| | -2022 ᠣᠨ ᠤ 12 ᠳ᠋ᠤᠭᠠᠷ ᠰᠠᠷ᠎ᠠ ᠶᠢᠨ 30 ᠤ ᠡᠳᠦᠷ ᠬᠥᠬᠡᠬᠤᠲᠠ ᠶᠢᠨ ᠠᠷᠪᠠᠨ ᠵᠢᠷᠭᠤᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠤᠳᠠᠭᠠᠨ ᠤ ᠬᠤᠷᠠᠯ ᠳᠡᠭᠡᠷ᠎ᠡ | | ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠳᠠᠷᠤᠭ᠎ᠠ ᠾᠧ ᠬᠠᠢ ᠳ᠋ᠦᠩ ᠲᠥᠯᠥᠭᠡᠯᠡᠭᠴᠢᠳ ᠠ᠋᠄ | ᠤᠳᠤ ᠪᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ | ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ ᠲᠡᠷᠡᠴᠢᠯᠡᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠠ ᠬᠤᠷᠠᠯ ᠳᠤ | ᠰᠤᠯᠠ ᠣᠷᠣᠯᠴᠠᠭᠰᠠᠨ ᠨᠥᠬᠦᠳ ᠰᠠᠨᠠᠯ ᠢᠶᠠᠨ ᠳᠤᠷᠠᠳᠬᠤ ᠪᠣᠯᠪᠠᠤ᠃ | | | ᠨᠢᠭᠡ᠂ 2022 ᠣᠨ ᠤ ᠠᠵᠢᠯ ᠤᠨ ᠡᠷᠭᠢᠴᠡᠭᠦᠯᠦᠯ | 2022 ᠣᠨ ᠪᠣᠯ ᠲᠤᠶᠢᠯ ᠤᠨ ᠶᠡᠷᠦ ᠪᠤᠰᠤ ᠶᠢᠨ᠂ ᠲᠤᠶᠢᠯ ᠤᠨ ᠬᠦᠴᠢᠷ ᠪᠡᠷᠬᠡᠰᠢᠶᠡᠯ ᠲᠠᠢ᠂ ᠲᠤᠶᠢᠯ ᠤᠨ | ᠮᠠᠷᠲᠠᠭᠳᠠᠰᠢ ᠦᠭᠡᠢ ᠨᠢᠭᠡ ᠵᠢᠯ ᠪᠣᠯᠣᠨ᠎ᠠ᠂ ᠪᠢᠳᠡ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ | ᠳᠣᠣᠷ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠲᠠ ᠶᠢᠨ ᠨᠠᠮ ᠤᠨ | ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠡᠷᠡ ᠶᠣᠰᠣᠭᠠᠷ ᠨᠢ | ᠲᠤᠭᠤᠰᠢᠯᠠᠭᠤᠯᠵᠤ᠂ ᠤᠯᠤᠰ ᠤᠨ ᠳᠣᠲᠣᠭᠠᠳᠤ ᠶᠢᠨ ᠠᠵᠤ ᠠᠬᠤᠢ ᠶᠢᠨ ᠪᠠᠭᠤᠷᠠᠯᠲᠠ ᠪᠠ ᠬᠢᠵᠢᠭ ᠤᠨ ᠪᠠᠶᠢᠳᠠᠯ | ᠳᠠᠬᠢᠨ ᠳᠠᠪᠲᠠᠨ ᠳᠠᠭᠠᠷᠢᠭᠰᠠᠨ ᠳᠠᠪᠬᠤᠴᠠᠭᠰᠠᠨ ᠨᠥᠯᠥᠭᠡ ᠶᠢ ᠪᠦᠲᠦᠮᠵᠢᠲᠡᠶ ᠠᠷᠭᠠᠴᠠᠭᠠᠭᠠᠳ ᠬᠢᠯᠪᠠᠷ ᠪᠤᠰᠤ᠂ | ᠲᠤᠶᠢᠯ ᠤᠨ ᠨᠠᠨᠳᠢᠨ ᠬᠥᠭᠵᠢᠯᠲᠡ ᠶᠢᠨ ᠠᠮᠵᠢᠯᠲᠠ ᠪᠦᠲᠦᠮᠵᠢ ᠶᠢ ᠣᠯᠣᠭᠰᠠᠨ ᠪᠠᠶᠢᠨ᠎ᠠ᠃ ᠵᠢᠱᠢᠯᠲᠡ ᠪᠠᠷ ᠭᠠᠵᠠᠷ | ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ 3% 3ᠣᠷᠴᠢᠮ ᠨᠡᠮᠡᠭᠳᠡᠵᠦ᠂ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠲᠡᠭ 4% 4ᠣᠷᠴᠢᠮ ᠨᠡᠮᠡᠭᠳᠡᠵᠦ᠂ ᠲᠣᠭᠲᠠᠮᠠᠯ ᠬᠥᠷᠥᠩᠭᠡ ᠶᠢᠨ | ᠪᠡᠯᠡ ᠣᠷᠣᠭᠤᠯᠤᠯᠲᠠ 12% ᠣᠷᠴᠢᠮ ᠨᠡᠮᠡᠭᠳᠡᠵᠦ᠂ ᠬᠤᠳᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ | ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠤᠰ ᠲᠤᠰ 4% ᠪᠠ 6% ᠣᠷᠴᠢᠮ | ᠨᠡᠮᠡᠭᠳᠡᠬᠦ ᠪᠣᠯᠣᠨ᠎ᠠ᠃ | ᠪᠢᠳᠡ ᠬᠢᠵᠢᠭ ᠲᠠᠢ ᠲᠡᠮᠡᠴᠡᠵᠦ᠂ ᠳᠣᠲᠣᠭᠠᠳᠤ ᠬᠡᠷᠡᠭᠴᠡᠭᠡ ᠶᠢ ᠥᠷᠭᠡᠳᠬᠡᠨ᠂ ᠪᠥᠬᠦ ᠬᠤᠲᠠ ᠶᠢᠨ ᠠᠵᠤ | ᠠᠬᠤᠢ ᠶᠢᠨ ᠬᠥᠭᠵᠢᠯᠲᠡ ᠶᠢᠨ ᠲᠣᠭᠲᠠᠭᠤᠨ ᠪᠥᠭᠡᠳ ᠰᠠᠶᠢᠨ ᠪᠠᠶᠢᠳᠠᠯ ᠢ ᠪᠠᠲᠤᠯᠠᠪᠠ᠃ ᠤᠯᠤᠰ ᠤᠨ ᠰᠡᠷᠭᠡᠶᠢᠯᠡᠨ | ᠡᠵᠡᠮᠳᠡᠬᠦ ᠲᠦᠷᠦ ᠶᠢᠨ ᠪᠣᠳᠣᠯᠭ᠎ᠠ ᠶᠢ ᠡᠷᠡᠰ ᠨᠠᠶᠢᠳᠠᠪᠤᠷᠢᠵᠢᠭᠤᠯᠤᠨ᠂ ᠣᠯᠠᠨ ᠤᠳᠠᠭᠠᠨ ᠤ ᠰᠢᠨ᠎ᠡ ᠲᠢᠲᠢᠮᠯᠢᠭ | ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠪᠦᠲᠦᠮᠵᠢᠲᠡᠶ ᠰᠢᠢᠳᠪᠦᠷᠢᠯᠡᠵᠦ᠂ ᠢᠯᠠᠩᠭᠤᠶ᠎ᠠ ︽2.15︾ ᠪᠠ | ︽9.28︾ ᠤ ᠬᠤᠶᠠᠷ ᠡᠭᠡᠯᠵᠢ ᠶᠢᠨ ᠶᠡᠭᠡ ᠬᠡᠪᠴᠢᠶᠡᠨ ᠤ ᠬᠢᠵᠢᠭ ᠤᠨ ᠪᠠᠶᠢᠳᠠᠯ ᠢ ᠠᠮᠵᠢᠯᠲᠠ ᠲᠠᠢ ᠠᠷᠭᠠᠴᠠᠭᠠᠵᠤ᠂ | ᠬᠢᠵᠢᠭ ᠤᠨ ᠪᠠᠶᠢᠳᠠᠯ ᠤᠨ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠳᠤ ᠦᠵᠡᠭᠦᠯᠬᠦ ᠨᠥᠯᠥᠭᠡ ᠶᠢ ᠬᠠᠮᠤᠭ ᠤᠨ | ᠶᠡᠭᠡ ᠬᠡᠮᠵᠢᠶ᠎ᠡ ᠪᠠᠷ ᠪᠠᠭᠠᠰᠬᠠᠵᠤ᠂ ᠤᠯᠠᠨ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ | ᠡᠷᠡᠭᠦᠯ ᠮᠡᠨᠳᠤ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠲᠤᠯᠠᠪᠠ᠃ ᠠᠵᠤ ᠠᠬᠤᠢ ᠶᠢ ᠲᠣᠭᠲᠠᠪᠤᠷᠢᠵᠢᠭᠤᠯᠬᠤ 43 | ᠵᠤᠷᠪᠤᠰ᠂ ᠠᠵᠤ ᠦᠢᠯᠡᠳᠪᠦᠷᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠦᠢᠯᠡᠴᠢᠯᠡᠭᠡᠨ ᠤ ᠦᠢᠯᠡᠰ ᠤᠨ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠮᠥᠩᠭᠦᠨ ᠭᠦᠢᠯᠭᠡᠭᠡ ᠪᠠᠷ ᠪᠣᠳᠠᠲᠤ ᠴᠣᠭᠴᠠ ᠶᠢᠨ ᠠᠵᠤ ᠠᠬᠤᠢ ᠶᠢ | ᠳᠡᠮᠵᠢᠬᠦ᠂ ᠳᠣᠲᠣᠭᠠᠳᠤ ᠬᠡᠷᠡᠭᠴᠡᠭᠡ ᠶᠢ ᠢᠳᠡᠪᠬᠢᠲᠡᠢ ᠥᠷᠭᠡᠳᠬᠡᠬᠦ ᠵᠡᠷᠭᠡ ᠠᠯᠢ ᠤᠯᠠᠨ ᠲᠦᠷᠦ ᠶᠢᠨ ᠪᠣᠳᠣᠯᠭ᠎ᠠ | ᠠᠷᠭ᠎ᠠ ᠬᠡᠮᠵᠢᠶ᠎ᠡ ᠶᠢ ᠲᠣᠭᠲᠠᠭᠠᠨ ᠨᠡᠶᠢᠲᠡᠯᠡᠵᠦ᠂ ᠵᠢᠱᠢᠯᠲᠡ ᠪᠠᠷ ᠪᠦᠬᠦ ᠵᠢᠯ ᠳᠤ ᠨᠡᠶᠢᠳᠡ 90 ᠳ᠋ᠦᠩᠰᠢᠭᠤᠷ | ᠲᠥᠭᠦᠷᠢᠭ ᠤᠨ ᠭᠠᠶᠢᠯᠢ ᠶᠢ ᠪᠤᠴᠠᠭᠠᠨ᠂ ᠭᠠᠶᠢᠯᠢ ᠶᠢ ᠬᠥᠩᠭᠡᠯᠡᠵᠦ᠂ ᠰᠦᠢᠳᠬᠡᠯ ᠢ ᠪᠠᠭᠤᠷᠠᠭᠤᠯᠤᠨ᠂ ᠭᠠᠶᠢᠯᠢ ᠶᠢ | ᠬᠤᠶᠢᠰᠢᠯᠠᠭᠤᠯᠵᠤ᠂ ᠠᠵᠤ ᠠᠬᠤᠶᠢᠯᠠᠯ ᠤᠨ ᠴᠠᠬᠢᠯᠭᠠᠨ ᠬᠡᠷᠡᠭᠯᠡᠬᠦ ᠥᠪᠡᠷ ᠤᠨ ᠦᠷᠳᠡᠭ ᠢ 7.8 ᠳ᠋ᠦᠩᠰᠢᠭᠤᠷ | ᠲᠥᠭᠦᠷᠢᠭ ᠪᠠᠭᠤᠷᠠᠭᠤᠯᠪᠠ᠃ ᠪᠦᠬᠦ ᠵᠢᠯ ᠳᠤ 1055 ᠭᠤᠣᠯᠳᠠᠯᠭ᠎ᠠ ᠲᠠᠢ ᠲᠦᠷᠦᠯ ᠵᠦᠢᠯ ᠢ ᠬᠡᠷᠡᠭᠵᠢᠭᠦᠯᠵᠦ᠂ | ᠵᠢᠱᠢᠯᠲᠡ ᠪᠠᠷ 1114.6 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠠᠩᠬ᠎ᠠ | ᠤᠳᠠᠭ᠎ᠠ ︽ᠬᠤᠣᠰ ᠮᠢᠩᠭ᠎ᠠ︾ ᠶᠢᠨ ᠬᠠᠷᠠᠯᠲᠠ ᠶᠢ ᠪᠡᠶᠡᠯᠡᠭᠦᠯᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ | ︽ᠬᠤᠶᠠᠷ ᠣᠷᠣᠨᠲᠤ ᠲᠤᠭ᠎ᠠ︾ ᠶᠢᠨ ᠰᠥᠷᠭᠡᠦ ᠨᠡᠮᠡᠭᠳᠡᠯ ᠢ ᠪᠡᠶᠡᠯᠡᠭᠦᠯᠬᠦ ᠪᠣᠯᠣᠨ᠎ᠠ᠃ ᠢᠯᠠᠩᠭᠤᠶ᠎ᠠ ᠴᠥᠬᠦᠷᠡᠰᠢ ᠦᠭᠡᠢ | ᠴᠢᠷᠮᠠᠶᠢᠯᠭ᠎ᠠ ᠪᠠᠷ ᠳᠠᠮᠵᠢᠨ᠂ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ | ᠬᠤᠳᠠ ᠪᠠᠷ ᠠᠮᠵᠢᠯᠲᠠ ᠲᠠᠢ ᠰᠣᠩᠭᠤᠭᠳᠠᠵᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ | ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠬᠤ ᠠᠵᠢᠯ ᠠᠯᠪᠠᠨ ᠨᠡᠶᠢᠲᠡᠯᠡᠯ ᠤᠨ ᠱᠠᠲᠤᠨ ᠳᠤ ᠣᠷᠣᠵᠤ᠂ ᠪᠦᠬᠦ | ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠢᠳᠡᠪᠬᠢᠲᠡᠢ ᠦᠷ᠎ᠡ ᠪᠦᠲᠦᠮᠵᠢ ᠣᠯᠵᠤ᠂ | ︽2022 ᠴᠢᠨᠠᠷ ᠰᠠᠶᠢᠲᠠᠢ ᠬᠥᠭᠵᠢᠯᠲᠡ ᠶᠢᠨ ᠠᠷᠪᠠᠨ ᠰᠢᠯᠢᠳᠡᠭ ᠬᠤᠳᠠ︾ ᠶᠢᠨ ᠢᠷᠠᠭᠤ ᠠᠯᠳᠠᠷ ᠢ ᠬᠦᠷᠲᠡᠪᠡ᠃ | | ᠪᠢᠳᠡ ︽ᠣᠷᠣᠶᠢᠯᠠᠬᠤ︾ ᠶᠢ ᠠᠳᠬᠤᠨ᠂ ︽ᠬᠡᠯᠬᠢᠶ᠎ᠡ︾ ᠶᠢ ᠨᠥᠬᠦᠪᠦᠷᠢᠯᠡᠵᠦ᠂ ᠵᠢᠷᠭᠤᠭᠠᠨ ᠶᠡᠭᠡ ᠠᠵᠤ | ᠦᠢᠯᠡᠰ ᠤᠨ ᠪᠥᠭᠡᠮᠨᠡᠷᠡᠯ ᠴᠢᠬᠤᠯᠠ ᠠᠬᠢᠯᠲᠠ ᠲᠠᠢ ᠪᠣᠯᠭᠠᠪᠠ᠃ ᠪᠥᠬᠦ ᠤᠯᠤᠰ ᠤᠨ ᠴᠣᠷ ᠤᠨ ᠭᠠᠭᠴᠠ ᠤᠯᠤᠰ ᠤᠨ | ᠰᠦ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢᠶᠠᠷ ᠵᠥᠪᠰᠢᠶᠡᠷᠡᠭᠳᠡᠵᠦ᠂ ᠢᠯᠢ ᠶᠢᠨ ᠣᠲᠣ | ᠦᠶ᠎ᠡ ᠶᠢᠨ ᠣᠶᠤᠨᠲᠤ ᠡᠷᠡᠭᠦᠯ ᠮᠡᠨᠳᠦ ᠶᠢᠨ ᠬᠥᠨᠳᠡᠢ ᠶᠢᠨ ᠰᠢᠩᠭᠡᠨ ᠰᠦ᠂ ᠰᠦᠨ ᠲᠠᠯᠬ᠎ᠠ᠂ ᠣᠶᠤᠨᠴᠢ ᠦᠢᠯᠡᠳᠬᠦ ᠶᠢ | ᠪᠡᠶᠡᠴᠢᠯᠡᠨ ᠣᠶᠢᠯᠠᠭᠠᠬᠤ ᠲᠥᠪ᠂ ᠣᠶᠤᠨᠲᠤ ᠮᠠᠯᠵᠢᠯ ᠤᠨ ᠲᠠᠯᠠᠪᠠᠶ ᠵᠡᠷᠭᠡ 4 ᠲᠣᠮᠣ ᠭᠤᠣᠯ ᠲᠥᠷᠥᠯ ᠵᠦᠢᠯ ᠤᠨ | ᠪᠠᠷᠢᠯᠭ᠎ᠠ ᠶᠢᠨ ᠠᠵᠢᠯ ᠳᠠᠭᠤᠰᠴᠤ ᠠᠰᠢᠭᠯᠠᠯᠲᠠ ᠳᠤ ᠣᠷᠣᠪᠠ᠃ ᠮᠧᠩ ᠨᠢᠦ ᠶᠢᠨ ᠰᠦ ᠶᠢᠨ ᠦᠢᠯᠡᠰ ᠤᠨ ᠠᠵᠤ | ᠦᠢᠯᠡᠰ ᠤᠨ ᠬᠦᠷᠢᠶᠡᠯᠡᠩ ᠤᠨ ᠨᠠᠢᠮᠠᠳᠤᠭᠠᠷ ᠬᠤᠭᠤᠴᠠᠭᠠᠨ ᠤ ᠰᠢᠨ᠎ᠡ ᠰᠦ᠂ ᠪᠢᠰᠢᠯᠠᠭ᠂ ᠳᠣᠣᠷ᠎ᠠ ᠳᠤᠯᠠᠭᠠᠨ ᠵᠡᠷᠭᠡ 3 | ᠲᠣᠮᠣ ᠦᠢᠯᠡᠳᠪᠦᠷᠢ ᠶᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠵᠤ᠂ ᠶᠢᠰᠦᠳᠦᠭᠡᠷ | ᠬᠤᠭᠤᠴᠠᠭᠠᠨ ᠤ ᠰᠦᠨ ᠲᠠᠯᠬ᠎ᠠ ᠶᠢᠨ ᠲᠥᠷᠥᠯ ᠵᠦᠢᠯ ᠢ ᠪᠠᠷᠢᠯᠭ᠎ᠠ ᠡᠬᠢᠯᠡᠭᠦᠯᠦᠨ ᠪᠠᠶᠢᠭᠤᠯᠪᠠ᠃ ᠴᠠᠭᠠᠨ ᠢᠳᠡᠭᠡᠨ ᠤ | ᠠᠵᠤ ᠦᠢᠯᠡᠰ ᠤᠨ ᠪᠥᠭᠡᠮᠨᠡᠷᠡᠯ ᠤᠯᠤᠰ ᠤᠨ ᠲᠡᠷᠢᠭᠦᠨ ᠤ ᠦᠢᠯᠡᠳᠬᠦ ᠦᠢᠯᠡᠰ ᠤᠨ ᠪᠥᠭᠡᠮᠨᠡᠷᠡᠯ ᠳᠤ ᠠᠮᠵᠢᠯᠲᠠ ᠲᠠᠢ | ᠰᠣᠩᠭᠤᠭᠳᠠᠨ ᠣᠷᠣᠵᠤ᠂ ᠰᠦ ᠶᠢᠨ ᠦᠢᠯᠡᠰ ᠤᠨ ᠪᠥᠬᠦ ᠠᠵᠤ ᠦᠢᠯᠡᠰ ᠤᠨ ᠬᠡᠯᠬᠢᠶᠡᠨ ᠤ ᠡᠵᠡᠩᠨᠡᠯᠲᠡ ᠶᠢᠨ | ᠣᠷᠣᠯᠭ᠎ᠠ 2200 ᠳ᠋ᠦᠩᠰᠢᠭᠤᠷ ᠲᠥᠭᠦᠷᠢᠭ ᠢ ᠳᠠᠪᠠᠵᠤ᠂ ᠠᠳᠠᠯᠢ ᠬᠤᠭᠤᠴᠠᠭᠠᠨ ᠤ ᠬᠢ ᠠᠴᠠ 10% ᠨᠡᠮᠡᠭᠳᠡᠨ᠂ | ︽ᠳᠤᠮᠳᠠᠳᠤ ᠤᠯᠤᠰ ᠤᠨ ᠰᠦ ᠶᠢᠨ ᠬᠤᠲᠠ︾ ᠶᠢᠨ ᠪᠠᠶᠢᠷᠢ ᠰᠠᠭᠤᠷᠢ ᠨᠠᠩ ᠪᠠᠬᠢᠵᠢᠪᠡ᠃ ᠤᠯᠤᠰ ᠤᠨ ᠢᠨᠲ᠋ᠧᠷ | ᠰᠦᠯᠵᠢᠶᠡᠨ ᠤ ᠭᠤᠣᠯᠯᠠᠭᠴᠢ ᠰᠢᠭᠤᠳ ᠬᠤᠯᠪᠣᠯᠲᠠ ᠶᠢᠨ ᠴᠡᠭ᠂ ᠣᠯᠠᠨ ᠤᠯᠤᠰ ᠤᠨ ᠢᠨᠲ᠋ᠧᠷ ᠰᠦᠯᠵᠢᠶᠡᠨ ᠤ | ᠲᠤᠭ᠎ᠠ ᠪᠠᠷᠢᠮᠲᠠ ᠶᠢᠨ ᠲᠤᠰᠬᠠᠢ ᠵᠠᠮ ᠢ ᠪᠠᠶᠢᠭᠤᠯᠵᠤ ᠨᠡᠪᠲᠡᠷᠡᠭᠦᠯᠦᠨ᠂ ᠪᠦᠬᠦ ᠤᠯᠤᠰ ᠤᠨ ᠨᠢᠭᠡ | ᠴᠣᠭᠴᠠᠵᠢᠭᠤᠯᠤᠭᠰᠠᠨ ᠪᠣᠳᠣᠯᠭ᠎ᠠ ᠶᠢᠨ ᠬᠦᠴᠦᠨ ᠤ ᠰᠦᠯᠵᠢᠶᠡᠨ ᠤ ᠵᠠᠩᠭᠢᠯᠠᠭ᠎ᠠ ᠶᠢᠨ ᠴᠡᠭ ᠤᠨ ᠬᠤᠷᠢᠨᠭᠡᠷ ᠤᠨ | ᠲᠤᠭ᠎ᠠ ᠪᠠᠷᠢᠮᠲᠠ ᠶᠢᠨ ᠲᠥᠪ ᠢ ᠡᠬᠢᠯᠡᠨ ᠪᠠᠶᠢᠭᠤᠯᠵᠤ᠂ ᠳᠤᠮᠳᠠᠳᠤ ᠤᠯᠤᠰ ᠤᠨ ᠪᠠᠩᠬᠢ ᠶᠢᠨ ᠶᠡᠷᠦᠩᠬᠡᠢ ᠪᠠᠩᠬᠢ ᠶᠢᠨ | ᠮᠥᠩᠭᠦᠨ ᠭᠦᠢᠯᠭᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠤᠭ᠎ᠠ ᠪᠠᠷᠢᠮᠲᠠ ᠶᠢᠨ ᠲᠥᠪ ᠤᠨ ᠭᠤᠣᠯ | ᠴᠣᠭᠴᠠ ᠶᠢ ᠪᠠᠶᠢᠭᠤᠯᠤᠨ ᠳᠠᠭᠤᠰᠬᠠᠵᠤ᠂ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ᠂ ᠥᠪᠥᠷ ᠮᠣᠩᠭᠤᠯ ᠤᠨ | ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ᠂ ᠰᠢᠯᠵᠢᠮᠡᠯ ᠬᠤᠯᠪᠣᠭᠠᠨ ᠤ ᠬᠤᠶᠠᠳᠤᠭᠠᠷ ᠬᠤᠭᠤᠴᠠᠭ᠎ᠠ᠂ | ᠴᠠᠬᠢᠯᠭᠠᠨ ᠬᠤᠯᠪᠣᠭᠠᠨ ᠤ ᠬᠤᠶᠠᠳᠤᠭᠠᠷ ᠬᠤᠭᠤᠴᠠᠭ᠎ᠠ ᠵᠡᠷᠭᠡ ᠲᠤᠭ᠎ᠠ ᠪᠠᠷᠢᠮᠲᠠ ᠶᠢᠨ ᠲᠥᠪ ᠵᠢᠴᠢ ᠰᠢᠨ ᠬᠤᠸᠠ | ᠰᠠᠨ ᠤ ᠲᠥᠪ ᠲᠤᠷᠰᠢᠯᠲᠠ ᠶᠢᠨ ᠲᠠᠰᠤᠭ ᠵᠡᠷᠭᠡ ᠲᠦᠷᠦᠯ ᠵᠦᠢᠯ ᠢ ᠪᠦᠬᠦ ᠲᠠᠯ᠎ᠠ ᠪᠠᠷ ᠪᠠᠷᠢᠯᠭ᠎ᠠ ᠡᠬᠢᠯᠡᠭᠦᠯᠵᠦ᠂ | ᠬᠤᠸᠠ ᠸᠧᠢ ᠡᠭᠦᠯᠡᠨ ᠤ ᠬᠤᠷᠢᠨᠭᠡᠷ ᠤᠨ ᠲᠤᠭ᠎ᠠ ᠪᠠᠷᠢᠮᠲᠠ ᠶᠢᠨ ᠲᠥᠪ᠂ ᠵᠠᠮ ᠬᠠᠷᠢᠯᠴᠠᠭᠠᠨ ᠤ ᠪᠠᠩᠬᠢ ᠶᠢᠨ ᠲᠤᠭ᠎ᠠ | ᠪᠠᠷᠢᠮᠲᠠ ᠶᠢᠨ ᠲᠥᠪ᠂ ᠴᠣᠣ ᠵᠢᠦᠢ ᠪᠢᠶᠠᠨ ᠦᠢᠯᠡᠴᠢᠯᠡᠭᠦᠷ ᠵᠡᠷᠭᠡ ᠲᠦᠷᠦᠯ ᠵᠦᠢᠯ ᠢ ᠭᠡᠷ᠎ᠡ ᠲᠣᠭᠲᠠᠨ | ᠨᠠᠶᠢᠳᠠᠪᠤᠷᠢᠵᠢᠭᠤᠯᠵᠤ᠂ ᠡᠯᠧᠺᠲᠷᠣᠨ ᠮᠡᠳᠡᠭᠡ ᠵᠠᠩᠭᠢ ᠶᠢᠨ ᠮᠡᠷᠭᠡᠵᠢᠯ ᠤᠨ ᠠᠵᠤ ᠦᠢᠯᠡᠰ ᠬᠥᠭᠵᠢᠯᠲᠡ ᠶᠢᠨ ︽ | ᠲᠦᠷᠭᠡᠨ ᠤ ᠵᠠᠮ︾ ᠳᠤ ᠣᠷᠣᠪᠠ᠃ ᠶᠡᠷᠦᠩᠬᠡᠢ ᠪᠡᠯᠡ ᠣᠷᠤᠭᠤᠯᠤᠯᠲᠠ ᠨᠢ 206 ᠳ᠋ᠦᠩᠰᠢᠭᠤᠷ ᠲᠥᠭᠦᠷᠢᠭ ᠤᠨ | ᠵᠥᠩ ᠬᠤᠸᠠᠨ ᠠᠵᠤ ᠦᠢᠯᠡᠰ ᠤᠨ ᠬᠤᠲᠠ ᠶᠢ ᠪᠠᠷᠢᠯᠭ᠎ᠠ ᠡᠬᠢᠯᠡᠭᠦᠯᠦᠨ ᠪᠠᠶᠢᠭᠤᠯᠵᠤ᠂ ᠶᠤᠸᠠᠨ ᠵᠢᠩ ᠣᠶᠤᠨᠴᠢ | ᠦᠢᠯᠡᠳᠬᠦ ᠠᠵᠤ ᠦᠢᠯᠡᠰ ᠤᠨ ᠬᠦᠷᠢᠶᠡᠯᠡᠩ ᠪᠥᠬᠦ ᠲᠠᠯ᠎ᠠ ᠪᠠᠷ ᠪᠠᠷᠢᠯᠭ᠎ᠠ ᠡᠬᠢᠯᠡᠵᠦ᠂ ᠬᠤᠸᠠ ᠶᠣᠣ ᠶᠢᠨ | ᠬᠤᠶᠠᠳᠤᠭᠠᠷ ᠬᠤᠭᠤᠴᠠᠭ᠎ᠠ᠂ ᠱᠧᠩ ᠹᠠᠨ ᠤ ᠬᠤᠶᠠᠳᠤᠭᠠᠷ ᠬᠤᠭᠤᠴᠠᠭ᠎ᠠ ᠭᠤᠷᠪᠠᠳᠤᠭᠠᠷ ᠬᠤᠭᠤᠴᠠᠭ᠎ᠠ᠂ ᠳ᠋ᠦᠩ ᠹᠠᠩ | ᠴᠠᠬᠢᠯᠭᠠᠨ ᠤ ᠣᠶᠤᠨᠲᠤ ᠡᠨᠧᠷᠭᠢ ᠵᠡᠷᠭᠡ ᠲᠥᠷᠥᠯ ᠵᠦᠢᠯ ᠢ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠣᠷᠣᠭᠤᠯᠵᠤ᠂ | ᠰᠢᠨ᠎ᠡ ᠮᠠᠲ᠋ᠧᠷᠢᠶᠠᠯ ᠪᠠ ᠣᠲᠣ ᠦᠶ᠎ᠡ ᠶᠢᠨ ᠲᠣᠨᠣᠭᠯᠠᠯ ᠦᠢᠯᠡᠳᠬᠦ ᠠᠵᠤ ᠦᠢᠯᠡᠰ ᠲᠠᠰᠤᠷᠠᠯᠲᠠ ᠦᠭᠡᠢ | ᠪᠤᠵᠠᠭᠠᠶᠢᠷᠠᠪᠠ᠃ ᠶᠢᠨ ᠳ᠋ᠠ ᠸᠧᠢ ᠶᠢᠨ ᠳᠠᠭᠠᠯᠲᠠ ᠢᠰᠬᠡᠭᠦᠷ Q10 ᠶᠢ ᠥᠷᠭᠡᠳᠬᠡᠨ ᠪᠠᠶᠢᠭᠤᠯᠵᠤ᠂ ᠶᠢᠨ ᠢᠦᠢ ᠭᠦᠩ | ᠯᠢ ᠶᠢᠨ ᠡᠩᠬᠦᠷᠡᠢ ᠠᠮᠢᠲᠠᠨ ᠤ ᠸᠠᠺᠼᠢᠨ᠂ ᠬᠤᠸᠠ ᠰᠢ ᠠᠮᠢᠳᠤ ᠪᠣᠳᠠᠰ ᠤᠨ ᠠᠮᠢᠲᠠᠨ ᠤ ᠸᠠᠺᠼᠢᠨ ᠵᠡᠷᠭᠡ ᠲᠥᠷᠥᠯ | ᠵᠦᠢᠯ ᠢ ᠵᠢᠩᠬᠢᠨᠢ ᠪᠠᠷ ᠠᠰᠢᠭᠯᠠᠯᠲᠠ ᠳᠤ ᠣᠷᠣᠭᠤᠯᠵᠤ᠂ ᠶᠢᠨ ᠾᠧ ᠶᠢᠤ ᠪᠧᠨ ᠤ ᠠᠮᠢᠲᠠᠨ ᠤ ᠸᠠᠺᠼᠢᠨ | ᠦᠢᠯᠡᠳᠪᠦᠷᠢᠯᠡᠬᠦ ᠰᠠᠭᠤᠷᠢᠨ ᠭᠠᠵᠠᠷ ᠤᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠲᠤᠷᠰᠢᠨ ᠦᠢᠯᠡᠳᠪᠦᠷᠢᠯᠡᠵᠦ᠂ | ᠪᠥᠸᠧ ᠬᠤᠶ ᠠᠮᠢᠳᠤ ᠪᠣᠳᠠᠰ ᠤᠨ ᠮᠡᠷᠭᠡᠵᠢᠯ ᠤᠨ ᠠᠵᠤ ᠦᠢᠯᠡᠰ ᠤᠨ ᠰᠠᠭᠤᠷᠢᠨ ᠭᠠᠵᠠᠷ᠂ ᠳ᠋ᠠ ᠲᠠᠩ ᠡᠮ ᠤᠨ | ᠦᠢᠯᠡᠰ ᠤᠨ ᠡᠷᠡᠭᠦᠯ ᠮᠡᠨᠳᠦ ᠶᠢᠨ ᠠᠵᠤ ᠦᠢᠯᠡᠰ ᠤᠨ ᠬᠦᠷᠢᠶᠡᠯᠡᠩ᠂ ᠶᠢᠨ ᠾᠧ ᠠᠮᠢᠳᠤ ᠪᠣᠳᠠᠰ ᠤᠨ ᠥᠨᠳᠥᠷ ᠦᠷ᠎ᠡ | ᠠᠰᠢᠭᠲᠤ ᠰᠢᠷ᠎ᠠ ᠬᠥᠭᠡᠴᠦ ᠡᠳ᠋ ᠵᠡᠷᠭᠡ ᠲᠥᠷᠥᠯ ᠵᠦᠢᠯ ᠢ ᠲᠦᠷᠭᠡᠳᠬᠡᠨ ᠠᠬᠢᠭᠤᠯᠵᠤ᠂ ᠠᠮᠢᠳᠤ ᠪᠣᠳᠠᠰ ᠤᠨ ᠡᠮ | ᠡᠮᠨᠡᠯᠭᠡ ᠶᠢᠨ ᠠᠵᠤ ᠦᠢᠯᠡᠰ ᠦᠳᠲᠡᠷ ᠲᠦᠷᠭᠡᠨ ᠪᠣᠶᠢᠵᠢᠪᠠ᠃ ᠶᠡᠷᠦᠩᠬᠡᠢ ᠪᠡᠯᠡ ᠣᠷᠣᠭᠤᠯᠤᠯᠲᠠ ᠨᠢ 118 | ᠳ᠋ᠦᠩᠰᠢᠭᠤᠷ ᠲᠥᠭᠦᠷᠢᠭ ᠤᠨ ᠵᠢᠦ ᠲᠠᠢ ᠶᠢᠨ 100 ᠲᠦᠮᠡᠨ ᠲᠣᠨ ᠨᠡᠭᠦᠷᠡᠰᠦ ᠪᠠᠷ ᠡᠲ᠋ᠠ ᠬᠤᠶᠠᠷᠴᠢ ᠠᠯᠺᠣᠣᠯ | ᠦᠢᠯᠡᠳᠬᠦ ᠲᠥᠷᠥᠯ ᠵᠦᠢᠯ᠂ ᠶᠡᠷᠦᠩᠬᠡᠢ ᠪᠡᠯᠡ ᠣᠷᠣᠭᠤᠯᠤᠯᠲᠠ ᠨᠢ 48 ᠳ᠋ᠦᠩᠰᠢᠭᠤᠷ ᠲᠥᠭᠦᠷᠢᠭ ᠲᠤ ᠬᠦᠷᠦᠭᠰᠡᠨ | ᠰᠢᠦᠢ ᠶᠠᠩ ᠤᠨ ᠤᠰᠤᠲᠥ᠋ᠷᠥᠭᠴᠢ ᠦᠢᠯᠡᠳᠬᠦ ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ | ᠣᠷᠣᠭᠤᠯᠵᠤ᠂ ᠰᠢᠩ ᠲᠠᠢ ᠶᠢᠨ 30 ᠲᠦᠮᠡᠨ ᠲᠣᠨ BDO᠂ ᠮᠧᠩ ᠯᠢᠶᠠᠨ ᠬᠢᠮᠢ ᠶᠢᠨ ᠠᠵᠤ ᠦᠢᠯᠡᠳᠪᠦᠷᠢ ᠶᠢᠨ | 30 ᠲᠦᠮᠡᠨ ᠲᠣᠨ ᠰᠢᠩᠭᠡᠨᠵᠢᠮᠡᠯ ᠬᠡᠢ ᠶᠢ ᠨᠠᠷᠢᠯᠢᠭ ᠡᠳ᠋ᠰᠢᠭᠦᠯᠬᠦ ᠵᠡᠷᠭᠡ ᠲᠥᠷᠥᠯ ᠵᠦᠢᠯ ᠢ ᠠᠵᠢᠯ ᠡᠬᠢᠯᠡᠭᠦᠯᠦᠨ | ᠪᠦᠲᠦᠭᠡᠨ ᠪᠠᠶᠢᠭᠤᠯᠵᠤ᠂ ᠳᠤᠮᠳᠠᠳᠤ ᠤᠯᠤᠰ ᠤᠨ ᠴᠢᠯᠠᠭᠤᠨ ᠲᠣᠰᠣ ᠶᠢᠨ ᠬᠥᠬᠡᠬᠤᠲᠠ ᠶᠢᠨ ᠴᠢᠯᠠᠭᠤᠨ ᠲᠣᠰᠣ | ᠬᠢᠮᠢ ᠶᠢᠨ ᠺᠣᠮᠫᠠᠨᠢ ᠪᠠ ᠳᠤᠮᠳᠠᠳᠤ ᠤᠯᠤᠰ ᠤᠨ ᠲᠡᠯᠡᠶ ᠶᠢᠨ ᠴᠢᠯᠠᠭᠤᠨ ᠲᠣᠰᠣᠨ ᠤ ᠲᠢᠶᠠᠨ ᠶᠧ ᠬᠢᠮᠢ ᠶᠢᠨ ᠠᠵᠤ | ᠦᠢᠯᠡᠳᠪᠦᠷᠢ ᠪᠠᠶᠢᠯᠳᠤᠬᠤ ᠪᠣᠳᠣᠯᠭ᠎ᠠ ᠶᠢᠨ ᠳᠠᠬᠢᠨ ᠵᠣᠬᠢᠶᠠᠨ ᠪᠠᠶᠢᠭᠤᠯᠬᠤ ᠶᠢ ᠬᠡᠷᠡᠭᠵᠢᠭᠦᠯᠵᠦ᠂ ᠣᠳᠣᠬᠢᠴᠢᠯᠠᠭᠰᠠᠨ | ᠠᠵᠤ ᠦᠢᠯᠡᠳᠪᠦᠷᠢ ᠶᠢᠨ ᠠᠵᠤ ᠦᠢᠯᠡᠰ ᠤᠨ ︽ᠡᠨᠧᠷᠭᠢ ᠬᠢᠮᠢ ᠶᠢᠨ ᠠᠵᠤ ᠦᠢᠯᠡᠳᠪᠦᠷᠢ ᠶᠢ ᠨᠢᠭᠡ | ᠴᠣᠭᠴᠠᠵᠢᠭᠤᠯᠤᠨ︾ ᠬᠡᠯᠪᠡᠷᠢ ᠶᠢ ᠬᠤᠪᠢᠷᠠᠭᠤᠯᠬᠤ ᠶᠢ ᠲᠦᠷᠭᠡᠳᠬᠡᠨ ᠠᠬᠢᠭᠤᠯᠪᠠ᠃ ᠶᠤᠸᠠᠨ ᠵᠢᠩ ᠤᠨ 40 ᠲᠦᠮᠡᠨ | ᠺᠢᠯᠣᠸᠠᠲ ᠤᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠣᠷᠭᠢᠯ ᠬᠡᠮᠵᠢᠭᠳᠡᠯ ᠳᠤ ᠬᠦᠷᠭᠡᠬᠦ ᠶᠢ ᠤᠷᠢᠳᠠᠪᠠᠷ | ᠬᠡᠷᠡᠭᠵᠢᠭᠦᠯᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠲᠢᠶᠠᠨ ᠨᠧᠩ ᠬᠦᠨᠳᠦ ᠠᠵᠤ ᠦᠢᠯᠡᠳᠪᠦᠷᠢ ᠶᠢᠨ 15 | ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠢ ᠦᠨᠳᠦᠰᠦᠨ ᠳᠡᠭᠡᠨ ᠪᠠᠶᠢᠭᠤᠯᠵᠤ | ᠳᠠᠭᠤᠰᠬᠠᠪᠠ᠃ ᠵᠢᠨᠱᠠᠨ ᠴᠠᠬᠢᠯᠭᠠᠨ ᠤ ᠦᠢᠯᠡᠳᠪᠦᠷᠢ ᠶᠢᠨ ᠬᠤᠶᠠᠳᠤᠭᠠᠷ ᠬᠤᠭᠤᠴᠠᠭᠠᠨ ᠤ ᠥᠷᠭᠡᠳᠬᠡᠨ ᠪᠠᠶᠢᠭᠤᠯᠬᠤ | ᠲᠦᠷᠦᠯ ᠵᠦᠢᠯ ᠤᠨ ᠭᠤᠷᠪᠠᠳᠤᠭᠠᠷ ᠨᠣᠮᠧᠷᠲᠤ ᠮᠠᠰᠢᠨ ᠴᠣᠭᠴᠠᠯᠠᠪᠤᠷᠢ ᠶᠢ ᠠᠮᠵᠢᠯᠲᠠ ᠲᠠᠢ ᠲᠣᠣᠷ ᠲᠤ ᠨᠡᠶᠢᠯᠡᠭᠦᠯᠦᠨ | ᠴᠠᠬᠢᠯᠭᠠᠨ ᠭᠠᠷᠭᠠᠵᠤ᠂ ᠳ᠋ᠠ ᠲᠠᠩ ᠤᠨ 200 ᠲᠦᠮᠡᠨ ᠺᠢᠯᠣᠸᠠᠲ ᠤᠨ ᠰᠢᠨ᠎ᠡ ᠡᠨᠧᠷᠭᠢ ᠶᠢ ᠨᠡᠶᠢᠯᠡᠭᠦᠯᠵᠦ ᠭᠠᠳᠠᠭᠰᠢ | ᠬᠦᠷᠭᠡᠬᠦ ᠲᠦᠷᠦᠯ ᠵᠦᠢᠯ ᠢ ᠪᠦᠬᠦ ᠲᠠᠯ᠎ᠠ ᠪᠠᠷ ᠠᠵᠢᠯ ᠡᠬᠢᠯᠡᠭᠦᠯᠵᠦ᠂ ᠬᠥᠬᠡᠬᠤᠲᠠ ᠶᠢᠨ ᠤᠰᠤ ᠲᠠᠲᠠᠵᠤ ᠡᠨᠧᠷᠭᠢ | ᠬᠠᠳᠠᠭᠠᠯᠠᠬᠤ ᠴᠠᠬᠢᠯᠭᠠᠨ ᠦᠷᠳᠡᠭᠡ ᠶᠢᠨ ᠬᠤᠶᠠᠳᠤᠭᠠᠷ ᠬᠤᠭᠤᠴᠠᠭ᠎ᠠ ᠶᠢ ᠤᠯᠤᠰ ᠤᠨ ᠡᠨᠧᠷᠭᠢ ᠶᠢᠨ ᠲᠣᠪᠴᠢᠶ᠎ᠠ ᠳᠤ | ᠮᠡᠳᠡᠭᠦᠯᠦᠨ ᠬᠢᠨᠠᠨ ᠬᠠᠷᠭᠤᠭᠤᠯᠵᠤ᠂ ᠴᠡᠪᠡᠷ ᠡᠨᠧᠷᠭᠢ ᠶᠢᠨ ᠠᠵᠤ ᠦᠢᠯᠡᠰ ᠴᠢᠬᠤᠯᠠ ᠶᠡᠭᠡ ᠬᠥᠭᠵᠢᠯᠲᠡ ᠶᠢᠨ ᠰᠠᠶᠢᠨ | ᠠᠵᠠ ᠲᠣᠬᠢᠶᠠᠯ ᠢ ᠤᠭᠲᠤᠨ ᠠᠪᠴᠢᠷᠠᠪᠠ᠃ | ᠪᠢᠳᠡ ᠴᠤᠭᠯᠠᠷᠠᠯ ᠢ ᠠᠳᠬᠤᠵᠤ᠂ ᠶᠠᠰᠤ ᠴᠢᠨᠠᠷ ᠢ ᠳᠡᠭᠡᠭᠰᠢᠯᠡᠭᠦᠯᠵᠦ᠂ ᠦᠢᠯᠡᠴᠢᠯᠡᠭᠡᠨ ᠤ ᠦᠢᠯᠡᠰ ᠤᠨ ᠲᠠᠰ | ᠳᠡᠪᠰᠢᠬᠦ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠪᠠ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠠᠩᠬᠠᠳᠤᠭᠠᠷ ᠪᠦᠯᠦᠭ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠬᠡᠯᠪᠡᠷᠢ ᠶᠢᠨ ᠤᠯᠤᠰ ᠤᠨ ᠪᠠᠷᠠᠭᠠᠨ ᠤ | ᠭᠦᠢᠯᠭᠡᠭᠡᠨ ᠤ ᠬᠦᠢᠰᠦ᠂ ᠤᠯᠤᠰ ᠤᠨ ᠭᠤᠣᠯᠯᠠᠭᠴᠢ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠰᠠᠭᠤᠷᠢᠨ | ᠭᠠᠵᠠᠷ ᠬᠤᠶᠠᠷ ᠲᠣᠮᠣ ᠪᠠᠷᠠᠭᠠᠨ ᠤ ᠭᠦᠢᠯᠭᠡᠭᠡᠨ ᠤ ᠬᠦᠷᠢᠶᠡᠨ ᠤ ︽ᠤᠯᠤᠰ ᠤᠨ ᠨᠡᠷᠡᠲᠦ ᠲᠡᠮᠳᠡᠭᠲᠦ︾ ᠨᠡᠷ᠎ᠡ ᠶᠢᠨ | ᠬᠠᠭᠤᠳᠠᠰᠤ ᠶᠢ ᠠᠮᠵᠢᠯᠲᠠ ᠲᠠᠢ ᠣᠯᠵᠤ᠂ ᠶᠦᠨ ᠳ᠋ᠡ᠂ ᠵᠥᠩ ᠲᠦᠩ ᠵᠡᠷᠭᠡ ᠲᠥᠷᠥᠯ ᠵᠦᠢᠯ ᠢ ᠪᠠᠶᠢᠭᠤᠯᠤᠨ | ᠳᠠᠭᠤᠰᠬᠠᠵᠤ ᠠᠰᠢᠭᠯᠠᠯᠲᠠ ᠳᠤ ᠣᠷᠣᠭᠤᠯᠵᠤ᠂ ᠢ ᠱᠦᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠤᠨ ᠭᠤᠣᠯ | ᠴᠣᠭᠴᠠ ᠶᠢ ᠪᠠᠶᠢᠭᠤᠯᠤᠨ ᠳᠠᠭᠤᠰᠬᠠᠵᠤ᠂ ᠶᠤᠸᠠᠨ ᠲᠦᠩ᠂ ᠵᠢᠦ ᠵᠧᠦ ᠲᠦᠩ ᠵᠡᠷᠭᠡ ᠲᠥᠷᠥᠯ ᠵᠦᠢᠯ ᠢ ᠤᠷᠤᠭᠰᠢᠲᠠᠢ | ᠠᠬᠢᠭᠤᠯᠵᠤ᠂ ᠬᠤᠸᠠ ᠷᠦᠨ ᠸᠠᠨ ᠰᠢᠶᠠᠩ ᠴᠧᠩ᠂ ᠬᠤᠲᠠ ᠶᠢᠨ ᠡᠮᠦᠨᠡᠬᠢ ᠸᠠᠨ ᠳ᠋ᠠ ᠲᠠᠯᠠᠪᠠᠶ ᠵᠡᠷᠭᠡ | ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠶᠢᠨ ᠲᠥᠷᠥᠯ ᠵᠦᠢᠯ ᠢ ᠡᠬᠢᠯᠡᠨ ᠪᠠᠶᠢᠭᠤᠯᠵᠤ᠂ ᠪᠥᠬᠦ ᠤᠯᠤᠰ ᠤᠨ | ᠬᠤᠶᠠᠳᠤᠭᠠᠷ ᠪᠦᠯᠦᠭ ᠤᠨ ᠬᠤᠲᠠ ᠶᠢᠨ ︽ᠠᠷᠠᠳ ᠲᠤ ᠲᠥᠬᠦᠮ ᠦᠵᠡᠭᠦᠯᠬᠦ ᠨᠢᠭᠡ ᠮᠥᠴᠡ ᠶᠢᠨ ᠠᠮᠢᠳᠤᠷᠠᠯ ᠤᠨ | ᠲᠣᠭᠤᠷᠢᠭ︾ ᠤᠨ ᠲᠤᠷᠰᠢᠯᠲᠠ ᠶᠢᠨ ᠭᠠᠵᠠᠷ ᠣᠷᠣᠨ ᠢᠶᠠᠷ ᠠᠮᠵᠢᠯᠲᠠ ᠲᠠᠢ ᠰᠣᠩᠭᠤᠭᠳᠠᠵᠤ᠂ ᠠᠷᠠᠯᠵᠢᠶ᠎ᠠ | ᠬᠤᠳᠠᠯᠳᠤᠭ᠎ᠠ ᠪᠠᠷᠠᠭᠠᠨ ᠤ ᠭᠦᠢᠯᠭᠡᠭᠡᠨ ᠤ ᠠᠵᠤ ᠦᠢᠯᠡᠰ ᠲᠤ ᠰᠠᠶᠢᠨ ᠰᠠᠶᠢᠬᠠᠨ ᠬᠥᠭᠵᠢᠯᠲᠡ ᠶᠢᠨ ᠬᠠᠨᠳᠤᠰᠢ | ᠢᠯᠡᠷᠡᠪᠡ᠃ ᠭᠤᠸᠠᠩ ᠹᠠ ᠪᠠᠩᠬᠢ ᠵᠢᠩᠬᠢᠨᠢ ᠪᠠᠷ ᠮᠠᠨ ᠤ ᠬᠤᠲᠠ ᠳᠤ ᠣᠷᠣᠵᠤ ᠰᠠᠭᠤᠪᠠ᠂ ᠧᠦ ᠵᠢᠩ ᠰᠢᠨᠵᠢᠯᠡᠬᠦ | ᠤᠬᠠᠭᠠᠨ ᠮᠡᠷᠭᠡᠵᠢᠯ ᠠᠮᠵᠢᠯᠲᠠ ᠲᠠᠢ ᠪᠠᠷ ᠵᠠᠬ᠎ᠠ ᠳᠡᠯᠭᠡᠭᠦᠷ ᠲᠤ ᠭᠠᠷᠴᠤ᠂ ᠥᠪᠥᠷ ᠮᠣᠩᠭᠤᠯ ᠤᠨ ᠬᠥᠬᠡᠬᠤᠲᠠ ᠶᠢᠨ | ᠰᠦ ᠶᠢᠨ ᠦᠢᠯᠡᠰ ᠤᠨ ᠠᠷᠠᠯᠵᠢᠶᠠᠨ ᠤ ᠲᠥᠪ ᠪᠠᠶᠢᠭᠤᠯᠤᠭᠳᠠᠨ ᠫᠠᠶᠢᠰᠠ ᠰᠡᠬᠦᠵᠦ᠂ ᠠᠷᠠᠳ ᠤᠨ ᠵᠣᠭᠤᠰ ᠤᠨ | ᠵᠢᠭᠡᠯᠡᠯᠭᠡ ᠶᠢᠨ ᠦᠯᠡᠳᠡᠪᠦᠷᠢ ᠲᠤᠭ᠎ᠠ ᠠᠩᠬ᠎ᠠ ᠤᠳᠠᠭ᠎ᠠ ᠲᠦᠮᠡᠨ ᠳ᠋ᠦᠩᠰᠢᠭᠤᠷ ᠲᠥᠭᠦᠷᠢᠭ ᠤᠨ ᠪᠣᠭᠤᠮᠲᠠ ᠶᠢ | ᠳᠠᠪᠠᠵᠤ᠂ ᠮᠥᠩᠭᠦᠨ ᠭᠦᠢᠯᠭᠡᠭᠡᠨ ᠤ ᠠᠵᠤ ᠦᠢᠯᠡᠰ ᠰᠢᠨ᠎ᠡ ᠬᠥᠭᠵᠢᠯᠲᠡ ᠶᠢᠨ ᠳᠡᠭᠲᠡᠷ ᠲᠤ ᠭᠠᠷᠪᠠ᠃ ᠶᠢᠦ ᠷᠠᠨ ᠮᠠᠯ | ᠠᠵᠤ ᠠᠬᠤᠢ ᠶᠢᠨ ᠶᠡᠷᠦᠩᠬᠡᠢ ᠬᠡᠯᠲᠡᠰ ᠪᠣᠯᠣᠨ ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ᠂ ᠬᠤᠸᠠ | ᠸᠧᠢ᠂ ᠳᠤᠮᠳᠠᠳᠤ ᠤᠯᠤᠰ ᠤᠨ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ᠂ ᠤᠯᠤᠰ ᠤᠨ ᠡᠨᠧᠷᠭᠢ ᠶᠢᠨ | ᠪᠦᠯᠦᠭᠯᠡᠯ᠂ ᠵᠢᠩ ᠳ᠋ᠦᠩ᠂ ᠶᠤᠸᠠᠨ ᠵᠢᠩ᠂ ᠲᠧ ᠯᠠᠢ ᠳ᠋ᠢᠶᠠᠨ᠂ ᠰᠠᠨᠰᠠᠷ ᠤᠨ ᠠᠶᠠᠯᠠᠯ ᠤᠨ ᠵᠢᠷᠭᠤᠳᠤᠭᠠᠷ ᠬᠦᠷᠢᠶᠡᠯᠡᠩ | ᠵᠡᠷᠭᠡ ᠣᠷᠣᠨ ᠪᠦᠰᠡ ᠶᠢᠨ ᠶᠡᠷᠦᠩᠬᠡᠢ ᠬᠡᠯᠲᠡᠰ ᠵᠠᠯᠭᠠᠪᠡᠷ ᠰᠠᠭᠤᠷᠢᠰᠢᠵᠤ᠂ ᠶᠡᠷᠦᠩᠬᠡᠢ ᠬᠡᠯᠲᠡᠰ ᠤᠨ ᠠᠵᠤ ᠠᠬᠤᠢ ᠶᠢᠨ | ᠲᠥᠪᠯᠡᠷᠡᠯ ᠤᠨ ᠦᠢᠯᠡᠳᠦᠯ ᠡᠬᠢᠯᠡᠨ ᠢᠯᠡᠷᠡᠵᠡᠢ᠃ ᠶᠡᠭᠡ ᠲᠦᠷᠭᠡᠨ ᠭᠤᠣᠯ ᠤᠨ ᠲᠡᠭᠦᠷᠭᠡ ᠶᠢᠨ ᠴᠡᠴᠡᠷᠯᠢᠭ ᠢ | ᠵᠢᠩᠬᠢᠨᠢ ᠪᠠᠷ ᠨᠡᠭᠡᠭᠡᠵᠦ᠂ ᠮᠠ ᠽᠥᠩ ᠱᠠᠨ ᠠᠭᠤᠯᠠ ᠶᠢᠨ ᠴᠡᠨᠡᠯᠡᠯᠲᠡ ᠶᠢᠨ ᠲᠠᠯᠠᠪᠠᠢ ᠶᠢᠨ ᠬᠤᠶᠠᠳᠤᠭᠠᠷ ᠬᠤᠭᠤᠴᠠᠭ᠎ᠠ | ᠠᠰᠢᠭᠯᠠᠯᠲᠠ ᠳᠤ ᠣᠷᠣᠵᠤ᠂ ᠢᠯᠢ ᠶᠢᠨ ᠪᠦᠬᠦ ᠪᠥᠮᠪᠥᠷᠴᠡᠭ ᠤᠨ ᠣᠶᠤᠨᠴᠢ ᠦᠢᠯᠡᠳᠬᠦ ᠠᠵᠤ ᠦᠢᠯᠡᠰ ᠤᠨ | ᠬᠦᠷᠢᠶᠡᠯᠡᠩ ᠨᠢ ᠤᠯᠤᠰ ᠤᠨ ᠵᠢᠭᠤᠯᠴᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ | ᠬᠦᠷᠢᠶᠡᠯᠡᠩ ᠢᠶᠠᠷ ᠰᠣᠩᠭᠤᠭᠳᠠᠵᠤ᠂ ᠮᠧᠩ ᠨᠢᠦ ᠶᠢᠨ ᠠᠵᠤ ᠦᠢᠯᠡᠳᠪᠦᠷᠢ ᠶᠢᠨ ᠵᠢᠭᠤᠯᠴᠢᠯᠠᠯ ᠤᠨ ᠣᠷᠣᠨ ᠨᠢ | ᠤᠯᠤᠰ ᠤᠨ ᠠᠵᠤ ᠦᠢᠯᠡᠳᠪᠦᠷᠢ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠰᠠᠭᠤᠷᠢᠨ ᠢᠶᠠᠷ ᠰᠣᠩᠭᠤᠭᠳᠠᠵᠤ᠂ | ᠪᠣᠭᠤᠮᠲᠠ ᠶᠢᠨ ᠬᠠᠭᠤᠴᠢᠨ ᠵᠡᠭᠡᠯᠢ ᠨᠢ ᠲᠦᠷᠦᠭᠦᠦ ᠪᠦᠯᠦᠭ ᠤᠨ ᠤᠯᠤᠰ ᠤᠨ ᠲᠡᠰ ᠤᠨ ᠵᠤᠭᠠᠴᠠᠯ ᠰᠡᠯᠡᠭᠦᠴᠡᠯ ᠤᠨ | ᠵᠡᠭᠡᠯᠢ ᠪᠠᠷ ᠦᠨᠡᠯᠡᠭᠳᠡᠵᠦ᠂ ᠰᠢᠨ᠎ᠡ ᠬᠤᠳᠠ ᠲᠣᠭᠤᠷᠢᠭ ᠤᠨ ᠪᠣᠷᠣᠬᠤᠰᠢᠭᠤ ᠪᠠᠯᠭᠠᠰᠤ ᠨᠢ ᠬᠤᠶᠠᠳᠤᠭᠠᠷ ᠪᠦᠯᠦᠭ ᠤᠨ | ᠪᠦᠬᠦ ᠤᠯᠤᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠲᠠᠢ ᠪᠠᠯᠭᠠᠰᠤ ᠪᠠᠷ ᠦᠨᠡᠯᠡᠭᠳᠡᠵᠦ᠂ | ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠨᠡᠩ ᠪᠠᠲᠤᠵᠢᠪᠠ᠃ | | ᠪᠢᠳᠡ ᠪᠦᠲᠦᠭᠡᠨ ᠪᠠᠶᠢᠭᠤᠯᠤᠯᠲᠠ ᠶᠢ ᠠᠳᠬᠤᠨ᠂ ᠬᠠᠮᠢᠶᠠᠷᠤᠯᠲᠠ ᠶᠢ ᠴᠢᠩᠭᠠᠳᠬᠠᠵᠤ᠂ ᠬᠤᠳᠠ ᠬᠥᠳᠡᠭᠡ ᠶᠢᠨ | ᠳᠦᠷᠰᠦ ᠪᠠᠶᠢᠳᠠᠯ ᠦᠷᠭᠦᠯᠵᠢᠯᠡᠨ ᠰᠠᠶᠢᠵᠢᠷᠠᠪᠠ᠃ ᠬᠥᠬᠡᠬᠤᠲᠠ ᠶᠢᠨ ᠰᠢᠨ᠎ᠡ ᠨᠢᠰᠬᠡᠯ ᠤᠨ ᠪᠠᠭᠤᠳᠠᠯ ᠤᠨ ᠭᠤᠣᠯ | ᠴᠣᠭᠴᠠ ᠶᠢᠨ ᠪᠠᠷᠢᠯᠭ᠎ᠠ ᠳᠠᠭᠤᠰᠴᠤ᠂ ᠯᠣᠣ ᠨᠢᠦ ᠸᠠᠨ ᠤ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ | ᠵᠢᠩᠬᠢᠨᠢ ᠪᠠᠷ ᠪᠠᠷᠢᠯᠭ᠎ᠠ ᠡᠬᠢᠯᠡᠵᠦ᠂ S43 ᠰᠢᠨ᠎ᠡ ᠨᠢᠰᠬᠡᠯ ᠤᠨ ᠪᠠᠭᠤᠳᠠᠯ ᠤᠨ ᠲᠦᠷᠭᠡᠨ ᠤ ᠵᠠᠮ᠂ S29 | ᠬᠥᠬᠡᠬᠤᠲᠠ ᠠᠴᠠ ᠯᠢᠶᠠᠩ ᠴᠧᠩ ᠬᠦᠷᠬᠦ ᠲᠦᠷᠭᠡᠨ ᠤ ᠵᠠᠮ᠂ S311 ᠦᠴᠦᠸᠠᠨ ᠠᠴᠠ ᠶᠠᠩ ᠱᠤ᠋ ᠪᠠ ᠬᠦᠷᠬᠦ᠂ | G5901 ᠢᠯᠢ ᠶᠢᠨ ᠣᠲᠣ ᠦᠶ᠎ᠡ ᠶᠢᠨ ᠣᠶᠤᠨᠲᠤ ᠡᠷᠡᠭᠦᠯ ᠮᠡᠨᠳᠦ ᠶᠢᠨ ᠬᠥᠨᠳᠡᠢ ᠶᠢᠨ ᠬᠠᠷᠢᠯᠴᠠᠨ ᠨᠡᠪᠲᠡᠷᠡᠯᠴᠡᠬᠦ᠂ | G6 ᠲᠦᠷᠭᠡᠨ ᠤ ᠵᠠᠮ ᠬᠢᠭᠡᠳ ᠵᠡᠭᠦᠨ ᠬᠤᠶᠠᠳᠤᠭᠠᠷ ᠲᠣᠭᠤᠷᠢᠯ ᠵᠠᠮ ᠤᠨ ᠬᠠᠷᠢᠯᠴᠠᠨ ᠨᠡᠪᠲᠡᠷᠡᠯᠴᠡᠬᠦ ᠵᠡᠷᠭᠡ | ᠪᠠᠷᠢᠯᠭ᠎ᠠ ᠶᠢ ᠲᠦᠷᠭᠡᠳᠬᠡᠨ ᠠᠬᠢᠭᠤᠯᠵᠤ᠂ S27 ᠬᠥᠬᠡᠬᠤᠲᠠ ᠠᠴᠠ ᠣᠷᠳᠣᠰ ᠬᠦᠷᠬᠦ ᠲᠦᠷᠭᠡᠨ ᠤ ᠵᠠᠮ᠂ | ᠬᠥᠬᠡᠬᠤᠲᠠ ᠠᠴᠠ ᠴᠢᠩ ᠱᠦᠢ ᠾᠧ ᠬᠦᠷᠬᠦ ᠲᠦᠷᠭᠡᠨ ᠤ ᠵᠠᠮ ᠤᠨ ᠡᠮᠦᠨᠡᠬᠢ ᠬᠤᠭᠤᠴᠠᠭᠠᠨ ᠤ ᠠᠵᠢᠯ | ᠤᠷᠤᠭᠰᠢᠲᠠᠢ ᠶᠠᠪᠤᠭᠳᠠᠵᠤ᠂ ᠣᠷᠣᠨ ᠤ ᠲᠥᠪ ᠬᠤᠲᠠ ᠶᠢᠨ ᠣᠷᠣᠵᠤ ᠭᠠᠷᠬᠤ ︽ᠶᠡᠭᠡ ᠵᠠᠮ︾ ᠢ ᠰᠠᠭᠠᠳ ᠦᠭᠡᠢ | ᠨᠡᠪᠲᠡᠷᠡᠭᠦᠯᠬᠦ ᠳᠤ ᠰᠠᠭᠤᠷᠢ ᠲᠠᠯᠪᠢᠪᠠ᠃ ᠠᠷᠠᠳ ᠤᠯᠠᠨ ᠤ ᠠᠩᠬᠠᠷᠤᠯ ᠢ ᠶᠡᠬᠡᠳᠡ ᠲᠠᠲᠠᠭᠰᠠᠨ ᠭᠤᠷᠪᠠᠳᠤᠭᠠᠷ | ᠲᠣᠭᠤᠷᠢᠯ ᠵᠠᠮ᠂ ᠶᠢᠨ ᠬᠠᠢ ᠵᠠᠮ ᠤᠨ ᠵᠡᠭᠦᠨᠰᠢ ᠦᠷᠭᠦᠯᠵᠢᠯᠡᠭᠰᠡᠨ ᠬᠡᠰᠡᠭ ᠤᠨ ᠭᠤᠣᠯ ᠴᠣᠭᠴᠠ ᠶᠢᠨ ᠪᠦᠲᠦᠴᠡ ᠶᠢ | ᠪᠦᠬᠦ ᠱᠤᠭᠤᠮ ᠢᠶᠠᠷ ᠨᠠᠪᠲᠠᠷᠡᠭᠦᠯᠵᠦ᠂ ᠪᠠᠶᠠᠨ ᠥᠨᠳᠥᠷ ᠲᠤᠯᠭᠠᠭᠤᠷᠢᠲᠦ ᠵᠠᠮ᠂ ᠶᠢᠨ ᠱᠧᠩ ᠬᠤᠷᠳᠤᠨ ᠤ ᠵᠠᠮ ᠢ | ᠪᠠᠶᠢᠭᠤᠯᠵᠤ ᠳᠠᠭᠤᠰᠬᠠᠨ ᠲᠡᠷᠭᠡ ᠨᠠᠪᠲᠠᠷᠡᠭᠦᠯᠵᠦ᠂ ᠰᠢᠨᠬᠤᠸᠠ ᠶᠡᠭᠡ ᠵᠡᠭᠡᠯᠢ ᠶᠢᠨ ᠪᠠᠷᠠᠭᠤᠨᠰᠢ ᠦᠷᠭᠦᠯᠵᠢᠯᠡᠭᠰᠡᠨ | ᠬᠡᠰᠡᠭ᠂ ᠣᠷᠳᠣᠰ ᠶᠡᠭᠡ ᠵᠡᠭᠡᠯᠢ ᠶᠢᠨ ᠪᠠᠷᠠᠭᠤᠨᠰᠢ ᠦᠷᠬᠦᠯᠵᠢᠯᠡᠭᠰᠡᠨ ᠬᠡᠰᠡᠭ ᠵᠡᠷᠭᠡ 30 ᠵᠤᠷᠪᠤᠰ ᠰᠢᠨ᠎ᠡ ᠪᠠᠷ | ᠪᠠᠶᠢᠭᠤᠯᠬᠤ ᠪᠠ ᠵᠠᠯᠭᠠᠵᠤ ᠪᠠᠶᠢᠭᠤᠯᠬᠤ ᠵᠠᠮ ᠢ ᠪᠦᠬᠦᠨ ᠢ ᠪᠠᠶᠢᠭᠤᠯᠵᠤ ᠳᠠᠭᠤᠰᠬᠠᠪᠠ᠃ ᠣᠯᠠᠨ ᠵᠢᠯ ᠤᠨ ᠲᠤᠷᠰᠢ | ︽ᠲᠦᠭᠵᠢᠷᠡᠭᠡᠳ ᠨᠡᠪᠲᠡᠷᠡᠬᠦ ᠦᠭᠡᠢ︾ ᠪᠠᠶᠢᠭᠰᠠᠨ ᠬᠢᠩᠭᠠᠨ ᠡᠮᠦᠨ᠎ᠡ ᠵᠠᠮ᠂ ᠪᠤᠭᠤᠲᠤ ᠶᠡᠭᠡ ᠵᠡᠭᠡᠯᠢ᠂ ᠦᠬᠠᠢ ᠵᠡᠭᠦᠨ | ᠵᠡᠭᠡᠯᠢ ᠵᠡᠷᠭᠡ 27 ︽ᠮᠤᠬᠤᠷ ᠵᠠᠮ︾ ᠢ ᠨᠠᠪᠲᠠᠷᠡᠭᠦᠯᠵᠦ᠂ ᠰᠢᠨᠬᠤᠸᠠ ᠶᠡᠭᠡ ᠵᠡᠭᠡᠯᠢ᠂ ᠶᠡᠭᠡ ᠰᠤᠷᠭᠠᠭᠤᠯᠢ ᠵᠡᠭᠦᠨ ᠵᠡᠭᠡᠯᠢ᠂ | ᠪᠧᠢ ᠶᠤᠸᠠᠨ ᠵᠡᠭᠡᠯᠢ ᠵᠡᠷᠭᠡ 7 ᠭᠤᠣᠯᠳᠠᠯᠭ᠎ᠠ ᠲᠠᠢ ᠵᠡᠭᠡᠯᠢ ᠭᠤᠳᠤᠮᠵᠢ ᠶᠢ ᠰᠢᠨᠡᠳᠬᠡᠬᠦ ᠪᠠᠷᠢᠯᠭ᠎ᠠ ᠶᠢ ᠪᠦᠬᠦᠨ ᠢ | ᠳᠠᠭᠤᠰᠬᠠᠵᠤ᠂ 140 ᠵᠡᠭᠡᠯᠢ ᠭᠤᠳᠤᠮᠵᠢ ᠶᠢ ᠥᠭᠡᠷᠡᠴᠢᠯᠡᠨ ᠵᠠᠰᠠᠵᠤ᠂ 97 ᠵᠠᠮ ᠤᠨ ᠲᠦᠭᠵᠢᠷᠡᠯ ᠤᠨ ᠴᠡᠭ ᠢ | ᠵᠠᠰᠠᠵᠤ᠂ ᠣᠯᠠᠨ ᠲᠦᠮᠡᠨ ᠤ ᠶᠠᠪᠤᠵᠤ ᠰᠠᠭᠤᠬᠤ ᠳᠤ ᠨᠠᠩ ᠲᠥᠬᠦᠮ ᠪᠣᠯᠭᠠᠪᠠ᠃ ᠤᠯᠠᠨ ᠵᠢᠯ ᠲᠥᠯᠥᠪᠵᠢᠭᠦᠯᠦᠭᠰᠡᠨ | ᠳ᠋ᠠ ᠲᠠᠩ ᠤᠨ ᠲᠣᠭᠲᠠᠬᠤ ᠰᠢᠶᠠᠨ ᠤ ᠴᠠᠬᠢᠯᠭᠠᠨ ᠭᠠᠷᠭᠠᠬᠤ ᠦᠢᠯᠡᠳᠪᠦᠷᠢ᠂ ᠶᠢᠨ ᠱᠠᠨ ᠴᠠᠬᠢᠯᠭᠠᠨ ᠤ | ᠦᠢᠯᠡᠳᠪᠦᠷᠢ ᠶᠢᠨ ᠬᠤᠶᠠᠳᠤᠭᠠᠷ ᠬᠤᠭᠤᠴᠠᠭ᠎ᠠ᠂ ᠵᠢᠰᠢᠶ᠎ᠡ ᠠᠶᠢᠯ ᠤᠨ ᠢᠯᠴᠢ ᠴᠠᠬᠢᠯᠭᠠᠨ ᠤ ᠦᠢᠯᠡᠳᠪᠦᠷᠢ ᠶᠢᠨ | ᠭᠤᠷᠪᠠᠨ ᠶᠡᠭᠡ ᠢᠯᠴᠢ ᠶᠢᠨ ᠰᠤᠷᠪᠤᠯᠵᠢ ᠶᠢ ᠬᠥᠬᠡᠬᠤᠲᠠ ᠳᠤ ᠣᠷᠣᠭᠤᠯᠬᠤ ᠪᠠᠷᠢᠯᠭ᠎ᠠ ᠪᠠ ᠲᠣᠭᠲᠠᠬᠤ ᠴᠢᠩ ᠱᠦᠢ | ᠾᠧ ᠤᠨ ᠳᠠᠬᠢᠯᠲᠠ ᠤᠰᠤᠨ ᠤ ᠤᠷᠲᠤ ᠬᠤᠭᠤᠯᠠᠢ ᠶᠢᠨ ᠱᠤᠭᠤᠮ ᠤᠨ ᠪᠠᠷᠢᠯᠭ᠎ᠠ ᠶᠢᠨ ᠠᠵᠢᠯ ᠢ ᠡᠬᠢᠯᠡᠭᠦᠯᠪᠡ᠃ | ᠵᠠᠩᠭᠢ ᠶᠢᠨ ᠠᠶᠢᠯ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠬᠤᠶᠠᠳᠤᠭᠠᠷ ᠬᠤᠭᠤᠴᠠᠭᠠᠨ ᠤ | ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠵᠤ᠂ | ᠰᠢᠨᠵᠢᠯᠡᠬᠦ ᠤᠬᠠᠭᠠᠨ ᠮᠡᠷᠭᠡᠵᠢᠯ ᠤᠨ ᠬᠤᠲᠠ ᠶᠢᠨ EOD ᠭᠠᠵᠠᠷ ᠳᠣᠣᠷᠠᠬᠢ ᠮᠠᠶ᠋ᠢᠭ ᠤᠨ ᠪᠣᠬᠢᠷ ᠤᠰᠤ | ᠰᠢᠢᠳᠪᠦᠷᠢᠯᠡᠬᠦ ᠦᠢᠯᠡᠳᠪᠦᠷᠢ᠂ ᠭᠦᠩᠵᠦ ᠶᠢᠨ ᠣᠷᠳᠣᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ | ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ᠂ ᠵᠢᠨᠴᠢᠶᠣᠣ ᠶᠢᠨ ᠠᠵᠤ ᠦᠢᠯᠡᠳᠪᠦᠷᠢ ᠶᠢᠨ ᠪᠣᠬᠢᠷ ᠤᠰᠤ | ᠰᠢᠢᠳᠪᠦᠷᠢᠯᠡᠬᠦ ᠦᠢᠯᠡᠳᠪᠦᠷᠢ ᠶᠢᠨ ᠪᠠᠷᠢᠯᠭ᠎ᠠ ᠶᠢᠨ ᠠᠵᠢᠯ ᠢ ᠡᠬᠢᠯᠡᠭᠦᠯᠪᠡ᠃ ᠬᠠᠶᠢᠮᠢᠶᠠᠨ ᠬᠡᠯᠪᠡᠷᠢ ᠶᠢᠨ ᠵᠢᠱᠢᠶ᠎ᠡ | ᠦᠵᠡᠭᠦᠯᠬᠦ ᠵᠡᠭᠡᠯᠢ ᠭᠤᠳᠤᠮᠵᠢ 10᠂ ᠵᠢᠱᠢᠶ᠎ᠡ ᠦᠵᠡᠭᠦᠯᠬᠦ ᠬᠤᠷᠢᠶᠠᠯᠠᠯ 8 ᠶᠢ ᠥᠭᠡᠷᠡᠴᠢᠯᠡᠨ ᠪᠠᠶᠢᠭᠤᠯᠵᠤ᠂ | ᠬᠠᠶᠢᠮᠢᠶᠠᠨ ᠴᠡᠴᠡᠷᠯᠢᠭ ᠢ 1 ᠶᠢ ᠪᠠᠶᠢᠭᠤᠯᠵᠤ ᠳᠠᠭᠤᠰᠬᠠᠭᠠᠳ ᠤᠯᠤᠰ ᠤᠨ ᠬᠠᠶᠢᠮᠢᠶᠠᠨ ᠬᠤᠲᠠ ᠶᠢᠨ ᠪᠦᠲᠦᠭᠡᠨ | ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ᠪᠠᠷ ᠠᠮᠵᠢᠯᠲᠠ ᠲᠠᠢ ᠵᠥᠪᠰᠢᠶᠡᠷᠡᠭᠳᠡᠪᠡ᠃ 392 ᠬᠠᠭᠤᠴᠢᠨ | ᠬᠤᠷᠢᠶᠠᠯᠠᠯ ᠤᠨ ᠥᠭᠡᠷᠡᠴᠢᠯᠡᠯᠲᠡ ᠶᠢ ᠪᠡᠶᠡᠯᠡᠭᠦᠯᠵᠦ᠂ 8 ᠳᠥᠭᠦᠮ ᠪᠦᠲᠦᠴᠡᠲᠦ ᠣᠷᠣᠨ ᠰᠠᠭᠤᠴᠠ ᠶᠢᠨ | ᠲᠣᠭᠤᠷᠢᠭ ᠤᠨ ᠥᠭᠡᠷᠡᠴᠢᠯᠡᠯᠲᠡ ᠶᠢ ᠬᠡᠷᠡᠭᠵᠢᠭᠦᠯᠵᠦ᠂ 10072 ᠢᠵᠢ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ | ᠣᠷᠣᠨ ᠰᠠᠭᠤᠴᠠ ᠶᠢ ᠪᠡᠯᠡᠳᠬᠡᠨ ᠴᠤᠭᠯᠠᠭᠤᠯᠪᠠ᠃ 316 ᠬᠠᠷᠮᠠᠨ ᠴᠡᠴᠡᠷᠯᠢᠭ ᠪᠠ ᠨᠡᠶᠢᠭᠡᠮ ᠲᠣᠭᠤᠷᠢᠭ ᠤᠨ | ᠵᠤᠭᠠᠴᠠᠯ ᠤᠨ ᠬᠦᠷᠢᠶᠡᠯᠡᠩ ᠢ ᠪᠠᠶᠢᠭᠤᠯᠵᠤ᠂ ᠬᠤᠲᠠ ᠶᠢᠨ ᠨᠣᠭᠤᠭᠠᠨ ᠵᠠᠮ ᠢ 309.2 ᠺᠢᠯᠣᠮᠧᠲᠷ ᠪᠠᠶᠢᠭᠤᠯᠪᠠ᠃ | ᠬᠤᠲᠠ ᠶᠢᠨ ᠶᠡᠭᠡ ᠲᠠᠷᠢᠬᠢ 3.0 ᠬᠡᠪ ᠵᠢᠩᠬᠢᠨᠢ ᠪᠠᠷ ᠠᠰᠢᠭᠯᠠᠯᠲᠠ ᠳᠤ ᠣᠷᠣᠵᠤ᠂ ︽ᠠᠢ ᠴᠢᠩ ᠴᠧᠩ︾ | App ᠤᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠵᠦᠢᠯᠡᠰ 160 ᠶᠢ ᠳᠠᠪᠠᠵᠤ᠂ ᠳᠠᠩᠰᠠᠯᠠᠭᠤᠯᠤᠭᠰᠠᠨ | ᠬᠡᠷᠡᠭᠯᠡᠭᠴᠢ 122 ᠲᠦᠮᠡ ᠬᠦᠷᠴᠦ᠂ ᠬᠤᠲᠠ ᠶᠢᠨ ᠪᠠᠲᠤᠯᠠᠭ᠎ᠠ ᠶᠢᠨ ᠴᠢᠳᠠᠪᠤᠷᠢ᠂ ᠬᠠᠮᠢᠶᠠᠷᠤᠯᠲᠠ ᠶᠢᠨ ᠬᠢᠷᠢ | ᠲᠦᠪᠰᠢᠨ ᠢᠯᠡᠳᠲᠡ ᠳᠡᠭᠡᠭᠰᠢᠯᠡᠪᠡ᠃ ᠠᠮᠤ ᠪᠤᠳᠠᠭᠠᠨ ᠤ ᠶᠡᠷᠦᠩᠬᠡᠢ ᠤᠨᠠᠯᠲᠠ 36.6 ᠳ᠋ᠦᠩᠰᠢᠭᠤᠷ ᠵᠢᠩ ᠳᠤ | ᠬᠦᠷᠪᠡ᠃ ᠢᠯᠢ ᠶᠢᠨ 18 ᠲᠦᠮᠡᠨ ᠰᠠᠭᠠᠯᠢ ᠶᠢᠨ ᠦᠨᠢᠶ᠎ᠡ ᠶᠢᠨ ᠣᠶᠤᠨᠲᠤ ᠲᠡᠵᠢᠭᠡᠨ ᠦᠷᠡᠵᠢᠭᠦᠯᠬᠦ ᠵᠢᠱᠢᠶ᠎ᠡ | ᠦᠵᠡᠭᠦᠯᠬᠦ ᠬᠦᠷᠢᠶᠡᠯᠡᠩ᠂ ᠮᠧᠩ ᠨᠢᠦ ᠸᠧᠢ ᠨᠢᠦ ᠮᠠᠯ ᠠᠵᠤ ᠠᠬᠤᠢ ᠶᠢᠨ ᠲᠦᠮᠡᠨ ᠦᠬᠡᠷ ᠤᠨ ᠮᠠᠯᠵᠢᠯ ᠤᠨ ᠲᠠᠯᠠᠪᠠᠶ᠂ | ᠱᠧᠩ ᠵᠢᠶᠠᠨ 50 ᠲᠦᠮᠡᠨ ᠰᠠᠭᠠᠯᠢ ᠶᠢᠨ ᠢᠮᠠᠭ᠎ᠠ᠂ ᠴᠢᠩ ᠱᠦᠢ ᠾᠧ ᠤᠨ 5 ᠲᠦᠮᠡᠨ ᠰᠠᠭᠠᠯᠢ ᠶᠢᠨ ᠢᠮᠠᠭ᠎ᠠ ᠵᠡᠷᠭᠡ | ᠲᠥᠷᠥᠯ ᠵᠦᠢᠯ ᠤᠨ ᠪᠠᠷᠢᠯᠭ᠎ᠠ ᠶᠢ ᠡᠬᠢᠯᠡᠭᠦᠯᠦᠨ ᠪᠦᠲᠦᠭᠡᠨ ᠪᠠᠶᠢᠭᠤᠯᠵᠤ᠂ 4. 1 ᠲᠦᠮᠡᠨ ᠰᠠᠭᠠᠯᠢ ᠶᠢᠨ ᠦᠨᠢᠶ᠎ᠡ ᠶᠢ | ᠰᠢᠨ᠎ᠡ ᠪᠠᠷ ᠨᠡᠮᠡᠭᠳᠡᠭᠦᠯᠵᠦ᠂ 5 ᠲᠦᠮᠡᠨ ᠰᠠᠭᠠᠯᠢ ᠶᠢᠨ ᠢᠮᠠᠭ᠎ᠠ ᠲᠡᠵᠢᠭᠡᠪᠡ᠃ ᠵᠧᠩ ᠳ᠋ᠡ ᠢᠳᠡᠭᠡᠨ ᠤ ᠨᠢᠭᠡᠳᠦᠭᠡᠷ | ᠬᠤᠭᠤᠴᠠᠭ᠎ᠠ ᠶᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠪᠠ᠃ 37 ᠲᠦᠮᠡᠨ ᠮᠦ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠪᠡ᠃ ᠪᠡᠯᠡᠳᠭᠡᠮᠵᠢᠳᠤ ᠢᠳᠡᠰᠢᠨ | ᠨᠣᠭᠤᠭ᠎ᠠ ᠶᠢ 1212 ᠮᠦ᠂ ᠵᠠᠳᠠᠭᠠᠢ ᠭᠠᠵᠠᠷ ᠤᠨ ᠢᠳᠡᠰᠢᠨ ᠨᠣᠭᠤᠭ᠎ᠠ ᠶᠢ 1.3 ᠲᠦᠮᠡᠨ ᠮᠦ ᠰᠢᠨ᠎ᠡ ᠪᠠᠷ | ᠨᠡᠮᠡᠭᠳᠡᠭᠦᠯᠪᠡ᠃ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠶᠡᠷᠦᠩᠬᠡᠶᠢᠯᠡᠨ | ᠴᠡᠭᠴᠡᠯᠡᠨ ᠵᠠᠰᠠᠬᠤ ᠠᠵᠢᠯ ᠢ ᠶᠡᠬᠡᠪᠡᠷ ᠲᠦᠯᠬᠢᠨ ᠠᠬᠢᠭᠤᠯᠵᠤ᠂ ᠬᠥᠳᠡᠭᠡ ᠲᠣᠰᠬᠤᠨ ᠤ ᠵᠣᠷᠯᠣᠩ ᠤᠨ | ᠥᠭᠡᠷᠡᠴᠢᠯᠡᠯᠲᠡ ᠶᠢ 1.7 ᠲᠦᠮᠡᠨ ᠡᠷᠦᠬᠡ ᠪᠡᠶᠡᠯᠡᠭᠦᠯᠪᠡ᠃ ᠣᠪᠣᠭ᠎ᠠ ᠲᠣᠰᠬᠤᠨ ᠤᠯᠤᠰ ᠤᠨ ᠲᠡᠰ ᠤᠨ | ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢᠶᠠᠷ ᠦᠨᠡᠯᠡᠭᠳᠡᠵᠦ᠂ ᠤᠰᠤᠨ ᠲᠡᠭᠡᠷᠮ᠎ᠡ᠂ ᠵᠠᠩᠭᠢ ᠶᠢᠨ ᠠᠶᠢᠯ᠂ | ᠢᠮᠠᠭᠠᠲᠤ ᠲᠣᠰᠬᠤᠨ ᠵᠡᠷᠭᠡ 57 ᠲᠣᠰᠬᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ | ᠨᠣᠭᠤᠭᠠᠷᠠᠭᠤᠯᠤᠯᠲᠠ ᠭᠤᠶᠣᠵᠢᠭᠤᠯᠤᠯᠲᠠ ᠶᠢᠨ ᠵᠢᠱᠢᠶ᠎ᠡ ᠦᠵᠡᠭᠦᠯᠬᠦ ᠲᠣᠰᠬᠤᠨ ᠢᠶᠠᠷ ᠰᠣᠩᠭᠤᠭᠳᠠᠵᠤ᠂ ᠬᠥᠳᠡᠭᠡ | ᠠᠵᠤ ᠠᠬᠤᠢ ᠬᠥᠳᠡᠭᠡ ᠲᠣᠰᠬᠤᠨ ᠤ ᠡᠯ᠎ᠡ ᠵᠦᠢᠯ ᠤᠨ ᠦᠢᠯᠡᠰ ᠪᠦᠬᠦ ᠲᠠᠯ᠎ᠠ ᠪᠠᠷ ᠬᠥᠭᠵᠢᠪᠡ᠃ | ᠪᠢᠳᠡ ᠬᠠᠮᠠᠭᠠᠯᠠᠬᠤ ᠶᠢ ᠠᠳᠬᠤᠨ᠂ ᠵᠠᠰᠠᠬᠤ ᠶᠢ ᠴᠢᠬᠤᠯᠠᠴᠢᠯᠠᠵᠤ᠂ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠪᠠ᠃ 3.52 ᠲᠦᠮᠡᠨ ᠡᠷᠦᠬᠡ ᠶᠢᠨ ᠲᠦᠯᠡᠰᠢᠨ ᠨᠡᠭᠦᠷᠡᠰᠦ ᠶᠢ | ᠰᠤᠯᠠ ᠰᠢᠲᠠᠭᠠᠬᠤ ᠶᠢ ᠶᠡᠷᠦᠩᠬᠡᠶᠢᠯᠡᠨ ᠵᠠᠰᠠᠬᠤ ᠡᠭᠦᠷᠭᠡ ᠶᠢ ᠪᠡᠶᠡᠯᠡᠭᠦᠯᠵᠦ᠂ 26 ᠰᠠᠤᠷᠢ ᠨᠡᠭᠦᠷᠡᠰᠦ ᠰᠢᠲᠠᠭᠠᠬᠤ | ᠭᠦᠸᠧᠯᠦ ᠶᠢ ᠰᠣᠯᠢᠵᠤ᠂ ᠪᠥᠬᠦ ᠵᠢᠯ ᠤᠨ ᠠᠭᠠᠷ ᠤᠨ ᠶᠠᠰᠤ ᠴᠢᠨᠠᠷ ᠰᠢᠯᠢᠳᠡᠭ ᠰᠠᠶᠢᠨ ᠡᠳᠦᠷ ᠤᠨ ᠲᠤᠭ᠎ᠠ 329 | 329ᠡᠳᠦᠷ ᠲᠤ ᠬᠦᠷᠴᠦ᠂ ᠡᠵᠡᠯᠡᠬᠦ ᠬᠠᠷᠢᠴᠠᠯ ᠨᠢ ᠨᠢᠳᠤᠨᠤᠨ ᠤ ᠬᠢ ᠠᠴᠠ ᠪᠠᠰᠠ 3 ᠵᠠᠭᠤᠨ ᠤ ᠴᠡᠭ ᠳᠡᠭᠡᠭᠰᠢᠯᠡᠨ᠂ | ᠤᠯᠤᠰ ᠤᠨ ᠤᠮᠠᠷᠠᠲᠤ ᠣᠷᠣᠨ ᠤ ᠡᠪᠦᠯ ᠤᠨ ᠤᠯᠠᠷᠢᠯ ᠤᠨ ᠴᠡᠪᠡᠷ ᠳᠤᠯᠠᠭᠠᠯᠠᠭ᠎ᠠ ᠶᠢᠨ ᠬᠤᠲᠠ ᠪᠠᠷ ᠠᠮᠵᠢᠯᠲᠠ ᠲᠠᠢ | ᠵᠥᠪᠰᠢᠶᠡᠷᠡᠭᠳᠡᠪᠡ᠃ ᠬᠠᠲᠤᠨ ᠭᠤᠣᠯ ᠤᠨ ᠵᠠᠮ ᠵᠢᠴᠢ ᠲᠠᠩ ᠭᠠᠵᠠᠷ ᠤᠨ ᠣᠷᠣᠨ ᠢ ᠶᠡᠷᠦᠩᠬᠡᠶᠢᠯᠡᠨ ᠵᠠᠰᠠᠬᠤ᠂ ᠭᠠᠵᠠᠷ | ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠢ ᠶᠡᠷᠦᠩᠬᠡᠶᠢᠯᠡᠨ ᠵᠠᠰᠠᠬᠤ ᠣᠨ ᠤ ᠡᠭᠦᠷᠭᠡ ᠶᠢ ᠲᠡᠭᠦᠰ | ᠠᠮᠵᠢᠯᠲᠠ ᠲᠠᠢ ᠪᠡᠶᠡᠯᠡᠭᠦᠯᠵᠦ᠂ ᠭᠤᠣᠯ ᠳᠤ ᠪᠣᠬᠢᠷᠲᠤᠯ ᠭᠠᠳᠠᠭᠰᠢᠯᠠᠭᠤᠯᠬᠤ ᠠᠮᠠ ᠶᠢ ᠴᠡᠭᠴᠡᠯᠡᠨ ᠵᠠᠰᠠᠬᠤ ᠱᠠᠲᠤ | ᠦᠶ᠎ᠡ ᠶᠢᠨ ᠴᠢᠨᠠᠷᠲᠠᠢ ᠡᠭᠦᠷᠭᠡ ᠶᠢ ᠪᠡᠶᠡᠯᠡᠭᠦᠯᠪᠡ᠃ ︽ᠣᠶ ᠰᠢᠭᠤᠢ ᠨᠤᠲᠤᠭ ᠪᠡᠯᠴᠢᠭᠡᠷ ᠤᠨ ᠳᠠᠷᠤᠭ᠎ᠠ ᠶᠢᠨ ᠳᠦᠷᠢᠮ︾ | ᠤᠨ ᠠᠵᠢᠯ ᠤᠨ ᠲᠣᠭᠲᠠᠴᠠ ᠶᠢᠨ ᠰᠢᠨ᠎ᠡ ᠶᠢ ᠡᠭᠦᠳᠴᠦ᠂ ᠤᠯᠤᠰ ᠤᠨ ᠨᠤᠲᠤᠭ ᠳᠡᠪᠢᠰᠬᠡᠷ ᠢ 53.8 ᠲᠦᠮᠡᠨ ᠮᠦ | ᠨᠣᠭᠤᠭᠠᠷᠠᠭᠤᠯᠵᠤ᠂ 83 ᠲᠦᠮᠡᠨ ᠮᠦ ᠡᠯᠡᠰᠦ ᠶᠢ ᠵᠠᠰᠠᠪᠠ᠃ ᠭᠤᠣᠯᠳᠠᠯᠭ᠎ᠠ ᠲᠠᠢ ᠬᠦᠷᠢᠶᠡᠨ ᠳᠠᠬᠢ ᠡᠨᠧᠷᠭᠢ ᠠᠷᠪᠢᠯᠠᠬᠤ | ᠥᠭᠡᠷᠡᠴᠢᠯᠡᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠴᠠᠬᠢᠯᠠᠭᠤᠷ ᠴᠢᠯᠠᠭᠤ ᠦᠢᠯᠡᠳᠪᠦᠷᠢᠯᠡᠬᠦ ᠴᠢᠳᠠᠪᠤᠷᠢ ᠶᠢ | 7.5 ᠲᠦᠮᠡᠨ ᠲᠣᠨ᠂ ᠲᠡᠮᠦᠷ ᠤᠨ ᠬᠠᠶᠢᠯᠤᠰᠢ ᠦᠢᠯᠡᠳᠪᠦᠷᠢᠯᠡᠬᠦ ᠴᠢᠳᠠᠪᠤᠷᠢ ᠶᠢ 6 ᠲᠦᠮᠡᠨ ᠲᠣᠨ ᠰᠢᠭᠰᠢᠭᠳᠡᠭᠦᠯᠵᠦ᠂ | ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠬᠢᠷᠲᠤᠯ ᠦᠭᠡᠢ ᠦᠢᠯᠡᠳᠪᠦᠷᠢ ᠶᠢ 14 ᠰᠢᠨ᠎ᠡ ᠪᠠᠷ ᠨᠡᠮᠡᠭᠳᠡᠭᠦᠯᠪᠡ᠃ | ᠠᠮᠢ ᠠᠬᠤᠢ ᠣᠷᠴᠢᠨ ᠲᠣᠭᠤᠷᠢᠨ ᠤ ᠶᠠᠮᠤᠨ ᠤ ︽ᠬᠠᠶᠠᠭᠳᠠᠮᠠᠯ ᠪᠣᠳᠠᠰ ᠦᠭᠡᠢ ᠬᠤᠲᠠ︾ ᠶᠢᠨ ᠪᠦᠲᠦᠭᠡᠨ | ᠪᠠᠶᠢᠭᠤᠯᠤᠯᠲᠠ ᠶᠢᠨ ᠨᠡᠷᠡᠰ ᠲᠤ ᠠᠮᠵᠢᠯᠲᠠ ᠲᠠᠢ ᠰᠣᠩᠭᠤᠭᠳᠠᠪᠠ᠃ | ᠪᠢᠳᠡ ᠪᠣᠳᠠᠲᠤ ᠶᠠᠪᠤᠳᠠᠯ ᠢ ᠠᠳᠬᠤᠨ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠠᠷᠭ᠎ᠠ ᠪᠦᠬᠦᠨ ᠢ | ᠰᠦᠪᠡᠭᠴᠢᠯᠡᠨ ᠤᠯᠠᠨ ᠲᠦᠮᠡᠨ ᠤ ᠠᠮᠢᠳᠤᠷᠠᠯ ᠢ ᠰᠠᠶᠢᠵᠢᠷᠠᠭᠤᠯᠪᠠ᠃ ᠥᠪᠥᠷ ᠮᠣᠩᠭᠤᠯ ᠤᠨ ᠬᠤᠷᠢᠨᠭᠡᠷ ᠤᠨ | ᠴᠢᠳᠠᠪᠤᠷᠢᠲᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠲᠦᠷᠭᠡᠪᠴᠢᠯᠡᠨ ᠪᠠᠶᠢᠭᠤᠯᠵᠤ᠂ | 3.17 ᠲᠦᠮᠡᠨ ᠣᠶᠤᠲᠠᠨ ᠬᠥᠬᠡᠬᠤᠲᠠ ᠳᠤ ᠦᠯᠡᠳᠡᠵᠦ ᠠᠵᠢᠯ ᠣᠯᠵᠤ ᠦᠢᠯᠡᠰ ᠴᠣᠭᠴᠠᠯᠠᠨ᠂ ᠤᠯᠤᠰ ᠤᠨ ᠣᠯᠠᠨ | ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠵᠢᠱᠢᠶ᠎ᠡ ᠦᠵᠡᠭᠦᠯᠬᠦ | ᠲᠥᠷᠥᠯ ᠵᠦᠢᠯ ᠢᠶᠠᠷ ᠠᠮᠵᠢᠯᠲᠠ ᠲᠠᠢ ᠵᠥᠪᠰᠢᠶᠡᠷᠡᠭᠳᠡᠪᠡ᠃ ᠳᠤᠮᠳᠠᠳᠤ ᠪᠠᠭ᠎ᠠ ᠰᠤᠷᠭᠠᠭᠤᠯᠢ ᠶᠢᠨ ᠬᠡᠦᠬᠡᠳ ᠤᠨ | ᠴᠡᠴᠡᠷᠯᠢᠭ ᠢ 20 ᠪᠠᠶᠢᠭᠤᠯᠵᠤ᠂ 1.28 ᠲᠦᠮᠡᠨ ᠰᠤᠷᠤᠭᠴᠢ ᠶᠢᠨ ᠣᠷᠣ ᠶᠢ ᠰᠢᠨ᠎ᠡ ᠪᠠᠷ ᠨᠡᠮᠡᠭᠳᠡᠭᠦᠯᠵᠦ᠂ 63 | ᠰᠤᠷᠭᠠᠨ ᠬᠥᠮᠦᠵᠢᠯ ᠤᠨ ᠪᠦᠯᠦᠭᠯᠡᠯ ᠢ ᠵᠣᠬᠢᠶᠠᠨ ᠪᠠᠶᠢᠭᠤᠯᠵᠤ᠂ 17 ᠳᠤᠮᠳᠠᠳᠤ ᠪᠠᠭ᠎ᠠ ᠰᠤᠷᠭᠠᠭᠤᠯᠢ ᠪᠠ 9 ᠶᠡᠭᠡ | ᠳᠡᠭᠡᠳᠦ ᠰᠤᠷᠭᠠᠭᠤᠯᠢ ᠰᠤᠷᠭᠠᠭᠤᠯᠢ ᠪᠠ ᠣᠷᠣᠨ ᠨᠤᠲᠤᠭ ᠤᠨ ᠬᠠᠮᠲᠤᠷᠠᠯᠴᠠᠭ᠎ᠠ ᠶᠢ ᠥᠷᠨᠢᠭᠦᠯᠪᠡ᠃ ᠳᠤᠮᠳᠠᠳᠤ ᠪᠠᠭ᠎ᠠ | ᠰᠤᠷᠭᠠᠭᠤᠯᠢ ᠶᠢᠨ ᠪᠠᠭᠰᠢ ᠠᠵᠢᠯᠲᠠᠨ ᠤ ᠣᠷᠣᠨ ᠲᠤᠭ᠎ᠠ ᠶᠢ 2600 ᠰᠢᠨ᠎ᠡ ᠪᠠᠷ ᠨᠡᠮᠡᠭᠳᠡᠭᠦᠯᠵᠦ᠂ ᠡᠵᠡᠯᠡᠨ | ᠬᠡᠷᠡᠭᠯᠡᠭᠰᠡᠨ ᠪᠠᠭᠰᠢ ᠶᠢᠨ ᠣᠷᠣᠨ ᠲᠤᠭ᠎ᠠ ᠶᠢ 2011 ᠢᠯᠭᠠᠷᠠᠭᠤᠯᠤᠨ ᠬᠤᠷᠢᠶᠠᠵᠤ ᠠᠪᠤᠪᠠ᠃ ᠳᠤᠮᠳᠠ ᠵᠡᠷᠭᠡ ᠶᠢᠨ | ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠦᠷᠢᠶᠡᠯᠡᠩ ᠲᠣᠭᠤᠷᠢᠭ ᠪᠠᠷᠢᠯᠭ᠎ᠠ ᠡᠬᠢᠯᠡᠬᠦ ᠨᠥᠬᠦᠴᠡᠯ ᠢ | ᠪᠦᠷᠢᠯᠳᠦᠭᠦᠯᠪᠡ᠃ ᠬᠤᠲᠠ ᠶᠢᠨ ᠬᠤᠶᠠᠳᠤᠭᠠᠷ ᠡᠮᠨᠡᠯᠭᠡ ᠶᠢᠨ ᠬᠤᠷᠢᠶ᠎ᠠ ᠶᠢ ᠨᠡᠭᠦᠯᠭᠡᠨ ᠪᠠᠶᠢᠭᠤᠯᠬᠤ ᠨᠢᠭᠡᠳᠦᠭᠡᠷ | ᠬᠤᠭᠤᠴᠠᠭ᠎ᠠ᠂ ᠠᠵᠢᠯ ᠤᠨ ᠨᠥᠯᠥᠭᠡᠨ ᠤ ᠡᠪᠡᠳᠴᠢᠨ ᠢ ᠰᠡᠷᠭᠡᠶᠢᠯᠡᠨ ᠵᠠᠰᠠᠬᠤ ᠬᠤᠷᠢᠶ᠎ᠠ᠂ ᠬᠢᠲᠠᠳ ᠮᠣᠩᠭᠤᠯ | ᠡᠮᠨᠡᠯᠭᠡ ᠶᠢᠨ ᠬᠤᠷᠢᠶ᠎ᠠ ᠶᠢᠨ ᠡᠮᠴᠢᠯᠡᠭᠡ ᠰᠤᠪᠢᠯᠠᠯᠲᠠ ᠶᠢᠨ ᠲᠥᠪ ᠤᠨ ᠲᠥᠷᠥᠯ ᠵᠦᠢᠯ ᠤᠨ ᠭᠤᠣᠯ ᠴᠣᠭᠴᠠ ᠶᠢ | ᠪᠠᠶᠢᠭᠤᠯᠤᠨ ᠳᠠᠭᠤᠰᠬᠠᠵᠤ᠂ 2 ︽ᠢᠨᠲ᠋ᠧᠷ ᠰᠦᠯᠵᠢᠶᠡᠨ ᠤ ᠡᠮᠨᠡᠯᠭᠡ ᠶᠢᠨ ᠬᠤᠷᠢᠶ᠎ᠠ︾ ᠶᠢ ᠰᠦᠯᠵᠢᠶᠡᠨ ᠳᠤ ᠭᠠᠷᠭᠠᠨ | ᠠᠵᠢᠯᠯᠠᠭᠤᠯᠵᠤ᠂ ᠤᠯᠤᠰ ᠤᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠥᠭᠡᠷᠡᠴᠢᠯᠡᠯᠲᠡ ᠬᠢᠭᠡᠳ | ᠴᠢᠨᠠᠷ ᠰᠠᠶᠢᠲᠠᠢ ᠬᠥᠭᠵᠢᠯᠲᠡ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠢᠶᠠᠷ ᠠᠮᠵᠢᠯᠲᠠ ᠲᠠᠢ ᠵᠥᠪᠰᠢᠶᠡᠷᠡᠭᠳᠡᠪᠡ᠃ | ᠭᠡᠷ ᠪᠦᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠥᠷᠲᠡᠭᠡ ᠴᠡᠭ ᠢ 85 ᠪᠠᠶᠢᠭᠤᠯᠵᠤ᠂ | ᠤᠯᠤᠰ ᠤᠨ 2022 ᠣᠨ ᠤ ᠭᠡᠷ ᠪᠦᠯᠢ ᠪᠠ ᠨᠡᠶᠢᠭᠡᠮ ᠲᠣᠭᠤᠷᠢᠭ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡ ᠶᠢ ᠳᠡᠭᠡᠭᠰᠢᠯᠡᠭᠦᠯᠬᠦ ᠠᠵᠢᠯᠯᠠᠭ᠎ᠠ ᠶᠢᠨ ᠲᠥᠷᠥᠯ ᠵᠦᠢᠯ ᠤᠨ ᠲᠤᠷᠰᠢᠯᠲᠠ ᠶᠢᠨ ᠬᠤᠲᠠ᠂ ᠤᠯᠤᠰ ᠤᠨ | ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠤᠷᠢᠳᠠᠪᠠᠷ ᠬᠡᠷᠡᠭᠵᠢᠭᠦᠯᠬᠦ ᠬᠤᠲᠠ ᠪᠠᠷ | ᠠᠮᠵᠢᠯᠲᠠ ᠲᠠᠢ ᠰᠣᠩᠭᠤᠭᠳᠠᠪᠠ᠃ ᠲᠦᠷᠦᠭᠦᠦ ᠪᠦᠯᠦᠭ ᠤᠨ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠬᠦᠴᠦᠷᠬᠡᠭ ᠬᠤᠳᠠ ᠶᠢᠨ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠬᠤᠲᠠ ᠪᠠᠷ | ᠠᠮᠵᠢᠯᠲᠠ ᠲᠠᠢ ᠰᠣᠩᠭᠤᠭᠳᠠᠪᠠ᠃ ᠤᠯᠤᠰ ᠤᠨ ᠢᠳᠡᠭᠡᠨ ᠤ ᠠᠶᠤᠯᠭᠦᠢ ᠶᠢᠨ ᠵᠢᠱᠢᠶ᠎ᠡ ᠦᠵᠡᠭᠦᠯᠬᠦ ᠬᠤᠳᠠ ᠶᠢ | ᠡᠭᠦᠳᠦᠨ ᠪᠠᠶᠢᠭᠤᠯᠵᠤ ᠮᠤᠵᠢ ᠶᠢᠨ ᠲᠡᠰ ᠤᠨ ᠠᠩᠬᠠᠨ ᠤ ᠰᠢᠯᠭᠠᠷᠠᠭᠤᠯᠤᠯᠲᠠ ᠰᠢᠯᠭᠠᠨ ᠬᠤᠷᠢᠶᠠᠬᠤ ᠶᠢ | ᠠᠮᠵᠢᠯᠲᠠ ᠲᠠᠢ ᠥᠩᠭᠡᠷᠡᠪᠡ᠃ ︽12345︾ ᠵᠠᠭᠠᠯᠳᠤᠯᠭ᠎ᠠ ᠶᠢ ᠬᠦᠯᠢᠶᠡᠨ ᠠᠪᠤᠭᠰᠠᠨ ᠳᠠᠷᠤᠢ ᠰᠢᠢᠳᠪᠦᠷᠢᠯᠡᠬᠦ | ᠵᠢᠯᠣᠭᠤᠳᠤᠨ ᠲᠣᠬᠢᠷᠠᠭᠤᠯᠬᠤ ᠲᠥᠪ ︽2022 ᠣᠨ ᠤ ᠠᠷᠪᠠᠨ ᠰᠢᠯᠢᠳᠡᠭ ᠬᠠᠯᠠᠮᠰᠢᠯ ᠤᠲᠠᠰᠤᠨ ᠤ ᠦᠯᠢᠭᠡᠷ | ᠵᠢᠱᠢᠶ᠎ᠡ︾᠂ ︽ᠲᠤᠰᠬᠠᠢ ᠮᠡᠷᠭᠡᠵᠢᠯ ᠤᠨ ᠬᠢᠷᠢ ᠲᠦᠪᠰᠢᠨ ᠤ ᠳᠡᠭᠡᠭᠰᠢᠯᠡᠯᠲᠡ ᠶᠢᠨ ᠦᠯᠢᠬᠡᠷ ᠵᠢᠱᠢᠶ᠎ᠡ︾ ᠬᠤᠶᠠᠷ ᠲᠣᠮᠣ | ᠱᠠᠩᠨᠠᠯ ᠢ ᠬᠦᠷᠲᠡᠪᠡ᠃ ᠪᠥᠬᠦ ᠤᠯᠤᠰ ᠤᠨ 60 ᠬᠤᠲᠠ ᠶᠢᠨ ᠲᠠᠰ ᠤᠨ ᠬᠠᠮ ᠵᠠᠭᠤᠴᠢᠯᠠᠭᠤᠷ ᠤᠨ ᠲᠥᠪ ᠤᠨ | ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠲᠤ ᠰᠣᠩᠭᠤᠭᠳᠠᠪᠠ᠃ ᠪᠦᠬᠦ ᠵᠢᠯ ᠳᠤ ᠭᠠᠷᠤᠭᠰᠠᠨ | ᠡᠷᠡᠭᠦᠦ ᠶᠢᠨ ᠬᠡᠷᠡᠭ 60% ᠪᠠᠷ ᠳᠣᠷᠣᠭᠰᠢᠯᠠᠵᠤ᠂ ᠵᠠᠬᠢᠳᠠᠯ ᠰᠣᠷᠪᠤᠯᠵᠢᠯᠠᠭ᠎ᠠ ᠶᠢᠨ ᠬᠥᠮᠥᠨ ᠤ ᠲᠤᠭ᠎ᠠ 21% ᠪᠠᠷ | ᠳᠣᠷᠣᠭᠰᠢᠯᠠᠪᠠ᠃ ᠨᠡᠯᠢᠶᠡᠳ ᠶᠡᠭᠡ ᠠᠴᠠ ᠳᠡᠭᠡᠭᠰᠢ ᠦᠢᠯᠡᠳᠪᠦᠷᠢᠯᠡᠯ ᠤᠨ ᠠᠶᠤᠯᠭᠦᠢ ᠶᠢᠨ ᠠᠳᠡᠯ ᠭᠠᠷᠤᠭᠰᠠᠨ ᠦᠭᠡᠢ᠃ | ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ | ᠬᠤᠶᠠᠷ ᠢ ᠬᠦᠷᠢᠶᠡᠯᠡᠬᠦ ᠬᠠᠷᠠᠭᠠᠯᠵᠠᠨ ᠬᠠᠯᠠᠮᠵᠢᠯᠠᠬᠤ ᠵᠡᠷᠭᠡ ᠠᠵᠢᠯ ᠴᠥᠮ ᠰᠢᠨ᠎ᠡ ᠲᠠᠪᠰᠢᠯᠳᠠ ᠲᠠᠢ ᠪᠣᠯᠵᠤ᠂ | ᠭᠠᠳᠠᠭᠠᠳᠤ ᠶᠠᠪᠤᠳᠠᠯ ᠬᠠᠷᠢᠶᠠᠲᠤ ᠶᠢᠨ ᠶᠠᠪᠤᠳᠠᠯ᠂ ᠲᠤᠭ᠎ᠠ ᠪᠦᠷᠢᠳᠬᠡᠯ ᠪᠠᠶᠢᠴᠠᠭᠠᠯᠲᠠ᠂ ᠰᠣᠨᠢᠨ ᠮᠡᠳᠡᠭᠡ ᠷᠠᠳᠢᠣ᠋ | ᠲᠧᠯᠸᠢᠰ᠂ ᠲᠠᠩᠰᠠ ᠡᠪᠬᠡᠮᠡᠯ ᠭᠠᠵᠠᠷ ᠣᠷᠣᠨ ᠤ ᠣᠶᠢᠯᠠᠯᠭ᠎ᠠ᠂ ᠭᠠᠵᠠᠷ ᠬᠥᠳᠡᠯᠦᠯᠲᠡ ᠴᠠᠭ ᠠᠭᠤᠷ ᠵᠡᠷᠭᠡ ᠠᠵᠢᠯ | ᠦᠢᠯᠡᠰ ᠴᠥᠮ ᠰᠢᠨ᠎ᠡ ᠳᠡᠭᠡᠭᠰᠢᠯᠡᠯᠲᠡ ᠲᠠᠢ ᠪᠣᠯᠵᠤ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ | ᠡᠮᠡᠭᠲᠡᠶᠢᠴᠦᠳ ᠤᠨ ᠬᠤᠯᠪᠣᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠤᠳᠬ᠎ᠠ ᠤᠷᠠᠯᠢᠭ ᠤᠨ ᠬᠢᠨ ᠤ | ᠬᠤᠯᠪᠣᠭ᠎ᠠ᠂ ᠵᠡᠮᠳᠡᠭᠴᠦᠳ ᠤᠨ ᠬᠤᠯᠪᠣᠭ᠎ᠠ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ᠂ ᠨᠠᠰᠤᠲᠠᠶᠢᠴᠤᠳ ᠤᠨ | ᠠᠵᠢᠯ ᠤᠨ ᠵᠥᠪᠯᠡᠯ᠂ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠵᠥᠪᠯᠡᠯ ᠵᠡᠷᠭᠡ ᠵᠣᠬᠢᠶᠠᠨ ᠪᠠᠶᠢᠭᠤᠯᠤᠯᠲᠠ | ᠴᠥᠮ ᠰᠢᠨ᠎ᠡ ᠠᠭᠤᠷ ᠠᠮᠢᠰᠬᠤᠯ ᠲᠠᠢ ᠪᠣᠯᠪᠠ᠃ | ᠲᠥᠯᠥᠭᠡᠯᠡᠭᠴᠢᠳ ᠠ᠋︕ ᠡᠨᠡ ᠨᠢᠭᠡ ᠵᠢᠯ ᠤᠨ ᠠᠮᠵᠢᠯᠲᠠ ᠶᠢ ᠡᠷᠭᠢᠴᠡᠭᠦᠯᠬᠦ ᠳᠤ᠂ ᠦᠨᠳᠦᠰᠦᠨ ᠠᠴᠠ ᠨᠢ | ᠬᠡᠯᠡᠪᠡᠯ ᠶᠡᠷᠦᠩᠬᠡᠢ ᠱᠦᠵᠢ ᠰᠢ ᠶᠢᠨ ᠫᠢᠩ ᠨᠠᠮ ᠤᠨ ᠲᠥᠪ ᠬᠤᠷᠢᠶᠠᠨ ᠤ ᠭᠤᠣᠯᠯᠠᠭᠴᠢ᠂ ᠪᠦᠬᠦ ᠨᠠᠮ ᠤᠨ | ᠭᠤᠣᠯᠯᠠᠭᠴᠢ ᠪᠣᠯᠤᠭᠰᠠᠨ ᠤ ᠬᠤᠪᠢ ᠳᠤ ᠵᠢᠯᠣᠭᠤ ᠶᠢ ᠠᠳᠬᠤᠨ ᠠᠶᠠᠨ ᠢ ᠵᠢᠯᠣᠭᠤᠳᠤᠭᠰᠠᠨ ᠳᠤ ᠪᠤᠢ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠬᠤᠳᠠ ᠶᠢᠨ ᠨᠠᠮ ᠤᠨ ᠬᠤᠷᠢᠶ᠎ᠠ ᠵᠥᠪ | ᠣᠨᠣᠪᠴᠢᠲᠠᠢ ᠤᠳᠤᠷᠢᠳᠴᠤ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠭᠰᠠᠨ ᠳᠤ ᠪᠤᠢ᠂ | ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠪᠣᠯᠣᠨ | ᠨᠡᠶᠢᠭᠡᠮ ᠤᠨ ᠡᠯ᠎ᠡ ᠡᠲᠡᠭᠡᠳ ᠤᠨ ᠬᠢᠨ ᠪᠦᠲᠦᠮᠵᠢᠲᠡᠢ ᠬᠢᠨᠠᠯᠲᠠ ᠲᠠᠯᠪᠢᠵᠤ᠂ ᠬᠦᠴᠦᠲᠡᠢ ᠳᠡᠮᠵᠢᠭᠰᠡᠨ ᠳᠤ ᠪᠤᠢ᠂ ᠪᠦᠬᠦ | ᠬᠤᠳᠠ ᠶᠢᠨ ᠥᠷᠭᠡᠨ ᠤᠯᠠᠨ ᠺᠠᠳ᠋ᠷ ᠤᠯᠠᠨ ᠲᠦᠮᠡᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠦᠴᠢᠷ ᠢ | ᠲᠤᠭᠤᠯᠤᠭᠰᠠᠨ ᠳᠤ ᠪᠣᠢ᠃ ᠠᠳᠡ᠂ ᠪᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ᠂ ᠡᠯ᠎ᠡ | ᠠᠵᠢᠯ ᠲᠦᠷᠦᠯ᠂ ᠡᠯ᠎ᠡ ᠹᠷᠣᠨᠲ ᠲᠤ ᠰᠢᠷᠭᠠᠭᠤ ᠬᠠᠲᠠᠭᠤᠵᠢᠯᠲᠠᠢ ᠲᠡᠮᠡᠴᠡᠵᠦ ᠪᠠᠶᠢᠭ᠎ᠠ ᠪᠦᠲᠦᠭᠡᠨ ᠪᠠᠶᠢᠭᠤᠯᠤᠭᠴᠢᠳ᠂ | ᠬᠤᠪᠢ ᠨᠡᠮᠡᠷᠢ ᠦᠵᠡᠭᠦᠯᠦᠭᠰᠡᠳ᠂ ᠬᠥᠬᠡᠬᠤᠲᠠ ᠶᠢᠨ ᠬᠥᠭᠵᠢᠯᠲᠡ ᠶᠢ ᠬᠠᠯᠠᠮᠵᠢᠯᠠᠵᠤ᠂ ᠳᠡᠮᠵᠢᠵᠦ᠂ ᠣᠷᠣᠯᠴᠠᠭᠰᠠᠨ | ᠪᠦᠬᠦ ᠨᠥᠬᠦᠳ᠂ ᠨᠠᠶᠢᠵᠠ ᠨᠠᠷ ᠲᠤ ᠡᠷᠬᠢᠮ ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ | ᠳᠡᠪᠰᠢᠭᠦᠯᠦᠶ᠎ᠡ︕ | ᠠᠮᠵᠢᠯᠲᠠ ᠪᠠᠨ ᠳ᠋ᠦᠩᠨᠡᠬᠦ ᠶᠢᠨ ᠵᠡᠷᠭᠡᠪᠡᠷ ᠠᠵᠢᠯ ᠤᠨ ᠳᠤᠮᠳᠠ ᠴᠥᠭᠡᠨ ᠪᠤᠰᠤ ᠬᠦᠴᠢᠷᠳᠡᠯ ᠠᠰᠠᠭᠤᠳᠠᠯ | ᠣᠷᠣᠰᠢᠵᠤ ᠪᠠᠶᠢᠬᠤ ᠶᠢ ᠪᠢᠳᠡ ᠰᠡᠷᠭᠡᠭ ᠢᠶᠠᠷ ᠣᠯᠵᠤ ᠬᠠᠷᠠᠯ᠎ᠠ᠃ ᠨᠢᠭᠡ ᠳᠤ ᠠᠵᠤ ᠠᠬᠤᠢ ᠶᠢᠨ ᠶᠡᠷᠦᠩᠬᠡᠢ ᠬᠡᠮᠵᠢᠶ᠎ᠡ | ᠪᠠᠰᠠ ᠲᠡᠶᠢᠮᠦ ᠶᠡᠭᠡ ᠪᠢᠰᠢ᠂ ᠨᠡᠮᠡᠭᠳᠡᠯ ᠤᠨ ᠬᠤᠷᠳᠤᠴᠠ ᠪᠠᠰᠠ ᠲᠡᠶᠢᠮᠦ ᠲᠦᠷᠭᠡᠨ ᠪᠢᠰᠢ᠂ ᠬᠤᠳᠠ ᠶᠢᠨ ᠥᠷᠢᠰᠦᠯᠳᠦᠬᠦ | ᠬᠦᠴᠦᠨ᠂ ᠨᠥᠯᠥᠭᠡᠯᠡᠬᠦ ᠬᠦᠴᠦᠨ᠂ ᠳᠠᠶᠢᠴᠢᠯᠠᠬᠤ ᠬᠦᠴᠦᠨ ᠨᠢ ᠣᠷᠣᠨ ᠤ ᠲᠥᠪ ᠬᠤᠲᠠ ᠶᠢᠨ ᠪᠠᠶᠢᠷᠢ ᠰᠠᠭᠤᠷᠢ ᠲᠠᠢ | ᠵᠣᠬᠢᠴᠠᠬᠤ ᠦᠭᠡᠢ ᠪᠠᠶᠢᠨ᠎ᠠ︔ ᠬᠤᠶᠠᠷ ᠲᠤ᠂ ᠠᠵᠤ ᠦᠢᠯᠡᠰ ᠤᠨ ᠰᠠᠭᠤᠷᠢ ᠮᠥᠨ ᠯᠠᠪᠳᠠᠭᠤᠨ ᠪᠢᠰᠢ᠂ ᠬᠡᠯᠬᠢᠶ᠎ᠡ ᠶᠢ | ᠤᠷᠲᠤᠳᠬᠠᠭᠰᠠᠨ ᠢᠶᠠᠷ ᠬᠦᠷᠦᠯᠴᠡᠬᠦ ᠦᠭᠡᠢ᠂ ᠪᠥᠭᠡᠮᠨᠡᠷᠡᠯ ᠤᠨ ᠦᠢᠯᠡᠳᠦᠯ ᠴᠢᠩᠭ᠎ᠠ ᠪᠢᠰᠢ᠂ ᠠᠵᠤ ᠦᠢᠯᠡᠰ ᠤᠨ | ᠳᠡᠭᠡᠳᠦ ᠳᠡᠰᠴᠢᠯᠡᠭᠰᠡᠨ᠂ ᠣᠶᠤᠨᠴᠢᠯᠠᠭᠰᠠᠨ᠂ ᠪᠣᠬᠢᠷᠲᠤᠯ ᠦᠭᠡᠢ ᠬᠥᠭᠵᠢᠯᠲᠡ ᠶᠢᠨ ᠡᠭᠦᠷᠭᠡ ᠬᠦᠨᠳᠦ ᠵᠠᠮ ᠬᠤᠯᠠ | ᠪᠠᠶᠢᠨ᠎ᠠ︔ ᠭᠤᠷᠪᠠ ᠳᠤ᠂ ᠬᠦᠨᠳᠦ ᠶᠡᠭᠡ ᠠᠶᠤᠯ ᠲᠦᠭᠰᠢᠭᠦᠷᠢ ᠥᠷᠢᠰᠦᠯᠳᠦᠭᠡᠨ ᠢ ᠠᠷᠭᠠᠴᠠᠭᠠᠬᠤ ᠴᠢᠳᠠᠪᠤᠷᠢ ᠪᠠᠨ | ᠴᠢᠩᠭᠠᠳᠬᠠᠬᠤ ᠴᠢᠬᠤᠯᠠᠲᠠᠢ ᠪᠠᠶᠢᠨ᠎ᠠ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠦᠨᠳᠦᠰᠦᠨ ᠱᠠᠲᠤᠨ ᠤ ᠵᠠᠰᠠᠯᠲᠠ᠂ | ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠵᠡᠷᠭᠡ ᠳᠤᠲᠠᠭᠤᠳᠠᠯ ᠢ ᠲᠦᠷᠭᠡᠨ ᠨᠥᠬᠦᠪᠦᠷᠢᠯᠡᠬᠦ ᠴᠢᠬᠤᠯᠠᠲᠠᠢ | ᠪᠠᠶᠢᠨ᠎ᠠ︔ ᠳᠥᠷᠪᠡ ᠳᠤ ᠤᠯᠠᠨ ᠲᠦᠮᠡᠨ ᠤ ᠠᠮᠢ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠰᠤᠷᠭᠠᠨ ᠬᠥᠮᠦᠵᠢᠯ᠂ | ᠡᠮᠴᠢᠯᠡᠭᠡ᠂ ᠣᠷᠣᠨ ᠰᠠᠭᠤᠴᠠ᠂ ︽ᠨᠠᠰᠤᠲᠠᠨ ᠨᠢᠯᠬᠠᠰ︾ ᠵᠡᠷᠭᠡ ᠬᠦᠷᠢᠶᠡᠨ ᠳᠤ ᠪᠠᠰᠠ ᠪᠦᠲᠦᠴᠡ ᠨᠢ ᠲᠡᠩᠴᠡᠭᠦᠷᠢ | ᠦᠭᠡᠢ᠂ ᠬᠠᠩᠭᠠᠯᠭ᠎ᠠ ᠨᠢ ᠭᠦᠢᠴᠡᠳ ᠦᠭᠡᠢ ᠵᠡᠷᠭᠡ ᠠᠰᠠᠭᠤᠳᠠᠯ ᠣᠷᠣᠰᠢᠵᠤ ᠪᠠᠶᠢᠨ᠎ᠠ︔ ᠡᠭᠦᠨ ᠠᠴᠠ ᠭᠠᠳᠠᠨ᠎ᠠ᠂ | ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠺᠠᠳ᠋ᠷ ᠤᠨ ᠰᠤᠷᠲᠠᠯ ᠢ ᠬᠤᠪᠢᠷᠠᠭᠤᠯᠬᠤ ᠵᠡᠷᠭᠡ | ᠲᠠᠯ᠎ᠠ ᠪᠠᠷ ᠪᠠᠰᠠ ᠴᠥᠭᠡᠨ ᠪᠤᠰᠤ ᠲᠦᠭᠵᠢᠷᠡᠯ ᠪᠠ ᠬᠠᠷᠰᠢ ᠰᠠᠭᠠᠳ ᠣᠷᠣᠰᠢᠵᠤ ᠪᠠᠶᠢᠨ᠎ᠠ᠃ ᠡᠲᠡᠭᠡᠷ ᠠᠰᠠᠭᠤᠳᠠᠯ ᠢ | ᠪᠢᠳᠡ ᠨᠠᠷᠢᠨ ᠬᠢᠨᠠᠮᠠᠭᠠᠢ ᠰᠤᠳᠤᠯᠤᠨ ᠵᠠᠳᠠᠯᠵᠤ᠂ ᠬᠠᠨᠳᠤᠯᠭᠠᠲᠤ ᠴᠢᠨᠠᠷᠲᠠᠢ ᠠᠷᠭ᠎ᠠ ᠬᠡᠮᠵᠢᠶ᠎ᠡ ᠠᠪᠴᠤ᠂ ᠨᠢᠭᠡ ᠶᠢ | ᠠᠩᠬᠠᠷᠪᠠᠯ ᠨᠢᠭᠡ ᠶᠢ ᠡᠷᠭᠢᠯᠡᠵᠦ᠂ ᠨᠢᠭᠡ ᠶᠢ ᠡᠷᠭᠢᠯᠡᠪᠡᠯ ᠨᠢᠭᠡ ᠶᠢ ᠪᠦᠲᠦᠭᠡᠵᠦ᠂ ᠣᠷᠣᠨ ᠤ ᠲᠥᠪ ᠬᠤᠲᠠ ᠳᠤ ᠡᠳᠦᠷ | ᠪᠦᠷᠢ ᠰᠢᠨ᠎ᠡ ᠬᠤᠪᠢᠷᠠᠯᠲᠠ ᠲᠠᠢ ᠪᠣᠯᠭᠠᠵᠤ᠂ ᠠᠷᠠᠳ ᠣᠯᠠᠨ ᠳᠤ ᠵᠢᠯ ᠪᠦᠷᠢ ᠰᠢᠨ᠎ᠡ ᠪᠣᠳᠠᠲᠤ ᠠᠰᠢᠭ ᠬᠦᠷᠲᠡᠭᠡᠬᠦ | ᠬᠡᠷᠡᠭᠲᠡᠢ᠃ | | ᠬᠤᠶᠠᠷ᠂ 2023 ᠣᠨ ᠤ ᠠᠵᠢᠯ ᠤᠨ ᠲᠣᠬᠢᠷᠠᠭᠤᠯᠤᠯᠲᠠ | ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠳᠡᠭ ᠢ 6 % | ᠠᠴᠠ ᠳᠡᠭᠡᠭᠰᠢ ᠨᠡᠮᠡᠭᠳᠡᠭᠦᠯᠦᠨ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠳᠡᠭ ᠢ 8 | % ᠠᠴᠠ ᠳᠡᠭᠡᠭᠰᠢ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 10 % ᠠᠴᠠ ᠳᠡᠭᠡᠭᠰᠢ | ᠨᠡᠮᠡᠭᠳᠡᠭᠦᠯᠦᠨ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠲᠤᠭ᠎ᠠ ᠶᠢ 8 % | ᠣᠷᠴᠢᠮ ᠨᠡᠮᠡᠭᠳᠡᠭᠦᠯᠵᠦ᠂ ᠡᠩ ᠤᠨ ᠤᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ 5% ᠠᠴᠠ ᠳᠡᠭᠡᠭᠰᠢ | ᠨᠡᠮᠡᠭᠳᠡᠭᠦᠯᠦᠨ᠂ ᠬᠤᠳᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ | ᠡᠵᠡᠮᠳᠡᠵᠦ ᠪᠣᠯᠬᠤ ᠣᠷᠣᠯᠭ᠎ᠠ ᠶᠢ 6 % ᠠᠴᠠ ᠳᠡᠭᠡᠭᠰᠢ ᠨᠡᠮᠡᠭᠳᠡᠭᠦᠯᠵᠦ᠂ ᠥᠪᠡᠷᠲᠡᠭᠡᠨ ᠵᠠᠰᠠᠬᠤ ᠣᠷᠣᠨ ᠠᠴᠠ | ᠪᠠᠭᠤᠯᠭᠠᠭᠰᠠᠨ ᠡᠨᠧᠷᠭᠢ ᠠᠷᠪᠢᠯᠠᠨ ᠪᠣᠬᠢᠷᠳᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠠᠯᠲᠠ ᠡᠭᠦᠷᠭᠡ ᠶᠢ | ᠪᠡᠶᠡᠯᠡᠭᠦᠯᠦᠨ᠎ᠡ᠃ | ᠳᠡᠭᠡᠷ᠎ᠡ ᠳᠤᠷᠠᠳᠤᠭᠰᠠᠨ ᠬᠠᠷᠠᠯᠲᠠ ᠶᠢ ᠲᠣᠭᠲᠠᠭᠠᠭᠰᠠᠨ ᠨᠢ᠂ ᠤᠯᠤᠰ᠂ ᠥᠪᠡᠷᠲᠡᠭᠡᠨ ᠵᠠᠰᠠᠬᠤ ᠣᠷᠣᠨ ᠤ ︽ | ᠠᠵᠤ ᠠᠬᠤᠢ ᠶᠢᠨ ᠠᠵᠢᠯᠯᠠᠭᠠᠨ ᠶᠡᠷᠦᠩᠬᠡᠢ ᠳᠡᠭᠡᠨ ᠰᠠᠶᠢᠵᠢᠷᠠᠬᠤ ᠶᠢ ᠠᠬᠢᠭᠤᠯᠵᠤ᠂ ᠳᠣᠲᠣᠭᠠᠳᠤ ᠬᠡᠷᠡᠭᠴᠡᠭᠡ ᠶᠢ | ᠢᠳᠡᠪᠬᠢᠲᠡᠢ ᠥᠷᠭᠡᠳᠬᠡᠬᠦ︾ ᠵᠡᠷᠭᠡ ᠠᠯᠢ ᠣᠯᠠᠨ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠠᠰᠢᠭᠲᠠᠢ ᠲᠠᠯ᠎ᠠ | ᠣᠲᠣ ᠶᠠᠭ ᠪᠦᠲᠦᠮᠵᠢᠲᠡᠶ ᠪᠠᠳᠠᠷᠠᠵᠤ ᠪᠠᠶᠢᠬᠤ ᠳᠤ ᠰᠠᠭᠤᠷᠢᠯᠠᠪᠠ︔ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠤ ︽ᠣᠷᠣᠨ ᠤ ᠲᠥᠪ ᠢ ᠬᠦᠴᠦᠷᠬᠡᠭᠵᠢᠭᠦᠯᠬᠦ︾ ᠢᠨᠵᠧᠨᠧᠷᠢᠩ ᠢ ᠬᠡᠷᠡᠭᠵᠢᠭᠦᠯᠬᠦ ᠶᠢ | ᠪᠥᠬᠦ ᠲᠠᠯ᠎ᠠ ᠪᠠᠷ ᠲᠦᠯᠬᠢᠨ ᠠᠬᠢᠭᠤᠯᠬᠤ ᠴᠢᠬᠤᠯᠠ ᠶᠡᠭᠡ ᠠᠵᠠ ᠲᠣᠬᠢᠶᠠᠯ ᠳᠤ ᠰᠠᠭᠤᠷᠢᠯᠠᠪᠠ︔ ᠮᠠᠨ ᠤ ᠬᠤᠲᠠ ᠶᠢᠨ | ᠵᠢᠷᠭᠤᠭᠠᠨ ᠶᠡᠭᠡ ᠠᠵᠤ ᠦᠢᠯᠡᠰ ᠤᠨ ᠪᠥᠭᠡᠮᠨᠡᠷᠡᠯ ᠤᠨ ᠭᠤᠣᠯᠳᠠᠯᠭ᠎ᠠ ᠲᠠᠢ ᠲᠥᠷᠥᠯ ᠵᠦᠢᠯ ᠵᠠᠯᠭᠠᠪᠡᠷ | ᠦᠢᠯᠡᠳᠪᠦᠷᠢᠯᠡᠯ ᠤᠨ ᠴᠢᠳᠠᠪᠤᠷᠢ ᠪᠠᠨ ᠪᠠᠳᠠᠷᠠᠭᠤᠯᠬᠤ ᠬᠤᠭᠤᠴᠠᠭᠠᠨ ᠳᠤ ᠣᠷᠣᠭᠰᠠᠨ ᠳᠤ ᠰᠠᠭᠤᠷᠢᠯᠠᠪᠠ︔ ᠪᠦᠬᠦ | ᠬᠤᠳᠠ ᠶᠢᠨ ᠥᠷᠭᠡᠨ ᠤᠯᠠᠨ ᠺᠠᠳ᠋ᠷ ᠤᠯᠠᠨ ᠲᠦᠮᠡᠨ ᠣᠶᠢᠷ᠎ᠠ ᠶᠢᠨ ᠵᠢᠯ ᠤᠨ ᠲᠤᠷᠰᠢ ᠭᠠᠯ ᠹᠷᠣᠨᠲ ᠲᠤ ᠡᠷᠡᠯᠬᠡᠭᠯᠡᠨ | ᠲᠡᠮᠡᠴᠡᠵᠦ ᠲᠦᠷᠦᠭᠦᠯᠡᠬᠦ ᠪᠠᠷ ᠴᠢᠷᠮᠠᠶᠢᠬᠤ᠂ ᠨᠤᠭᠤᠷᠠᠰᠢ ᠦᠭᠡᠢ ᠲᠡᠮᠡᠴᠡᠬᠦ ᠠᠵᠢᠯ ᠬᠢᠵᠦ ᠦᠢᠯᠡᠰ ᠪᠣᠰᠬᠠᠬᠤ | ᠬᠠᠯᠠᠭᠤᠨ ᠤᠷᠮ᠎ᠠ ᠰᠡᠳᠬᠢᠯᠭᠡ ᠪᠠᠨ ᠳᠠᠪᠲᠠᠨ ᠪᠣᠯᠪᠠᠰᠤᠷᠠᠭᠤᠯᠤᠭᠰᠠᠨ ᠳᠤ ᠰᠠᠭᠤᠷᠢᠯᠠᠪᠠ᠃ ᠳᠡᠭᠡᠷᠡᠬᠢ ᠬᠠᠷᠠᠯᠲᠠ ᠪᠣᠯ | ᠯᠠᠪᠳᠠᠭᠤᠨ ᠮᠥᠷᠲᠡᠭᠡᠨ ᠪᠠᠰᠠ ᠢᠳᠡᠪᠬᠢᠲᠡᠢ ᠶᠤᠮ᠂ ᠪᠢᠳᠡ ᠳᠠᠷᠤᠯᠲᠠ ᠨᠡᠮᠡᠵᠦ ᠡᠷᠡᠯᠬᠡᠭᠯᠡᠨ ᠤᠷᠤᠭᠰᠢᠯᠠᠵᠤ᠂ ᠬᠠᠲᠠᠭᠤ | ᠪᠡᠷᠬᠡᠰᠢᠶᠡᠯ ᠢ ᠢᠯᠠᠨ ᠳᠠᠪᠠᠳᠠᠭ ᠯᠠ ᠶᠤᠮ ᠪᠣᠯ ᠯᠠᠪᠲᠠᠢ ᠪᠡᠶᠡᠯᠡᠭᠦᠯᠵᠦ ᠴᠢᠳᠠᠨ᠎ᠠ᠃ | 2023 ᠣᠨ ᠳᠤ ᠳᠣᠣᠷᠠᠬᠢ ᠠᠵᠢᠯ ᠤᠳ ᠢ ᠭᠤᠣᠯᠳᠠᠯᠭ᠎ᠠ ᠲᠠᠢ ᠰᠠᠶᠢᠲᠤᠷ ᠬᠢᠨ᠎ᠡ᠄ | ︵ᠨᠢᠭᠡ︶ ᠠᠵᠤ ᠠᠬᠤᠢ ᠶᠢᠨ ᠠᠵᠢᠯᠯᠠᠭᠠᠨ ᠢ ᠪᠦᠬᠦ ᠬᠦᠴᠦᠨ ᠢᠶᠠᠷ ᠢᠶᠠᠨ ᠲᠣᠭᠲᠠᠪᠤᠷᠢᠵᠢᠭᠤᠯᠤᠨ᠎ᠠ | ᠣᠷᠣᠨ ᠤ ᠲᠥᠪ ᠢ ᠬᠦᠴᠦᠷᠬᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠤᠳᠠᠯ ᠦᠭᠡᠢ ᠨᠡᠶᠢᠲᠡᠯᠡᠨ | ᠬᠡᠷᠡᠭᠵᠢᠭᠦᠯᠬᠦ ᠪᠠᠷ ᠪᠠᠶᠢᠭ᠎ᠠ ︽ᠬᠥᠬᠡᠬᠤᠲᠠ ᠶᠢᠨ ᠣᠷᠣᠨ ᠤ ᠲᠥᠪ ᠢ ᠬᠦᠴᠦᠷᠬᠡᠭᠵᠢᠭᠦᠯᠬᠦ ᠢᠨᠵᠧᠨᠧᠷᠢᠩ ᠢ | ᠬᠡᠷᠡᠭᠵᠢᠭᠦᠯᠬᠦ ᠶᠢ ᠳᠡᠮᠵᠢᠵᠦ ᠣᠷᠣᠨ ᠤ ᠲᠥᠪ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠰᠠᠨᠠᠯ︾ | ᠤᠨ ᠵᠦᠢᠯ ᠨᠢᠭᠡᠪᠦᠷᠢ᠂ ᠵᠤᠷᠪᠤᠰ ᠨᠢᠭᠡᠪᠦᠷᠢ ᠨᠢ ᠴᠥᠮ ᠮᠠᠨ ᠳᠤ ᠲᠣᠬᠢᠷᠠᠭᠤᠯᠤᠨ ᠲᠣᠭᠲᠠᠭᠠᠭᠰᠠᠨ ︽ᠵᠢᠩᠬᠢᠨᠢ | ᠶᠠᠭᠤᠮ᠎ᠠ︾᠂ ︽ᠰᠠᠶᠢᠨ ᠶᠠᠭᠤᠮ᠎ᠠ︾ ᠪᠣᠯᠣᠨ᠎ᠠ᠃ ᠪᠢᠳᠡ ︽ᠡᠬᠢᠯᠡᠯᠲᠡ ᠪᠣᠯ ᠳᠠᠷᠤᠢ ᠰᠢᠪᠲᠤᠯᠤᠯᠲᠠ︾ ᠶᠢᠨ ᠡᠷᠴᠢ | ᠵᠣᠷᠢᠭ ᠢ ᠪᠠᠳᠠᠷᠠᠭᠤᠯᠵᠤ᠂ ᠬᠥᠬᠡᠬᠤᠲᠠ ᠶᠢ ᠬᠥᠭᠵᠢᠯᠲᠡ ᠶᠢᠨ ᠴᠢᠳᠠᠪᠬᠢ ᠲᠠᠰ ᠪᠥᠬᠦ ᠲᠠᠯ᠎ᠠ ᠪᠠᠷ ᠳᠡᠭᠡᠭᠰᠢᠯᠡᠭᠰᠡᠨ | ︽ᠪᠣᠳᠠᠲᠤ ᠬᠦᠴᠦᠨ ᠤ ᠬᠤᠲᠠ︾᠂ ᠠᠵᠤ ᠦᠢᠯᠡᠰ ᠤᠨ ᠪᠥᠭᠡᠮᠨᠡᠷᠡᠯ ᠤᠨ ᠳᠠᠪᠠᠭᠤᠯᠢᠭ ᠢᠶᠠᠷ ᠲᠣᠪᠣᠶᠢᠮ᠎ᠠ | ︽ᠬᠥᠭᠵᠢᠯᠲᠡ ᠶᠢᠨ ᠬᠤᠲᠠ︾᠂ ᠬᠤᠲᠠ ᠶᠢᠨ ᠴᠢᠨᠠᠷ ᠴᠢᠨᠰᠠᠭ᠎ᠠ ᠢᠯᠡᠳᠲᠡ ᠳᠡᠭᠡᠭᠰᠢᠯᠡᠭᠰᠡᠨ ︽ᠦᠵᠡᠰᠬᠦᠯᠡᠩᠲᠦ | ᠰᠠᠶᠢᠬᠠᠨ ᠬᠤᠲᠠ︾᠂ ᠰᠢᠨ᠎ᠡ ᠶᠢ ᠡᠭᠦᠳᠬᠦ ᠬᠥᠳᠡᠯᠭᠡᠭᠴᠢ ᠬᠦᠴᠦᠨ ᠥᠷᠨᠢᠭᠦᠨ ᠨᠡᠮᠡᠭᠳᠡᠭᠰᠡᠨ ︽ᠠᠮᠢᠵᠢᠷᠠᠯ ᠤᠨ | ᠬᠦᠴᠦᠨ ᠲᠠᠢ ᠬᠤᠲᠠ︾ ᠪᠠ ᠵᠠᠯᠠᠭᠤᠴᠤᠳ ᠬᠦᠰᠡᠵᠦ ᠰᠠᠨᠠᠭᠰᠠᠨ᠂ ᠨᠠᠰᠤᠲᠠᠶᠢᠴᠤᠳ ᠠᠮᠤᠷ ᠠᠮᠤᠭᠤᠯᠠᠩ ︽ᠵᠣᠯ | ᠵᠢᠷᠭᠠᠯᠲᠤ ᠬᠤᠲᠠ︾ ᠪᠣᠯᠭᠠᠨ ᠪᠦᠲᠦᠭᠡᠨ ᠪᠠᠶᠢᠭᠤᠯᠬᠤ ᠬᠠᠷᠠᠯᠲᠠ ᠶᠢᠨ ᠪᠠᠶᠢᠷᠢ ᠲᠣᠭᠲᠠᠭᠠᠯᠲᠠ ᠶᠢ ᠭᠤᠣᠯᠳᠠᠯᠭ᠎ᠠ ᠲᠠᠢ | ᠠᠩᠬᠠᠷᠤᠨ᠎ᠠ︔ ︽ᠳᠡᠯᠡᠬᠡᠢ ᠶᠢᠨ ᠰᠦ ᠶᠢᠨ ᠬᠤᠲᠠ︾ ᠶᠢ ᠪᠦᠲᠦᠭᠡᠨ ᠪᠠᠶᠢᠭᠤᠯᠬᠤ᠂ ︽ᠳᠤᠮᠳᠠᠳᠤ ᠤᠯᠤᠰ ᠤᠨ ᠡᠭᠦᠯᠡᠨ | ᠬᠥᠨᠳᠡᠢ︾ ᠶᠢ ᠴᠣᠭᠴᠠᠯᠠᠬᠤ᠂ ᠲᠡᠷᠢᠭᠦᠨ ᠤ ᠦᠢᠯᠡᠳᠬᠦ ᠦᠢᠯᠡᠰ ᠤᠨ ᠪᠥᠭᠡᠮᠨᠡᠷᠡᠯ ᠢ ᠪᠣᠶᠢᠵᠢᠭᠤᠯᠬᠤ᠂ ᠰᠣᠶᠣᠯ | ᠵᠢᠭᠤᠯᠴᠢᠯᠠᠯ ᠪᠡᠶ᠎ᠡ ᠶᠢᠨ ᠲᠠᠮᠢᠷ ᠤᠨ ᠠᠵᠤ ᠦᠢᠯᠡᠰ ᠤᠨ ᠠᠭᠤᠰᠤᠯᠴᠠᠨ ᠦᠢᠯᠡᠳᠦᠯᠴᠡᠬᠦ ᠶᠢ ᠠᠬᠢᠭᠤᠯᠬᠤ᠂ ᠶᠡᠷᠦᠩᠬᠡᠢ | ᠬᠡᠯᠲᠡᠰ ᠤᠨ ᠠᠵᠤ ᠠᠬᠤᠢ ᠶᠢ ᠬᠥᠭᠵᠢᠭᠦᠯᠬᠦ ᠵᠡᠷᠭᠡ ᠵᠠᠩᠭᠢᠯᠠᠭ᠎ᠠ ᠶᠢᠨ ᠵᠦᠢᠯᠡᠰ ᠢ ᠭᠤᠣᠯᠳᠠᠯᠭ᠎ᠠ ᠲᠠᠢ ᠠᠩᠬᠠᠷᠤᠨ᠎ᠠ︔ | ᠲᠦᠷᠭᠡᠨ ᠤ ᠲᠡᠮᠦᠷ ᠵᠠᠮ ᠤᠨ ᠬᠦᠢᠰᠦ ᠬᠤᠲᠠ ᠶᠢ ᠪᠦᠲᠦᠭᠡᠨ ᠪᠠᠶᠢᠭᠤᠯᠬᠤ᠂ ᠰᠢᠨ᠎ᠡ ᠨᠢᠰᠬᠡᠯ ᠤᠨ ᠪᠠᠭᠤᠳᠠᠯ ᠤᠨ | ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠬᠦᠢᠰᠦ ᠶᠢ ᠴᠣᠭᠴᠠᠯᠠᠬᠤ᠂ ᠲᠦᠷᠭᠡᠨ ᠤ ᠵᠠᠰᠠᠮᠠᠯ ᠵᠠᠮ ᠤᠨ ᠲᠣᠣᠷ ᠢ | ᠪᠠᠶᠢᠭᠤᠯᠬᠤ᠂ ᠪᠠᠷᠠᠭᠠᠨ ᠤ ᠭᠦᠢᠯᠭᠡᠭᠡᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ᠂ | ᠬᠤᠲᠠ ᠶᠢᠨ ᠰᠠᠭᠤᠷᠢ ᠪᠠᠲᠤᠯᠠᠭ᠎ᠠ ᠶᠢᠨ ᠴᠢᠳᠠᠮᠵᠢ ᠶᠢ ᠴᠢᠩᠭᠠᠷᠠᠭᠤᠯᠬᠤ ᠵᠡᠷᠭᠡ ᠳᠠᠭᠠᠭᠠᠬᠤ ᠴᠢᠳᠠᠪᠤᠷᠢ ᠶᠢ | ᠳᠡᠭᠡᠭᠰᠢᠯᠡᠭᠦᠯᠬᠦ ᠲᠥᠷᠥᠯ ᠵᠦᠢᠯ ᠢ ᠭᠤᠣᠯᠳᠠᠯᠭ᠎ᠠ ᠲᠠᠢ ᠠᠩᠬᠠᠷᠤᠨ᠎ᠠ︔ ᠬᠤᠲᠠ ᠶᠢᠨ ᠲᠥᠯᠦᠪᠵᠢᠭᠦᠯᠭᠡ ᠶᠢᠨ ᠬᠢᠷᠢ | ᠲᠦᠪᠰᠢᠨ ᠢ ᠳᠡᠭᠡᠭᠰᠢᠯᠡᠭᠦᠯᠬᠦ᠂ ᠠᠮᠢ ᠠᠬᠤᠢ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠢ ᠬᠢᠷᠢ ᠲᠦᠪᠰᠢᠨ ᠢ | ᠳᠡᠭᠡᠭᠰᠢᠯᠡᠭᠦᠯᠬᠦ᠂ ᠴᠢᠨᠠᠷ ᠰᠠᠶᠢᠲᠠᠢ ᠡᠮᠴᠢᠯᠡᠭᠡ ᠰᠤᠷᠭᠠᠨ ᠬᠥᠮᠦᠵᠢᠯ ᠢ ᠬᠥᠭᠵᠢᠭᠦᠯᠬᠦ᠂ ᠦᠨᠳᠦᠰᠦᠨ ᠱᠠᠲᠤᠨ ᠤ | ᠨᠡᠶᠢᠭᠡᠮ ᠤᠨ ᠵᠠᠰᠠᠯᠲᠠ ᠶᠢ ᠴᠢᠩᠭᠠᠳᠬᠠᠬᠤ ᠵᠡᠷᠭᠡ ᠣᠷᠣᠰᠢᠨ ᠰᠠᠭᠤᠬᠤ ᠳᠤ ᠲᠣᠬᠢᠷᠠᠮᠵᠢᠲᠠᠢ ᠬᠤᠲᠠ ᠶᠢ ᠪᠦᠲᠦᠭᠡᠨ | ᠪᠠᠶᠢᠭᠤᠯᠬᠤ ᠡᠭᠦᠷᠭᠡ ᠶᠢ ᠭᠤᠣᠯᠳᠠᠯᠭ᠎ᠠ ᠲᠠᠢ ᠠᠩᠬᠠᠷᠤᠨ᠎ᠠ︔ ᠬᠢᠨᠠᠨ ᠵᠥᠪᠰᠢᠶᠡᠷᠡᠬᠦ ᠡᠷᠬᠡ ᠮᠡᠳᠡᠯ ᠢ ᠳᠣᠷᠣᠭᠰᠢ | ᠪᠠᠭᠤᠯᠭᠠᠬᠤ᠂ ᠰᠢᠨ᠎ᠡ ᠶᠢ ᠡᠭᠦᠳᠬᠦ ᠲᠤᠯᠭᠠᠭᠤᠷᠢᠯᠠᠯ ᠢ ᠴᠢᠩᠭᠠᠳᠬᠠᠬᠤ᠂ ᠭᠠᠵᠠᠷ ᠬᠡᠷᠡᠭᠯᠡᠬᠦ ᠴᠠᠬᠢᠯᠭᠠᠨ ᠬᠡᠷᠡᠭᠯᠡᠬᠦ | ᠡᠨᠧᠷᠭᠢ ᠬᠡᠷᠡᠭᠯᠡᠬᠦ ᠪᠠᠲᠤᠯᠠᠭ᠎ᠠ ᠶᠢ ᠴᠢᠩᠭᠠᠳᠬᠠᠬᠤ᠂ ᠡᠳ᠋ ᠤᠨ ᠵᠠᠰᠠᠭ ᠭᠠᠶᠢᠯᠢ ᠮᠥᠩᠭᠦᠨ ᠭᠦᠢᠯᠭᠡᠭᠡᠨ ᠤ ᠳᠡᠮᠵᠢᠯᠭᠡ ᠶᠢ | ᠴᠢᠩᠭᠠᠳᠬᠠᠬᠤ ᠵᠡᠷᠭᠡ ᠬᠦᠴᠦᠨ ᠵᠦᠢᠯ ᠤᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠭᠤᠣᠯᠳᠠᠯᠭ᠎ᠠ ᠲᠠᠢ ᠠᠩᠬᠠᠷᠴᠤ᠂ | ᠰᠠᠨᠠᠭᠠᠴᠢᠯᠠᠭ᠎ᠠ ᠠᠴᠠ ᠪᠠᠨ ᠬᠦᠯᠢᠶᠡᠨ ᠠᠪᠴᠤ᠂ ᠵᠣᠷᠢᠭᠲᠠᠢ ᠪᠠᠷ ᠲᠤᠷᠰᠢᠵᠤ᠂ ᠥᠪᠡᠷᠲᠡᠭᠡᠨ ᠵᠠᠰᠠᠬᠤ ᠣᠷᠣᠨ ᠤ | ᠲᠤᠰᠠᠯᠠᠬᠤ ᠬᠦᠴᠦᠨ᠂ ᠲᠦᠯᠬᠢᠬᠦ ᠬᠦᠴᠦᠨ ᠢ ᠦᠨᠡᠨᠬᠦ ᠣᠷᠣᠨ ᠤ ᠲᠥᠪ ᠤᠨ ᠲᠣᠰ ᠪᠡᠶ᠎ᠡ ᠶᠢᠨ ᠬᠥᠭᠵᠢᠯᠲᠡ ᠶᠢᠨ | ᠬᠥᠳᠡᠯᠭᠡᠬᠦ ᠬᠦᠴᠦᠨ᠂ ᠠᠮᠢᠵᠢᠷᠠᠯ ᠤᠨ ᠬᠦᠴᠦᠨ ᠪᠣᠯᠭᠠᠨ ᠬᠤᠪᠢᠷᠠᠭᠤᠯᠵᠤ᠂ ᠡᠯ᠎ᠡ ᠵᠦᠢᠯ ᠤᠨ ᠳᠡᠮᠵᠢᠬᠦ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠤᠨ ᠰᠠᠶᠢᠲᠤᠷ ᠬᠡᠷᠡᠭᠵᠢᠭᠦᠯᠬᠦ ᠶᠢ ᠲᠦᠯᠬᠢᠨ ᠠᠬᠢᠭᠤᠯᠵᠤ᠂ 3 ᠠᠴᠠ 5 ᠵᠢᠯ ᠤᠨ | ᠬᠤᠭᠤᠴᠠᠭᠠᠨ ᠳᠤ ᠣᠷᠣᠨ ᠤ ᠲᠥᠪ ᠤᠨ ︽ᠲᠤᠭ᠎ᠠ︾ ᠠᠴᠠ ︽ᠴᠢᠨᠠᠷ︾ ᠤᠨ ᠢᠯᠡᠷᠬᠡᠢ ᠬᠤᠪᠢᠷᠠᠯᠲᠠ ᠶᠢ | ᠪᠡᠶᠡᠯᠡᠭᠦᠯᠦᠨ᠎ᠡ᠃ | ᠲᠦᠷᠦᠯ ᠵᠦᠢᠯ ᠢ ᠴᠢᠩᠭ᠎ᠠ ᠠᠩᠬᠠᠷᠤᠨ᠎ᠠ᠃ ᠭᠤᠣᠯᠳᠠᠯᠭ᠎ᠠ ᠲᠠᠢ ᠲᠦᠷᠦᠯ ᠵᠦᠢᠯ ᠢ 1100 ᠠᠴᠠ ᠳᠡᠭᠡᠭᠰᠢ | ᠬᠡᠷᠡᠭᠵᠢᠭᠦᠯᠵᠦ᠂ 1200 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠡᠯᠡ ᠣᠷᠣᠭᠤᠯᠤᠯᠲᠠ ᠶᠢ ᠪᠡᠶᠡᠯᠡᠭᠦᠯᠦᠨ᠎ᠡ᠂ | ᠡᠭᠦᠨ ᠳᠤ 100 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠦᠷᠦᠯ ᠵᠦᠢᠯ 10᠂ 50 ᠳ᠋ᠦᠩᠰᠢᠭᠤᠷ | ᠲᠥᠭᠦᠷᠢᠭ ᠠᠴᠠ ᠳᠡᠭᠡᠭᠰᠢᠬᠢ ᠲᠦᠷᠦᠯ ᠵᠦᠢᠯ 30᠂ 10 30ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠦᠷᠦᠯ | ᠵᠦᠢᠯ 154᠃ ᠲᠦᠷᠦᠯ ᠵᠦᠢᠯ ᠢ ᠠᠳᠬᠤᠬᠤ ᠶᠢ ᠪᠦᠬᠦ ᠬᠤᠲᠠ ᠶᠢᠨ ︽ᠲᠡᠷᠢᠭᠦᠨ ᠢᠨᠵᠧᠨᠧᠷᠢᠩ︾ ᠪᠣᠯᠭᠠᠬᠤ ᠶᠢ | ᠪᠠᠷᠢᠮᠲᠠᠯᠠᠵᠤ᠂ ︽ᠲᠦᠷᠦᠯ ᠵᠦᠢᠯ ᠢ ᠲᠡᠷᠢᠭᠦᠨ ᠳᠤ ᠲᠠᠯᠪᠢᠬᠤ᠂ ᠲᠦᠷᠦᠯ ᠵᠦᠢᠯ ᠢᠶᠠᠷ ᠭᠤᠣᠯ ᠪᠣᠯᠭᠠᠬᠤ︾ | ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠴᠢᠬᠤᠯᠠ ᠶᠡᠭᠡ ᠲᠦᠷᠦᠯ ᠵᠦᠢᠯ ᠢ ᠳᠠᠭᠠᠭᠠᠴᠢᠯᠠᠭᠤᠯᠬᠤ᠂ ᠲᠣᠬᠢᠷᠠᠭᠤᠯᠬᠤ᠂ | ᠪᠠᠲᠤᠯᠠᠬᠤ ᠲᠣᠭᠲᠠᠴᠠ ᠶᠢ ᠪᠠᠶᠢᠭᠤᠯᠵᠤ᠂ ᠡᠪᠦᠯ ᠤᠨ ᠤᠯᠠᠷᠢᠯ ᠳᠤ ᠭᠠᠷ ᠭᠦᠢᠴᠡᠳᠬᠡᠯ ᠢ ᠱᠠᠯᠠᠪᠳᠠᠭᠤᠯᠵᠤ᠂ ᠬᠠᠪᠤᠷ | ᠡᠬᠢᠯᠡᠮᠡᠭᠴᠡ ᠠᠵᠢᠯ ᠡᠬᠢᠯᠡᠭᠦᠯᠵᠦ᠂ ᠪᠦᠬᠦ ᠵᠢᠯ ᠳᠤ ᠪᠦᠲᠦᠭᠡᠨ ᠪᠠᠶᠢᠭᠤᠯᠤᠯᠲᠠ ᠶᠢ ᠠᠳᠬᠤᠵᠤ᠂ ᠪᠦᠬᠦ ᠬᠤᠲᠠ ᠳᠤ | ︽ᠲᠦᠷᠦᠯ ᠵᠦᠢᠯ ᠢ ᠶᠡᠬᠡᠪᠡᠷ ᠠᠳᠬᠤᠵᠤ᠂ ᠶᠡᠭᠡ ᠲᠦᠷᠦᠯ ᠵᠦᠢᠯ ᠢ ᠠᠳᠬᠤᠬᠤ︾ ᠬᠦᠷ ᠬᠥᠭᠵᠢᠶᠡᠨ ᠲᠠᠢ ᠪᠦᠲᠦᠭᠡᠨ | ᠪᠠᠶᠢᠭᠤᠯᠤᠯᠲᠠ ᠶᠢᠨ ᠠᠭᠤᠷ ᠠᠮᠢᠰᠬᠤᠯ ᠢ ᠦᠷᠭᠦᠯᠵᠢᠯᠡᠨ ᠪᠤᠢ ᠪᠣᠯᠭᠠᠨ᠎ᠠ᠃ | ᠬᠤᠳᠠᠯᠳᠤᠭᠠᠴᠢᠨ ᠤᠷᠢᠬᠤ ᠠᠵᠢᠯ ᠢ ᠠᠳᠬᠤᠨ᠎ᠠ᠃ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ | ᠵᠦᠢᠯ ᠢ 400 ᠠᠴᠠ ᠳᠡᠭᠡᠭᠰᠢ ᠣᠷᠣᠭᠤᠯᠵᠤ ᠠᠪᠴᠢᠷᠠᠨ᠂ 500 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠡᠯᠡ | ᠣᠷᠣᠭᠤᠯᠤᠯᠲᠠ ᠶᠢ ᠪᠡᠶᠡᠯᠡᠭᠦᠯᠬᠦ ᠪᠠᠷ ᠴᠢᠷᠮᠠᠶᠢᠨ᠎ᠠ᠃ ︽ᠪᠦᠭᠦᠳᠡ ᠣᠯᠠᠨ ᠢᠶᠠᠷ ᠢᠶᠠᠨ ᠬᠤᠳᠠᠯᠳᠤᠭᠠᠴᠢᠨ ᠤᠷᠢᠬᠤ︾ | ᠲᠣᠭᠲᠠᠴᠠ ᠶᠢ ᠬᠡᠷᠡᠭᠵᠢᠭᠦᠯᠵᠦ᠂ ᠬᠤᠳᠠᠯᠳᠤᠭᠠᠴᠢᠳ ᠤᠨ ᠡᠪᠯᠡᠯ᠂ ᠭᠤᠷᠪᠠᠳᠠᠭᠢ ᠡᠲᠡᠭᠡᠳ ᠤᠨ ᠪᠠᠶᠢᠭᠤᠯᠤᠮᠵᠢ᠂ | ᠬᠡᠯᠬᠢᠶᠡᠨ ᠤ ᠡᠵᠡᠨ ᠠᠵᠤ ᠠᠬᠤᠶᠢᠯᠠᠯ ᠵᠡᠷᠭᠡ ᠶᠢᠨ ᠦᠢᠯᠡᠳᠦᠯ ᠢ ᠪᠠᠳᠠᠷᠠᠭᠤᠯᠤᠨ᠂ ᠬᠤᠳᠠᠯᠳᠤᠭᠠᠴᠢᠨ ᠤᠷᠢᠵᠤ ᠪᠡᠯᠡ | ᠣᠷᠣᠭᠤᠯᠬᠤ ᠲᠡᠶᠢᠨ ᠤ ᠲᠠᠯᠠᠪᠤᠷ ᠲᠤ ︽ᠨᠠᠢᠮᠠᠨ ᠠᠷᠰᠢ ᠲᠡᠯᠡᠶ ᠭᠡᠲᠦᠯᠬᠦ ᠳᠤ ᠥᠪᠡᠷ ᠥᠪᠡᠷ ᠤᠨ ᠴᠢᠳᠠᠪᠤᠷᠢ ᠪᠠᠨ | ᠪᠦᠷᠢᠨ ᠢᠯᠡᠷᠡᠭᠦᠯᠬᠦ︾ ᠬᠡᠷᠡᠭᠲᠡᠢ᠃ ︽ᠵᠢᠷᠭᠤᠭᠠᠨ ᠶᠡᠭᠡ ᠠᠵᠤ ᠦᠢᠯᠡᠰ ᠤᠨ ᠪᠥᠭᠡᠮᠨᠡᠷᠡᠯ︾ ᠤᠨ ᠲᠣᠭᠤᠷᠢᠨ ᠳᠤ᠂ | ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠵᠡᠷᠭᠡ | ᠭᠠᠵᠠᠷ ᠣᠷᠣᠨ ᠢ ᠴᠢᠩᠭ᠎ᠠ ᠠᠩᠬᠠᠷᠴᠤ᠂ ᠳᠡᠯᠡᠬᠡᠢ ᠶᠢᠨ 500 ᠬᠦᠴᠦᠷᠬᠡᠭ᠂ ᠠᠵᠢᠯ ᠲᠦᠷᠦᠯ ᠤᠨ ᠳᠠᠭᠠᠭᠤᠯᠤᠭᠴᠢ᠂ | ᠰᠲ᠋ᠣᠺ ᠤᠨ ᠵᠠᠬ᠎ᠠ ᠳᠤ ᠭᠠᠷᠤᠭᠰᠠᠨ ᠺᠣᠮᠫᠠᠨᠢ᠂ ︽ᠭᠠᠭᠴᠠ ᠡᠪᠡᠷᠲᠦ ᠠᠮᠢᠲᠠᠨ︾ ᠵᠡᠷᠭᠡ ᠠᠵᠤ ᠠᠬᠤᠶᠢᠯᠠᠯ ᠳᠤ | ᠠᠩᠬᠠᠷᠤᠯ ᠢᠶᠠᠨ ᠲᠥᠪᠯᠡᠷᠡᠭᠦᠯᠵᠦ᠂ ᠭᠠᠷ ᠲᠠᠭᠠᠨ ᠵᠢᠷᠤᠭ ᠢ ᠠᠳᠬᠤᠵᠤ᠂ ᠭᠠᠷ ᠲᠠᠭᠠᠨ ᠲᠣᠳᠣᠷᠬᠠᠢ ᠬᠠᠭᠤᠳᠠᠰᠤ ᠶᠢ | ᠠᠳᠬᠤᠵᠤ᠂ ᠬᠠᠨᠳᠤᠯᠭᠠᠲᠤ ᠴᠢᠨᠠᠷ ᠲᠠᠢ ᠬᠤᠳᠠᠯᠳᠤᠭᠠᠴᠢᠨ ᠤᠷᠢᠵᠤ᠂ ᠤᠨᠢᠨ ᠳᠡᠭᠡᠷ᠎ᠡ ᠨᠢ ᠬᠤᠳᠠᠯᠳᠤᠭᠠᠴᠢᠨ | ᠤᠷᠢᠬᠤ ᠬᠡᠷᠡᠭᠲᠡᠢ᠃ ᠬᠦᠴᠦᠨ ᠵᠦᠢᠯ ᠨᠢ ᠲᠦᠷᠦᠯ ᠵᠦᠢᠯ ᠢ ᠳᠠᠭᠠᠵᠤ᠂ ᠦᠢᠯᠡᠴᠢᠯᠡᠭᠡ ᠨᠢ ᠲᠦᠷᠦᠯ ᠵᠦᠢᠯ ᠢᠶᠠᠷ | ᠭᠤᠣᠯᠳᠠᠭᠤᠯᠬᠤ ᠶᠢ ᠪᠠᠷᠢᠮᠲᠠᠯᠠᠵᠤ᠂ ᠠᠷᠭ᠎ᠠ ᠪᠦᠬᠦᠨ ᠢ ᠰᠦᠪᠡᠭᠴᠢᠯᠡᠨ ᠲᠦᠷᠦᠯ ᠵᠦᠢᠯ ᠢ ᠨᠠᠶᠢᠳᠠᠪᠤᠷᠢᠵᠢᠭᠤᠯᠬᠤ ᠳᠤ | ᠨᠥᠬᠦᠴᠡᠯ ᠪᠦᠷᠢᠯᠳᠦᠭᠦᠯᠦᠨ ᠥᠭᠴᠦ᠂ ᠬᠤᠳᠠᠯᠳᠤᠭᠠᠴᠢᠨ ᠤᠷᠢᠬᠤ ᠲᠦᠷᠦᠯ ᠵᠦᠢᠯ ᠢ ︽ᠨᠢᠭᠡ ᠶᠢ ᠲᠣᠭᠲᠠᠭᠠᠪᠠᠯ | ᠨᠢᠭᠡ ᠶᠢ ᠨᠠᠶᠢᠳᠠᠪᠤᠷᠢᠵᠢᠭᠤᠯᠵᠤ᠂ ᠨᠢᠭᠡ ᠶᠢ ᠨᠠᠶᠢᠳᠠᠪᠤᠷᠢᠵᠢᠭᠤᠯᠪᠠᠯ ᠨᠢᠭᠡ ᠶᠢ ᠪᠦᠲᠦᠭᠡᠵᠦ᠂ ᠨᠢᠭᠡ ᠶᠢ ᠪᠦᠲᠦᠭᠡᠪᠡᠯ ᠨᠢᠭᠡ | ᠪᠦᠯᠦᠭ ᠢ ᠳᠠᠶᠢᠴᠢᠯᠠᠬᠤ︾ ᠶᠢ ᠪᠠᠲᠤᠯᠠᠨ᠎ᠠ᠃ | ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ᠃ ᠲᠡᠷᠢᠭᠦᠨ ᠵᠡᠷᠭᠡ ᠶᠢᠨ ᠪᠠᠷᠢᠮᠵᠢᠶ᠎ᠠ ᠲᠠᠢ ᠬᠠᠷᠢᠴᠠᠭᠤᠯᠵᠤ᠂ | ᠲᠡᠷᠢᠭᠦᠨ ᠤ ᠬᠢ ᠠᠴᠠ ᠰᠤᠷᠤᠯᠴᠠᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠤᠨ ᠶᠡᠷᠦᠩᠬᠡᠶᠢᠯᠡᠭᠰᠡᠨ | ᠦᠨᠡᠯᠡᠯᠲᠡ ᠶᠢᠨ ᠨᠡᠷᠡᠰ ᠤᠨ ᠵᠢᠭᠰᠠᠭᠠᠯᠲᠠ ᠳᠤ ᠪᠥᠬᠦ ᠣᠷᠣᠨ ᠳᠤ ︽ᠡᠮᠦᠨ᠎ᠡ ᠨᠢ ᠣᠷᠣᠵᠤ︾᠂ ᠪᠥᠬᠦ ᠤᠯᠤᠰ ᠲᠤ | ︽ᠣᠷᠣᠨ ᠳᠡᠪᠰᠢᠬᠦ ᠪᠠᠷ ᠴᠢᠷᠮᠠᠶᠢᠬᠤ︾ ᠶᠢ ᠲᠦᠯᠬᠢᠨ ᠠᠬᠢᠭᠤᠯᠤᠨ᠎ᠠ᠃ ᠠᠵᠤ ᠠᠬᠤᠶᠢᠯᠠᠯ ᠨᠡᠭᠡᠭᠡᠨ ᠡᠷᠬᠢᠯᠡᠬᠦ ᠳᠤ | ᠲᠤᠶᠢᠯ ᠤᠨ ᠲᠦᠬᠦᠮ ᠬᠢᠨᠠᠨ ᠵᠦᠪᠰᠢᠶᠡᠷᠡᠯᠲᠡ ᠶᠢ ᠶᠡᠬᠡᠪᠡᠷ ᠬᠡᠷᠡᠭᠵᠢᠭᠦᠯᠵᠦ᠂ ᠠᠵᠤ ᠠᠬᠤᠶᠢᠯᠠᠯ ᠨᠡᠭᠡᠭᠡᠨ ᠡᠷᠬᠢᠯᠡᠬᠦ ᠳᠤ | ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ᠂ ᠨᠢᠭᠡ ᠴᠣᠩᠬᠤ ᠪᠠᠷ ᠨᠡᠶᠢᠳᠡᠮ ᠭᠦᠢᠴᠡᠳᠬᠡᠬᠦ᠂ ᠬᠠᠭᠠᠰ ᠡᠳᠦᠷ ᠲᠤ | ᠭᠦᠢᠴᠡᠳᠬᠡᠵᠦ ᠳᠠᠭᠤᠰᠬᠠᠬᠤ᠂ ᠥᠪᠡᠷ ᠤᠨ ᠦᠷᠳᠡᠭ ᠦᠭᠡᠢ ᠪᠠᠶᠢᠬᠤ︾ ᠶᠢ ᠪᠡᠶᠡᠯᠡᠭᠦᠯᠵᠦ᠂ ᠵᠠᠬ᠎ᠠ ᠳᠡᠯᠭᠡᠭᠦᠷ ᠤᠨ | ᠭᠤᠣᠯ ᠴᠣᠭᠴᠠ ᠶᠢ 4.5 ᠲᠦᠮᠡ ᠰᠢᠨ᠎ᠡ ᠪᠠᠷ ᠨᠡᠮᠡᠭᠳᠡᠭᠦᠯᠵᠦ᠂ 15% ᠪᠠᠷ ᠨᠡᠮᠡᠭᠳᠡᠭᠦᠯᠦᠨ᠎ᠡ᠃ ᠵᠠᠬ᠎ᠠ | ᠳᠡᠯᠭᠡᠭᠦᠷ ᠲᠤ ᠣᠷᠣᠬᠤ ᠵᠥᠪᠰᠢᠶᠡᠷᠡᠯ ᠤᠨ ᠨᠠᠵᠠᠭᠠᠢ ᠲᠠᠯ᠎ᠠ ᠶᠢᠨ ᠲᠣᠳᠣᠷᠬᠠᠢ ᠬᠠᠭᠤᠳᠠᠰᠤ ᠶᠢᠨ ᠳᠦᠷᠢᠮ ᠢ ᠪᠦᠬᠦ | ᠲᠠᠯ᠎ᠠ ᠪᠠᠷ ᠬᠡᠷᠡᠭᠵᠢᠭᠦᠯᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠤᠯᠠᠨ ᠨᠡᠶᠢᠲᠡ ᠶᠢᠨ ᠦᠢᠯᠡᠴᠢᠯᠡᠭᠡ | ᠪᠠ ᠨᠡᠶᠢᠲᠡ ᠶᠢᠨ ᠬᠡᠷᠡᠭᠯᠡᠭᠡᠨ ᠤ ᠦᠢᠯᠡᠰ ᠤᠨ ᠬᠦᠷᠢᠶᠡᠨ ᠳᠤ ᠣᠷᠣᠬᠤ ᠶᠢ ᠲᠡᠮᠵᠢᠵᠤ᠂ ᠠᠷᠠᠳ ᠠᠴᠠ ᠡᠵᠡᠩᠨᠡᠭᠰᠡᠨ | ᠠᠵᠤ ᠠᠬᠤᠢ ᠶᠢᠨ ᠬᠥᠭᠵᠢᠯᠲᠡ ᠶᠢᠨ ᠳᠠᠯᠳᠠ ᠬᠦᠴᠦᠨ ᠢ ᠬᠥᠭᠵᠢᠭᠡᠨ᠎ᠡ᠃ ︽ᠠᠵᠤ ᠠᠬᠤᠶᠢᠯᠠᠯ ᠳᠤ ᠣᠷᠣᠵᠤ | ᠬᠠᠪᠰᠤᠷᠤᠨ ᠲᠡᠳᠬᠦᠬᠦ︾ ᠪᠠᠶᠢᠩᠭᠤ ᠶᠢᠨ ᠠᠵᠢᠯᠯᠠᠭ᠎ᠠ ᠶᠢ ᠥᠷᠨᠢᠭᠦᠯᠵᠦ᠂ ᠤᠯᠤᠰ᠂ ᠥᠪᠡᠷᠲᠡᠭᠡᠨ ᠵᠠᠰᠠᠬᠤ ᠣᠷᠣᠨ ᠪᠠ | ᠮᠠᠨ ᠤ ᠬᠤᠲᠠ ᠶᠢᠨ ᠨᠡᠶᠢᠲᠡᠯᠡᠭᠰᠡᠨ ᠠᠵᠤ ᠠᠬᠤᠢ ᠶᠢᠨ ᠬᠥᠭᠵᠢᠯᠲᠡ ᠶᠢ ᠲᠦᠯᠬᠢᠨ ᠠᠬᠢᠭᠤᠯᠬᠤ ︽ ᠠᠯᠢ ᠣᠯᠠᠨ︾ | ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠳᠠᠬᠢᠨ ᠨᠢᠭᠡ ᠪᠦᠯᠦᠭ ᠠᠵᠤ ᠠᠬᠤᠶᠢᠯᠠᠯ ᠢ | ᠳᠡᠮᠵᠢᠨ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠴᠠᠭ ᠲᠤᠨᠢ ᠲᠣᠬᠢᠷᠠᠭᠤᠯᠤᠨ | ᠨᠡᠶᠢᠲᠡᠯᠡᠨ᠎ᠡ᠃ ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠳᠣᠲᠣᠨᠣ ᠪᠥᠭᠡᠳ ᠴᠡᠪᠡᠷ ᠬᠠᠷᠢᠴᠠᠭ᠎ᠠ ᠶᠢ | ᠪᠠᠶᠢᠭᠤᠯᠵᠤ᠂ ᠵᠠᠰᠠᠭ ᠤᠨ ᠣᠷᠳᠣᠨ ᠳᠠᠭᠤᠳᠠᠪᠠᠯ ᠵᠠᠪᠠᠯ ᠬᠠᠷᠢᠭᠤ ᠥᠭᠴᠦ᠂ ᠤᠴᠢᠷ ᠦᠭᠡᠢ ᠪᠣᠯ ᠬᠠᠷᠰᠢᠯᠠᠬᠤ ᠦᠭᠡᠢ | ᠪᠠᠶᠢᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠰᠡᠳᠬᠢᠯ ᠢ ᠲᠠᠶᠢᠪᠤᠰᠢᠷᠠᠭᠤᠯᠵᠤ᠂ ᠰᠠᠨᠠᠭ᠎ᠠ ᠠᠮᠤᠷ | ᠬᠥᠭᠵᠢᠭᠦᠯᠬᠦ ᠪᠠᠷ ᠴᠢᠷᠮᠠᠶᠢᠨ᠎ᠠ᠃ | ︵ᠬᠤᠶᠠᠷ︶ ᠵᠢᠷᠭᠤᠭᠠᠨ ᠶᠡᠭᠡ ᠠᠵᠤ ᠦᠢᠯᠡᠰ ᠤᠨ ᠪᠥᠭᠡᠮᠨᠡᠷᠡᠯ ᠢ ᠰᠢᠨᠲᠠᠷᠠᠰᠢ ᠦᠭᠡᠢ ᠪᠤᠵᠠᠭᠠᠶᠢᠷᠠᠭᠤᠯᠤᠨ | ᠬᠦᠴᠦᠷᠬᠡᠭᠵᠢᠭᠦᠯᠦᠨ᠎ᠡ | ᠪᠣᠬᠢᠷᠳᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ ᠠᠵᠤ | ᠦᠢᠯᠡᠰ ᠤᠨ ᠪᠥᠭᠡᠮᠨᠡᠷᠡᠯ ᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠭᠤᠣᠯᠳᠠᠯᠭ᠎ᠠ ᠲᠠᠢ ᠲᠥᠷᠥᠯ ᠵᠦᠢᠯ ᠢ 94 ᠶᠢ | ᠬᠡᠷᠡᠭᠵᠢᠭᠦᠯᠦᠨ᠎ᠡ᠃ ᠢᠯᠢ ᠶᠢᠨ ᠤᠳᠤ ᠦᠶ᠎ᠡ ᠶᠢᠨ ᠣᠶᠤᠨᠲᠤ ᠡᠷᠡᠭᠦᠯ ᠮᠡᠨᠳᠦ ᠶᠢᠨ ᠬᠥᠨᠳᠡᠢ ᠶᠢᠨ ᠰᠢᠩᠭᠡᠨ ᠰᠦ ᠶᠢᠨ | ᠭᠤᠷᠪᠠᠳᠤᠭᠠᠷ ᠬᠤᠭᠤᠴᠠᠭᠠᠨ ᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ᠂ ᠰᠦᠨ | ᠲᠠᠯᠬ᠎ᠠ ᠶᠢᠨ ᠬᠤᠶᠠᠳᠤᠭᠠᠷ ᠬᠤᠭᠤᠴᠠᠭᠠᠨ ᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ | ᠪᠢᠰᠢᠯᠠᠭ ᠤᠨ ᠦᠢᠯᠡᠳᠪᠦᠷᠢᠯᠡᠯ ᠤᠨ ᠲᠠᠰᠤᠭ ᠢ ᠪᠠᠶᠢᠭᠤᠯᠵᠤ᠂ 18 ᠲᠦᠮᠡᠨ ᠰᠠᠭᠠᠯᠢ ᠶᠢᠨ ᠦᠨᠢᠶ᠎ᠡ ᠶᠢᠨ ᠣᠶᠤᠨᠲᠤ | ᠲᠡᠵᠢᠭᠡᠨ ᠦᠷᠡᠵᠢᠭᠦᠯᠬᠦ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠨ᠎ᠡ︔ ᠮᠧᠩ ᠨᠢᠦ ᠶᠢᠨ ᠰᠦ ᠶᠢᠨ ᠦᠢᠯᠡᠰ ᠤᠨ ᠠᠵᠤ ᠦᠢᠯᠡᠰ ᠤᠨ ᠬᠦᠷᠢᠶᠡᠯᠡᠩ ᠤᠨ ᠶᠢᠰᠦᠳᠦᠭᠡᠷ | ᠬᠤᠭᠤᠴᠠᠭᠠᠨ ᠤ ᠰᠦᠨ ᠲᠠᠯᠬ᠎ᠠ ᠶᠢᠨ ᠲᠥᠷᠥᠯ ᠵᠦᠢᠯ ᠢ ᠪᠥᠬᠦ ᠲᠠᠯ᠎ᠠ ᠪᠠᠷ ᠪᠠᠶᠢᠭᠤᠯᠤᠨ ᠳᠠᠭᠤᠰᠬᠠᠵᠤ᠂ ᠵᠧᠩ | ᠶᠤᠸᠠᠨ ᠤ 4 ᠲᠦᠮᠡᠨ ᠰᠠᠭᠠᠯᠢ ᠶᠢᠨ ᠦᠨᠢᠶ᠎ᠡ ᠶᠢᠨ ᠮᠠᠯᠵᠢᠯ ᠤᠨ ᠲᠠᠯᠠᠪᠠᠶ ᠶᠢᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠨ ᠠᠬᠢᠭᠤᠯᠵᠤ᠂ ᠱᠧᠩ ᠮᠦ ᠳᠣᠣᠷ᠎ᠠ ᠳᠤᠯᠠᠭᠠᠨ ᠤ ᠡᠳᠦᠷ ᠲᠤ 500 ᠲᠣᠨ ᠴᠠᠭᠠᠨ ᠢᠳᠡᠭᠡᠨ | ᠦᠢᠯᠡᠳᠪᠦᠷᠢᠯᠡᠬᠦ ᠵᠡᠷᠭᠡ ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠤᠨ᠎ᠠ︔ ᠱᠧᠩ ᠵᠢᠶᠠᠨ ᠤ 50 | ᠲᠦᠮᠡᠨ ᠰᠠᠭᠠᠯᠢ ᠶᠢᠨ ᠢᠮᠠᠭ᠎ᠠ᠂ ᠴᠢᠩ ᠱᠦᠢ ᠾᠧ ᠤᠨ 5 ᠲᠦᠮᠡᠨ ᠰᠠᠭᠠᠯᠢ ᠶᠢᠨ ᠢᠮᠠᠭ᠎ᠠ᠂ ᠵᠢᠶᠠ ᠭᠦᠸᠧ ᠯᠦᠩ | ᠭᠦᠩᠹᠦ᠋ ᠼᠠᠢ ᠲᠠᠰ ᠠᠴᠠ ᠳᠠᠪᠠᠭᠰᠠᠨ ᠲᠥᠪ ᠲᠣᠭᠤᠭᠠᠨ ᠭᠡᠷ ᠵᠡᠷᠭᠡ ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ | ᠠᠰᠢᠭᠯᠠᠯᠲᠠ ᠳᠤ ᠣᠷᠣᠭᠤᠯᠤᠨ᠎ᠠ︔ ᠵᠧᠩ ᠳ᠋ᠠ ᠢᠳᠡᠭᠡᠨ ᠤ ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠢ | ᠬᠡᠷᠡᠭᠵᠢᠭᠦᠯᠬᠦ ᠶᠢ ᠠᠬᠢᠭᠤᠯᠵᠤ᠂ ᠪᠣᠬᠢᠷᠳᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ | ︽ᠨᠡᠷ᠎ᠡ ᠶᠢᠨ ᠬᠠᠭᠤᠳᠠᠰᠤ︾ ᠶᠢ ᠨᠠᠩ ᠭᠢᠯᠠᠶᠢᠯᠭᠠᠨᠠ᠃ | ᠡᠯᠧᠺᠲᠷᠣᠨ ᠮᠡᠳᠡᠭᠡ ᠵᠠᠩᠭᠢ ᠶᠢᠨ ᠮᠡᠷᠭᠡᠵᠢᠯ ᠤᠨ ᠠᠵᠤ ᠦᠢᠯᠡᠰ ᠤᠨ ᠪᠥᠭᠡᠮᠨᠡᠷᠡᠯ ᠢ ᠪᠦᠬᠦ | ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠭᠤᠣᠯᠳᠠᠯᠭ᠎ᠠ ᠲᠠᠢ ᠲᠦᠷᠦᠯ ᠵᠦᠢᠯ ᠢ 49 ᠶᠢ ᠬᠡᠷᠡᠭᠵᠢᠭᠦᠯᠦᠨ᠎ᠡ᠃ | ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ᠂ ᠥᠪᠥᠷ ᠮᠣᠩᠭᠤᠯ ᠤᠨ ᠬᠥᠳᠡᠭᠡ ᠲᠣᠰᠬᠤᠨ ᠤ ᠢᠲᠡᠭᠡᠮᠵᠢ ᠶᠢᠨ | ᠬᠤᠷᠰᠢᠶ᠎ᠠ ᠵᠡᠷᠭᠡ ᠶᠢᠨ ᠮᠥᠩᠭᠦᠨ ᠭᠦᠢᠯᠭᠡᠭᠡᠨ ᠤ ᠲᠤᠭ᠎ᠠ ᠪᠠᠷᠢᠮᠲᠠ ᠶᠢᠨ ᠲᠥᠪ ᠤᠨ ᠭᠤᠣᠯ ᠴᠣᠭᠴᠠ ᠶᠢᠨ ᠠᠵᠢᠯ ᠢ | ᠳᠠᠭᠤᠰᠬᠠᠵᠤ᠂ ᠳᠤᠮᠳᠠᠳᠤ ᠤᠯᠤᠰ ᠤᠨ ᠪᠠᠩᠬᠢ ᠶᠢᠨ ᠶᠡᠷᠦᠩᠬᠡᠢ ᠪᠠᠩᠬᠢ ᠶᠢᠨ ᠮᠥᠩᠭᠦᠨ ᠭᠦᠢᠯᠭᠡᠭᠡᠨ ᠤ ᠰᠢᠨᠵᠢᠯᠡᠬᠦ | ᠤᠬᠠᠭᠠᠨ ᠮᠡᠷᠭᠡᠵᠢᠯ ᠤᠨ ᠲᠤᠭ᠎ᠠ ᠪᠠᠷᠢᠮᠲᠠ ᠶᠢᠨ ᠲᠥᠪ ᠢ ᠠᠰᠢᠭᠯᠠᠯᠲᠠ ᠳᠤ ᠣᠷᠤᠭᠤᠯᠬᠤ ᠶᠢ ᠠᠬᠢᠭᠤᠯᠤᠨ᠎ᠠ︔ | ᠰᠢᠯᠵᠢᠮᠡᠯ ᠬᠤᠯᠪᠣᠭᠠᠨ ᠤ ᠬᠤᠶᠠᠳᠤᠭᠠᠷ ᠬᠤᠭᠤᠴᠠᠭ᠎ᠠ ᠪᠠ ᠴᠠᠬᠢᠯᠭᠠᠨ ᠬᠤᠯᠪᠣᠭᠠᠨ ᠤ ᠬᠤᠶᠠᠳᠤᠭᠠᠷ ᠬᠤᠭᠤᠴᠠᠭᠠᠨ ᠤ | ᠲᠤᠭ᠎ᠠ ᠪᠠᠷᠢᠮᠲᠠ ᠶᠢᠨ ᠲᠥᠪ᠂ ᠰᠢᠨ ᠬᠤᠸᠠ ᠰᠠᠨ ᠤ ᠲᠥᠪ ᠲᠤᠷᠰᠢᠯᠲᠠ ᠶᠢᠨ ᠲᠠᠰᠤᠭ ᠵᠡᠷᠭᠡ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ︔ ᠬᠤᠸᠠ ᠸᠧᠢ ᠡᠭᠦᠯᠡᠨ ᠤ ᠬᠤᠷᠢᠨᠭᠡᠷ ᠤᠨ ᠲᠤᠭ᠎ᠠ ᠪᠠᠷᠢᠮᠲᠠ ᠶᠢᠨ | ᠲᠥᠪ᠂ ᠵᠠᠮ ᠬᠠᠷᠢᠯᠴᠠᠭᠠᠨ ᠤ ᠪᠠᠩᠬᠢ ᠶᠢᠨ ᠲᠤᠭ᠎ᠠ ᠪᠠᠷᠢᠮᠲᠠ ᠶᠢᠨ ᠲᠥᠪ᠂ ᠳᠤᠮᠳᠠᠳᠤ ᠤᠯᠤᠰ ᠤᠨ ᠪᠦᠲᠦᠭᠡᠨ | ᠪᠠᠶᠢᠭᠤᠯᠤᠯᠲᠠ ᠶᠢᠨ ᠪᠠᠩᠬᠢ ᠶᠢᠨ ᠲᠤᠭ᠎ᠠ ᠪᠠᠷᠢᠮᠲᠠ ᠶᠢᠨ ᠲᠥᠪ᠂ ᠤᠯᠤᠰ ᠤᠨ ᠴᠠᠭ ᠠᠭᠤᠷ ᠤᠨ ᠲᠣᠪᠴᠢᠶ᠎ᠠ ᠶᠢᠨ | ᠪᠠᠷᠠᠭᠤᠨ ᠣᠷᠣᠨ ᠤ ᠪᠤᠳᠤᠬᠤ ᠬᠦᠴᠦᠨ ᠤ ᠲᠥᠪ᠂ ᠴᠣᠣ ᠵᠢᠦᠢ ᠪᠢᠶᠠᠨ ᠦᠢᠯᠡᠴᠢᠯᠡᠭᠦᠷ᠂ ᠪᠢᠩ ᠰᠢᠩ ᠰᠢᠨᠵᠢᠯᠡᠬᠦ | ᠤᠬᠠᠭᠠᠨ ᠮᠡᠷᠭᠡᠵᠢᠯ ᠤᠨ ᠥᠪᠥᠷ ᠮᠣᠩᠭᠤᠯ ᠳᠠᠬᠢ ᠰᠢᠨ᠎ᠡ ᠬᠡᠯᠪᠡᠷᠢ ᠶᠢᠨ ᠪᠤᠳᠤᠬᠤ ᠬᠦᠴᠦᠨ ᠤ ᠰᠠᠭᠤᠷᠢᠨ ᠵᠡᠷᠭᠡ | ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠤᠨ᠎ᠠ︔ ᠯᠢᠶᠠᠨ ᠰᠢᠶᠠᠩ ᠲᠤᠭ᠎ᠠ ᠪᠣᠳᠣᠯᠭ᠎ᠠ ᠶᠢᠨ ᠠᠵᠤ | ᠦᠢᠯᠡᠰ ᠤᠨ ᠬᠦᠷᠢᠶᠡᠯᠡᠩ᠂ ᠠᠯᠢ ᠶᠢᠨ ᠣᠶᠤᠨᠲᠤ ᠪᠣᠳᠣᠯᠭ᠎ᠠ ᠶᠢᠨ ᠲᠥᠪ᠂ ᠳᠤᠮᠳᠠᠳᠤ ᠤᠯᠤᠰ ᠤᠨ ᠡᠬᠢ | ᠪᠠᠶᠠᠯᠢᠭ ᠤᠨ ᠳᠠᠭᠠᠭᠤᠯᠢ ᠤᠳᠤᠨ ᠤ ᠬᠡᠷᠡᠭᠯᠡᠭᠡᠨ ᠤ ᠲᠥᠪ᠂ ᠥᠪᠥᠷ ᠮᠣᠩᠭᠤᠯ ᠤᠨ ᠲᠣᠮᠣ ᠳ᠋ᠠᠶᠢᠲ᠋ᠠ ᠶᠢᠨ | ᠠᠷᠠᠯᠵᠢᠶᠠᠨ ᠤ ᠲᠥᠪ ᠵᠡᠷᠭᠡ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠨᠡᠷ᠎ᠡ ᠨᠢᠳᠡᠷ ᠲᠡᠭᠡᠨ | ᠨᠡᠶᠢᠴᠡᠭᠰᠡᠨ ᠤᠯᠤᠰ ᠤᠨ ︽ᠵᠡᠭᠦᠨ ᠪᠡᠶ᠎ᠡ ᠶᠢᠨ ᠲᠤᠭ᠎ᠠ ᠶᠢ ᠪᠠᠷᠠᠭᠤᠨ ᠪᠡᠶ᠎ᠡ ᠳᠤ ᠪᠣᠲᠤᠬᠤ︾ ᠢᠨᠵᠧᠨᠧᠷᠢᠩ ᠤᠨ | ᠤᠮᠠᠷᠠᠲᠤ ᠶᠢᠨ ᠪᠣᠳᠣᠯᠭ᠎ᠠ ᠶᠢᠨ ᠬᠦᠴᠦᠨ ᠤ ᠲᠥᠪ ᠢ ᠪᠠᠶᠢᠭᠤᠯᠤᠨ᠎ᠠ᠃ | ᠰᠢᠨ᠎ᠡ ᠮᠠᠲ᠋ᠧᠷᠢᠶᠠᠯ ᠪᠠ ᠤᠳᠤ ᠦᠶ᠎ᠡ ᠶᠢᠨ ᠲᠣᠨᠣᠭᠯᠠᠯ ᠦᠢᠯᠡᠳᠬᠦ ᠠᠵᠤ ᠦᠢᠯᠡᠰ ᠤᠨ ᠪᠥᠭᠡᠮᠨᠡᠷᠡᠯ ᠢ ᠪᠦᠬᠦ | ᠬᠦᠴᠦᠨ ᠢᠶᠠᠷ ᠲᠦᠯᠬᠢᠨ ᠠᠬᠢᠭᠤᠯᠵᠤ᠂ ᠭᠤᠣᠯᠳᠠᠯᠭ᠎ᠠ ᠲᠠᠢ ᠲᠦᠷᠦᠯ ᠵᠦᠢᠯ ᠢ 52 ᠢ ᠬᠡᠷᠡᠭᠵᠢᠭᠦᠯᠦᠨ᠎ᠡ᠃ ᠰᠢᠨ | ᠬᠤᠸᠠᠨ ᠤ 10 ᠲᠦᠮᠡᠨ ᠲᠣᠨ ᠮᠥᠬᠦᠯᠢᠭᠲᠦ ᠴᠠᠬᠢᠭᠤᠷ᠂ ᠰᠢᠨ ᠬᠤᠸᠠᠨ ᠤ 1 ᠲᠦᠮᠡᠨ ᠲᠣᠨ ᠡᠯᠧᠺᠲᠷᠣᠨ ᠤ | ᠲᠠᠰ ᠤᠨ ᠣᠯᠠᠨ ᠲᠠᠯᠠᠰᠲᠤ ᠴᠠᠬᠢᠭᠤᠷ᠂ ᠵᠦᠩ ᠬᠤᠸᠠᠨ ᠯᠢᠩ ᠰᠢᠶᠠᠨ ᠬᠠᠭᠠᠰ ᠳᠠᠮᠵᠢᠭᠤᠯᠤᠭᠴᠢ ᠶᠢᠨ ᠬᠤᠶᠠᠳᠤᠭᠠᠷ | ᠬᠤᠭᠤᠴᠠᠭ᠎ᠠ᠂ ᠵᠦᠩ ᠵᠢᠩ ᠤᠨ ᠥᠨᠳᠥᠷ ᠴᠢᠳᠠᠪᠬᠢᠲᠤ ᠨᠡᠭᠦᠷᠡᠰᠦᠨ ᠰᠢᠷᠬᠡᠭᠯᠢᠭ ᠵᠢᠴᠢ ᠤᠰᠤᠲᠥ᠋ᠷᠥᠭᠴᠢ ᠬᠡᠢ ᠶᠢᠨ | ᠯᠣᠩᠬᠤ᠂ ᠶᠤᠸᠠᠨ ᠵᠢᠩ ᠤᠨ ᠣᠶᠤᠨᠴᠢ ᠦᠢᠯᠡᠳᠬᠦ ᠠᠵᠤ ᠦᠢᠯᠡᠰ ᠤᠨ ᠬᠦᠷᠢᠶᠡᠯᠡᠩ᠂ ᠺᠠᠢ ᠸᠧ ᠰᠢᠨ᠎ᠡ ᠡᠨᠧᠷᠭᠢ ᠶᠢᠨ | ᠮᠠᠰᠢᠨ ᠲᠡᠷᠭᠡ ᠵᠡᠷᠭᠡ ᠲᠥᠷᠥᠯ ᠵᠦᠢᠯ ᠢ ᠪᠠᠶᠢᠭᠤᠯᠤᠨ ᠪᠦᠲᠦᠭᠡᠵᠦ ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠎ᠠ︔ | ᠵᠧᠩ ᠲᠠᠢ ᠶᠢᠨ ᠣᠶᠤᠨᠴᠢ ᠦᠢᠯᠡᠳᠬᠦ ᠦᠢᠯᠡᠰ᠂ ᠬᠤᠸᠠ ᠶᠣᠣ ᠶᠢᠨ ᠭᠤᠷᠪᠠᠳᠤᠭᠠᠷ ᠬᠤᠭᠤᠴᠠᠭ᠎ᠠ᠂ ᠹᠦ᠋ ᠮᠢᠩ ᠤᠨ | ᠭᠡᠷᠡᠯ ᠴᠡᠨᠡᠭ ᠤᠨ ᠣᠶᠤᠨᠴᠢ ᠦᠢᠯᠡᠳᠬᠦ ᠠᠵᠤ ᠦᠢᠯᠡᠰ ᠤᠨ ᠬᠦᠷᠢᠶᠡᠯᠡᠩ᠂ ᠲᠢᠶᠠᠨ ᠬᠤᠤ ᠶᠢᠨ 60 ᠲᠦᠮᠡᠨ | ᠲᠣᠨ ᠤ ᠰᠢᠯ ᠰᠢᠷᠬᠡᠭ ᠦᠢᠯᠡᠳᠬᠦ᠂ ᠭᠦᠸᠧ ᠵᠢᠶᠠ ᠶᠢᠨ ᠨᠠᠨᠦᠮᠧᠲᠷ ᠤᠨ ᠴᠠᠬᠢᠭᠤᠷ ᠨᠡᠭᠦᠷᠡᠰᠦᠲᠥ᠋ᠷᠥᠭᠴᠢ ᠶᠢᠨ ᠪᠢᠯᠢᠭ | ᠲᠤᠶᠢᠯ ᠤᠨ ᠮᠠᠲ᠋ᠧᠷᠢᠶᠠᠯ᠂ ᠵᠦᠩ ᠯᠢ ᠶᠢᠨ ᠭᠤᠷᠪᠠᠳᠤᠭᠠᠷ ᠬᠤᠭᠤᠴᠠᠭ᠎ᠠ᠂ ᠱᠧᠩ ᠹᠠᠨ ᠤ ᠳᠥᠷᠪᠡᠳᠦᠭᠡᠷ ᠬᠤᠭᠤᠴᠠᠭ᠎ᠠ | ᠵᠡᠷᠭᠡ ᠲᠦᠷᠦᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠰᠢᠨ᠎ᠡ ᠮᠠᠲ᠋ᠧᠷᠢᠶᠠᠯ ᠪᠠ ᠤᠳᠤ ᠦᠶ᠎ᠡ ᠶᠢᠨ | ᠲᠣᠨᠣᠭᠯᠠᠯ ᠦᠢᠯᠡᠳᠬᠦ ᠠᠵᠤ ᠦᠢᠯᠡᠰ ᠢ ᠪᠦᠬᠦ ᠤᠯᠤᠰ ᠲᠤ ᠣᠷᠣᠨ ᠪᠠᠶᠢᠷᠢ ᠲᠠᠢ ᠪᠣᠯᠭᠠᠨ᠎ᠠ᠃ | ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ ᠪᠥᠭᠡᠮᠨᠡᠷᠡᠯ ᠢ ᠪᠥᠬᠦ ᠬᠦᠴᠦᠨ ᠢᠶᠠᠷ ᠢᠶᠠᠨ | ᠲᠦᠯᠬᠢᠨ ᠠᠬᠢᠭᠤᠯᠵᠤ᠂ ᠭᠤᠣᠯᠳᠠᠯᠭ᠎ᠠ ᠲᠠᠢ ᠲᠥᠷᠥᠯ ᠵᠦᠢᠯ ᠢ 32 ᠢ ᠬᠡᠷᠡᠭᠵᠢᠭᠦᠯᠦᠨ᠎ᠡ᠃ ᠪᠦᠸᠧ ᠬᠤᠶ ᠴᠤᠸᠠᠩ | ᠰᠢᠨ ᠤ ᠠᠮᠢᠳᠤ ᠪᠣᠳᠠᠰ ᠤᠨ ᠮᠡᠷᠭᠡᠵᠢᠯ ᠤᠨ ᠠᠵᠤ ᠦᠢᠯᠡᠰ ᠤᠨ ᠰᠠᠭᠤᠷᠢᠨ ᠭᠠᠵᠠᠷ᠂ ᠶᠢᠨ ᠾᠧ ᠠᠮᠢᠳᠤ ᠪᠣᠳᠠᠰ ᠤᠨ | ᠥᠨᠳᠥᠷ ᠦᠷ᠎ᠡ ᠠᠰᠢᠭᠲᠤ ᠰᠢᠷ᠎ᠠ ᠬᠥᠭᠡᠴᠦ ᠡᠳ᠋᠂ ᠺᠧ ᠲᠦᠸᠧ ᠤᠨ ᠢᠳᠡᠭᠡᠨ ᠤ ᠠᠰᠢᠭᠲᠤ ᠪᠠᠺᠲ᠋ᠧᠷᠢ᠂ ᠳ᠋ᠠ ᠲᠠᠩ | ᠡᠮ ᠤᠨ ᠦᠢᠯᠡᠰ ᠤᠨ ᠡᠷᠡᠭᠦᠯ ᠮᠡᠨᠳᠦ ᠶᠢᠨ ᠠᠵᠤ ᠦᠢᠯᠡᠰ ᠤᠨ ᠬᠦᠷᠢᠶᠡᠯᠡᠩ ᠵᠡᠷᠭᠡ ᠲᠥᠷᠥᠯ ᠵᠦᠢᠯ ᠢ ᠪᠦᠲᠦᠭᠡᠨ | ᠪᠠᠶᠢᠭᠤᠯᠵᠤ ᠠᠰᠢᠭᠯᠠᠯᠲᠠ ᠳᠤ ᠣᠷᠣᠭᠤᠯᠤᠨ᠎ᠠ︔ ᠱᠤᠸᠠᠩ ᠴᠢ ᠡᠮ ᠤᠨ ᠦᠢᠯᠡᠰ ᠤᠨ ᠠᠮᠢᠳᠤ ᠪᠣᠳᠠᠰ ᠤᠨ ᠣᠶᠤᠨᠴᠢ | ᠦᠢᠯᠡᠳᠬᠦ ᠠᠵᠤ ᠦᠢᠯᠡᠰ ᠤᠨ ᠬᠦᠷᠢᠶᠡᠯᠡᠩ᠂ ᠶᠢᠨ ᠢᠦᠢ ᠶᠢᠨ ᠮᠠᠯ ᠳᠤ ᠬᠡᠷᠡᠭᠯᠡᠬᠦ ᠸᠠᠺᠼᠢᠨ ᠤ ᠣᠶᠤᠨᠴᠢ ᠦᠢᠯᠡᠳᠬᠦ | ᠵᠢᠱᠢᠶ᠎ᠡ ᠦᠵᠡᠭᠦᠯᠬᠦ ᠦᠢᠯᠡᠳᠪᠦᠷᠢ᠂ ᠢ ᠳ᠋ᠥᠸᠧ ᠯᠢ ᠶᠢᠨ ᠠᠮᠢᠳᠤ ᠪᠣᠳᠠᠰ ᠤᠨ ᠢᠰᠬᠡᠭᠦᠷ ᠤᠨ ᠨᠠᠶᠢᠷᠠᠯᠭ᠎ᠠ᠂ ᠵᠦᠩ ᠮᠦ | ᠠᠮᠢᠳᠤ ᠪᠣᠳᠠᠰ ᠤᠨ ᠲᠣᠮᠣ ᠴᠠᠭᠠᠷᠢᠭᠲᠤ ᠯᠠᠺᠲ᠋ᠤᠨ᠂ ᠫᠦ᠋ ᠽᠧ ᠠᠮᠢᠳᠤ ᠪᠣᠳᠠᠰ ᠤᠨ ᠤᠯᠤᠰ ᠤᠨ ᠠᠰᠢᠭᠲᠤ | ᠪᠠᠺᠲ᠋ᠧᠷᠢ ᠶᠢᠨ ᠠᠵᠤ ᠦᠢᠯᠡᠰ ᠤᠨ ᠵᠢᠱᠢᠶ᠎ᠡ ᠦᠵᠡᠭᠦᠯᠬᠦ ᠬᠦᠷᠢᠶᠡᠯᠡᠩ᠂ ᠮᠣᠩᠭᠤᠯ ᠡᠮ ᠤᠨ ᠨᠠᠶᠢᠷᠠᠯᠭ᠎ᠠ ᠶᠢᠨ ᠲᠥᠪ | ᠵᠡᠷᠭᠡ ᠲᠥᠷᠥᠯ ᠵᠦᠢᠯ ᠢ ᠠᠵᠢᠯ ᠡᠬᠢᠯᠡᠭᠦᠯᠦᠨ ᠪᠠᠶᠢᠭᠤᠯᠵᠤ᠂ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠢ | ᠪᠥᠬᠦ ᠣᠷᠣᠨ᠂ ᠪᠥᠬᠦ ᠤᠯᠤᠰ ᠲᠤ ᠨᠡᠷ᠎ᠡ ᠠᠯᠳᠠᠷ ᠲᠠᠢ ᠪᠣᠯᠭᠠᠨ᠎ᠠ᠃ | ᠣᠳᠣ ᠦᠶ᠎ᠡ ᠶᠢᠨ ᠬᠢᠮᠢ ᠶᠢᠨ ᠠᠵᠤ ᠦᠢᠯᠡᠰ ᠤᠨ ᠪᠥᠭᠡᠮᠨᠡᠷᠡᠯ ᠢ ᠪᠦᠬᠦ ᠬᠦᠴᠦᠨ ᠢᠶᠠᠷ ᠢᠶᠠᠨ ᠲᠦᠯᠬᠢᠨ | ᠠᠬᠢᠭᠤᠯᠵᠤ᠂ ᠭᠤᠣᠯᠳᠠᠯᠭ᠎ᠠ ᠲᠠᠢ ᠲᠦᠷᠦᠯ ᠵᠦᠢᠯ ᠢ 19 ᠶᠢ ᠬᠡᠷᠡᠭᠵᠢᠭᠦᠯᠦᠨ᠎ᠡ᠃ ᠰᠢᠦᠢ ᠶᠠᠩ ᠤᠨ 300 ᠲᠦᠮᠡᠨ | ᠲᠣᠨ ᠬᠡᠦᠷᠰᠢᠭᠦᠯᠬᠦ ᠵᠢᠴᠢ ᠤᠰᠤᠲᠥ᠋ᠷᠥᠭᠴᠢ ᠦᠢᠯᠡᠳᠬᠦ᠂ ᠵᠢᠦ ᠲᠠᠢ ᠶᠢᠨ 100 ᠲᠦᠮᠡᠨ ᠲᠣᠨ ᠨᠡᠭᠦᠷᠡᠰᠦ ᠪᠠᠷ ᠡᠲ᠋ᠠ | ᠬᠤᠶᠠᠷᠴᠢ ᠠᠯᠺᠣᠣᠯ ᠦᠢᠯᠡᠳᠬᠦ᠂ ᠳᠤᠮᠳᠠᠳᠤ ᠤᠯᠤᠰ ᠤᠨ ᠴᠢᠯᠠᠭᠤᠨ ᠲᠣᠰᠤᠨ ᠤ ᠬᠥᠬᠡᠬᠤᠲᠠ ᠶᠢᠨ ᠴᠢᠯᠠᠭᠤᠨ | ᠲᠣᠰᠣ ᠬᠢᠮᠢ ᠶᠢᠨ ᠺᠤᠮᠫᠠᠨᠢ ᠶᠢᠨ 500 ᠲᠦᠮᠡᠨ ᠲᠣᠨ ᠲᠣᠰᠣ ᠪᠣᠯᠪᠠᠰᠤᠷᠠᠭᠤᠯᠬᠤ ᠵᠡᠷᠭᠡ ᠲᠦᠷᠦᠯ ᠵᠦᠢᠯ | ᠦᠢᠯᠡᠳᠪᠦᠷᠢᠯᠡᠯ ᠢᠶᠠᠨ ᠪᠡᠶᠡᠯᠡᠭᠦᠯᠵᠦ ᠦᠷ᠎ᠡ ᠠᠰᠢᠭ ᠣᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ︔ ᠰᠠᠨ | ᠯᠢᠶᠠᠨ ᠬᠢᠮᠢ ᠶᠢᠨ ᠠᠵᠤ ᠦᠢᠯᠡᠳᠪᠦᠷᠢ ᠶᠢᠨ ᠴᠠᠬᠢᠯᠠᠭᠤᠷ ᠴᠢᠯᠠᠭᠤᠨ ᠵᠤᠤᠬ᠎ᠠ ᠶᠢ ᠨᠡᠭᠦᠯᠭᠡᠬᠦ ᠮᠡᠷᠭᠡᠵᠢᠯ ᠤᠨ | ᠥᠭᠡᠷᠡᠴᠢᠯᠡᠯᠲᠡ᠂ ᠲᠢᠶᠠᠨ ᠲᠠᠢ ᠬᠢᠮᠢ ᠶᠢᠨ ᠠᠵᠤ ᠦᠢᠯᠡᠳᠪᠦᠷᠢ ᠶᠢᠨ ᠲᠡᠰ ᠳᠡᠪᠰᠢᠭᠦᠯᠦᠨ ᠥᠭᠡᠷᠡᠴᠢᠯᠡᠬᠦ ᠵᠡᠷᠭᠡ | ᠲᠦᠷᠦᠯ ᠵᠦᠢᠯ ᠢ ᠪᠠᠶᠢᠭᠤᠯᠵᠤ ᠠᠰᠢᠭᠯᠠᠯᠲᠠ ᠳᠤ ᠣᠷᠣᠭᠤᠯᠤᠨ᠎ᠠ︔ ᠰᠢᠩ ᠲᠠᠢ ᠶᠢᠨ 30 ᠲᠦᠮᠡᠨ ᠲᠣᠨ BDO᠂ | ᠮᠧᠩ ᠯᠢᠶᠠᠨ ᠬᠢᠮᠢ ᠶᠢᠨ ᠠᠵᠤ ᠦᠢᠯᠡᠳᠪᠦᠷᠢ ᠶᠢᠨ 30 ᠲᠦᠮᠡᠨ ᠲᠣᠨ ᠰᠢᠩᠭᠡᠨᠵᠢᠭᠦᠯᠦᠭᠰᠡᠨ ᠬᠡᠢ ᠶᠢ ᠨᠠᠷᠢᠯᠢᠭ | ᠡᠳ᠋ᠰᠢᠭᠦᠯᠬᠦ ᠵᠡᠷᠭᠡ ᠲᠥᠷᠥᠯ ᠵᠦᠢᠯ ᠢ ᠲᠦᠷᠭᠡᠳᠬᠡᠨ ᠪᠦᠲᠦᠭᠡᠨ ᠪᠠᠶᠢᠭᠤᠯᠤᠨ᠎ᠠ︔ ᠳᠤᠮᠳᠠᠳᠤ ᠤᠯᠤᠰ ᠤᠨ ᠴᠢᠯᠠᠭᠤᠨ | ᠲᠣᠰᠣᠨ ᠤ ᠬᠥᠬᠡᠬᠤᠲᠠ ᠶᠢᠨ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ ᠶᠢᠨ ᠪᠥᠭᠡᠭᠡᠨᠡᠷᠡᠯ ᠮᠧᠲ᠋ᠠᠨᠠᠯ ᠢ ᠲᠠᠰ | ᠳᠡᠪᠰᠢᠭᠦᠯᠦᠨ ᠥᠭᠡᠷᠡᠴᠢᠯᠡᠬᠦ᠂ ᠰᠢᠩ ᠲᠠᠢ ᠶᠢᠨ ᠪᠦᠲ᠋ᠢᠷᠤᠯᠠᠺᠲ᠋ᠤᠨ ᠵᠡᠷᠭᠡ ᠲᠥᠷᠥᠯ ᠵᠦᠢᠯ ᠢ ᠬᠡᠷᠡᠭᠵᠢᠭᠦᠯᠬᠦ ᠶᠢ | ᠠᠬᠢᠭᠤᠯᠵᠤ᠂ ᠣᠳᠣᠬᠢᠴᠢᠯᠠᠭᠰᠠᠨ ᠠᠵᠤ ᠦᠢᠯᠡᠳᠪᠦᠷᠢ ᠶᠢᠨ ᠳᠡᠭᠡᠳᠦ ᠳᠡᠰᠴᠢᠯᠡᠭᠰᠡᠨ᠂ ᠣᠯᠠᠨ ᠡᠰᠢᠵᠢᠭᠰᠡᠨ᠂ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢᠨ ᠰᠢᠨ᠎ᠡ ᠵᠠᠮ ᠢ ᠨᠡᠭᠡᠭᠡᠨ᠎ᠡ᠃ | ᠴᠡᠪᠡᠷ ᠡᠨᠧᠷᠭᠢ ᠶᠢᠨ ᠠᠵᠤ ᠦᠢᠯᠡᠰ ᠤᠨ ᠪᠥᠭᠡᠮᠨᠡᠷᠡᠯ ᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ | ᠭᠤᠣᠯᠳᠠᠯᠭ᠎ᠠ ᠲᠠᠢ ᠲᠦᠷᠦᠯ ᠵᠦᠢᠯ ᠢ 42 ᠢ ᠬᠡᠷᠡᠭᠵᠢᠭᠦᠯᠦᠨ᠎ᠡ᠃ ᠳ᠋ᠠ ᠲᠠᠩ ᠤᠨ 200 ᠲᠦᠮᠡᠨ ᠺᠢᠯᠣᠸᠠᠲ ᠤᠨ | ᠰᠢᠨ᠎ᠡ ᠡᠨᠧᠷᠭᠢ ᠶᠢ ᠨᠡᠶᠢᠯᠡᠭᠦᠯᠵᠦ ᠭᠠᠳᠠᠭᠰᠢ ᠬᠦᠷᠭᠡᠬᠦ᠂ ᠴᠢᠩ ᠱᠦᠢ ᠾᠧ ᠤᠨ ᠯᠢᠶᠠᠨ ᠾᠧ ᠰᠢᠨ᠎ᠡ ᠡᠨᠧᠷᠭᠢ ᠶᠢᠨ | ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ᠂ ᠬᠥᠬᠡᠬᠤᠲᠠ ᠶᠢᠨ ᠢᠯᠴᠢ ᠴᠠᠬᠢᠯᠭᠠᠨ ᠤ ᠦᠢᠯᠡᠳᠪᠦᠷᠢ ᠶᠢᠨ ᠠᠮᠢᠳᠤᠯᠢᠭ | ᠴᠢᠨᠠᠷᠲᠠᠢ ᠥᠭᠡᠷᠡᠴᠢᠯᠡᠯᠲᠡ ᠵᠡᠷᠭᠡ ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠤᠨ᠎ᠠ | ︔ ᠵᠢᠨᠱᠠᠨ ᠴᠠᠬᠢᠯᠭᠠᠨ ᠤ ᠦᠢᠯᠡᠳᠪᠦᠷᠢ ᠶᠢᠨ ᠭᠤᠷᠪᠠᠳᠤᠭᠠᠷ ᠬᠤᠭᠤᠴᠠᠭ᠎ᠠ᠂ ᠬᠥᠬᠡᠬᠤᠲᠠ ᠶᠢᠨ ᠤᠰᠤ ᠲᠠᠲᠠᠵᠤ | ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ ᠶᠢᠨ ᠬᠤᠶᠠᠳᠤᠭᠠᠷ ᠬᠤᠭᠤᠴᠠᠭ᠎ᠠ᠂ ᠵᠦᠩ ᠳ᠋ᠢᠶᠠᠨ ᠴᠦ᠋ ᠨᠧᠩ ᠲᠤᠰᠠᠭᠠᠷ | ᠬᠠᠮᠲᠤᠪᠠᠷ ᠡᠳ᠋ᠯᠡᠬᠦ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ ᠵᠡᠷᠭᠡ ᠲᠥᠷᠥᠯ ᠵᠦᠢᠯ ᠢ ᠠᠵᠢᠯ ᠡᠬᠢᠯᠡᠭᠦᠯᠦᠨ | ᠪᠦᠲᠦᠭᠡᠨ ᠪᠠᠶᠢᠭᠤᠯᠤᠨ᠎ᠠ︔ ᠴᠢᠩ ᠱᠦᠢ ᠾᠧ ᠤᠨ ᠤᠰᠤ ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ ᠦᠷᠳᠡᠭᠡ ᠶᠢ | ᠤᠯᠤᠰ ᠤᠨ ᠲᠥᠯᠦᠪᠵᠢᠭᠦᠯᠭᠡ ᠳᠤ ᠣᠷᠣᠭᠤᠯᠬᠤ ᠶᠢ ᠠᠬᠢᠭᠤᠯᠤᠨ᠎ᠠ︔ ᠭᠠᠨ ᠹᠧᠩ ᠯᠢᠲ᠋ᠢ ᠶᠢᠨ ᠦᠢᠯᠡᠰ ᠤᠨ | 10GW ᠯᠢᠲ᠋ᠢ ᠶᠢᠨ ᠳ᠋ᠢᠶᠠᠨ ᡂᠢ᠂ ᠰᠠᠨ ᠢ ᠬᠦᠨᠳᠦ ᠠᠵᠤ ᠦᠢᠯᠡᠳᠪᠦᠷᠢ ᠶᠢᠨ ᠰᠢᠨ᠎ᠡ ᠡᠨᠧᠷᠭᠢ ᠶᠢᠨ ᠬᠦᠨᠳᠦ | ᠬᠡᠯᠪᠡᠷᠢ ᠶᠢᠨ ᠠᠴᠢᠶᠠᠨ ᠤ ᠮᠠᠰᠢᠨ ᠵᠡᠷᠭᠡ ᠲᠥᠷᠥᠯ ᠵᠦᠢᠯ ᠢ ᠬᠡᠷᠡᠭᠵᠢᠭᠦᠯᠬᠦ ᠶᠢ ᠠᠬᠢᠭᠤᠯᠵᠤ᠂ ᠪᠥᠬᠦ ᠣᠷᠣᠨ ᠤ ᠰᠢᠨ᠎ᠡ | ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠬᠡᠪ ᠵᠠᠭᠪᠤᠷ ᠢ ᠪᠣᠶ ᠪᠣᠯᠭᠠᠨ᠎ᠠ᠃ | ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠪᠣᠯ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ︽ | ᠭᠤᠣᠯ ᠳᠠᠶᠢᠨ ᠤ ᠲᠠᠯᠠᠪᠤᠷ︾ ᠪᠣᠯᠣᠨ᠎ᠠ᠂ ᠪᠢᠳᠡ ᠭᠤᠣᠯ ᠠᠵᠢᠯ ᠢ ᠠᠳᠬᠤᠬᠤ᠂ ᠰᠠᠭᠤᠷᠢ ᠶᠢ ᠴᠢᠩᠭᠠᠳᠬᠠᠬᠤ᠂ ᠦᠷ᠎ᠡ | ᠠᠰᠢᠭ ᠢ ᠳᠡᠭᠡᠭᠰᠢᠯᠡᠭᠦᠯᠬᠦ ᠪᠠᠷ ᠳᠠᠮᠵᠢᠭᠤᠯᠵᠤ᠂ ᠬᠦᠷᠢᠶᠡᠯᠡᠩ ᠲᠣᠭᠤᠷᠢᠭ ᠢ ᠦᠨᠡᠨᠬᠦ ᠠᠵᠤ ᠦᠢᠯᠡᠳᠪᠦᠷᠢ ᠶᠢᠨ ᠴᠢᠨᠠᠷ | ᠰᠠᠶᠢᠲᠠᠢ ᠬᠥᠭᠵᠢᠯᠲᠡ ᠳᠤ ︽ᠲᠦᠷᠦᠭᠦᠯᠡᠭᠦᠯᠵᠦ᠂ ᠭᠤᠣᠯ ᠳᠦᠷᠢ ᠶᠢ ᠲᠣᠭᠯᠠᠭᠤᠯᠤᠨ᠎ᠠ︾᠃ ᠵᠢᠨᠱᠠᠨ ᠳᠡᠭᠡᠳᠦ ᠰᠢᠨ᠎ᠡ | ᠮᠡᠷᠭᠡᠵᠢᠯ ᠤᠨ ᠲᠣᠭᠤᠷᠢᠭ ᠰᠦ ᠶᠢᠨ ᠦᠢᠯᠡᠰ᠂ ᠰᠢᠨ᠎ᠡ ᠮᠠᠲ᠋ᠧᠷᠢᠶᠠᠯ᠂ ᠴᠢᠯᠠᠭᠤᠨ ᠲᠣᠰᠣᠨ ᠤ ᠬᠢᠮᠢ ᠶᠢᠨ ᠠᠵᠤ | ᠦᠢᠯᠡᠳᠪᠦᠷᠢ᠂ ᠠᠮᠢᠳᠤ ᠪᠣᠳᠠᠰ ᠤᠨ ᠡᠮ ᠡᠮᠨᠡᠯᠭᠡ᠂ ᠮᠡᠳᠡᠭᠡ ᠵᠠᠩᠭᠢ ᠶᠢᠨ ᠮᠡᠷᠭᠡᠵᠢᠯ ᠵᠡᠷᠭᠡ ᠠᠵᠤ ᠦᠢᠯᠡᠰ ᠢ ᠶᠡᠬᠡᠪᠡᠷ | ᠬᠥᠭᠵᠢᠭᠦᠯᠵᠦ᠂ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠥᠷᠲᠡᠭ ᠢ 1450 ᠳ᠋ᠦᠩᠰᠢᠭᠤᠷ | ᠲᠥᠭᠦᠷᠢᠭ ᠠᠴᠠ ᠳᠡᠭᠡᠭᠰᠢ ᠪᠡᠶᠡᠯᠡᠭᠦᠯᠵᠦ᠂ 30% ᠪᠠᠷ ᠨᠡᠮᠡᠭᠳᠡᠭᠦᠯᠦᠨ᠎ᠡ᠃ ᠵᠢᠨᠴᠢᠶᠣᠣ ᠠᠵᠤ ᠠᠬᠤᠢ ᠶᠢᠨ | ᠨᠡᠭᠡᠭᠡᠯᠲᠡ ᠶᠢᠨ ᠲᠣᠭᠤᠷᠢᠭ ᠲᠡᠷᠢᠭᠦᠨ ᠤ ᠴᠠᠬᠢᠭᠤᠷ ᠤᠨ ᠮᠠᠲ᠋ᠧᠷᠢᠶᠠᠯ᠂ ᠴᠢᠯᠠᠭᠤᠨ ᠲᠣᠰᠣ ᠬᠢᠮᠢ ᠶᠢᠨ ᠠᠵᠤ | ᠦᠢᠯᠡᠳᠪᠦᠷᠢ ᠵᠢᠴᠢ ᠣᠷᠭᠠᠨᠢᠭ ᠰᠢᠨ᠎ᠡ ᠮᠠᠲ᠋ᠧᠷᠢᠶᠠᠯ ᠵᠡᠷᠭᠡ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠠᠵᠤ | ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠥᠷᠲᠡᠭ ᠢ 1100 ᠳ᠋ᠦᠩᠰᠢᠭᠤᠷ ᠲᠥᠭᠦᠷᠢᠭ ᠠᠴᠠ ᠳᠡᠭᠡᠭᠰᠢ | ᠪᠡᠶᠡᠯᠡᠭᠦᠯᠵᠦ᠂ 28% ᠪᠠᠷ ᠨᠡᠮᠡᠭᠳᠡᠭᠦᠯᠦᠨ᠎ᠡ᠃ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠠᠮᠢᠳᠤ | ᠪᠣᠳᠠᠰ ᠤᠨ ᠡᠮ ᠡᠮᠨᠡᠯᠭᠡ᠂ ᠰᠢᠨ᠎ᠡ ᠮᠠᠲ᠋ᠧᠷᠢᠶᠠᠯ ᠪᠠ ᠲᠣᠨᠣᠭᠯᠠᠯ ᠦᠢᠯᠡᠳᠬᠦ ᠵᠡᠷᠭᠡ ᠠᠵᠤ ᠦᠢᠯᠡᠰ ᠢ ᠶᠡᠬᠡᠪᠡᠷ | ᠬᠥᠭᠵᠢᠭᠦᠯᠵᠦ᠂ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠦᠷᠳᠡᠭ ᠢ 565 ᠳ᠋ᠦᠩᠰᠢᠭᠤᠷ | ᠲᠥᠭᠦᠷᠢᠭ ᠠᠴᠠ ᠳᠡᠭᠡᠭᠰᠢ ᠪᠡᠶᠡᠯᠡᠭᠦᠯᠵᠦ᠂ 23% ᠪᠠᠷ ᠨᠡᠮᠡᠭᠳᠡᠭᠦᠯᠦᠨ᠎ᠡ᠃ ᠲᠣᠭᠲᠠᠬᠤ ᠴᠢᠩ ᠱᠦᠢ ᠾᠧ ᠤᠨ ᠠᠵᠤ | ᠠᠬᠤᠢ ᠶᠢᠨ ᠨᠡᠭᠡᠭᠡᠯᠲᠡ ᠶᠢᠨ ᠲᠣᠭᠤᠷᠢᠭ ᠴᠡᠪᠡᠷ ᠡᠨᠧᠷᠭᠢ᠂ ᠣᠳᠣ ᠦᠶ᠎ᠡ ᠶᠢᠨ ᠬᠢᠮᠢ ᠶᠢᠨ ᠠᠵᠤ ᠦᠢᠯᠡᠳᠪᠦᠷᠢ ᠵᠡᠷᠭᠡ | ᠠᠵᠤ ᠦᠢᠯᠡᠰ ᠢ ᠶᠡᠬᠡᠪᠡᠷ ᠬᠥᠭᠵᠢᠭᠦᠯᠵᠦ᠂ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠥᠷᠲᠡᠭ ᠢ 400 | ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠶᠡᠯᠡᠭᠦᠯᠵᠦ᠂ 30% ᠪᠠᠷ ᠨᠡᠮᠡᠭᠳᠡᠭᠦᠯᠦᠨ᠎ᠡ᠃ ᠴᠡᠯᠡᠭᠡᠷ ᠲᠠᠯ᠎ᠠ ᠶᠢᠨ | ᠰᠦ ᠶᠢᠨ ᠦᠢᠯᠡᠰ ᠤᠨ ᠨᠡᠭᠡᠭᠡᠯᠲᠡ ᠶᠢᠨ ᠲᠣᠭᠤᠷᠢᠭ ᠰᠦ ᠶᠢᠨ ᠦᠢᠯᠡᠰ ᠵᠢᠴᠢ ᠳᠡᠭᠡᠳᠦ ᠳᠣᠣᠷᠠᠳᠤ ᠤᠷᠤᠰᠬᠠᠯ ᠤᠨ | ᠢᠵᠢ ᠪᠦᠷᠢᠳᠦᠭᠦᠯᠬᠦ ᠵᠡᠷᠭᠡ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠠᠵᠤ ᠦᠢᠯᠡᠳᠪᠦᠷᠢ ᠶᠢᠨ ᠦᠢᠯᠡᠳᠬᠦᠨ ᠤ | ᠶᠡᠷᠦᠩᠬᠡᠢ ᠦᠷᠳᠡᠭ ᠢ 363 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠶᠡᠯᠡᠭᠦᠯᠵᠦ᠂ 33% ᠪᠠᠷ ᠨᠡᠮᠡᠭᠳᠡᠭᠦᠯᠦᠨ᠎ᠡ᠃ | ᠬᠤᠷᠢᠨᠭᠡᠷ ᠤᠨ ᠰᠦ ᠶᠢᠨ ᠦᠢᠯᠡᠰ ᠤᠨ ᠨᠡᠭᠡᠭᠡᠯᠲᠡ ᠶᠢᠨ ᠲᠣᠭᠤᠷᠢᠭ ᠰᠦ ᠶᠢᠨ ᠦᠢᠯᠡᠰ ᠪᠣᠯᠣᠨ ᠪᠣᠬᠢᠷᠲᠤᠯ ᠦᠭᠡᠢ | ᠢᠳᠡᠭᠡᠨ ᠢ ᠡᠳ᠋ᠰᠢᠭᠦᠯᠬᠦ ᠵᠡᠷᠭᠡ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠠᠵᠤ ᠦᠢᠯᠡᠳᠪᠦᠷᠢ ᠶᠢᠨ ᠦᠢᠯᠡᠳᠬᠦᠨ ᠤ | ᠶᠡᠷᠦᠩᠬᠡᠢ ᠥᠷᠲᠡᠭ ᠢ 220 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠶᠡᠯᠡᠭᠦᠯᠵᠦ᠂ 38% ᠪᠠᠷ ᠨᠡᠮᠡᠭᠳᠡᠭᠦᠯᠦᠨ᠎ᠡ᠃ | ᠬᠤᠷᠢᠨᠭᠡᠷ ᠰᠢᠨ᠎ᠡ ᠲᠣᠭᠤᠷᠢᠭ ᠰᠢᠨ᠎ᠡ ᠦᠨᠳᠦᠰᠦᠨ ᠪᠦᠲᠦᠭᠡᠨ ᠪᠠᠶᠢᠭᠤᠯᠤᠯᠲᠠ᠂ ᠲᠣᠮᠣ ᠳ᠋ᠠᠶᠢᠲ᠋ᠠ ᠶᠢᠨ ᠲᠦᠷᠦᠯ | ᠵᠦᠢᠯ ᠢ ᠪᠠᠶᠢᠷᠢᠯᠠᠭᠤᠯᠬᠤ ᠵᠡᠷᠭᠡ ᠲᠠᠯ᠎ᠠ ᠪᠠᠷ ᠬᠤᠰᠢᠭᠤᠴᠢ ᠪᠣᠯᠵᠤ᠂ ᠣᠷᠣᠵᠤ ᠰᠠᠭᠤᠭᠰᠠᠨ ᠠᠵᠤ ᠠᠬᠤᠶᠢᠯᠠᠯ ᠤᠨ | ᠡᠵᠡᠩᠨᠡᠯᠲᠡ ᠶᠢᠨ ᠣᠷᠣᠯᠭ᠎ᠠ ᠶᠢ 115 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠶᠡᠯᠡᠭᠦᠯᠵᠦ᠂ 11% ᠪᠠᠷ | ᠨᠡᠮᠡᠭᠳᠡᠭᠦᠯᠦᠨ᠎ᠡ᠃ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠭᠠᠶᠢᠯᠢ ᠶᠢᠨ ᠪᠠᠲᠤᠯᠠᠭᠠᠨ ᠤ ᠡᠳ᠋ᠰᠢᠭᠦᠯᠭᠡ᠂ | ᠭᠠᠶᠢᠯᠢ ᠶᠢᠨ ᠪᠠᠲᠤᠯᠠᠭᠠᠨ ᠤ ᠪᠠᠷᠠᠭ᠎ᠠ ᠭᠦᠢᠯᠭᠡᠭᠡ ᠵᠡᠷᠭᠡ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠬᠤ ᠶᠡᠷᠦᠩᠬᠡᠢ ᠲᠤᠭ᠎ᠠ ᠶᠢ 70 ᠳ᠋ᠦᠩᠰᠢᠭᠤᠷ ᠲᠥᠭᠦᠷᠢᠭ ᠠᠴᠠ ᠳᠡᠭᠡᠭᠰᠢ | ᠪᠡᠶᠡᠯᠡᠭᠦᠯᠵᠦ᠂ 75% ᠪᠠᠷ ᠨᠡᠮᠡᠭᠳᠡᠭᠦᠯᠦᠨ᠎ᠡ᠃ ᠰᠠᠨᠰᠠᠷ ᠤᠨ ᠠᠶᠠᠯᠠᠯ ᠤᠨ ᠠᠵᠤ ᠠᠬᠤᠢ ᠶᠢᠨ ᠨᠡᠭᠡᠭᠡᠯᠲᠡ ᠶᠢᠨ | ᠲᠣᠭᠤᠷᠢᠭ ᠰᠠᠨᠰᠠᠷ ᠤᠨ ᠠᠶᠠᠯᠠᠯ ᠤᠨ ᠲᠣᠨᠣᠭᠯᠠᠯ᠂ ᠴᠡᠷᠢᠭ ᠠᠷᠠᠳ ᠤᠨ ᠬᠡᠷᠡᠭᠯᠡᠭᠡ ᠶᠢ ᠤᠶᠠᠯᠳᠤᠭᠤᠯᠬᠤ ᠵᠡᠷᠭᠡ ᠠᠵᠤ | ᠦᠢᠯᠡᠰ ᠢ ᠶᠡᠬᠡᠪᠡᠷ ᠬᠥᠭᠵᠢᠭᠦᠯᠵᠦ᠂ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠦᠷᠳᠡᠭ ᠢ 65 | ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠶᠡᠯᠡᠭᠦᠯᠵᠦ᠂ 30% ᠪᠠᠷ ᠨᠡᠮᠡᠭᠳᠡᠭᠦᠯᠦᠨ᠎ᠡ᠃ | ︵ᠭᠤᠷᠪᠠ︶ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠳᠡᠭᠡᠳᠦ ᠲᠡᠰ ᠤᠨ ᠠᠭᠤᠰᠤᠯᠴᠠᠭᠰᠠᠨ | ᠬᠥᠭᠵᠢᠯᠲᠡ ᠶᠢ ᠠᠬᠢᠭᠤᠯᠤᠨ᠎ᠠ | ᠬᠡᠷᠡᠭᠯᠡᠭᠡ ᠶᠢ ᠬᠥᠭᠵᠢᠭᠡᠬᠦ ᠶᠢ ᠠᠳᠬᠤᠨ᠎ᠠ᠃ ᠣᠷᠣᠨ ᠪᠦᠰᠡ ᠶᠢᠨ ᠣᠲᠣ ᠦᠶ᠎ᠡ ᠶᠢᠨ ᠬᠡᠷᠡᠭᠯᠡᠭᠡᠨ ᠤ ᠲᠥᠪ ᠢ | ᠪᠠᠶᠢᠭᠤᠯᠬᠤ ᠶᠢᠨ ᠲᠣᠭᠤᠷᠢᠨ ᠳᠤ᠂ ᠵᠥᠩ ᠱᠠᠨ ᠵᠠᠮ᠂ ᠰᠢᠯᠢᠨ ᠡᠮᠦᠨ᠎ᠡ ᠵᠠᠮ᠂ ᠵᠡᠭᠦᠨ ᠠᠶᠠᠨᠴᠢᠳ ᠤᠨ ᠥᠷᠲᠡᠭᠡ᠂ | ᠣᠯᠠᠨ ᠤᠯᠤᠰ ᠤᠨ ᠠᠷᠠᠯᠵᠢᠶᠠᠨ ᠤ ᠲᠣᠮᠣ ᠠᠰᠠᠷ᠂ ᠮᠣᠶᠢᠯ ᠬᠤᠲᠠ ᠵᠡᠷᠭᠡ ᠬᠤᠳᠠᠯᠳᠤᠭᠠᠨ ᠤ ᠲᠣᠭᠤᠷᠢᠭ ᠤᠨ ᠲᠠᠰ | ᠳᠡᠪᠰᠢᠬᠦ ᠶᠢ ᠠᠬᠢᠭᠤᠯᠤᠨ᠎ᠠ᠃ ᠵᠢᠶᠠ ᠵᠢᠶᠠ ᠶᠤᠸᠠᠢ᠂ ᠵᠧᠨ ᠬᠤᠸᠠ ᠵᠡᠷᠭᠡ ᠲᠣᠮᠣ ᠬᠡᠯᠪᠡᠷᠢ ᠶᠢᠨ ᠬᠡᠯᠬᠢᠶᠡᠵᠢᠭᠰᠡᠨ ᠬᠡᠲᠦ | ᠳᠡᠯᠭᠡᠭᠦᠷ 10 ᠶᠢ ᠰᠢᠨ᠎ᠡ ᠪᠠᠷ ᠨᠡᠮᠡᠭᠳᠡᠭᠦᠯᠵᠦ᠂ ᠯᠢ ᠺᠧ᠂ ᠢ ᠲᠤᠸᠠᠨ ᠾᠥᠸᠧ ᠵᠡᠷᠭᠡ ᠲᠦᠷᠦᠯ ᠲᠡᠮᠳᠡᠭᠲᠦ ᠳᠥᠲᠡ | ᠳᠡᠯᠭᠡᠭᠦᠷ ᠢ 200 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃ ᠬᠤᠲᠠ ᠶᠢᠨ ᠳᠥᠷᠪᠡᠨ ᠲᠣᠭᠤᠷᠢᠭ ᠲᠤ | ︽ᠠᠷᠠᠳ ᠲᠤ ᠲᠥᠬᠦᠮ ᠦᠵᠡᠭᠦᠯᠬᠦ ᠨᠢᠭᠡ ᠮᠥᠴᠡ ᠶᠢᠨ ᠠᠮᠢᠳᠤᠷᠠᠯ ᠤᠨ ᠲᠣᠭᠤᠷᠢᠭ︾ ᠢ 10 ᠢ ᠪᠠᠶᠢᠭᠤᠯᠵᠤ᠂ | ᠠᠷᠠᠳ ᠲᠤ ᠠᠰᠢᠭ ᠬᠦᠷᠲᠡᠭᠡᠬᠦ ᠢᠳᠡᠰᠢᠨ ᠨᠣᠭᠤᠭ᠎ᠠ ᠶᠢᠨ ᠳᠡᠯᠭᠡᠭᠦᠷ ᠢ 100 ᠠᠴᠠ ᠳᠡᠭᠡᠭᠰᠢ ᠪᠠᠶᠢᠷᠢᠰᠢᠭᠤᠯᠤᠨ᠎ᠠ᠃ | ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠨᠠᠬᠢ ᠬᠡᠷᠡᠭᠯᠡᠭᠡ ᠶᠢᠨ ᠠᠭᠤᠰᠤᠯᠴᠠᠯ ᠢ ᠲᠦᠷᠭᠡᠳᠬᠡᠵᠦ᠂ | ᠮᠧᠲᠷᠤ᠋ ᠶᠢᠨ ᠠᠵᠤ ᠠᠬᠤᠢ᠂ ᠰᠦᠯᠵᠢᠶᠡᠨ ᠣᠳᠣ ᠶᠢᠨ ᠠᠵᠤ ᠠᠬᠤᠢ ᠶᠢ ᠢᠳᠡᠪᠬᠢᠲᠡᠢ ᠬᠥᠭᠵᠢᠭᠦᠯᠵᠦ᠂ ᠨᠠᠩ ᠣᠯᠠᠨ | ᠴᠠᠭ ᠤᠨ ᠤᠷᠤᠰᠬᠠᠯ ᠤᠨ ᠰᠥᠨᠢ ᠶᠢᠨ ᠵᠠᠬ᠎ᠠ ᠳᠡᠯᠭᠡᠭᠦᠷ᠂ ᠠᠷᠤ ᠠᠪᠳᠠᠷ᠎ᠠ ᠶᠢᠨ ᠴᠤᠭᠯᠠᠭ᠎ᠠ ᠮᠠᠶᠢᠮᠠᠢ ᠵᠡᠷᠭᠡ ᠰᠢᠨ᠎ᠡ | ᠬᠡᠯᠪᠡᠷᠢ ᠶᠢᠨ ᠬᠡᠷᠡᠭᠯᠡᠭᠡᠨ ᠤ ᠲᠠᠯᠠᠪᠤᠷ ᠢ ᠨᠡᠭᠡᠭᠡᠨ ᠬᠥᠭᠵᠢᠭᠦᠯᠵᠦ᠂ ᠡᠯ᠎ᠡ ᠵᠦᠢᠯ ᠤᠨ ᠪᠣᠷᠤᠯᠠᠭᠤᠯᠭ᠎ᠠ ᠶᠢ ᠠᠬᠢᠭᠤᠯᠬᠤ | ᠨᠠᠶᠢᠷ᠂ ᠰᠣᠶᠣᠯ ᠤᠨ ᠨᠠᠶᠢᠷ᠂ ᠠᠮᠲᠠᠲᠤ ᠢᠳᠡᠭᠡᠨ ᠤ ᠨᠠᠶᠢᠷ ᠤᠨ ᠠᠵᠢᠯᠯᠠᠭ᠎ᠠ ᠶᠢ ᠡᠷᠭᠢᠯᠡᠨ᠂ ᠣᠷᠣᠨ ᠤ ᠲᠥᠪ ᠤᠨ | ᠬᠡᠷᠡᠭᠯᠡᠭᠡ ᠶᠢᠨ ᠠᠮᠢᠵᠢᠷᠠᠯ ᠤᠨ ᠬᠦᠴᠦᠨ ᠢ ᠭᠦᠢᠴᠡᠳ ᠪᠠᠳᠠᠷᠠᠭᠤᠯᠵᠤ᠂ ᠬᠤᠲᠠ ᠶᠢᠨ ᠠᠮᠢᠳᠤᠷᠠᠯ ᠤᠨ ᠬᠦᠭ | ᠠᠮᠢᠰᠬᠤᠯ ᠢ ᠤᠯᠠᠮ ᠠᠴᠠ ᠤᠯᠠᠮ ᠬᠥᠭᠵᠢᠭᠡᠨ ᠲᠠᠢ ᠪᠣᠯᠭᠠᠨ᠎ᠠ᠃ | ᠪᠠᠷᠠᠭᠠᠨ ᠤ ᠭᠦᠢᠯᠭᠡᠭᠡ ᠶᠢᠨ ᠲᠡᠰ ᠢ ᠳᠡᠭᠡᠭᠰᠢᠯᠡᠭᠦᠯᠬᠦ ᠶᠢ ᠠᠳᠬᠤᠨ᠎ᠠ᠃ ᠬᠥᠬᠡᠬᠤᠲᠠ ᠶᠢᠨ ᠠᠷᠠᠯᠵᠢᠶ᠎ᠠ | ᠬᠤᠳᠠᠯᠳᠤᠭᠠᠨ ᠤ ᠦᠢᠯᠡᠴᠢᠯᠡᠭᠡᠨ ᠤ ᠬᠡᠯᠪᠡᠷᠢ ᠶᠢᠨ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ᠂ ᠤᠯᠤᠰ ᠤᠨ | ᠭᠤᠣᠯᠯᠠᠭᠴᠢ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠰᠠᠭᠤᠷᠢᠨ ᠭᠠᠵᠠᠷ ᠬᠤᠶᠠᠷ ᠬᠡᠰᠡᠭ ︽ᠠᠯᠲᠠᠨ | ᠦᠰᠦᠭᠲᠦ ᠫᠠᠶᠢᠰᠠ︾ ᠶᠢ ᠰᠠᠶᠢᠲᠤᠷ ᠬᠡᠷᠡᠭᠯᠡᠵᠦ᠂ ᠡᠬᠡ ᠬᠠᠭᠤᠷᠠᠢ ᠶᠢᠨ ᠭᠠᠷᠠᠮ ᠤᠨ ᠬᠡᠯᠪᠡᠷᠢ ᠶᠢᠨ ᠤᠯᠤᠰ ᠤᠨ | ᠪᠠᠷᠠᠭᠠᠨ ᠤ ᠭᠦᠢᠯᠭᠡᠭᠡᠨ ᠤ ᠬᠦᠢᠰᠦ᠂ ᠪᠥᠬᠦ ᠤᠯᠤᠰ ᠤᠨ ᠬᠠᠩᠭᠠᠯᠭ᠎ᠠ ᠶᠢᠨ ᠬᠡᠯᠬᠢᠶᠡᠰᠦ ᠶᠢᠨ ᠰᠢᠨ᠎ᠡ ᠶᠢ ᠡᠭᠦᠳᠬᠦ ᠪᠠ | ᠬᠡᠷᠡᠭᠯᠡᠭᠡᠨ ᠤ ᠵᠢᠱᠢᠶ᠎ᠡ ᠦᠵᠡᠭᠦᠯᠬᠦ ᠬᠤᠲᠠ ᠶᠢ ᠢᠳᠡᠪᠬᠢᠲᠡᠢ ᠪᠠᠷ ᠭᠤᠶᠤᠴᠢᠯᠠᠨ ᠮᠡᠳᠡᠭᠦᠯᠦᠨ᠎ᠡ᠃ ᠢ ᠱᠦᠨ᠂ ᠶᠤᠸᠠᠨ | ᠲᠦᠩ᠂ ᠵᠢᠦ ᠵᠧᠦ ᠲᠦᠩ ᠵᠡᠷᠭᠡ ᠪᠠᠷᠠᠭᠠᠨ ᠤ ᠭᠦᠢᠯᠭᠡᠭᠡᠨ ᠤ ᠬᠦᠷᠢᠶᠡᠯᠡᠩ ᠢ ᠪᠠᠶᠢᠭᠤᠯᠤᠨ ᠡᠵᠡᠩᠨᠡᠵᠦ᠂ ᠵᠦᠩ ᠨᠥᠩ | ᠯᠢᠶᠠᠨ᠂ ᠮᠢᠩ ᠫᠢᠨ ᠹᠦ᠋᠂ ᠵᠦᠩ ᠯᠢᠶᠠᠩ ᠠᠷᠠᠯᠵᠢᠶ᠎ᠠ ᠵᠡᠷᠭᠡ ᠪᠠᠷᠠᠭᠠᠨ ᠤ ᠭᠦᠢᠯᠭᠡᠭᠡᠨ ᠤ ᠬᠦᠷᠢᠶᠡᠯᠡᠩ ᠢ ᠠᠵᠢᠯ | ᠡᠬᠢᠯᠡᠭᠦᠯᠦᠨ ᠪᠦᠲᠦᠭᠡᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠳᠤ ᠦᠢᠯᠡᠴᠢᠯᠡᠭᠰᠡᠨ᠂ ᠪᠡᠭᠡᠵᠢᠩ ᠲᠢᠶᠠᠨᠵᠢᠨ | ᠾᠧᠪᠧᠢ ᠳᠤ ᠬᠠᠨᠳᠤᠭᠤᠯᠤᠭᠰᠠᠨ᠂ ᠪᠥᠬᠦ ᠤᠯᠤᠰ ᠢ ᠨᠥᠯᠥᠭᠡᠯᠡᠭᠰᠡᠨ ᠣᠷᠣᠨ ᠪᠦᠰᠡ ᠶᠢᠨ ᠪᠠᠷᠠᠭᠠᠨ ᠤ ᠭᠦᠢᠯᠭᠡᠭᠡᠨ ᠤ | ᠲᠥᠪᠯᠡᠷᠡᠭᠦᠯᠦᠨ ᠲᠠᠷᠬᠠᠭᠠᠬᠤ ᠲᠥᠪ ᠢ ᠪᠠᠶᠢᠭᠤᠯᠤᠨ᠎ᠠ᠃ | ᠰᠣᠶᠣᠯ ᠲᠠᠮᠢᠷ ᠵᠢᠭᠤᠯᠴᠢᠯᠠᠯ ᠤᠨ ᠠᠭᠤᠰᠤᠯᠴᠠᠯ ᠢ ᠠᠳᠬᠤᠨ᠎ᠠ᠃ ᠪᠦᠬᠦ ᠤᠯᠤᠰ ᠤᠨ ᠪᠣᠯᠪᠠᠰᠤᠨ ᠬᠤᠳᠠ ᠶᠢ | ᠡᠭᠦᠳᠦᠨ ᠪᠠᠶᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠲᠤᠷᠰᠢᠯᠭ᠎ᠠ ᠪᠠᠨ ᠳ᠋ᠦᠩᠨᠡᠵᠦ᠂ ᠳᠤᠲᠠᠭᠤᠳᠠᠯ ᠢ | ᠴᠢᠩᠭ᠎ᠠ ᠠᠩᠬᠠᠷᠴᠤ᠂ ᠡᠨᠡᠬᠦ ︽ᠠᠯᠲᠠᠨ ᠦᠰᠦᠭᠲᠦ ᠫᠠᠶᠢᠰᠠ︾ ᠶᠢ ᠣᠯᠬᠤ ᠪᠠᠷ ᠴᠢᠷᠮᠠᠶᠢᠨ᠎ᠠ᠃ ᠲᠡᠦᠬᠡ ᠰᠣᠶᠣᠯ ᠤᠨ | ᠥᠪ ᠤᠨ ᠬᠠᠮᠠᠭᠠᠯᠠᠯᠲᠠ ᠶᠢ ᠴᠢᠩᠭᠠᠳᠬᠠᠵᠤ᠂ ᠤᠷᠳᠤ ᠴᠠᠭᠠᠨ ᠬᠡᠷᠡᠮ᠂ ᠬᠠᠳᠤᠨ ᠭᠤᠣᠯ ᠤᠨ ᠤᠯᠤᠰ ᠤᠨ ᠰᠣᠶᠣᠯ ᠤᠨ | ᠴᠡᠴᠡᠷᠯᠢᠭ ᠵᠡᠷᠭᠡ ᠲᠦᠷᠦᠯ ᠵᠦᠢᠯ ᠢ ᠬᠡᠷᠡᠭᠵᠢᠭᠦᠯᠦᠨ᠎ᠡ᠃ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ | ᠥᠷᠭᠡᠨ ᠢᠶᠠᠷ ᠥᠷᠨᠢᠭᠦᠯᠵᠦ᠂ ︽ᠨᠢᠭᠡ ᠪᠦᠰᠡ ᠨᠢᠭᠡ ᠵᠠᠮ︾ ᠤᠨ ᠳᠡᠯᠡᠬᠡᠢ ᠶᠢᠨ ᠱᠤᠭᠤᠮᠠᠯ ᠤᠨ ᠴᠡᠴᠡᠷᠯᠢᠭ ᠪᠠ ᠲᠢᠶᠠᠨ | ᠵᠢᠶᠣᠣ᠂ ᠸᠠᠨ ᠾᠧ᠂ ᠴᠡᠯᠡᠭᠡᠷ ᠲᠠᠯ᠎ᠠ᠂ ᠴᠢᠩ ᠱᠦᠢ ᠾᠧ ᠵᠡᠷᠭᠡ ᠪᠡᠶ᠎ᠡ ᠶᠢᠨ ᠲᠠᠮᠢᠷ ᠤᠨ ᠴᠡᠴᠡᠷᠯᠢᠭ ᠤᠨ ᠪᠦᠲᠦᠭᠡᠨ | ᠪᠠᠶᠢᠭᠤᠯᠤᠯᠲᠠ ᠶᠢ ᠡᠬᠢᠯᠡᠭᠦᠯᠵᠦ᠂ ᠬᠥᠬᠡᠬᠤᠲᠠ ᠶᠢᠨ ᠮᠠᠷᠠᠽᠤᠨ ᠤᠷᠤᠯᠳᠤᠭᠠᠨ᠂ ᠬᠥᠬᠡᠬᠤᠲᠠ ᠶᠢᠨ ᠮᠣᠷᠢᠨ | ᠮᠡᠷᠭᠡᠵᠢᠯ ᠤᠨ ᠤᠷᠤᠯᠳᠤᠭᠠᠨ᠂ ᠮᠠ ᠽᠥᠩ ᠱᠠᠨ ᠠᠭᠤᠯᠠ ᠶᠢᠨ ᠮᠥᠰᠥ ᠴᠠᠰᠤᠨ ᠤ ᠤᠯᠠᠷᠢᠯ ᠵᠡᠷᠭᠡ ᠣᠨᠴᠠᠯᠢᠭᠲᠤ | ᠪᠡᠶ᠎ᠡ ᠶᠢᠨ ᠲᠠᠮᠢᠷ ᠤᠨ ᠲᠥᠷᠥᠯ ᠲᠡᠮᠳᠡᠭᠲᠦ ᠶᠢ ᠪᠣᠶᠢᠵᠢᠭᠤᠯᠤᠨ᠎ᠠ᠃ ︽ᠤᠮᠠᠷᠠᠲᠤ ᠬᠡᠰᠡᠭ ᠤᠨ ᠴᠡᠯᠡᠭᠡᠷ ᠲᠠᠯ᠎ᠠ︾᠂ | ︽ᠡᠮᠦᠨᠡᠲᠦ ᠬᠡᠰᠡᠭ ᠤᠨ ᠬᠠᠲᠤᠨ ᠭᠤᠣᠯ ᠤᠨ ᠪᠤᠯᠤᠩ︾ ᠬᠤᠶᠠᠷ ᠶᠡᠭᠡ ᠣᠨᠴᠠᠯᠢᠭᠲᠤ ᠵᠢᠭᠤᠯᠴᠢᠯᠠᠯ ᠤᠨ ᠪᠦᠰᠡ ᠶᠢ | ᠪᠤᠶ ᠪᠣᠯᠭᠠᠵᠤ᠂ ᠬᠠᠳᠠᠭ ᠤᠨ ᠥᠨᠳᠦᠷᠯᠢᠭ ᠮᠠᠯᠵᠢᠯ ᠤᠨ ᠲᠠᠯᠠᠪᠠᠶ ᠶᠢᠨ ᠵᠢᠭᠤᠯᠴᠢᠯᠠᠯ ᠤᠨ ᠣᠷᠣᠨ ᠤ ᠲᠥᠷᠥᠯ ᠵᠦᠢᠯ ᠢ | ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠨᠠᠭᠤᠷ ᠤᠨ ᠰᠢᠯᠢ ᠥᠨᠳᠥᠷ ᠠᠭᠤᠯᠠ ᠶᠢᠨ ᠲᠠᠯ᠎ᠠ ᠨᠤᠲᠤᠭ ᠤᠨ | ᠵᠢᠭᠤᠯᠴᠢᠯᠠᠯ᠂ ᠷᠠᠰᠢᠶᠠᠨᠲᠤ ᠰᠢᠯᠢ ᠵᠢᠦ ᠯᠦᠩ ᠸᠠᠨ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠨ᠂ 8 ︽ᠴᠡᠯᠡᠭᠡᠷ ᠲᠠᠯ᠎ᠠ ᠰᠣᠶᠣᠯ ᠤᠨ ᠵᠢᠭᠤᠯᠴᠢᠯᠠᠯ ᠤᠨ ᠵᠢᠵᠢᠭ ᠪᠠᠯᠭᠠᠰᠤ︾ ᠶᠢ ᠡᠬᠢᠯᠡᠨ ᠪᠦᠲᠦᠭᠡᠨ | ᠪᠠᠶᠢᠭᠤᠯᠵᠤ᠂ ᠯᠣᠣ ᠨᠢᠦ ᠸᠠᠨ ᠤ ᠬᠠᠲᠤᠨ ᠭᠤᠣᠯ ᠤᠨ ᠶᠡᠭᠡ ᠬᠠᠪᠴᠢᠯ ᠤᠨ ᠵᠢᠭᠤᠯᠴᠢᠯᠠᠯ ᠤᠨ ᠣᠷᠣᠨ ᠤ ᠤᠯᠤᠰ ᠤᠨ | 5A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠶᠢ ᠲᠦᠯᠬᠢᠨ ᠠᠬᠢᠭᠤᠯᠵᠤ᠂ | ᠤᠯᠤᠰ ᠤᠨ ᠰᠣᠶᠣᠯ ᠪᠠ ᠵᠢᠭᠤᠯᠴᠢᠯᠠᠯ ᠤᠨ ᠬᠡᠷᠡᠭᠯᠡᠭᠡᠨ ᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ | ᠪᠠᠶᠢᠭᠤᠯᠬᠤ ᠪᠠᠷ ᠴᠢᠷᠮᠠᠶᠢᠨ᠎ᠠ᠃ ︽ᠴᠡᠯᠡᠭᠡᠷ ᠲᠠᠯ᠎ᠠ ᠶᠢᠨ ᠰᠣᠶᠣᠯ︾ ᠤᠨ ᠲᠦᠷᠦᠯ ᠲᠡᠮᠳᠡᠭᠲᠦ ᠶᠢ ᠪᠦᠲᠦᠭᠡᠬᠦ ᠪᠠ | ᠳᠡᠯᠭᠡᠷᠡᠭᠦᠯᠬᠦ ᠡᠷᠴᠢᠮ ᠢ ᠴᠢᠩᠭᠠᠷᠠᠭᠤᠯᠵᠤ᠂ ᠠᠵᠤ ᠦᠢᠯᠡᠳᠪᠦᠷᠢ ᠶᠢᠨ ᠵᠢᠭᠤᠯᠴᠢᠯᠠᠯ᠂ ᠬᠤᠪᠢᠰᠬᠠᠯ ᠤᠨ ᠳᠤᠷᠠᠰᠬᠠᠯᠲᠤ | ᠵᠢᠭᠤᠯᠴᠢᠯᠠᠯ᠂ ᠰᠤᠳᠤᠯᠤᠨ ᠰᠤᠷᠤᠯᠴᠠᠬᠤ ᠵᠢᠭᠤᠯᠴᠢᠯᠠᠯ᠂ ᠬᠤᠪᠢ ᠶᠢᠨ ᠮᠠᠰᠢᠨ ᠢᠶᠠᠷ ᠵᠤᠭᠠᠴᠠᠬᠤ ᠵᠢᠭᠤᠯᠴᠢᠯᠠᠯ᠂ | ︽ᠡᠭᠦᠯᠡᠨ ᠳᠡᠭᠡᠷᠡᠬᠢ ᠵᠢᠭᠤᠯᠴᠢᠯᠠᠯ︾ ᠵᠡᠷᠭᠡ ᠲᠦᠷᠦᠯ ᠵᠦᠢᠯ ᠢ ᠶᠡᠬᠡᠪᠡᠷ ᠨᠡᠭᠡᠭᠡᠨ ᠬᠥᠭᠵᠢᠭᠦᠯᠵᠦ᠂ ᠰᠣᠶᠣᠯ | ᠵᠢᠭᠤᠯᠴᠢᠯᠠᠯ ᠤᠨ ᠡᠬᠢ ᠪᠠᠶᠠᠯᠢᠭ ᠢ ᠴᠡᠭ ᠤᠳ ᠢ ᠬᠤᠯᠪᠣᠨ ᠱᠤᠭᠤᠮ ᠪᠤᠯᠭᠠᠵᠤ᠂ ᠱᠤᠭᠤᠮ ᠤᠳ ᠢ ᠬᠤᠯᠪᠣᠨ ᠪᠦᠰᠡ | ᠪᠣᠯᠭᠠᠵᠤ ᠬᠥᠬᠡᠬᠤᠲᠠ ᠶᠢ ᠪᠦᠬᠦ ᠣᠷᠣᠨ ᠤ ᠵᠢᠭᠤᠯᠴᠢᠯᠠᠯ ᠤᠨ ᠲᠥᠪᠯᠡᠷᠡᠭᠦᠯᠦᠨ ᠲᠠᠷᠬᠠᠭᠠᠬᠤ ᠭᠠᠵᠠᠷ ᠪᠣᠯᠭᠠᠬᠤ ᠪᠠᠷ | ᠪᠠᠷᠠᠬᠤ ᠦᠭᠡᠢ᠂ ᠨᠡᠩ ᠴᠤ ᠬᠥᠮᠥᠨ ᠪᠦᠬᠦᠨ ᠤ ᠬᠦᠰᠡᠨ ᠰᠠᠨᠠᠬᠤ ᠵᠢᠭᠤᠯᠴᠢᠯᠠᠯ ᠤᠨ ᠬᠠᠷᠠᠯᠲᠠᠲᠤ ᠭᠠᠵᠠᠷ ᠪᠣᠯᠭᠠᠨ᠎ᠠ᠃ | | ᠶᠡᠷᠦᠩᠬᠡᠢ ᠬᠡᠯᠲᠡᠰ ᠤᠨ ᠴᠤᠭᠯᠠᠷᠠᠯ ᠢ ᠠᠳᠬᠤᠨ᠎ᠠ᠃ ᠶᠢᠦ ᠷᠠᠨ ᠮᠠᠯ ᠠᠵᠤ ᠠᠬᠤᠢ ᠶᠢᠨ ᠶᠡᠷᠦᠩᠬᠡᠢ | ᠬᠡᠯᠲᠡᠰ ᠤᠨ ᠰᠠᠭᠤᠷᠢᠨ ᠭᠠᠵᠠᠷ ᠪᠠ ᠤᠯᠤᠰ ᠤᠨ ᠤᠮᠠᠷᠠᠲᠤ ᠶᠢᠨ ᠡᠨᠧᠷᠭᠢ᠂ ᠤᠯᠤᠰ ᠤᠨ ᠴᠠᠬᠢᠯᠭᠠᠨ ᠬᠦᠴᠦᠨ ᠤ | ᠪᠡᠯᠡ ᠣᠷᠣᠭᠤᠯᠤᠯᠲᠠ᠂ ᠳᠤᠮᠳᠠᠳᠤ ᠤᠯᠤᠰ ᠤᠨ ᠴᠢᠯᠠᠭᠤᠨ ᠲᠣᠰᠣ ᠬᠢᠮᠢ ᠶᠢᠨ ᠰᠢᠨ᠎ᠡ ᠡᠨᠧᠷᠭᠢ ᠶᠢᠨ ᠤᠮᠠᠷᠠᠲᠤ ᠶᠢᠨ | ᠰᠤᠳᠤᠯᠭᠠᠨ ᠤ ᠲᠥᠪ ᠵᠡᠷᠭᠡ ᠣᠷᠣᠨ ᠪᠦᠰᠡ ᠶᠢᠨ ᠶᠡᠷᠦᠩᠬᠡᠢ ᠬᠡᠯᠲᠡᠰ ᠤᠨ ᠰᠠᠭᠤᠷᠢᠨ ᠭᠠᠵᠠᠷ ᠢ ᠲᠦᠷᠭᠡᠳᠬᠡᠨ | ᠪᠠᠶᠢᠭᠤᠯᠵᠤ᠂ ᠳᠤᠮᠳᠠᠳᠤ ᠤᠯᠤᠰ ᠤᠨ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠢ ᠬᠡᠢ᠂ ᠵᠧᠩ ᠲᠠᠢ ᠪᠦᠯᠦᠭᠯᠡᠯ᠂ | ᠰᠠᠨ ᠰᠢᠶᠠ ᠪᠦᠯᠦᠭᠯᠡᠯ᠂ ᠳ᠋ᠦᠩ ᠹᠠᠩ ᠴᠠᠬᠢᠯᠭᠠᠨ ᠵᠡᠷᠭᠡ ᠣᠷᠣᠨ ᠪᠦᠰᠡ ᠶᠢᠨ ᠶᠡᠷᠦᠩᠬᠡᠢ ᠬᠡᠯᠲᠡᠰ ᠤᠨ ᠲᠥᠷᠥᠯ | ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠶᠡᠷᠦᠩᠬᠡᠢ ᠬᠡᠯᠲᠡᠰ ᠤᠨ ᠠᠵᠤ ᠠᠬᠤᠶᠢᠯᠠᠯ ᠤᠨ ᠠᠵᠤ ᠦᠢᠯᠡᠰ ᠢ | ᠲᠥᠪᠯᠡᠷᠡᠭᠦᠯᠬᠦ᠂ ᠬᠡᠷᠡᠭᠯᠡᠭᠡ ᠶᠢ ᠲᠠᠰ ᠳᠡᠪᠰᠢᠭᠦᠯᠬᠦ᠂ ᠴᠢᠳᠠᠪᠤᠷᠢᠲᠠᠨ ᠢ ᠴᠤᠭᠯᠠᠭᠤᠯᠬᠤ ᠵᠡᠷᠭᠡ ᠲᠠᠯ᠎ᠠ ᠪᠠᠷ ᠬᠢ | ᠲᠣᠪᠣᠶᠢᠮ᠎ᠠ ᠳᠠᠪᠠᠭᠤᠯᠢᠭ ᠢ ᠪᠠᠳᠠᠷᠠᠭᠤᠯᠤᠨ᠂ ᠣᠷᠣᠨ ᠤ ᠲᠥᠪ ᠤᠨ ᠶᠡᠷᠦᠩᠬᠡᠢ ᠬᠡᠯᠲᠡᠰ ᠤᠨ ᠠᠵᠤ ᠠᠬᠤᠢ ᠶᠢᠨ | ᠵᠥᠭᠡᠯᠡᠨ ᠪᠣᠳᠠᠲᠤ ᠬᠦᠴᠦᠨ᠂ ᠥᠷᠢᠰᠦᠯᠳᠦᠬᠦ ᠬᠦᠴᠦᠨ᠂ ᠳᠠᠶᠢᠴᠢᠯᠠᠬᠤ ᠬᠦᠴᠦᠨ ᠢ ᠳᠡᠭᠡᠭᠰᠢᠯᠡᠭᠦᠯᠦᠨ᠎ᠡ᠃ | ︵ᠳᠥᠷᠪᠡ︶ ᠴᠢᠨᠠᠷ ᠰᠠᠶᠢᠲᠠᠢ ᠬᠥᠭᠵᠢᠯᠲᠡ ᠶᠢᠨ ᠬᠥᠳᠡᠯᠭᠡᠬᠦ ᠬᠦᠴᠦᠨ ᠠᠮᠢᠵᠢᠷᠠᠯ ᠤᠨ ᠬᠦᠴᠦᠨ ᠢ | ᠦᠷᠭᠦᠯᠵᠢᠯᠡᠨ ᠨᠡᠮᠡᠭᠳᠡᠭᠦᠯᠦᠨ᠎ᠡ | ᠰᠢᠨᠵᠢᠯᠡᠬᠦ ᠤᠬᠠᠭᠠᠨ ᠮᠡᠷᠭᠡᠵᠢᠯ ᠢᠶᠠᠷ ᠬᠥᠳᠡᠯᠭᠡᠬᠦ ᠬᠦᠴᠦᠨ ᠢ ᠴᠢᠩᠭᠠᠳᠬᠠᠨ᠎ᠠ᠃ ᠤᠯᠤᠰ ᠤᠨ ᠰᠦ ᠶᠢᠨ | ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠠᠰᠢᠭᠯᠠᠯᠲᠠ ᠳᠤ ᠣᠷᠣᠬᠤ ᠶᠢ ᠠᠬᠢᠭᠤᠯᠵᠤ᠂ ᠥᠪᠥᠷ | ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠰᠦ ᠶᠢᠨ ᠦᠢᠯᠡᠰ ᠤᠨ ᠳᠡᠭᠡᠳᠦ ᠰᠤᠷᠭᠠᠭᠤᠯᠢ ᠶᠢ ᠡᠬᠢᠯᠡᠨ | ᠪᠠᠶᠢᠭᠤᠯᠵᠤ᠂ ᠤᠯᠤᠰ ᠤᠨ ᠲᠠᠰ ᠤᠨ ᠰᠦ ᠶᠢᠨ ᠦᠢᠯᠡᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢᠨ ᠡᠵᠡᠩᠨᠡᠯᠲᠡ ᠶᠢᠨ ᠲᠥᠪ ᠢ ᠡᠭᠦᠳᠦᠨ ᠪᠠᠶᠢᠭᠤᠯᠵᠤ᠂ ᠤᠯᠤᠰ ᠤᠨ ᠲᠠᠰ ᠤᠨ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠲᠥᠪ ᠢ ᠥᠨᠳᠥᠷ ᠪᠠᠷᠢᠮᠵᠢᠶ᠎ᠠ ᠪᠠᠷ ᠪᠦᠲᠦᠭᠡᠨ | ᠪᠠᠶᠢᠭᠤᠯᠤᠨ᠎ᠠ᠃ ᠰᠠᠨᠰᠠᠷ ᠤᠨ ᠠᠶᠠᠯᠠᠯ ᠤᠨ ᠵᠢᠷᠭᠤᠳᠤᠭᠠᠷ ᠬᠦᠷᠢᠶᠡᠯᠡᠩ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠲᠥᠪ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠤᠯᠤᠰ ᠤᠨ ᠲᠠᠰ ᠤᠨ ᠲᠡᠵᠢᠭᠡᠯ | ᠡᠪᠡᠰᠦᠨ ᠤ ᠤᠳᠤᠮᠰᠢᠯ ᠤᠨ ᠡᠬᠢ ᠪᠠᠶᠠᠯᠢᠭ ᠢ ᠬᠠᠳᠠᠭᠠᠯᠠᠨ ᠠᠰᠢᠭᠯᠠᠬᠤ ᠰᠢᠰᠲ᠋ᠧᠮᠵᠢ ᠶᠢ ᠪᠣᠶ ᠪᠣᠯᠭᠠᠵᠤ᠂ ᠤᠯᠤᠰ ᠤᠨ | ᠡᠪᠡᠰᠦ ︵ᠦᠷ᠎ᠡ︶ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠡᠭᠦᠳᠦᠨ ᠪᠠᠶᠢᠭᠤᠯᠤᠨ᠎ᠠ᠃ | ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠦᠷᠥᠯ ᠵᠦᠢᠯ ᠤᠨ ︽ᠵᠠᠷᠯᠠᠯ ᠨᠡᠶᠢᠲᠡᠯᠡᠵᠦ ᠬᠤᠰᠢᠭᠤᠷᠠᠨ | ᠠᠵᠢᠯᠯᠠᠬᠤ︾ ᠲᠣᠭᠲᠠᠴᠠ ᠶᠢ ᠶᠡᠬᠡᠪᠡᠷ ᠬᠡᠷᠡᠭᠵᠢᠭᠦᠯᠵᠦ᠂ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠤᠯᠲᠠ ᠶᠢ | 40 ᠵᠦᠢᠯ ᠠᠴᠠ ᠳᠡᠭᠡᠭᠰᠢ ᠬᠡᠷᠡᠭᠵᠢᠭᠦᠯᠵᠦ᠂ ᠪᠦᠬᠦ ᠨᠡᠶᠢᠭᠡᠮ ᠤᠨ ᠰᠤᠳᠤᠯᠤᠨ ᠨᠡᠭᠡᠭᠡᠬᠦ ᠣᠷᠣᠭᠤᠯᠤᠯᠲᠠ ᠶᠢ | 10% ᠠᠴᠠ ᠳᠡᠭᠡᠭᠰᠢ ᠨᠡᠮᠡᠭᠳᠡᠭᠦᠯᠦᠨ᠎ᠡ᠃ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠮᠣ ᠵᠠᠬ᠎ᠠ | ᠳᠡᠯᠭᠡᠭᠦᠷ ᠢ ᠰᠠᠶᠢᠲᠤᠷ ᠠᠰᠢᠭᠯᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢ | 30 ᠶᠢ ᠪᠣᠶᠢᠵᠢᠭᠤᠯᠵᠤ᠂ ᠮᠡᠷᠭᠡᠵᠢᠯ ᠤᠨ ᠭᠡᠷ᠎ᠡ ᠶᠢᠨ ᠠᠷᠠᠯᠵᠢᠶ᠎ᠠ ᠪᠦᠲᠦᠭᠰᠡᠨ ᠲᠤᠭ᠎ᠠ ᠶᠢ 10% ᠠᠴᠠ ᠳᠡᠭᠡᠭᠰᠢ | ᠨᠡᠮᠡᠭᠳᠡᠭᠦᠯᠦᠨ᠎ᠡ᠃ ᠥᠪᠥᠷ ᠮᠣᠩᠭᠤᠯ ᠤᠨ ᠬᠤᠷᠢᠨᠭᠡᠷ ᠤᠨ ᠬᠥᠮᠥᠨ ᠤ ᠬᠦᠴᠦᠨ ᠤ ᠡᠬᠢ ᠪᠠᠶᠠᠯᠢᠭ ᠤᠨ | ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ | ︽ᠨᠢᠰᠦᠯᠲᠡ ᠶᠢᠨ ᠭᠠᠵᠠᠷ ᠠᠴᠠ ᠴᠢᠳᠠᠪᠤᠷᠢᠲᠠᠨ ᠣᠷᠣᠭᠤᠯᠬᠤ︾ ᠵᠠᠭᠪᠤᠷ ᠢ ᠬᠠᠶᠢᠨ ᠰᠦᠪᠡᠭᠴᠢᠯᠡᠵᠦ᠂ ᠳᠡᠭᠡᠳᠦ ᠲᠠᠰ | ᠳᠠᠪᠬᠤᠷᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢᠲᠠᠨ ᠢ 100 ᠠᠴᠠ ᠳᠡᠭᠡᠭᠰᠢ | ᠣᠷᠣᠭᠤᠯᠤᠨ ᠠᠪᠴᠢᠷᠠᠵᠤ ᠬᠥᠮᠥᠵᠢᠭᠦᠯᠦᠨ᠂ ᠪᠥᠬᠦ ᠣᠷᠣᠨ ᠤ ᠴᠢᠳᠠᠪᠤᠷᠢᠲᠠᠨ ᠤ ᠲᠥᠪ ᠪᠠ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠥᠨᠳᠦᠷᠯᠢᠭ ᠢ ᠪᠣᠶ ᠪᠣᠯᠭᠠᠨ᠎ᠠ᠃ ᠥᠭᠡᠷᠡᠴᠢᠯᠡᠯᠲᠡ ᠪᠠᠷ ᠠᠮᠢᠵᠢᠷᠠᠯ ᠤᠨ | ᠬᠦᠴᠦᠨ ᠢ ᠠᠬᠢᠭᠤᠯᠤᠨ᠎ᠠ᠃ ᠬᠤᠳᠠ ᠶᠢᠨ ᠬᠠᠷᠢᠶ᠎ᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ | ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠬᠠᠷᠢᠭᠤᠴᠠᠯᠭ᠎ᠠ ᠶᠢ ᠲᠣᠭᠲᠠᠭᠠᠬᠤ ᠂ ᠣᠷᠣᠨ | ᠲᠤᠭ᠎ᠠ ᠶᠢ ᠲᠣᠭᠲᠠᠭᠠᠬᠤ᠂ ᠠᠵᠢᠯ ᠤᠨ ᠪᠠᠶᠢᠷᠢ ᠶᠢ ᠲᠣᠭᠲᠠᠭᠠᠬᠤ᠂ ᠠᠵᠢᠯᠲᠠᠨ ᠤ ᠣᠷᠣᠨ ᠲᠤᠭ᠎ᠠ ᠶᠢ ᠲᠣᠭᠲᠠᠭᠠᠬᠤ᠂ | ᠴᠠᠯᠢᠩ ᠢ ᠲᠣᠭᠲᠠᠭᠠᠬᠤ︾ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ | ︽ᠣᠩᠭᠤᠴᠠ ᠵᠢᠭᠡᠯᠡᠵᠦ ᠲᠠᠯᠠᠢ ᠳᠤ ᠭᠠᠷᠬᠤ︾᠂ ︽ᠲᠠᠬᠢᠶ᠎ᠠ ᠵᠢᠭᠡᠯᠡᠵᠦ ᠥᠨᠳᠡᠭᠡ ᠲᠥᠷᠥᠭᠦᠯᠬᠦ︾ ᠪᠠᠷ ᠳᠠᠮᠵᠢᠭᠤᠯᠤᠨ᠂ | ᠠᠵᠤ ᠠᠬᠤᠶᠢᠯᠠᠯ ᠤᠨ ᠵᠠᠬ᠎ᠠ ᠳᠡᠯᠭᠡᠭᠦᠷᠴᠢᠯᠡᠨ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠪᠴᠢᠯᠡᠨ ᠠᠬᠢᠭᠤᠯᠵᠤ᠂ | ᠭᠤᠣᠯᠯᠠᠬᠤ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃ ᠣᠯᠠᠨ ᠨᠡᠶᠢᠲᠡ ᠶᠢᠨ ᠡᠬᠢ ᠪᠠᠶᠠᠯᠢᠭ ᠤᠨ | ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠷᠠᠯᠵᠢᠶ᠎ᠠ ᠶᠢᠨ ᠭᠤᠣᠯ | ᠴᠣᠭᠴᠠ ᠶᠢᠨ ᠢᠲᠡᠭᠡᠮᠵᠢ ᠶᠢᠨ ᠦᠨᠡᠯᠡᠯᠲᠡ ᠶᠢᠨ ᠤᠯᠤᠰ ᠤᠨ ᠪᠠᠷᠢᠮᠵᠢᠶᠠᠵᠢᠭᠤᠯᠤᠯᠲᠠ ᠶᠢᠨ ᠲᠤᠷᠰᠢᠯᠲᠠ ᠶᠢᠨ | ᠴᠡᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠣᠷᠣᠯᠠᠨ ᠭᠦᠢᠴᠡᠳᠬᠡᠬᠦ ᠪᠠᠶᠢᠭᠤᠯᠤᠮᠵᠢ ᠶᠢᠨ ᠬᠠᠮᠢᠶᠠᠷᠤᠯᠲᠠ | ᠪᠠ ᠬᠦᠷᠢᠶᠡᠯᠡᠨ ᠳᠠᠭᠠᠭᠠᠴᠢᠯᠠᠯᠲᠠ ᠵᠠᠷᠯᠠᠬᠤ ᠰᠦᠯᠪᠡᠭᠡᠯᠳᠦᠵᠦ ᠳᠠᠭᠠᠭᠠᠴᠢᠯᠠᠯᠲᠠ ᠵᠠᠷᠯᠠᠬᠤ ᠡᠮᠬᠢ ᠵᠠᠮᠪᠠᠷᠠᠭ᠎ᠠ ᠦᠭᠡᠢ | ᠦᠵᠡᠭᠳᠡᠯ ᠢ ᠵᠠᠰᠠᠬᠤ ᠶᠢ ᠴᠢᠩᠭᠠᠳᠬᠠᠨ᠎ᠠ᠃ ᠭᠠᠵᠠᠷ ᠰᠢᠷᠣᠢ ᠶᠢᠨ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠶᠢ | ᠰᠠᠶᠢᠲᠤᠷ ᠬᠢᠵᠦ᠂ ᠭᠠᠵᠠᠷ ᠰᠢᠷᠣᠢ ᠶᠢᠨ ᠡᠬᠢ ᠪᠠᠶᠠᠯᠢᠭ ᠢ ᠳᠠᠪᠠᠭᠤᠯᠢᠭ ᠠᠵᠤ ᠦᠢᠯᠡᠰ᠂ ᠴᠢᠬᠤᠯᠠ ᠶᠡᠭᠡ ᠲᠦᠷᠥᠯ | ᠵᠦᠢᠯ ᠲᠡᠰᠢ ᠲᠥᠪᠯᠡᠷᠡᠭᠦᠯᠬᠦ ᠶᠢ ᠲᠦᠯᠬᠢᠨ ᠠᠬᠢᠭᠤᠯᠤᠨ᠎ᠠ᠃ ᠳᠥᠷᠪᠡᠳᠦᠭᠡᠷ ᠬᠤᠭᠤᠴᠠᠭᠠᠨ ᠤ ᠳᠤᠮᠳᠠᠳᠤ | ᠮᠣᠩᠭᠤᠯ ᠤᠨ ᠦᠵᠡᠰᠬᠦᠯᠡᠩ ᠤᠨ ᠴᠤᠭᠯᠠᠭᠠᠨ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠠᠵᠤ ᠠᠬᠤᠢ ᠠᠷᠠᠯᠵᠢᠶᠠᠨ ᠤ | ᠵᠥᠪᠳᠡᠯᠴᠡᠭᠡᠷ ᠤᠨ ᠬᠤᠷᠠᠯ ᠢ ᠰᠠᠶᠢᠲᠤᠷ ᠡᠷᠭᠢᠯᠡᠨ᠎ᠡ᠃ ᠤᠯᠠᠨ ᠤᠯᠤᠰ ᠤᠨ ᠨᠥᠬᠦᠷᠰᠡᠭ ᠬᠤᠳᠠ ᠶᠢᠨ ᠶᠠᠪᠤᠯᠴᠠᠭ᠎ᠠ ᠶᠢ | ᠨᠡᠮᠡᠭᠳᠡᠭᠦᠯᠵᠦ᠂ ᠰᠣᠶᠣᠯ ᠢᠷᠭᠡᠨᠰᠢᠯ᠂ ᠠᠵᠤ ᠠᠬᠤᠢ ᠠᠷᠠᠯᠵᠢᠶ᠎ᠠ ᠵᠡᠷᠭᠡ ᠬᠦᠷᠢᠶᠡᠨ ᠳᠠᠬᠢ ᠰᠣᠯᠢᠯᠴᠠᠭ᠎ᠠ | ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ᠃ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ᠂ ᠬᠢᠯᠢ ᠠᠯᠤᠰᠯᠠᠭᠰᠠᠨ | ᠡᠯᠧᠺᠲᠷᠣᠨ ᠬᠤᠳᠠᠯᠳᠤᠭᠠᠨ ᠤ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠵᠡᠷᠭᠡ ᠲᠠᠪᠴᠠᠩ ᠤᠨ ᠴᠢᠳᠠᠮᠵᠢ ᠶᠢ | ᠲᠡᠭᠦᠯᠳᠡᠷᠵᠢᠭᠦᠯᠵᠦ᠂ ᠬᠥᠬᠡᠬᠤᠲᠠ ᠶᠢᠨ ᠰᠢᠨ᠎ᠡ ᠨᠢᠰᠬᠡᠯ ᠤᠨ ᠪᠠᠭᠤᠳᠠᠯ ᠤᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ | ᠣᠷᠣᠨ ᠢ ᠭᠤᠶᠤᠴᠢᠯᠠᠨ ᠪᠠᠶᠢᠭᠤᠯᠬᠤ ᠠᠵᠢᠯ ᠢ ᠡᠬᠢᠯᠡᠭᠦᠯᠦᠨ᠎ᠡ᠃ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ | ᠲᠡᠷᠭᠡ ᠶᠢ ᠪᠠᠶᠢᠩᠭᠤᠵᠢᠭᠤᠯᠤᠨ ᠠᠵᠢᠯᠯᠠᠭᠤᠯᠵᠤ᠂ ︽ᠠᠵᠤ ᠠᠬᠤᠢ ᠶᠢᠨ ᠵᠠᠮ︾ ᠢ ︽ᠵᠠᠮ ᠨᠡᠪᠲᠡᠷᠡᠯᠭᠡ ᠶᠢᠨ ᠠᠵᠤ | ᠠᠬᠤᠢ︾ ᠳᠠᠰᠢ ᠬᠤᠪᠢᠷᠠᠭᠤᠯᠬᠤ ᠶᠢ ᠠᠬᠢᠭᠤᠯᠤᠨ᠎ᠠ᠃ | ︵ᠲᠠᠪᠤ︶ ᠬᠤᠲᠠ ᠶᠢ ᠴᠢᠨᠠᠷ ᠰᠠᠶᠢᠲᠠᠢ ᠪᠦᠲᠦᠭᠡᠨ ᠪᠠᠶᠢᠭᠤᠯᠵᠤ ᠲᠥᠯᠥᠪᠵᠢᠭᠦᠯᠦᠨ ᠬᠠᠮᠢᠶᠠᠷᠤᠨ᠎ᠠ | ᠲᠥᠯᠦᠪᠵᠢᠭᠦᠯᠭᠡ ᠶᠢᠨ ᠬᠢᠵᠠᠭᠠᠷᠯᠠᠯ ᠢ ︽ᠴᠢᠭᠳᠡᠯᠠᠨᠠ︾᠃ ᠤᠯᠤᠰ ᠤᠨ ᠨᠤᠲᠤᠭ ᠳᠡᠪᠢᠰᠬᠡᠷ ᠤᠨ ᠣᠷᠣᠨ | ᠵᠠᠢ ᠶᠢᠨ ᠶᠡᠷᠦᠩᠬᠡᠢ ᠲᠥᠯᠦᠪᠵᠢᠭᠦᠯᠭᠡ ᠶᠢ ᠴᠢᠩᠭ᠎ᠠ ᠨᠠᠶᠢᠳᠠᠪᠤᠷᠢᠵᠢᠭᠤᠯᠵᠤ᠂ ᠬᠤᠳᠠ ᠶᠢᠨ ᠶᠡᠷᠦᠩᠬᠡᠢ ᠵᠢᠷᠤᠭ | ᠲᠥᠯᠥᠪᠯᠡᠭᠡ ᠶᠢ ᠲᠣᠪᠤᠶᠢᠯᠭᠠᠨ᠂ ᠲᠥᠯᠦᠪᠵᠢᠭᠦᠯᠭᠡ ᠶᠢᠨ ᠬᠠᠲᠠᠭᠤ ᠴᠢᠩᠭ᠎ᠠ ᠬᠢᠵᠠᠭᠠᠷᠯᠠᠬᠤ ᠬᠦᠴᠦᠨ᠂ ᠬᠡᠷᠡᠭᠵᠢᠭᠦᠯᠬᠦ | ᠬᠦᠴᠦᠨ ᠢ ᠴᠢᠩᠭᠠᠷᠠᠭᠤᠯᠤᠨ᠎ᠠ᠃ ︽ᠨᠢᠭᠡ ᠭᠤᠣᠯ ᠨᠢᠭᠡ ᠳᠡᠳ᠋︾᠂ ︽ᠨᠢᠭᠡ ᠭᠤᠣᠯᠯᠠᠭᠴᠢ ᠬᠤᠶᠠᠷ ᠵᠢᠭᠦᠷ︾ ᠤᠨ | ᠬᠤᠳᠠ ᠶᠢᠨ ᠣᠷᠣᠨ ᠵᠠᠢ ᠶᠢᠨ ᠪᠠᠶᠢᠷᠢᠰᠢᠭᠤᠯᠤᠯᠲᠠ ᠶᠢ ᠲᠠᠰᠤᠷᠠᠯᠳᠠ ᠦᠭᠡᠢ ᠰᠢᠯᠢᠳᠡᠭᠵᠢᠭᠦᠯᠵᠦ᠂ ︽ᠨᠢᠭᠡ ᠬᠥᠨᠳᠡᠯᠡᠨ᠂ | ᠬᠤᠶᠠᠷ ᠭᠤᠯᠳᠤ᠂ ᠲᠦᠷᠪᠡᠨ ᠲᠣᠭᠤᠷᠢᠯ ᠵᠠᠮ᠂ ᠭᠤᠷᠪᠠᠨ ᠬᠦᠢᠰᠦ︾ ᠶᠢᠨ ᠬᠤᠳᠠ ᠶᠢᠨ ᠪᠣᠰᠤᠭ᠎ᠠ ᠴᠣᠭᠴᠠᠲᠤ ᠵᠠᠮ | ᠬᠠᠷᠢᠯᠴᠠᠭᠠᠨ ᠤ ᠪᠠᠶᠢᠷᠢᠰᠢᠭᠤᠯᠤᠯᠲᠠ ᠶᠢ ᠲᠦᠷᠭᠡᠪᠴᠢᠯᠡᠨ ᠪᠠᠶᠢᠭᠤᠯᠵᠤ᠂ ︽ᠬᠤᠶᠠᠷ ᠬᠠᠯᠬᠠᠪᠴᠢ᠂ ᠲᠦᠷᠪᠡᠨ ᠪᠦᠰᠡ︾ | ᠶᠢᠨ ᠬᠤᠳᠠ ᠶᠢᠨ ᠠᠮᠢ ᠠᠬᠤᠢ ᠶᠢᠨ ᠣᠷᠣᠨ ᠵᠠᠢ ᠶᠢᠨ ᠪᠠᠶᠢᠷᠢᠰᠢᠭᠤᠯᠤᠯᠲᠠ ᠶᠢ ᠲᠡᠭᠦᠯᠳᠡᠷᠵᠢᠭᠦᠯᠦᠨ | ᠳᠡᠭᠡᠭᠰᠢᠯᠡᠭᠦᠯᠵᠦ᠂ ᠣᠳᠣᠬᠢᠴᠢᠯᠠᠭᠰᠠᠨ ᠣᠷᠣᠨ ᠪᠦᠰᠡ ᠶᠢᠨ ᠲᠥᠪ ᠬᠤᠳᠠ ᠶᠢ ᠪᠦᠬᠦ ᠲᠠᠯ᠎ᠠ ᠪᠠᠷ ᠪᠦᠲᠦᠭᠡᠨ | ᠪᠠᠶᠢᠭᠤᠯᠤᠨ᠎ᠠ᠃ | ᠰᠠᠭᠤᠷᠢ ᠪᠡᠯᠡᠳᠬᠡᠮᠵᠢ ᠶᠢ ︽ᠬᠦᠴᠦᠷᠬᠡᠭᠵᠢᠭᠦᠯᠦᠨ᠎ᠡ︾᠃ ᠰᠢᠨ᠎ᠡ ᠨᠢᠰᠬᠡᠯ ᠤᠨ ᠪᠠᠭᠤᠳᠠᠯ ᠤᠨ ᠠᠶᠠᠯᠠᠯ ᠤᠨ | ᠥᠷᠲᠡᠭᠡᠨ ᠤ ᠲᠣᠭᠤᠷᠢᠭ᠂ ᠨᠢᠰᠦᠯᠲᠡ ᠶᠢᠨ ᠲᠣᠭᠤᠷᠢᠭ ᠵᠡᠷᠭᠡ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠵᠦ᠂ 80 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠦᠨ᠎ᠡ᠃ ᠯᠣᠣ ᠨᠢᠦ ᠸᠠᠨ ᠤ | ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠢ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠣᠷᠣᠭᠤᠯᠤᠨ᠎ᠠ᠃ | G5901 ᠢᠯᠢ ᠶᠢᠨ ᠣᠲᠣ ᠦᠶ᠎ᠡ ᠶᠢᠨ ᠣᠶᠤᠨᠲᠤ ᠡᠷᠡᠭᠦᠯ ᠮᠡᠨᠳᠦ ᠶᠢᠨ ᠬᠥᠨᠳᠡᠢ ᠶᠢᠨ ᠬᠠᠷᠢᠯᠴᠠᠨ ᠨᠡᠪᠲᠡᠷᠡᠭᠦᠯᠬᠦ᠂ | G6 ᠲᠦᠷᠭᠡᠨ ᠤ ᠵᠠᠮ ᠬᠢᠭᠡᠳ ᠵᠡᠭᠦᠨ ᠬᠤᠶᠠᠳᠤᠭᠠᠷ ᠲᠣᠭᠤᠷᠢᠯ ᠵᠠᠮ ᠢ ᠬᠠᠷᠢᠯᠴᠠᠨ ᠨᠡᠪᠲᠡᠷᠡᠭᠦᠯᠬᠦ ᠵᠡᠷᠭᠡ ᠪᠠᠷᠢᠯ᠎ᠠ ᠶᠢ | ᠪᠠᠶᠢᠭᠤᠯᠵᠤ ᠳᠠᠭᠤᠰᠬᠠᠨ ᠲᠡᠷᠭᠡ ᠨᠡᠪᠲᠡᠷᠡᠭᠦᠯᠬᠦ ᠶᠢ ᠠᠬᠢᠭᠤᠯᠵᠤ᠂ S43 ᠰᠢᠨ᠎ᠡ ᠨᠢᠰᠬᠡᠯ ᠤᠨ ᠪᠠᠭᠤᠳᠠᠯ ᠤᠨ | ᠲᠦᠷᠭᠡᠨ ᠤ ᠵᠠᠮ᠂ S29 ᠬᠥᠬᠡᠬᠤᠲᠠ ᠠᠴᠠ ᠯᠢᠶᠠᠩ ᠴᠧᠩ ᠬᠦᠷᠬᠦ ᠲᠦᠷᠭᠡᠨ ᠤ ᠵᠠᠮ᠂ S311 ᠦᠴᠦᠸᠠᠨ ᠠᠴᠠ | ᠶᠠᠩ ᠱᠤ᠋ ᠪᠠ ᠬᠦᠷᠬᠦ ᠵᠠᠰᠠᠮᠠᠯ ᠵᠠᠮ ᠤᠨ ᠭᠤᠣᠯ ᠴᠣᠭᠴᠠ ᠶᠢᠨ ᠪᠠᠷᠢᠯᠭ᠎ᠠ ᠶᠢ ᠳᠠᠭᠤᠰᠬᠠᠨ᠎ᠠ᠃ S27 | ᠬᠥᠬᠡᠬᠤᠲᠠ ᠠᠴᠠ ᠣᠷᠳᠣᠰ ᠬᠦᠷᠬᠦ ᠲᠦᠷᠭᠡᠨ ᠤ ᠵᠠᠮ᠂ G59 ᠬᠥᠬᠡᠬᠤᠲᠠ ᠶᠢᠨ ᠬᠤᠶᠢᠲᠤ ᠬᠡᠰᠡᠭ ᠤᠨ ᠲᠦᠷᠭᠡᠨ ᠤ | ᠵᠠᠮ ᠬᠢᠭᠡᠳ G209 ᠤᠨ ᠬᠤᠯᠪᠣᠬᠤ ᠱᠤᠭᠤᠮ ᠤᠨ ᠪᠠᠷᠢᠯᠭ᠎ᠠ ᠶᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ | ᠬᠥᠬᠡᠬᠤᠲᠠ ᠠᠴᠠ ᠴᠢᠩ ᠱᠦᠢ ᠾᠧ ᠬᠦᠷᠬᠦ ᠲᠦᠷᠭᠡᠨ ᠤ ᠵᠠᠮ ᠤᠨ ᠲᠥᠷᠥᠯ ᠵᠦᠢᠯ ᠢ ᠡᠬᠢᠯᠡᠭᠦᠯᠦᠨ ᠬᠡᠷᠡᠭᠵᠢᠭᠦᠯᠵᠦ᠂ | ᠰᠢᠨ᠎ᠡ ᠨᠢᠰᠬᠡᠯ ᠤᠨ ᠪᠠᠭᠤᠳᠠᠯ ᠤᠨ ᠬᠥᠩᠭᠡᠨ ᠲᠡᠮᠦᠷ ᠵᠠᠮ ᠤᠨ ᠡᠮᠦᠨᠡᠬᠢ ᠬᠤᠭᠤᠴᠠᠭᠠᠨ ᠤ ᠠᠵᠢᠯ ᠢ ᠥᠷᠨᠢᠭᠦᠯᠦᠨ᠎ᠡ᠃ | ᠭᠤᠷᠪᠠᠳᠤᠭᠠᠷ ᠲᠣᠭᠤᠷᠢᠯ ᠵᠠᠮ᠂ ᠬᠠᠶᠢᠯᠠᠷ ᠶᠡᠭᠡ ᠵᠡᠭᠡᠯᠢ ᠶᠢᠨ ᠵᠡᠭᠦᠨᠰᠢ ᠪᠠᠷᠠᠭᠤᠨᠰᠢ ᠥᠷᠭᠦᠯᠵᠢᠯᠡᠭᠰᠡᠨ ᠬᠡᠰᠡᠭ᠂ ᠪᠠᠶᠠᠨ | ᠵᠠᠮ ᠤᠨ ᠡᠮᠦᠨ᠎ᠡ ᠤᠮᠠᠷ᠎ᠠ ᠬᠡᠰᠡᠭ ᠤᠨ ᠭᠠᠵᠠᠷ ᠳᠡᠭᠡᠷᠡᠬᠢ ᠪᠠ ᠭᠠᠵᠠᠷ ᠳᠣᠣᠷᠠᠬᠢ ᠰᠡᠭᠦᠯ ᠬᠤᠷᠢᠶᠠᠬᠤ ᠢᠨᠵᠧᠨᠧᠷᠢᠩ ᠢ | ᠳᠠᠭᠤᠰᠬᠠᠵᠤ᠂ ᠵᠡᠭᠦᠨ ᠠᠶᠠᠨᠴᠢᠳ ᠤᠨ ᠥᠷᠲᠡᠭᠡ ᠶᠢᠨ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠬᠦᠢᠰᠦ ᠶᠢ | ᠪᠠᠶᠢᠭᠤᠯᠵᠤ ᠳᠠᠭᠤᠰᠬᠠᠨ᠎ᠠ᠃ 50 ᠵᠤᠷᠪᠤᠰ ᠬᠤᠳᠠ ᠶᠢᠨ ᠶᠠᠪᠤᠳᠠᠯ ᠤᠨ ᠵᠠᠮ ᠢ ᠰᠢᠨ᠎ᠡ ᠪᠠᠷ ᠪᠠᠶᠢᠭᠤᠯᠬᠤ ᠪᠠ | ᠦᠷᠭᠦᠯᠵᠢᠯᠡᠨ ᠪᠠᠶᠢᠭᠤᠯᠵᠤ᠂ 31 ᠵᠤᠷᠪᠤᠰ ᠬᠤᠳᠠ ᠶᠢᠨ ᠲᠣᠭᠤᠷᠢᠭ ᠤᠨ ︽ᠮᠤᠬᠤᠷ ᠵᠠᠮ︾ ᠢ ᠨᠠᠪᠲᠠᠷᠡᠭᠦᠯᠵᠦ᠂ 28 | ᠵᠤᠷᠪᠤᠰ ᠭᠤᠣᠯ ᠪᠠ ᠳᠡᠳ᠋ ᠭᠤᠣᠯ ᠵᠠᠮ ᠤᠨ ᠵᠡᠭᠡᠯᠢ ᠭᠤᠳᠤᠮᠵᠢ ᠶᠢ ᠴᠡᠭᠴᠡᠯᠡᠨ ᠵᠠᠰᠠᠬᠤ ᠶᠢ ᠬᠡᠷᠡᠭᠵᠢᠭᠦᠯᠵᠦ᠂ 140 | ᠵᠤᠷᠪᠤᠰ ᠵᠡᠭᠡᠯᠢ ᠭᠤᠳᠤᠮᠵᠢ ᠶᠢᠨ ᠠᠷᠤ ᠳᠠᠬᠢ ᠵᠢᠵᠢᠭ ᠭᠤᠳᠤᠮᠵᠢ ᠶᠢ ᠥᠭᠡᠷᠡᠴᠢᠯᠡᠨ ᠵᠠᠰᠠᠨ᠎ᠠ᠃ ᠶᠢᠨ ᠱᠠᠨ ︱ | ᠦᠴᠦᠸᠠᠨ᠂ ᠬᠤᠩ ᠱᠧᠩ ︱ ᠦᠴᠦᠸᠠᠨ 2 ᠵᠤᠷᠪᠤᠰ ᠬᠤᠣᠰ ᠪᠤᠴᠠᠯᠲᠠ ᠶᠢᠨ ᠱᠤᠭᠤᠮ ᠤᠨ ᠴᠠᠬᠢᠯᠭᠠᠨ | ᠬᠦᠴᠦᠨ ᠤ ᠵᠠᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠬᠤᠲᠠ ᠶᠢᠨ ᠲᠣᠭᠤᠷᠢᠭ ᠤᠨ ᠴᠠᠬᠢᠯᠭᠠᠨ | ᠬᠦᠷᠭᠡᠬᠦ ᠬᠦᠴᠦᠳᠡᠯ ᠥᠭᠡᠷᠡᠴᠢᠯᠡᠬᠦ 31 ᠪᠠᠷᠢᠯᠭ᠎ᠠ ᠶᠢ ᠬᠡᠷᠡᠭᠵᠢᠭᠦᠯᠦᠨ᠎ᠡ᠃ ᠤᠯᠤᠰ ᠤᠨ ᠬᠠᠶᠢᠮᠢᠶᠠᠨ ᠬᠤᠲᠠ ᠶᠢᠨ | ᠵᠢᠱᠢᠶ᠎ᠡ ᠦᠵᠡᠭᠦᠯᠬᠦ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠲᠣᠭᠲᠠᠬᠤ ᠴᠢᠩ ᠱᠦᠢ ᠾᠧ ᠤᠨ ᠳᠠᠬᠢᠯᠲᠠ ᠤᠰᠤᠨ ᠤ ᠤᠷᠲᠤ ᠬᠤᠭᠤᠯᠠᠢ ᠶᠢᠨ | ᠱᠤᠭᠤᠮ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠠᠲᠤᠨ ᠭᠤᠣᠯ ᠤᠨ | ᠤᠰᠤ ᠶᠢ ᠬᠥᠬᠡᠬᠤᠲᠠ ᠳᠤ ᠲᠠᠲᠠᠵᠤ ᠣᠷᠣᠭᠤᠯᠬᠤ ᠭᠤᠷᠪᠠᠳᠤᠭᠠᠷ ᠬᠤᠭᠤᠴᠠᠭᠠᠨ ᠤ ᠪᠠᠷᠢᠯᠭ᠎ᠠ ᠶᠢ ᠡᠬᠢᠯᠡᠭᠦᠯᠦᠨ | ᠪᠦᠲᠦᠭᠡᠨ ᠪᠠᠶᠢᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃ ᠠᠮᠢᠳᠤᠷᠠᠯ ᠤᠨ ᠬᠤᠭ ᠨᠣᠪᠰᠢ ᠶᠢ | ᠰᠢᠲᠠᠭᠠᠵᠤ ᠴᠠᠬᠢᠯᠭᠠᠨ ᠭᠠᠷᠭᠠᠬᠤ ᠵᠢᠩ ᠴᠧᠩ ᠤᠨ ᠨᠢᠭᠡᠳᠦᠭᠡᠷ ᠬᠤᠭᠤᠴᠠᠭᠠᠨ ᠤ 2 ᠳ᠋ᠤᠭᠠᠷ ᠱᠤᠭᠤᠮ ᠤᠨ ᠲᠥᠷᠦᠯ | ᠵᠦᠢᠯ ᠢ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠣᠷᠣᠭᠤᠯᠤᠨ᠎ᠠ᠃ ᠰᠢᠨ᠎ᠡ ᠨᠢᠰᠬᠡᠯ ᠤᠨ ᠪᠠᠭᠤᠳᠠᠯ ᠤᠨ ᠪᠣᠬᠢᠷ | ᠤᠰᠤ ᠰᠢᠢᠳᠪᠦᠷᠢᠯᠡᠬᠦ ᠦᠢᠯᠡᠳᠪᠦᠷᠢ᠂ ᠯᠠᠮᠠ ᠶᠢᠨ ᠠᠶᠢᠯ ᠤᠨ ᠭᠠᠵᠠᠷ ᠳᠣᠣᠷᠠᠬᠢ ᠮᠠᠶ᠋ᠢᠭ ᠤᠨ ᠪᠣᠬᠢᠷ ᠤᠰᠤ | ᠰᠢᠢᠳᠪᠦᠷᠢᠯᠡᠬᠦ ᠦᠢᠯᠡᠳᠪᠦᠷᠢ ᠶᠢ ᠡᠬᠢᠯᠡᠨ ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠤᠲᠠ ᠶᠢᠨ EOD | ᠭᠠᠵᠠᠷ ᠳᠣᠣᠷᠠᠬᠢ ᠮᠠᠶ᠋ᠢᠭ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ᠂ ᠭᠦᠩᠵᠦ ᠶᠢᠨ ᠣᠷᠳᠣᠨ ᠤ ᠪᠣᠬᠢᠷ | ᠤᠰᠤ ᠰᠢᠢᠳᠪᠦᠷᠢᠯᠡᠬᠦ ᠦᠢᠯᠡᠳᠪᠦᠷᠢ ᠶᠢᠨ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ᠂ ᠵᠢᠨᠴᠢᠶᠣᠣ ᠠᠵᠤ | ᠦᠢᠯᠡᠳᠪᠦᠷᠢ ᠶᠢᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ ᠪᠠᠶᠢᠭᠤᠯᠵᠤ ᠳᠠᠭᠤᠰᠬᠠᠨ ᠠᠰᠢᠭᠯᠠᠯᠲᠠ ᠳᠤ | ᠣᠷᠣᠭᠤᠯᠵᠤ᠂ ᠬᠤᠲᠠ ᠶᠢᠨ ᠲᠣᠭᠤᠷᠢᠭ ᠤᠨ ᠪᠣᠬᠢᠷ ᠤᠰᠤ ᠰᠢᠢᠳᠪᠦᠷᠢᠯᠡᠬᠦ ᠴᠢᠳᠠᠪᠤᠷᠢ ᠬᠦᠷᠦᠯᠴᠡᠬᠦ ᠦᠭᠡᠢ | ᠠᠰᠠᠭᠤᠳᠠᠯ ᠢ ᠦᠨᠳᠦᠰᠦᠨ ᠠᠴᠠ ᠨᠢ ᠲᠤᠶᠢᠯᠪᠤᠷᠢᠲᠠᠢ ᠰᠢᠢᠳᠪᠦᠷᠢᠯᠡᠨ᠎ᠡ᠃ | ᠬᠤᠳᠠ ᠶᠢᠨ ᠣᠷᠴᠢᠨ ᠲᠣᠭᠤᠷᠢᠨ ᠢ ︽ᠰᠢᠯᠢᠳᠡᠭᠵᠢᠭᠦᠯᠦᠨ᠎ᠡ︾᠃ 309 ᠬᠠᠭᠤᠴᠢᠨ ᠬᠤᠷᠢᠶᠠᠯᠠᠯ ᠤᠨ | ᠥᠭᠡᠷᠡᠴᠢᠯᠡᠯᠲᠡ ᠶᠢ ᠪᠡᠶᠡᠯᠡᠭᠦᠯᠵᠦ᠂ ᠬᠠᠭᠤᠴᠢᠨ ᠠᠶᠢᠯ᠂ ᠪᠠᠷᠠᠭᠤᠨ ᠬᠠᠭᠤᠴᠢᠨ ᠵᠠᠮ ᠲᠣᠰᠬᠤᠨ᠂ ᠪᠦᠦ ᠴᠢᠤᠸᠠᠨ | ᠲᠤᠰᠬᠤᠨ᠂ ᠬᠤᠣᠰ ᠮᠣᠳᠣ ᠠᠶᠢᠯ ᠵᠡᠷᠭᠡ 7 ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠤᠨ | ᠥᠭᠡᠷᠡᠴᠢᠯᠡᠯᠲᠡ ᠶᠢ ᠬᠡᠷᠡᠭᠵᠢᠭᠦᠯᠦᠨ᠎ᠡ᠃139 ᠺᠢᠯᠣᠮᠧᠲᠷ ᠬᠠᠭᠤᠴᠢᠷᠠᠭᠰᠠᠨ ᠰᠢᠲᠠᠮᠠᠬᠠᠢ ᠬᠡᠢ ᠶᠢᠨ ᠬᠤᠭᠤᠯᠠᠢ ᠶᠢᠨ | ᠲᠣᠣᠷ ᠢ ᠰᠢᠨᠡᠳᠬᠡᠨ ᠥᠭᠡᠷᠡᠴᠢᠯᠡᠬᠦ ᠠᠵᠢᠯ ᠢ ᠳᠠᠭᠤᠰᠬᠠᠵᠤ᠂ 5.1 ᠲᠦᠮᠡᠨ ᠡᠷᠦᠬᠡ ᠰᠠᠭᠤᠭᠠᠯᠢ ᠠᠷᠠᠳ ᠤᠨ ᠭᠡᠷ | ᠳᠣᠲᠣᠷᠠᠬᠢ ᠰᠢᠲᠠᠮᠠᠬᠠᠢ ᠬᠡᠢ ᠶᠢᠨ ᠪᠣᠰᠤᠭ᠎ᠠ ᠬᠤᠭᠤᠯᠠᠢ ᠶᠢᠨ ᠥᠭᠡᠷᠡᠴᠢᠯᠡᠯᠲᠡ ᠶᠢ ᠪᠡᠶᠡᠯᠡᠭᠦᠯᠦᠨ᠎ᠡ᠃ 34 ᠺᠢᠯᠣᠮᠧᠲᠷ | ᠢᠯᠴᠢ ᠬᠠᠩᠭᠠᠬᠤ ᠬᠤᠭᠤᠯᠠᠢ ᠶᠢᠨ ᠲᠣᠣᠷ ᠤᠨ ᠬᠤᠯᠪᠣᠯᠳᠤᠨ ᠨᠡᠪᠲᠡᠷᠡᠯᠴᠡᠬᠦ ᠢᠨᠵᠧᠨᠧᠷᠢᠩ ᠢ ᠬᠡᠷᠡᠭᠵᠢᠭᠦᠯᠦᠨ᠎ᠡ᠃ | 34 ᠤᠰᠤ ᠲᠤᠨᠤᠬᠤ ᠵᠠᠩᠭᠢᠯᠠᠭ᠎ᠠ ᠴᠡᠭ ᠢ ᠥᠭᠡᠷᠡᠴᠢᠯᠡᠨ᠎ᠡ᠃ ᠳᠠᠯᠠᠨ ᠬᠠᠷ᠎ᠠ ᠠᠭᠤᠯᠠ ᠶᠢᠨ ᠡᠮᠦᠨ᠎ᠡ ᠪᠠᠯ ᠤᠨ ︽ᠠᠮᠢ | ᠠᠬᠤᠢ ᠶᠢᠨ ᠨᠣᠭᠤᠭᠠᠨ ᠪᠦᠰᠡ︾ ᠶᠢ ᠳᠡᠭᠡᠭᠰᠢᠯᠡᠭᠦᠯᠬᠦ ᠪᠠᠷᠢᠯᠭ᠎ᠠ ᠶᠢ ᠬᠡᠷᠡᠭᠵᠢᠭᠦᠯᠦᠨ᠎ᠡ᠃ ᠬᠠᠷᠮᠠᠨ ᠴᠡᠴᠡᠷᠯᠢᠭ ᠪᠠ | ᠨᠡᠶᠢᠭᠡᠮ ᠲᠣᠭᠤᠷᠢᠭ ᠤᠨ ᠵᠤᠭᠠᠴᠠᠯ ᠤᠨ ᠬᠦᠷᠢᠶᠡᠯᠡᠩ ᠢ 300 ᠶᠢ ᠰᠢᠨ᠎ᠡ ᠪᠠᠷ ᠪᠠᠶᠢᠭᠤᠯᠤᠨ ᠳᠡᠭᠡᠭᠰᠢᠯᠡᠭᠦᠯᠵᠦ᠂ | 1000 ᠨᠣᠭᠤᠭᠠᠷᠠᠭᠤᠯᠤᠯᠲᠠ ᠶᠢᠨ ᠵᠠᠩᠭᠢᠯᠠᠭ᠎ᠠ ᠴᠡᠭ ᠢ ᠥᠭᠡᠷᠡᠴᠢᠯᠡᠨ ᠪᠠᠶᠢᠭᠤᠯᠵᠤ᠂ ᠬᠤᠲᠠ ᠶᠢᠨ ᠨᠣᠭᠤᠭᠠᠨ ᠵᠠᠮ ᠢ | 200 ᠺᠢᠯᠣᠮᠧᠲᠷ᠂ ᠶᠡᠭᠡ ᠲᠦᠷᠭᠡᠨ ᠭᠤᠣᠯ ᠤᠨ ᠲᠡᠭᠦᠷᠭᠡ ᠶᠢᠨ ᠴᠡᠴᠡᠭ ᠤᠨ ᠲᠡᠯᠡᠶ ᠶᠢ 7000 ᠮᠦ ᠪᠦᠲᠦᠭᠡᠨ | ᠪᠠᠶᠢᠭᠤᠯᠵᠤ᠂ ᠭᠤᠷᠪᠠᠳᠤᠭᠠᠷ ᠲᠣᠭᠤᠷᠢᠯ ᠵᠠᠮ ᠳᠠᠭᠠᠤ ᠶᠢᠨ ᠴᠡᠭᠴᠡᠯᠡᠨ ᠵᠠᠰᠠᠯᠲᠠ ᠵᠢᠴᠢ ᠴᠢᠬᠤᠯᠠ ᠵᠠᠩᠭᠢᠯᠠᠭ᠎ᠠ | ᠴᠡᠭ ᠤᠨ ᠨᠣᠭᠤᠭᠠᠷᠠᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠦᠨ᠎ᠡ᠃ ᠶᠡᠭᠡ ᠲᠦᠷᠭᠡᠨ ᠭᠤᠣᠯ ᠤᠨ ᠴᠡᠷᠢᠭ ᠤᠨ | ᠶᠠᠪᠤᠳᠠᠯ ᠤᠨ ᠭᠤᠣᠯ ᠰᠡᠳᠦᠪᠲᠦ ᠴᠡᠴᠡᠷᠯᠢᠭ᠂ ᠪᠠᠭ᠎ᠠ ᠲᠦᠷᠭᠡᠨ ᠭᠤᠣᠯ ᠤᠨ ᠡᠭᠦᠳᠡ ᠴᠡᠴᠡᠷᠯᠢᠭ ᠤᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠨ᠎ᠡ᠃ ᠠᠯᠪᠠᠳᠠᠯᠭ᠎ᠠ ᠶᠢᠨ ᠴᠢᠨᠠᠷᠲᠠᠢ ᠪᠠ ᠰᠠᠶᠢᠵᠢᠷᠠᠭᠤᠯᠬᠤ ᠴᠢᠨᠠᠷᠲᠠᠢ ᠣᠷᠣᠨ | ᠰᠠᠭᠤᠴᠠ ᠶᠢᠨ ᠬᠡᠷᠡᠭᠴᠡᠭᠡ ᠱᠠᠭᠠᠷᠳᠠᠯᠭ᠎ᠠ ᠶᠢ ᠳᠡᠮᠵᠢᠵᠦ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ | ᠰᠠᠭᠤᠴᠠ ᠶᠢ 3000 ᠢᠵᠢ ᠠᠴᠠ ᠳᠡᠭᠡᠭᠰᠢ ᠪᠡᠯᠡᠳᠬᠡᠨ ᠴᠤᠭᠯᠠᠭᠤᠯᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ | ᠵᠡᠷᠭᠡᠪᠡᠷ ᠬᠡᠷᠡᠭᠯᠡᠨ ︽ᠠᠰᠠᠷ ᠢ ᠪᠠᠶᠢᠭᠤᠯᠵᠤ ᠳᠠᠭᠤᠰᠬᠠᠨ ᠲᠤᠰᠢᠶᠠᠬᠤ ᠶᠢ ᠪᠠᠲᠤᠯᠠᠬᠤ︾ ᠡᠭᠦᠷᠭᠡ ᠶᠢ ᠪᠡᠶᠡᠯᠡᠭᠦᠯᠵᠦ᠂ | ᠰᠢᠨ᠎ᠡ ᠬᠤᠲᠠ ᠶᠢᠨ ᠠᠷᠠᠳ᠂ ᠵᠠᠯᠠᠭᠤᠴᠤᠳ ᠵᠡᠷᠭᠡ ᠶᠢᠨ ᠣᠷᠣᠨ ᠰᠠᠭᠤᠴᠠ ᠶᠢᠨ ᠠᠰᠠᠭᠤᠳᠠᠯ ᠢ ᠰᠠᠶᠢᠲᠤᠷ | ᠰᠢᠢᠳᠪᠦᠷᠢᠯᠡᠨ᠎ᠡ᠃ ᠬᠤᠳᠠ ᠶᠢᠨ ᠬᠠᠮᠢᠶᠠᠷᠤᠯᠲᠠ ᠶᠢ ︽ᠰᠢᠯᠢᠳᠡᠭᠵᠢᠭᠦᠯᠦᠨ᠎ᠡ︾᠃ ᠬᠤᠲᠠ ᠶᠢᠨ ᠳᠦᠷᠰᠦ ᠪᠠᠶᠢᠳᠠᠯ᠂ | ᠪᠣᠯᠪᠠᠰᠤᠨ ᠵᠠᠮ ᠬᠠᠷᠢᠯᠴᠠᠭ᠎ᠠ᠂ ᠵᠠᠷ ᠮᠡᠳᠡᠭᠡᠨ ᠤ ᠫᠠᠶᠢᠰᠠ ᠢᠯᠡᠷᠬᠡᠶᠢᠯᠡᠯ ᠵᠡᠷᠭᠡ ᠶᠢᠨ ᠲᠤᠰᠬᠠᠢ ᠴᠡᠭᠴᠡᠯᠡᠨ ᠵᠠᠰᠠᠯᠲᠠ ᠶᠢ | ᠭᠦᠨᠵᠡᠭᠡᠶᠢᠷᠡᠭᠦᠯᠵᠦ᠂ ᠠᠳᠠᠯ ᠠᠬᠤᠢ ᠦᠭᠡᠢ ᠬᠤᠷᠢᠶᠠᠯᠠᠯ ᠢ ︽ᠠᠷᠢᠯᠭᠠᠬᠤ︾ ᠶᠢ ᠠᠬᠢᠭᠤᠯᠤᠨ᠎ᠠ᠃ ᠬᠤᠳᠠ ᠶᠢᠨ ᠪᠠᠷᠠᠭᠤᠨ | ᠬᠡᠰᠡᠭ ᠤᠨ ᠣᠷᠣᠨ ᠪᠦᠰᠡ ᠶᠢᠨ ᠣᠷᠴᠢᠨ ᠠᠬᠤᠢ ᠶᠢ ᠶᠡᠬᠡᠪᠡᠷ ᠴᠡᠭᠴᠡᠯᠡᠨ ᠵᠠᠰᠠᠬᠤ᠂ ᠶᠠᠰᠤ ᠴᠢᠨᠠᠷ ᠢ ᠶᠡᠬᠡᠪᠡᠷ | ᠳᠡᠭᠡᠭᠰᠢᠯᠡᠭᠦᠯᠬᠦ ᠶᠢ ᠲᠦᠯᠬᠢᠨ ᠠᠬᠢᠭᠤᠯᠵᠤ᠂ ᠶᠡᠬᠡᠪᠡᠷ ᠨᠤᠷᠠᠭᠠᠵᠤ ᠶᠡᠬᠡᠪᠡᠷ ᠪᠠᠶᠢᠭᠤᠯᠬᠤ ᠠᠵᠢᠯ ᠢ ᠬᠢᠬᠦ ᠦᠭᠡᠢ᠂ ᠨᠠᠷᠢᠨ | ᠵᠦᠢᠯᠡᠰ ᠢ ᠰᠢᠨᠡᠳᠬᠡᠬᠦ᠂ ᠵᠡᠭᠡᠯᠢ ᠭᠤᠳᠤᠮᠵᠢ ᠶᠢ ᠴᠡᠭᠴᠡᠯᠡᠨ ᠵᠠᠰᠠᠬᠤ᠂ ᠬᠠᠮᠢᠶᠠᠷᠤᠯᠲᠠ ᠶᠢ ᠵᠢᠷᠤᠮᠵᠢᠭᠤᠯᠬᠤ ᠵᠡᠷᠭᠡ | ᠠᠵᠢᠯᠯᠠᠭ᠎ᠠ ᠶᠢ ᠭᠤᠣᠯᠳᠠᠯᠭ᠎ᠠ ᠲᠠᠢ ᠬᠡᠷᠡᠭᠵᠢᠭᠦᠯᠦᠨ᠎ᠡ᠃ ᠬᠤᠲᠠ ᠶᠢᠨ ᠶᠡᠭᠡ ᠲᠠᠷᠢᠬᠢ ᠶᠢ ᠲᠠᠰ ᠳᠡᠪᠰᠢᠭᠦᠯᠬᠦ | ᠢᠨᠵᠧᠨᠧᠷᠢᠩ ᠢ ᠬᠡᠷᠡᠭᠵᠢᠭᠦᠯᠵᠦ᠂ ᠣᠶᠤᠨᠲᠤ ᠬᠤᠲᠠ ᠶᠢᠨ ᠬᠠᠮᠢᠶᠠᠷᠤᠯᠲᠠ᠂ ᠣᠶᠤᠨᠲᠤ ᠵᠠᠮ ᠬᠠᠷᠢᠯᠴᠠᠭᠠᠨ ᠤ | ᠬᠠᠮᠢᠶᠠᠷᠤᠯᠲᠠ᠂ ᠣᠶᠤᠨᠲᠤ ᠰᠢᠲᠠᠮᠠᠬᠠᠢ ᠬᠡᠢ᠂ ᠣᠶᠤᠨᠲᠤ ᠢᠯᠴᠢ ᠬᠠᠩᠭᠠᠬᠤ᠂ ᠣᠶᠤᠨᠲᠤ ᠭᠤᠣᠯ ᠨᠠᠭᠤᠷ ᠵᠡᠷᠭᠡ | ᠲᠥᠷᠥᠯ ᠵᠦᠢᠯ ᠢ ᠪᠦᠲᠦᠭᠡᠨ ᠪᠠᠶᠢᠭᠤᠯᠵᠤ᠂ ᠣᠯᠠᠨ ᠡᠰᠢᠵᠢᠭᠰᠡᠨ᠂ ᠣᠯᠠᠨ ᠲᠠᠯᠠᠪᠤᠷᠳᠤ ᠬᠤᠲᠠ ᠶᠢᠨ ᠠᠵᠢᠯᠯᠠᠭᠠᠨ ᠤ | ︽ᠨᠢᠭᠡ ᠰᠦᠯᠵᠢᠶ᠎ᠡ ᠪᠠᠷ ᠨᠢᠭᠡᠳᠦᠯᠲᠡᠢ ᠬᠠᠮᠢᠶᠠᠷᠬᠤ︾ ᠰᠢᠨ᠎ᠡ ᠪᠠᠶᠢᠷᠢᠰᠢᠯ ᠢ ᠪᠣᠶ ᠪᠣᠯᠭᠠᠨ᠎ᠠ᠃ | ︵ᠵᠢᠷᠭᠤᠭ᠎ᠠ︶ ᠲᠠᠷᠢᠶᠠᠯᠠᠩ ᠬᠥᠳᠡᠭᠡ ᠲᠣᠰᠬᠤᠨ ᠤ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ | | ᠲᠠᠷᠢᠶᠠᠯᠠᠩ ᠤᠨ ᠰᠠᠭᠤᠷᠢ ᠶᠢ ᠨᠡᠩ ᠪᠠᠲᠤᠳᠬᠠᠬᠤ ᠶᠢ ᠲᠦᠯᠬᠢᠨ ᠠᠬᠢᠭᠤᠯᠤᠨ᠎ᠠ᠃ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠢ 12 ᠲᠦᠮᠡᠨ ᠮᠦ ᠰᠢᠨ᠎ᠡ ᠪᠠᠷ ᠪᠠᠶᠢᠭᠤᠯᠤᠨ ᠥᠭᠡᠷᠡᠴᠢᠯᠡᠵᠦ᠂ ᠴᠢᠨᠠᠷ ᠰᠠᠶᠢᠲᠠᠢ ᠴᠠᠷᠭᠠᠰᠤ ᠶᠢ 6 | ᠲᠦᠮᠡᠨ ᠮᠦ ᠰᠢᠨ᠎ᠡ ᠪᠠᠷ ᠨᠡᠮᠡᠭᠳᠡᠭᠦᠯᠦᠨ᠂ ᠨᠣᠭᠤᠭᠠᠨ ᠳᠠᠷᠤᠰᠢ ᠶᠢᠨ ᠡᠷᠳᠡᠨᠢ ᠰᠢᠰᠢ ᠶᠢ 10 ᠲᠦᠮᠡᠨ ᠮᠦ ᠰᠢᠨ᠎ᠡ ᠪᠠᠷ | ᠨᠡᠮᠡᠭᠳᠡᠭᠦᠯᠵᠦ᠂ ᠴᠢᠨᠠᠷ ᠰᠠᠶᠢᠲᠠᠢ ᠴᠠᠷᠭᠠᠰᠤ ᠶᠢᠨ ᠥᠪᠡᠷ ᠢ ᠪᠠᠨ ᠬᠠᠩᠭᠠᠬᠤ ᠨᠣᠷᠮ᠎ᠠ ᠶᠢ 45% ᠠᠴᠠ ᠳᠡᠭᠡᠭᠰᠢ ᠳᠤ | ᠬᠦᠷᠭᠡᠨ᠎ᠡ᠃ ᠪᠡᠯᠡᠳᠭᠡᠮᠵᠢᠳᠤ ᠢᠳᠡᠰᠢᠨ ᠨᠣᠭᠤᠭ᠎ᠠ ᠶᠢ 1000 ᠮᠦ ᠰᠢᠨ᠎ᠡ ᠪᠠᠷ ᠨᠡᠮᠡᠭᠳᠡᠭᠦᠯᠵᠦ᠂ ᠵᠠᠳᠠᠭᠠᠢ ᠭᠠᠵᠠᠷ ᠤᠨ | ᠢᠳᠡᠰᠢᠨ ᠨᠣᠭᠤᠭ᠎ᠠ ᠶᠢ 5000 ᠮᠦ ᠰᠢᠨ᠎ᠡ ᠪᠠᠷ ᠨᠡᠮᠡᠭᠳᠡᠭᠦᠯᠵᠦ᠂ ᠢᠳᠡᠰᠢᠨ ᠨᠣᠭᠤᠭ᠎ᠠ ᠶᠢᠨ ᠭᠠᠷᠤᠯᠲᠠ ᠶᠢᠨ | ᠣᠷᠣᠨ ᠤ ᠰᠢᠨ᠎ᠡ ᠰᠣᠷᠭᠤᠭ ᠪᠠᠶᠢᠯᠭᠠᠬᠤ ᠰᠡᠷᠢᠭᠦᠨ ᠢᠶᠠᠷ ᠬᠠᠳᠠᠭᠠᠯᠠᠬᠤ 12 ᠬᠥᠮᠥᠷᠭᠡ ᠶᠢ ᠰᠢᠨ᠎ᠡ ᠪᠠᠷ ᠪᠠᠶᠢᠭᠤᠯᠤᠨ᠎ᠠ᠃ | ᠬᠤᠩ ᠹᠦ᠋ ᠳᠡᠭᠡᠳᠦ ᠵᠡᠷᠭᠡ ᠶᠢᠨ ᠪᠡᠯᠡᠳᠬᠡᠮᠵᠢᠲᠦ ᠲᠠᠷᠢᠶᠠᠯᠠᠩ ᠤᠨ ᠬᠦᠷᠢᠶᠡᠯᠡᠩ ᠵᠡᠷᠭᠡ ᠲᠦᠷᠦᠯ ᠵᠦᠢᠯ ᠢ | ᠬᠡᠷᠡᠭᠵᠢᠭᠦᠯᠬᠦ ᠶᠢ ᠲᠦᠯᠬᠢᠨ ᠠᠬᠢᠭᠤᠯᠤᠨ᠎ᠠ᠃ ︽ᠰᠦ ᠶᠢᠨ ᠦᠢᠯᠡᠰ ᠤᠨ ᠶᠢᠰᠦᠨ ᠵᠤᠷᠪᠤᠰ︾ ᠲᠥᠷᠥ ᠶᠢᠨ | ᠪᠣᠳᠣᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠬᠡᠪᠴᠢᠶᠡᠵᠢᠭᠰᠡᠨ ᠰᠠᠭᠠᠯᠢ ᠶᠢᠨ ᠦᠨᠢᠶ᠎ᠡ ᠶᠢᠨ ᠮᠠᠯᠵᠢᠯ ᠤᠨ | ᠲᠠᠯᠠᠪᠠᠶ ᠶᠢ 10 ᠶᠢ ᠰᠢᠨ᠎ᠡ ᠪᠠᠷ ᠪᠠᠶᠢᠭᠤᠯᠬᠤ ᠪᠤᠶᠤ ᠦᠷᠭᠦᠯᠵᠢᠯᠡᠨ ᠪᠠᠶᠢᠭᠤᠯᠵᠤ᠂ ᠰᠠᠭᠠᠯᠢ ᠶᠢᠨ ᠦᠨᠢᠶ᠎ᠡ ᠶᠢ 6 | ᠲᠦᠮᠡ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃ | ᠬᠥᠳᠡᠭᠡ ᠲᠣᠰᠬᠤᠨ ᠤ ᠬᠥᠭᠵᠢᠯᠲᠡ ᠶᠢ ᠨᠡᠩ ᠠᠮᠢᠵᠢᠷᠠᠯ ᠤᠨ ᠬᠦᠴᠦᠨ ᠲᠠᠢ ᠪᠣᠯᠭᠠᠨ᠎ᠠ᠃ ᠣᠲᠣ ᠦᠶ᠎ᠡ ᠶᠢᠨ | ᠬᠤᠲᠠ ᠶᠢᠨ ᠬᠡᠯᠪᠡᠷᠢ ᠶᠢᠨ ᠲᠠᠷᠢᠶᠠᠯᠠᠩ ᠢ ᠶᠡᠬᠡᠪᠡᠷ ᠬᠥᠭᠵᠢᠭᠦᠯᠵᠦ᠂ ᠰᠡᠯᠡᠭᠦᠴᠡᠨ ᠲᠣᠭᠤᠷᠢᠬᠤ᠂ ᠥᠪᠡᠷᠲᠡᠭᠡᠨ ᠵᠢᠮᠢᠰ | ᠲᠡᠭᠦᠬᠦ᠂ ᠴᠡᠴᠡᠭ ᠰᠣᠨᠢᠷᠬᠠᠵᠤ ᠵᠢᠮᠢᠰ ᠠᠮᠲᠠᠯᠠᠬᠤ ᠵᠡᠷᠭᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠣᠶᠢᠵᠢᠭᠤᠯᠤᠨ᠂ | ᠨᠢᠭᠡᠳᠦᠭᠡᠷ ᠠᠵᠤ ᠦᠢᠯᠡᠰ ᠬᠢᠭᠡᠳ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠭᠦᠨᠵᠡᠭᠡᠢ ᠠᠭᠤᠰᠤᠯᠴᠠᠬᠤ ᠶᠢ | ᠠᠬᠢᠭᠤᠯᠤᠨ᠎ᠠ᠃ 120 ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠶᠢ ᠣᠷᠣᠭᠤᠯᠤᠨ ᠤᠰᠤ ᠶᠢ | ᠠᠪᠴᠢᠷᠠᠵᠤ ᠪᠣᠶᠢᠵᠢᠭᠤᠯᠤᠨ᠂ ᠤᠯᠤᠰ ᠤᠨ ᠲᠠᠰ᠂ ᠥᠪᠡᠷᠲᠡᠭᠡᠨ ᠵᠠᠰᠠᠬᠤ ᠣᠷᠣᠨ ᠤ ᠲᠠᠰ ᠤᠨ ᠲᠠᠷᠢᠶᠠᠯᠠᠩ ᠮᠠᠯ ᠠᠵᠤ | ᠠᠬᠤᠢ ᠶᠢᠨ ᠠᠵᠤ ᠦᠢᠯᠡᠰ ᠤᠨ ᠬᠦᠷᠢᠶᠡᠯᠡᠩ ᠢ ᠲᠣᠰ ᠲᠣᠰ 1 ᠶᠢ ᠡᠭᠦᠳᠦᠨ ᠪᠠᠶᠢᠭᠤᠯᠤᠨ᠎ᠠ᠃ ᠤᠰᠤ ᠠᠷᠪᠢᠯᠠᠵᠤ | ᠤᠰᠤ ᠡᠵᠡᠮᠳᠡᠬᠦ ᠠᠵᠢᠯᠯᠠᠭ᠎ᠠ ᠶᠢ ᠥᠷᠨᠢᠭᠦᠯᠵᠦ᠂ ᠲᠠᠷᠢᠶᠠᠯᠠᠩ ᠤᠨ ᠤᠰᠤᠨ ᠤ ᠦᠨ᠎ᠡ ᠶᠢᠨ ︽ᠴᠠᠬᠢᠯᠭᠠᠨ ᠢᠶᠠᠷ | ᠤᠰᠤ ᠶᠢ ᠨᠤᠭᠤᠯᠤᠨ ᠪᠣᠳᠤᠬᠤ︾ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠬᠡᠷᠡᠭᠵᠢᠭᠦᠯᠵᠦ᠂ | ᠲᠠᠷᠢᠶᠠᠴᠢᠳ ᠢ ᠬᠥᠲᠥᠯᠥᠨ ᠵᠢᠯᠤᠭᠤᠳᠴᠤ ᠪᠠᠶᠢᠭᠠᠳ ᠲᠥᠯᠥᠪᠦᠷᠢ ᠲᠠᠢ ᠪᠠᠷ ᠤᠰᠤ ᠬᠡᠷᠡᠭᠯᠡᠬᠦ᠂ ᠤᠰᠤ ᠶᠢ ᠠᠷᠪᠢᠯᠠᠨ | ᠬᠡᠷᠡᠭᠯᠡᠬᠦ ᠤᠬᠠᠮᠰᠠᠷ ᠢ ᠨᠢ ᠳᠡᠭᠡᠭᠰᠢᠯᠡᠭᠦᠯᠦᠨ᠎ᠡ᠃ ᠬᠥᠳᠡᠭᠡ ᠲᠣᠰᠬᠤᠨ ᠤ ᠴᠢᠳᠠᠪᠤᠷᠢᠲᠠᠨ ᠢ ᠬᠥᠮᠥᠵᠢᠭᠦᠯᠬᠦ ᠶᠢ | ᠴᠢᠩᠭᠠᠳᠬᠠᠵᠤ᠂ ᠥᠨᠳᠥᠷ ᠬᠡᠪ ᠪᠣᠯᠪᠠᠰᠤᠷᠠᠯ ᠲᠠᠢ ᠲᠠᠷᠢᠶᠠᠴᠢᠨ ᠢ 1500 ᠠᠴᠠ ᠳᠡᠭᠡᠭᠰᠢ ᠬᠥᠮᠥᠵᠢᠭᠦᠯᠵᠦ᠂ | ᠲᠠᠷᠢᠶᠠᠯᠠᠩ ᠮᠠᠯ ᠠᠵᠤ ᠠᠬᠤᠢ ᠶᠢᠨ ᠲᠠᠯᠠᠪᠠᠢ ᠶᠢᠨ ᠵᠠᠯᠠᠭᠤ ᠡᠵᠡᠨ ᠪᠠ ᠪᠠᠶᠠᠵᠢᠯ ᠤᠨ ᠳᠠᠭᠠᠭᠤᠯᠤᠭᠴᠢ ᠶᠢ | 300 ᠠᠴᠠ ᠳᠡᠭᠡᠭᠰᠢ ᠬᠥᠮᠥᠵᠢᠭᠦᠯᠵᠦ᠂ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠴᠢᠳᠠᠪᠤᠷᠢᠲᠠᠨ ᠢ 550 ᠠᠴᠠ | ᠳᠡᠭᠡᠭᠰᠢ ᠬᠥᠮᠥᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠴᠢ ᠶᠢ 150 ᠬᠥᠮᠥᠨ ᠠᠴᠠ | ᠳᠡᠭᠡᠭᠰᠢ ᠰᠣᠩᠭᠤᠨ ᠤᠷᠢᠨ᠎ᠠ᠃ | ᠬᠥᠳᠡᠭᠡ ᠲᠣᠰᠬᠤᠨ ᠤ ᠣᠷᠴᠢᠨ ᠲᠣᠭᠤᠷᠢᠨ ᠤ ᠣᠷᠣᠰᠢᠨ ᠰᠠᠭᠤᠬᠤ ᠳᠤ ᠨᠡᠩ ᠲᠣᠬᠢᠷᠠᠮᠵᠢᠲᠠᠢ ᠪᠠᠶᠢᠬᠤ ᠶᠢ | ᠲᠦᠯᠬᠢᠨ ᠠᠬᠢᠭᠤᠯᠤᠨ᠎ᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠦᠷ᠎ᠡ ᠪᠦᠲᠦᠭᠡᠯ ᠢ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠬᠤ ᠶᠢ ᠪᠠᠬᠢᠵᠢᠭᠦᠯᠦᠨ | ᠥᠷᠭᠡᠳᠬᠡᠵᠦ᠂ ᠬᠥᠳᠡᠭᠡ ᠲᠣᠰᠬᠤᠨ ᠤ ︽ᠳᠤᠯᠤᠭ᠎ᠠ ᠶᠢ ᠢᠵᠢ ᠪᠦᠷᠢᠳᠦᠭᠦᠯᠬᠦ︾ ᠪᠦᠲᠦᠭᠡᠨ ᠪᠠᠶᠢᠭᠤᠯᠤᠯᠲᠠ ᠶᠢᠨ | ᠦᠷ᠎ᠡ ᠪᠦᠲᠦᠭᠡᠯ ᠢ ᠪᠠᠬᠢᠵᠢᠭᠦᠯᠵᠦ᠂ ᠡᠷᠦᠬᠡ ᠶᠢᠨ ᠵᠣᠷᠯᠣᠩ ᠤᠨ ᠥᠭᠡᠷᠡᠴᠢᠯᠡᠯᠲᠡ ᠶᠢ 1.3 ᠲᠦᠮᠡᠨ ᠡᠷᠦᠬᠡ | ᠪᠡᠶᠡᠯᠡᠭᠦᠯᠦᠨ᠎ᠡ᠃ ᠤᠯᠤᠰ ᠤᠨ ᠲᠠᠰ᠂ ᠥᠪᠡᠷᠲᠡᠭᠡᠨ ᠵᠠᠰᠠᠬᠤ ᠣᠷᠣᠨ ᠤ ᠲᠠᠰ ᠤᠨ ︽ᠳᠥᠷᠪᠡᠨ ᠰᠠᠶᠢᠲᠠᠢ ᠬᠥᠳᠡᠭᠡ | ᠲᠣᠰᠬᠤᠨ ᠤ ᠵᠠᠮ︾ ᠤᠨ ᠵᠢᠱᠢᠶ᠎ᠡ ᠦᠵᠡᠭᠦᠯᠬᠦ ᠰᠢᠶᠠᠨ ᠢ ᠲᠣᠰ ᠲᠣᠰ 1 ᠶᠢ ᠡᠭᠦᠳᠦᠨ ᠪᠠᠶᠢᠭᠤᠯᠤᠨ᠎ᠠ᠃ ᠤᠯᠤᠰ ᠤᠨ | ᠲᠠᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠦᠯᠢᠭᠡᠷ ᠵᠢᠱᠢᠶ᠎ᠡ ᠰᠢᠶᠠᠩ | ᠪᠠᠯᠭᠠᠰᠤ 2᠂ ᠲᠣᠰᠬᠤᠨ 23᠂ ᠥᠪᠡᠷᠲᠡᠭᠡᠨ ᠵᠠᠰᠠᠬᠤ ᠣᠷᠣᠨ ᠤ ᠲᠠᠰ ᠤᠨ ᠵᠢᠱᠢᠶ᠎ᠡ ᠦᠵᠡᠭᠦᠯᠬᠦ ᠦᠯᠢᠭᠡᠷ ᠵᠢᠱᠢᠶ᠎ᠡ | ᠰᠢᠶᠠᠨ 2᠂ ᠬᠤᠲᠠ ᠶᠢᠨ ᠲᠠᠰ ᠤᠨ ᠵᠢᠱᠢᠶ᠎ᠡ ᠦᠵᠡᠭᠦᠯᠬᠦ ᠦᠯᠢᠭᠡᠷ ᠵᠢᠱᠢᠶ᠎ᠡ ᠲᠣᠰᠬᠤᠨ 60 ᠶᠢ ᠴᠣᠭᠴᠠᠯᠠᠵᠤ᠂ | ᠴᠡᠭ ᠢᠶᠠᠷ ᠨᠡᠶᠢᠳᠡᠮ ᠢ ᠳᠠᠶᠢᠴᠢᠯᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ | ᠠᠬᠢᠭᠤᠯᠤᠨ᠎ᠠ᠃ | ︵ᠲᠤᠯᠤᠭ᠎ᠠ︶ ᠣᠷᠴᠢᠨ ᠲᠣᠭᠤᠷᠢᠨ ᠤ ᠪᠣᠬᠢᠷᠳᠤᠯ ᠢ ᠵᠠᠰᠠᠬᠤ ᠠᠵᠢᠯ ᠢ ᠭᠦᠨᠵᠡᠭᠡᠢ ᠠᠬᠢᠭᠤᠯᠤᠨ᠎ᠠ | ᠬᠥᠬᠡ ᠣᠭᠲᠠᠷᠭᠤᠢ ᠶᠢ ᠬᠠᠮᠠᠭᠠᠯᠠᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠨ᠎ᠡ᠃ ᠤᠯᠤᠰ ᠤᠨ ᠠᠮᠢ | ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠤᠭᠰᠠᠨ ᠦᠷ᠎ᠡ | ᠪᠦᠲᠦᠭᠡᠯ ᠢ ᠪᠠᠬᠢᠵᠢᠭᠦᠯᠦᠨ᠎ᠡ᠃ ᠬᠤᠶᠠᠳᠤᠭᠠᠷ ᠡᠭᠡᠯᠵᠢ ᠶᠢᠨ ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠪᠠ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ ᠴᠡᠭᠴᠡᠯᠡᠨ ᠵᠠᠰᠠᠬᠤ ᠣᠨ ᠤ ᠡᠭᠦᠷᠭᠡ ᠶᠢ ᠴᠢᠨᠠᠷ ᠰᠠᠶᠢᠲᠠᠢ | ᠪᠡᠶᠡᠯᠡᠭᠦᠯᠦᠨ᠎ᠡ᠃ ᠤᠯᠤᠰ ᠤᠨ ᠤᠮᠠᠷᠠᠲᠤ ᠣᠷᠣᠨ ᠤ ᠡᠪᠦᠯ ᠤᠨ ᠤᠯᠠᠷᠢᠯ ᠤᠨ ᠴᠡᠪᠡᠷ ᠳᠤᠯᠠᠭᠠᠯᠠᠭ᠎ᠠ ᠶᠢᠨ ᠬᠤᠲᠠ ᠶᠢᠨ | ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠭᠦᠨᠵᠡᠭᠡᠢ ᠨᠠᠶᠢᠳᠠᠪᠤᠷᠢᠵᠢᠭᠤᠯᠵᠤ᠂ ᠵᠢᠨᠱᠠᠨ ᠴᠠᠬᠢᠯᠭᠠᠨ ᠤ | ᠦᠢᠯᠡᠳᠪᠦᠷᠢ ᠶᠢᠨ ᠬᠤᠶᠠᠳᠤᠭᠠᠷ ᠬᠤᠭᠤᠴᠠᠭᠠᠨ ᠤ ᠪᠡᠯᠡ ᠣᠷᠣᠭᠤᠯᠤᠯᠲᠠ᠂ ᠳ᠋ᠠ ᠲᠠᠩ ᠤᠨ ᠲᠣᠭᠲᠠᠬᠤ ᠰᠢᠶᠠᠨ ᠤ | ᠴᠠᠬᠢᠯᠭᠠᠨ ᠭᠠᠷᠭᠠᠬᠤ ᠦᠢᠯᠡᠳᠪᠦᠷᠢ ᠶᠢᠨ ᠢᠯᠴᠢ ᠶᠢ ᠬᠥᠬᠡᠬᠤᠲᠠ ᠳᠤ ᠣᠷᠣᠭᠤᠯᠬᠤ ᠪᠠᠷᠢᠯᠭ᠎ᠠ ᠶᠢ ᠪᠠᠶᠢᠭᠤᠯᠵᠤ | ᠳᠠᠭᠤᠰᠬᠠᠨ ᠠᠰᠢᠭᠯᠠᠯᠲᠠ ᠳᠤ ᠣᠷᠣᠭᠤᠯᠵᠤ᠂ ᠵᠢᠰᠢᠶ᠎ᠡ ᠠᠶᠢᠯ ᠤᠨ ᠢᠯᠴᠢ ᠴᠠᠬᠢᠯᠭᠠᠨ ᠤ ᠦᠢᠯᠡᠳᠪᠦᠷᠢ ᠶᠢᠨ | ᠢᠯᠴᠢ ᠶᠢ ᠬᠥᠬᠡᠬᠤᠲᠠ ᠳᠤ ᠣᠷᠣᠭᠤᠯᠬᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠪᠣᠬᠢᠷᠳᠤᠯ | ᠶᠡᠬᠡᠲᠡᠢ ᠲᠦᠯᠡᠰᠢ ᠰᠢᠲᠠᠭᠠᠬᠤ ᠶᠢ ᠴᠠᠭᠠᠵᠠᠯᠠᠬᠤ ᠣᠷᠣᠨ ᠠᠴᠠ ᠭᠠᠳᠠᠨᠠᠬᠢ 5.46 ᠲᠦᠮᠡᠨ ᠡᠷᠦᠬᠡ ᠳᠤ ᠲᠦᠯᠡᠰᠢᠨ | ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ ᠵᠠᠰᠠᠬᠤ ᠶᠢ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ | ᠪᠠᠭᠤᠯᠭᠠᠭᠰᠠᠨ ᠠᠭᠠᠷ ᠤᠨ ᠪᠣᠬᠢᠷᠳᠤᠯ ᠦᠭᠡᠢ ᠴᠡᠯᠮᠡᠭ ᠡᠳᠦᠷ ᠤᠨ ᠲᠤᠭ᠎ᠠ ᠶᠢᠨ ᠬᠠᠷᠠᠯᠲᠠ ᠡᠭᠦᠷᠭᠡ ᠶᠢ | ᠪᠡᠶᠡᠯᠡᠭᠦᠯᠦᠨ᠎ᠡ᠃ | ᠬᠥᠬᠡᠮᠳᠦᠭ ᠤᠰᠤ ᠶᠢ ᠬᠠᠮᠠᠭᠠᠯᠠᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠨ᠎ᠡ᠃ ᠬᠠᠲᠤᠨ | ᠭᠤᠣᠯ ᠤᠨ ᠰᠠᠪᠠ ᠭᠠᠵᠠᠷ ᠤᠨ ᠡᠯᠡᠰᠦᠷᠬᠡᠭᠵᠢᠭᠰᠡᠨ ᠭᠠᠵᠠᠷ ᠢ ᠦᠷᠭᠦᠯᠵᠢᠯᠡᠨ ᠵᠠᠰᠠᠬᠤ ᠶᠢ ᠲᠦᠯᠬᠢᠨ ᠠᠬᠢᠭᠤᠯᠤᠨ᠎ᠠ᠃ | ᠬᠠᠲᠤᠨ ᠭᠤᠣᠯ ᠤᠨ ᠲᠣᠭᠲᠠᠬᠤ ᠰᠢᠶᠠᠨ ᠤ ᠬᠡᠰᠡᠭ ᠤᠨ 37.5 ᠺᠢᠯᠣᠮᠧᠲᠷ ᠤᠨ ᠠᠮᠢ ᠠᠬᠤᠢ ᠶᠢᠨ ᠣᠷᠴᠢᠨ | ᠲᠣᠭᠤᠷᠢᠨ ᠤ ᠴᠢᠨᠠᠷ ᠰᠠᠶᠢᠲᠠᠢ ᠬᠥᠭᠵᠢᠯᠲᠡ ᠶᠢᠨ ᠲᠥᠷᠥᠯ ᠵᠦᠢᠯ ᠢ ᠬᠡᠷᠡᠭᠵᠢᠭᠦᠯᠦᠨ᠎ᠡ᠃ ᠳᠠᠯᠠᠨ ᠬᠠᠷ᠎ᠠ ᠠᠭᠤᠯᠠ ᠶᠢᠨ | ᠡᠮᠦᠨ᠎ᠡ ᠪᠠᠯ ᠤᠨ 9 ᠵᠤᠷᠪᠤᠰ ᠠᠭᠤᠯᠠ ᠶᠢᠨ ᠦᠶᠡᠷ ᠤᠨ ᠭᠤᠤ ᠶᠢ ᠵᠠᠰᠠᠬᠤ ᠪᠠᠷᠢᠯᠭ᠎ᠠ ᠶᠢ ᠡᠬᠢᠯᠡᠭᠦᠯᠵᠦ᠂ ᠬᠠᠷ᠎ᠠ | ᠤᠰᠤ ᠨᠠᠭᠤᠷ᠂ ᠶᠡᠭᠡ ᠲᠦᠷᠭᠡᠨ ᠭᠤᠣᠯ᠂ ᠡᠮᠦᠨ᠎ᠡ ᠨᠠᠭᠤᠷ ᠤᠨ ᠨᠤᠭᠤ ᠭᠠᠵᠠᠷ᠂ ᠪᠠᠪᠠᠢ ᠨᠠᠭᠤᠷ ᠵᠡᠷᠭᠡ ᠠᠮᠢ ᠠᠬᠤᠢ ᠶᠢ | ᠰᠡᠷᠭᠦᠭᠡᠨ ᠵᠠᠰᠠᠬᠤ ᠪᠠᠷᠢᠯᠭ᠎ᠠ ᠶᠢ ᠲᠦᠯᠬᠢᠨ ᠠᠬᠢᠭᠤᠯᠤᠨ᠎ᠠ᠃ ᠭᠤᠣᠯ ᠮᠥᠷᠡᠨ ᠨᠠᠭᠤᠷ ᠴᠥᠭᠦᠷᠥᠮ ᠤᠨ ︽ᠲᠦᠷᠪᠡᠨ | ᠳᠤᠷ᠎ᠠ ᠪᠠᠷ ᠢᠶᠠᠨ ᠢ ᠠᠷᠢᠯᠭᠠᠬᠤ︾ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠬᠠᠳᠤᠨ ᠭᠤᠣᠯ ᠳᠤ ᠣᠷᠣᠬᠤ | ᠣᠭᠲᠣᠯᠣᠭᠠᠰᠤ ᠶᠢᠨ ᠤᠰᠤᠨ ᠤ ᠴᠢᠨᠠᠷ ᠢ ᠲᠣᠭᠲᠠᠭᠤᠨ ᠢᠶᠠᠷ ᠪᠠᠷᠢᠮᠵᠢᠶ᠎ᠠ ᠳᠤ ᠬᠦᠷᠭᠡᠬᠦ ᠶᠢ ᠦᠨᠡᠨᠬᠦ ᠪᠠᠲᠤᠯᠠᠨ᠎ᠠ᠃ | | ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠨ᠎ᠡ᠃ ᠤᠮᠠᠷᠠᠲᠤ | ᠬᠡᠰᠡᠭ ᠤᠨ ᠣᠶ ᠰᠢᠭᠤᠢ ᠶᠢᠨ ᠲᠦᠭᠰᠢᠭᠦᠷᠢ ᠶᠡᠬᠡᠲᠡᠢ ᠣᠷᠣᠨ ᠢ ᠶᠡᠷᠦᠩᠬᠡᠶᠢᠯᠡᠨ ᠵᠠᠰᠠᠬᠤ ᠲᠥᠷᠥᠯ ᠵᠦᠢᠯ ᠢ | ᠡᠬᠢᠯᠡᠭᠦᠯᠦᠨ ᠬᠡᠷᠡᠭᠵᠢᠭᠦᠯᠵᠦ᠂ 40 ᠲᠦᠮᠡᠨ ᠮᠦ ᠣᠶ ᠰᠢᠭᠤᠢ ᠨᠤᠲᠤᠭ ᠪᠡᠯᠴᠢᠭᠡᠷ ᠤᠨ ᠠᠮᠢ ᠠᠬᠤᠢ ᠶᠢᠨ | ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠦᠨ᠎ᠡ᠃ ᠬᠥᠳᠡᠭᠡ ᠲᠣᠰᠬᠤᠨ ᠤ ᠤᠯᠠᠨ ᠡᠬᠢᠲᠦ ᠪᠣᠬᠢᠷᠳᠤᠯ ᠢ | ᠵᠠᠰᠠᠬᠤ ᠠᠵᠢᠯ ᠢ ᠭᠦᠨᠵᠡᠭᠡᠢ ᠥᠷᠨᠢᠭᠦᠯᠵᠦ᠂ ᠬᠥᠳᠡᠭᠡ ᠲᠣᠰᠬᠤᠨ ᠤ ᠡᠰᠢ ᠰᠦᠷᠡᠯ ᠢ ᠡᠭᠡᠭᠦᠯᠦᠨ ᠬᠤᠷᠢᠶᠠᠵᠤ | ᠠᠰᠢᠭᠯᠠᠬᠤ ᠨᠤᠷᠮ᠎ᠠ᠂ ᠮᠠᠯ ᠵᠢᠭᠦᠷᠲᠡᠨ ᠤ ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠨᠤᠷᠮ᠎ᠠ ᠶᠢ ᠴᠥᠮ | 90% ᠠᠴᠠ ᠳᠡᠭᠡᠭᠰᠢ ᠳᠤ ᠬᠦᠷᠭᠡᠨ᠎ᠡ᠃ | ︵ᠨᠠᠢᠮᠠ︶ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠡᠳᠬᠢᠯ ᠲᠠᠯᠪᠢᠨ ᠬᠠᠶᠢᠷ᠎ᠠ ᠰᠡᠳᠬᠢᠯᠭᠡ ᠲᠠᠢ ᠪᠠᠷ | ᠬᠦᠴᠦᠯᠡᠨ ᠰᠠᠶᠢᠲᠤᠷ ᠬᠢᠨ᠎ᠡ ᠠᠵᠢᠯ ᠣᠯᠭᠤᠬᠤ ᠪᠠ ᠠᠳᠠᠯ ᠦᠢᠯᠡᠰ ᠴᠣᠭᠴᠠᠯᠠᠬᠤ ᠶᠢ ︽ᠤᠯᠠᠨ ᠠᠷᠭ᠎ᠠ ᠵᠠᠮ︾ | ᠢᠶᠠᠷ ᠠᠬᠢᠭᠤᠯᠤᠨ᠎ᠠ᠃ ᠤᠯᠤᠰ ᠤᠨ ᠤᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠴᠢᠳᠠᠪᠤᠷᠢ ᠶᠢ | ᠳᠡᠭᠡᠭᠰᠢᠯᠡᠭᠦᠯᠬᠦ ᠵᠢᠱᠢᠶ᠎ᠡ ᠦᠵᠡᠭᠦᠯᠬᠦ ᠲᠦᠷᠦᠯ ᠵᠦᠢᠯ ᠢ ᠬᠡᠷᠡᠭᠵᠢᠭᠦᠯᠵᠦ᠂ ᠰᠢᠨ᠎ᠡ ᠪᠠᠷ ᠬᠤᠳᠠ ᠪᠠᠯᠭᠠᠰᠤᠨ ᠤ 6 | ᠲᠦᠮᠡ ᠠᠴᠠ ᠳᠡᠭᠡᠭᠰᠢ ᠬᠥᠮᠥᠨ ᠳᠤ ᠠᠵᠢᠯ ᠣᠯᠭᠤᠵᠤ᠂ ᠬᠥᠳᠡᠭᠡ ᠲᠣᠰᠬᠤᠨ ᠤ ᠬᠥᠳᠡᠯᠮᠦᠷᠢ ᠬᠦᠴᠦᠨ ᠢ 33 | ᠲᠦᠮᠡ ᠠᠴᠠ ᠳᠡᠭᠡᠭᠰᠢ ᠬᠥᠮᠥᠨ ᠢ ᠰᠢᠯᠵᠢᠭᠦᠯᠦᠨ ᠠᠵᠢᠯ ᠣᠯᠭᠤᠨ᠎ᠠ᠃ ︽ᠮᠡᠷᠭᠡᠵᠢᠯ ᠴᠢᠳᠠᠪᠤᠷᠢ ᠶᠢᠨ ᠬᠥᠬᠡᠬᠤᠲᠠ ᠶᠢᠨ | ᠠᠵᠢᠯᠯᠠᠭ᠎ᠠ︾ ᠶᠢ ᠥᠷᠨᠢᠭᠦᠯᠵᠦ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ 3 ᠲᠦᠮᠡᠨ | ᠬᠥᠮᠥᠨ ᠤᠳᠠᠭ᠎ᠠ ᠠᠴᠠ ᠳᠡᠭᠡᠭᠰᠢ ᠬᠢᠨ᠎ᠡ᠃ ︽ᠭᠤᠷᠪᠠᠨ ᠵᠢᠯ ᠳᠤ ᠠᠷᠪᠠᠨ ᠲᠦᠮᠡᠨ ᠣᠶᠤᠲᠠᠨ ᠢ ᠬᠥᠬᠡᠬᠤᠲᠠ ᠳᠤ | ᠦᠯᠡᠳᠡᠭᠡᠬᠦ ᠢᠨᠵᠧᠨᠧᠷᠢᠩ︾ ᠢ ᠶᠡᠬᠡᠪᠡᠷ ᠠᠬᠢᠭᠤᠯᠵᠤ᠂ 4 ᠲᠦᠮᠡ ᠠᠴᠠ ᠳᠡᠭᠡᠭᠰᠢ ᠣᠶᠤᠲᠠᠨ ᠢ ᠲᠠᠲᠠᠵᠤ ᠲᠡᠳᠡᠨ ᠢ | ᠬᠥᠬᠡᠬᠤᠲᠠ ᠳᠤ ᠦᠢᠯᠡᠰ ᠴᠣᠭᠴᠠᠯᠠᠭᠤᠯᠤᠨ ᠠᠵᠢᠯ ᠣᠯᠭᠤᠨ᠎ᠠ᠃ ︽ᠣᠷᠣᠢ ᠶᠢ ᠳᠡᠭᠡᠭᠰᠢᠯᠡᠭᠦᠯᠦᠨ ᠠᠮᠤ ᠶᠢ | ᠨᠥᠬᠦᠪᠦᠷᠢᠯᠡᠬᠦ︾ ᠪᠠᠷ ᠣᠷᠣᠨ ᠤ ᠲᠥᠪ ᠤᠨ ᠰᠤᠷᠭᠠᠨ ᠬᠥᠮᠦᠵᠢᠯ ᠢ ᠴᠢᠩᠭᠠᠳᠬᠠᠨ᠎ᠠ᠃ ︽ᠵᠥᠭᠡᠯᠡᠨ ᠲᠤᠨᠤᠭ᠂ ᠬᠠᠲᠠᠭᠤ | ᠲᠤᠨᠤᠭ︾ ᠵᠡᠷᠭᠡᠪᠡᠷ ᠬᠦᠴᠦᠯᠡᠬᠦ ᠶᠢ ᠪᠠᠷᠢᠮᠲᠠᠯᠠᠵᠤ᠂ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠢ | 62 ᠢ ᠰᠢᠨ᠎ᠡ ᠪᠠᠷ ᠪᠠᠶᠢᠭᠤᠯᠬᠤ ᠪᠠ ᠦᠷᠭᠦᠯᠵᠢᠯᠡᠨ ᠪᠠᠶᠢᠭᠤᠯᠵᠤ᠂ ︽ᠰᠤᠷᠭᠠᠭᠤᠯᠢ ᠶᠢᠨ ᠵᠠᠬᠢᠷᠤᠯ᠂ ᠪᠠᠭᠰᠢ᠂ ᠵᠢᠭᠠᠨ | ᠰᠤᠳᠤᠯᠤᠭᠴᠢ︾ ᠭᠤᠷᠪᠠᠨ ᠡᠩᠨᠡᠭᠡ ᠶᠢ ᠴᠢᠨᠠᠷ ᠰᠠᠶᠢᠲᠠᠢ ᠪᠠᠶᠢᠭᠤᠯᠤᠨ᠎ᠠ᠃ ᠰᠤᠷᠬᠤ ᠨᠠᠰᠤᠨ ᠠᠴᠠ ᠡᠮᠦᠨᠡᠬᠢ | ᠰᠤᠷᠭᠠᠨ ᠬᠥᠮᠦᠵᠢᠯ ᠢ ᠲᠦᠭᠡᠮᠡᠯᠵᠢᠭᠦᠯᠦᠨ ᠨᠡᠶᠢᠳᠡᠮ ᠬᠠᠷᠠᠭᠠᠯᠵᠠᠬᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠢ | ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠬᠥᠭᠵᠢᠭᠦᠯᠬᠦ ᠶᠢ ᠲᠦᠯᠬᠢᠨ ᠠᠬᠢᠭᠤᠯᠵᠤ᠂ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠪᠠ ᠶᠡᠭᠡ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠰᠢᠯᠭᠠᠯᠲᠠ ᠶᠢᠨ ᠶᠡᠷᠦᠩᠬᠡᠶᠢᠯᠡᠭᠰᠡᠨ | ᠥᠭᠡᠷᠡᠴᠢᠯᠡᠯᠲᠡ ᠶᠢ ᠲᠦᠷᠭᠡᠪᠴᠢᠯᠡᠨ ᠠᠬᠢᠭᠤᠯᠤᠨ᠎ᠠ᠃ ᠬᠥᠬᠡᠬᠤᠲᠠ ᠶᠢᠨ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ ᠶᠢᠨ ︽ᠬᠤᠣᠰ ᠳᠡᠭᠡᠳᠦ ᠰᠤᠷᠭᠠᠭᠤᠯᠢ︾ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠨ᠎ᠡ᠃ ᠳᠤᠮᠳᠠ | ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠦᠷᠢᠶᠡᠯᠡᠩ ᠲᠣᠭᠤᠷᠢᠭ ᠤᠨ ᠨᠢᠭᠡᠳᠦᠭᠡᠷ | ᠬᠤᠭᠤᠴᠠᠭᠠᠨ ᠤ ᠭᠤᠣᠯ ᠴᠣᠭᠴᠠ ᠶᠢᠨ ᠪᠠᠷᠢᠯᠭ᠎ᠠ ᠠᠵᠢᠯ ᠳᠠᠭᠤᠰᠬᠤ ᠶᠢ ᠠᠬᠢᠭᠤᠯᠤᠨ᠎ᠠ᠃ ︽ᠬᠤᠶᠠᠷ ᠢ ᠬᠥᠩᠭᠡᠷᠡᠭᠦᠯᠬᠦ︾ | ᠦᠷ᠎ᠡ ᠪᠦᠲᠦᠮᠵᠢ ᠶᠢ ᠪᠠᠲᠤᠳᠬᠠᠨ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ | ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠠᠯᠠᠭᠤᠨ ᠳᠤᠯᠠᠭᠠᠨ᠂ ᠴᠢᠨᠠᠷ ᠰᠠᠶᠢᠲᠠᠢ᠂ ᠠᠷᠠᠳ ᠲᠦᠮᠡᠨ ᠤ | ᠰᠠᠨᠠᠭᠠᠨ ᠳᠤ ᠨᠡᠶᠢᠴᠡᠭᠰᠡᠨ ᠰᠤᠷᠭᠠᠨ ᠬᠥᠮᠦᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠡᠷᠬᠢᠯᠡᠨ᠎ᠡ᠃ ︽ᠪᠦᠬᠦ | ᠦᠶᠡᠯᠡᠯ︾ ᠤᠨ ᠬᠤᠭᠤᠴᠠᠭ᠎ᠠ ᠪᠠᠷ ᠤᠯᠠᠨ ᠲᠦᠮᠡᠨ ᠤ ᠡᠷᠡᠭᠦᠯ ᠮᠡᠨᠳᠦ ᠶᠢ ᠪᠠᠲᠤᠯᠠᠨ᠎ᠠ᠃ ᠠᠯᠪᠠᠨ ᠠᠴᠠ | ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠥᠭᠡᠷᠡᠴᠢᠯᠡᠯᠲᠡ ᠬᠢᠭᠡᠳ ᠴᠢᠨᠠᠷ ᠰᠠᠶᠢᠲᠠᠢ ᠬᠥᠭᠵᠢᠯᠲᠡ ᠶᠢᠨ ᠵᠢᠱᠢᠶ᠎ᠡ | ᠦᠵᠡᠭᠦᠯᠬᠦ ᠲᠥᠷᠥᠯ ᠵᠦᠢᠯ ᠢ ᠬᠡᠷᠡᠭᠵᠢᠭᠦᠯᠵᠦ᠂ ᠠᠵᠢᠯᠲᠠᠨ ᠤ ᠶᠠᠪᠤᠳᠠᠯ ᠤᠨ ᠴᠠᠯᠢᠩ ᠬᠥᠯᠥᠰᠦ ᠶᠢᠨ ᠳᠦᠷᠢᠮ᠂ | ᠡᠮᠴᠢᠯᠡᠭᠡᠨ ᠤ ᠳᠠᠭᠠᠳᠬᠠᠯ ᠤᠨ DIP ᠲᠣᠭᠠᠴᠠᠭ᠎ᠠ ᠬᠢᠬᠦ ᠠᠷᠭ᠎ᠠ ᠮᠠᠶ᠋ᠢᠭ᠂ ᠡᠮᠴᠢᠯᠡᠭᠡᠨ ᠤ ᠦᠢᠯᠡᠴᠢᠯᠡᠭᠡᠨ ᠤ ᠦᠨ᠎ᠡ | ᠬᠠᠩᠰᠢ ᠶᠢᠨ ᠬᠥᠳᠡᠯᠦᠩᠭᠦᠢ ᠲᠣᠬᠢᠷᠠᠭᠤᠯᠤᠯᠲᠠ ᠪᠠ ᠡᠮ ᠤᠨ ᠵᠦᠢᠯ ᠡᠮᠴᠢᠯᠡᠭᠡᠨ ᠳᠤ ᠬᠡᠷᠡᠭᠯᠡᠬᠦ ᠬᠤᠷᠣᠭᠳᠠᠯ | ᠮᠠᠲ᠋ᠧᠷᠢᠶᠠᠯ ᠢ ᠲᠥᠪᠯᠡᠷᠡᠭᠦᠯᠦᠨ ᠬᠡᠮᠵᠢᠶ᠎ᠡ ᠲᠠᠢ ᠪᠠᠷ ᠬᠤᠳᠠᠯᠳᠤᠨ ᠠᠪᠬᠤ ᠵᠡᠷᠭᠡ ᠥᠭᠡᠷᠡᠴᠢᠯᠡᠯᠲᠡ ᠶᠢ ᠲᠦᠷᠭᠡᠳᠬᠡᠨ᠎ᠡ | ᠃ ᠬᠤᠲᠠ ᠶᠢᠨ ᠵᠡᠭᠦᠨ ᠳᠤ ᠪᠡᠭᠡᠵᠢᠩ ᠤᠨ ᠨᠥᠬᠦᠷᠯᠡᠯ ᠡᠮᠨᠡᠯᠭᠡ ᠶᠢᠨ ᠬᠤᠷᠢᠶ᠎ᠠ ︵ᠥᠪᠥᠷ ᠮᠣᠩᠭᠤᠯ ᠤᠨ ᠡᠮᠨᠡᠯᠭᠡ ᠶᠢᠨ | ᠬᠤᠷᠢᠶ᠎ᠠ︶ ᠶᠢᠨ ᠣᠷᠣᠨ ᠪᠦᠰᠡ ᠶᠢᠨ ᠡᠮᠴᠢᠯᠡᠭᠡᠨ ᠤ ᠲᠥᠪ ᠪᠠᠶᠢᠭᠤᠯᠬᠤ ᠶᠢ ᠲᠦᠯᠬᠢᠨ ᠠᠬᠢᠭᠤᠯᠵᠤ᠂ ᠬᠤᠲᠠ ᠶᠢᠨ | ᠪᠠᠷᠠᠭᠤᠨ ᠳᠤ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠴᠡᠯᠡᠭᠡᠷ ᠲᠠᠯ᠎ᠠ ᠬᠢᠲᠠᠳ | ᠮᠣᠩᠭᠤᠯ ᠡᠮᠨᠡᠯᠭᠡ ᠶᠢᠨ ᠬᠤᠷᠢᠶ᠎ᠠ ᠪᠠᠶᠢᠭᠤᠯᠬᠤ ᠶᠢ ᠲᠦᠯᠬᠢᠨ ᠠᠬᠢᠭᠤᠯᠤᠨ᠎ᠠ᠃ ᠨᠡᠶᠢᠰᠯᠡᠯ ᠬᠤᠲᠠ ᠪᠠ ᠣᠷᠣᠨ ᠤ | ᠲᠥᠪ ᠬᠤᠲᠠ ᠶᠢ ᠬᠤᠯᠪᠣᠭᠰᠠᠨ ︽ᠬᠤᠣᠰ ᠲᠥᠪ︾ ᠤᠨ ᠡᠷᠡᠭᠦᠯ ᠮᠡᠨᠳᠦ ᠶᠢᠨ ᠠᠵᠢᠯᠯᠠᠭ᠎ᠠ ᠶᠢ ᠭᠦᠨᠵᠡᠭᠡᠶᠢᠷᠡᠭᠦᠯᠵᠦ᠂ | ᠬᠤᠲᠠ ᠶᠢᠨ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠶᠢᠨ ᠤᠯᠤᠰ ᠤᠨ ᠬᠢᠲᠠᠳ ᠡᠮᠨᠡᠯᠭᠡ ᠶᠢᠨ ᠵᠡᠭᠦᠦ | ᠲᠥᠭᠡᠨᠡᠯᠭᠡ ᠶᠢᠨ ᠬᠤᠪᠢᠶᠠᠷᠢ ᠲᠥᠪ᠂ ᠤᠨᠲᠠᠯᠭ᠎ᠠ ᠶᠢᠨ ᠠᠨᠠᠭᠠᠬᠤ ᠤᠬᠠᠭᠠᠨ ᠤ ᠬᠤᠪᠢᠶᠠᠷᠢ ᠲᠥᠪ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠤᠨ᠎ᠠ᠃ ᠬᠤᠲᠠ ᠶᠢᠨ ᠬᠤᠶᠠᠳᠤᠭᠠᠷ ᠡᠮᠨᠡᠯᠭᠡ ᠶᠢᠨ ᠬᠤᠷᠢᠶ᠎ᠠ᠂ ᠮᠡᠳᠡᠷᠡᠯ ᠤᠨ ᠡᠷᠡᠭᠦᠯ | ᠬᠠᠮᠠᠭᠠᠯᠠᠯ ᠤᠨ ᠲᠥᠪ᠂ ᠠᠵᠢᠯ ᠤᠨ ᠨᠥᠯᠥᠭᠡᠨ ᠤ ᠡᠪᠡᠳᠴᠢᠨ ᠢ ᠰᠡᠷᠭᠡᠶᠢᠯᠡᠨ ᠵᠠᠰᠠᠬᠤ ᠬᠤᠷᠢᠶ᠎ᠠ᠂ ᠬᠢᠲᠠᠳ ᠮᠣᠩᠭᠤᠯ | ᠡᠮᠨᠡᠯᠭᠡ ᠶᠢᠨ ᠬᠤᠷᠢᠶ᠎ᠠ ᠶᠢᠨ ᠡᠮᠴᠢᠯᠡᠭᠡ ᠰᠤᠪᠢᠯᠠᠯᠲᠠ ᠶᠢᠨ ᠲᠥᠪ ᠵᠡᠷᠭᠡ ᠲᠥᠷᠥᠯ ᠵᠦᠢᠯ ᠢ ᠪᠠᠶᠢᠭᠤᠯᠵᠤ | ᠳᠠᠭᠤᠰᠬᠠᠭᠠᠳ ᠠᠰᠢᠭᠯᠠᠯᠲᠠ ᠳᠤ ᠣᠷᠣᠭᠤᠯᠤᠨ᠎ᠠ᠃ ᠬᠤᠲᠠ ᠶᠢᠨ ᠨᠢᠭᠡᠳᠦᠭᠡᠷ ᠡᠮᠨᠡᠯᠭᠡ ᠶᠢᠨ ᠬᠤᠷᠢᠶ᠎ᠠ ᠶᠢ | ᠭᠤᠷᠪᠠᠳᠤᠭᠠᠷ ᠳᠡᠰ ᠤᠨ ᠬᠥᠬᠡ ᠡᠮᠨᠡᠯᠭᠡ ᠶᠢᠨ ᠬᠤᠷᠢᠶ᠎ᠠ ᠪᠣᠯᠭᠠᠨ ᠪᠠᠶᠢᠭᠤᠯᠤᠨ᠎ᠠ᠃ ︽ᠢᠨᠲ᠋ᠧᠷ ᠰᠦᠯᠵᠢᠶᠡᠨ ᠤ | ᠡᠮᠨᠡᠯᠭᠡ ᠶᠢᠨ ᠬᠤᠷᠢᠶ᠎ᠠ︾ ᠶᠢ 2 ᠢ ᠰᠢᠨ᠎ᠡ ᠪᠠᠷ ᠪᠠᠶᠢᠭᠤᠯᠤᠨ᠎ᠠ᠃ ᠦᠨᠳᠦᠰᠦᠨ ᠱᠠᠲᠤᠨ ᠤ ᠡᠮᠴᠢᠯᠡᠭᠡᠨ ᠤ | ᠰᠢᠰᠲ᠋ᠧᠮᠵᠢ ᠶᠢ ᠲᠡᠭᠦᠯᠳᠡᠷᠵᠢᠭᠦᠯᠵᠦ᠂ ᠣᠷᠣᠨ ᠤ ᠭᠠᠳᠠᠨᠠᠬᠢ ᠰᠢᠯᠢᠳᠡᠭ ᠲᠤᠰᠬᠠᠢ ᠰᠠᠯᠠᠭᠠᠨ ᠤ ᠡᠮᠨᠡᠯᠭᠡ ᠶᠢᠨ ᠬᠤᠷᠢᠶ᠎ᠠ | ᠯᠤᠭ᠎ᠠ ᠬᠠᠮᠲᠤᠷᠠᠯᠴᠠᠬᠤ ᠡᠷᠴᠢᠮ ᠢᠶᠠᠨ ᠴᠢᠩᠭᠠᠷᠠᠭᠤᠯᠤᠨ᠂ ᠬᠤᠰᠢᠭᠤ ᠰᠢᠶᠠᠨ ᠲᠣᠭᠤᠷᠢᠭ ᠤᠨ ︽ᠨᠠᠷᠠᠲᠤ ᠲᠤᠰᠬᠠᠢ | ᠰᠠᠯᠠᠭ᠎ᠠ︾ ᠶᠢᠨ ᠡᠮᠨᠡᠯᠭᠡ ᠶᠢᠨ ᠬᠤᠷᠢᠶ᠎ᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠨᠡᠶᠢᠭᠡᠮ ᠲᠣᠭᠤᠷᠢᠭ ᠤᠨ | ᠡᠮᠨᠡᠯᠭᠡ ᠶᠢᠨ ᠬᠤᠷᠢᠶ᠎ᠠ ᠶᠢ 3 ᠶᠢ ᠡᠭᠦᠳᠦᠨ ᠪᠠᠶᠢᠭᠤᠯᠵᠤ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠲᠥᠪ ᠢ 2 ᠢ ᠰᠢᠨ᠎ᠡ ᠪᠠᠷ ᠪᠠᠶᠢᠭᠤᠯᠤᠨ᠎ᠠ᠃ ᠦᠨᠳᠦᠰᠦᠨ ᠱᠠᠲᠤᠨ ᠤ ᠡᠮᠴᠢᠯᠡᠭᠡᠨ ᠤ ᠡᠬᠢ | ᠪᠠᠶᠠᠯᠢᠭ ᠢ ᠨᠢᠭᠡᠳᠦᠯᠲᠡᠢ ᠲᠥᠯᠥᠪᠯᠡᠬᠦ ᠶᠢ ᠴᠢᠩᠭᠠᠳᠬᠠᠵᠤ᠂ ᠭᠤᠣᠯᠳᠠᠯᠭ᠎ᠠ ᠲᠠᠢ ᠬᠥᠮᠥᠰ ᠲᠤ ᠸᠠᠺᠼᠢᠨ ᠲᠠᠷᠢᠬᠤ ᠶᠢ | ᠲᠦᠯᠬᠢᠨ ᠠᠬᠢᠭᠤᠯᠤᠨ᠎ᠠ᠃ ᠭᠡᠷ ᠪᠦᠯᠢ ᠪᠠ ᠨᠡᠶᠢᠭᠡᠮ ᠲᠣᠭᠤᠷᠢᠭ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡ ᠶᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠨᠠᠰᠤᠵᠢᠯ ᠤᠨ ᠠᠰᠠᠷᠠᠮᠵᠢ ᠶᠢᠨ ᠨᠠᠶᠢᠳᠠᠨ | ᠬᠥᠮᠥᠵᠢᠭᠦᠯᠬᠦ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠤᠨ᠂ ᠭᠡᠷ ᠪᠦᠯᠢ ᠨᠡᠶᠢᠭᠡᠮ | ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ ᠶᠢ 30 ᠶᠢ ᠰᠢᠨ᠎ᠡ ᠪᠠᠷ ᠨᠡᠮᠡᠭᠳᠡᠭᠦᠯᠵᠦ᠂ | ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠨᠡᠩ ᠢᠯᠡᠭᠦᠦ ᠬᠠᠨᠳᠤᠯᠭ᠎ᠠ ᠲᠠᠢ ᠪᠠᠷ | ᠥᠷᠨᠢᠭᠦᠯᠵᠦ᠂ ᠣᠷᠣᠨ ᠤ ᠲᠥᠪ ᠤᠨ ᠤᠯᠠᠨ ᠲᠦᠮᠡᠨ ᠢ ᠡᠷᠡᠭᠦᠯ ᠴᠢᠭᠢᠷᠠᠭ ᠪᠡᠶ᠎ᠡ ᠮᠠᠬᠠᠪᠤᠳ ᠲᠠᠢ ᠪᠣᠯᠭᠠᠵᠤ᠂ ᠡᠷᠡᠭᠦᠯ | ᠴᠢᠭᠢᠷᠠᠭ ᠠᠮᠢᠳᠤᠷᠠᠯ ᠢ ᠡᠳ᠋ᠯᠡᠭᠦᠯᠦᠨ᠎ᠡ᠃ ︽ᠪᠦᠬᠦ ᠡᠯᠧᠮᠧᠨ᠋ᠲ︾ ᠢᠶᠠᠷ ᠣᠷᠣᠨ ᠤ ᠲᠥᠪ ᠤᠨ ᠠᠮᠤᠷ ᠠᠮᠤᠭᠤᠯᠠᠩ ᠢ | ᠰᠠᠬᠢᠨ ᠬᠠᠮᠠᠭᠠᠯᠠᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠪᠠᠷ ᠬᠠᠷᠠᠯᠲᠠ ᠪᠣᠯᠭᠠᠵᠤ᠂ | ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ︽ᠭᠤᠷᠪᠠᠨ ᠲᠥᠯᠥᠪᠯᠡᠭᠡ︾ ᠶᠢ ᠭᠦᠨᠵᠡᠭᠡᠢ | ᠨᠠᠶᠢᠳᠠᠪᠤᠷᠢᠵᠢᠭᠤᠯᠤᠨ᠎ᠠ᠃ ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ | ᠲᠤᠷᠰᠢᠯᠲᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ | ᠨᠡᠶᠢᠭᠡᠮ ᠲᠣᠭᠤᠷᠢᠭ ᠤᠨ ᠵᠠᠰᠠᠯᠲᠠ ᠶᠢᠨ ᠰᠢᠨ᠎ᠡ ᠶᠢ ᠡᠭᠦᠳᠬᠦ ᠲᠤᠷᠰᠢᠯᠲᠠ ᠶᠢᠨ ᠣᠷᠣᠨ ᠤ ᠪᠦᠲᠦᠭᠡᠨ | ᠪᠠᠶᠢᠭᠤᠯᠤᠯᠲᠠ ᠶᠢ ᠥᠷᠨᠢᠭᠦᠯᠦᠨ᠎ᠡ᠃ ︽12345︾ ᠵᠠᠭᠠᠯᠳᠤᠯᠭ᠎ᠠ ᠶᠢ ᠬᠦᠯᠢᠶᠡᠨ ᠠᠪᠤᠭᠰᠠᠨ ᠳᠠᠷᠤᠢ ᠰᠢᠢᠳᠪᠦᠷᠢᠯᠡᠬᠦ | ᠠᠵᠢᠯ ᠤᠨ ᠦᠷ᠎ᠡ ᠪᠦᠲᠦᠮᠵᠢ ᠶᠢ ᠪᠠᠬᠢᠵᠢᠭᠦᠯᠦᠨ ᠳᠡᠭᠡᠭᠰᠢᠯᠡᠭᠦᠯᠦᠨ᠎ᠡ᠃ ᠠᠶᠤᠯᠭᠦᠢ ᠦᠢᠯᠡᠳᠪᠦᠷᠢᠯᠡᠯ ᠤᠨ | ᠲᠦᠭᠰᠢᠭᠦᠷᠢ ᠶᠢᠨ ᠳᠠᠯᠳᠠ ᠬᠡᠮ ᠢ ᠶᠡᠬᠡᠪᠡᠷ ᠵᠢᠭᠰᠠᠭᠠᠨ ᠪᠠᠶᠢᠴᠠᠭᠠᠬᠤ᠂ ᠶᠡᠬᠡᠪᠡᠷ ᠴᠡᠭᠴᠡᠯᠡᠨ ᠵᠠᠰᠠᠬᠤ ᠠᠵᠢᠯᠯᠠᠭ᠎ᠠ ᠶᠢ | ᠦᠷᠭᠦᠯᠵᠢᠯᠡᠨ ᠥᠷᠨᠢᠭᠦᠯᠦᠨ᠎ᠡ᠃ ᠢᠳᠡᠭᠡᠨ ᠪᠠ ᠡᠮ ᠤᠨ ᠵᠦᠢᠯ ᠤᠨ ᠠᠶᠤᠯᠭᠦᠢ ᠶᠢᠨ ︽ᠳᠥᠷᠪᠡᠨ ᠬᠠᠮᠤᠭ ᠤᠨ | ᠴᠢᠩᠭ᠎ᠠ︾ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠯᠤᠰ ᠤᠨ ᠢᠳᠡᠭᠡᠨ ᠤ ᠠᠶᠤᠯᠭᠦᠢ ᠶᠢᠨ | ᠵᠢᠱᠢᠶ᠎ᠡ ᠦᠵᠡᠭᠦᠯᠬᠦ ᠬᠤᠲᠠ ᠪᠣᠯᠭᠠᠨ ᠡᠭᠦᠳᠦᠨ ᠪᠠᠶᠢᠭᠤᠯᠤᠨ᠎ᠠ᠃ ᠮᠥᠩᠭᠦᠨ ᠭᠦᠢᠯᠭᠡᠭᠡᠨ ᠤ ᠲᠦᠭᠰᠢᠭᠦᠷᠢ ᠶᠢ | ᠨᠠᠮᠳᠠᠭᠤᠯᠤᠨ ᠲᠣᠭᠲᠠᠭᠤᠨ ᠢᠶᠠᠷ ᠡᠵᠡᠮᠳᠡᠬᠦ ᠪᠠ ᠵᠠᠰᠠᠭ ᠤᠨ ᠣᠷᠳᠣᠨ ᠤ ᠲᠠᠯᠳᠠ ᠥᠷᠢ ᠥᠭᠴᠡᠭᠡ ᠶᠢ ᠠᠷᠢᠯᠭᠠᠬᠤ | ᠠᠵᠢᠯ ᠢ ᠰᠠᠶᠢᠲᠤᠷ ᠬᠢᠨ᠎ᠡ᠃ ᠠᠮᠤᠷ ᠠᠮᠤᠭᠤᠯᠠᠩ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠵᠢᠱᠢᠶ᠎ᠡ | ᠦᠵᠡᠭᠦᠯᠬᠦ ᠬᠤᠳᠠ ᠶᠢ ᠪᠠᠶᠢᠭᠤᠯᠬᠤ ᠪᠠᠷ ᠭᠤᠶᠤᠴᠢᠯᠠᠨ ᠮᠡᠳᠡᠭᠦᠯᠦᠨ᠎ᠡ᠃ ︽ᠪᠦᠬᠦ ᠤᠯᠤᠰ ᠤᠨ ᠬᠤᠶᠠᠷ ᠢ ᠬᠦᠷᠢᠶᠡᠯᠡᠬᠦ | ᠵᠢᠱᠢᠶᠡᠴᠢ ᠬᠤᠳᠠ︾ ᠶᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠦᠨ᠎ᠡ᠃ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠳᠠᠶᠢᠴᠢᠯᠠᠯᠲᠠ ᠪᠠ ᠪᠡᠯᠡᠳᠬᠡᠯ ᠬᠦᠴᠦᠨ ᠤ ᠪᠠᠶᠢᠭᠤᠯᠤᠯᠲᠠ ᠶᠢ ᠴᠢᠩᠭᠠᠳᠬᠠᠵᠤ᠂ ᠴᠡᠷᠢᠭ | ᠬᠥᠮᠥᠨ ᠤ ︽ᠠᠷᠤ ᠶᠢᠨ ᠭᠤᠷᠪᠠ︾ ᠪᠠ ᠴᠡᠷᠢᠭ ᠤᠨ ᠠᠯᠪᠠ ᠠᠴᠠ ᠬᠠᠯᠠᠭᠳᠠᠭᠰᠠᠳ ᠲᠤ ᠦᠢᠯᠡᠴᠢᠯᠡᠵᠦ ᠪᠠᠲᠤᠯᠠᠭ᠎ᠠ | ᠬᠠᠩᠭᠠᠬᠤ ᠠᠵᠢᠯ ᠢ ᠰᠠᠶᠢᠲᠤᠷ ᠬᠢᠨ᠎ᠡ᠃ ᠭᠤᠷᠪᠠ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ | ᠲᠠᠯ᠎ᠠ ᠪᠠᠷ ᠴᠢᠩᠭᠠᠳᠬᠠᠨ᠎ᠠ ᠦᠨᠡᠨᠴᠢ ᠰᠢᠳᠤᠷᠭᠤ ᠪᠠᠷ ᠬᠠᠷᠢᠭᠤᠴᠠᠯᠭ᠎ᠠ ᠡᠭᠦᠷᠭᠡᠯᠡᠬᠦ ᠳᠤᠮᠳᠠ ᠤᠯᠤᠰ ᠲᠦᠷᠦ ᠶᠢᠨ | ᠵᠣᠭᠰᠣᠯᠲᠠ ᠪᠠᠨ ᠪᠠᠲᠤᠳᠬᠠᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠡᠷᠡᠰ ᠪᠠᠲᠤ ᠰᠢᠲᠦᠭᠴᠢ᠂ ᠦᠨᠡᠨᠴᠢ ᠰᠢᠳᠤᠷᠭᠤ | ᠦᠢᠯᠡᠳᠦᠯᠭᠡᠵᠢᠭᠦᠯᠦᠭᠴᠢ ᠪᠣᠯᠬᠤ ᠶᠢ ᠡᠷᠡᠰ ᠭᠤᠶᠢᠪᠢᠰᠢ ᠦᠭᠡᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠬᠤᠶᠠᠷ ᠢ ᠲᠣᠭᠲᠠᠭᠠᠭᠰᠠᠨ︾ ᠤ | ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠲᠦᠷᠪᠡᠨ ᠤᠬᠠᠮᠰᠠᠷ︾ ᠢᠶᠠᠨ | ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠦᠨ᠎ᠡ᠃ | ᠢᠮᠠᠭᠲᠠ ᠬᠡᠬᠦᠳᠡᠭ ᠴᠡᠭᠡᠵᠢᠨ ᠳᠡᠭᠡᠨ ︽ᠬᠤᠶᠠᠷ ᠶᠡᠭᠡ ᠲᠠᠯ᠎ᠠ︾ ᠶᠢ ᠪᠠᠭᠲᠠᠭᠠᠵᠤ᠂ ︽ᠤᠯᠤᠰ ᠤᠨ ᠶᠡᠭᠡ ᠶᠠᠪᠤᠳᠠᠯ︾ ᠢ | ᠪᠤᠳᠤᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠣᠨ ᠨᠠᠮ ᠤᠨ ᠲᠥᠪ | ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠥᠪ ᠬᠤᠳᠠ ᠳᠤ ᠨᠠᠶᠢᠳᠠᠪᠤᠷᠢᠵᠢᠭᠤᠯᠤᠨ | ᠪᠣᠳᠠᠲᠠᠶᠢᠵᠢᠭᠤᠯᠤᠨ᠎ᠠ᠃ ᠬᠠᠤᠯᠢ ᠶᠣᠰᠣᠭᠠᠷ ᠵᠠᠰᠠᠭ ᠪᠠᠷᠢᠬᠤ ᠳᠤᠮᠳᠠ ᠬᠠᠤᠯᠢ ᠪᠠᠷ ᠵᠠᠰᠠᠬᠤ ᠬᠦᠴᠦᠨ ᠢ ᠢᠯᠡᠷᠡᠭᠦᠯᠦᠨ᠎ᠡ᠃ | ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠶᠡᠬᠡᠪᠡᠷ ᠲᠦᠯᠬᠢᠨ ᠠᠬᠢᠭᠤᠯᠵᠤ᠂ ᠤᠯᠠᠨ | ᠨᠡᠶᠢᠲᠡ ᠪᠠᠷ ᠢᠶᠠᠨ ᠣᠷᠣᠯᠴᠠᠬᠤ᠂ ᠲᠤᠰᠬᠠᠢ ᠮᠡᠷᠭᠡᠵᠢᠯᠲᠡᠨ ᠢᠶᠠᠷ ᠨᠤᠲᠠᠯᠠᠭᠤᠯᠬᠤ᠂ ᠲᠦᠭᠰᠢᠭᠦᠷᠢ ᠶᠢ ᠦᠨᠡᠯᠡᠨ ᠵᠢᠱᠢᠬᠦ᠂ | ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ᠂ ᠬᠠᠮᠲᠤ ᠪᠠᠷ ᠶᠠᠷᠢᠯᠴᠠᠬᠤ ᠵᠡᠷᠭᠡ ᠳᠡᠰ ᠳᠠᠷᠠᠭᠠᠯᠠᠯ ᠢ ᠵᠢᠷᠤᠮᠵᠢᠭᠤᠯᠵᠤ᠂ | ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠰᠢᠨᠵᠢᠯᠡᠬᠦ ᠤᠬᠠᠭᠠᠨᠴᠢᠯᠠᠬᠤ᠂ ᠠᠷᠠᠳᠴᠢᠯᠠᠬᠤ᠂ ᠬᠠᠤᠯᠢ ᠪᠠᠷ | ᠵᠠᠰᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ | ᠴᠢᠩᠳᠠᠯᠠᠵᠤ᠂ ᠬᠠᠤᠯᠢ ᠶᠣᠰᠣᠭᠠᠷ ᠵᠢᠷᠤᠮᠵᠢᠭᠤᠨ᠂ ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠵᠦ᠂ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠡᠷᠴᠢᠮ ᠲᠠᠢ ᠮᠥᠷᠲᠡᠭᠡᠨ ᠳᠤᠯᠠᠭᠠᠬᠠᠨ ᠪᠠᠶᠢᠯᠭᠠᠨ᠎ᠠ᠃ ᠬᠤᠳᠠ ᠶᠢᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠠᠤᠯᠢ | ᠴᠠᠭᠠᠵᠠ ᠶᠢᠨ ᠬᠢᠨᠠᠯᠲᠠ ᠪᠠ ᠠᠵᠢᠯ ᠤᠨ ᠬᠢᠨᠠᠯᠲᠠ ᠶᠢ ᠬᠠᠤᠯᠢ ᠶᠣᠰᠣᠭᠠᠷ ᠬᠦᠯᠢᠶᠡᠵᠦ᠂ ᠬᠤᠳᠠ ᠶᠢᠨ ᠤᠯᠤᠰ | ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠨᠡᠶᠢᠭᠡᠮ ᠤᠨ ᠪᠠ | ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ | ᠳᠤᠷᠠᠳᠤᠯᠭ᠎ᠠ ᠶᠢ ᠴᠢᠨᠠᠷ ᠰᠠᠶᠢᠲᠠᠢ ᠰᠠᠶᠢᠲᠤᠷ ᠰᠢᠢᠳᠪᠦᠷᠢᠯᠡᠵᠦ᠂ ᠵᠠᠰᠠᠭ ᠤᠨ ᠣᠷᠳᠣᠨ ᠤ ᠠᠯᠢᠪᠠ ᠡᠷᠬᠡ ᠶᠢ ᠴᠥᠮ | ᠢᠯᠡ ᠪᠠᠷ ᠬᠡᠷᠡᠭᠵᠢᠭᠦᠯᠦᠨ᠎ᠡ᠃ ᠲᠦᠷᠦᠭᠦᠯᠡᠨ ᠪᠣᠳᠠᠲᠠᠢ ᠪᠠᠷ ᠠᠵᠢᠯᠯᠠᠬᠤ ᠳᠤᠮᠳᠠ ᠰᠠᠶᠢᠨ ᠰᠠᠶᠢᠬᠠᠨ ᠰᠤᠷᠲᠠᠯ ᠢ ᠪᠤᠢ | ᠪᠣᠯᠭᠠᠨ᠎ᠠ᠃ ︽ᠠᠮᠵᠢᠯᠲᠠ ᠨᠢ ᠭᠠᠭᠴᠠ ᠮᠢᠨᠤ ᠭᠠᠪᠢᠶ᠎ᠠ ᠪᠢᠰᠢ᠂ ᠠᠮᠵᠢᠯᠲᠠ ᠣᠯᠬᠤ ᠳᠤ ᠵᠠᠪᠠᠯ ᠪᠢ ᠪᠠᠶᠢᠬᠤ︾ ᠬᠡᠬᠦᠳᠡᠭ | ᠴᠡᠭᠡᠵᠢ ᠪᠠᠷ᠂ ︽ᠠᠮᠢ ᠪᠠᠨ ᠴᠦᠯᠡᠨ ᠦᠬᠦᠨ ᠵᠢᠳᠬᠦᠬᠦ︾ ᠰᠢᠢᠳᠮᠡᠭᠡᠢ ᠵᠣᠷᠢᠭ ᠢᠶᠠᠷ᠂ ᠦᠨᠡᠨᠬᠦ ᠠᠳᠬᠤᠵᠤ ᠪᠣᠳᠠᠲᠠᠢ | ᠠᠵᠢᠯᠯᠠᠬᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ ᠰᠤᠷᠲᠠᠯ ᠢ ᠶᠡᠬᠡᠪᠡᠷ ᠪᠠᠳᠠᠷᠠᠭᠤᠯᠵᠤ᠂ ᠬᠠᠷᠢᠭᠤᠴᠠᠯᠭ᠎ᠠ ᠶᠢ | ᠬᠠᠷᠢᠯᠴᠠᠨ ᠲᠦᠯᠬᠢᠯᠴᠡᠬᠦ᠂ ᠶᠠᠭᠤ ᠴᠤ ᠬᠢᠵᠦ ᠪᠦᠲᠦᠭᠡᠬᠦ ᠦᠭᠡᠢ ᠪᠠᠶᠢᠬᠤ ᠶᠢ ᠡᠷᠡᠰ ᠡᠰᠡᠷᠭᠦᠴᠡᠨ᠎ᠡ︔ ᠵᠣᠷᠢᠭᠲᠠᠢ ᠪᠠᠷ | ᠲᠦᠷᠦᠭᠦᠯᠡᠬᠦ᠂ ᠥᠷᠢᠰᠦᠯᠳᠦᠨ ᠲᠡᠮᠡᠴᠡᠬᠦ ᠰᠤᠷᠲᠠᠯ ᠢ ᠶᠡᠬᠡᠪᠡᠷ ᠮᠠᠨᠳᠤᠭᠤᠯᠵᠤ᠂ ᠠᠯᠳᠠᠭ᠎ᠠ ᠭᠠᠷᠭᠠᠬᠤ ᠦᠭᠡᠢ ᠶᠢ ᠯᠡ | ᠪᠣᠳᠤᠵᠤ ᠮᠡᠷᠡᠶᠢᠨ ᠳᠡᠪᠰᠢᠬᠦ ᠦᠭᠡᠢ᠂ ᠤᠷᠤᠭᠰᠢᠯᠠᠨ ᠲᠠᠪᠰᠢᠬᠤ ᠶᠢ ᠪᠤᠳᠤᠬᠤ ᠦᠭᠡᠢ ᠰᠤᠷᠲᠠᠯ ᠢ ᠡᠷᠡᠰ ᠡᠰᠡᠷᠭᠦᠴᠡᠨ᠎ᠡ︔ | ᠬᠡᠯᠡᠭᠰᠡᠨ ᠳᠡᠭᠡᠨ ᠬᠦᠷᠴᠦ᠂ ᠢᠲᠡᠭᠡᠯ ᠢ ᠡᠷᠬᠢᠮᠯᠡᠬᠦ ᠰᠤᠷᠲᠠᠯ ᠢ ᠶᠡᠬᠡᠪᠡᠷ ᠮᠠᠨᠳᠤᠭᠤᠯᠵᠤ᠂ ᠬᠤᠭᠤᠰᠤᠨ ᠶᠠᠷᠢᠬᠤ᠂ | ᠦᠵᠡᠬᠦ ᠳᠤ ᠰᠠᠶᠢᠬᠠᠨ ᠴᠤ ᠦᠨᠡᠨ ᠳᠡᠭᠡᠨ ᠬᠡᠷᠡᠭ ᠦᠭᠡᠢ ᠪᠠᠶᠢᠬᠤ ᠶᠢ ᠡᠷᠡᠰ ᠡᠰᠡᠷᠭᠦᠴᠡᠨ᠎ᠡ︔ ᠠᠶᠤᠯ | ᠪᠡᠷᠬᠡᠰᠢᠶᠡᠯ ᠠᠴᠠ ᠰᠦᠷᠳᠡᠬᠦ ᠦᠭᠡᠢ᠂ ᠵᠣᠷᠢᠭᠲᠠᠢ ᠪᠠᠷ ᠲᠡᠮᠡᠴᠡᠬᠦ ᠰᠤᠷᠲᠠᠯ ᠢ ᠶᠡᠬᠡᠪᠡᠷ ᠮᠠᠨᠳᠤᠭᠤᠯᠵᠤ᠂ ᠡᠷᠡᠭᠡᠯᠵᠡᠵᠦ | ᠵᠢᠷᠦᠬᠡᠰᠢᠶᠡᠬᠦ᠂ ᠬᠤᠶᠢᠰᠢ ᠰᠠᠭᠤᠭᠠᠳ ᠤᠷᠤᠭᠰᠢᠯᠠᠬᠤ ᠦᠭᠡᠢ ᠪᠠᠶᠢᠬᠤ ᠶᠢ ᠡᠷᠡᠰ ᠡᠰᠡᠷᠭᠦᠴᠡᠵᠦ᠂ ᠣᠷᠣᠨ ᠤ ᠲᠥᠪ ᠢ | ᠬᠠᠶᠢᠷᠠᠯᠠᠬᠤ᠂ ᠣᠷᠣᠨ ᠤ ᠲᠥᠪ ᠢ ᠬᠦᠴᠦᠷᠬᠡᠭᠵᠢᠭᠦᠯᠬᠦ ᠶᠠᠪᠤᠳᠠᠯ ᠢ ᠵᠠᠰᠠᠭ ᠤᠨ ᠣᠷᠳᠣᠨ ᠤ ᠠᠵᠢᠯ ᠤᠨ ᠢᠯᠡ ᠲᠣᠳᠣ | ᠣᠨᠴᠠᠯᠢᠭ ᠪᠣᠯᠭᠠᠨ᠎ᠠ᠃ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠳᠤᠮᠳᠠ ᠪᠦᠬᠦ ᠲᠠᠯ᠎ᠠ ᠪᠠᠷ ᠨᠠᠮ ᠢ ᠴᠢᠩᠭ᠎ᠠ | ᠵᠠᠰᠠᠨ᠎ᠠ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠡᠭᠦᠷᠭᠡᠯᠡᠬᠦ︾ ᠶᠢ ᠨᠠᠷᠢᠨ ᠬᠢᠨᠠᠮᠠᠭᠠᠢ | ᠭᠦᠢᠴᠡᠳᠬᠡᠵᠦ᠂ ᠤᠯᠠᠨ ᠲᠦᠮᠡᠨ ᠤ ᠳᠡᠷᠭᠡᠳᠡᠬᠢ ᠢᠯᠵᠠᠷᠠᠯ ᠤᠨ ᠠᠰᠠᠭᠤᠳᠠᠯ ᠪᠣᠯᠣᠨ ᠲᠥᠪ ᠪᠤᠰᠤ ᠰᠤᠷᠲᠠᠯ ᠳᠤ | ᠥᠴᠥᠬᠡᠨ ᠴᠦ ᠢᠯᠳᠠᠷ ᠬᠠᠶᠠᠬᠤ ᠦᠭᠡᠢ ᠰᠡᠷᠡᠮᠵᠢ ᠲᠠᠢ ᠪᠠᠶᠢᠨ᠎ᠠ︔ ᠭᠤᠣᠯᠳᠠᠯᠭ᠎ᠠ ᠲᠠᠢ ᠬᠦᠷᠢᠶᠡᠨ ᠳᠠᠬᠢ | ᠢᠯᠵᠠᠷᠠᠯ ᠤᠨ ᠠᠰᠠᠭᠤᠳᠠᠯ ᠳᠤ ᠥᠴᠥᠬᠡᠨ ᠴᠦ ᠢᠯᠳᠠᠷ ᠬᠠᠶᠠᠬᠤ ᠦᠭᠡᠢ ᠬᠦᠴᠦᠯᠡᠴᠡ ᠶᠢ ᠪᠠᠷᠢᠮᠲᠠᠯᠠᠨ᠎ᠠ᠃ | ︽ᠠᠷᠪᠢᠯᠠᠨ ᠭᠠᠮᠨᠠᠬᠤ︾ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠡᠩ ᠤᠨ ᠴᠢᠨᠠᠷᠲᠠᠢ᠂ ᠴᠢᠬᠤᠯᠠ ᠪᠤᠰᠤ | ᠵᠠᠷᠤᠯᠭ᠎ᠠ ᠶᠢ ᠪᠠᠭᠠᠰᠬᠠᠨ᠎ᠠ᠃ ᠵᠠᠰᠠᠭ ᠤᠨ ᠣᠷᠳᠣᠨ ᠤ ᠰᠢᠰᠲ᠋ᠧᠮ ᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ | ᠵᠠᠰᠠᠭ ᠤᠨ ᠠᠵᠢᠯ ᠳᠤ ᠬᠢᠴᠢᠶᠡᠨ ᠵᠢᠳᠬᠦᠵᠦ᠂ ᠪᠡᠶ᠎ᠡ ᠪᠠᠨ ᠴᠢᠩᠭ᠎ᠠ ᠱᠠᠭᠠᠷᠳᠠᠵᠤ᠂ ᠠᠷᠢᠭᠤᠨ ᠴᠢᠬᠡᠴᠢ ᠪᠠᠷ ᠬᠥᠮᠥᠨ | ᠪᠣᠯᠵᠤ᠂ ᠴᠡᠪᠡᠷ ᠴᠢᠬᠡᠴᠢ ᠪᠠᠷ ᠠᠵᠢᠯ ᠶᠠᠪᠤᠳᠠᠯ ᠬᠢᠵᠦ᠂ ᠦᠨᠡᠨᠬᠦ ᠦᠨᠡᠨᠴᠢ ᠰᠢᠳᠤᠷᠭᠤ ᠠᠷᠢᠭᠤᠨ ᠴᠢᠬᠡᠴᠢ | ᠬᠠᠷᠢᠭᠤᠴᠠᠯᠭ᠎ᠠ ᠡᠭᠦᠷᠭᠡᠯᠡᠳᠡᠭ ᠠᠵᠢᠯ ᠬᠢᠵᠦ ᠦᠢᠯᠡᠰ ᠪᠦᠲᠦᠭᠡᠬᠦ ᠡᠩᠨᠡᠭᠡ ᠪᠣᠯᠣᠨ᠎ᠠ᠃ ᠲᠥᠯᠥᠭᠡᠯᠡᠭᠴᠢᠳ ᠠ᠋︕ | ᠰᠢᠨ᠎ᠡ ᠵᠢᠷᠤᠭ ᠲᠥᠰᠥᠪ ᠢ ᠨᠢᠭᠡᠨᠲᠡ ᠵᠢᠷᠤᠭᠯᠠᠵᠤ᠂ ᠰᠢᠨ᠎ᠡ ᠠᠶᠠᠨ ᠡᠬᠢᠯᠡᠵᠦ ᠪᠠᠶᠢᠨ᠎ᠠ᠃ ᠪᠢᠳᠡ ᠰᠢ ᠶᠢᠨ ᠫᠢᠩ | ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠬᠤᠳᠠ ᠶᠢᠨ ᠨᠠᠮ ᠤᠨ | ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠦᠵᠡᠯ ᠰᠠᠨᠠᠭ᠎ᠠ ᠪᠠᠨ ᠴᠢᠯᠦᠭᠡᠯᠡᠵᠦ᠂ ᠵᠠᠮ ᠨᠡᠭᠡᠭᠡᠨ | ᠰᠢᠨ᠎ᠡ ᠶᠢ ᠡᠭᠦᠳᠴᠦ᠂ ᠰᠢᠷᠭᠠᠭᠤ ᠬᠠᠲᠠᠭᠤᠵᠢᠯᠲᠠᠢ ᠠᠵᠢᠯᠯᠠᠵᠤ᠂ ᠡᠷᠡᠰ ᠰᠢᠭᠤᠷᠬᠠᠢ ᠪᠠᠷ ᠤᠷᠤᠭᠰᠢᠯᠠᠨ ᠳᠠᠪᠰᠢᠵᠤ᠂ | ᠪᠣᠳᠠᠲᠤ ᠠᠵᠢᠯᠯᠠᠭ᠎ᠠ ᠪᠠᠷ ᠢᠶᠠᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠥᠪ ᠬᠤᠲᠠ ᠶᠢᠨ | ᠰᠢᠨ᠎ᠡ ᠬᠠᠭᠤᠳᠠᠰᠤ ᠶᠢ ᠪᠢᠴᠢᠭᠯᠡᠵᠡᠭᠡᠶ᠎ᠡ︕ |