ᠱᠠᠨ ᠰᠢ ᠵᠦᠴᠦᠭᠡ ︽ᠳᠠᠯᠠᠨ ᠬᠠᠷ᠎ᠠ ᠶᠢᠨ ᠦᠷᠡᠭᠳᠡᠭᠰᠡᠨ ᠪᠠᠭᠠᠲᠤᠷᠴᠤᠳ︾ ᠢ ᠪᠤᠭᠤᠲᠤ ᠬᠤᠲᠠ ᠳᠤ ᠲᠣᠭᠯᠠᠪᠠ
ᠨᠡᠶᠢᠲᠡᠯᠡᠭᠰᠡᠨ ᠴᠠᠭ᠄
2023/6/8
     6 ᠳ᠋ᠤᠭᠠᠷ ᠰᠠᠷ᠎ᠠ ᠶᠢᠨ 6  ᠤ ᠡᠳᠦᠷ ᠠᠴᠠ 7 ᠤ ᠡᠳᠦᠷ ᠪᠣᠯᠲᠠᠯ᠎ᠠ᠂ ᠬᠥᠬᠡᠬᠤᠲᠠ ᠶᠢᠨ ᠱᠠᠨ ᠰᠢ ᠵᠦᠴᠦᠭᠡ ᠶᠢᠨ ᠬᠦᠷᠢᠶᠡᠯᠡᠩ ᠤᠨ ᠬᠤᠪᠢᠰᠬᠠᠯ ᠤᠨ  ᠲᠡᠦᠬᠡ ᠪᠠᠷ ᠰᠡᠳᠦᠪᠯᠡᠭᠰᠡᠨ ᠱᠠᠨ ᠰᠢ ᠵᠦᠴᠦᠭᠡ ︽ᠳᠠᠯᠠᠨ ᠬᠠᠷ᠎ᠠ ᠶᠢᠨ ᠦᠷᠡᠭᠳᠡᠭᠰᠡᠨ ᠪᠠᠭᠠᠲᠤᠷᠴᠤᠳ︾ ᠢ ᠪᠤᠭᠤᠲᠤ ᠶᠢᠨ ᠲᠣᠮᠣ ᠵᠦᠴᠦᠭᠡ ᠶᠢᠨ  ᠬᠦᠷᠢᠶᠡᠯᠡᠩ ᠳᠤ ᠲᠣᠭᠯᠠᠪᠠ ᠃            ᠱᠠᠨ ᠰᠢ ᠵᠦᠴᠦᠭᠡ ︽ᠳᠠᠯᠠᠨ ᠬᠠᠷ᠎ᠠ ᠶᠢᠨ ᠦᠷᠡᠭᠳᠡᠭᠰᠡᠨ ᠪᠠᠭᠠᠲᠤᠷᠴᠤᠳ︾ ᠨᠢ ︽2023 ᠣᠨ ᠤ ᠥᠪᠥᠷ ᠮᠣᠩᠭᠤᠯ ᠤᠨ ᠰᠢᠯᠢᠳᠡᠭ ᠵᠦᠴᠦᠭᠡ ᠶᠢᠨ  ᠲᠣᠭᠯᠠᠯᠲᠠ ᠶᠢᠨ ᠰᠠᠷ᠎ᠠ︾ ᠶᠢᠨ ᠲᠣᠭᠯᠠᠯᠲᠠ ᠶᠢᠨ ᠵᠦᠴᠦᠭᠡ ᠶᠢᠨ ᠨᠢᠭᠡ ᠪᠣᠯᠤᠭᠰᠠᠨ ᠤ ᠬᠤᠪᠢ ᠳᠤ᠂ ᠳᠥᠷᠪᠡᠳᠦᠭᠡᠷ ᠬᠤᠭᠤᠴᠠᠭᠠᠨ ᠤ ᠥᠪᠥᠷ ᠮᠣᠩᠭᠤᠯ ᠤᠨ  ᠣᠷᠣᠨ ᠨᠤᠲᠤᠭ ᠤᠨ ᠰᠢ ᠵᠦᠴᠦᠭᠡ ᠶᠢᠨ ᠰᠢᠯᠢᠳᠡᠭ ᠵᠦᠴᠦᠭᠡ ᠶᠢᠨ ᠲᠣᠭᠯᠠᠯᠲᠠ ᠶᠢᠨ ᠰᠢᠯᠢᠳᠡᠭ ᠵᠦᠴᠦᠭᠡ ᠶᠢᠨ ᠪᠦᠲᠦᠭᠡᠯ ᠤᠨ ᠱᠠᠩᠨᠠᠯ᠂ ᠵᠦᠴᠦᠭᠡ  ᠨᠠᠶᠢᠷᠠᠭᠤᠯᠤᠭᠴᠢ ᠶᠢᠨ ᠱᠠᠩᠨᠠᠯ᠂ ᠳᠠᠭᠤᠤ ᠬᠥᠭᠵᠢᠮ ᠤᠨ ᠱᠠᠩᠨᠠᠯ᠂ ᠲᠣᠭᠯᠠᠯᠲᠠ ᠶᠢᠨ ᠱᠠᠩᠨᠠᠯ᠂ ᠲᠠᠶᠢᠰᠠᠨ ᠤ ᠤᠷᠠᠯᠠᠯ ᠤᠨ ᠱᠠᠩᠨᠠᠯ ᠵᠡᠷᠭᠡ ᠣᠯᠠᠨ ᠵᠦᠢᠯ ᠤᠨ  ᠲᠣᠮᠣ ᠱᠠᠩᠨᠠᠯ ᠢ ᠭᠥᠷᠳᠡᠪᠡ᠃ ᠲᠣᠰ ᠤᠳᠠᠭᠠᠨ ᠤ ᠲᠣᠭᠯᠠᠯᠲᠠ ᠨᠢ ᠬᠥᠬᠡᠬᠤᠲᠠ ᠶᠢᠨ ᠲᠠᠶᠢᠰᠠᠨ ᠤ ᠤᠷᠠᠯᠢᠭ ᠤᠨ ᠰᠣᠳᠣᠨ ᠪᠦᠲᠦᠭᠡᠯ ᠢ ᠳᠡᠯᠭᠡᠨ ᠦᠵᠡᠭᠦᠯᠵᠦ  ᠂ ᠬᠥᠬᠡᠬᠤᠲᠠ ᠪᠤᠭᠤᠲᠤ ᠬᠤᠶᠠᠷ ᠬᠤᠲᠠ ᠶᠢᠨ ᠰᠣᠶᠣᠯ ᠤᠨ ᠭᠦᠨᠵᠡᠭᠡᠢ ᠰᠣᠯᠢᠯᠴᠠᠭ᠎ᠠ ᠶᠢ ᠠᠬᠢᠭᠤᠯᠤᠨ᠂ ᠠᠷᠠᠳ ᠣᠯᠠᠨ ᠤ ᠰᠣᠶᠣᠯ ᠤᠨ ᠠᠮᠢᠳᠤᠷᠠᠯ ᠢ ᠤᠯᠠᠮ  ᠨᠢᠭᠡ ᠠᠯᠬᠤᠮ ᠪᠠᠶᠠᠯᠢᠭᠵᠢᠭᠤᠯᠤᠭᠰᠠᠨ ᠪᠠᠶᠢᠨ᠎ᠠ᠃     ᠰᠤᠷᠪᠤᠯᠵᠢᠯᠠᠭᠴᠢ ᠮᠢᠶᠣᠣ ᠴᠢᠩ ᠰᠡᠭᠦᠳᠡᠷᠯᠡᠪᠡ        
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号