ᠵᠣᠴᠢᠨ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠳᠥᠷᠪᠡᠳᠦᠭᠡᠷ ᠳᠡᠰ ᠤᠨ | ᠪᠠᠶᠢᠴᠠᠭᠠᠨ ᠰᠤᠳᠤᠯᠤᠭᠴᠢ ᠯᠢ ᠷᠦᠢ ᠴᠢᠨ᠂ ᠪᠠᠶᠢᠭᠤᠯᠭ᠎ᠠ ᠶᠢᠨ ᠨᠠᠮ ᠤᠨ ᠬᠤᠷᠢᠶ᠎ᠠ ᠶᠢᠨ ᠰᠢᠶᠣᠣ ᠴᠢ | ᠬᠠᠮᠢᠶᠠᠷᠤᠭᠴᠢ᠄ | ᠲᠣᠰ ᠤᠳᠠᠭᠠᠨ ᠤ ᠰᠣᠷᠪᠤᠯᠵᠢᠯᠠᠭ᠎ᠠ ᠪᠣᠯ ᠬᠥᠬᠡᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ ᠪᠠ | ᠬᠥᠬᠡᠬᠤᠲᠠ ᠶᠢᠨ ᠷᠠᠳᠢᠣ᠋ ᠲᠧᠯᠸᠢᠰ ᠬᠤᠷᠢᠶ᠎ᠠ ᠶᠢᠨ ᠤᠳᠬ᠎ᠠ ᠤᠷᠠᠯᠢᠭ ᠤᠨ ᠷᠠᠳᠢᠣ᠋ ᠶᠢᠨ ᠬᠠᠮᠲᠤᠷᠠᠭᠰᠠᠨ ᠲᠤᠰᠬᠠᠢ | ᠰᠣᠷᠪᠤᠯᠵᠢᠯᠠᠭ᠎ᠠ ᠪᠣᠯᠣᠨ᠎ᠠ᠂ ᠰᠦᠯᠵᠢᠶᠡᠨ ᠠᠨᠳᠠ ᠨᠠᠷ ᠰᠦᠯᠵᠢᠶᠡᠨ ᠳᠡᠭᠡᠷ᠎ᠡ ᠦᠭᠡ ᠦᠯᠡᠳᠡᠭᠡᠵᠦ ᠵᠣᠴᠢᠳ ᠲᠠᠢ | ᠰᠠᠨᠠᠯ ᠢᠶᠠᠨ ᠰᠣᠯᠢᠯᠴᠠᠵᠤ ᠪᠣᠯᠣᠨ᠎ᠠ᠂ ᠰᠦᠯᠵᠢᠶᠡᠨ ᠠᠨᠳᠠ ᠨᠠᠷ ᠤᠨ ᠢᠳᠡᠪᠬᠢᠲᠡᠢ ᠣᠷᠣᠯᠴᠠᠬᠤ ᠶᠢ ᠪᠠᠶᠠᠷᠯᠠᠨ | ᠤᠭᠲᠤᠵᠤ ᠪᠠᠶᠢᠨ᠎ᠠ᠃ | ᠬᠥᠲᠥᠯᠥᠭᠴᠢ᠄ | ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ︽ᠨᠡᠶᠢᠭᠡᠮ ᠵᠢᠷᠤᠮ ᠤᠨ ᠣᠳᠣᠬᠢᠴᠢᠯᠠᠭᠰᠠᠨ | ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠶᠢᠨ ᠵᠠᠩᠭᠢᠯᠠᠭ᠎ᠠ ᠨᠢ ᠨᠠᠮ ᠳᠤ ᠪᠠᠶᠢᠨ᠎ᠠ︾ ᠭᠡᠵᠦ ᠵᠢᠭᠠᠵᠤ | ᠭᠠᠷᠭᠠᠪᠠ᠃ ᠣᠶᠢᠷ᠎ᠠ ᠶᠢᠨ ᠵᠢᠯ ᠠᠴᠠ᠂ ᠬᠤᠳᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠨᠠᠮ ᠤᠨ | ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ ᠪᠣᠯᠣᠨ ᠨᠠᠮ ᠤᠨ ᠭᠡᠰᠢᠭᠦᠨ ᠤ ᠬᠤᠰᠢᠭᠤᠴᠢ | ᠵᠢᠱᠢᠶᠡᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠠᠮ ᠤᠨ ᠭᠡᠰᠢᠭᠦᠨ ᠺᠠᠳ᠋ᠷᠴᠤᠳ ᠢ ᠦᠨᠡᠨᠬᠦ ᠬᠥᠳᠡᠯᠭᠡᠵᠦ᠂ | ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢ ᠦᠨᠡᠨᠬᠦ ᠠᠮᠢᠳᠤᠯᠢᠭᠵᠢᠭᠤᠯᠵᠤ᠂ ᠨᠠᠮ ᠤᠨ | ᠪᠠᠶᠢᠭᠤᠯᠤᠯᠲᠠ ᠶᠢᠨ ᠠᠵᠢᠯ ᠢ ᠦᠨᠡᠨᠬᠦ ᠪᠣᠳᠠᠲᠠᠶᠢᠵᠢᠭᠤᠯᠵᠤ᠂ ᠨᠠᠮ ᠤᠨ ᠪᠠᠶᠢᠭᠤᠯᠤᠯᠲᠠ ᠶᠢᠨ ᠶᠠᠰᠤ ᠴᠢᠨᠠᠷ ᠢᠶᠠᠷ | ᠬᠥᠭᠵᠢᠭᠦᠯᠦᠯᠲᠡ ᠥᠭᠡᠷᠡᠴᠢᠯᠡᠯᠲᠡ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠬᠠᠮᠤᠭ ᠤᠨ ᠴᠢᠩᠭ᠎ᠠ | ᠳᠠᠭᠤᠨ ᠢ ᠴᠢᠪᠬᠠᠳᠠᠵᠤ᠂ ᠨᠠᠮ ᠤᠨ ᠪᠠᠶᠢᠭᠤᠯᠤᠯᠲᠠ ᠶᠢᠨ ᠲᠤᠬᠠᠶᠢᠯᠠᠭᠰᠠᠨ ᠠᠵᠢᠯ ᠢ ᠠᠭᠤᠰᠤᠯᠴᠠᠭᠤᠯᠤᠨ ᠬᠠᠷᠢᠯᠴᠠᠨ | ᠠᠬᠢᠭᠤᠯᠬᠤ ᠲᠠᠯ᠎ᠠ ᠪᠠᠷ ᠦᠨᠡᠨ ᠪᠣᠳᠠᠲᠠᠢ ᠦᠷ᠎ᠡ ᠪᠦᠲᠦᠮᠵᠢ ᠣᠯᠬᠤ ᠪᠠᠷ ᠴᠢᠷᠮᠠᠶᠢᠪᠠ᠃ ᠬᠤᠲᠠ ᠶᠢᠨ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠠᠳᠬᠤᠬᠤ | ᠲᠠᠯ᠎ᠠ ᠪᠠᠷ ᠬᠢ ᠵᠠᠷᠢᠮ ᠲᠤᠷᠰᠢᠯᠭ᠎ᠠ ᠪᠠ ᠠᠷᠭ᠎ᠠ ᠬᠢᠳᠡᠯ ᠢᠶᠠᠨ ᠣᠯᠠᠨ ᠲᠠᠢ ᠬᠤᠪᠢᠶᠠᠯᠴᠠᠨ᠎ᠠ ᠤᠤ︖ | ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠳᠥᠷᠪᠡᠳᠦᠭᠡᠷ ᠳᠡᠰ ᠤᠨ ᠪᠠᠶᠢᠴᠠᠭᠠᠨ | ᠰᠤᠳᠤᠯᠤᠭᠴᠢ ᠯᠢ ᠷᠦᠢ ᠴᠢᠨ᠄ | ᠡᠩ ᠲᠡᠷᠢᠭᠦᠨ ᠳᠤ᠂ ᠰᠦᠯᠵᠢᠶᠡᠨ ᠤ ᠰᠣᠷᠪᠤᠯᠵᠢᠯᠠᠭ᠎ᠠ ᠶᠢᠨ ᠪᠤᠯᠤᠩ ᠠᠴᠠ ᠪᠢᠳᠡᠨ ᠳᠤ ᠡᠶᠢᠮᠦ ᠨᠢᠭᠡᠨ | ᠲᠣᠬᠢᠶᠠᠯ ᠣᠯᠭᠤᠵᠤ᠂ ᠥᠷᠭᠡᠨ ᠣᠯᠠᠨ ᠰᠦᠯᠵᠢᠶᠡᠨ ᠠᠨᠳᠠ ᠪᠠ ᠰᠣᠨᠣᠰᠤᠭᠴᠢᠳ ᠲᠠᠢ ᠬᠠᠮᠲᠤ ᠪᠠᠷ ᠬᠤᠲᠠ ᠶᠢᠨ | ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠤᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠶᠡᠬᠡᠪᠡᠷ | ᠠᠳᠬᠤᠬᠤ ᠲᠠᠯ᠎ᠠ ᠪᠠᠷ ᠬᠢ ᠵᠠᠷᠢᠮ ᠠᠷᠭ᠎ᠠ ᠬᠢᠳᠡᠯ ᠪᠠ ᠲᠥᠷᠥᠭᠳᠡᠯ ᠢᠶᠠᠨ ᠬᠤᠪᠢᠶᠠᠯᠴᠠᠬᠤ ᠪᠣᠯᠤᠭᠰᠠᠨ ᠳᠠᠭᠠᠨ ᠮᠠᠰᠢ | ᠲᠠᠯᠠᠷᠬᠠᠵᠤ ᠪᠠᠶᠢᠨ᠎ᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ | ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠭᠰᠡᠨ | ᠪᠥᠭᠡᠳ ᠠᠯᠢ ᠤᠯᠠᠨ ᠴᠢᠬᠤᠯᠠ ᠶᠡᠭᠡ ᠪᠠᠶᠢᠷᠢᠯᠠᠭᠤᠯᠤᠯᠲᠠ ᠬᠢᠭᠰᠡᠨ ᠶᠤᠮ᠃ ᠶᠡᠷᠦᠩᠬᠡᠢ ᠱᠦᠵᠢ ᠰᠢ ᠶᠢᠨ ᠫᠢᠩ | ᠪᠠᠰᠠ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯ ᠨᠠᠮ ᠤᠨ ᠪᠦᠬᠦ ᠠᠵᠢᠯ ᠪᠠ ᠲᠠᠶᠢᠴᠢᠨ | ᠬᠦᠴᠦᠨ ᠤ ᠰᠠᠭᠤᠷᠢ ᠮᠥᠨ ᠭᠡᠵᠦ ᠣᠯᠠᠨᠲᠠ ᠴᠢᠬᠤᠯᠠᠴᠢᠯᠠᠭᠰᠠᠨ ᠶᠤᠮ᠃ ᠨᠠᠮ ᠤᠨ ᠬᠤᠷᠢᠳᠤᠭᠠᠷ ᠶᠡᠭᠡ ᠬᠤᠷᠠᠯ ᠤᠨ | ᠢᠯᠡᠳᠬᠡᠯ ᠳᠤ ᠪᠠᠰᠠ᠄ ︽ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠨᠠᠮ ᠤᠨ | ᠤᠳᠤᠷᠢᠳᠤᠯᠭ᠎ᠠ ᠶᠢ ᠪᠦᠲᠦᠮᠵᠢᠲᠡᠶ ᠪᠡᠶᠡᠯᠡᠭᠦᠯᠬᠦ ᠪᠠᠲᠤ ᠴᠢᠩᠭ᠎ᠠ ᠲᠠᠶᠢᠴᠢᠨ ᠪᠠᠬᠢᠯᠡᠯᠲᠡ ᠪᠣᠯᠭᠠᠨ ᠪᠠᠶᠢᠭᠤᠯᠵᠤ᠂ | ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ︾ | ᠭᠡᠵᠦ ᠤᠯᠠᠮ ᠨᠢᠭᠡ ᠠᠯᠬᠤᠮ ᠵᠢᠭᠠᠵᠤ ᠭᠠᠷᠭᠠᠪᠠ᠃ ᠡᠶᠢᠮᠦ ᠠᠴᠠ ᠵᠦᠪᠯᠡᠯ ᠤᠨ ᠨᠠᠮ ᠤᠨ ᠤᠳᠤᠷᠢᠳᠬᠤ | ᠳᠤᠭᠤᠶᠢᠯᠠᠩ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠢᠮᠠᠭᠲᠠ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠨᠠᠮ ᠤᠨ ᠲᠥᠪ ᠬᠤᠷᠢᠶ᠎ᠠ ᠶᠢᠨ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢ ᠭᠦᠨᠵᠡᠭᠡᠢ | ᠠᠬᠢᠭᠤᠯᠬᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠲᠠᠢ ᠬᠠᠷᠭᠤᠭᠤᠯᠬᠤ ᠶᠢ | ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ ᠴᠢᠩᠭ᠎ᠠ | ᠳᠠᠭᠠᠵᠤ᠂ ᠦᠨᠳᠦᠰᠦᠨ ᠱᠠᠲᠤᠨ ᠤ ᠢᠯᠡ ᠲᠣᠳᠣ ᠤᠳᠤᠷᠢᠳᠤᠮᠵᠢ ᠶᠢ ᠶᠡᠭᠡ ᠪᠠᠷ ᠠᠳᠬᠤᠬᠤ ᠶᠢ ᠪᠠᠷᠢᠮᠲᠠᠯᠠᠵᠤ᠂ ︽ | ᠲᠣᠭᠲᠠᠴᠠ ᠶᠢ ᠪᠠᠶᠢᠭᠤᠯᠬᠤ᠂ ᠡᠩᠨᠡᠭᠡ ᠶᠢ ᠬᠦᠴᠦᠷᠬᠡᠭᠵᠢᠭᠦᠯᠬᠦ᠂ ᠰᠢᠨ᠎ᠡ ᠶᠢ ᠡᠭᠦᠳᠬᠦ ᠶᠢ ᠠᠳᠬᠤᠬᠤ᠂ ᠪᠣᠳᠠᠲᠤ | ᠦᠷ᠎ᠡ ᠪᠦᠲᠦᠮᠵᠢ ᠶᠢ ᠴᠢᠬᠤᠯᠠᠴᠢᠯᠠᠬᠤ︾ ᠲᠠᠯ᠎ᠠ ᠠᠴᠠ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ | ᠲᠠᠰᠤᠷᠠᠯᠳᠠ ᠦᠭᠡᠢ ᠴᠢᠩᠭ᠎ᠠ ᠠᠳᠬᠤᠪᠠ᠂ ᠡᠭᠦᠨ ᠤ ᠵᠣᠷᠢᠯᠭ᠎ᠠ ᠨᠢ ᠳᠠᠷᠤᠢ ᠦᠨᠳᠦᠰᠦᠨ ᠱᠠᠲᠤᠨ ᠤ ᠨᠠᠮ ᠤᠨ | ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ ᠴᠢᠳᠠᠮᠵᠢ ᠪᠠ ᠵᠣᠬᠢᠶᠠᠨ ᠪᠠᠶᠢᠭᠤᠯᠤᠯᠲᠠ ᠶᠢᠨ ᠴᠢᠳᠠᠮᠵᠢ ᠶᠢ | ᠲᠠᠰᠤᠷᠠᠯᠳᠠ ᠦᠭᠡᠢ ᠴᠢᠩᠭᠠᠷᠠᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ ᠪᠠ ᠨᠠᠮ ᠤᠨ ᠭᠡᠰᠢᠭᠦᠨ ᠺᠠᠳ᠋ᠷᠴᠤᠳ ᠤᠨ | ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠤᠬᠠᠭᠠᠪᠤᠷᠢᠯᠠᠬᠤ ᠴᠢᠳᠠᠪᠤᠷᠢ᠂ ᠤᠯᠤᠰ | ᠲᠦᠷᠦ ᠶᠢᠨ ᠭᠦᠢᠴᠡᠳᠬᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ ᠶᠤᠮ᠃ | ᠡᠨᠡ ᠬᠦ ᠪᠣᠳᠣᠯᠬᠢᠯᠠᠯ ᠳᠤ ᠰᠠᠭᠤᠷᠢᠯᠠᠨ᠂ ᠰᠢᠨ᠎ᠡ ᠨᠢᠭᠡ ᠬᠤᠭᠤᠴᠠᠭᠠᠨ ᠤ ᠨᠠᠮ ᠤᠨ ᠤᠳᠤᠷᠢᠳᠬᠤ | ᠳᠤᠭᠤᠶᠢᠯᠠᠩ ᠲᠤᠰᠢᠶᠠᠯ ᠳᠤ ᠭᠠᠷᠤᠭᠰᠠᠨ ᠠᠴᠠ ᠨᠠᠭᠠᠰᠢ᠂ ᠨᠢᠭᠡ ᠳᠤ ᠪᠠᠶᠢᠭᠤᠯᠵᠤ ᠪᠠᠶᠢᠭ᠎ᠠ ᠲᠣᠭᠲᠠᠴᠠ ᠶᠢᠨ | ᠲᠠᠯ᠎ᠠ ᠪᠠᠷ ᠳᠦᠷᠢᠮ ᠤᠨ ᠵᠢᠷᠤᠮᠵᠢᠯ ᠤᠨ ᠰᠢᠰᠲ᠋ᠧᠮ ᠢ ᠲᠠᠰᠤᠷᠠᠯᠲᠠ ᠦᠭᠡᠢ ᠲᠡᠭᠦᠯᠳᠡᠷᠵᠢᠭᠦᠯᠪᠡ᠃ ᠰᠢᠨ᠎ᠡ ᠴᠠᠭ | ᠦᠶ᠎ᠡ ᠶᠢᠨ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠤᠨ ᠳᠦᠷᠢᠮ ᠲᠠᠢ ᠴᠢᠩᠭ᠎ᠠ ᠬᠠᠷᠢᠴᠠᠭᠤᠯᠤᠨ ᠮᠠᠨ ᠤ | ᠨᠠᠮ ᠤᠨ ᠬᠤᠷᠢᠶᠠᠨ ᠤ ᠤᠳᠤ ᠶᠢᠨ ᠬᠡᠷᠡᠭᠵᠢᠭᠦᠯᠵᠦ ᠪᠠᠶᠢᠭ᠎ᠠ ᠳᠦᠷᠢᠮ ᠲᠣᠭᠲᠠᠭᠠᠯ ᠳᠤ ᠵᠠᠰᠠᠪᠤᠷᠢ ᠣᠷᠣᠭᠤᠯᠤᠨ | ᠲᠡᠭᠦᠯᠳᠡᠷᠵᠢᠭᠦᠯᠵᠦ᠂ ᠣᠳᠣᠬᠠᠨ ᠳᠤ ᠨᠢᠭᠡᠨᠲᠡ ᠬᠡᠰᠡᠭ ᠳᠦᠷᠢᠮ ᠲᠣᠭᠲᠠᠭᠠᠯ ᠳᠤ ᠵᠠᠰᠠᠪᠤᠷᠢ ᠣᠷᠣᠭᠤᠯᠤᠨ | ᠲᠡᠭᠦᠯᠳᠡᠷᠵᠢᠭᠦᠯᠬᠦ ᠠᠵᠢᠯ ᠢ ᠪᠡᠶᠡᠯᠡᠭᠦᠯᠪᠡ᠃ ᠬᠤᠶᠠᠷ ᠲᠤ᠂ ᠡᠩᠨᠡᠭᠡ ᠪᠠᠨ ᠬᠦᠴᠦᠷᠬᠡᠭᠵᠢᠭᠦᠯᠬᠦ ᠲᠠᠯ᠎ᠠ ᠪᠠᠷ᠂ ᠨᠠᠮ ᠤᠨ | ᠡᠭᠦᠷ ᠤᠨ ᠬᠤᠭᠤᠴᠠᠭ᠎ᠠ ᠰᠣᠯᠢᠬᠤ ᠲᠣᠬᠢᠷᠠᠭᠤᠯᠤᠯᠲᠠ ᠪᠠᠷ ᠠᠵᠠ ᠲᠣᠬᠢᠶᠠᠯ ᠪᠣᠯᠭᠠᠵᠤ᠂ ︽ᠨᠠᠰᠤᠲᠠᠨ ᠢᠶᠠᠷ | ᠰᠢᠨ᠎ᠡ ᠶᠢ ᠳᠠᠶᠢᠴᠢᠯᠠᠬᠤ — ᠤᠯᠠᠮᠵᠢᠯᠠᠬᠤ ᠬᠠᠪᠰᠤᠷᠬᠤ ᠳᠠᠭᠠᠭᠤᠯᠬᠤ᠂ ᠰᠢᠨ᠎ᠡ ᠪᠠᠷ ᠨᠠᠰᠤᠲᠠᠨ ᠢ ᠠᠬᠢᠭᠤᠯᠵᠤ | ᠠᠮᠢᠳᠤᠯᠢᠭ ᠬᠦᠴᠦᠨ ᠢ ᠬᠥᠭᠵᠢᠭᠡᠬᠦ︾ ᠬᠠᠷᠠᠯᠲᠠ ᠶᠢᠨ ᠲᠣᠭᠤᠷᠢᠨ ᠳᠤ ᠣᠲᠣ ᠶᠢᠨ ᠪᠠᠶᠢᠭ᠎ᠠ ᠨᠠᠮ ᠤᠨ ᠡᠭᠦᠷ ᠲᠤ | ᠳᠠᠬᠢᠨ ᠲᠣᠬᠢᠷᠠᠭᠤᠯᠤᠯᠲᠠ ᠬᠢᠪᠡ᠃ ᠲᠣᠬᠢᠷᠠᠭᠤᠯᠤᠭᠰᠠᠨ ᠤ ᠳᠠᠷᠠᠭᠠᠬᠢ ᠨᠠᠮ ᠤᠨ ᠡᠭᠦᠷ ᠲᠤ ᠲᠦᠷᠪᠡᠨ ᠱᠠᠲᠤᠨ ᠤ | ᠪᠠᠶᠢᠴᠠᠭᠠᠨ ᠰᠤᠳᠤᠯᠤᠭᠴᠢ ᠱᠦᠵᠢ ᠶᠢᠨ ᠲᠤᠰᠢᠶᠠᠯ ᠢ ᠡᠭᠦᠷᠭᠡᠯᠡᠵᠦ᠂ ᠵᠠᠯᠠᠭᠤ ᠨᠠᠮ ᠤᠨ ᠭᠡᠰᠢᠭᠦᠨ ᠺᠠᠳ᠋ᠷ ᠳᠡᠳ᠋ | ᠱᠦᠵᠢ ᠶᠢᠨ ᠲᠤᠰᠢᠶᠠᠯ ᠢ ᠡᠭᠦᠷᠭᠡᠯᠡᠵᠦ᠂ ᠡᠭᠦᠷ ᠤᠨ ᠭᠡᠰᠢᠭᠦᠨ ᠤ ᠲᠤᠰᠢᠶᠠᠯ ᠢ ᠲᠤᠬᠠᠶᠢᠯᠠᠭᠰᠠᠨ ᠠᠵᠢᠯ ᠤᠨ ᠵᠠᠯᠠᠭᠤ | ᠭᠤᠣᠯᠯᠠᠭᠴᠢ ᠬᠦᠴᠦᠨ ᠢᠶᠠᠷ ᠡᠭᠦᠷᠭᠡᠯᠡᠭᠦᠯᠪᠡ᠃ ᠡᠭᠦᠨ ᠤ ᠵᠣᠷᠢᠯᠭ᠎ᠠ ᠨᠢ ᠳᠦᠷᠪᠡᠳᠦᠭᠡᠷ ᠳᠡᠰ ᠤᠨ ᠪᠠᠶᠢᠴᠠᠭᠠᠨ | ᠰᠤᠳᠤᠯᠤᠭᠴᠢ ᠶᠢ ᠨᠠᠮ ᠤᠨ ᠪᠠᠶᠢᠭᠤᠯᠤᠯᠲᠠ ᠶᠢᠨ ︽ᠪᠠᠭᠰᠢ︾ ᠪᠣᠯᠭᠠᠬᠤ ᠪᠠᠷ ᠳᠠᠮᠵᠢᠭᠤᠯᠵᠤ᠂ ᠨᠢᠭᠡ ᠪᠦᠯᠦᠭ | ᠵᠠᠯᠠᠭᠤ ᠨᠠᠮ ᠤᠨ ᠭᠡᠰᠢᠭᠦᠨ ᠢᠶᠠᠷ ᠭᠤᠣᠯ ᠪᠣᠯᠭᠠᠭᠰᠠᠨ ᠨᠠᠮ ᠤᠨ ᠪᠠᠶᠢᠭᠤᠯᠤᠯᠲᠠ ᠶᠢᠨ ︽ᠰᠠᠶᠢᠨ ᠱᠠᠪᠢ︾ ᠶᠢ | ᠬᠦᠮᠦᠵᠢᠭᠦᠯᠵᠦ᠂ ︽ᠰᠢᠯᠢᠳᠡᠭ︾ ᠨᠢ ︽ᠵᠠᠯᠭᠠᠮᠵᠢᠯᠠᠭᠴᠢ︾ ᠬᠦᠮᠦᠵᠢᠬᠦᠯᠵᠦ᠂ ︽ᠵᠠᠯᠭᠠᠮᠵᠢᠯᠠᠭᠴᠢ︾ ᠶᠢ ︽ | ᠰᠢᠯᠢᠳᠡᠭ︾ ᠪᠣᠯᠭᠠᠨ ᠬᠦᠮᠦᠵᠢᠬᠦᠯᠵᠦ᠂ ᠨᠢᠭᠡ ᠪᠦᠯᠦᠭ ᠤᠯᠤᠰ ᠲᠦᠷᠦ ᠶᠢᠨ ᠲᠠᠯ᠎ᠠ ᠪᠠᠷ ᠰᠢᠯᠢᠳᠡᠭ᠂ ᠰᠢᠨ᠎ᠡ ᠴᠠᠭ | ᠦᠶ᠎ᠡ ᠶᠢᠨ ᠱᠠᠭᠠᠷᠳᠠᠯᠭ᠎ᠠ ᠳᠤ ᠵᠣᠬᠢᠴᠠᠭᠰᠠᠨ᠂ ᠬᠥᠭᠵᠢᠭᠦᠯᠦᠯᠲᠡ ᠥᠭᠡᠷᠡᠴᠢᠯᠡᠯᠲᠡ ᠶᠢᠨ ᠬᠦᠨᠳᠦ ᠡᠭᠦᠷᠭᠡ ᠶᠢ | ᠡᠭᠦᠷᠭᠡᠯᠡᠵᠦ ᠳᠡᠶᠢᠯᠬᠦ ᠬᠥᠭᠵᠢᠭᠦᠯᠦᠯᠲᠡ ᠥᠭᠡᠷᠡᠴᠢᠯᠡᠯᠲᠡ ᠶᠢᠨ ᠡᠩᠨᠡᠭᠡ ᠶᠢ ᠴᠢᠷᠮᠠᠶᠢᠨ ᠳᠠᠪᠲᠠᠨ | ᠪᠣᠯᠪᠠᠰᠤᠷᠠᠭᠤᠯᠬᠤ ᠶᠢᠨ ᠲᠥᠯᠥᠭᠡ ᠶᠤᠮ᠃ ᠭᠤᠷᠪᠠ ᠳᠤ᠂ ᠰᠢᠨ᠎ᠡ ᠶᠢ ᠡᠭᠦᠳᠬᠦ ᠶᠢ ᠠᠳᠬᠤᠬᠤ ᠲᠠᠯ᠎ᠠ ᠪᠠᠷ᠂ | ᠥᠩᠭᠡᠷᠡᠭᠰᠡᠨ ᠳᠤ ᠮᠠᠨ ᠤ ᠨᠠᠮ ᠤᠨ ᠡᠳᠦᠷ ᠤᠨ ᠠᠵᠢᠯᠯᠠᠭ᠎ᠠ ᠪᠣᠯ ᠵᠥᠪᠬᠡᠨ ᠨᠠᠮ ᠤᠨ ᠪᠠᠶᠢᠭᠤᠯᠤᠯᠲᠠ ᠳᠤ | ᠰᠠᠭᠤᠷᠢᠯᠠᠨ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠵᠦ ᠪᠠᠶᠢᠪᠠ᠂ ᠤᠳᠤ ᠨᠢᠭᠡᠴᠡ ᠶᠢᠨ ᠲᠤᠬᠠᠶᠢᠯᠠᠭᠰᠠᠨ | ᠠᠵᠢᠯ ᠲᠠᠢ ᠭᠦᠨᠵᠡᠭᠡᠢ ᠠᠭᠤᠰᠤᠯᠴᠠᠬᠤ ᠶᠢ ᠨᠡᠩ ᠴᠢᠬᠤᠯᠠᠴᠢᠯᠠᠵᠤ᠂ ᠦᠢᠯᠡᠴᠢᠯᠡᠬᠦ ᠡᠲᠡᠭᠡᠳ᠂ ᠲᠦᠷᠦᠯ ᠵᠦᠢᠯ ᠤᠨ | ᠨᠢᠭᠡᠴᠡ᠂ ᠳᠡᠭᠡᠳᠦ ᠱᠠᠲᠤᠨ ᠤ ᠠᠵᠢᠯ ᠲᠦᠷᠦᠯ ᠤᠨ ᠰᠠᠯᠠᠭ᠎ᠠ ᠮᠥᠴᠢᠷ ᠲᠠᠢ ᠬᠠᠮᠲᠤᠷᠠᠨ ᠨᠠᠮ ᠤᠨ ᠡᠳᠦᠷ ᠤᠨ | ᠠᠵᠢᠯᠯᠠᠭ᠎ᠠ ᠥᠷᠨᠢᠭᠦᠯᠬᠦ ᠶᠢ ᠨᠡᠩ ᠴᠢᠬᠤᠯᠠᠴᠢᠯᠠᠵᠤ ᠪᠠᠶᠢᠨ᠎ᠠ᠃ ᠵᠢᠱᠢᠶᠡᠯᠡᠪᠡᠯ᠂ ᠦᠨ᠎ᠡ ᠬᠠᠩᠰᠢ ᠶᠢᠨ ᠭᠡᠷᠡᠴᠢᠯᠡᠯ ᠤᠨ | ᠬᠢᠨᠠᠨ ᠬᠡᠮᠵᠢᠬᠦ ᠲᠥᠪ ᠤᠨ ᠨᠠᠮ ᠤᠨ ᠡᠭᠦᠷ ᠨᠢ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠡᠲᠡᠭᠡᠳ ᠪᠣᠯᠬᠤ ᠮᠧᠶ | ᠲᠦᠩ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠨᠠᠮ ᠤᠨ ᠡᠭᠦᠷ ᠲᠠᠢ ᠵᠠᠬ᠎ᠠ ᠳᠡᠯᠭᠡᠭᠦᠷ ᠤᠨ ᠲᠣᠭᠤᠷᠢᠨ | ᠪᠠᠶᠢᠴᠠᠭᠠᠯᠲᠠ ᠲᠠᠢ ᠤᠶᠠᠯᠳᠤᠭᠤᠯᠤᠨ ︽ᠦᠨᠳᠦᠰᠦᠨ ᠱᠠᠲᠤᠨ ᠳᠤ ᠬᠦᠷᠴᠦ᠂ ᠵᠠᠬ᠎ᠠ ᠳᠡᠯᠭᠡᠭᠦᠷ ᠢ ᠠᠵᠢᠭᠯᠠᠵᠤ᠂ | ᠪᠠᠷᠠᠭᠠᠨ ᠤ ᠦᠨ᠎ᠡ ᠶᠢ ᠲᠣᠭᠲᠠᠪᠤᠷᠢᠵᠢᠭᠤᠯᠬᠤ︾ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠦᠭᠰᠡᠨ ᠪᠠᠶᠢᠨ᠎ᠠ᠃ | ᠨᠠᠮ ᠤᠨ ᠪᠠᠶᠢᠭᠤᠯᠤᠯᠲᠠ ᠲᠤᠬᠠᠶᠢᠯᠠᠭᠰᠠᠨ ᠠᠵᠢᠯ ᠢ ᠠᠭᠤᠰᠤᠯᠴᠠᠭᠤᠯᠤᠨ ᠬᠠᠷᠢᠯᠴᠠᠨ ᠠᠬᠢᠭᠤᠯᠬᠤ ᠶᠢ ᠪᠦᠲᠦᠮᠵᠢᠲᠡᠢ | ᠠᠬᠢᠭᠤᠯᠪᠠ᠃ ᠳᠥᠷᠪᠡ ᠳᠤ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠬᠤ ᠲᠠᠯ᠎ᠠ ᠪᠠᠷ᠂ ᠪᠢᠳᠡ ᠨᠠᠮ ᠤᠨ | ᠪᠠᠶᠢᠭᠤᠯᠤᠯᠲᠠ ᠶᠢᠨ ᠲᠤᠬᠠᠶᠢᠯᠠᠭᠰᠠᠨ ᠠᠵᠢᠯ ᠢ ᠬᠥᠲᠥᠯᠥᠨ ᠳᠠᠭᠠᠭᠤᠯᠬᠤ ᠢᠳᠡᠪᠬᠢ ᠦᠢᠯᠡᠳᠦᠯ ᠢ ᠭᠦᠢᠴᠡᠳ | ᠪᠠᠳᠠᠷᠠᠭᠤᠯᠵᠤ᠂ ᠠᠵᠢᠯ ᠤᠨ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠪᠦᠬᠦ ᠬᠤᠳᠠ ᠶᠢᠨ ᠤᠯᠠᠨ ᠲᠦᠷᠦᠯ ᠤᠨ ᠭᠤᠣᠯᠳᠠᠯᠭ᠎ᠠ ᠲᠠᠢ ᠠᠵᠢᠯ ᠳᠤ | ᠴᠥᠮ ᠰᠠᠶᠢᠨ ᠦᠷ᠎ᠡ ᠪᠦᠲᠦᠮᠵᠢ ᠣᠯᠪᠠ᠃ ᠵᠢᠱᠢᠶᠡᠯᠡᠪᠡᠯ᠄ | ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠲᠠᠯ᠎ᠠ ᠪᠠᠷ᠃ | ︽ᠬᠥᠬᠡᠬᠤᠲᠠ ᠶᠢᠨ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠦᠷᠢᠨ ᠪᠦᠲᠦᠨ ᠣᠨᠣᠪᠴᠢᠲᠠᠶ ᠪᠥᠬᠦ ᠲᠠᠯ᠎ᠠ ᠪᠠᠷ | ᠲᠤᠭᠤᠰᠢᠯᠠᠭᠤᠯᠵᠤ ᠨᠡᠭᠦᠷᠡᠰᠦᠳᠦ᠋ᠷᠦᠭᠴᠢ ᠶᠢᠨ ᠭᠠᠳᠠᠭᠰᠢᠯᠠᠭᠤᠯᠤᠯᠲᠠ ᠶᠢ ᠣᠷᠭᠢᠯ ᠬᠡᠮᠵᠢᠭᠳᠡᠯ ᠳᠤ ᠬᠦᠷᠭᠡᠬᠦ | ᠨᠡᠭᠦᠷᠡᠰᠦᠳᠦ᠋ᠷᠦᠭᠴᠢ ᠶᠢ ᠰᠠᠭᠠᠷᠮᠠᠭᠵᠢᠭᠤᠯᠬᠤ ᠠᠵᠢᠯ ᠤᠨ ᠲᠤᠬᠠᠢ ᠬᠡᠷᠡᠭᠵᠢᠬᠦᠯᠬᠦ ᠰᠠᠨᠠᠯ︾ ︽ᠬᠦᠬᠡᠬᠤᠲᠠ ᠶᠢᠨ | ᠨᠡᠭᠦᠷᠡᠰᠦᠳᠦ᠋ᠷᠦᠭᠴᠢ ᠶᠢᠨ ᠭᠠᠳᠠᠭᠰᠢᠯᠠᠭᠤᠯᠤᠯᠲᠠ ᠶᠢ ᠣᠷᠭᠢᠯ ᠬᠡᠮᠵᠢᠭᠳᠡᠯ ᠳᠤ ᠬᠦᠷᠭᠡᠬᠦ ᠬᠡᠷᠡᠭᠵᠢᠬᠦᠯᠬᠦ ᠲᠦᠰᠦᠯ︾ | ᠵᠡᠷᠭᠡ ᠵᠢᠯᠤᠭᠤᠳᠤᠮᠵᠢ ᠶᠢᠨ ᠴᠢᠨᠠᠷᠲᠠᠢ ᠪᠢᠴᠢᠭ ᠮᠠᠲ᠋ᠧᠷᠢᠶᠠᠯ ᠢ ᠲᠦᠷᠦᠭᠦᠯᠡᠨ ᠲᠤᠭᠲᠠᠭᠠᠵᠤ᠂ ᠪᠦᠬᠦ ᠣᠷᠣᠨ ᠳᠤ | ᠬᠠᠮᠤᠭ ᠤᠨ ᠲᠦᠷᠦᠭᠦᠨ ᠳᠤ ︽ 1+N+X︾ ᠬᠤᠣᠰ ᠨᠡᠭᠦᠷᠡᠰᠦᠳᠦ᠋ᠷᠦᠭᠴᠢ ᠶᠢᠨ ᠲᠥᠷᠥ ᠶᠢᠨ ᠪᠣᠳᠢᠤ᠋ᠯᠠᠭᠠᠨ ᠤ | ᠰᠢᠰᠲ᠋ᠧᠮᠵᠢ ᠶᠢ ᠪᠠᠶᠢᠭᠤᠯᠪᠠ᠃ ᠰᠢᠨ᠎ᠡ ᠲᠥᠷᠥᠯ ᠵᠦᠢᠯ ᠤᠨ ᠡᠨᠧᠷᠭᠢ ᠠᠷᠪᠢᠯᠠᠬᠤ ᠶᠢ ᠬᠢᠨᠠᠨ ᠪᠠᠶᠢᠴᠠᠭᠠᠬᠤ | ᠪᠣᠭᠤᠮᠲᠠ ᠶᠢ ᠴᠢᠩᠭ᠎ᠠ ᠠᠳᠬᠤᠵᠤ᠂ ︽ᠴᠢᠬᠤᠯᠠ ᠶᠡᠭᠡ ᠪᠠ ᠭᠤᠣᠯᠳᠠᠯᠭ᠎ᠠ ᠲᠠᠢ︾ ︽ᠬᠤᠶᠠᠷ ᠲᠡᠷᠢᠭᠦᠨ ᠤ︾ | ᠬᠢᠨᠠᠨ ᠪᠠᠶᠢᠴᠠᠭᠠᠬᠤ ᠪᠠᠷᠢᠮᠵᠢᠶ᠎ᠠ ᠶᠢ ᠬᠡᠷᠡᠭᠵᠢᠭᠦᠯᠦᠨ᠂ ᠥᠪᠡᠷᠲᠡᠭᠡᠨ ᠵᠠᠰᠠᠬᠤ ᠣᠷᠣᠨ ᠠᠴᠠ ᠮᠠᠨ ᠤ ᠬᠤᠲᠠ ᠳᠤ | ᠪᠠᠭᠤᠯᠭᠠᠭᠰᠠᠨ 2022 ᠣᠨ ᠤ ︽ᠨᠡᠮᠡᠭᠳᠡᠯ ᠦᠭᠡᠢ︾ ᠡᠨᠧᠷᠭᠢ ᠠᠷᠪᠢᠯᠠᠬᠤ ᠬᠠᠷᠠᠯᠲᠠ ᠪᠠ ︽40%︾ ᠶᠢᠨ | ᠴᠠᠭ ᠤᠨ ᠳᠠᠷᠠᠭᠠᠯᠠᠯ ᠤᠨ ᠠᠬᠢᠴᠠ ᠶᠢᠨ ᠬᠠᠷᠠᠯᠲᠠ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃ | ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠬᠠᠯᠬᠠᠪᠴᠢ ᠶᠢᠨ ᠲᠠᠯ᠎ᠠ ᠪᠠᠷ᠃ | ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠢᠨ ᠲᠣᠭᠤᠷᠢᠨ ᠳᠤ᠂ ᠰᠠᠨᠰᠠᠷ ᠤᠨ | ᠠᠶᠠᠯᠠᠯ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠥᠪᠡᠷᠲᠡᠭᠡᠨ ᠵᠠᠰᠠᠬᠤ ᠣᠷᠣᠨ ᠤ ᠵᠦᠪᠰᠢᠶᠡᠷᠡᠯ ᠢ ᠣᠯᠵᠤ | ᠪᠠᠶᠢᠭᠤᠯᠤᠭᠳᠠᠬᠤ ᠶᠢ ᠠᠬᠢᠭᠤᠯᠪᠠ᠃ ᠤᠯᠤᠰ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠠᠵᠤ ᠦᠢᠯᠡᠳᠪᠦᠷᠢ ᠶᠢᠨ ᠲᠣᠪᠴᠢᠶ᠎ᠠ᠂ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠠᠵᠤ ᠦᠢᠯᠡᠳᠪᠦᠷᠢ ᠵᠡᠷᠭᠡ ᠭᠤᠣᠯᠯᠠᠬᠤ ᠠᠵᠢᠯ ᠲᠥᠷᠥᠯ ᠤᠨ ᠬᠥᠲᠥᠴᠢ ᠠᠵᠤ ᠠᠬᠤᠶᠢᠯᠠᠯ ᠲᠠᠢ | ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠲᠥᠷᠥᠯ ᠵᠦᠢᠯ ᠢ ᠲᠡᠮᠡᠴᠡᠨ ᠣᠯᠬᠤ ᠡᠷᠴᠢᠮ ᠢᠶᠠᠨ ᠴᠢᠩᠭᠠᠷᠠᠭᠤᠯᠤᠨ᠂ | ᠦᠢᠯᠡᠳᠪᠦᠷᠢᠯᠡᠬᠦ ᠴᠢᠳᠠᠪᠤᠷᠢ ᠶᠢᠨ ᠰᠢᠯᠵᠢᠯᠲᠡ ᠶᠢ ᠵᠠᠯᠭᠠᠨ ᠠᠪᠴᠤ᠂ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠠᠵᠤ ᠦᠢᠯᠡᠳᠪᠦᠷᠢ ᠶᠢᠨ ᠪᠦᠯᠦᠭᠯᠡᠯ ᠤᠨ ᠲᠣᠨᠤᠭᠯᠠᠯ ᠦᠢᠯᠡᠳᠬᠦ ᠴᠢᠬᠤᠯᠠ ᠶᠡᠭᠡ ᠢᠨᠵᠧᠨᠧᠷᠢᠩ᠂ | ᠴᠢᠬᠤᠯᠠ ᠶᠡᠭᠡ ᠲᠥᠷᠥᠯ ᠵᠦᠢᠯ ᠤᠨ ᠣᠷᠣᠨ ᠤ ᠲᠥᠪ ᠲᠤ ᠪᠤᠳᠠᠳᠠᠶᠢᠵᠢᠬᠤ ᠶᠢ ᠠᠬᠢᠭᠤᠯᠪᠠ᠃ | ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠢ | ᠪᠦᠲᠦᠭᠡᠨ ᠪᠠᠶᠢᠭᠤᠯᠬᠤ ᠲᠠᠯ᠎ᠠ ᠪᠠᠷ᠃ ︽ᠰᠠᠯᠬᠢᠨ ᠭᠡᠷᠡᠯ ᠤᠨ ᠡᠨᠧᠷᠭᠢ ᠠᠴᠠ ᠤᠰᠤᠲᠥ᠋ᠷᠥᠭᠴᠢ ᠨᠥᠭᠡᠴᠡᠯᠡᠬᠦ︾ | ᠠᠵᠤ ᠦᠢᠯᠡᠰ ᠤᠨ ᠬᠡᠯᠬᠢᠶ᠎ᠡ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢᠨ ᠲᠣᠭᠤᠷᠢᠨ ᠳᠤ᠂ ᠪᠥᠬᠦ ᠬᠤᠲᠠ ᠶᠢᠨ | ︽ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ︾ ᠪᠠ ︽ᠡᠨᠧᠷᠭᠢ | ᠬᠠᠳᠠᠭᠠᠯᠠᠬᠤ ᠠᠵᠤ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ︾ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ | ᠵᠣᠬᠢᠶᠠᠵᠤ᠂ ᠤᠰᠤᠲᠥ᠋ᠷᠥᠭᠴᠢ ᠶᠢ ᠨᠥᠭᠡᠴᠡᠯᠡᠬᠦ ᠠᠵᠤ ᠦᠢᠯᠡᠰ ᠤᠨ ᠪᠠᠶᠢᠷᠢᠰᠢᠭᠤᠯᠤᠯᠲᠠ ᠶᠢ ᠴᠢᠩᠭᠠᠳᠬᠠᠪᠠ︔ | ᠮᠠᠨ ᠤ ᠬᠤᠲᠠ ᠶᠢᠨ ᠭᠤᠣᠯᠳᠠᠯᠭ᠎ᠠ ᠲᠠᠢ ᠣᠷᠣᠭᠤᠯᠤᠨ ᠠᠪᠴᠢᠷᠠᠭᠰᠠᠨ 8 ᠠᠵᠤ ᠠᠬᠤᠶᠢᠯᠠᠯ ᠳᠤ ᠰᠢᠨ᠎ᠡ | ᠡᠨᠧᠷᠭᠢ ᠶᠢᠨ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ ᠲᠣᠬᠢᠷᠠᠭᠤᠯᠵᠤ ᠥᠭᠬᠦ ᠶᠢ ᠭᠤᠶᠤᠴᠢᠯᠠᠨ ᠮᠡᠳᠡᠭᠦᠯᠵᠦ᠂ | ᠬᠦᠴᠦᠨ ᠵᠦᠢᠯ ᠤᠨ ᠪᠠᠲᠤᠯᠠᠭ᠎ᠠ ᠶᠢᠨ ᠠᠵᠢᠯ ᠢ ᠦᠨᠡᠨᠬᠦ ᠰᠠᠶᠢᠲᠤᠷ ᠬᠢᠪᠡ᠃ | ᠶᠡᠷᠦᠩᠬᠡᠢ ᠳᠤᠨᠢ ᠠᠪᠴᠤ ᠬᠡᠯᠡᠪᠡᠯ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠴᠣᠭᠴᠠᠯᠠᠯᠲᠠ ᠶᠢ ᠦᠨᠡᠨᠬᠦ ᠴᠢᠩᠭᠠᠳᠬᠠᠬᠤ ᠪᠠᠷ ᠳᠠᠮᠵᠢᠭᠤᠯᠤᠨ᠂ ᠦᠨᠳᠦᠰᠦᠨ ᠱᠠᠲᠤᠨ ᠤ ᠪᠠᠲᠤ ᠴᠢᠩᠭ᠎ᠠ ᠲᠠᠶᠢᠴᠢᠨ | ᠪᠠᠬᠢᠯᠡᠯᠲᠡ ᠶᠢ ᠪᠠᠲᠤ ᠴᠤᠭᠴᠠᠯᠠᠵᠤ᠂ ︽ᠬᠤᠶᠠᠷ ᠱᠠᠲᠤᠨ ᠤ ᠱᠦᠵᠢ︾ ᠴᠤᠭᠭᠠᠷ ᠠᠳᠬᠤᠵᠤ ᠬᠠᠮᠳᠤᠪᠡᠷ | ᠬᠠᠮᠢᠶᠠᠷᠬᠤ ᠠᠵᠢᠯ ᠤᠨ ᠪᠠᠶᠢᠷᠢᠰᠢᠯ ᠢ ᠬᠦᠴᠦᠯᠡᠨ ᠪᠠᠶᠢᠭᠤᠯᠵᠤ᠂ ᠨᠠᠮ ᠤᠨ ᠭᠡᠰᠢᠭᠦᠨ ᠺᠠᠳ᠋ᠷᠴᠤᠳ ᠤᠨ ᠢᠳᠡᠪᠬᠢᠵᠢᠯ ᠢ | ᠳᠠᠶᠢᠴᠢᠯᠠᠬᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠲᠦᠯᠬᠢᠨ ᠠᠬᠢᠭᠤᠯᠬᠤ ᠲᠠᠯ᠎ᠠ ᠪᠠᠷ ᠪᠣᠳᠠᠲᠤ ᠪᠦᠲᠦᠮᠵᠢ | ᠣᠯᠣᠭᠰᠠᠨ ᠪᠠᠶᠢᠨ᠎ᠠ᠃ | ᠬᠥᠲᠥᠯᠥᠭᠴᠢ᠄ | ᠣᠯᠠᠨ ᠤ ᠮᠡᠳᠡᠭᠡᠵᠢ ᠪᠠᠷ᠂ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠨᠢ ᠪᠥᠬᠦ | ᠬᠤᠲᠠ ᠶᠢᠨ ᠶᠡᠷᠦᠩᠬᠡᠶᠢᠯᠡᠭᠰᠡᠨ ᠠᠵᠤ ᠠᠬᠤᠢ ᠶᠢᠨ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠡᠩ ᠤᠨ | ᠦᠶ᠎ᠡ ᠳᠤ ᠲᠤᠬᠠᠶᠢᠯᠠᠭᠰᠠᠨ ᠠᠵᠢᠯ ᠨᠡᠯᠢᠶᠡᠳ ᠣᠯᠠᠨ ᠪᠠᠶᠢᠳᠠᠭ᠂ ᠲᠡᠭᠡᠪᠡᠯ᠂ ᠪᠢᠳᠡ ᠬᠡᠷᠬᠢᠨ ᠨᠠᠮ ᠤᠨ | ᠪᠠᠶᠢᠭᠤᠯᠤᠯᠲᠠ ᠶᠢᠨ ᠠᠵᠢᠯᠯᠠᠭ᠎ᠠ ᠶᠢ ᠪᠠᠶᠠᠯᠢᠭᠵᠢᠭᠤᠯᠬᠤ ᠪᠠᠷ ᠳᠠᠮᠵᠢᠭᠤᠯᠤᠨ ᠵᠣᠬᠢᠶᠠᠨ ᠪᠠᠶᠢᠭᠤᠯᠤᠯᠲᠠ ᠶᠢᠨ | ᠨᠢᠭᠲᠠᠷᠠᠯ ᠤᠨ ᠬᠦᠴᠦᠨ ᠢ ᠴᠢᠩᠭᠠᠷᠠᠭᠤᠯᠤᠭᠰᠠᠨ ᠪᠣᠶ︖ | ᠪᠠᠶᠢᠭᠤᠯᠭ᠎ᠠ ᠶᠢᠨ ᠨᠠᠮ ᠤᠨ ᠬᠤᠷᠢᠶ᠎ᠠ ᠶᠢᠨ ᠰᠢᠶᠣᠣ ᠴᠢ᠄ | ᠵᠦᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠨᠢ ᠪᠠᠶᠠᠯᠢᠭ ᠰᠠᠶᠢᠬᠠᠨ ᠬᠠᠮᠲᠤ ᠶᠢᠨ ᠠᠵᠢᠯᠯᠠᠭ᠎ᠠ ᠶᠢ | ᠵᠣᠬᠢᠶᠠᠨ ᠪᠠᠶᠢᠭᠤᠯᠬᠤ ᠪᠠᠷ ᠳᠠᠮᠵᠢᠭᠤᠯᠤᠨ ᠪᠦᠬᠦ ᠵᠦᠪᠯᠡᠯ ᠤᠨ ᠨᠠᠮ ᠤᠨ ᠭᠡᠰᠢᠭᠦᠨ ᠺᠠᠳ᠋ᠷᠴᠤᠳ ᠤᠨ ᠨᠢᠭᠲᠠᠷᠠᠯ ᠤᠨ | ᠬᠦᠴᠦᠨ ᠢ ᠴᠢᠩᠭᠠᠷᠠᠭᠤᠯᠬᠤ ᠶᠢ ᠲᠦᠢᠯ ᠢᠶᠠᠷ ᠴᠢᠬᠤᠯᠠᠴᠢᠯᠠᠵᠤ᠂ ᠢᠯᠠᠩᠭᠤᠶ᠎ᠠ ᠪᠦᠲᠦᠭᠡᠯᠴᠢ ᠠᠵᠢᠯᠯᠠᠭ᠎ᠠ ᠶᠢᠨ | ᠬᠡᠯᠪᠡᠷᠢ ᠶᠢᠨ ᠲᠠᠯ᠎ᠠ ᠪᠠᠷ᠂ ᠪᠠᠶᠢᠭᠤᠯᠭ᠎ᠠ ᠶᠢᠨ ᠨᠠᠮ ᠤᠨ ᠬᠤᠷᠢᠶ᠎ᠠ ᠪᠠ ᠡᠯ᠎ᠡ ᠦᠨᠳᠦᠰᠦᠨ ᠱᠠᠲᠤᠨ ᠤ ᠨᠠᠮ ᠤᠨ | ᠡᠭᠦᠷ ᠢ ᠵᠠᠪᠠᠯ ︽ᠳᠣᠲᠣᠭᠠᠳᠤ ᠶᠢᠨ ᠲᠠᠯᠳᠠ ᠬᠦᠴᠦᠨ ᠢ ᠠᠭᠤᠳᠠᠯᠵᠤ᠂ ᠭᠠᠳᠠᠭᠠᠳᠤ ᠬᠦᠴᠦᠨ ᠢ ᠥᠷᠭᠡᠨ ᠢᠶᠠᠷ | ᠵᠢᠭᠡᠯᠡᠵᠦ︾᠂ ᠲᠠᠰᠤᠷᠠᠯᠳᠠ ᠦᠭᠡᠢ ᠬᠠᠭᠤᠴᠢᠨ ᠢᠶᠠᠨ ᠤᠷᠬᠢᠵᠤ ᠰᠢᠨ᠎ᠡ ᠶᠢ ᠡᠭᠦᠳᠬᠦ ᠶᠢ ᠱᠠᠭᠠᠷᠳᠠᠪᠠ᠃ | ᠵᠢᠱᠢᠶᠡᠯᠡᠪᠡᠯ᠄ ᠮᠠᠨ ᠤ ᠵᠦᠪᠯᠡᠯ ᠵᠢᠯ ᠤᠨ ᠡᠬᠢᠨ ᠳᠤ ᠠᠩᠬᠠᠳᠤᠭᠠᠷ ᠬᠤᠭᠤᠴᠠᠭᠠᠨ ᠤ ︽ᠦᠩᠭᠡ ᠭᠡᠷᠡᠯᠲᠡᠢ ᠪᠠᠷ | ᠠᠮᠠᠷᠠᠬᠤ ᠪᠠ ᠵᠠᠯᠠᠭᠤ ᠺᠠᠳ᠋ᠷᠴᠤᠳ ᠯᠤᠭ᠎ᠠ ᠶᠢᠨ ᠨᠥᠬᠦᠷᠯᠡᠯ ᠤᠨ ᠬᠤᠯᠪᠣᠭ᠎ᠠ︾ ᠶᠢ ᠡᠷᠬᠢᠯᠡᠪᠡ᠂ ᠡᠨᠡ ᠨᠢ | ᠬᠥᠭᠵᠢᠭᠦᠯᠦᠯᠲᠡ ᠥᠭᠡᠷᠡᠴᠢᠯᠡᠯᠲᠡ ᠵᠦᠪᠯᠡᠯ ᠳᠤ ᠠᠩᠬ᠎ᠠ ᠤᠳᠠᠭ᠎ᠠ ᠪᠣᠯᠵᠤ ᠪᠠᠶᠢᠬ᠎ᠠ᠂ ᠡᠭᠦᠨ ᠤ ᠭᠤᠣᠯ | ᠵᠣᠷᠢᠯᠭ᠎ᠠ ᠨᠢ ᠵᠦᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠨᠠᠰᠤᠨ ᠤ ᠠᠮᠠᠷᠠᠯᠲᠠ ᠪᠠᠨ ᠠᠪᠤᠭᠰᠠᠨ | ᠠᠬᠠᠮᠠᠳ ᠠᠵᠢᠯᠲᠠᠨ ᠠᠵᠢᠯᠴᠢᠨ ᠢ ᠬᠠᠶᠢᠷᠠᠯᠠᠨ ᠬᠠᠯᠠᠮᠵᠢᠯᠠᠬᠤ ᠰᠡᠳᠬᠢᠯᠭᠡ ᠶᠢ ᠢᠯᠡᠷᠡᠭᠦᠯᠵᠦ᠂ ᠵᠦᠪᠯᠡᠯ ᠤᠨ ᠶᠡᠭᠡ | ᠭᠡᠷ ᠪᠦᠯᠢ ᠶᠢᠨ ᠬᠠᠯᠠᠭᠤᠨ ᠳᠣᠲᠣᠨᠣ ᠬᠠᠶᠢᠷ᠎ᠠ ᠰᠡᠳᠬᠢᠯᠭᠡ ᠶᠢ ᠢᠯᠡᠷᠡᠭᠦᠯᠵᠦ᠂ ᠥᠩᠭᠡ ᠬᠡᠷᠡᠯᠲᠡᠢ ᠪᠠᠷ ᠨᠠᠰᠤᠨ ᠤ | ᠠᠮᠠᠷᠠᠯᠲᠠ ᠪᠠᠨ ᠠᠪᠤᠭᠰᠠᠨ ᠺᠠᠳ᠋ᠷᠴᠤᠳ ᠤᠨ ᠢᠷᠠᠭᠤ ᠠᠯᠳᠠᠷ ᠤᠨ ᠰᠡᠳᠬᠢᠯᠭᠡ᠂ ᠬᠠᠷᠢᠶᠠᠯᠠᠭᠳᠠᠬᠤ ᠰᠡᠳᠬᠢᠯᠭᠡ᠂ ᠵᠣᠯ | ᠵᠢᠷᠭᠠᠯ ᠤᠨ ᠰᠡᠳᠬᠢᠯᠭᠡ ᠶᠢ ᠦᠨᠡᠨᠬᠦ ᠳᠡᠭᠡᠭᠰᠢᠯᠡᠭᠦᠯᠬᠦ ᠶᠢᠨ ᠲᠥᠯᠥᠭᠡ ᠶᠤᠮ᠃ ᠡᠭᠦᠨ ᠤ ᠬᠠᠮᠲᠤ᠂ ᠠᠬᠠᠮᠠᠳ ᠺᠠᠳ᠋ᠷ | ᠂ ᠠᠬᠠᠮᠠᠳ ᠨᠠᠮ ᠤᠨ ᠭᠡᠰᠢᠭᠦᠨ ᠤ ︽ᠤᠯᠠᠮᠵᠢᠯᠠᠬᠤ ᠬᠠᠪᠰᠤᠷᠬᠤ ᠳᠠᠭᠠᠭᠤᠯᠬᠤ︾ ᠰᠢᠯᠢᠳᠡᠭ ᠤᠯᠠᠮᠵᠢᠯᠠᠯ ᠢ | ᠭᠦᠢᠴᠡᠳ ᠪᠠᠳᠠᠷᠠᠭᠤᠯᠵᠤ᠂ ᠵᠠᠯᠠᠭᠤ ᠺᠠᠳ᠋ᠷᠴᠤᠳ ᠤᠨ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ | ᠴᠢᠨᠠᠷ ᠢ ᠨᠠᠩ ᠰᠠᠶᠢᠲᠤᠷ ᠬᠥᠭᠵᠢᠭᠡᠵᠦ᠂ ᠰᠢᠨ᠎ᠡ ᠠᠶᠠᠨ ᠵᠠᠮ ᠳᠤ ᠡᠷᠡᠯᠬᠡᠭᠯᠡᠨ ᠤᠷᠤᠭᠰᠢᠯᠠᠬᠤ᠂ ᠰᠢᠨ᠎ᠡ ᠴᠠᠭ | ᠦᠶ᠎ᠡ ᠳᠤ ᠭᠠᠪᠢᠶ᠎ᠠ ᠪᠠᠶᠢᠭᠤᠯᠬᠤ ᠥᠳᠬᠡᠨ ᠵᠤᠵᠠᠭᠠᠨ ᠠᠭᠤᠷ ᠠᠮᠢᠰᠬᠤᠯ ᠪᠠ ᠠᠮᠢᠳᠤᠯᠢᠭ ᠪᠠᠶᠢᠳᠠᠯ ᠢ ᠪᠣᠶ | ᠪᠣᠯᠭᠠᠪᠠ︔ | 5 ᠳ᠋ᠤᠭᠠᠷ ᠰᠠᠷ᠎ᠠ ᠳᠤ ᠮᠠᠨ ᠤ ᠥᠷᠨᠢᠭᠦᠯᠦᠭᠰᠡᠨ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠳᠡᠰ᠂ | ᠬᠤᠰᠢᠭᠤ ᠰᠢᠶᠠᠨ ᠲᠣᠭᠤᠷᠢᠭ ᠤᠨ ︽ᠭᠤᠷᠪᠠᠨ ᠱᠠᠲᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠢᠳᠡᠷᠡᠭᠦᠨ | ᠠᠯᠬᠤᠭ᠎ᠠ︾ ᠶᠢᠨ ᠠᠵᠢᠯᠯᠠᠭ᠎ᠠ ᠨᠢ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤ ᠰᠢᠶᠠᠨ ᠲᠣᠭᠤᠷᠢᠭ | ᠭᠤᠷᠪᠠᠨ ᠱᠠᠲᠤ ᠪᠠᠷ ᠢᠶᠠᠨ ᠬᠤᠯᠪᠤᠭᠠᠯᠠᠨ ᠬᠦᠳᠡᠯᠦᠯᠴᠡᠬᠦ ᠠᠵᠢᠯᠯᠠᠭ᠎ᠠ ᠥᠷᠨᠢᠭᠦᠯᠬᠦ ᠪᠠᠷ ᠠᠵᠠ ᠲᠣᠬᠢᠶᠠᠯ ᠪᠣᠯᠭᠠᠵᠤ᠂ | ︽ᠤᠯᠤᠰ ᠲᠥᠷᠥ ᠶᠢ ᠡᠷᠬᠢᠮᠯᠡᠬᠦ᠂ ᠴᠢᠳᠠᠪᠤᠷᠢ ᠶᠢ ᠴᠢᠩᠭᠠᠳᠬᠠᠬᠤ᠂ ᠰᠠᠬᠢᠯᠭ᠎ᠠ ᠪᠠᠲᠤ ᠶᠢ ᠰᠠᠬᠢᠬᠤ᠂ | ᠬᠠᠷᠢᠭᠤᠴᠠᠯᠭ᠎ᠠ ᠲᠠᠢ᠂ ᠦᠷ᠎ᠡ ᠪᠦᠲᠦᠮᠵᠢ ᠲᠠᠢ︾ ᠵᠢᠱᠢᠶᠡᠴᠢ ᠪᠠᠶᠢᠭᠤᠯᠭ᠎ᠠ ᠶᠢ ᠡᠭᠦᠳᠦᠨ ᠪᠠᠶᠢᠭᠤᠯᠬᠤ ᠪᠠᠷ ᠬᠠᠷᠠᠯᠲᠠ | ᠪᠣᠯᠭᠠᠵᠤ᠂ ᠳᠡᠭᠡᠳᠦ ᠳᠣᠣᠷᠠᠳᠤ ᠱᠠᠲᠤ ᠪᠠᠷ ᠢᠶᠠᠨ ᠬᠤᠯᠪᠤᠭᠠᠯᠠᠨ ᠬᠥᠳᠡᠯᠦᠯᠴᠡᠵᠦ᠂ ᠣᠯᠠᠨ ᠢᠶᠠᠷ ᠢᠶᠠᠨ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠮᠢᠳᠤᠷᠠᠯ ᠢ ᠪᠡᠶᠡᠴᠢᠯᠡᠨ ᠣᠶᠢᠯᠠᠭᠠᠬᠤ ᠶᠠᠪᠤᠴᠠ ᠳᠤ᠂ | ᠬᠥᠭᠵᠢᠭᠦᠯᠦᠯᠲᠡ ᠥᠭᠡᠷᠡᠴᠢᠯᠡᠯᠲᠡ ᠶᠢᠨ ᠬᠥᠮᠥᠰ ᠤᠨ ᠬᠤᠭᠤᠷᠣᠨᠳᠣᠬᠢ ᠬᠠᠶᠢᠷ᠎ᠠ ᠰᠡᠳᠬᠢᠯᠭᠡ ᠶᠢ ᠣᠶᠢᠷᠠᠲᠤᠭᠤᠯᠵᠤ᠂ | ᠨᠥᠬᠦᠷᠯᠡᠯ ᠢ ᠵᠤᠵᠠᠭᠠᠳᠬᠠᠵᠠᠢ᠃ | ᠪᠠᠰᠠ ᠵᠢᠱᠢᠶᠡᠯᠡᠪᠡᠯ᠂ ᠪᠢᠳᠡ ᠪᠠᠰᠠ ︽ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠶᠢ | ᠪᠤᠶᠢᠵᠢᠭᠤᠯᠤᠨ ᠦᠢᠯᠡᠳᠦᠯᠭᠡᠵᠢᠬᠦᠯᠬᠦ — ᠨᠣᠮ ᠤᠨ ᠰᠢᠮ᠎ᠡ ᠪᠠᠷ ᠤᠭ ᠰᠠᠨᠠᠭ᠎ᠠ ᠪᠠᠨ ᠤᠮᠳᠠᠯᠠᠵᠤ᠂ ᠬᠦᠴᠦᠨ ᠢᠶᠠᠨ | ᠲᠥᠪᠯᠡᠷᠡᠭᠦᠯᠦᠨ ᠬᠠᠷᠢᠭᠤᠴᠠᠯᠭ᠎ᠠ ᠡᠭᠦᠷᠭᠡᠯᠡᠶ᠎ᠡ︾ ᠭᠡᠬᠦ ᠭᠤᠣᠯ ᠰᠡᠳᠦᠪᠲᠦ ᠤᠩᠰᠢᠯᠭ᠎ᠠ ᠶᠢᠨ ᠠᠵᠢᠯᠯᠠᠭ᠎ᠠ᠂ ︽ᠯᠧᠢ | ᠹᠧᠩ ᠤᠨ ᠵᠣᠷᠢᠭ ᠰᠠᠨᠠᠭ᠎ᠠ ᠶᠢ ᠪᠠᠳᠠᠷᠠᠭᠤᠯᠤᠨ᠂ ᠬᠥᠭᠵᠢᠭᠦᠯᠦᠯᠲᠡ ᠥᠭᠡᠷᠡᠴᠢᠯᠡᠯᠲᠡ ᠶᠢᠨ ᠬᠢᠨ ᠬᠤᠰᠢᠭᠤᠴᠢ | ᠪᠣᠯᠬᠤ ᠪᠠᠷ ᠴᠢᠷᠮᠠᠶᠢᠬᠤ︾ ᠯᠧᠢ ᠹᠧᠩ ᠠᠴᠠ ᠰᠤᠷᠤᠯᠴᠠᠬᠤ ᠭᠤᠣᠯ ᠰᠡᠳᠦᠪᠲᠦ ᠰᠢᠷᠢᠰ ᠠᠵᠢᠯᠯᠠᠭ᠎ᠠ ᠳᠤ᠂ ᠭᠠᠷ | ᠭᠠᠷ ᠢᠶᠠᠨ ᠬᠤᠯᠪᠣᠯᠴᠠᠨ ᠬᠦᠴᠦᠨ ᠢᠶᠠᠨ ᠬᠠᠮᠲᠤᠳᠬᠠᠬᠤ ᠰᠢᠨ᠎ᠡ ᠠᠶᠠᠨ ᠡᠮᠡᠭᠲᠡᠶᠢᠴᠦᠳ ᠬᠦᠴᠦᠨ ᠢᠶᠠᠷ | ᠬᠥᠭᠵᠢᠯᠲᠡ ᠶᠢ ᠠᠬᠢᠭᠤᠯᠤᠨ᠎ᠠ — ︽3 · 8︾ ᠤ ᠡᠮᠡᠭᠲᠡᠶᠢᠴᠦᠳ ᠤᠨ ᠪᠠᠶᠠᠷ ᠤᠨ ᠮᠥᠰᠥᠨ ᠳᠡᠪᠦᠷ᠎ᠡ ᠶᠢᠨ | ᠤᠷᠤᠯᠳᠤᠭᠠᠨ ᠤ ᠠᠵᠢᠯᠯᠠᠭ᠎ᠠ᠂ ᠰᠠᠶᠢᠨ ᠨᠣᠮ ᠢ ᠬᠤᠪᠢᠶᠠᠯᠴᠠᠬᠤ ᠴᠤᠭᠯᠠᠭᠠᠨ᠂ ᠨᠡᠶᠢᠭᠡᠮ ᠵᠢᠷᠤᠮ ᠤᠨ ᠭᠤᠣᠯᠯᠠᠭᠴᠢ | ᠦᠷᠳᠡᠭ ᠤᠨ ᠦᠵᠡᠯᠲᠡ ᠶᠢ ᠪᠣᠢ ᠪᠣᠯᠭᠠᠨ ᠦᠢᠯᠡᠳᠦᠯᠭᠡᠵᠢᠭᠦᠯᠬᠦ ᠦᠯᠢᠭᠡᠷ ᠬᠤᠪᠢᠶᠠᠯᠴᠠᠬᠤ ᠴᠤᠭᠯᠠᠭᠠᠨ ᠵᠡᠷᠭᠡ ᠠᠯᠢ | ᠤᠯᠠᠨ ᠡᠯᠪᠡᠭ ᠪᠠᠶᠠᠯᠢᠭ ᠬᠠᠮᠲᠤ ᠶᠢᠨ ᠠᠵᠢᠯᠯᠠᠭ᠎ᠠ ᠶᠢ ᠥᠷᠨᠢᠭᠦᠯᠵᠡᠢ᠃ ᠡᠳᠡᠭᠡᠷ ᠠᠵᠢᠯᠯᠠᠭ᠎ᠠ ᠶᠢ ᠡᠷᠬᠢᠯᠡᠬᠦ ᠪᠠᠷ | ᠳᠠᠮᠵᠢᠭᠤᠯᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ᠦᠵᠡᠯ ᠰᠠᠨᠠᠭᠠᠨ ᠤ ᠰᠣᠯᠢᠯᠴᠠᠭ᠎ᠠ ᠶᠢ | ᠭᠦᠨᠵᠡᠭᠡᠶᠢᠷᠡᠭᠦᠯᠵᠦ᠂ ᠨᠠᠮᠴᠢ ᠴᠢᠨᠠᠷ ᠢ ᠪᠣᠯᠪᠠᠰᠤᠷᠠᠭᠤᠯᠪᠠ᠃ | ᠬᠥᠲᠥᠯᠥᠭᠴᠢ᠄ | ᠵᠠᠯᠭᠠᠭᠠᠳ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠳᠤ ᠪᠠᠰᠠ ᠶᠠᠮᠠᠷ ᠶᠠᠮᠠᠷ ᠪᠤᠳᠤᠯ | ᠪᠠ ᠭᠤᠣᠯᠳᠠᠯᠭ᠎ᠠ ᠪᠠᠶᠢᠬᠤ ᠪᠤᠢ︖ | ᠪᠠᠶᠢᠭᠤᠯᠭ᠎ᠠ ᠶᠢᠨ ᠨᠠᠮ ᠤᠨ ᠬᠤᠷᠢᠶ᠎ᠠ ᠶᠢᠨ ᠰᠢᠶᠣᠣ ᠴᠢ᠄ | ᠳᠠᠷᠠᠭᠠᠴᠢ ᠶᠢᠨ ᠠᠯᠬᠤᠮ ᠳᠤ᠂ ᠪᠢᠳᠡ ᠨᠠᠮ ᠤᠨ ᠪᠠᠶᠢᠭᠤᠯᠤᠯᠲᠠ ᠪᠣᠯᠣᠨ ᠲᠤᠬᠠᠶᠢᠯᠠᠭᠰᠠᠨ ᠠᠵᠢᠯ ᠢ | ᠠᠭᠤᠰᠤᠯᠴᠠᠭᠤᠯᠤᠨ ᠬᠥᠭᠵᠢᠭᠦᠯᠬᠦ ᠰᠢᠨ᠎ᠡ ᠠᠷᠭ᠎ᠠ᠂ ᠰᠢᠨ᠎ᠡ ᠵᠠᠮ ᠢ ᠢᠳᠡᠪᠬᠢᠲᠡᠢ ᠰᠦᠪᠡᠭᠴᠢᠯᠡᠵᠦ᠂ ᠤᠳᠠᠯ ᠦᠭᠡᠢ | ᠥᠷᠨᠢᠭᠦᠯᠬᠦ ᠪᠠᠷ ᠪᠠᠶᠢᠭ᠎ᠠ ᠭᠤᠣᠯ ᠰᠡᠳᠦᠪᠲᠦ ᠬᠥᠮᠦᠵᠢᠯ ᠤᠨ ᠶᠡᠷᠦᠩᠬᠡᠢ ᠱᠠᠭᠠᠷᠳᠠᠯᠭ᠎ᠠ ᠶᠣᠰᠣᠭᠠᠷ ᠨᠠᠮ ᠤᠨ | ᠪᠠᠶᠢᠭᠤᠯᠤᠯᠲᠠ ᠶᠢᠨ ᠠᠵᠢᠯ ᠤᠨ ᠰᠢᠨ᠎ᠡ ᠪᠠᠶᠢᠷᠢᠯᠠᠭᠤᠯᠤᠯᠲᠠ ᠲᠠᠢ ᠤᠶᠠᠯᠳᠤᠭᠤᠯᠵᠤ᠂ ᠨᠠᠮ ᠤᠨ ᠪᠠᠶᠢᠭᠤᠯᠤᠯᠲᠠ ᠶᠢᠨ | ᠠᠵᠢᠯ ᠪᠣᠯᠣᠨ ᠬᠥᠭᠵᠢᠭᠦᠯᠦᠯᠲᠡ ᠥᠭᠡᠷᠡᠴᠢᠯᠡᠯᠲᠡ ᠶᠢᠨ ᠦᠢᠯᠡᠰ ᠤᠨ ᠭᠦᠨᠵᠡᠭᠡᠢ ᠠᠭᠤᠰᠤᠯᠴᠠᠬᠤ᠂ ᠬᠠᠷᠢᠯᠴᠠᠨ | ᠠᠬᠢᠭᠤᠯᠬᠤ ᠶᠢ ᠦᠷᠭᠦᠯᠵᠢᠯᠡᠨ ᠭᠦᠨᠵᠡᠭᠡᠢ ᠠᠬᠢᠭᠤᠯᠵᠤ᠂ ᠴᠢᠨᠠᠷ ᠰᠠᠶᠢᠲᠠᠢ ᠨᠠᠮ ᠤᠨ ᠪᠠᠶᠢᠭᠤᠯᠤᠯᠲᠠ ᠪᠠᠷ ᠰᠢᠨ᠎ᠡ | ᠴᠠᠭ ᠦᠶ᠎ᠡ ᠶᠢᠨ ᠬᠥᠬᠡᠬᠤᠲᠠ ᠶᠢᠨ ᠬᠦᠭᠵᠢᠭᠦᠯᠦᠯᠲᠡ ᠥᠭᠡᠷᠡᠴᠢᠯᠡᠯᠲᠡ ᠶᠢᠨ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠵᠤ᠂ ᠣᠷᠣᠨ ᠤ ᠲᠥᠪ ᠤᠨ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ᠂ ᠵᠣᠯ | ᠵᠢᠷᠭᠠᠯᠲᠤ ᠲᠥᠷᠥᠭᠳᠡᠯ ᠪᠣᠯᠣᠨ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠳᠤ | ᠬᠥᠭᠵᠢᠭᠦᠯᠦᠯᠲᠡ ᠥᠭᠡᠷᠡᠴᠢᠯᠡᠯᠲᠡ ᠶᠢᠨ ᠬᠦᠴᠦᠨ ᠴᠢᠳᠠᠯ ᠢᠶᠠᠨ ᠨᠡᠮᠡᠷᠢᠯᠡᠬᠦ ᠪᠠᠷ ᠴᠢᠷᠮᠠᠶᠢᠨ᠎ᠠ᠃ | ᠬᠥᠲᠥᠯᠥᠭᠴᠢ᠄ | ᠯᠢ ᠡᠷᠬᠢᠯᠡᠭᠴᠢ ᠪᠣᠯᠣᠨ ᠰᠢᠶᠣᠣ ᠴᠢ ᠪᠢᠳᠡᠨ ᠲᠠᠢ ᠡᠶᠢᠮᠦ ᠤᠯᠠᠨ ᠡᠷᠬᠢᠮ ᠨᠠᠨᠳᠢᠨ ᠨᠠᠮ ᠤᠨ | ᠪᠠᠶᠢᠭᠤᠯᠤᠯᠲᠠ ᠶᠢᠨ ᠠᠵᠢᠯ ᠤᠨ ᠲᠤᠷᠰᠢᠯᠭ᠎ᠠ ᠶᠢ ᠬᠤᠪᠢᠶᠠᠯᠴᠠᠭᠰᠠᠨ ᠳᠤ ᠮᠠᠰᠢ ᠲᠠᠯᠠᠷᠬᠠᠵᠤ ᠪᠠᠶᠢᠨ᠎ᠠ᠂ ᠬᠤᠳᠠ ᠶᠢᠨ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠨᠠᠮ ᠤᠨ ᠪᠠᠶᠢᠭᠤᠯᠤᠯᠲᠠ ᠶᠢᠨ ᠠᠵᠢᠯ ᠨᠢ ᠲᠤᠬᠠᠶᠢᠯᠠᠭᠰᠠᠨ | ᠠᠵᠢᠯ ᠤᠨ ᠳᠡᠭᠡᠭᠰᠢᠯᠡᠯᠲᠡ ᠪᠣᠯᠣᠨ ᠠᠵᠢᠯ ᠤᠨ ᠬᠠᠮᠲᠤᠷᠠᠯ ᠬᠦᠴᠦᠨ ᠢ ᠨᠢᠭᠲᠠᠷᠠᠭᠤᠯᠬᠤ ᠲᠠᠯ᠎ᠠ ᠪᠠᠷ ᠯᠠᠪᠲᠠᠢ ᠨᠡᠩ | ᠶᠡᠭᠡ ᠦᠢᠯᠡᠳᠦᠯ ᠦᠵᠡᠭᠦᠯᠦᠨ᠎ᠡ ᠭᠡᠳᠡᠭ ᠲᠤ ᠢᠲᠡᠭᠡᠵᠦ ᠪᠠᠶᠢᠨ᠎ᠠ᠃ | ᠬᠠᠮᠢᠶᠠᠷᠤᠭᠴᠢ᠄ | ᠬᠥᠬᠡᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠳᠥᠷᠪᠡᠳᠦᠭᠡᠷ ᠳᠡᠰ ᠤᠨ | ᠪᠠᠶᠢᠴᠠᠭᠠᠨ ᠰᠤᠳᠤᠯᠤᠭᠴᠢ ᠯᠢ ᠷᠦᠢ ᠴᠢᠨ᠂ ᠪᠠᠶᠢᠭᠤᠯᠭ᠎ᠠ ᠶᠢᠨ ᠨᠠᠮ ᠤᠨ ᠬᠤᠷᠢᠶ᠎ᠠ ᠶᠢᠨ ᠰᠢᠶᠣᠣ ᠴᠢ ᠳᠤ | ᠪᠠᠶᠠᠷᠯᠠᠯ᠎ᠠ᠂ ᠰᠦᠯᠵᠢᠶᠡᠨ ᠠᠨᠳᠠ ᠨᠠᠷ ᠤᠨ ᠠᠩᠬᠠᠷᠤᠯ ᠢᠶᠠᠨ ᠬᠠᠨᠳᠤᠭᠤᠯᠵᠤ ᠣᠷᠣᠯᠴᠠᠭᠰᠠᠨ ᠳᠤ ᠪᠠᠶᠠᠷᠯᠠᠯ᠎ᠠ᠂ ᠲᠤᠰ | ᠬᠤᠭᠤᠴᠠᠭᠠᠨ ᠤ ᠰᠣᠷᠪᠤᠯᠵᠢᠯᠠᠭ᠎ᠠ ᠠᠳᠡ ᠬᠦᠷᠦᠭᠡᠳ ᠦᠨᠳᠦᠷᠯᠡᠵᠦ ᠪᠠᠶᠢᠨ᠎ᠠ᠂ ᠪᠠᠶᠠᠷᠯᠠᠯ᠎ᠠ᠃ | ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ | |