ᠰᠤᠷᠪᠤᠯᠵᠢᠯᠠᠭᠰᠠᠨ ᠵᠣᠴᠢᠨ᠄ ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ | ᠲᠣᠭᠤᠷᠢᠭ ᠤᠨ ᠳᠡᠳ᠋ ᠭᠠᠵᠠᠷ ᠤᠨ ᠲᠠᠰ ᠤᠨ ᠤᠳᠤᠷᠢᠳᠤᠯᠭ᠎ᠠ ᠸᠠᠩ ᠫᠧᠩ ᠶᠧ | ᠬᠠᠮᠢᠶᠠᠷᠤᠭᠴᠢ᠄ | ᠲᠣᠰ ᠤᠳᠠᠭᠠᠨ ᠤ ᠰᠣᠷᠪᠤᠯᠵᠢᠯᠠᠭ᠎ᠠ ᠪᠣᠯ ᠬᠥᠬᠡᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ ᠬᠢᠭᠡᠳ | ᠬᠥᠬᠡᠬᠤᠲᠠ ᠶᠢᠨ ᠷᠠᠳᠢᠣ᠋ ᠲᠧᠯᠸᠢᠰ ᠬᠤᠷᠢᠶ᠎ᠠ ᠶᠢᠨ ᠤᠳᠬ᠎ᠠ ᠤᠷᠠᠯᠢᠭ ᠤᠨ ᠷᠠᠳᠢᠣ᠋ ᠶᠢᠨ ᠬᠠᠮᠲᠤᠷᠠᠭᠰᠠᠨ ᠲᠤᠰᠬᠠᠢ | ᠰᠣᠷᠪᠤᠯᠵᠢᠯᠠᠭ᠎ᠠ ᠪᠣᠯᠣᠨ᠎ᠠ᠂ ᠰᠦᠯᠵᠢᠶᠡᠨ ᠠᠨᠳᠠ ᠨᠠᠷ ᠰᠦᠯᠵᠢᠶᠡᠨ ᠳᠡᠭᠡᠷ᠎ᠡ ᠦᠭᠡ ᠦᠯᠡᠳᠡᠭᠡᠵᠦ ᠵᠣᠴᠢᠳ ᠲᠠᠢ | ᠦᠵᠡᠯ ᠪᠣᠳᠤᠯ ᠢᠶᠠᠨ ᠰᠣᠯᠢᠯᠴᠠᠵᠤ ᠪᠣᠯᠣᠨ᠎ᠠ᠂ ᠰᠦᠯᠵᠢᠶᠡᠨ ᠠᠨᠳᠠ ᠨᠠᠷ ᠤᠨ ᠢᠳᠡᠪᠬᠢᠲᠡᠢ ᠣᠷᠣᠯᠴᠠᠬᠤ ᠶᠢ | ᠪᠠᠶᠠᠷᠯᠠᠨ ᠤᠭᠲᠤᠵᠤ ᠪᠠᠶᠢᠨ᠎ᠠ᠃ | ᠬᠦᠲᠦᠯᠦᠭᠴᠢ᠄ | ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ | ᠲᠣᠪᠴᠢᠶ᠎ᠠ ᠶᠢᠨ ᠭᠤᠣᠯ ᠡᠭᠦᠷᠭᠡ ᠬᠠᠷᠢᠭᠤᠴᠠᠯᠭ᠎ᠠ ᠨᠢ ᠶᠠᠭᠤ ᠪᠤᠶ︖ | ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠳᠡᠳ᠋ ᠭᠠᠵᠠᠷ ᠤᠨ ᠲᠠᠰ ᠤᠨ | ᠤᠳᠤᠷᠢᠳᠤᠯᠭ᠎ᠠ ᠸᠠᠩ ᠫᠧᠩ ᠶᠧ᠄ | ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠷᠢᠶᠠᠯᠠᠬᠤ ᠲᠠᠯᠠᠪᠠᠶ | 234.82 ᠲᠡᠭᠰᠢ ᠳᠥᠷᠪᠡᠯᠵᠢᠨ ᠺᠢᠯᠤᠮᠧᠲᠷ ᠲᠤ ᠬᠦᠷᠴᠦ᠂ ᠱᠠᠷᠴᠢᠨ ᠤ ᠠᠵᠤ ᠦᠢᠯᠡᠳᠪᠦᠷᠢ ᠶᠢᠨ ᠲᠣᠭᠤᠷᠢᠭ᠂ | ᠷᠦ᠋ ᠢ ᠶᠢᠨ ᠶᠡᠷᠦᠩᠬᠡᠢ ᠬᠡᠯᠲᠡᠰ ᠤᠨ ᠰᠠᠭᠤᠷᠢᠨ ᠭᠠᠵᠠᠷ᠂ ᠤᠯᠤᠰ ᠤᠨ ᠲᠠᠰ ᠤᠨ ᠭᠠᠳᠠᠭᠠᠳᠤ ᠳᠤ | ᠰᠤᠷᠤᠯᠴᠠᠭᠰᠠᠳ ᠤᠨ ᠦᠢᠯᠡᠰ ᠴᠣᠭᠴᠠᠯᠠᠬᠤ ᠬᠦᠷᠢᠶᠡᠯᠡᠩ ᠪᠠ ᠴᠠᠭᠠᠨ ᠰᠣᠪᠤᠷᠭ᠎ᠠ ᠠᠭᠠᠷ ᠤᠨ ᠭᠠᠷᠠᠮ ᠤᠨ | ᠪᠠᠷᠠᠭᠠᠨ ᠤ ᠭᠦᠢᠯᠭᠡᠭᠡᠨ ᠤ ᠬᠦᠷᠢᠶᠡᠯᠡᠩ ᠵᠡᠷᠭᠡ 4 ᠠᠵᠤ ᠠᠬᠤᠢ ᠶᠢᠨ ᠴᠢᠳᠠᠮᠵᠢᠲᠤ ᠣᠷᠣᠨ ᠢᠶᠠᠷ ᠪᠦᠷᠢᠯᠳᠦᠪᠡ᠃ | ᠲᠥᠪᠯᠡᠷᠡᠭᠦᠯᠦᠨ ᠪᠦᠲᠦᠭᠡᠨ ᠪᠠᠶᠢᠭᠤᠯᠬᠤ ᠣᠷᠣᠨ ᠤ ᠲᠠᠯᠠᠪᠠᠶ ᠨᠢ 107.5 ᠲᠡᠭᠰᠢ ᠳᠥᠷᠪᠡᠯᠵᠢᠨ ᠺᠢᠯᠤᠮᠧᠲᠷ᠂ | ᠪᠠᠶᠢᠩᠭᠤ ᠰᠠᠭᠤᠭ᠎ᠠ ᠬᠥᠮᠥᠨ ᠠᠮᠠ ᠨᠢ 22 ᠲᠦᠮᠡᠨ ᠬᠥᠮᠥᠨ ᠪᠠᠶᠢᠵᠤ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ | ᠵᠥᠪᠰᠢᠶᠡᠷᠡᠨ ᠪᠠᠶᠢᠭᠤᠯᠤᠭᠰᠠᠨ 230 ᠤᠯᠤᠰ ᠤᠨ ᠲᠠᠰ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ | ᠲᠣᠭᠤᠷᠢᠭ ᠤᠨ ᠨᠢᠭᠡ ᠪᠣᠯᠣᠨ᠎ᠠ᠂ 1992 ᠣᠨ ᠳᠤ ᠡᠬᠢᠯᠡᠨ ᠪᠠᠶᠢᠭᠤᠯᠵᠤ᠂ ᠣᠲᠣ ᠪᠣᠯᠲᠠᠯ᠎ᠠ 31 ᠵᠢᠯ ᠪᠣᠯᠵᠤ | ᠪᠠᠶᠢᠨ᠎ᠠ᠃ | 31 ᠵᠢᠯ ᠤᠨ ᠬᠥᠭᠵᠢᠯᠲᠡ ᠪᠠᠷ ᠳᠡᠮᠵᠢᠨ᠂ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠨᠢ ᠨᠢᠭᠡᠨᠲᠡ | ᠬᠥᠬᠡᠬᠤᠲᠠ ᠴᠢᠨᠠᠭᠰᠢᠯᠠᠪᠠᠯ ᠪᠥᠬᠦ ᠣᠷᠣᠨ ᠤ ︽ᠰᠢᠨ᠎ᠡ ᠬᠡᠯᠪᠡᠷᠢ ᠶᠢᠨ ᠠᠵᠤ ᠦᠢᠯᠡᠳᠪᠦᠷᠢ ᠶᠢᠨ ᠬᠥᠲᠥᠯᠥᠨ | ᠳᠠᠭᠠᠭᠤᠯᠬᠤ ᠣᠷᠣᠨ᠂ ᠥᠭᠡᠷᠡᠴᠢᠯᠡᠯᠲᠡ ᠨᠡᠭᠡᠭᠡᠯᠲᠡ ᠶᠢᠨ ᠬᠤᠰᠢᠭᠤᠴᠢ ᠣᠷᠣᠨ᠂ ᠰᠢᠨ᠎ᠡ ᠶᠢ ᠡᠭᠦᠳᠬᠦ ᠪᠠᠷ | ᠬᠥᠳᠡᠯᠭᠡᠭᠦᠷ ᠪᠣᠯᠭᠠᠬᠤ ᠵᠢᠱᠢᠶ᠎ᠡ ᠦᠵᠡᠭᠦᠯᠬᠦ ᠣᠷᠣᠨ᠂ ᠬᠤᠳᠠᠯᠳᠤᠭ᠎ᠠ ᠡᠷᠭᠢᠯᠡᠬᠦ ᠣᠷᠴᠢᠨ ᠨᠦᠬᠦᠴᠡᠯ ᠤᠨ ᠥᠯᠢᠭᠡᠷ | ᠳᠠᠭᠤᠷᠢᠶᠠᠯ ᠣᠷᠣᠨ᠂ ᠪᠣᠬᠢᠷᠲᠤᠯ ᠦᠭᠡᠢ ᠡᠷᠴᠢᠮᠯᠢᠭ ᠬᠥᠭᠵᠢᠯᠲᠡ ᠶᠢᠨ ᠰᠢᠨ᠎ᠡ ᠬᠡᠯᠪᠡᠷᠢ ᠶᠢᠨ ᠣᠷᠣᠨ︾ ᠪᠣᠯᠤᠭᠰᠠᠨ | ᠪᠠᠶᠢᠨ᠎ᠠ᠃ ᠠᠲᠠᠷ ᠬᠠᠭᠠᠯᠪᠤᠷᠢᠯᠠᠭᠴᠢ ᠠᠴᠠ ᠬᠤᠪᠢᠰᠬᠠᠭᠴᠢ ᠪᠣᠯᠲᠠᠯ᠎ᠠ᠂ ᠡᠭᠦᠳᠦᠭᠴᠢ ᠠᠴᠠ ᠰᠢᠨ᠎ᠡ ᠶᠢ ᠡᠭᠦᠳᠦᠭᠴᠢ | ᠪᠣᠯᠲᠠᠯ᠎ᠠ᠂ ᠠᠯᠬᠤᠵᠤ ᠪᠠᠶᠢᠭᠰᠠᠨ ᠠᠴᠠ ᠳᠠᠪᠬᠢᠬᠤ ᠪᠣᠯᠲᠠᠯ᠎ᠠ᠂ ᠠᠶᠠᠨ ᠳᠤ ᠮᠣᠷᠳᠠᠬᠤ ᠠᠴᠠ ᠳᠠᠪᠠᠯᠲᠠ ᠳᠤ | ᠬᠦᠷᠲᠡᠯ᠎ᠡ᠂ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠨᠢ ᠬᠥᠬᠡᠬᠤᠲᠠ ᠶᠢᠨ ᠨᠠᠮ ᠤᠨ ᠬᠤᠷᠢᠶ᠎ᠠ᠂ ᠬᠤᠲᠠ | ᠵᠠᠰᠠᠭ ᠤᠨ ᠣᠷᠳᠣᠨ ᠤ ᠬᠦᠨᠳᠦ ᠨᠠᠶᠢᠳᠠᠯᠭ᠎ᠠ ᠶᠢ ᠠᠴᠢᠶᠠᠯᠠᠵᠤ᠂ ᠴᠤᠴᠠᠯᠲᠠ ᠦᠭᠡᠢ ᠤᠷᠤᠭᠰᠢᠯᠠᠬᠤ ᠥᠷᠨᠢᠭᠦᠨ | ᠬᠦᠴᠦᠨ ᠢᠶᠠᠷ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠨ᠎ᠡ᠃ | | ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠪᠦᠲᠦᠭᠡᠨ | ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠣᠪᠴᠢᠶ᠎ᠠ ︵ᠳᠣᠷᠣᠭᠰᠢ ᠠᠵᠤ ᠠᠬᠤᠢ ᠶᠢᠨ ᠨᠡᠭᠡᠭᠡᠯᠲᠡ ᠶᠢᠨ | ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠭᠡᠵᠦ ᠲᠣᠪᠴᠢᠯᠠᠨ᠎ᠠ︶ ᠶᠢ 2022 ᠣᠨ ᠳᠤ | ᠪᠠᠶᠢᠭᠤᠯᠵᠤ᠂ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠤᠤᠯ ᠤᠨ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠣᠶ ᠰᠢᠭᠤᠢ | ᠤᠰᠤᠨ ᠤ ᠶᠠᠪᠤᠳᠠᠯ ᠤᠨ ᠲᠣᠪᠴᠢᠶ᠎ᠠ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠪᠴᠢᠶ᠎ᠠ᠂ ᠶᠡᠷᠦᠩᠬᠡᠶᠢᠯᠡᠭᠰᠡᠨ | ᠬᠠᠤᠯᠢ ᠬᠡᠷᠡᠭᠵᠢᠭᠦᠯᠬᠦ ᠲᠣᠪᠴᠢᠶ᠎ᠠ ᠪᠠ ᠭᠠᠵᠠᠷ ᠰᠢᠷᠣᠢ ᠬᠤᠳᠠᠯᠳᠤᠨ ᠠᠪᠴᠤ ᠨᠥᠭᠡᠴᠡᠯᠡᠬᠦ ᠲᠥᠪ ᠵᠡᠷᠭᠡ 5 | ᠨᠢᠭᠡᠴᠡ ᠶᠢ ᠨᠡᠶᠢᠯᠡᠭᠦᠯᠦᠨ ᠪᠠᠶᠢᠭᠤᠯᠵᠤ᠂ ᠭᠤᠣᠯᠳᠠᠭᠤ ᠨᠡᠭᠡᠭᠡᠯᠲᠡ ᠶᠢᠨ ᠲᠣᠭᠤᠷᠢᠭ ᠤᠨ 4 ᠵᠦᠢᠯ ᠤᠨ ᠡᠭᠦᠷᠭᠡ | ᠬᠠᠷᠢᠭᠤᠴᠠᠯᠭ᠎ᠠ ᠶᠢ ᠭᠦᠢᠴᠡᠳᠬᠡᠨ᠎ᠡ᠄ ᠰᠠᠭᠤᠷᠢ ᠪᠡᠯᠡᠳᠬᠡᠮᠵᠢ᠂ ᠨᠡᠶᠢᠲᠡ ᠶᠢᠨ ᠬᠡᠷᠡᠭᠯᠡᠭᠡᠨ ᠤ ᠪᠡᠯᠡᠳᠬᠡᠮᠵᠢ ᠪᠠ | ᠲᠥᠷᠥᠯ ᠵᠦᠢᠯ ᠤᠨ ᠢᠨᠵᠧᠨᠧᠷᠢᠩ ᠵᠡᠷᠭᠡ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠬᠤᠯᠪᠤᠭᠳᠠᠯ ᠪᠦᠬᠦᠢ | ᠠᠵᠢᠯ ᠢ ᠬᠠᠷᠢᠭᠤᠴᠠᠨ᠎ᠠ︔ ᠨᠡᠭᠡᠭᠡᠯᠲᠡ ᠶᠢᠨ ᠲᠣᠭᠤᠷᠢᠭ ᠤᠨ ᠬᠡᠪᠴᠢᠶᠡᠨ ᠳᠠᠬᠢ ᠭᠠᠵᠠᠷ ᠰᠢᠷᠣᠢ ᠶᠢ | ᠲᠥᠯᠥᠪᠵᠢᠭᠦᠯᠬᠦ᠂ ᠲᠠᠲᠠᠪᠤᠷᠢᠯᠠᠨ ᠬᠡᠷᠡᠭᠯᠡᠬᠦ᠂ ᠨᠡᠭᠡᠭᠡᠨ ᠠᠰᠢᠭᠯᠠᠬᠤ ᠪᠠ ᠬᠡᠷᠡᠭᠯᠡᠬᠦ ᠶᠢ ᠬᠠᠤᠯᠢ ᠶᠣᠰᠣᠭᠠᠷ | ᠬᠠᠮᠢᠶᠠᠷᠬᠤ ᠶᠢ ᠬᠠᠷᠢᠭᠤᠴᠠᠨ᠎ᠠ︔ ᠣᠷᠣᠨ ᠰᠠᠭᠤᠴᠠ ᠶᠢᠨ ᠪᠠᠲᠤᠯᠠᠭ᠎ᠠ᠂ ᠤᠶᠤᠨᠲᠤ ᠨᠡᠭᠡᠭᠡᠯᠲᠡ ᠶᠢᠨ ᠲᠣᠭᠤᠷᠢᠭ ᠪᠠ | ᠤᠰᠤᠨ ᠤ ᠶᠠᠪᠤᠳᠠᠯ ᠤᠨ ᠪᠦᠲᠦᠭᠡᠨ ᠪᠠᠶᠢᠭᠤᠯᠤᠯᠲᠠ ᠵᠡᠷᠭᠡ ᠠᠵᠢᠯ ᠢ ᠬᠠᠷᠢᠭᠤᠴᠠᠨ᠎ᠠ︔ ᠬᠠᠮᠢᠶᠠᠷᠤᠯᠲᠠ ᠶᠢᠨ | ᠡᠷᠬᠡ ᠶᠢᠨ ᠬᠡᠪᠴᠢᠶ᠎ᠡ ᠶᠣᠰᠣᠭᠠᠷ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠪᠣᠬᠢᠷᠲᠤᠯ ᠢ ᠰᠡᠷᠭᠡᠶᠢᠯᠡᠨ | ᠵᠠᠰᠠᠬᠤ ᠵᠡᠷᠭᠡ ᠠᠵᠢᠯ ᠢ ᠬᠠᠷᠢᠭᠤᠴᠠᠨ᠎ᠠ᠃ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ | ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ᠂ ᠤᠰᠤᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ | ᠬᠠᠮᠠᠭᠠᠯᠠᠬᠤ ᠠᠵᠢᠯ ᠢ ᠪᠣᠳᠠᠲᠠᠢ ᠡᠭᠦᠷᠭᠡᠯᠡᠵᠦ᠂ ᠬᠦᠷᠢᠶᠡᠯᠡᠩ ᠲᠣᠭᠤᠷᠢᠭ ᠤᠨ ᠣᠨ ᠤ ᠪᠦᠲᠦᠭᠡᠨ | ᠪᠠᠶᠢᠭᠤᠯᠤᠯᠲᠠ ᠶᠢᠨ ᠲᠥᠯᠥᠪᠯᠡᠭᠡ ᠶᠢ ᠨᠠᠶᠢᠷᠠᠭᠤᠯᠬᠤ᠂ ᠰᠠᠭᠤᠷᠢ ᠪᠡᠯᠡᠳᠬᠡᠮᠵᠢ ᠵᠢᠴᠢ ᠢᠵᠢ ᠪᠦᠷᠢᠳᠦᠭᠦᠯᠬᠦ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠥᠷᠨᠢᠭᠦᠯᠬᠦ ᠶᠢ ᠵᠢᠯᠤᠭᠤᠳᠴᠤ᠂ ᠪᠠᠲᠤᠯᠠᠭ᠎ᠠ ᠶᠢᠨ ᠴᠢᠨᠠᠷᠲᠠᠢ | ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢ ᠵᠢᠯᠤᠭᠤᠳᠴᠤ᠂ ᠦᠯᠡᠳᠡᠭᠳᠡᠯ ᠲᠥᠷᠥᠯ ᠵᠦᠢᠯ ᠤᠨ | ᠭᠠᠷᠳᠠᠮ ᠢ ᠭᠦᠢᠴᠡᠳᠬᠡᠬᠦ ᠶᠢ ᠠᠬᠢᠭᠤᠯᠵᠤ᠂ ᠬᠥᠳᠡᠭᠡ ᠲᠣᠰᠬᠤᠨ ᠤ ᠣᠷᠣᠨ ᠰᠠᠭᠤᠴᠠ ᠶᠢᠨ ᠪᠦᠲᠦᠭᠡᠨ | ᠪᠠᠶᠢᠭᠤᠯᠤᠯᠲᠠ᠂ ᠨᠤᠷᠠᠬᠤ ᠠᠶᠤᠯᠲᠠᠢ ᠭᠡᠷ ᠪᠠᠶᠢᠰᠢᠩ ᠢ ᠰᠢᠨᠡᠳᠬᠡᠨ ᠵᠠᠰᠠᠬᠤ᠂ ᠭᠡᠷ ᠪᠠᠶᠢᠰᠢᠩ ᠤᠨ ᠪᠠᠷᠢᠯᠭ᠎ᠠ᠂ | ᠬᠤᠲᠠ ᠶᠢᠨ ᠶᠠᠪᠤᠳᠠᠯ᠂ ᠭᠡᠷ ᠤᠨ ᠳᠣᠲᠣᠷᠠᠬᠢ ᠵᠠᠰᠠᠯ ᠴᠢᠮᠡᠭᠯᠡᠯ ᠤᠨ ᠪᠠᠷᠢᠯᠭ᠎ᠠ ᠶᠢᠨ ᠶᠠᠰᠤ ᠴᠢᠨᠠᠷ᠂ ᠠᠮᠤᠷ | ᠲᠦᠪᠰᠢᠨ ᠤ ᠮᠡᠷᠭᠡᠵᠢᠯ ᠤᠨ ᠦᠢᠯᠡᠴᠢᠯᠡᠭᠡ ᠶᠢ ᠵᠢᠯᠤᠭᠤᠳᠴᠤ᠂ ᠭᠡᠷ ᠪᠠᠶᠢᠰᠢᠩ ᠤᠨ ᠪᠠᠷᠢᠯᠭ᠎ᠠ᠂ ᠬᠤᠲᠠ ᠶᠢᠨ | ᠶᠠᠪᠤᠳᠠᠯ ᠤᠨ ᠪᠠᠷᠢᠯᠭ᠎ᠠ ᠶᠢᠨ ᠪᠠᠷᠢᠯᠭ᠎ᠠ ᠳᠠᠭᠤᠰᠤᠭᠰᠠᠨ ᠢ ᠰᠢᠯᠭᠠᠨ ᠠᠪᠴᠤ ᠳᠠᠩᠰᠠᠯᠠᠬᠤ᠂ ᠭᠠᠯ ᠰᠡᠷᠭᠡᠶᠢᠯᠡᠵᠦ ᠭᠠᠯ | ᠤᠨᠲᠠᠷᠠᠭᠠᠬᠤ ᠶᠢ ᠬᠢᠨᠠᠨ ᠪᠠᠶᠢᠴᠠᠭᠠᠵᠤ ᠰᠢᠯᠭᠠᠨ ᠠᠪᠴᠤ ᠳᠠᠩᠰᠠᠯᠠᠬᠤ ᠶᠢ ᠵᠢᠯᠤᠭᠤᠳᠴᠤ᠂ ᠬᠤᠲᠠ ᠶᠢᠨ ᠠᠮᠢ | ᠠᠬᠤᠢ ᠣᠷᠴᠢᠨ ᠲᠣᠭᠤᠷᠢᠨ ᠤ ᠲᠣᠪᠴᠢᠶ᠎ᠠ ᠲᠠᠢ ᠬᠠᠮᠵᠢᠯᠴᠠᠨ ᠬᠦᠷᠢᠶᠡᠯᠡᠩ ᠲᠣᠭᠤᠷᠢᠭ ᠤᠨ ᠡᠯ᠎ᠡ ᠵᠦᠢᠯ ᠤᠨ | ᠪᠣᠬᠢᠷᠲᠤᠯ ᠢ ᠰᠡᠷᠭᠡᠶᠢᠯᠡᠨ ᠵᠠᠰᠠᠬᠤ᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ᠂ | 12319 ᠲᠣᠭᠠᠴᠢᠯᠠᠭᠰᠠᠨ ᠬᠤᠲᠠ ᠶᠢᠨ ᠬᠠᠮᠢᠶᠠᠷᠤᠯᠲᠠ ᠶᠢᠨ ᠬᠠᠯᠠᠮᠰᠢᠯ ᠤᠲᠠᠰᠤ ᠶᠢᠨ ᠲᠠᠷᠬᠠᠭᠠᠵᠤ | ᠢᠷᠡᠭᠦᠯᠦᠭᠰᠡᠨ ᠬᠡᠷᠡᠭ ᠢ ᠰᠢᠢᠳᠪᠦᠷᠢᠯᠡᠬᠦ ᠵᠡᠷᠭᠡ ᠠᠵᠢᠯ ᠢ ᠥᠷᠨᠢᠭᠦᠯᠦᠨ᠎ᠡ᠃ | 2023 ᠣᠨ ᠳᠤ᠂ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠶᠡᠷᠦᠩᠬᠡᠢ ᠳᠤᠨᠢ ᠵᠢᠯᠤᠭᠤᠳᠤᠭᠤᠯᠵᠤ᠂ | ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠣᠳᠣᠯᠬᠢᠯᠠᠨ᠂ ᠳᠡᠭᠡᠳᠦ ᠱᠠᠲᠤᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ︽ᠮᠢᠩᠭᠠᠨ | ᠳ᠋ᠦᠩᠰᠢᠭᠤᠷ ᠤᠨ ᠲᠡᠰ ᠤᠨ ᠬᠦᠷᠢᠶᠡᠯᠡᠩ ᠲᠣᠭᠤᠷᠢᠭ︾᠂ ︽ᠣᠶᠤᠨᠲᠤ ᠬᠦᠷᠢᠶᠡᠯᠡᠩ ᠲᠣᠭᠤᠷᠢᠭ︾᠂ ︽ᠠᠮᠢ | ᠠᠬᠤᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ︾ ᠢ ᠢᠳᠡᠪᠬᠢᠲᠡᠢ ᠪᠠᠶᠢᠭᠤᠯᠬᠤ ᠬᠥᠭᠵᠢᠯᠲᠡ ᠶᠢᠨ | ᠬᠠᠷᠠᠯᠲᠠ ᠶᠣᠰᠣᠭᠠᠷ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠰᠠᠶᠢᠲᠤᠷ | ᠠᠳᠬᠤᠵᠤ᠂ ᠬᠦᠷᠢᠶᠡᠯᠡᠩ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠭᠦᠨᠵᠡᠭᠡᠢ ᠠᠬᠢᠭᠤᠯᠤᠨ᠎ᠠ᠃ | ᠬᠥᠲᠥᠯᠥᠭᠴᠢ᠄ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠣᠪᠴᠢᠶᠠᠨ ᠤ ᠡᠭᠦᠷᠭᠡ | ᠬᠠᠷᠢᠭᠤᠴᠠᠯᠭ᠎ᠠ ᠶᠢ ᠦᠨᠳᠦᠰᠦᠯᠡᠪᠡᠯ᠂ ᠡᠨᠡ ᠵᠢᠯ ᠤᠨ ᠬᠥᠭᠵᠢᠯᠲᠡ ᠶᠢᠨ ᠬᠠᠷᠠᠯᠲᠠ ᠪᠤᠶᠤ ᠪᠦᠲᠦᠭᠡᠨ | ᠪᠠᠶᠢᠭᠤᠯᠤᠯᠲᠠ ᠶᠢᠨ ᠡᠭᠦᠷᠭᠡ ᠨᠢ ᠶᠠᠭᠤ ᠪᠤᠶ︖ | ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠳᠡᠳ᠋ ᠭᠠᠵᠠᠷ ᠤᠨ ᠲᠠᠰ ᠤᠨ | ᠤᠳᠤᠷᠢᠳᠤᠯᠭ᠎ᠠ ᠸᠠᠩ ᠫᠧᠩ ᠶᠧ᠄ | ᠨᠠᠮ ᠤᠨ ᠠᠵᠢᠯᠯᠠᠬᠤ ᠬᠤᠷᠢᠶ᠎ᠠ᠂ ᠬᠠᠮᠢᠶᠠᠷᠤᠯᠲᠠ ᠶᠢᠨ ᠵᠥᠪᠯᠡᠯ ᠤᠨ ᠠᠵᠢᠯ ᠤᠨ ᠱᠠᠭᠠᠷᠳᠠᠯᠭ᠎ᠠ ᠶᠣᠰᠣᠭᠠᠷ᠂ | ︽ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ 2023 ᠣᠨ ᠤ ᠬᠤᠲᠠ ᠶᠢᠨ ᠭᠤᠣᠯᠳᠠᠯᠭ᠎ᠠ ᠲᠠᠢ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠥᠯᠥᠪᠯᠡᠭᠡ︾ ᠶᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ᠰᠠᠭᠤᠷᠢ | ᠪᠡᠯᠡᠳᠬᠡᠮᠵᠢ᠂ ᠠᠮᠢ ᠠᠬᠤᠢ ᠣᠷᠴᠢᠨ ᠲᠣᠭᠤᠷᠢᠨ ᠢ ᠵᠠᠰᠠᠬᠤ᠂ ᠬᠤᠲᠠ ᠶᠢ ᠰᠢᠨᠡᠳᠬᠡᠨ ᠥᠭᠡᠷᠡᠴᠢᠯᠡᠬᠦ᠂ ᠵᠠᠮ | ᠬᠠᠷᠢᠯᠴᠠᠭ᠎ᠠ ᠶᠢᠨ ᠲᠥᠬᠦᠮ ᠦᠵᠡᠭᠦᠯᠬᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠢ ᠨᠡᠭᠡᠭᠡᠨ | ᠬᠥᠭᠵᠢᠭᠦᠯᠬᠦ 5 ᠲᠠᠯ᠎ᠠ ᠶᠢᠨ ᠲᠣᠭᠤᠷᠢᠨ ᠳᠤ᠂ 70 ᠲᠥᠷᠥᠯ ᠵᠦᠢᠯ ᠢ ᠭᠤᠣᠯᠳᠠᠯᠭ᠎ᠠ ᠲᠠᠢ ᠬᠡᠷᠡᠭᠵᠢᠬᠦᠯᠦᠨ᠎ᠡ᠃ | ᠡᠭᠦᠨ ᠤ ᠳᠣᠲᠣᠷ᠎ᠠ 14 ᠲᠦᠷᠦᠯ ᠵᠦᠢᠯ ᠢ ᠦᠷᠭᠦᠯᠵᠢᠯᠡᠨ ᠪᠠᠶᠢᠭᠤᠯᠵᠤ᠂ 1 ᠲᠦᠷᠦᠯ ᠵᠦᠢᠯ ᠢ ᠪᠡᠯᠡᠳᠬᠡᠵᠦ᠂ 3 | ᠲᠦᠷᠦᠯ ᠵᠦᠢᠯ ᠢ ᠥᠭᠡᠷᠡᠴᠢᠯᠡᠵᠦ᠂ 52 ᠲᠦᠷᠦᠯ ᠵᠦᠢᠯ ᠢ ᠰᠢᠨ᠎ᠡ ᠪᠠᠷ ᠪᠠᠶᠢᠭᠤᠯᠵᠤ᠂ ᠶᠡᠷᠦᠩᠬᠡᠢ ᠪᠡᠯᠡ | ᠣᠷᠤᠭᠤᠯᠤᠯᠲᠠ ᠪᠠᠷᠤᠭ 251 ᠳ᠋ᠦᠩᠰᠢᠭᠤᠷ ᠲᠥᠭᠦᠷᠢᠭ ᠬᠦᠷᠦᠨ᠎ᠡ᠃ | ᠬᠥᠲᠥᠯᠥᠭᠴᠢ᠄ ᠬᠥᠭᠵᠢᠯᠲᠡ ᠶᠢᠨ ᠬᠠᠷᠠᠯᠲᠠ ᠡᠭᠦᠷᠭᠡ ᠶᠢᠨ ᠶᠣᠰᠣᠭᠠᠷ᠂ ᠪᠢᠳᠡ ᠪᠣᠳᠠᠲᠠᠢ ᠶᠠᠮᠠᠷ ᠶᠠᠮᠠᠷ | ᠠᠷᠭ᠎ᠠ ᠬᠡᠮᠵᠢᠶ᠎ᠡ ᠠᠪᠤᠭᠰᠠᠨ ᠪᠣᠶ︖ ᠡᠯ᠎ᠡ ᠵᠦᠢᠯ ᠤᠨ ᠠᠵᠢᠯ ᠤᠨ ᠠᠬᠢᠴᠠ ᠶᠢᠨ ᠪᠠᠶᠢᠳᠠᠯ ᠶᠠᠮᠠᠷ ᠪᠠᠶᠢᠨ᠎ᠠ︖ | | ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠳᠡᠳ᠋ ᠭᠠᠵᠠᠷ ᠤᠨ ᠲᠠᠰ ᠤᠨ | ᠤᠳᠤᠷᠢᠳᠤᠯᠭ᠎ᠠ ᠸᠠᠩ ᠫᠧᠩ ᠶᠧ᠄ | ᠬᠠᠷᠠᠯᠲᠠ ᠡᠭᠦᠷᠭᠡ ᠪᠠᠨ ᠲᠣᠭᠲᠠᠭᠠᠵᠤ᠂ ᠢᠲᠡᠭᠡᠯ ᠵᠣᠷᠢᠭ ᠢᠶᠠᠨ ᠪᠠᠲᠤᠳᠬᠠᠨ᠂ ︽123456︾ | ᠠᠵᠢᠯ ᠤᠨ ᠠᠷᠭ᠎ᠠ ᠬᠡᠮᠵᠢᠶ᠎ᠡ ᠶᠢ ᠠᠪᠴᠤ᠂ ᠴᠢᠳᠠᠪᠤᠷᠢ ᠶᠢᠨ ᠲᠠᠰ ᠤᠨ ᠳᠡᠭᠡᠭᠰᠢᠯᠡᠯᠲᠡ ᠶᠢ ᠭᠦᠨᠵᠡᠭᠡᠢ ᠠᠬᠢᠭᠤᠯᠵᠤ᠂ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠶᠢᠨ ᠭᠤᠣᠯ ᠰᠢᠵᠢᠮ ᠢ ᠪᠠᠷᠢᠮᠲᠠᠯᠠᠨ᠎ᠠ᠃ ᠡᠨᠡ ᠵᠢᠯ᠂ ᠠᠵᠤ ᠠᠬᠤᠢ ᠶᠢᠨ ᠨᠡᠭᠡᠭᠡᠯᠲᠡ ᠶᠢᠨ | ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠣᠷᠣᠨ ᠰᠠᠭᠤᠴᠠ ᠶᠢᠨ ᠪᠠᠲᠤᠯᠠᠭ᠎ᠠ ᠶᠢ ᠳᠡᠭᠡᠭᠰᠢᠯᠡᠭᠦᠯᠬᠦ | ᠠᠵᠢᠯᠯᠠᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠣᠷᠣᠨ ᠰᠠᠭᠤᠴᠠ ᠶᠢᠨ ᠪᠠᠲᠤᠯᠠᠭ᠎ᠠ ᠶᠢᠨ ᠰᠢᠰᠲ᠋ᠧᠮᠵᠢ ᠶᠢ | ᠲᠡᠭᠦᠯᠳᠡᠷᠵᠢᠭᠦᠯᠬᠦ ᠲᠠᠯ᠎ᠠ ᠪᠠᠷ᠂ ᠲᠦᠷᠢᠶᠡᠰᠦᠯᠡᠬᠦ ᠪᠠ ᠬᠤᠳᠠᠯᠳᠤᠨ ᠠᠪᠬᠤ ᠶᠢ ᠵᠡᠷᠭᠡᠪᠡᠷ ᠴᠢᠬᠤᠯᠠᠴᠢᠯᠠᠬᠤ ᠶᠢ | ᠪᠠᠷᠢᠮᠲᠠᠯᠠᠨ᠂ ᠣᠷᠳᠣ ᠬᠤᠭᠤᠴᠠᠭ᠎ᠠ ᠪᠠᠷ ᠲᠦᠷᠢᠶᠡᠰᠦᠯᠡᠬᠦ ᠭᠡᠷ ᠪᠠᠶᠢᠰᠢᠩ ᠤᠨ ᠵᠠᠬ᠎ᠠ ᠳᠡᠯᠭᠡᠭᠦᠷ ᠢ ᠲᠦᠷᠭᠡᠪᠴᠢᠯᠡᠨ | ᠬᠥᠭᠵᠢᠭᠦᠯᠵᠦ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠯᠡᠬᠦ ᠭᠡᠷ ᠪᠠᠶᠢᠰᠢᠩ ᠢ ᠴᠤᠭᠯᠠᠭᠤᠯᠬᠤ ᠶᠢ ᠲᠦᠯᠬᠢᠨ | ᠠᠬᠢᠭᠤᠯᠤᠨ᠎ᠠ᠃ ᠠᠳᠠᠯ ᠠᠬᠤᠢ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ | ᠲᠠᠯ᠎ᠠ ᠪᠠᠷ᠂ ᠦᠢᠯᠡᠴᠢᠯᠡᠭᠡᠨ ᠤ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠠᠳᠠᠯ | ᠠᠬᠤᠢ ᠶᠢᠨ ᠠᠵᠤ ᠠᠬᠤᠶᠢᠯᠠᠯ ᠤᠨ ᠢᠲᠡᠭᠡᠮᠵᠢ ᠲᠠᠢ ᠶᠢ ᠤᠷᠮᠠᠰᠢᠭᠤᠯᠬᠤ ᠪᠠ ᠢᠳᠡᠭᠡᠮᠵᠢ ᠠᠯᠳᠠᠭᠰᠠᠳ ᠢ ᠵᠠᠯᠬᠠᠭᠠᠨ | ᠴᠡᠭᠡᠷᠯᠡᠭᠦᠯᠬᠦ ᠬᠠᠮᠢᠶᠠᠷᠤᠯᠲᠠ ᠶᠢᠨ ᠳᠥᠷᠢᠮ ᠢ ᠪᠠᠶᠢᠭᠤᠯᠤᠨ᠎ᠠ᠃ ᠠᠳᠠᠯ ᠠᠬᠤᠢ ᠶᠢᠨ ᠦᠢᠯᠡᠴᠢᠯᠡᠭᠡᠨ ᠤ ᠬᠦᠷᠢᠶ᠎ᠡ | ᠴᠠᠷᠠᠭ᠎ᠠ ᠶᠢᠨ ︽ᠶᠡᠬᠡᠪᠡᠷ ᠵᠢᠭᠰᠠᠭᠠᠨ ᠪᠠᠶᠢᠴᠠᠭᠠᠬᠤ᠂ ᠬᠦᠴᠢᠷ ᠠᠰᠠᠭᠤᠳᠠᠯ ᠢ ᠰᠢᠢᠳᠪᠦᠷᠢᠯᠡᠬᠦ᠂ ᠲᠦᠮᠡᠨ ᠡᠷᠦᠬᠡ ᠶᠢ | ᠳᠤᠯᠠᠭᠠᠴᠠᠭᠤᠯᠬᠤ︾ ᠠᠵᠢᠯᠯᠠᠭ᠎ᠠ ᠶᠢ ᠥᠷᠨᠢᠭᠦᠯᠵᠦ᠂ ᠠᠳᠠᠯ ᠠᠬᠤᠢ ᠶᠢᠨ ᠦᠢᠯᠡᠴᠢᠯᠡᠭᠡᠨ ᠤ ᠬᠢᠷᠢ ᠲᠦᠪᠰᠢᠨ ᠢ | ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠡᠭᠦᠨ ᠠᠴᠠ ᠭᠠᠳᠠᠨ᠎ᠠ᠂ ᠭᠡᠷ ᠪᠠᠶᠢᠰᠢᠩ ᠭᠠᠵᠠᠷ ᠬᠥᠷᠥᠩᠭᠡ ᠶᠢᠨ | ᠠᠵᠢᠯ ᠲᠥᠷᠥᠯ ᠤᠨ ᠬᠠᠮᠢᠶᠠᠷᠤᠯᠲᠠ ᠶᠢ ᠴᠢᠩᠭᠠᠳᠬᠠᠵᠤ᠂ ᠲᠠᠸᠠᠷ ᠤᠨ ᠭᠡᠷ ᠪᠠᠶᠢᠰᠢᠩ ᠤᠨ ᠵᠠᠬ᠎ᠠ ᠳᠡᠯᠭᠡᠭᠦᠷ ᠤᠨ ᠭᠡᠷ | ᠪᠠᠶᠢᠰᠢᠩ ᠬᠤᠳᠠᠯᠳᠤᠨ ᠠᠪᠤᠭᠴᠢ ᠶᠢᠨ ᠵᠦᠢ ᠵᠣᠬᠢᠰᠲᠠᠢ ᠣᠷᠣᠨ ᠰᠠᠭᠤᠴᠠ ᠶᠢᠨ ᠱᠠᠭᠠᠷᠳᠠᠯᠭ᠎ᠠ ᠶᠢ ᠨᠠᠩ ᠰᠠᠶᠢᠲᠤᠷ | ᠬᠠᠩᠭᠠᠬᠤ ᠶᠢ ᠲᠦᠯᠬᠢᠨ ᠠᠬᠢᠭᠤᠯᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠡᠮᠬᠢ | ᠳᠢᠭᠯᠢᠮ ᠢ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠵᠦ᠂ ᠬᠠᠮᠲᠤᠷᠠᠨ ᠬᠠᠤᠯᠢ ᠬᠡᠷᠡᠭᠵᠢᠭᠦᠯᠬᠦ ᠡᠷᠴᠢᠮ ᠢᠶᠠᠨ | ᠴᠢᠩᠭᠠᠷᠠᠭᠤᠯᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶᠡᠨ ᠳᠠᠬᠢ ᠬᠠᠤᠯᠢ ᠲᠣᠭᠲᠠᠭᠠᠯ ᠠᠴᠠ | ᠵᠥᠷᠢᠴᠡᠭᠰᠡᠨ ᠦᠶ᠋ᠯᠡ ᠠᠵᠢᠯᠯᠠᠭ᠎ᠠ ᠶᠢ ᠴᠠᠭ ᠲᠤᠬᠠᠢ ᠳᠤᠨᠢ ᠪᠠᠶᠢᠴᠠᠭᠠᠨ ᠰᠢᠢᠳᠪᠦᠷᠢᠯᠡᠵᠦ ᠨᠡᠶᠢᠭᠡᠮ ᠨᠡᠶᠢᠲᠡ ᠳᠤ | ᠢᠯᠡ ᠪᠣᠯᠭᠠᠨ᠎ᠠ᠃ | ᠬᠤᠳᠠ ᠶᠢᠨ ᠬᠠᠮᠢᠶᠠᠷᠤᠯᠲᠠ ᠪᠠ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠬᠤᠶᠠᠷ ᠶᠡᠭᠡ | ᠠᠵᠢᠯᠯᠠᠭ᠎ᠠ ᠶᠢ ᠨᠢᠭᠡᠳᠦᠯᠲᠡᠢ ᠲᠥᠯᠥᠪᠯᠡᠨ ᠲᠦᠯᠬᠢᠨ ᠠᠬᠢᠭᠤᠯᠤᠨ᠎ᠠ᠃ ᠬᠤᠲᠠ ᠶᠢᠨ ᠪᠦᠲᠦᠭᠡᠨ ᠪᠠᠶᠢᠭᠤᠯᠤᠯᠲᠠ ᠶᠢᠨ | ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠬᠥᠬᠡᠬᠤᠲᠠ ᠶᠢᠨ ᠬᠤᠲᠠ ᠶᠢᠨ ᠨᠠᠷᠢᠯᠢᠭᠵᠢᠭᠤᠯᠤᠭᠰᠠᠨ | ᠬᠠᠮᠢᠶᠠᠷᠤᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢᠨ ᠲᠥᠰᠥᠯ ᠵᠡᠷᠭᠡ ᠬᠤᠯᠪᠤᠭᠳᠠᠯ ᠪᠦᠬᠦᠢ ᠬᠠᠤᠯᠢ ᠴᠠᠭᠠᠵᠠ | ᠬᠠᠤᠯᠢ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠨᠡᠭᠡᠭᠡᠯᠲᠡ ᠶᠢᠨ ᠲᠣᠭᠤᠷᠢᠭ ᠤᠨ ᠬᠠᠪᠲᠠᠭᠠᠶᠢᠷᠠᠭᠤᠯᠤᠭᠰᠠᠨ | ᠬᠠᠮᠢᠶᠠᠷᠤᠯᠲᠠ ᠶᠢᠨ ᠪᠣᠳᠠᠲᠠᠢ ᠲᠠᠢ ᠤᠶᠠᠯᠳᠤᠭᠤᠯᠤᠨ᠂ ᠷᠦ᠋ ᠢ ᠶᠢᠨ ᠶᠡᠷᠦᠩᠬᠡᠢ ᠬᠡᠯᠲᠡᠰ ᠤᠨ ᠰᠠᠭᠤᠷᠢᠨ ᠭᠠᠵᠠᠷ᠂ | ᠰᠠᠭᠠᠯᠢᠴᠢᠨ ᠠᠵᠤ ᠦᠢᠯᠡᠳᠪᠦᠷᠢ ᠶᠢᠨ ᠲᠣᠭᠤᠷᠢᠭ᠂ ᠴᠠᠭᠠᠨ ᠰᠣᠪᠤᠷᠭ᠎ᠠ ᠪᠠᠷᠠᠭᠠᠨ ᠤ ᠭᠦᠢᠯᠭᠡᠭᠡᠨ ᠤ | ᠬᠦᠷᠢᠶᠡᠯᠡᠩ ᠤᠨ ᠬᠤᠲᠠ ᠶᠢᠨ ᠬᠠᠮᠢᠶᠠᠷᠤᠯᠲᠠ ᠶᠢᠨ ᠠᠵᠢᠯ ᠢ ᠬᠢᠨᠠᠮᠠᠭᠠᠢ ᠰᠠᠶᠢᠲᠤᠷ ᠠᠳᠬᠤᠨ᠎ᠠ᠃ ᠨᠢᠭᠡ ᠳᠤ | ᠲᠣᠬᠤᠢ ᠶᠢᠨ ᠪᠠᠶᠢᠰᠢᠩ ᠤᠨ ᠲᠠᠪᠤᠳᠤᠭᠠᠷ᠂ ᠵᠢᠷᠭᠤᠳᠤᠭᠠᠷ ᠥᠷᠭᠡᠷᠢᠭ ᠤᠨ ᠵᠡᠭᠡᠯᠢ᠂ ᠡᠮᠦᠨ᠎ᠡ ᠪᠤᠲᠠᠴᠢ ᠲᠣᠰᠬᠤᠨ ᠤ | ᠠᠮᠠ᠂ ᠯᠢᠨ ᠶᠢᠨ ᠵᠡᠭᠡᠯᠢ ᠶᠢᠨ ᠦᠨᠳᠦᠰᠦᠲᠡᠨ ᠤ ᠳᠤᠮᠳᠠᠳᠤ ᠰᠤᠷᠭᠠᠭᠤᠯᠢ᠂ ᠪᠠᠭ᠎ᠠ ᠰᠤᠷᠭᠠᠭᠤᠯᠢ ᠶᠢᠨ ᠣᠶᠢᠷ᠎ᠠ | ᠬᠠᠪᠢ ᠶᠢᠨ ᠪᠠᠶᠢᠩᠭᠤ ᠶᠢᠨ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠵᠦ᠂ ᠢᠯᠠᠩᠭᠤᠶ᠎ᠠ ᠵᠠᠰᠠᠮᠠᠯ ᠵᠠᠮ ᠳᠡᠭᠡᠷ᠎ᠡ | ᠮᠠᠶᠢᠮᠠᠢ ᠳᠡᠯᠭᠡᠬᠦ᠂ ᠬᠡᠷᠡᠮ ᠡᠪᠳᠡᠨ ᠳᠡᠯᠭᠡᠭᠦᠷ ᠨᠡᠭᠡᠭᠡᠬᠦ᠂ ᠳᠡᠯᠭᠡᠭᠦᠷ ᠤᠨ ᠭᠠᠳᠠᠨ᠎ᠠ ᠶᠠᠭᠤᠮ᠎ᠠ ᠣᠪᠣᠭᠠᠯᠠᠬᠤ᠂ | ᠳᠤᠷ᠎ᠠ ᠪᠠᠷ ᠢᠶᠠᠨ ᠭᠡᠷ ᠤᠨ ᠭᠠᠳᠠᠨᠠᠬᠢ ᠵᠠᠷ ᠮᠡᠳᠡᠭᠡ᠂ ᠡᠭᠦᠳᠡᠨ ᠳᠡᠭᠡᠷᠡᠬᠢ ᠫᠠᠶᠢᠰᠠ ᠢᠯᠡᠷᠬᠡᠶᠢᠯᠡᠯ ᠭᠠᠷᠭᠠᠬᠤ ᠶᠢ | ᠲᠤᠰᠬᠠᠢ ᠴᠡᠭᠴᠡᠯᠡᠨ ᠵᠠᠰᠠᠬᠤ ᠠᠵᠢᠯ ᠢ ᠰᠠᠶᠢᠲᠤᠷ ᠬᠢᠨ᠎ᠡ᠃ ᠬᠤᠶᠠᠷ ᠲᠤ ᠨᠡᠭᠡᠭᠡᠯᠲᠡ ᠶᠢᠨ ᠲᠣᠭᠤᠷᠢᠭ ᠤᠨ | ᠨᠡᠶᠢᠲᠡ ᠶᠢᠨ ᠬᠡᠷᠡᠭᠯᠡᠭᠡᠨ ᠤ ᠠᠵᠢᠯ ᠦᠢᠯᠡᠰ ᠤᠨ ᠺᠣᠮᠫᠠᠨᠢ ᠶᠢᠨ ᠷᠦ᠋ ᠢ ᠶᠢᠨ ᠶᠡᠷᠦᠩᠬᠡᠢ ᠬᠡᠯᠲᠡᠰ ᠤᠨ ᠰᠠᠭᠤᠷᠢᠨ | ᠭᠠᠵᠠᠷ᠂ ᠰᠠᠭᠠᠯᠢᠴᠢᠨ ᠠᠵᠤ ᠦᠢᠯᠡᠳᠪᠦᠷᠢ ᠶᠢᠨ ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ | ᠠᠵᠢᠯ ᠢ ᠰᠠᠶᠢᠲᠤᠷ ᠬᠢᠬᠦ ᠶᠢ ᠰᠢᠮᠳᠠᠭᠤᠯᠤᠨ᠂ ᠣᠷᠴᠢᠨ ᠲᠣᠭᠤᠷᠢᠨ ᠤ ᠠᠷᠢᠭᠤᠨ ᠴᠡᠪᠡᠷ ᠢ ᠰᠢᠯᠭᠠᠨ ᠬᠢᠨᠠᠬᠤ | ᠬᠡᠷᠡᠭᠵᠢᠭᠦᠯᠬᠦ ᠨᠠᠷᠢᠨ ᠠᠷᠭ᠎ᠠ ᠶᠢ ᠲᠣᠭᠲᠠᠭᠠᠵᠤ᠂ ᠭᠠᠷᠠᠭ ᠤᠨ ᠪᠠᠶᠢᠴᠠᠭᠠᠯᠲᠠ᠂ ᠰᠠᠷ᠎ᠠ ᠶᠢᠨ ᠰᠢᠯᠭᠠᠨ | ᠪᠠᠶᠢᠴᠠᠭᠠᠯᠲᠠ ᠶᠢ ᠥᠷᠨᠢᠭᠦᠯᠵᠦ᠂ ᠬᠠᠮᠢᠶᠠᠷᠤᠯᠲᠠ ᠶᠢᠨ ᠪᠠᠷᠢᠮᠵᠢᠶ᠎ᠠ ᠶᠢ ᠴᠢᠩᠭ᠎ᠠ ᠨᠠᠷᠢᠯᠢᠭᠵᠢᠭᠤᠯᠤᠨ᠎ᠠ᠃ ᠡᠭᠦᠨ ᠤ | ᠬᠠᠮᠲᠤ᠂ ᠨᠠᠮ ᠤᠨ ᠠᠵᠢᠯᠯᠠᠬᠤ ᠬᠤᠷᠢᠶ᠎ᠠ᠂ ᠬᠠᠮᠢᠶᠠᠷᠤᠯᠲᠠ ᠶᠢᠨ ᠬᠤᠷᠢᠶ᠎ᠠ ᠶᠢᠨ ᠠᠵᠢᠯ ᠤᠨ ᠲᠣᠬᠢᠷᠠᠭᠤᠯᠤᠯᠲᠠ | ᠶᠣᠰᠣᠭᠠᠷ᠂ ᠮᠠᠨ ᠤ ᠲᠣᠪᠴᠢᠶ᠎ᠠ ᠰᠠᠭᠠᠯᠢᠴᠢᠨ ᠲᠣᠰᠬᠤᠨ ᠤ 209 ᠤᠯᠤᠰ ᠤᠨ ᠵᠠᠮ ᠠᠴᠠ ᠪᠠᠷᠠᠭᠤᠨᠰᠢ 2145 | ᠮᠦ ︵ᠪᠠᠷᠤᠭ 300 ᠡᠷᠦᠬᠡ︶ ᠶᠢᠨ ᠣᠷᠣᠨ ᠪᠦᠰᠡ ᠶᠢᠨ ᠣᠷᠴᠢᠨ ᠲᠣᠭᠤᠷᠢᠨ ᠢ ᠴᠡᠭᠴᠡᠯᠡᠨ ᠵᠠᠰᠠᠬᠤ | ᠲᠥᠯᠦᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠠᠵᠢᠯ ᠢ ᠬᠠᠷᠢᠭᠤᠴᠠᠨ ᠪᠡᠶᠡᠯᠡᠭᠦᠯᠵᠦ᠂ ᠡᠨᠡ ᠵᠢᠯ ᠤᠨ 5 ᠳ᠋ᠤᠭᠠᠷ | ᠰᠠᠷ᠎ᠠ ᠶᠢᠨ ᠰᠡᠭᠦᠯᠴᠢ ᠠᠴᠠ ᠡᠮᠦᠨ᠎ᠡ ᠲᠥᠯᠦᠪᠵᠢᠭᠦᠯᠭᠡ ᠶᠢᠨ ᠵᠢᠷᠤᠭ ᠲᠥᠯᠥᠪᠯᠡᠭᠡ ᠶᠢ ᠳᠠᠭᠤᠰᠬᠠᠬᠤ ᠪᠠᠷ | ᠲᠥᠯᠥᠪᠯᠡᠵᠦ ᠪᠠᠶᠢᠨ᠎ᠠ᠃ | ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ᠂ ᠠᠶᠢᠯ ᠲᠣᠰᠬᠤᠨ ᠤ | ᠲᠥᠯᠦᠪᠵᠢᠭᠦᠯᠭᠡ᠂ ᠲᠤᠰᠬᠠᠢ ᠵᠦᠢᠯ ᠤᠨ ᠲᠥᠯᠦᠪᠵᠢᠭᠦᠯᠭᠡ ᠵᠡᠷᠭᠡ ᠭᠤᠷᠪᠠᠨ ᠶᠡᠭᠡ ᠲᠥᠯᠦᠪᠵᠢᠭᠦᠯᠭᠡ ᠶᠢᠨ | ᠵᠢᠯᠣᠭᠤᠳᠤᠮᠵᠢ ᠶᠢ ᠪᠦᠷᠢᠯᠳᠦᠭᠦᠯᠦᠨ᠎ᠡ᠃ ᠰᠠᠭᠠᠯᠢᠴᠢᠨ ᠪᠠᠯᠭᠠᠰᠤ ᠶᠢᠨ ᠤᠯᠤᠰ ᠤᠨ ᠭᠠᠵᠠᠷ ᠰᠢᠷᠣᠢ ᠶᠢᠨ ᠣᠷᠣᠨ | ᠵᠠᠢ ᠶᠢᠨ ᠶᠡᠷᠦᠩᠬᠡᠢ ᠲᠥᠯᠦᠪᠵᠢᠭᠦᠯᠭᠡ ᠶᠢ 1+4 ᠵᠠᠭᠪᠤᠷ ᠢᠶᠠᠷ ᠨᠠᠶᠢᠷᠠᠭᠤᠯᠤᠨ ᠵᠣᠬᠢᠶᠠᠨ᠎ᠠ᠂ ᠣᠳᠣᠬᠠᠨ ᠳᠤ | ᠶᠡᠷᠦᠩᠬᠡᠢ ᠲᠥᠯᠦᠪᠵᠢᠭᠦᠯᠭᠡ᠂ ᠲᠤᠰᠬᠠᠢ ᠰᠡᠳᠦᠪᠲᠦ ᠰᠤᠳᠤᠯᠭᠠᠨ ᠤ ᠡᠬᠡ ᠨᠣᠣᠷᠠᠭ ᠢ ᠨᠢᠭᠡᠨᠲᠡ ᠨᠠᠶᠢᠷᠠᠭᠤᠯᠤᠨ | ᠵᠣᠬᠢᠶᠠᠵᠤ ᠳᠠᠭᠤᠰᠬᠠᠭᠰᠠᠨ ᠪᠥᠭᠡᠳ ᠬᠤᠲᠠ ᠪᠠᠯᠭᠠᠰᠤᠨ ᠤ ᠨᠡᠭᠡᠭᠡᠨ ᠬᠥᠭᠵᠢᠭᠦᠯᠬᠦ ᠵᠠᠭᠠᠭ ᠬᠢᠵᠠᠭᠠᠷ ᠢ 15.09 | ᠲᠡᠭᠰᠢ ᠳᠥᠷᠪᠡᠯᠵᠢᠨ ᠺᠢᠯᠤᠮᠧᠲᠷ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ 92.96 ᠲᠡᠭᠰᠢ | ᠳᠥᠷᠪᠡᠯᠵᠢᠨ ᠺᠢᠯᠤᠮᠧᠲᠷ ᠢ ᠵᠠᠭᠠᠭᠯᠠᠨ ᠲᠣᠭᠲᠠᠭᠠᠵᠤ᠂ ᠡᠨᠡ ᠵᠢᠯ ᠤᠨ 6 ᠳ᠋ᠤᠭᠠᠷ ᠰᠠᠷ᠎ᠠ ᠶᠢᠨ ᠰᠡᠭᠦᠯᠴᠢ ᠠᠴᠠ | ᠡᠮᠦᠨ᠎ᠡ ᠥᠪᠡᠷᠲᠡᠭᠡᠨ ᠵᠠᠰᠠᠬᠤ ᠣᠷᠣᠨ ᠢᠶᠠᠷ ᠬᠢᠨᠠᠨ ᠵᠦᠪᠰᠢᠶᠡᠷᠡᠭᠦᠯᠵᠦ ᠪᠠᠲᠤᠯᠠᠭᠤᠯᠬᠤ ᠪᠠᠷ ᠲᠥᠯᠥᠪᠯᠡᠵᠦ ᠪᠣᠶ᠃ | ᠠᠶᠢᠯ ᠲᠣᠰᠬᠤᠨ ᠤ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠳᠦᠷᠢᠮ ᠤᠨ ᠶᠣᠰᠣᠭᠠᠷ ᠭᠤᠣᠯᠳᠠᠭᠤ ᠠᠶᠢᠯ | ᠲᠣᠰᠬᠤᠨ ᠤ ᠬᠥᠭᠵᠢᠯᠲᠡ ᠶᠢᠨ ᠬᠠᠷᠠᠯᠲᠠ᠂ ᠠᠮᠢ ᠠᠬᠤᠢ ᠶᠢᠨ ᠬᠠᠮᠠᠭᠠᠯᠠᠯᠲᠠ ᠰᠡᠷᠭᠦᠭᠡᠯᠲᠡ᠂ ᠲᠠᠷᠢᠶᠠᠨ ᠭᠠᠵᠠᠷ ᠪᠠ | ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ᠂ ᠰᠠᠭᠤᠷᠢ ᠪᠡᠯᠡᠳᠬᠡᠮᠵᠢ ᠪᠠ ᠤᠯᠠᠨ ᠨᠡᠶᠢᠲᠡ ᠶᠢᠨ | ᠦᠢᠯᠡᠴᠢᠯᠡᠭᠡᠨ ᠤ ᠪᠡᠯᠡᠳᠬᠡᠮᠵᠢ ᠶᠢᠨ ᠪᠠᠶᠢᠷᠢᠰᠢᠭᠤᠯᠤᠯᠲᠠ᠂ ᠠᠵᠤ ᠦᠢᠯᠡᠰ ᠤᠨ ᠬᠥᠭᠵᠢᠯᠲᠡ᠂ ᠣᠷᠣᠨ | ᠰᠠᠭᠤᠴᠠ ᠶᠢᠨ ᠪᠠᠶᠢᠷᠢᠰᠢᠭᠤᠯᠤᠯᠲᠠ᠂ ᠠᠶᠢᠯ ᠲᠣᠰᠬᠤᠨ ᠤ ᠠᠮᠤᠷ ᠲᠦᠪᠰᠢᠨ ᠪᠠ ᠭᠠᠮᠰᠢᠭ ᠢ ᠰᠡᠷᠭᠡᠶᠢᠯᠡᠨ | ᠭᠠᠮᠰᠢᠭ ᠢ ᠪᠠᠭᠠᠰᠬᠠᠬᠤ ᠵᠡᠷᠭᠡ ᠲᠠᠯ᠎ᠠ ᠠᠴᠠ ᠠᠶᠢᠯ ᠲᠣᠰᠬᠤᠨ ᠤ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ | ᠠᠵᠢᠯ ᠢ ᠥᠷᠨᠢᠬᠦᠯᠦᠨ᠎ᠡ᠂ ᠣᠳᠣᠬᠠᠨ ᠳᠤ ᠬᠤᠶᠠᠷ ᠲᠦᠷᠦᠯ ᠤᠨ ᠨᠡᠶᠢᠳᠡ 24 ᠲᠣᠰᠬᠤᠨ ᠤ ᠬᠢ ᠶᠢ ᠨᠠᠶᠢᠷᠠᠭᠤᠯᠤᠨ | ᠵᠣᠬᠢᠶᠠᠵᠤ ᠳᠠᠭᠤᠰᠬᠠᠪᠠ᠃ ᠰᠠᠭᠠᠯᠢᠴᠢᠨ ᠲᠣᠭᠤᠷᠢᠭ ᠤᠨ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢᠨ | ᠲᠤᠰᠬᠠᠢ ᠲᠥᠯᠦᠪᠵᠢᠭᠦᠯᠭᠡ ᠨᠢ ᠣᠳᠣᠬᠠᠨ ᠳᠤ ᠨᠢᠭᠡᠨᠲᠡ ᠲᠤᠰᠬᠠᠢ ᠲᠥᠯᠦᠪᠵᠢᠭᠦᠯᠭᠡ ᠶᠢᠨ ᠳᠤᠮᠳᠠᠬᠢ ᠦᠷ᠎ᠡ | ᠪᠦᠲᠦᠭᠡᠯ ᠢ ᠪᠡᠶᠡᠯᠡᠭᠦᠯᠵᠦ᠂ ᠡᠨᠡ ᠵᠢᠯ ᠤᠨ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠲᠤᠰᠬᠠᠢ | ᠮᠡᠷᠭᠡᠵᠢᠯᠲᠡᠨ ᠤ ᠦᠨᠡᠯᠡᠯᠲᠡ ᠶᠢ ᠳᠠᠭᠤᠰᠬᠠᠵᠤ᠂ 8 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠲᠦᠮᠡᠳ ᠵᠡᠭᠦᠨ | ᠬᠤᠰᠢᠭᠤᠨ ᠳᠤ ᠮᠡᠳᠡᠭᠦᠯᠵᠦ ᠬᠢᠨᠠᠨ ᠵᠥᠪᠰᠢᠶᠡᠷᠡᠭᠦᠯᠬᠦ ᠪᠠᠷ ᠲᠥᠯᠥᠪᠯᠡᠵᠦ ᠪᠣᠶ᠃ ᠰᠠᠭᠠᠯᠢᠴᠢᠨ ᠲᠣᠭᠤᠷᠢᠭ ᠤᠨ | ᠡᠵᠡᠮᠳᠡᠯ ᠤᠨ ᠴᠢᠨᠠᠷᠲᠠᠢ ᠨᠠᠷᠢᠨ ᠲᠥᠯᠦᠪᠵᠢᠭᠦᠯᠭᠡ ᠵᠢᠴᠢ ᠠᠵᠤ ᠦᠢᠯᠡᠰ ᠤᠨ ᠬᠥᠭᠵᠢᠯᠲᠡ ᠶᠢᠨ | ᠲᠥᠯᠦᠪᠵᠢᠭᠦᠯᠭᠡ ᠶᠢ ᠣᠳᠣᠬᠠᠨ ᠳᠤ ᠳᠠᠭᠠᠭᠠᠴᠢᠯᠠᠯᠲᠠ ᠵᠠᠷᠯᠠᠬᠤ ᠰᠠᠨᠠᠮᠵᠢ ᠶᠢ ᠪᠡᠶᠡᠯᠡᠭᠦᠯᠵᠦ᠂ ᠡᠨᠡ ᠵᠢᠯ ᠤᠨ 5 | ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠨᠠᠶᠢᠷᠠᠭᠤᠯᠤᠨ ᠵᠣᠬᠢᠶᠠᠵᠤ᠂ 6 ᠳ᠋ᠤᠭᠠᠷ ᠰᠠᠷ᠎ᠠ ᠶᠢᠨ ᠰᠡᠭᠦᠯᠴᠢ ᠠᠴᠠ | ᠡᠮᠦᠨ᠎ᠡ ᠲᠤᠰᠬᠠᠢ ᠮᠡᠷᠭᠡᠵᠢᠯᠲᠡᠨ ᠢᠶᠠᠷ ᠦᠨᠡᠯᠡᠭᠦᠯᠵᠦ᠂ 7 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠲᠦᠮᠡᠳ | ᠵᠡᠭᠦᠨ ᠬᠤᠰᠢᠭᠤᠨ ᠳᠤ ᠮᠡᠳᠡᠭᠦᠯᠵᠦ ᠬᠢᠨᠠᠨ ᠵᠥᠪᠰᠢᠶᠡᠷᠡᠭᠦᠯᠬᠦ ᠪᠠᠷ ᠲᠥᠯᠥᠪᠯᠡᠵᠦ ᠪᠣᠶ᠃ ᠠᠮᠤᠷ ᠲᠦᠪᠰᠢᠨ᠂ ᠶᠠᠰᠤ | ᠴᠢᠨᠠᠷ᠂ ᠠᠶᠤᠯ ᠲᠦᠭᠰᠢᠭᠦᠷᠢ᠂ ᠠᠷᠢᠭᠤᠨ ᠴᠢᠬᠡᠴᠢ ᠪᠠᠶᠢᠬᠤ ᠲᠦᠷᠪᠡᠨ ᠬᠤᠷᠢᠭ᠎ᠠ ᠱᠤᠭᠤᠮ ᠪᠠᠲᠤ ᠰᠠᠬᠢᠨ᠎ᠠ᠃ | ᠠᠮᠤᠷ ᠲᠦᠪᠰᠢᠨ ᠤ ᠬᠤᠷᠢᠭ᠎ᠠ ᠱᠤᠭᠤᠮ ᠢ ᠡᠷᠡᠰ ᠪᠠᠲᠤ ᠰᠠᠬᠢᠨ᠎ᠠ᠃ | ᠠᠮᠤᠷ ᠲᠦᠪᠰᠢᠨ ᠤ ᠬᠠᠷᠢᠭᠤᠴᠠᠯᠭ᠎ᠠ ᠲᠠᠶᠢᠱᠠᠨ ᠠᠭᠤᠯᠠᠨ ᠠᠴᠠ ᠬᠦᠨᠳᠦ᠂ ᠠᠷᠠᠳ ᠤᠯᠠᠨ ᠤ ᠠᠮᠢ | ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠵᠤ ᠪᠠᠶᠢᠳᠠᠭ᠃ ᠡᠨᠡ ᠵᠢᠯ ᠠᠵᠤ ᠠᠬᠤᠢ ᠶᠢᠨ ᠨᠡᠭᠡᠭᠡᠯᠲᠡ ᠶᠢᠨ | ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠠᠶᠤᠯᠭᠦᠢ ᠦᠢᠯᠡᠳᠪᠦᠷᠢᠯᠡᠯ ᠪᠠ ᠠᠮᠤᠷ ᠲᠦᠪᠰᠢᠨ ᠤ | ᠳᠠᠯᠳᠠ ᠬᠡᠮ ᠢ ᠶᠡᠬᠡᠪᠡᠷ ᠵᠢᠭᠰᠠᠭᠠᠨ ᠪᠠᠶᠢᠴᠠᠭᠠᠵᠤ ᠶᠡᠬᠡᠪᠡᠷ ᠴᠡᠭᠴᠡᠯᠡᠨ ᠵᠠᠰᠠᠬᠤ ᠠᠵᠢᠯᠯᠠᠭ᠎ᠠ ᠶᠢ ᠪᠥᠬᠦ ᠲᠠᠯ᠎ᠠ ᠪᠠᠷ | ᠥᠷᠨᠢᠭᠦᠯᠵᠦ᠂ ᠠᠮᠤᠷ ᠲᠦᠪᠰᠢᠨ ᠤ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ | ᠪᠠᠷᠢᠯᠭ᠎ᠠ ᠶᠢᠨ ᠠᠵᠢᠯ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠣᠭᠲᠠᠭᠤᠨ ᠪᠥᠭᠡᠳ ᠠᠮᠤᠷ | ᠲᠦᠪᠰᠢᠨ ᠪᠠᠶᠢᠬᠤ ᠶᠢ ᠦᠨᠡᠨ ᠬᠦ ᠪᠠᠲᠤᠯᠠᠨ᠎ᠠ᠃ ᠶᠠᠰᠤ ᠴᠢᠨᠠᠷ ᠤᠨ ᠬᠤᠷᠢᠭ᠎ᠠ ᠱᠤᠭᠤᠮ ᠢ ᠡᠷᠡᠰ ᠰᠠᠬᠢᠨ᠎ᠠ᠃ | ᠮᠠᠨ ᠤ ᠲᠣᠪᠴᠢᠶ᠎ᠠ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠲᠠ ᠲᠠᠯᠪᠢᠵᠤ ᠲᠣᠭᠤᠷᠢᠨ ᠪᠠᠶᠢᠴᠠᠭᠠᠬᠤ ᠠᠵᠢᠯ ᠢ | ᠲᠠᠰᠤᠷᠠᠯᠲᠠ ᠦᠭᠡᠢ ᠥᠷᠨᠢᠭᠦᠯᠵᠦ᠂ ᠭᠦᠨ ᠰᠠᠭᠤᠷᠢ ᠶᠢᠨ ᠨᠦᠬᠡ ᠲᠠᠢ ᠪᠠᠷᠢᠯᠭ᠎ᠠ ᠶᠢᠨ ᠶᠠᠰᠤ ᠴᠢᠨᠠᠷ ᠤᠨ ᠠᠮᠤᠷ | ᠲᠦᠪᠰᠢᠨ ᠤ ᠲᠤᠰᠬᠠᠢ ᠪᠠᠶᠢᠴᠠᠭᠠᠯᠲᠠ ᠶᠢ ᠥᠷᠨᠢᠭᠦᠯᠦᠨ᠂ ᠶᠠᠰᠤ ᠴᠢᠨᠠᠷ ᠲᠤ ᠬᠢᠨᠠᠯᠲᠠ ᠲᠠᠯᠪᠢᠵᠤ ᠰᠤᠭᠤᠴᠢᠨ | ᠪᠠᠶᠢᠴᠠᠭᠠᠬᠤ ᠶᠢ ᠴᠢᠩᠭᠠᠳᠬᠠᠵᠤ᠂ ᠲᠦᠭᠦᠬᠡᠢ ᠮᠠᠲ᠋ᠧᠷᠢᠶᠠᠯ ᠪᠠ ᠪᠠᠷᠢᠯᠭ᠎ᠠ ᠶᠢᠨ ᠪᠣᠳᠠᠲᠤ ᠴᠣᠭᠴᠠ ᠶᠢ ᠰᠤᠭᠤᠴᠢᠨ | ᠪᠠᠶᠢᠴᠠᠭᠠᠬᠤ ᠶᠠᠰᠤ ᠴᠢᠨᠠᠷ ᠤᠨ ᠬᠠᠮᠢᠶᠠᠷᠤᠯᠲᠠ ᠶᠢ ᠴᠢᠩᠭᠠᠳᠬᠠᠨ᠂ ᠤᠭᠰᠠᠷᠠᠬᠤ ᠪᠠᠷᠢᠯᠭ᠎ᠠ ᠶᠢᠨ ᠶᠠᠰᠤ ᠴᠢᠨᠠᠷ ᠲᠤ | ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠠᠵᠢᠯ ᠢ ᠥᠷᠨᠢᠭᠦᠯᠵᠦ᠂ ᠣᠯᠵᠤ ᠮᠡᠳᠡᠭᠰᠡᠨ ᠠᠰᠠᠭᠤᠳᠠᠯ ᠳᠤ ᠴᠠᠭ | ᠲᠤᠬᠠᠢ ᠳᠤᠨᠢ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ ᠪᠠᠭᠤᠯᠭᠠᠵᠤ᠂ ᠵᠠᠷᠯᠢᠭᠳᠠᠵᠤ ᠪᠠᠶᠢᠭᠠᠳ | ᠴᠡᠭᠴᠡᠯᠡᠨ ᠰᠠᠶᠢᠵᠢᠷᠠᠭᠤᠯᠪᠠ᠃ ᠠᠶᠤᠯ ᠲᠦᠭᠰᠢᠭᠦᠷᠢ ᠶᠢᠨ ᠬᠤᠷᠢᠭ᠎ᠠ ᠱᠤᠭᠤᠮ ᠢ ᠡᠷᠡᠰ ᠰᠠᠬᠢᠨ᠎ᠠ᠃ ᠪᠠᠶᠢᠳᠠᠯ ᠢ | ᠲᠣᠳᠣᠷᠬᠠᠢ ᠲᠠᠨᠢᠵᠤ᠂ ᠵᠣᠭᠰᠣᠴᠠ ᠪᠠᠨ ᠳᠡᠭᠡᠭᠰᠢᠯᠡᠭᠦᠯᠦᠨ᠂ ᠬᠥᠯᠥᠰᠦᠨ ᠠᠵᠢᠯᠴᠢᠨ ᠤ ᠴᠠᠯᠢᠩ ᠤᠨ ᠦᠷᠢᠳᠦᠯ ᠢ | ᠢᠯᠭᠠᠷᠠᠭᠤᠯᠬᠤ ᠠᠵᠢᠯ ᠢ ᠨᠢᠭᠡᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠴᠠᠯᠢᠩ ᠥᠷᠢᠲᠦᠬᠦ | ᠠᠰᠠᠭᠤᠳᠠᠯ ᠳᠤ ᠴᠢᠩᠭ᠎ᠠ ᠬᠠᠨᠳᠤᠪᠠ᠃ ᠭᠡᠷ ᠬᠥᠷᠥᠩᠭᠡ ᠶᠢᠨ ᠲᠥᠷᠥᠯ ᠵᠦᠢᠯ ᠢ ᠭᠤᠣᠯᠳᠠᠯᠭ᠎ᠠ ᠲᠠᠢ ᠠᠩᠬᠠᠷᠴᠤ᠂ | ᠡᠷᠲᠡ ᠠᠴᠠ ᠵᠢᠭᠰᠠᠭᠠᠨ ᠪᠠᠶᠢᠴᠠᠭᠠᠬᠤ᠂ ᠡᠷᠲᠡ ᠠᠴᠠ ᠢᠯᠡᠷᠡᠭᠦᠯᠬᠦ᠂ ᠡᠷᠲᠡ ᠠᠴᠠ ᠰᠡᠷᠡᠮᠵᠢᠯᠡᠭᠦᠯᠬᠦ᠂ ᠡᠷᠲᠡ ᠠᠴᠠ | ᠰᠢᠢᠳᠪᠦᠷᠢᠯᠡᠬᠦ ᠶᠢ ᠪᠡᠶᠡᠯᠡᠭᠦᠯᠵᠦ᠂ ᠰᠠᠯᠠᠭ᠎ᠠ ᠮᠥᠴᠢᠷ ᠤᠨ ᠵᠣᠬᠢᠴᠠᠯᠳᠤᠨ ᠬᠠᠮᠲᠤᠷᠠᠨ ᠬᠥᠳᠡᠯᠦᠯᠴᠡᠬᠦ ᠶᠢ | ᠴᠢᠩᠭᠠᠳᠬᠠᠨ᠂ ᠨᠢᠭᠡᠳᠦᠯᠲᠡᠢ ᠲᠥᠯᠥᠪᠵᠢᠭᠦᠯᠦᠨ ᠬᠠᠮᠲᠤᠷᠠᠨ ᠬᠥᠳᠡᠯᠦᠯᠴᠡᠬᠦ᠂ ᠴᠤᠭᠭᠠᠷ ᠠᠳᠬᠤᠵᠤ ᠬᠠᠮᠲᠤᠪᠠᠷ | ᠬᠠᠮᠢᠶᠠᠷᠬᠤ ᠠᠵᠢᠯ ᠤᠨ ᠪᠠᠶᠢᠷᠢᠰᠢᠯ ᠢ ᠪᠣᠶ ᠪᠣᠯᠭᠠᠪᠠ᠃ ᠠᠷᠢᠭᠤᠨ ᠴᠢᠬᠡᠴᠢ ᠶᠢᠨ ᠬᠤᠷᠢᠭ᠎ᠠ ᠱᠤᠭᠤᠮ ᠢ ᠡᠷᠡᠰ | ᠰᠠᠬᠢᠨ᠎ᠠ᠃ ᠬᠠᠤᠯᠢ ᠶᠢ ᠵᠥᠷᠢᠴᠡᠵᠦ ᠰᠠᠬᠢᠯᠭ᠎ᠠ ᠪᠠᠲᠤ ᠶᠢ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠠᠴᠠ | ᠭᠦᠨᠵᠡᠭᠡᠢ ᠰᠤᠷᠭᠠᠮᠵᠢ ᠠᠪᠴᠤ᠂ ᠲᠠᠷᠢᠬᠢ ᠲᠣᠯᠣᠭᠠᠢ ᠪᠠᠨ ᠴᠠᠭ ᠢᠮᠠᠭᠲᠠ ᠰᠡᠷᠭᠡᠭ ᠪᠠᠶᠢᠯᠭᠠᠵᠤ᠂ ᠵᠠᠷᠴᠢᠮ ᠪᠠ | ᠣᠪᠣᠷ ᠤᠨ ᠲᠠᠯ᠎ᠠ ᠪᠠᠷ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠠᠷᠢᠭᠤᠨ ᠴᠢᠬᠡᠴᠢ ᠶᠢᠨ ᠬᠤᠷᠢᠭ᠎ᠠ | ᠱᠤᠭᠤᠮ ᠢ ᠪᠠᠲᠤ ᠰᠠᠬᠢᠵᠤ᠂ ᠨᠠᠮ ᠤᠨ ᠰᠤᠷᠲᠠᠯ ᠪᠠ ᠴᠢᠬᠡᠴᠢ ᠵᠠᠰᠠᠭ ᠤᠨ ᠪᠠᠶᠢᠭᠤᠯᠤᠯᠲᠠ ᠶᠢ ᠲᠡᠷᠢᠭᠦᠨ | ᠪᠠᠶᠢᠷᠢᠨ ᠳᠤ ᠲᠠᠯᠪᠢᠵᠤ᠂ ᠳᠡᠭᠡᠳᠦ ᠱᠠᠲᠤ ᠨᠢ ᠳᠣᠣᠷᠠᠳᠤ ᠱᠠᠲᠤ ᠪᠠᠨ ᠳᠠᠭᠠᠭᠤᠯᠵᠤ᠂ ᠬᠠᠳᠠᠭᠠᠰᠤ ᠬᠠᠳᠠᠬᠤ ᠵᠣᠷᠢᠭ | ᠰᠠᠨᠠᠭ᠎ᠠ ᠪᠠᠷ ᠰᠤᠷᠲᠠᠯ ᠤᠨ ᠪᠠᠶᠢᠭᠤᠯᠤᠯᠲᠠ ᠶᠢᠨ ᠤᠳᠠᠭᠠᠨ ᠳᠠᠭᠠᠭᠠᠮᠠᠭᠠᠢ ᠲᠠᠶᠢᠨ ᠢ ᠰᠠᠶᠢᠲᠤᠷ ᠬᠢᠵᠦ᠂ ᠠᠷᠢᠭᠤᠨ | ᠴᠢᠬᠡᠴᠢ ᠪᠠᠷ ᠬᠥᠮᠥᠨ ᠪᠣᠯᠵᠤ᠂ ᠠᠷᠢᠭᠤᠨ ᠴᠢᠬᠡᠴᠢ ᠪᠠᠷ ᠠᠵᠢᠯ ᠶᠠᠪᠤᠳᠠᠯ ᠬᠢᠨ᠎ᠡ᠃ ᠰᠠᠭᠤᠷᠢ ᠪᠡᠯᠡᠳᠬᠡᠮᠵᠢ᠂ ᠠᠮᠢ | ᠠᠬᠤᠢ ᠶᠢᠨ ᠣᠷᠴᠢᠨ ᠨᠥᠬᠦᠴᠡᠯ᠂ ᠠᠷᠠᠳ ᠤᠨ ᠠᠮᠢᠳᠤᠷᠠᠯ ᠤᠨ ᠪᠠᠲᠤᠯᠠᠭ᠎ᠠ᠂ ᠵᠠᠮ ᠬᠠᠷᠢᠯᠴᠠᠭ᠎ᠠ ᠳᠤ ᠲᠦᠬᠦᠮ | ᠦᠵᠡᠭᠦᠯᠬᠦ᠂ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢ ᠨᠡᠭᠡᠭᠡᠨ ᠬᠥᠭᠵᠢᠭᠦᠯᠬᠦ ᠲᠠᠪᠤᠨ ᠶᠡᠭᠡ ᠲᠠᠯ᠎ᠠ ᠶᠢᠨ | ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ | ᠰᠠᠭᠤᠷᠢ ᠲᠥᠬᠦᠭᠡᠷᠦᠮᠵᠢ ᠶᠢᠨ ᠲᠦᠷᠦᠯ ᠳᠤ᠂ ᠡᠨᠡ ᠵᠢᠯ 6 ᠲᠦᠷᠦᠯ ᠤᠨ 33 ᠭᠤᠣᠯᠳᠠᠯᠭ᠎ᠠ ᠲᠠᠢ | ᠲᠦᠷᠦᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ ᠪᠠᠶᠢᠨ᠎ᠠ᠃ ᠤᠰᠤ ᠬᠠᠩᠭᠠᠬᠤ ᠤᠰᠤ ᠵᠠᠯᠠᠬᠤ ᠬᠤᠭᠤᠯᠠᠢ ᠶᠢᠨ | ᠲᠣᠣᠷ ᠤᠨ ᠢᠨᠵᠧᠨᠧᠷᠢᠩ ᠤᠨ ᠲᠠᠯ᠎ᠠ ᠪᠠᠷ᠂ ᠰᠠᠭᠠᠯᠢᠴᠢᠨ ᠤ 5 ᠲᠦᠮᠡᠨ ᠲᠣᠨ ᠤ ᠭᠠᠵᠠᠷ ᠤᠨ ᠭᠠᠳᠠᠷᠭᠤ ᠶᠢᠨ | ᠤᠰᠤᠨ ᠤ ᠦᠢᠯᠡᠳᠪᠦᠷᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠵᠢᠴᠢ 16 ᠵᠦᠢᠯ ᠤᠨ ᠪᠣᠷᠣᠭᠠᠨ ᠤ | ᠤᠰᠤ ᠪᠣᠬᠢᠷ ᠤᠰᠤᠨ ᠤ ᠬᠤᠭᠤᠯᠠᠢ ᠶᠢᠨ ᠱᠤᠭᠤᠮ ᠤᠨ ᠢᠨᠵᠧᠨᠧᠷᠢᠩ ᠢ ᠭᠤᠣᠯᠳᠠᠯᠭ᠎ᠠ ᠲᠠᠢ ᠲᠦᠯᠬᠢᠨ | ᠠᠬᠢᠭᠤᠯᠤᠨ᠎ᠠ︔ ᠪᠣᠬᠢᠷ ᠤᠰᠤ ᠰᠢᠢᠳᠪᠦᠷᠢᠯᠡᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ | ᠢᠨᠵᠧᠨᠧᠷᠢᠩ ᠤᠨ ᠲᠠᠯ᠎ᠠ ᠪᠠᠷ᠂ ᠰᠠᠭᠠᠯᠢᠴᠢᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠬᠤᠶᠠᠳᠤᠭᠠᠷ | ᠬᠤᠭᠤᠴᠠᠭ᠎ᠠ ᠵᠢᠴᠢ ᠳᠠᠬᠢᠯᠲᠠ ᠤᠰᠤᠨ ᠤ ᠦᠢᠯᠡᠳᠪᠦᠷᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ | ᠭᠤᠣᠯᠳᠠᠯᠭ᠎ᠠ ᠲᠠᠢ ᠠᠬᠢᠭᠤᠯᠤᠨ᠎ᠠ︔ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠪᠦᠲᠦᠭᠡᠨ ᠪᠠᠶᠢᠭᠤᠯᠤᠯᠲᠠ ᠶᠢᠨ | ᠢᠨᠵᠧᠨᠧᠷᠢᠩ ᠤᠨ ᠲᠠᠯ᠎ᠠ ᠪᠠᠷ᠂ 7 ᠵᠦᠢᠯ ᠤᠨ ᠴᠠᠬᠢᠯᠭᠠᠨ ᠬᠦᠴᠦ ᠭᠠᠳᠠᠭᠰᠢᠯᠠᠭᠤᠯᠬᠤ ᠬᠤᠭᠤᠯᠠᠢ ᠵᠢᠴᠢ | ᠴᠠᠬᠢᠯᠭᠠᠨ ᠬᠤᠯᠪᠣᠭᠠᠨ ᠤ ᠬᠤᠭᠤᠯᠠᠢ ᠶᠢᠨ ᠱᠤᠭᠤᠮ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ | ᠭᠤᠣᠯᠳᠠᠯᠭ᠎ᠠ ᠲᠠᠢ ᠠᠬᠢᠭᠤᠯᠤᠨ᠎ᠠ︔ ᠢᠯᠴᠢ ᠶᠢᠨ ᠰᠤᠷᠪᠤᠯᠵᠢ ᠢᠯᠴᠢ ᠶᠢᠨ ᠲᠣᠣᠷ ᠤᠨ ᠪᠡᠯᠡᠳᠬᠡᠮᠵᠢ ᠶᠢᠨ | ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠲᠠᠯ᠎ᠠ ᠪᠠᠷ᠂ ᠲᠣᠭᠲᠠᠬᠤ ᠴᠠᠬᠢᠯᠭᠠᠨ ᠤ ᠦᠢᠯᠡᠳᠪᠦᠷᠢ ᠠᠴᠠ | ᠰᠠᠭᠠᠯᠢᠴᠢᠨ ᠠᠵᠤ ᠦᠢᠯᠡᠳᠪᠦᠷᠢ ᠶᠢᠨ ᠲᠣᠭᠤᠷᠢᠭ ᠬᠦᠷᠬᠦ ᠢᠯᠴᠢ ᠬᠠᠩᠭᠠᠬᠤ ᠤᠷᠲᠤ ᠬᠤᠭᠤᠯᠠᠢ ᠶᠢᠨ ᠲᠣᠣᠷ ᠤᠨ | ᠢᠨᠵᠧᠨᠧᠷᠢᠩ ᠢ ᠭᠤᠣᠯᠳᠠᠯᠭ᠎ᠠ ᠲᠠᠢ ᠠᠬᠢᠭᠤᠯᠤᠨ᠎ᠠ︔ ᠰᠦᠯᠵᠢᠶᠡᠨ ᠤ ᠰᠠᠭᠤᠷᠢ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ ᠶᠢᠨ ᠢᠨᠵᠧᠨᠧᠷᠢᠩ ᠤᠨ ᠲᠠᠯ᠎ᠠ ᠪᠠᠷ᠂ 5 ᠵᠦᠢᠯ ᠤᠨ 5G ᠰᠠᠭᠤᠷᠢ ᠥᠷᠲᠡᠭᠡ᠂ ᠴᠠᠬᠢᠯᠭᠠᠨ | ᠴᠡᠨᠡᠭᠯᠡᠬᠦ ᠱᠣᠩ ᠵᠢᠴᠢ ᠢᠵᠢ ᠪᠦᠷᠢᠳᠦᠭᠦᠯᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ | ᠭᠤᠣᠯᠳᠠᠯᠭ᠎ᠠ ᠲᠠᠢ ᠲᠦᠯᠬᠢᠨ ᠠᠬᠢᠭᠤᠯᠤᠨ᠎ᠠ᠃ ᠠᠮᠢ ᠠᠬᠤᠢ ᠣᠷᠴᠢᠨ ᠨᠥᠬᠦᠴᠡᠯ ᠤᠨ ᠲᠥᠷᠥᠯ ᠳᠤ᠂ ᠡᠨᠡ ᠵᠢᠯ | 2 ᠲᠥᠷᠥᠯ ᠤᠨ 3 ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ ᠪᠣᠶ᠃ ᠲᠣᠰ ᠲᠣᠰ | ᠰᠠᠭᠠᠯᠢᠴᠢᠨ ᠤ ᠪᠣᠷᠣᠭᠠᠨ ᠤ ᠤᠰᠤ ᠶᠢ ᠳᠠᠷᠬᠠᠶ ᠭᠠᠳᠠᠭᠰᠢᠯᠠᠭᠤᠯᠬᠤ ᠶᠢ ᠵᠠᠰᠠᠬᠤ ᠢᠨᠵᠧᠨᠧᠷᠢᠩ᠂ 5 ᠬᠠᠷᠮᠠᠨ | ᠴᠡᠴᠡᠷᠯᠢᠭ᠂ 2 ᠪᠡᠶ᠎ᠡ ᠶᠢᠨ ᠲᠠᠮᠢᠷ ᠤᠨ ᠬᠥᠳᠡᠯᠭᠡᠭᠡᠨ ᠤ ᠭᠤᠣᠯ ᠰᠡᠳᠦᠪᠲᠦ ᠴᠡᠴᠡᠷᠯᠢᠭ ᠪᠣᠯᠣᠨ᠎ᠠ᠃ ᠠᠷᠠᠳ ᠤᠨ | ᠠᠮᠢᠳᠤᠷᠠᠯ ᠤᠨ ᠪᠠᠲᠤᠯᠠᠭ᠎ᠠ ᠶᠢᠨ ᠲᠦᠷᠦᠯ ᠳᠤ᠂ ᠡᠨᠡ ᠵᠢᠯ 205 ᠢᠵᠢ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ | ᠣᠷᠣᠨ ᠰᠠᠭᠤᠴᠠ ᠶᠢ ᠴᠤᠭᠯᠠᠭᠤᠯᠬᠤ ᠪᠠᠷ ᠲᠥᠯᠥᠪᠯᠡᠵᠦ ᠪᠠᠶᠢᠨ᠎ᠠ᠃ ᠵᠠᠮ ᠬᠠᠷᠢᠯᠴᠠᠭᠠᠨ ᠤ ᠲᠥᠬᠦᠮ ᠦᠵᠡᠭᠦᠯᠬᠦ | ᠲᠥᠷᠥᠯ ᠳᠤ᠂ ᠡᠨᠡ ᠵᠢᠯ 2 ᠲᠥᠷᠥᠯ ᠤᠨ 24 ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠬᠦ ᠪᠠᠷ | ᠲᠥᠯᠥᠪᠯᠡᠵᠦ ᠪᠣᠶ᠃ ᠰᠢᠨ᠎ᠡ ᠪᠠᠷ ᠦᠷᠭᠦᠯᠵᠢᠯᠡᠨ ᠪᠠᠶᠢᠭᠤᠯᠬᠤ ᠬᠥᠭᠦᠷᠭᠡ ᠶᠢᠨ ᠪᠠᠷᠢᠯᠭ᠎ᠠ ᠶᠢᠨ ᠲᠠᠯ᠎ᠠ ᠪᠠᠷ᠂ ᠶᠢᠨ | ᠬᠠᠢ ᠵᠠᠮ ᠤᠨ ᠪᠠᠷᠠᠭᠤᠨᠰᠢ ᠦᠷᠭᠦᠯᠵᠢᠯᠡᠬᠦ ᠬᠡᠰᠡᠭ ᠪᠡᠶᠡᠯᠡᠭᠦᠯᠵᠦ᠂ 2 ᠰᠠᠯᠠᠭ᠎ᠠ ᠵᠠᠮ ᠤᠨ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠶᠢ ᠰᠢᠨ᠎ᠡ ᠪᠠᠷ ᠨᠡᠮᠡᠭᠳᠡᠭᠦᠯᠦᠨ᠎ᠡ︔ ᠰᠢᠨ᠎ᠡ ᠪᠠᠷ ᠦᠷᠭᠦᠯᠵᠢᠯᠡᠨ ᠪᠠᠶᠢᠭᠤᠯᠬᠤ ᠵᠠᠮ ᠤᠨ | ᠢᠨᠵᠧᠨᠧᠷᠢᠩ ᠤᠨ ᠲᠠᠯ᠎ᠠ ᠪᠠᠷ᠂ 22 ᠵᠤᠷᠪᠤᠰ ᠬᠤᠲᠠ ᠶᠢᠨ ᠶᠠᠪᠤᠳᠠᠯ ᠤᠨ ᠵᠠᠮ ᠤᠨ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠶᠢ ᠭᠤᠣᠯᠳᠠᠯᠭ᠎ᠠ ᠲᠠᠢ ᠲᠦᠯᠬᠢᠨ ᠠᠬᠢᠭᠤᠯᠤᠨ᠎ᠠ᠂ ᠡᠭᠦᠨ ᠳᠤ ᠰᠠᠭᠠᠯᠢᠴᠢᠨ ᠤ ᠠᠵᠤ | ᠦᠢᠯᠡᠳᠪᠦᠷᠢ ᠶᠢᠨ ᠲᠣᠭᠤᠷᠢᠭ ᠤᠨ 15 ᠵᠤᠷᠪᠤᠰ᠂ ᠷᠦ᠋ ᠢ ᠶᠢᠨ ᠶᠡᠷᠦᠩᠬᠡᠢ ᠬᠡᠯᠲᠡᠰ ᠤᠨ ᠰᠠᠭᠤᠷᠢᠨ ᠭᠠᠵᠠᠷ ᠤᠨ | 6 ᠵᠤᠷᠪᠤᠰ᠂ ᠴᠠᠭᠠᠨ ᠣᠪᠤᠷᠭᠠ ᠪᠠᠷᠠᠭᠠᠨ ᠤ ᠭᠦᠢᠯᠭᠡᠭᠡᠨ ᠤ ᠬᠦᠷᠢᠶᠡᠯᠡᠩ ᠤᠨ 1 ᠵᠤᠷᠪᠤᠰ ᠪᠠᠭᠲᠠᠨ᠎ᠠ᠃ ᠭᠡᠷ | ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠶᠢᠨ ᠲᠥᠷᠥᠯ ᠳᠤ᠂ ᠡᠨᠡ ᠵᠢᠯ ᠢ ᠲᠠᠢ | ᠬᠤᠸᠠ ᠹᠦ᠋ ᠶᠦᠨ ᠰᠢ᠂ ᠷᠦ᠋ ᠢ ᠱᠢ ᠵᠢᠶᠠ᠂ ᠯᠢᠨ ᠵᠢᠶᠠᠩ ᠲᠠᠯᠠᠪᠠᠶ᠂ ᠵᠥᠩ ᠢᠦᠢ ᠲᠠᠯᠠᠪᠠᠶ᠂ ᠵᠥᠩ ᠳ᠋ᠦᠸᠧ | ᠲᠥᠪ ᠵᠡᠷᠭᠡ 5 ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ ᠪᠣᠶ᠃ | ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠬᠢᠷᠢ | ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠴᠢᠳᠠᠮᠵᠢ ᠶᠢᠨ ᠪᠠᠶᠢᠷᠢᠰᠢᠭᠤᠯᠤᠯᠲᠠ ᠶᠢ | ᠲᠡᠭᠦᠯᠳᠡᠷᠵᠢᠭᠦᠯᠬᠦ ᠶᠢᠨ ᠲᠥᠯᠥᠭᠡ᠂ ᠨᠠᠮ ᠤᠨ ᠠᠵᠢᠯᠯᠠᠬᠤ ᠬᠤᠷᠢᠶ᠎ᠠ᠂ ᠬᠠᠮᠢᠶᠠᠷᠤᠯᠲᠠ ᠶᠢᠨ ᠵᠥᠪᠯᠡᠯ ᠤᠨ ᠠᠵᠢᠯ ᠤᠨ | ᠱᠠᠭᠠᠷᠳᠠᠯᠭ᠎ᠠ ᠶᠣᠰᠣᠭᠠᠷ᠂ ︽ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ 2023 ᠣᠨ ᠤ ᠬᠤᠲᠠ ᠶᠢᠨ | ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠥᠯᠥᠪᠯᠡᠭᠡ︾ ᠶᠢ ᠲᠣᠭᠲᠠᠭᠠᠨ | ᠳᠠᠷᠤᠮᠠᠯᠯᠠᠨ ᠲᠠᠷᠬᠠᠭᠠᠵᠤ᠂ ᠰᠠᠭᠤᠷᠢ ᠪᠡᠯᠡᠳᠬᠡᠮᠵᠢ᠂ ᠠᠮᠢ ᠠᠬᠤᠢ ᠣᠷᠴᠢᠨ ᠲᠣᠭᠤᠷᠢᠨ ᠢ ᠵᠠᠰᠠᠬᠤ᠂ ᠬᠤᠲᠠ ᠶᠢ | ᠰᠢᠨᠡᠳᠬᠡᠨ ᠥᠭᠡᠷᠡᠴᠢᠯᠡᠬᠦ᠂ ᠵᠠᠮ ᠬᠠᠷᠢᠯᠴᠠᠭᠠᠨ ᠤ ᠲᠥᠬᠦᠮ ᠦᠵᠡᠭᠦᠯᠬᠦ᠂ ᠭᠡᠷ ᠪᠠᠶᠢᠰᠢᠩ ᠭᠠᠵᠠᠷ ᠬᠥᠷᠥᠩᠭᠡ ᠶᠢᠨ | ᠵᠠᠬ᠎ᠠ ᠳᠡᠯᠭᠡᠭᠦᠷ ᠢ ᠨᠡᠭᠡᠭᠡᠨ ᠬᠥᠭᠵᠢᠭᠦᠯᠬᠦ 5 ᠲᠠᠯ᠎ᠠ ᠶᠢᠨ ᠲᠣᠭᠤᠷᠢᠨ ᠳᠤ 70 ᠲᠥᠷᠥᠯ ᠵᠦᠢᠯ ᠢ ᠭᠤᠣᠯᠳᠠᠯᠭ᠎ᠠ ᠲᠠᠢ | ᠬᠡᠷᠡᠭᠵᠢᠬᠦᠯᠦᠨ᠎ᠡ᠃ ᠡᠭᠦᠨ ᠤ ᠳᠣᠲᠣᠷ᠎ᠠ 14 ᠵᠦᠢᠯ ᠢ ᠦᠷᠭᠦᠯᠵᠢᠯᠡᠨ ᠪᠠᠶᠢᠭᠤᠯᠵᠤ᠂ 1 ᠵᠦᠢᠯ ᠢ ᠪᠡᠯᠡᠳᠭᠡᠮᠵᠦ᠂ | 3 ᠵᠦᠢᠯ ᠢ ᠥᠭᠡᠷᠡᠴᠢᠯᠡᠵᠦ᠂ 52 ᠵᠦᠢᠯ ᠢ ᠰᠢᠨ᠎ᠡ ᠪᠠᠷ ᠪᠠᠶᠢᠭᠤᠯᠵᠤ᠂ ᠶᠡᠷᠦᠩᠬᠡᠢ ᠪᠡᠯᠡ ᠣᠷᠤᠭᠤᠯᠤᠯᠲᠠ 251 | ᠳ᠋ᠦᠩᠰᠢᠭᠤᠷ ᠲᠥᠭᠦᠷᠢᠭ ᠬᠦᠷᠦᠨ᠎ᠡ᠃ 4 ᠳ᠋ᠤᠭᠡᠷ ᠰᠠᠷ᠎ᠠ ᠶᠢᠨ ᠡᠴᠦᠰ ᠪᠣᠯᠲᠠᠯ᠎ᠠ ᠨᠢᠭᠡᠨᠲᠡ 18 ᠵᠦᠢᠯ ᠤᠨ | ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ᠂ 4.24 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ | ᠪᠡᠶᠡᠯᠡᠭᠦᠯᠵᠡᠢ᠃ ᠠ ᠲᠧ ᠰᠧ᠂ ᠵᠧᠩ ᠲᠠᠢ ᠴᠠᠬᠢᠯᠭᠠᠨ ᠬᠡᠷᠡᠭᠰᠡᠯ᠂ ᠭᠦᠸᠧ ᠵᠢᠶᠠ ᠨᠠᠨᠤᠮᠧᠳ᠋ᠷ᠂ ᠬᠤᠸᠠ | ᠶᠣᠣ ᠶᠢᠨ ᠭᠤᠷᠪᠠᠳᠤᠭᠠᠷ ᠬᠤᠭᠤᠴᠠᠭ᠎ᠠ᠂ ᠹᠦ᠋ ᠮᠢᠩ ᠰᠢᠨ᠎ᠡ ᠡᠨᠧᠷᠭᠢ ᠵᠡᠷᠭᠡ ᠲᠥᠷᠥᠯ ᠵᠦᠢᠯ ᠤᠨ ᠲᠣᠭᠤᠷᠢᠨ ᠳᠤ | ᠰᠠᠭᠤᠷᠢ ᠪᠡᠯᠡᠳᠬᠡᠮᠵᠢ ᠶᠢᠨ ᠢᠵᠢ ᠪᠦᠷᠢᠳᠦᠭᠦᠯᠬᠦ ᠪᠦᠲᠦᠭᠡᠨ ᠪᠠᠶᠢᠭᠤᠯᠤᠯᠲᠠ ᠶᠢᠨ ᠲᠥᠰᠥᠯ ᠢ ᠰᠠᠶᠢᠲᠤᠷ ᠬᠢᠵᠦ᠂ | ᠲᠥᠷᠥᠯ ᠵᠦᠢᠯ ᠤᠨ ᠠᠬᠢᠴᠠ ᠶᠢ ᠴᠠᠭ ᠲᠤᠬᠠᠢ ᠳᠤᠨᠢ ᠳᠠᠭᠠᠵᠤ᠂ ᠰᠠᠭᠤᠷᠢ ᠪᠡᠯᠡᠳᠬᠡᠮᠵᠢ ᠶᠢᠨ ᠢᠵᠢ ᠪᠦᠷᠢᠳᠦᠭᠦᠯᠬᠦ | ᠪᠦᠲᠦᠭᠡᠨ ᠪᠠᠶᠢᠭᠤᠯᠤᠯᠲᠠ ᠶᠢᠨ ᠠᠵᠢᠯ ᠢ ᠲᠦᠯᠬᠢᠨ ᠠᠬᠢᠭᠤᠯᠤᠨ᠎ᠠ᠃ | ᠬᠦᠷᠢᠶᠡᠯᠡᠩ ᠲᠣᠭᠤᠷᠢᠭ ᠤᠨ ᠢᠯᠴᠢ᠂ ᠰᠢᠲᠠᠮᠠᠬᠠᠢ ᠬᠡᠢ᠂ ᠴᠠᠬᠢᠯᠭᠠᠨ᠂ ᠬᠡᠢ ᠬᠠᠩᠭᠠᠬᠤ᠂ ᠴᠢᠮᠡᠭᠡ | ᠬᠤᠯᠪᠣᠭ᠎ᠠ᠂ ᠤᠰᠤ ᠬᠠᠩᠭᠠᠬᠤ ᠤᠰᠤ ᠭᠠᠳᠠᠭᠰᠢᠯᠠᠭᠤᠯᠬᠤ ᠠᠵᠢᠯ ᠲᠥᠷᠥᠯ ᠢ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠪᠣᠯᠤᠭᠰᠠᠨ ᠤ ᠬᠤᠪᠢ ᠳᠤ᠂ ᠬᠦᠷᠢᠶᠡᠯᠡᠩ ᠲᠣᠭᠤᠷᠢᠭ ᠤᠨ ᠨᠡᠶᠢᠲᠡ ᠶᠢᠨ ᠬᠡᠷᠡᠭᠯᠡᠭᠡᠨ ᠤ ᠦᠢᠯᠡᠰ ᠤᠨ | ᠰᠦᠢᠳᠬᠡᠯ ᠬᠤᠷᠢᠶᠠᠬᠤ ᠶᠢ ᠵᠢᠷᠤᠮᠵᠢᠭᠤᠯᠵᠤ᠂ ᠬᠦᠷᠢᠶᠡᠯᠡᠩ ᠲᠣᠭᠤᠷᠢᠭ ᠤᠨ ᠬᠤᠳᠠᠯᠳᠤᠭ᠎ᠠ ᠡᠷᠭᠢᠯᠡᠬᠦ ᠣᠷᠴᠢᠨ | ᠨᠦᠬᠦᠴᠡᠯ ᠢ ᠰᠢᠯᠢᠳᠡᠭᠵᠢᠭᠦᠯᠬᠦ ᠶᠢᠨ ᠲᠤᠰᠠᠳᠠ᠂ ᠵᠢᠯ ᠤᠨ ᠡᠬᠢᠨ ᠳᠤ ᠬᠤᠲᠠ ᠶᠢᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ ᠲᠠᠢ ᠵᠣᠬᠢᠴᠠᠭᠤᠯᠤᠨ᠂ ᠰᠠᠭᠠᠯᠢᠴᠢᠨ ᠲᠣᠭᠤᠷᠢᠭ ᠤᠨ ᠤᠰᠤ ᠬᠠᠩᠭᠠᠬᠤ ᠤᠰᠤ | ᠵᠠᠯᠠᠬᠤ ᠵᠢᠴᠢ ᠢᠯᠴᠢ ᠬᠠᠩᠭᠠᠬᠤ᠂ ᠬᠡᠢ ᠬᠠᠩᠭᠠᠬᠤ ᠦᠨ᠎ᠡ ᠬᠠᠩᠰᠢ ᠶᠢ ᠲᠣᠭᠲᠠᠭᠠᠬᠤ ᠠᠵᠢᠯ ᠢ ᠪᠡᠶᠡᠯᠡᠭᠦᠯᠪᠡ᠃ | ᠡᠭᠦᠨ ᠤ ᠬᠠᠮᠲᠤ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠤᠲᠠ ᠶᠢᠨ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠲᠠᠢ ᠢᠳᠡᠪᠬᠢᠲᠡᠢ | ᠵᠣᠬᠢᠴᠠᠭᠤᠯᠵᠤ ᠪᠠᠶᠢᠭᠠᠳ ᠬᠦᠷᠢᠶᠡᠯᠡᠩ ᠲᠣᠭᠤᠷᠢᠭ ᠲᠤ ᠢᠯᠴᠢ ᠬᠠᠩᠭᠠᠬᠤ ᠪᠠ ᠨᠡᠭᠦᠷᠡᠰᠦ ᠬᠠᠩᠭᠠᠬᠤ ᠪᠠᠷ | ᠴᠢᠷᠮᠠᠶᠢᠨ᠎ᠠ᠃ | ᠬᠥᠲᠥᠯᠥᠭᠴᠢ᠄ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢᠨ | ᠠᠵᠢᠯ ᠠᠮᠵᠢᠯᠲᠠ ᠣᠯᠪᠠ᠂ ᠲᠠᠷᠠᠭᠠᠴᠢ ᠶᠢᠨ ᠠᠯᠬᠤᠮ ᠤᠨ ᠠᠵᠢᠯ ᠳᠤ ᠶᠠᠮᠠᠷ ᠶᠠᠮᠠᠷ ᠲᠥᠯᠥᠪᠯᠡᠭᠡ ᠲᠠᠢ ᠪᠣᠶ︖ | ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠳᠡᠳ᠋ ᠭᠠᠵᠠᠷ ᠤᠨ ᠲᠠᠰ ᠤᠨ | ᠤᠳᠤᠷᠢᠳᠤᠯᠭ᠎ᠠ ᠸᠠᠩ ᠫᠧᠩ ᠶᠧ᠄ | ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠮᠠᠰᠢ ᠣᠯᠠᠨ᠂ ᠬᠠᠷᠢᠭᠤᠴᠠᠯᠭ᠎ᠠ ᠬᠦᠨᠳᠦ ᠶᠡᠭᠡ᠃ | ᠪᠢᠳᠡ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ᠂ ᠬᠠᠮᠢᠶᠠᠷᠤᠯᠲᠠ ᠶᠢᠨ | ᠵᠥᠪᠯᠡᠯ ᠤᠨ ᠵᠥᠪ ᠣᠨᠣᠪᠴᠢᠲᠠᠶ ᠤᠳᠤᠷᠢᠳᠤᠯᠭ᠎ᠠ ᠪᠠ ᠳᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ | ᠮᠥᠴᠢᠷ ᠤᠨ ᠵᠢᠯᠣᠭᠤᠳᠤᠯᠭ᠎ᠠ ᠳᠣᠣᠷ᠎ᠠ᠂ ᠤᠳᠤᠷᠢᠳᠬᠤ ᠪᠠᠭ ᠤᠨ ᠪᠦᠬᠦᠯᠢ ᠴᠣᠭᠴᠠ ᠶᠢᠨ ᠴᠢᠳᠠᠮᠵᠢ ᠶᠢ ᠭᠦᠢᠴᠡᠳ | ᠪᠠᠳᠠᠷᠠᠭᠤᠯᠵᠤ᠂ ᠺᠠᠳ᠋ᠷ ᠠᠵᠢᠯᠲᠠᠨ ᠠᠵᠢᠯᠴᠢᠨ ᠤ ᠠᠵᠢᠯ ᠬᠢᠵᠦ ᠦᠢᠯᠡᠰ ᠴᠣᠭᠴᠠᠯᠠᠬᠤ ᠬᠠᠯᠠᠭᠤᠨ ᠰᠡᠳᠬᠢᠯᠭᠡ ᠶᠢ | ᠬᠦᠭᠵᠢᠭᠡᠵᠦ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠨ᠂ ᠯᠠᠪᠳᠠᠭᠤᠨ ᠪᠠᠲᠤᠲᠠᠢ ᠠᠵᠢᠯᠯᠠᠨ᠎ᠠ᠃ ᠡᠯ᠎ᠡ | ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠬᠢᠴᠠ ᠶᠢᠨ ᠪᠠᠶᠢᠳᠠᠯ ᠢ ᠢᠳᠡᠪᠬᠢᠲᠡᠢ ᠲᠣᠬᠢᠷᠠᠭᠤᠯᠵᠤ᠂ | ᠡᠯ᠎ᠡ ᠪᠠᠷᠢᠯᠭ᠎ᠠ ᠶᠢᠨ ᠨᠢᠭᠡᠴᠡ ᠯᠦᠭᠡ ᠬᠠᠮᠲᠤ ᠪᠠᠷ ᠵᠢᠷᠤᠭ ᠡᠯᠭᠦᠨ ᠪᠠᠶᠢᠯᠳᠤᠵᠤ᠂ ᠪᠠᠷᠢᠯᠭ᠎ᠠ ᠶᠢᠨ ᠬᠤᠭᠤᠴᠠᠭ᠎ᠠ ᠶᠢ | ᠲᠣᠩᠭᠤᠷᠠᠭᠤᠯᠤᠨ ᠪᠠᠶᠢᠷᠢᠯᠠᠭᠤᠯᠵᠤ᠂ ᠡᠯ᠎ᠡ ᠵᠦᠢᠯ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠪᠠᠨ ᠴᠢᠨᠠᠷ ᠲᠤᠭ᠎ᠠ | ᠬᠡᠮᠵᠢᠶ᠎ᠡ ᠶᠢ ᠪᠠᠲᠤᠯᠠᠨ ᠬᠤᠭᠤᠴᠠᠭ᠎ᠠ ᠶᠣᠰᠣᠭᠠᠷ ᠪᠡᠶᠡᠯᠡᠭᠦᠯᠬᠦ ᠪᠠᠷ ᠴᠢᠷᠮᠠᠶᠢᠵᠤ᠂ ᠠᠵᠤ ᠠᠬᠤᠢ ᠶᠢᠨ ᠨᠡᠭᠡᠭᠡᠯᠲᠡ ᠶᠢᠨ | ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠲᠠᠬᠢᠨ ᠰᠢᠨ᠎ᠡ ᠳᠡᠭᠲᠡᠷ ᠲᠤ | ᠭᠠᠷᠬᠤ ᠶᠢ ᠴᠢᠷᠮᠠᠶᠢᠨ ᠲᠦᠯᠬᠢᠨ ᠠᠬᠢᠭᠤᠯᠤᠨ᠎ᠠ᠃ | ᠬᠠᠮᠢᠶᠠᠷᠤᠭᠴᠢ᠄ ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ | ᠸᠠᠩ ᠫᠧᠩ ᠶᠧ ᠨᠥᠬᠦᠷ ᠲᠤ ᠲᠠᠯᠠᠷᠬᠠᠵᠤ ᠪᠠᠶᠢᠨ᠎ᠠ᠂ ᠰᠦᠯᠵᠢᠶᠡᠨ ᠤ ᠨᠠᠶᠢᠵᠠ ᠨᠠᠷ ᠤᠨ ᠠᠩᠬᠠᠷᠤᠯ ᠪᠠ | ᠣᠷᠤᠯᠴᠠᠯᠭ᠎ᠠ ᠳᠤ ᠲᠠᠯᠠᠷᠬᠠᠵᠤ ᠪᠠᠶᠢᠨ᠎ᠠ᠂ ᠲᠣᠰ ᠬᠤᠭᠤᠴᠠᠭᠠᠨ ᠤ ᠰᠣᠷᠪᠤᠯᠵᠢᠯᠠᠭ᠎ᠠ ᠠᠳᠡ ᠬᠦᠷᠦᠭᠡᠳ ᠲᠡᠭᠦᠰᠦᠯ᠎ᠡ | ᠂ ᠪᠠᠶᠠᠷᠯᠠᠯ᠎ᠠ᠃ | |