | ᠺᠣᠮᠫᠠᠨᠢ ᠶᠢᠨ ᠶᠡᠷᠦᠩᠬᠡᠶ ᠳᠠᠭᠠᠭᠠᠮᠠᠯ ᠹᠠᠨ ᡁᠢ ᠮᠢᠨ | ᠬᠡᠷᠡᠭᠯᠡᠭᠴᠢ ᠶᠢᠨ ᠬᠤᠪᠢ ᠬᠥᠮᠦᠨ ᠤ ᠨᠢᠭᠤᠴᠠ ᠮᠡᠳᠡᠭᠡ ᠵᠠᠩᠭᠢ᠂ ᠲᠤᠭ᠎ᠠ ᠪᠠᠷᠢᠮᠲᠠ ᠶᠢᠨ ᠠᠮᠤᠷ | ᠲᠦᠪᠰᠢᠨ ᠢ ᠬᠠᠮᠠᠭᠠᠯᠠᠬᠤ ᠲᠠᠯ᠎ᠠ ᠪᠠᠷ᠂ ᠪᠢᠳᠡ ᠭᠤᠤᠯᠳᠠᠭᠤ ᠳᠣᠤᠷᠠᠬᠢ ᠬᠡᠳᠦᠨ ᠵᠦᠢᠯ ᠤᠨ ᠠᠷᠭ᠎ᠠ ᠬᠡᠮᠵᠢᠶ᠎ᠡ ᠶᠢ | ᠠᠪᠤᠪᠠ᠄ ᠮᠡᠷᠭᠡᠵᠢᠯ ᠤᠨ ᠲᠠᠯ᠎ᠠ ᠪᠠᠷ᠂ APP ᠶᠢᠨ ᠬᠤᠪᠢ ᠬᠥᠮᠦᠨ ᠤ ᠲᠠᠩᠰᠠᠨ ᠨᠣᠮᠧᠷ ᠵᠡᠷᠭᠡ ᠮᠡᠳᠡᠭᠡ ᠵᠠᠩᠭᠢ | ᠵᠢᠴᠢ APP ᠶᠢᠨ ᠬᠡᠷᠡᠭᠯᠡᠭᠡᠨ ᠤ ᠦᠢᠯᠡᠴᠢᠯᠡᠭᠦᠷ ᠤᠨ ᠠᠮᠤᠷ ᠲᠦᠪᠰᠢᠨ ᠤ ᠲᠠᠯ᠎ᠠ ᠪᠠᠷ᠂ ᠪᠣᠶ ᠪᠥᠬᠦᠶ | ᠬᠡᠷᠡᠭᠯᠡᠭᠡ ᠶᠢ ᠴᠥᠮ ᠵᠡᠷᠭᠡ ᠳᠡᠰ ᠤᠨ ᠬᠠᠮᠠᠭᠠᠯᠠᠯᠲᠠ ᠶᠢᠨ ᠭᠤᠷᠪᠠᠳᠤᠭᠠᠷ ᠳᠡᠰ ᠤᠨ ᠣᠷᠴᠢᠨ ᠳᠤ | ᠪᠠᠶᠢᠷᠢᠯᠠᠭᠤᠯᠬᠤ ᠶᠢᠨ ᠬᠠᠮᠲᠤ ᠪᠣᠶ ᠪᠥᠬᠦᠶ ᠰᠦᠯᠵᠢᠶᠡᠨ ᠳᠡᠭᠡᠷᠡᠬᠢ ᠦᠢᠯᠡᠴᠢᠯᠡᠭᠦᠷ ᠢ ᠴᠥᠮ ᠨᠢᠭᠤᠴᠠ | ᠲᠦᠯᠬᠢᠭᠦᠷ ᠢᠶᠠᠷ ᠭᠠᠷᠬᠤ ᠮᠥᠷᠲᠡᠭᠡᠨ ᠦᠢᠯᠡᠴᠢᠯᠡᠭᠡᠨ ᠤ ᠦᠵᠦᠭᠦᠷᠯᠢᠭ ᠲᠤ ᠣᠷᠣ ᠮᠦᠷ ᠥᠯᠥ ᠦᠯᠡᠳᠡᠭᠡᠬᠦ | ᠠᠷᠭ᠎ᠠ ᠮᠠᠶ᠋ᠢᠭ ᠢᠶᠠᠷ ᠮᠡᠳᠡᠭᠡ ᠵᠠᠩᠭᠢ ᠶᠢᠨ ᠠᠮᠤᠷ ᠲᠦᠪᠰᠢᠨ ᠢ ᠪᠠᠲᠤᠯᠠᠨ᠎ᠠ᠃ ᠬᠤᠲᠠ ᠶᠢᠨ ᠡᠯ᠎ᠡ ᠵᠥᠪᠯᠡᠯ ᠠᠯᠪᠠᠨ | ᠬᠡᠷ ᠲᠣᠪᠴᠢᠶ᠎ᠠ ᠶᠢᠨ ᠵᠣᠯᠭᠠᠭᠤᠯᠬᠤ ᠰᠢᠰᠲ᠋ᠧᠮ ᠳᠤ ᠬᠠᠩᠭᠠᠭᠰᠠᠨ ᠬᠤᠪᠢ ᠬᠥᠮᠦᠨ ᠤ ᠪᠡᠶ᠎ᠡ ᠬᠡᠮ ᠤᠨ ᠮᠡᠳᠡᠭᠡ | ᠵᠠᠩᠭᠢ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠤᠭ᠎ᠠ ᠪᠠᠷᠢᠮᠲᠠ᠂ ᠨᠡᠶᠢᠭᠡᠮ ᠤᠨ ᠪᠠᠲᠤᠯᠠᠭ᠎ᠠ ᠶᠢᠨ | ᠲᠤᠭ᠎ᠠ ᠪᠠᠷᠢᠮᠲᠠ ᠵᠡᠷᠭᠡ ᠬᠡᠷᠡᠭᠯᠡᠭᠴᠢ ᠶᠢᠨ ᠵᠠᠩᠭᠢᠯᠠᠭ᠎ᠠ ᠶᠢᠨ ᠲᠤᠭ᠎ᠠ ᠪᠠᠷᠢᠮᠲᠠ ᠳᠤ᠂ ᠪᠢᠳᠡ ᠵᠥᠪᠬᠡᠨ | ᠬᠡᠷᠡᠭᠯᠡᠬᠦ ᠠᠴᠠ ᠪᠢᠰᠢ ᠦᠯᠡᠳᠡᠭᠡᠨ ᠬᠠᠳᠠᠭᠠᠯᠠᠬᠤ ᠥᠬᠡᠶ ᠪᠠᠶᠢᠬᠤ ᠵᠠᠷᠴᠢᠮ ᠢ ᠵᠢᠷᠤᠮᠯᠠᠨ᠂ ᠬᠡᠷᠡᠭᠯᠡᠭᠴᠢ ᠶᠢᠨ ᠮᠡᠳᠡᠭᠡ | ᠵᠠᠩᠭᠢ ᠶᠢᠨ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ ᠲᠤᠭ᠎ᠠ ᠪᠠᠷᠢᠮᠲᠠ ᠶᠢᠨ ᠳᠠᠮᠵᠢᠭᠤᠯᠬᠤ ᠳᠠᠪᠬᠤᠷᠭ᠎ᠠ ᠳᠤ᠂ | ᠲᠤᠭ᠎ᠠ ᠪᠠᠷᠢᠮᠲᠠ ᠶᠢᠨ ᠬᠠᠷᠰᠢᠮᠠᠲᠠᠭᠠᠶ ᠶᠢ ᠲᠠᠶᠢᠯᠬᠤ᠂ ᠨᠢᠭᠤᠴᠠᠯᠠᠨ ᠳᠠᠮᠵᠢᠭᠤᠯᠬᠤ᠂ ᠬᠡᠪ ᠤᠨ ᠪᠤᠰᠤ ᠶᠢ ᠴᠠᠭ | ᠲᠤᠬᠠᠶ ᠳᠤᠨᠢ ᠪᠠᠶᠢᠴᠠᠭᠠᠨ ᠰᠢᠯᠭᠠᠬᠤ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ᠲᠤᠭ᠎ᠠ ᠪᠠᠷᠢᠮᠲᠠ ᠶᠢᠨ ᠮᠡᠳᠡᠭᠡ | ᠵᠠᠩᠭᠢ ᠶᠢᠨ ᠠᠮᠤᠷ ᠲᠦᠪᠰᠢᠨ ᠢ ᠪᠥᠬᠦ ᠲᠠᠯ᠎ᠠ ᠪᠠᠷ᠂ ᠪᠥᠬᠦ ᠡᠳᠦᠷ ᠢᠶᠠᠷ ᠢᠶᠠᠨ ᠪᠠᠲᠤᠯᠠᠨ᠎ᠠ᠃ ᠬᠠᠮᠢᠶᠠᠷᠤᠯᠲᠠ ᠶᠢᠨ | ᠲᠠᠯ᠎ᠠ ᠪᠠᠷ᠂ ᠪᠢᠳᠡ ᠬᠡᠷᠡᠭᠯᠡᠭᠡᠨ ᠤ ᠵᠠᠯᠭᠠᠯᠲᠠ ᠶᠢᠨ ᠵᠢᠷᠤᠮᠵᠢᠯ᠂ ᠲᠤᠭ᠎ᠠ ᠪᠠᠷᠢᠮᠲᠠ ᠶᠢᠨ ᠵᠠᠯᠭᠠᠯᠲᠠ ᠶᠢᠨ ᠵᠢᠷᠤᠮᠵᠢᠯ᠂ | ᠲᠤᠭ᠎ᠠ ᠪᠠᠷᠢᠮᠲᠠ ᠶᠢᠨ ᠳᠠᠮᠵᠢᠭᠤᠯᠭ᠎ᠠ ᠶᠢᠨ ᠵᠢᠷᠤᠮᠵᠢᠯ᠂ ᠰᠢᠰᠲ᠋ᠧᠮ ᠤᠨ ᠪᠠᠴᠢᠮ ᠪᠠᠶᠢᠳᠠᠯ ᠢ ᠠᠷᠭᠠᠴᠠᠭᠠᠬᠤ | ᠵᠢᠷᠤᠮᠵᠢᠯ᠂ ᠨᠢᠭᠤᠴᠠ ᠶᠢ ᠬᠠᠮᠠᠭᠠᠯᠠᠬᠤ ᠵᠢᠷᠤᠮᠵᠢᠯ ᠵᠡᠷᠭᠡ ᠵᠢᠷᠤᠮᠵᠢᠯ ᠤᠨ ᠲᠦᠷᠢᠮ ᠢ ᠨᠠᠶᠢᠷᠠᠭᠤᠯᠤᠨ ᠵᠣᠬᠢᠶᠠᠪᠠ᠂ | ᠵᠢᠱᠢᠶᠡᠯᠡᠪᠡᠯ ᠨᠡᠭᠡᠭᠡᠨ ᠬᠥᠭᠵᠢᠭᠦᠯᠬᠦ ᠺᠣᠮᠫᠠᠨᠢ ᠲᠠᠢ ᠠᠮᠤᠷ ᠲᠦᠪᠰᠢᠨ ᠤ ᠨᠢᠭᠤᠴᠠ ᠶᠢ ᠬᠠᠮᠠᠭᠠᠯᠠᠬᠤ ᠬᠡᠯᠡᠯᠴᠡᠭᠡᠷ | ᠲᠣᠭᠲᠠᠬᠤ ᠶᠢᠨ ᠬᠠᠮᠲᠤ᠂ ᠰᠢᠰᠲ᠋ᠧᠮ ᠤᠨ ᠨᠡᠭᠡᠭᠡᠨ ᠬᠥᠭᠵᠢᠭᠦᠯᠦᠯᠲᠡ ᠵᠢᠴᠢ ᠠᠵᠢᠯᠯᠠᠭᠤᠯᠵᠤ ᠬᠠᠮᠠᠭᠠᠯᠠᠬᠤ ᠳᠤ | ᠣᠷᠣᠯᠴᠠᠭᠰᠠᠨ ᠪᠣᠶ ᠪᠥᠬᠦᠶ ᠮᠡᠷᠭᠡᠵᠢᠯ ᠤᠨ ᠠᠵᠢᠯᠲᠠᠨ ᠢ ᠴᠥᠮ ᠨᠢᠭᠤᠴᠠ ᠶᠢ ᠬᠠᠮᠠᠭᠠᠯᠠᠬᠤ ᠠᠮᠠᠯᠠᠯᠲᠠ ᠶᠢᠨ | ᠪᠢᠴᠢᠭ ᠲᠣᠭᠲᠠᠬᠤ ᠶᠢ ᠱᠠᠭᠠᠷᠳᠠᠪᠠ︔ ᠲᠤᠭ᠎ᠠ ᠪᠠᠷᠢᠮᠲᠠ ᠳᠤ ᠬᠤᠯᠪᠣᠭᠳᠠᠭᠰᠠᠨ ᠳᠠᠮᠵᠢᠭᠤᠯᠬᠤ ᠰᠣᠯᠢᠯᠴᠠᠭ᠎ᠠ ᠶᠢ | ᠡᠷᠬᠡᠪᠰᠢ ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠷ ᠰᠦᠯᠵᠢᠶ᠎ᠡ ᠳᠤ ᠲᠦᠰᠢᠭᠯᠡᠨ ᠶᠠᠪᠤᠭᠳᠠᠭᠤᠯᠵᠤ᠂ ᠢᠨᠲ᠋ᠧᠷ | ᠰᠦᠯᠵᠢᠶᠡᠨ ᠤ ᠣᠷᠴᠢᠨ ᠲᠣᠭᠤᠷᠢᠨ ᠤ ᠳᠠᠮᠵᠢᠭᠤᠯᠬᠤ ᠲᠤᠭ᠎ᠠ ᠪᠠᠷᠢᠮᠲᠠ ᠳᠤ ᠣᠷᠣᠰᠢᠵᠤ ᠪᠠᠶᠢᠭ᠎ᠠ ᠯᠡᠪᠡᠷᠡᠬᠦ | ᠲᠦᠭᠰᠢᠭᠦᠷᠢ ᠵᠡᠷᠭᠡ ᠶᠢ ᠲᠠᠰᠤ ᠬᠤᠷᠢᠭᠯᠠᠵᠤ᠂ ᠵᠣᠯᠭᠠᠭᠤᠯᠬᠤ ᠲᠤᠭ᠎ᠠ ᠪᠠᠷᠢᠮᠲᠠ ᠶᠢᠨ ᠡᠬᠢ ᠰᠤᠷᠪᠤᠯᠵᠢ ᠠᠴᠠ | ᠮᠡᠳᠡᠭᠡ ᠵᠠᠩᠭᠢ ᠶᠢᠨ ᠠᠮᠤᠷ ᠲᠦᠪᠰᠢᠨ ᠢ ᠪᠠᠲᠤᠯᠠᠨ᠎ᠠ᠃ | 12. ᠬᠥᠲᠥᠯᠥᠭᠴᠢ | ᠣᠳᠣᠬᠠᠨ ᠳᠤ᠂ ᠮᠠᠨ ᠤ ︽ᠠᠶ ᠴᠢᠩ ᠴᠧᠩ︾ APP ᠶᠢ ᠨᠢᠭᠡᠨᠲᠡ ᠵᠢᠩᠬᠢᠨᠢ ᠪᠠᠷ ᠰᠦᠯᠵᠢᠶᠡᠨ ᠳᠤ | ᠨᠡᠶᠢᠲᠡᠯᠡᠵᠦ ᠪᠠᠶᠢᠨ᠎ᠠ᠂ ᠤᠬᠠᠭᠤᠯᠤᠨ ᠳᠡᠯᠭᠡᠷᠡᠭᠦᠯᠬᠦ ᠲᠠᠯ᠎ᠠ ᠪᠠᠷ ᠶᠠᠮᠠᠷ ᠲᠥᠯᠥᠪᠯᠡᠭᠡ ᠲᠣᠬᠢᠷᠠᠭᠤᠯᠤᠯᠲᠠ ᠲᠠᠢ ᠪᠣᠶ︖ | | 13. ᠬᠥᠬᠡᠬᠤᠲᠠ ᠶᠢᠨ ᠲᠣᠮᠣ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠮᠠ | ᠸᠧᠨ ᠺᠠᠶ ᠬᠥᠬᠡᠬᠤᠲᠠ ᠶᠢᠨ ᠠᠩᠬᠠᠳᠠᠭᠴᠢ ᠬᠤᠲᠠ ᠶᠢᠨ ᠲᠠᠰ ᠤᠨ APP ᠪᠣᠯᠤᠭᠰᠠᠨ ᠤ ᠬᠤᠪᠢ ᠳᠤ᠂ ᠬᠡᠷᠬᠢᠨ | ᠨᠠᠩ ᠣᠯᠠᠨ ᠬᠤᠲᠠ ᠶᠢᠨ ᠠᠷᠠᠳ ᠲᠤ ᠤᠬᠠᠭᠤᠯᠭ᠎ᠠ ᠬᠢᠵᠦ᠂ ᠦᠢᠯᠡᠴᠢᠯᠡᠭᠡ ᠬᠠᠩᠭᠠᠵᠤ᠂ ᠰᠠᠶᠢᠨ ᠦᠨᠡᠯᠡᠯᠲᠡ ᠶᠢ | ᠬᠥᠷᠲᠡᠬᠦ ᠪᠣᠯ ᠮᠠᠨ ᠤ ᠲᠠᠷᠠᠭᠠᠴᠢ ᠶᠢᠨ ᠱᠠᠲᠤᠨ ᠤ ᠭᠤᠤᠯᠳᠠᠯᠭ᠎ᠠ ᠲᠠᠢ ᠠᠵᠢᠯ ᠤᠨ ᠡᠭᠦᠷᠭᠡ ᠮᠥᠨ᠃ ᠡᠶᠢᠮᠦ ᠠᠴᠠ | ᠪᠢᠳᠡ ᠭᠤᠷᠪᠠᠨ ᠲᠠᠯ᠎ᠠ ᠪᠠᠷ ᠠᠵᠢᠯ ᠢᠶᠠᠨ ᠥᠷᠨᠢᠭᠦᠯᠬᠦ ᠪᠠᠷ ᠲᠥᠯᠥᠪᠯᠡᠵᠦ ᠪᠠᠶᠢᠨ᠎ᠠ᠃ | ᠨᠢᠭᠡ ᠨᠢ ᠤᠬᠠᠭᠤᠯᠭ᠎ᠠ ᠶᠢᠨ ᠲᠠᠯ᠎ᠠ ᠪᠠᠷ᠃ ᠪᠢᠳᠡ ︽ᠠᠶ ᠴᠢᠩ ᠴᠧᠩ︾ APP ᠶᠢᠨ ᠰᠦᠯᠵᠢᠶᠡᠨ ᠳᠤ | ᠭᠠᠷᠤᠭᠰᠠᠨ ᠰᠣᠨᠢᠨ ᠮᠡᠳᠡᠭᠡ ᠨᠡᠶᠢᠲᠡᠯᠡᠬᠦ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠵᠠᠭᠤᠴᠢᠯᠠᠭᠤᠷ ᠤᠨ ᠬᠦᠴᠦᠨ ᠢ | ᠠᠰᠢᠭᠯᠠᠨ᠂ ᠡᠯ᠎ᠡ ᠲᠥᠷᠥᠯ ᠤᠨ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠠᠷᠭ᠎ᠠ ᠵᠠᠮ ᠢᠶᠠᠷ | ᠤᠬᠠᠭᠤᠯᠤᠨ ᠮᠡᠳᠡᠭᠡᠯᠡᠵᠦ᠂ ᠤᠬᠠᠭᠤᠯᠭ᠎ᠠ ᠶᠢᠨ ᠬᠠᠮᠤᠷᠬᠤ ᠬᠡᠪᠴᠢᠶ᠎ᠡ ᠶᠢ ᠲᠠᠰᠤᠷᠠᠯᠲᠠ ᠥᠬᠡᠶ ᠥᠷᠭᠡᠳᠬᠡᠨ᠂ ︽ᠠᠶ | ᠴᠢᠩ ᠴᠧᠩ︾ APP ᠨᠢ ᠶᠠᠭᠤ ᠪᠣᠯᠬᠤ᠂ ᠶᠠᠮᠠᠷ ᠲᠥᠬᠦᠮ ᠨᠥᠬᠦᠴᠡᠯ ᠠᠪᠴᠢᠷᠠᠵᠤ ᠳᠡᠶᠢᠯᠬᠦ᠂ ᠬᠡᠷᠬᠢᠨ | ᠪᠠᠭᠤᠯᠭᠠᠵᠤ ᠠᠪᠬᠤ ᠶᠢ ᠬᠦᠬᠡᠬᠤᠲᠠ ᠶᠢᠨ ᠠᠷᠠᠳ ᠲᠤ ᠲᠦᠷᠭᠡᠨ ᠣᠶᠢᠯᠠᠭᠠᠭᠤᠯᠵᠤ᠂ ᠨᠠᠩ ᠣᠯᠠᠨ ᠬᠤᠲᠠ ᠶᠢᠨ | ᠠᠷᠠᠳ ᠲᠤ ︽ᠠᠶ ᠴᠢᠩ ᠴᠧᠩ︾ APP ᠶᠢ ᠲᠠᠨᠢᠭᠤᠯᠵᠤ ᠲᠡᠳᠡᠨ ᠲᠠᠢ ᠣᠶᠢᠷᠠᠲᠤᠭᠤᠯᠤᠨ᠎ᠠ᠃ | ᠬᠤᠶᠠᠷ ᠲᠤ ᠬᠡᠷᠡᠭᠯᠡᠭᠡᠨ ᠤ ᠲᠠᠯ᠎ᠠ ᠪᠠᠷ᠃ ᠪᠢᠳᠡ ᠨᠢᠭᠡ ᠪᠦᠯᠦᠭ ᠥᠨᠳᠥᠷ ᠲᠠᠪᠳᠠᠮᠵᠢᠳᠤ ᠠᠷᠠᠳ ᠲᠤ | ᠲᠥᠬᠦᠮ ᠦᠵᠡᠭᠦᠯᠬᠦ ᠬᠡᠷᠡᠭᠯᠡᠭᠡ ᠶᠢ ᠰᠦᠯᠵᠢᠶᠡᠨ ᠳᠤ ᠵᠠᠯᠭᠠᠬᠤ ᠶᠢ ᠲᠦᠷᠭᠡᠳᠬᠡᠨ᠎ᠡ᠂ ᠵᠢᠱᠢᠶᠡᠯᠡᠪᠡᠯ᠄ ᠰᠢᠯᠭᠠᠯᠲᠠ ᠳᠤ | ᠨᠡᠷ᠎ᠡ ᠮᠡᠳᠡᠭᠦᠯᠬᠦ᠂ ᠤᠷᠤᠯᠳᠤᠭᠠᠨ ᠤ ᠶᠠᠪᠤᠳᠠᠯ ᠳᠤ ᠨᠡᠷ᠎ᠡ ᠮᠡᠳᠡᠭᠦᠯᠬᠦ᠂ ᠬᠢᠷᠢ ᠪᠦᠲᠦᠮᠵᠢ ᠶᠢ ᠯᠠᠪᠯᠠᠬᠤ᠂ ᠪᠡᠶ᠎ᠡ ᠶᠢᠨ | ᠪᠠᠶᠢᠴᠠᠭᠠᠯᠲᠠ ᠶᠢᠨ ᠦᠷ᠎ᠡ ᠳ᠋ᠦᠩ ᠢ ᠯᠠᠪᠯᠠᠬᠤ ᠵᠡᠷᠭᠡ︔ ᠪᠠᠰᠠ ᠡᠯ᠎ᠡ ᠬᠤᠯᠪᠣᠭᠳᠠᠯ ᠪᠥᠬᠦᠶ ᠨᠢᠭᠡᠴᠡ᠂ ᠰᠠᠯᠠᠭ᠎ᠠ | ᠮᠥᠴᠢᠷ ᠲᠠᠢ ᠬᠠᠮᠵᠢᠯᠴᠠᠨ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠨᠢᠭᠡ ᠪᠦᠯᠦᠭ ᠬᠠᠯᠠᠮᠰᠢᠯ | ᠠᠵᠢᠯᠯᠠᠭ᠎ᠠ ᠶᠢ ᠰᠦᠯᠵᠢᠶᠡᠨ ᠳᠤ ᠭᠠᠷᠭᠠᠨ᠎ᠠ᠂ ᠵᠢᠱᠢᠶᠡᠯᠡᠪᠡᠯ᠄ ᠬᠡᠷᠡᠯ ᠵᠢᠷᠤᠭ ᠤᠨ ᠤᠷᠤᠯᠳᠤᠭᠠᠨ᠂ ᠡᠬᠡ ᠪᠢᠴᠢᠭ | ᠡᠯᠰᠡᠬᠦ ᠤᠷᠤᠯᠳᠤᠭᠠᠨ ᠵᠡᠷᠭᠡ᠂ ᠡᠲᠡᠭᠡᠷ ᠥᠨᠳᠥᠷ ᠳᠠᠪᠲᠠᠮᠵᠢ ᠶᠢᠨ ᠬᠡᠷᠡᠭᠯᠡᠭᠡ ᠪᠠ ᠬᠠᠯᠠᠮᠰᠢᠯ ᠠᠵᠢᠯᠯᠠᠭ᠎ᠠ ᠪᠠᠷ | ᠳᠠᠮᠵᠢᠭᠤᠯᠤᠨ᠂ ᠬᠤᠲᠠ ᠶᠢᠨ ᠠᠷᠠᠳ ᠤᠨ ᠰᠣᠨᠢᠷᠬᠠᠯ ᠢ ᠲᠠᠲᠠᠵᠤ᠂ ᠬᠤᠲᠠ ᠶᠢᠨ ᠠᠷᠠᠳ ᠤᠨ ᠠᠩᠬᠠᠷᠤᠯ ᠢ ᠲᠠᠲᠠᠵᠤ᠂ | ᠥᠷᠭᠡᠨ ᠣᠯᠠᠨ ᠬᠤᠲᠠ ᠶᠢᠨ ᠠᠷᠠᠳ ᠤᠨ ︽ᠠᠮᠠ ᠪᠠᠷ ᠤᠯᠠᠮᠵᠢᠯᠠᠬᠤ︾ ᠬᠦᠴᠦᠷᠬᠡᠭ ᠶᠡᠭᠡ ᠤᠬᠠᠭᠤᠯᠭ᠎ᠠ ᠶᠢᠨ | ᠬᠦᠴᠦᠨ ᠳᠤ ᠲᠦᠰᠢᠭᠯᠡᠨ᠂ ᠬᠡᠷᠡᠭᠯᠡᠭᠴᠢ ᠢ ᠲᠠᠰᠤᠷᠠᠯᠲᠠ ᠥᠬᠡᠶ ᠨᠡᠮᠡᠭᠳᠡᠭᠦᠯᠦᠨ᠎ᠡ᠃ | ᠭᠤᠷᠪᠠ ᠳᠤ ᠲᠣᠭᠲᠠᠴᠠ ᠶᠢᠨ ᠲᠠᠯ᠎ᠠ ᠪᠠᠷ᠃ ᠪᠢᠳᠡ ︽ᠠᠶ ᠴᠢᠩ ᠴᠧᠩ︾ APP ᠳᠤ ᠲᠤᠰᠬᠠᠶᠢᠯᠠᠨ ︽ | ᠦ ᠡᠷᠢᠬᠦ ᠲᠣᠭᠲᠠᠴᠠ︾ ᠭᠠᠷᠭᠠᠵᠤ᠂ ᠥᠷᠭᠡᠨ ᠣᠯᠠᠨ ᠪᠠᠭᠤᠯᠭᠠᠨ ᠠᠪᠬᠤ ᠶᠢ ᠪᠡᠶᠡᠴᠢᠯᠡᠨ ᠣᠶᠢᠯᠠᠭᠠᠬᠤ | ᠬᠡᠷᠡᠭᠯᠡᠭᠴᠢᠳ ᠲᠤ ᠬᠠᠷᠢᠭᠤ ᠲᠤᠰᠬᠠᠬᠤ ᠠᠷᠭ᠎ᠠ ᠵᠠᠮ ᠨᠡᠭᠡᠭᠡᠨ ᠥᠭᠴᠦ᠂ ᠣᠯᠠᠨ ᠲᠦᠮᠡᠨ ᠤ ᠰᠠᠨᠠᠯ ᠰᠠᠨᠠᠭᠤᠯᠭ᠎ᠠ ᠶᠢ | ᠴᠠᠭ ᠲᠤᠬᠠᠶ ᠳᠤᠨᠢ ᠴᠤᠭᠯᠠᠭᠤᠯᠵᠤ᠂ ᠰᠠᠨᠠᠯ ᠢ ᠦᠨᠳᠦᠰᠦᠯᠡᠨ ᠲᠠᠰᠤᠷᠠᠯᠲᠠ ᠥᠬᠡᠶ ᠰᠢᠨᠡᠳᠬᠡᠵᠦ᠂ APP ᠶᠢᠨ | ᠴᠢᠳᠠᠪᠬᠢ ᠶᠢ ᠲᠠᠰᠤᠷᠠᠯᠲᠠ ᠥᠬᠡᠶ ᠪᠠᠶᠠᠯᠢᠭᠵᠢᠭᠤᠯᠬᠤ ᠶᠢᠨ ᠤᠯᠠᠮ ᠠᠴᠠ ᠦᠢᠯᠡᠴᠢᠯᠡᠭᠡᠨ ᠤ ᠶᠠᠪᠤᠴᠠ ᠶᠢ ᠨᠠᠩ | ᠰᠠᠶᠢᠨ ᠰᠢᠯᠢᠳᠡᠭᠵᠢᠭᠦᠯᠵᠦ᠂ ᠦᠢᠯᠡᠴᠢᠯᠡᠭᠡᠨ ᠤ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ ᠣᠯᠠᠨ ᠲᠦᠮᠡᠨ ᠳᠤ | ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠠᠵᠢᠯ ᠶᠠᠪᠤᠳᠠᠯ ᠰᠢᠢᠳᠪᠦᠷᠢᠯᠡᠬᠦ ᠶᠢᠨ ᠥᠨᠳᠥᠷ ᠦᠷ᠎ᠡ ᠪᠦᠲᠦᠮᠵᠢ᠂ | ᠤᠶᠤᠨᠴᠢᠯᠠᠯᠲᠠ ᠪᠠ ᠳᠥᠭᠦᠮ ᠳᠥᠲᠡᠴᠢᠯᠡᠯᠲᠡ ᠶᠢ ᠦᠨᠡᠨ ᠬᠦ ᠮᠡᠳᠡᠷᠡᠭᠦᠯᠵᠦ᠂ ᠥᠷᠭᠡᠨ ᠣᠯᠠᠨ ᠬᠤᠲᠠ ᠶᠢᠨ | ᠠᠷᠠᠳ ᠯᠤᠭ᠎ᠠ ᠶᠢᠨ ︽ᠰᠠᠶᠢᠨ ᠦᠢᠯᠡᠳᠦᠯᠴᠡᠯ︾ ᠢ ᠪᠣᠶ ᠪᠣᠯᠭᠠᠵᠤ᠂ ᠬᠥᠬᠡᠬᠤᠲᠠ ᠶᠢᠨ ᠠᠷᠠᠳ ᠤᠨ ᠬᠦᠷᠲᠡᠮᠵᠢ ᠶᠢᠨ | ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠬᠠᠨᠤᠮᠵᠢ ᠶᠢᠨ ᠲᠥᠷᠥᠭᠳᠡᠯ ᠢ ᠲᠠᠰᠤᠷᠠᠯᠲᠠ ᠥᠬᠡᠶ | ᠳᠡᠭᠡᠭᠰᠢᠯᠡᠭᠦᠯᠦᠨ᠎ᠡ᠃ | 14. ᠬᠠᠮᠢᠶᠠᠷᠤᠭᠴᠢ | ᠬᠥᠬᠡᠬᠤᠲᠠ ᠶᠢᠨ ᠲᠣᠮᠣ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠮᠠ ᠸᠧᠨ | ᠺᠠᠶ᠂ ᠲᠣᠮᠣ ᠳ᠋ᠠᠶᠢᠲ᠋ᠠ ᠶᠢᠨ ᠬᠡᠷᠡᠭᠯᠡᠭᠡᠨ ᠤ ᠰᠠᠯᠠᠭ᠎ᠠ ᠶᠢᠨ ᠵᠣᠣ ᠰᠢᠤᠸᠠᠢ ᠵᠢᠶᠤᠤ᠂ ᠥᠪᠥᠷ ᠮᠣᠩᠭᠤᠯ ᠤᠨ ᠤᠶᠤᠨᠲᠤ | ᠬᠥᠬᠡ ᠬᠤᠲᠠ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠹᠠᠨ ᡁᠢ ᠮᠢᠨ ᠶᠡᠷᠦᠩᠬᠡᠶ | ᠳᠠᠭᠠᠭᠠᠮᠠᠯ ᠳᠤ ᠲᠠᠯᠠᠷᠬᠠᠵᠤ ᠪᠠᠶᠢᠨ᠎ᠠ᠂ ᠰᠦᠯᠵᠢᠶᠡᠨ ᠨᠠᠶᠢᠵᠠ ᠨᠠᠷ ᠤᠨ ᠠᠩᠬᠠᠷᠤᠯ ᠢᠶᠠᠨ ᠬᠠᠨᠳᠤᠭᠤᠯᠤᠭᠰᠠᠨ ᠪᠠ | ᠣᠷᠣᠯᠴᠠᠯᠭ᠎ᠠ ᠳᠤ ᠲᠠᠯᠠᠷᠬᠠᠵᠤ ᠪᠠᠶᠢᠨ᠎ᠠ᠂ ᠲᠣᠰ ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠥᠨᠳᠦᠷᠯᠡᠯ᠎ᠡ᠂ | ᠪᠠᠶᠠᠷᠯᠠᠯ᠎ᠠ᠃ |