ᠲᠣᠭᠲᠠᠭᠤᠨ ᠢᠶᠠᠷ ᠠᠵᠢᠯᠯᠠᠵᠤ ᠬᠥᠭᠵᠢᠯᠲᠡ ᠶᠢ ᠠᠬᠢᠭᠤᠯᠵᠤ ᠰᠢᠨ᠎ᠡ ᠪᠠᠶᠢᠳᠠᠯ ᠢ ᠨᠡᠭᠡᠭᠡᠶ᠎ᠡ
ᠨᠡᠶᠢᠲᠡᠯᠡᠭᠰᠡᠨ ᠴᠠᠭ᠄
2023/7/19
ᠵᠣᠴᠢᠨ᠄ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ  ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠴᠢ ᠰᠢᠶᠤᠤ ᠵᠢᠤᠸᠠᠨ᠂ ᠲᠥᠰᠦᠪ ᠤᠨ ᠰᠠᠯᠠᠭᠠᠨ ᠤ ᠳᠡᠳ᠋ ᠳᠠᠷᠤᠭ᠎ᠠ  ᠰᠠᠶᠢᠶᠠ                1.ᠬᠠᠮᠢᠶᠠᠷᠤᠭᠴᠢ               ᠲᠣᠰ ᠤᠳᠠᠭᠠᠨ ᠤ ᠰᠤᠷᠪᠤᠯᠵᠢᠯᠠᠭ᠎ᠠ ᠪᠣᠯ ᠬᠥᠬᠡᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ ᠬᠢᠭᠡᠳ  ᠬᠥᠬᠡᠬᠤᠲᠠ ᠶᠢᠨ ᠷᠠᠳᠢᠣ᠋ ᠲᠧᠯᠸᠢᠰ ᠬᠤᠷᠢᠶ᠎ᠠ ᠶᠢᠨ ᠤᠳᠬ᠎ᠠ ᠤᠷᠠᠯᠢᠭ ᠷᠠᠳᠢᠣ᠋ ᠨᠡᠪᠲᠡᠷᠡᠭᠦᠯᠭᠡ ᠶᠢᠨ ᠬᠠᠮᠲᠤᠷᠠᠭᠰᠠᠨ  ᠲᠤᠰᠬᠠᠶ ᠰᠤᠷᠪᠤᠯᠵᠢᠯᠠᠭ᠎ᠠ ᠪᠣᠯᠤᠨ᠎ᠠ᠂ ᠰᠦᠯᠵᠢᠶᠡᠨ ᠠᠨᠳᠠ ᠨᠠᠷ ᠰᠦᠯᠵᠢᠶᠡᠨ ᠳᠡᠭᠡᠷ᠎ᠡ ᠦᠭᠡ ᠦᠯᠡᠳᠡᠭᠡᠵᠦ  ᠵᠣᠴᠢᠳ ᠲᠠᠢ ᠰᠠᠨᠠᠯ ᠢᠶᠠᠨ ᠰᠣᠯᠢᠯᠴᠠᠵᠤ ᠪᠣᠯᠤᠨ᠎ᠠ᠂ ᠰᠦᠯᠵᠢᠶᠡᠨ ᠠᠨᠳᠠ ᠨᠠᠷ ᠤᠨ ᠢᠳᠡᠪᠬᠢᠲᠡᠶ ᠣᠷᠣᠯᠴᠠᠬᠤ ᠶᠢ  ᠪᠠᠶᠠᠷᠯᠠᠨ ᠤᠭᠲᠤᠵᠤ ᠪᠠᠶᠢᠨ᠎ᠠ᠃               2. ᠬᠥᠲᠥᠯᠥᠭᠴᠢ               ᠰᠠᠶ᠋ᠢᠬᠠᠨ ᠦᠨᠳᠦᠷᠯᠡᠭᠰᠡᠨ ᠥᠪᠡᠷᠲᠡᠭᠡᠨ ᠵᠠᠰᠠᠬᠤ ᠣᠷᠣᠨ ᠤ ︽ᠬᠤᠶᠠᠷ ᠬᠤᠷᠠᠯ︾ ᠳᠡᠭᠡᠷ᠎ᠡ᠂ ᠰᠦᠨ ᠱᠣᠤ  ᠴᠧᠩ ᠱᠦᠵᠢ ᠬᠥᠬᠡᠬᠤᠲᠠ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠳᠠᠭᠠᠨ᠂  ᠣᠷᠣᠨ ᠤ ᠲᠥᠪ ᠬᠤᠲᠠ ᠶᠢᠨ ᠠᠵᠢᠯ ᠳᠤ ᠰᠢᠨ᠎ᠡ ᠬᠦᠰᠡᠯ ᠡᠷᠡᠮᠡᠯᠵᠡᠯ ᠳᠤᠷᠠᠳᠴᠤ᠂ ᠣᠷᠣᠨ ᠤ ᠲᠥᠪ ᠬᠤᠲᠠ  ᠲᠦᠷᠦᠭᠦᠯᠡᠨ ᠬᠥᠭᠵᠢᠯᠲᠡ ᠶᠢ ᠠᠳᠬᠤᠵᠤ᠂ ᠬᠥᠭᠵᠢᠯᠲᠡ ᠪᠠᠨ ᠲᠦᠷᠭᠡᠳᠬᠡᠵᠦ᠂ ᠥᠪᠡᠷᠲᠡᠭᠡᠨ ᠵᠠᠰᠠᠬᠤ ᠣᠷᠣᠨ ᠳᠤ  ᠢᠯᠡᠭᠦᠬᠡᠨ ᠬᠤᠪᠢ ᠨᠡᠮᠡᠷᠢ ᠦᠵᠡᠭᠦᠯᠬᠦ ᠶᠢ ᠬᠦᠰᠡᠪᠡ᠃ ᠲᠡᠭᠡᠪᠡᠯ ᠰᠠᠶ᠋ᠢᠬᠠᠨ ᠥᠩᠭᠡᠷᠡᠭᠰᠡᠨ 2022 ᠣᠨ ᠳᠤ᠂  ᠣᠷᠣᠨ ᠤ ᠲᠥᠪ ᠬᠤᠲᠠ ᠶᠢᠨ ᠡᠳ᠋ ᠤᠨ ᠵᠠᠰᠠᠭ ᠤᠨ ᠰᠠᠯᠠᠭ᠎ᠠ ᠮᠥᠴᠢᠷ ᠮᠠᠨ ᠤ ᠬᠤᠲᠠ ᠶᠢᠨ ᠠᠵᠤ ᠠᠬᠤᠶ  ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠪᠠᠲᠤᠯᠠᠬᠤ ᠲᠠᠯ᠎ᠠ ᠪᠠᠷ ᠶᠠᠮᠠᠷ ᠶᠠᠮᠠᠷ ᠬᠤᠪᠢ ᠨᠡᠮᠡᠷᠢ ᠦᠵᠡᠭᠦᠯᠦᠭᠰᠡᠨ  ᠪᠣᠶ︖ 2023 ᠣᠨ ᠳᠤ ᠶᠠᠮᠠᠷ ᠶᠠᠮᠠᠷ ᠠᠵᠢᠯ ᠢ ᠭᠤᠤᠯᠳᠠᠯᠭ᠎ᠠ ᠲᠠᠢ ᠰᠠᠶᠢᠲᠤᠷ ᠬᠢᠬᠦ ᠪᠣᠶ︖ ᠥᠨᠥᠳᠦᠷ ᠤᠨ  ᠫᠷᠤᠭ᠍ᠷᠠᠮ ᠳᠤ᠂ ᠪᠢᠳᠡ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠳᠡᠳ᠋ ᠳᠠᠷᠤᠭ᠎ᠠ ᠴᠢ ᠰᠢᠶᠤᠤ  ᠵᠢᠤᠸᠠᠨ ᠪᠣᠯᠤᠨ ᠲᠥᠰᠦᠪ ᠤᠨ ᠰᠠᠯᠠᠭᠠᠨ ᠤ ᠳᠡᠳ᠋ ᠳᠠᠷᠤᠭ᠎ᠠ ᠶᠢ ᠣᠨᠴᠠᠭᠠᠶᠢᠯᠠᠨ ᠤᠷᠢᠵᠤ᠂ ︽ᠠᠵᠢᠯᠯᠠᠭᠠᠨ ᠢ  ᠲᠣᠭᠲᠠᠭᠤᠨ ᠪᠠᠶᠢᠯᠭᠠᠵᠤ᠂ ᠬᠥᠭᠵᠢᠯᠲᠡ ᠶᠢ ᠠᠬᠢᠭᠤᠯᠤᠨ᠂ ᠰᠢᠨ᠎ᠡ ᠪᠠᠶᠢᠳᠠᠯ ᠢ ᠨᠡᠭᠡᠭᠡᠬᠦ︾ ᠶᠢᠨ ᠲᠣᠭᠤᠷᠢᠨ ᠳᠤ  ᠰᠦᠯᠵᠢᠶᠡᠨ ᠤ ᠠᠨᠳᠠ ᠨᠠᠷ ᠪᠣᠯᠤᠨ ᠰᠣᠨᠣᠰᠤᠭᠴᠢᠳ ᠲᠠᠢ ᠰᠦᠯᠵᠢᠶᠡᠨ ᠳᠡᠭᠡᠷ᠎ᠡ ᠰᠠᠨᠠᠯ ᠢᠶᠠᠨ ᠰᠣᠯᠢᠯᠴᠠᠪᠠ᠃               3. ᠬᠥᠲᠥᠯᠥᠭᠴᠢ               ᠮᠠᠨ ᠤ ᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ  ᠬᠤᠷᠠᠯ ᠤᠨ ᠬᠤᠶᠠᠳᠤᠭᠠᠷ ᠬᠤᠷᠠᠯ ᠳᠡᠭᠡᠷ᠎ᠡ᠂ ᠾᠧ ᠬᠠᠶ ᠳ᠋ᠦᠩ ᠬᠤᠲᠠ ᠶᠢᠨ ᠳᠠᠷᠤᠭ᠎ᠠ ᠵᠠᠰᠠᠭ ᠤᠨ ᠣᠷᠳᠣᠨ ᠤ  ᠠᠵᠢᠯ ᠤᠨ ᠢᠯᠡᠳᠬᠡᠯ ᠬᠢᠬᠦ ᠳᠡᠭᠡᠨ ᠵᠢᠭᠠᠵᠤ ᠭᠠᠷᠭᠠᠭᠰᠠᠨ ᠨᠢ᠂ 2022 ᠣᠨ ᠪᠣᠯ ᠲᠦᠢᠯ ᠤᠨ ᠶᠡᠷᠦ ᠪᠤᠰᠤ ᠶᠢᠨ᠂  ᠲᠦᠢᠯ ᠤᠨ ᠬᠦᠴᠢᠷ ᠪᠡᠷᠬᠡᠰᠢᠶᠡᠯ ᠲᠠᠢ᠂ ᠲᠦᠢᠯ ᠤᠨ ᠮᠠᠷᠲᠠᠭᠳᠠᠰᠢ ᠥᠬᠡᠶ ᠨᠢᠭᠡ ᠵᠢᠯ ᠮᠥᠨ᠂ ᠪᠥᠬᠦ  ᠬᠤᠲᠠ ᠪᠠᠷ ᠢᠶᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠥᠪᠡᠷᠲᠡᠭᠡᠨ ᠵᠠᠰᠠᠬᠤ  ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠲᠠ ᠶᠢᠨ ᠨᠠᠮ ᠤᠨ ᠬᠤᠷᠢᠶ᠎ᠠ ᠶᠢᠨ ᠡᠯ᠎ᠡ ᠵᠦᠶ᠋ᠯ ᠤᠨ  ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠵᠤ᠂ ᠤᠯᠤᠰ ᠤᠨ  ᠳᠣᠲᠣᠭᠠᠳᠤ ᠶᠢᠨ ᠠᠵᠤ ᠠᠬᠤᠶ ᠶᠢᠨ ᠪᠠᠭᠤᠷᠠᠯᠲᠠ ᠪᠠ ᠬᠢᠵᠢᠭ ᠤᠨ ᠪᠠᠶᠢᠳᠠᠯ ᠤᠨ ᠳᠠᠬᠢᠨ ᠳᠠᠪᠲᠠᠨ ᠳᠠᠭᠠᠷᠢᠯᠲᠠ ᠶᠢᠨ  ᠳᠠᠪᠬᠤᠴᠠᠭᠰᠠᠨ ᠨᠥᠯᠥᠭᠡ ᠶᠢ ᠪᠦᠲᠦᠮᠵᠢᠲᠡᠶ ᠠᠷᠭᠠᠴᠠᠭᠠᠳ ᠬᠢᠯᠪᠠᠷ ᠪᠤᠰᠤ ᠪᠠᠷ᠂ ᠬᠤᠪᠣᠷ ᠨᠠᠨᠳᠢᠨ ᠬᠥᠭᠵᠢᠯᠲᠡ ᠶᠢᠨ  ᠠᠮᠵᠢᠯᠲᠠ ᠪᠦᠲᠦᠮᠵᠢ ᠶᠢ ᠣᠯᠤᠭᠰᠠᠨ ᠪᠠᠶᠢᠨ᠎ᠠ᠃ ᠲᠡᠭᠡᠪᠡᠯ᠂ 2022 ᠣᠨ ᠳᠤ᠂ ᠮᠠᠨ ᠤ ᠬᠤᠲᠠ ᠶᠢᠨ ᠡᠳ᠋ ᠤᠨ  ᠵᠠᠰᠠᠭ ᠤᠨ ᠲᠥᠰᠦᠪ ᠢ ᠭᠦᠢᠴᠡᠳᠬᠡᠭᠰᠡᠨ ᠪᠠᠶᠢᠳᠠᠯ ᠶᠠᠮᠠᠷ ᠵᠡᠷᠭᠡ ᠪᠣᠢ︖             4. ᠲᠥᠰᠦᠪ ᠤᠨ ᠰᠠᠯᠠᠭᠠᠨ ᠤ ᠳᠡᠳ᠋ ᠳᠠᠷᠤᠭ᠎ᠠ ᠰᠠᠶᠢᠶᠠ
 
             2022 ᠣᠨ ᠳᠤ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠲᠤ ᠴᠢᠩᠭ᠎ᠠ  ᠤᠳᠤᠷᠢᠳᠤᠯᠭ᠎ᠠ ᠳᠣᠣᠷ᠎ᠠ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ  ᠪᠠᠶᠢᠩᠭᠤ ᠶᠢᠨ ᠬᠤᠷᠢᠶᠠᠨ ᠤ ᠬᠢᠨᠠᠯᠲᠠ ᠳᠡᠮᠵᠢᠯᠭᠡ ᠳᠣᠣᠷ᠎ᠠ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ  ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ  ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠵᠢᠴᠢ ᠤᠳᠠᠭ᠎ᠠ ᠪᠦᠷᠢ ᠶᠢᠨ ᠪᠦᠭᠦᠳᠡ ᠬᠤᠷᠠᠯ ᠤᠨ  ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ  ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ  ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ  ᠲᠠᠯ᠎ᠠ ᠪᠠᠷ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂  ᠣᠨᠣᠪᠴᠢᠲᠠᠶ᠂ ᠪᠥᠬᠦ ᠲᠠᠯ᠎ᠠ ᠪᠠᠷ ᠲᠤᠭᠤᠰᠢᠯᠠᠭᠤᠯᠵᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ  ᠤᠷᠤᠭᠰᠢᠯᠠᠭᠤᠯᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠨ᠂ ᠬᠤᠶᠠᠷ ᠡᠭᠡᠯᠵᠢ ᠶᠢᠨ ᠶᠡᠭᠡ ᠬᠡᠪᠴᠢᠶᠡᠨ ᠤ  ᠬᠢᠵᠢᠭ ᠤᠨ ᠪᠠᠶᠢᠳᠠᠯ ᠤᠨ ᠳᠠᠭᠠᠷᠢᠯᠲᠠ ᠪᠠ ᠠᠵᠤ ᠠᠬᠤᠶ ᠶᠢᠨ ᠪᠠᠭᠤᠷᠠᠯᠲᠠ ᠶᠢᠨ ᠳᠠᠷᠤᠯᠲᠠ ᠶᠢ ᠢᠳᠡᠪᠬᠢᠲᠡᠶ  ᠠᠷᠭᠠᠴᠠᠭᠠᠵᠤ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ︽ᠵᠢᠷᠭᠤᠭ᠎ᠠ ᠶᠢ ᠪᠠᠲᠤᠯᠠᠬᠤ︾ ᠶᠢ ᠯᠠᠪᠳᠠᠭᠤᠨ ᠢᠶᠠᠷ  ᠠᠬᠢᠭᠤᠯᠤᠨ᠂ ᠵᠠᠷᠤᠯᠭ᠎ᠠ ᠶᠢᠨ ᠪᠦᠲᠦᠴᠡ ᠶᠢᠨ ᠪᠠᠲᠤᠯᠠᠭ᠎ᠠ ᠶᠢᠨ ᠭᠤᠤᠯᠳᠠᠯᠭ᠎ᠠ ᠲᠠᠢ ᠡᠭᠦᠷᠭᠡ ᠶᠢ ᠲᠠᠰᠤᠷᠠᠯᠲᠠ ᠥᠬᠡᠶ  ᠰᠢᠯᠢᠳᠡᠭᠵᠢᠭᠦᠯᠵᠦ᠂ ᠪᠥᠬᠦ ᠬᠤᠲᠠ ᠶᠢᠨ ᠲᠥᠰᠦᠪ ᠢ ᠭᠦᠢᠴᠡᠳᠭᠡᠭᠰᠡᠨ ᠪᠠᠶᠢᠳᠠᠯ ᠶᠡᠷᠦᠩᠬᠡᠶ ᠳᠡᠭᠡᠨ ᠰᠠᠶᠢᠨ ᠪᠠᠶᠢᠨ᠎ᠠ᠃              ᠪᠦᠬᠦ ᠬᠤᠲᠠ ᠶᠢᠨ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ ᠠᠴᠠ  ᠦᠵᠡᠪᠡᠯ᠂ ᠤᠷᠤᠯᠭ᠎ᠠ ᠶᠢ 230.87 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠨᠢᠳᠤᠨᠤᠨ ᠤ ᠬᠢ ᠠᠴᠠ 0. 85% ᠪᠠᠷ ᠨᠡᠮᠡᠭᠳᠡᠨ᠂ ᠣᠷᠣᠯᠭ᠎ᠠ ᠶᠢᠨ ᠶᠡᠷᠦᠩᠬᠡᠶ ᠬᠡᠮᠵᠢᠶ᠎ᠡ ᠪᠥᠬᠦ ᠣᠷᠣᠨ ᠳᠤ ᠬᠤᠶᠠᠳᠤᠭᠠᠷ ᠲᠤ ᠵᠢᠭᠰᠠᠭᠠᠭᠳᠠᠪᠠ᠃ ᠡᠭᠦᠨ ᠤ ᠳᠡᠭᠡᠷ᠎ᠡ ᠳᠡᠭᠡᠳᠦ ᠱᠠᠲᠤᠨ ᠤ ᠨᠥᠬᠦᠪᠥᠷᠢ ᠶᠢᠨ ᠣᠷᠣᠯᠭ᠎ᠠ 267.43 ᠳ᠋ᠦᠩᠰᠢᠭᠤᠷ ᠲᠥᠭᠦᠷᠢᠭ᠂  ᠡᠩ ᠤᠨ ᠵᠢᠭᠡᠯᠡᠯᠭᠡ ᠶᠢᠨ ᠲᠡᠮᠳᠡᠭᠲᠦ ᠶᠢ ᠰᠢᠯᠵᠢᠭᠦᠯᠦᠨ ᠵᠢᠭᠡᠯᠡᠭᠦᠯᠦᠭᠰᠡᠨ ᠣᠷᠣᠯᠭ᠎ᠠ 43.5 ᠳ᠋ᠦᠩᠰᠢᠭᠤᠷ ᠲᠥᠭᠦᠷᠢᠭ᠂ ᠳᠡᠭᠡᠷ᠎ᠡ ᠵᠢᠯ ᠤᠨ ᠦᠯᠡᠳᠡᠪᠦᠷᠢ 135.74 ᠳ᠋ᠦᠩᠰᠢᠭᠤᠷ ᠲᠥᠭᠦᠷᠢᠭ᠂ ᠲᠥᠰᠦᠪ ᠤᠨ ᠲᠣᠭᠲᠠᠪᠤᠷᠢᠵᠢᠭᠤᠯᠤᠨ ᠲᠣᠬᠢᠷᠠᠭᠤᠯᠬᠤ ᠰᠠᠭᠤᠷᠢ ᠮᠥᠩᠭᠦ ᠶᠢ 3 ᠳ᠋ᠦᠩᠰᠢᠭᠤᠷ ᠲᠥᠭᠦᠷᠢᠭ ᠢ ᠬᠥᠳᠡᠯᠭᠡᠨ ᠬᠡᠷᠡᠭᠯᠡᠵᠦ᠂  ᠰᠢᠯᠵᠢᠭᠦᠯᠦᠨ ᠣᠷᠣᠭᠤᠯᠤᠭᠰᠠᠨ ᠪᠡᠯᠡ ᠮᠥᠩᠭᠦ 2 ᠳ᠋ᠦᠩᠰᠢᠭᠤᠷ ᠲᠥᠭᠦᠷᠢᠭ ᠂ ᠣᠷᠣᠯᠭ᠎ᠠ ᠨᠡᠶᠢᠳᠡ 682.54  ᠳ᠋ᠦᠩᠰᠢᠭᠤᠷ ᠲᠥᠭᠦᠷᠢᠭ ᠲᠤ ᠬᠦᠷᠴᠡᠶ᠃ ᠵᠠᠷᠤᠯᠭ᠎ᠠ ᠶᠢ 420.82 ᠳ᠋ᠦᠩᠰᠢᠭᠤᠷ ᠲᠥᠭᠦᠷᠢᠭ ᠪᠡᠶᠡᠯᠡᠭᠦᠯᠵᠦ᠂  ᠨᠢᠳᠤᠨᠤᠨ ᠤ ᠬᠢ ᠠᠴᠠ 0.02% ᠢᠶᠠᠷ ᠨᠡᠮᠡᠭᠳᠡᠨ᠂ ᠵᠠᠷᠤᠯᠭ᠎ᠠ ᠶᠢᠨ ᠶᠡᠷᠦᠩᠬᠡᠶ ᠬᠡᠮᠵᠢᠶ᠎ᠡ ᠪᠥᠬᠦ ᠣᠷᠣᠨ ᠳᠤ  ᠲᠠᠪᠤᠳᠤᠭᠠᠷ ᠲᠤ ᠵᠢᠭᠰᠠᠭᠠᠭᠳᠠᠪᠠ᠃ ᠡᠭᠦᠨ ᠤ ᠳᠡᠭᠡᠷ᠎ᠡ ᠳᠡᠭᠡᠭᠰᠢ ᠳᠡᠭᠡᠳᠦ ᠱᠠᠲᠤᠨ ᠳᠤ ᠲᠤᠰᠢᠶᠠᠭᠰᠠᠨ ᠵᠠᠷᠤᠯᠭ᠎ᠠ 2. 55 ᠳ᠋ᠦᠩᠰᠢᠭᠤᠷ ᠲᠥᠭᠦᠷᠢᠭ᠂ ᠡᠩ ᠤᠨ ᠥᠭᠴᠡᠭᠡ ᠶᠢᠨ ᠡᠭᠡ ᠮᠥᠩᠭᠦ ᠶᠢ ᠪᠤᠴᠠᠭᠠᠬᠤ ᠵᠠᠷᠤᠯᠭ᠎ᠠ 10.53  ᠳ᠋ᠦᠩᠰᠢᠭᠤᠷ ᠲᠥᠭᠦᠷᠢᠭ᠂ ᠲᠥᠰᠦᠪ ᠢ ᠲᠣᠭᠲᠠᠪᠤᠷᠢᠵᠢᠭᠤᠯᠤᠨ ᠲᠣᠬᠢᠷᠠᠭᠤᠯᠬᠤ ᠰᠠᠭᠤᠷᠢ ᠮᠥᠩᠭᠦ 6.5  ᠳ᠋ᠦᠩᠰᠢᠭᠤᠷ ᠲᠥᠭᠦᠷᠢᠭ᠂ ᠵᠠᠷᠤᠯᠭ᠎ᠠ ᠨᠡᠶᠢᠳᠡ 440.4 ᠳ᠋ᠦᠩᠰᠢᠭᠤᠷ ᠲᠥᠭᠦᠷᠢᠭ ᠲᠤ ᠬᠦᠷᠴᠡᠢ᠃              ᠪᠦᠬᠦ ᠬᠤᠲᠠ ᠶᠢᠨ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠶᠢᠨ ᠲᠥᠰᠦᠪ ᠢ ᠭᠦᠢᠴᠡᠳᠬᠡᠭᠰᠡᠨ ᠪᠠᠶᠢᠳᠠᠯ ᠠᠴᠠ ᠦᠵᠡᠪᠡᠯ᠂ ᠣᠷᠣᠯᠭ᠎ᠠ ᠶᠢ 55.36 ᠳ᠋ᠦᠩᠰᠢᠭᠤᠷ ᠲᠥᠭᠦᠷᠢᠭ ᠪᠡᠶᠡᠯᠡᠭᠦᠯᠪᠡ᠂ ᠡᠭᠦᠨ ᠤ ᠳᠡᠭᠡᠷ᠎ᠡ  ᠳᠡᠭᠡᠳᠦ ᠱᠠᠲᠤᠨ ᠤ ᠨᠥᠬᠦᠪᠥᠷᠢ ᠶᠢᠨ ᠣᠷᠣᠯᠭ᠎ᠠ 1.86 ᠳ᠋ᠦᠩᠰᠢᠭᠤᠷ ᠲᠥᠭᠦᠷᠢᠭ᠂ ᠲᠤᠰᠬᠠᠶ ᠵᠦᠢᠯ ᠤᠨ  ᠵᠢᠭᠡᠯᠡᠯᠭᠡ ᠶᠢᠨ ᠲᠡᠮᠳᠡᠭᠲᠦ ᠶᠢ ᠰᠢᠯᠵᠢᠭᠦᠯᠦᠨ ᠵᠢᠭᠡᠯᠡᠭᠦᠯᠦᠭᠰᠡᠨ ᠣᠷᠣᠯᠭ᠎ᠠ 19.61 ᠳ᠋ᠦᠩᠰᠢᠭᠤᠷ ᠲᠥᠭᠦᠷᠢᠭ᠂  ᠳᠡᠭᠡᠷ᠎ᠡ ᠵᠢᠯ ᠤᠨ ᠦᠯᠡᠳᠡᠪᠦᠷᠢ 59.23 ᠳ᠋ᠦᠩᠰᠢᠭᠤᠷ ᠲᠥᠭᠦᠷᠢᠭ᠂ ᠣᠷᠣᠯᠭ᠎ᠠ ᠨᠡᠶᠢᠳᠡ 136.06 ᠳ᠋ᠦᠩᠰᠢᠭᠤᠷ  ᠲᠥᠭᠦᠷᠢᠭ ᠲᠤ ᠬᠦᠷᠴᠡᠶ᠃ ᠵᠠᠷᠤᠯᠭ᠎ᠠ ᠶᠢ 78.01 ᠳ᠋ᠦᠩᠰᠢᠭᠤᠷ ᠲᠥᠭᠦᠷᠢᠭ ᠪᠡᠶᠡᠯᠡᠭᠦᠯᠪᠡ᠂ ᠡᠭᠦᠨ ᠤ ᠳᠡᠭᠡᠷ᠎ᠡ  ᠥᠷᠢ ᠥᠭᠴᠡᠭᠡ ᠶᠢᠨ ᠡᠭᠡ ᠮᠥᠩᠭᠦ ᠶᠢ ᠪᠤᠴᠠᠭᠠᠭᠰᠠᠨ ᠵᠠᠷᠤᠯᠭ᠎ᠠ 3.84 ᠳ᠋ᠦᠩᠰᠢᠭᠤᠷ ᠲᠥᠭᠦᠷᠢᠭ᠂ ᠰᠢᠯᠵᠢᠭᠦᠯᠦᠨ  ᠭᠠᠷᠭᠠᠭᠰᠠᠨ ᠪᠡᠯᠡ ᠮᠦᠩᠭᠦ 1.45 ᠳ᠋ᠦᠩᠰᠢᠭᠤᠷ ᠲᠥᠭᠦᠷᠢᠭ᠂ ᠵᠠᠷᠤᠯᠭ᠎ᠠ ᠨᠡᠶᠢᠳᠡ 83.3 ᠳ᠋ᠦᠩᠰᠢᠭᠤᠷ  ᠲᠥᠭᠦᠷᠢᠭ ᠲᠤ ᠬᠦᠷᠴᠡᠶ᠃              ᠪᠦᠬᠦ ᠬᠤᠲᠠ ᠶᠢᠨ ᠤᠯᠤᠰ ᠤᠨ ᠥᠮᠴᠢᠯᠡᠯ ᠤᠨ ᠬᠥᠷᠥᠩᠭᠡ ᠶᠢᠨ ᠡᠵᠡᠩᠨᠡᠯᠲᠡ ᠶᠢᠨ ᠲᠥᠰᠦᠪ ᠢ  ᠭᠦᠢᠴᠡᠳᠬᠡᠭᠰᠡᠨ ᠪᠠᠶᠢᠳᠠᠯ ᠠᠴᠠ ᠦᠵᠡᠪᠡᠯ᠂ ᠣᠷᠣᠯᠭ᠎ᠠ ᠶᠢ 8296 ᠲᠦᠮᠡᠨ ᠲᠥᠭᠦᠷᠢᠭ ᠪᠡᠶᠡᠯᠡᠭᠦᠯᠪᠡ᠃  ᠡᠭᠦᠨ ᠳᠤ᠂ ᠤᠯᠤᠰ ᠤᠨ ᠥᠮᠴᠢᠯᠡᠯ ᠤᠨ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠣᠷᠣᠯᠭ᠎ᠠ 5568  ᠲᠦᠮᠡᠨ ᠲᠥᠭᠦᠷᠢᠭ᠂ ᠳᠡᠭᠡᠳᠦ ᠱᠠᠲᠤᠨ ᠠᠴᠠ ᠪᠠᠭᠤᠯᠭᠠᠭᠰᠠᠨ ᠨᠥᠬᠦᠪᠥᠷᠢ ᠮᠥᠩᠭᠦ 707 ᠲᠦᠮᠡᠨ ᠲᠥᠭᠦᠷᠢᠭ᠂  ᠳᠡᠭᠡᠷ᠎ᠡ ᠵᠢᠯ ᠤᠨ ᠳ᠋ᠦᠩᠨᠡᠨ ᠰᠢᠯᠵᠢᠭᠦᠯᠦᠭᠰᠡᠨ ᠣᠷᠣᠯᠭ᠎ᠠ 2021 ᠲᠦᠮᠡᠨ ᠲᠥᠭᠦᠷᠢᠭ ᠲᠤ ᠬᠦᠷᠴᠡᠶ᠃  ᠵᠠᠷᠤᠯᠭ᠎ᠠ ᠶᠢ 566 ᠲᠦᠮᠡᠨ ᠲᠥᠭᠦᠷᠢᠭ ᠪᠡᠶᠡᠯᠡᠭᠦᠯᠪᠡ᠃ ᠡᠩ ᠤᠨ ᠤᠯᠠᠨ ᠨᠡᠶᠢᠲᠡ ᠶᠢᠨ ᠲᠥᠰᠦᠪ ᠲᠤ 5542  ᠲᠦᠮᠡᠨ ᠲᠥᠭᠦᠷᠢᠭ ᠰᠢᠯᠵᠢᠭᠦᠯᠦᠨ ᠣᠷᠣᠭᠤᠯᠵᠤ᠂ ᠨᠡᠶᠢᠭᠡᠮ ᠤᠨ ᠪᠠᠲᠤᠯᠠᠭ᠎ᠠ ᠶᠢᠨ ᠦᠢᠯᠡᠰ ᠤᠨ ᠵᠠᠷᠤᠯᠭ᠎ᠠ ᠳᠤ  ᠨᠢᠭᠡᠳᠦᠯᠲᠡᠶ ᠲᠥᠯᠥᠪᠯᠡᠨ ᠬᠡᠷᠡᠭᠯᠡᠪᠡ᠃             ᠪᠦᠬᠦ ᠬᠤᠲᠠ ᠶᠢᠨ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠲᠥᠰᠦᠪ ᠢ ᠭᠦᠢᠴᠡᠳᠬᠡᠭᠰᠡᠨ  ᠪᠠᠶᠢᠳᠠᠯ ᠠᠴᠠ ᠦᠵᠡᠪᠡᠯ᠂ ᠣᠷᠣᠯᠭ᠎ᠠ ᠶᠢ 102.92 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠵᠠᠷᠤᠯᠭ᠎ᠠ ᠶᠢ 92. 1 ᠳ᠋ᠦᠩᠰᠢᠭᠤᠷ ᠲᠥᠭᠦᠷᠢᠭ ᠪᠡᠶᠡᠯᠡᠭᠦᠯᠪᠡ᠃ ᠡᠭᠦᠨ ᠤ ᠳᠣᠲᠣᠷ᠎ᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ  ᠨᠡᠶᠢᠭᠡᠮ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠠᠭᠤᠷᠢ ᠮᠥᠩᠭᠦᠨ ᠤ ᠣᠷᠣᠯᠭ᠎ᠠ 9.18  ᠳ᠋ᠦᠩᠰᠢᠭᠤᠷ ᠲᠥᠭᠦᠷᠢᠭ᠂ ᠵᠠᠷᠤᠯᠭ᠎ᠠ 6.44 ᠳ᠋ᠦᠩᠰᠢᠭᠤᠷ ᠲᠥᠭᠦᠷᠢᠭ᠂ ᠠᠯᠪᠠᠨ ᠪᠠᠶᠢᠭᠤᠯᠭ᠎ᠠ ᠠᠵᠢᠯ  ᠦᠢᠯᠡᠰ ᠤᠨ ᠨᠢᠭᠡᠴᠡ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠣᠷᠣᠯᠭ᠎ᠠ 3. 01 ᠳ᠋ᠦᠩᠰᠢᠭᠤᠷ ᠲᠥᠭᠦᠷᠢᠭ᠂ ᠵᠠᠷᠤᠯᠭ᠎ᠠ 31.28 ᠳ᠋ᠦᠩᠰᠢᠭᠤᠷ ᠲᠥᠭᠦᠷᠢᠭ᠂ ᠬᠤᠳᠠ ᠪᠠᠯᠭᠠᠰᠤᠨ ᠤ ᠠᠵᠢᠯᠳᠠᠨ  ᠠᠵᠢᠯᠴᠢᠨ ᠤ ᠡᠮ ᠡᠮᠨᠡᠯᠭᠡ ᠶᠢᠨ ᠦᠨᠳᠦᠰᠦᠨ ᠳᠠᠭᠠᠳᠬᠠᠯ ᠤᠨ ᠰᠠᠭᠤᠷᠢ ᠮᠥᠩᠭᠦ ᠶᠢᠨ ᠣᠷᠣᠯᠭ᠎ᠠ 39.62  ᠳ᠋ᠦᠩᠰᠢᠭᠤᠷ ᠲᠥᠭᠦᠷᠢᠭ᠂ ᠵᠠᠷᠤᠯᠭ᠎ᠠ 30.79 ᠳ᠋ᠦᠩᠰᠢᠭᠤᠷ ᠲᠥᠭᠦᠷᠢᠭ᠂ ᠬᠤᠳᠠ ᠬᠥᠳᠡᠭᠡ ᠶᠢᠨ ᠰᠠᠭᠤᠭᠠᠯᠢ  ᠠᠷᠠᠳ ᠤᠨ ᠡᠮ ᠡᠮᠨᠡᠯᠭᠡ ᠶᠢᠨ ᠦᠨᠳᠦᠰᠦᠨ ᠳᠠᠭᠠᠳᠬᠠᠯ ᠤᠨ ᠰᠠᠭᠤᠷᠢ ᠮᠥᠩᠭᠦ ᠶᠢᠨ ᠣᠷᠣᠯᠭ᠎ᠠ 15.83  ᠳ᠋ᠦᠩᠰᠢᠭᠤᠷ ᠲᠥᠭᠦᠷᠢᠭ᠂ ᠵᠠᠷᠤᠯᠭ᠎ᠠ 12.47 ᠳ᠋ᠦᠩᠰᠢᠭᠤᠷ ᠲᠥᠭᠦᠷᠢᠭ᠂ ᠠᠵᠢᠯ ᠠᠴᠠ ᠪᠣᠯᠤᠭᠰᠠᠨ ᠭᠡᠮᠲᠦᠯ ᠤᠨ  ᠳᠠᠭᠠᠳᠬᠠᠯ ᠤᠨ ᠰᠠᠭᠤᠷᠢ ᠮᠥᠩᠭᠦ ᠶᠢᠨ ᠣᠷᠣᠯᠭ᠎ᠠ 1.16 ᠳ᠋ᠦᠩᠰᠢᠭᠤᠷ ᠲᠥᠭᠦᠷᠢᠭ᠂ ᠵᠠᠷᠤᠯᠭ᠎ᠠ 1.39  ᠳ᠋ᠦᠩᠰᠢᠭᠤᠷ ᠲᠥᠭᠦᠷᠢᠭ᠂ ᠠᠵᠢᠯ ᠠᠯᠳᠠᠯᠲᠠ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠣᠷᠣᠯᠭ᠎ᠠ 6.12  ᠳ᠋ᠦᠩᠰᠢᠭᠤᠷ ᠲᠥᠭᠦᠷᠢᠭ᠂ ᠵᠠᠷᠤᠯᠭ᠎ᠠ 9.72 ᠳ᠋ᠦᠩᠰᠢᠭᠤᠷ ᠲᠥᠭᠦᠷᠢᠭ ᠪᠣᠯᠤᠨ᠎ᠠ᠃              5. ᠬᠥᠲᠥᠯᠥᠭᠴᠢ              2022 ᠣᠨ ᠳᠤ᠂ ᠡᠳ᠋ ᠤᠨ ᠵᠠᠰᠠᠭ ᠤᠨ ᠰᠠᠯᠠᠭ᠎ᠠ ᠮᠥᠴᠢᠷ ᠠᠵᠤ ᠠᠬᠤᠢ ᠶᠢ ᠲᠣᠭᠲᠠᠪᠤᠷᠢᠵᠢᠭᠤᠯᠬᠤ᠂  ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠲᠠᠯ᠎ᠠ ᠪᠠᠷ ᠶᠠᠮᠠᠷ ᠶᠠᠮᠠᠷ ᠪᠦᠲᠦᠮᠵᠢᠲᠡᠢ ᠠᠷᠭ᠎ᠠ ᠬᠡᠮᠵᠢᠶ᠎ᠡ ᠠᠪᠤᠭᠰᠠᠨ  ᠪᠤᠢ︖              6. ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ  ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠴᠢ ᠰᠢᠶᠤᠤ ᠵᠢᠤᠸᠠᠨ              ᠡᠩ ᠲᠡᠷᠢᠭᠦᠨ ᠳᠤ᠂ ᠪᠢᠳᠡ ︽ᠡᠳ᠋ ᠤᠨ ᠵᠠᠰᠠᠭ ᠤᠨ ᠠᠵᠢᠯᠯᠠᠭᠠᠨ ᠢ ᠲᠣᠭᠲᠠᠭᠤᠨ ᠪᠥᠭᠡᠳ ᠡᠮᠬᠢ  ᠵᠢᠷᠤᠮ ᠲᠠᠢ ᠪᠠᠶᠢᠯᠭᠠᠬᠤ︾ ᠶᠢ ᠠᠵᠤ ᠠᠬᠤᠶ ᠶᠢ ᠲᠣᠭᠲᠠᠪᠤᠷᠢᠵᠢᠭᠤᠯᠬᠤ᠂ ᠠᠷᠠᠳ ᠤᠨ ᠠᠮᠢᠳᠤᠷᠠᠯ ᠳᠤ ᠠᠰᠢᠭ  ᠬᠦᠷᠲᠡᠭᠡᠬᠦ ᠶᠢᠨ ᠴᠢᠬᠤᠯᠠ ᠰᠠᠭᠤᠷᠢ ᠪᠣᠯᠭᠠᠵᠤ᠂ ᠭᠤᠣᠯᠳᠠᠭᠤ ᠳᠣᠣᠷᠠᠬᠢ ᠭᠤᠷᠪᠠᠨ ᠲᠠᠯ᠎ᠠ ᠪᠠᠷ ᠡᠬᠢ ᠰᠤᠷᠪᠤᠯᠵᠢ ᠶᠢ  ᠨᠡᠭᠡᠭᠡᠬᠦ ᠶᠢ ᠠᠳᠬᠤᠵᠤ᠂ ᠵᠠᠷᠤᠯᠭ᠎ᠠ ᠶᠢ ᠠᠷᠪᠢᠯᠠᠬᠤ ᠶᠢ ᠠᠬᠢᠭᠤᠯᠪᠠ᠃ ᠨᠢᠭᠡ ᠳᠤ ᠣᠷᠣᠯᠭ᠎ᠠ ᠶᠢᠨ ᠨᠡᠮᠡᠭᠳᠡᠯ ᠢ ᠣᠯᠠᠨ  ᠠᠷᠭ᠎ᠠ ᠵᠠᠮ ᠢᠶᠠᠷ ᠠᠬᠢᠭᠤᠯᠪᠠ᠃ ᠬᠤᠲᠠ ᠶᠢᠨ ᠡᠳ᠋ ᠤᠨ ᠵᠠᠰᠠᠭ᠂ ᠬᠤᠲᠠ ᠶᠢᠨ ᠭᠠᠶᠢᠯᠢ ᠶᠢᠨ ᠶᠠᠪᠤᠳᠠᠯ ᠪᠠ  ᠬᠤᠰᠢᠭᠤ ᠰᠢᠶᠠᠨ ᠲᠣᠭᠤᠷᠢᠭ ᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠬᠡᠪ ᠤᠨ ᠣᠷᠣᠯᠭ᠎ᠠ ᠶᠢ  ᠬᠥᠮᠥᠷᠭᠡ ᠳᠤ ᠣᠷᠣᠭᠤᠯᠬᠤ ᠪᠠ ᠥᠷᠢᠲᠦᠵᠦ ᠪᠠᠶᠢᠭ᠎ᠠ ᠭᠠᠶᠢᠯᠢ ᠰᠦᠢᠳᠭᠡᠯ ᠢ ᠢᠯᠭᠠᠷᠠᠭᠤᠯᠤᠨ ᠲᠤᠰᠢᠶᠠᠬᠤ ᠶᠢ  ᠨᠢᠭᠡᠳᠦᠯᠲᠡᠶ ᠲᠥᠯᠥᠪᠯᠡᠨ ᠠᠬᠢᠭᠤᠯᠪᠠ᠃ ᠭᠠᠶᠢᠯᠢ ᠶᠢᠨ ᠪᠤᠰᠤ ᠣᠷᠣᠯᠭ᠎ᠠ ᠶᠢ ᠬᠤᠷᠠᠮᠳᠤᠭᠤᠯᠬᠤ ᠡᠷᠴᠢᠮ ᠪᠣᠯᠤᠨ  ᠶᠡᠷᠦᠩᠬᠡᠶ ᠬᠡᠯᠲᠡᠰ ᠤᠨ ᠭᠠᠶᠢᠯᠢ ᠲᠠᠲᠠᠪᠤᠷᠢ ᠶᠢ ᠴᠢᠷᠮᠠᠶᠢᠨ ᠤᠯᠬᠤ ᠡᠷᠴᠢᠮ ᠢᠶᠠᠨ ᠴᠢᠩᠭᠠᠷᠠᠭᠤᠯᠵᠤ᠂ ᠵᠡᠭᠦᠨ  ᠬᠡᠰᠡᠭ ᠤᠨ ᠴᠠᠬᠢᠯᠭᠠᠨ ᠬᠦᠴᠦᠨ ᠪᠣᠯᠤᠨ ᠥᠪᠥᠷ ᠮᠣᠩᠭᠤᠯ ᠤᠨ ᠴᠠᠬᠢᠯᠭᠠᠨ ᠬᠦᠴᠦᠨ ᠤ ᠶᠡᠷᠦᠩᠬᠡᠶ ᠬᠡᠯᠲᠡᠰ ᠤᠨ  ᠭᠠᠶᠢᠯᠢ ᠲᠠᠲᠠᠪᠤᠷᠢ ᠶᠢ ᠠᠮᠵᠢᠯᠲᠠ ᠲᠠᠢ ᠴᠢᠷᠮᠠᠶᠢᠨ ᠤᠯᠪᠠ᠃ ᠬᠤᠶᠠᠷ ᠲᠤ ᠬᠠᠷᠠᠯᠲᠠ ᠪᠠᠨ ᠴᠢᠩᠭ᠎ᠠ ᠠᠳᠬᠤᠵᠤ  ᠥᠭᠡᠳᠡᠯᠡᠨ ᠲᠡᠮᠡᠴᠡᠬᠦ ᠬᠡᠷᠡᠭᠲᠡᠶ᠃ ᠲᠥᠪ ᠠᠴᠠ ᠰᠢᠯᠵᠢᠭᠦᠯᠦᠨ ᠥᠭᠬᠦ ᠶᠢ ᠨᠡᠮᠡᠭᠳᠡᠭᠦᠯᠬᠦ ᠪᠠ ᠡᠳ᠋ ᠤᠨ ᠬᠦᠴᠦᠨ ᠢ  ᠳᠣᠷᠣᠭᠰᠢ ᠪᠠᠭᠤᠯᠭᠠᠬᠤ ᠠᠰᠢᠭᠲᠠᠶ ᠬᠦᠴᠦᠨ ᠵᠦᠢᠯ ᠢ ᠴᠢᠩᠭ᠎ᠠ ᠠᠳᠬᠤᠵᠤ᠂ ᠳᠡᠭᠡᠳᠦ ᠱᠠᠲᠤᠨ ᠤ ᠰᠢᠯᠵᠢᠭᠦᠯᠦᠨ  ᠥᠭᠬᠦ ᠪᠡᠯᠡ ᠮᠥᠩᠭᠦ ᠶᠢ 279.28 ᠳ᠋ᠦᠩᠰᠢᠭᠤᠷ ᠲᠥᠭᠦᠷᠢᠭ ᠤᠯᠬᠤ ᠪᠠᠷ ᠢᠳᠡᠪᠬᠢᠯᠡᠨ ᠴᠢᠷᠮᠠᠶᠢᠵᠤ᠂ ᠠᠳᠠᠯᠢ  ᠬᠤᠭᠤᠴᠠᠭᠠᠨ ᠤ ᠬᠢ ᠠᠴᠠ 22.19% ᠪᠠᠷ ᠨᠡᠮᠡᠭᠳᠡᠪᠡ᠃ ᠤᠮᠠᠷᠠᠲᠤ ᠶᠢᠨ ᠠᠷᠢᠭᠤᠨ ᠴᠡᠪᠡᠷ ᠳᠤᠯᠠᠭᠠᠯᠠᠭ᠎ᠠ᠂  ᠬᠠᠶᠢᠮᠢᠶᠠᠨ ᠬᠤᠲᠠ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠥᠭᠡᠷᠡᠴᠢᠯᠡᠯᠲᠡ ᠬᠢᠭᠡᠳ ᠴᠢᠨᠠᠷ  ᠰᠠᠶᠢᠲᠠᠶ ᠬᠥᠭᠵᠢᠯᠲᠡ᠂ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠴᠢᠳᠠᠪᠤᠷᠢ ᠶᠢ  ᠳᠡᠭᠡᠭᠰᠢᠯᠡᠭᠦᠯᠬᠦ 4 ᠤᠯᠤᠰ ᠤᠨ ᠵᠢᠱᠢᠶ᠎ᠡ ᠦᠵᠡᠭᠦᠯᠬᠦ ᠲᠥᠷᠥᠯ ᠵᠦᠢᠯ ᠤᠨ ᠪᠠᠯᠠ ᠮᠥᠩᠭᠦ ᠶᠢ 40.65  ᠳ᠋ᠦᠩᠰᠢᠭᠤᠷ ᠲᠥᠭᠦᠷᠢᠭ ᠤᠯᠬᠤ ᠪᠠᠷ ᠠᠮᠵᠢᠯᠲᠠ ᠲᠠᠢ ᠴᠢᠷᠮᠠᠶᠢᠪᠠ᠃ 63.11 ᠳ᠋ᠦᠩᠰᠢᠭᠤᠷ ᠲᠥᠭᠦᠷᠢᠭ ᠤᠨ  ᠵᠢᠭᠡᠯᠡᠯᠭᠡ ᠶᠢᠨ ᠲᠡᠮᠳᠡᠭᠲᠦ ᠶᠢ ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠵᠤ᠂ ᠥᠪᠡᠷᠲᠡᠭᠡᠨ ᠵᠠᠰᠠᠬᠤ ᠣᠷᠣᠨ ᠤ  ᠲᠡᠷᠢᠭᠦᠨ ᠳᠤ ᠣᠷᠣᠨ᠎ᠠ᠂ ᠪᠠᠰᠠ ᠭᠤᠷᠪᠠᠳᠤᠭᠠᠷ ᠲᠣᠭᠤᠷᠢᠯ ᠵᠠᠮ ᠤᠨ ᠡᠩ ᠤᠨ ᠵᠢᠭᠡᠯᠡᠯᠭᠡ ᠶᠢᠨ ᠲᠡᠮᠳᠡᠭᠲᠦ ᠶᠢ 30  ᠳ᠋ᠦᠩᠰᠢᠭᠤᠷ ᠲᠥᠭᠦᠷᠢᠭ ᠣᠯᠵᠤ᠂ ᠭᠤᠷᠪᠠᠳᠤᠭᠠᠷ ᠲᠣᠭᠤᠷᠢᠯ ᠵᠠᠮ ᠤᠨ ᠰᠡᠭᠦᠯ ᠬᠤᠷᠢᠶᠠᠬᠤ ᠢᠨᠵᠧᠨᠧᠷᠢᠩ ᠤᠨ  ᠠᠵᠢᠯ ᠳᠠᠭᠤᠰᠬᠤ ᠶᠢ ᠪᠠᠲᠤᠯᠠᠪᠠ᠃ ᠭᠤᠷᠪᠠ ᠳᠤ ᠨᠠᠷᠢᠨ ᠨᠢᠭᠲᠠ ᠲᠥᠯᠥᠪᠯᠡᠨ ᠪᠤᠳᠤᠵᠤ ᠵᠠᠷᠤᠯᠭ᠎ᠠ ᠶᠢ ᠪᠠᠭᠠᠰᠬᠠᠪᠠ᠃ ᠴᠢᠩᠭ᠎ᠠ ᠪᠥᠭᠡᠳ ᠪᠠᠭᠠᠰᠬᠠᠵᠤ ᠪᠣᠯᠬᠤ ᠶᠢ ᠨᠢ ᠪᠠᠭᠠᠰᠬᠠᠬᠤ ᠵᠠᠷᠴᠢᠮ ᠶᠣᠰᠣᠭᠠᠷ᠂ ︽ᠠᠷᠪᠢᠯᠠᠨ ᠭᠠᠮᠨᠠᠵᠤ  ᠠᠮᠢᠳᠤᠷᠠᠬᠤ ᠱᠠᠭᠠᠷᠳᠠᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠬᠤ ᠲᠤᠬᠠᠶ ᠮᠡᠳᠡᠭᠳᠡᠯ︾ ᠢ ᠳᠠᠷᠤᠮᠠᠯᠯᠠᠨ  ᠲᠠᠷᠬᠠᠭᠠᠵᠤ᠂ ᠵᠢᠯ ᠤᠨ ᠡᠬᠢᠨ ᠤ ᠲᠥᠰᠦᠪ ᠲᠤ ︽ᠭᠤᠷᠪᠠᠨ ᠵᠦᠢᠯ︾ ᠤᠨ ᠠᠯᠪᠠᠨ ᠤ ᠵᠠᠷᠤᠳᠠᠯ᠂ ᠡᠩ ᠤᠨ  ᠴᠢᠨᠠᠷᠲᠠᠶ ᠵᠠᠷᠤᠯᠭ᠎ᠠ ᠪᠠ ᠪᠤᠰᠤᠳ ᠲᠤᠰᠬᠠᠶ ᠵᠦᠢᠯ ᠤᠨ ᠵᠠᠷᠤᠯᠭ᠎ᠠ ᠶᠢ ᠦᠷᠭᠦᠯᠵᠢᠯᠡᠨ ᠪᠠᠭᠠᠰᠬᠠᠵᠤ᠂ ᠠᠷᠪᠢᠯᠠᠭᠰᠠᠨ  ᠪᠡᠯᠡ ᠮᠥᠩᠭᠦ ᠶᠢ ᠪᠦᠬᠦᠨ ᠢ ᠬᠥᠭᠵᠢᠯᠲᠡ ᠶᠢ ᠲᠦᠯᠬᠢᠨ ᠠᠬᠢᠭᠤᠯᠬᠤ ᠪᠠ ᠠᠷᠠᠳ ᠤᠨ ᠠᠮᠢᠳᠤᠷᠠᠯ ᠢ  ᠰᠠᠶᠢᠵᠢᠷᠠᠭᠤᠯᠬᠤ ᠳᠡᠭᠡᠷ᠎ᠡ ᠬᠡᠷᠡᠭᠯᠡᠪᠡ᠃ 2022 ᠣᠨ ᠳᠤ ᠪᠥᠬᠦ ᠬᠤᠲᠠ ᠶᠢᠨ ︽ᠭᠤᠷᠪᠠᠨ  ᠵᠦᠢᠯ︾ ᠤᠨ  ᠠᠯᠪᠠᠨ ᠤ ᠵᠠᠷᠤᠳᠠᠯ ᠤᠨ ᠵᠠᠷᠤᠯᠭ᠎ᠠ 6490.71 ᠲᠦᠮᠡᠨ ᠲᠥᠭᠦᠷᠢᠭ ᠲᠤ ᠬᠦᠷᠴᠦ᠂ ᠨᠢᠳᠤᠨᠤᠨ ᠤ ᠬᠢ ᠠᠴᠠ 6. 83% ᠪᠠᠷ ᠪᠠᠭᠤᠷᠠᠪᠠ᠃ ᠬᠤᠲᠠ ᠶᠢᠨ ᠲᠣᠰ ᠱᠠᠲᠤᠨ ᠤ ︽ᠭᠤᠷᠪᠠᠨ ᠵᠦᠢᠯ︾ ᠤᠨ ᠠᠯᠪᠠᠨ ᠤ ᠵᠠᠷᠤᠳᠠᠯ ᠤᠨ  ᠵᠠᠷᠤᠯᠭ᠎ᠠ 2477.2 ᠲᠦᠮᠡᠨ ᠲᠥᠭᠦᠷᠢᠭ ᠲᠤ ᠬᠦᠷᠴᠦ᠂ ᠨᠢᠳᠤᠨᠤᠨ ᠤ ᠬᠢ ᠠᠴᠠ 19.5% ᠪᠠᠷ ᠪᠠᠭᠤᠷᠠᠪᠠ᠃              ᠪᠥᠬᠦ ᠬᠤᠲᠠ ᠶᠢᠨ ᠠᠵᠤ ᠠᠬᠤᠶ ᠶᠢᠨ ᠲᠣᠭᠲᠠᠭᠤᠨ ᠢᠶᠠᠷ ᠰᠡᠷᠭᠦᠬᠦ ᠶᠢ ᠠᠬᠢᠭᠤᠯᠬᠤ ᠲᠠᠯ᠎ᠠ ᠪᠠᠷ᠄ ᠡᠩ  ᠲᠡᠷᠢᠭᠦᠨ ᠳᠤ᠂ ᠪᠢᠳᠡ ᠭᠠᠶᠢᠯᠢ ᠶᠢ ᠬᠥᠩᠭᠡᠯᠡᠵᠦ ᠰᠦᠢᠳᠭᠡᠯ ᠢ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢᠨ ︽ ᠰᠢᠭᠤᠳ ᠬᠦᠷᠴᠦ ᠲᠦᠷᠭᠡᠨ ᠡᠳ᠋ᠯᠡᠬᠦ︾ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠪᠠ᠃ ᠨᠠᠮ ᠤᠨ ᠲᠥᠪ  ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠨᠡᠶᠢᠯᠡᠮᠡᠯ ᠮᠠᠶ᠋ᠢᠭ ᠤᠨ ᠭᠠᠶᠢᠯᠢ ᠰᠦᠢᠳᠭᠡᠯ ᠤᠨ  ᠳᠡᠮᠵᠢᠯᠭᠡ ᠶᠢᠨ ᠰᠢᠨ᠎ᠡ ᠲᠥᠷᠥ ᠶᠢᠨ ᠪᠣᠳᠣᠯᠭ᠎ᠠ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠵᠤ᠂ ᠭᠠᠶᠢᠯᠢ ᠶᠢᠨ  ᠶᠠᠪᠤᠳᠠᠯ — ᠡᠳ᠋ ᠤᠨ ᠵᠠᠰᠠᠭ — ᠠᠷᠠᠳ ᠤᠨ ᠪᠠᠩᠬᠢ ᠶᠢᠨ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ᠂  ᠰᠢᠯᠵᠢᠭᠦᠯᠦᠨ ᠥᠭᠬᠦ ᠪᠠᠯᠠ ᠮᠥᠩᠭᠦ ᠶᠢ 25.8 ᠳ᠋ᠦᠩᠰᠢᠭᠤᠷ ᠲᠥᠭᠦᠷᠢᠭ ᠪᠠᠭᠤᠯᠭᠠᠵᠤ ᠬᠤᠰᠢᠭᠤ ᠰᠢᠶᠠᠨ  ᠲᠣᠭᠤᠷᠢᠭ ᠤᠨ ᠭᠠᠶᠢᠯᠢ ᠪᠤᠴᠠᠭᠠᠬᠤ ᠭᠠᠶᠢᠯᠢ ᠬᠥᠩᠭᠡᠯᠡᠬᠦ ᠡᠳ᠋ ᠤᠨ ᠬᠦᠴᠦᠨ ᠤ ᠪᠠᠲᠤᠯᠠᠭ᠎ᠠ ᠶᠢ ᠨᠡᠮᠡᠭᠳᠡᠭᠦᠯᠵᠡᠢ᠃  ᠳᠠᠷᠠᠭᠠᠯᠠᠪᠠᠯ᠂ ᠪᠢᠳᠡ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠢᠳᠡᠪᠬᠢᠲᠡᠶ ᠪᠠᠷ ᠬᠠᠪᠰᠤᠷᠴᠤ ᠪᠠᠶᠢᠭᠠᠳ  ᠠᠮᠢᠵᠢᠷᠠᠯ ᠤᠨ ᠬᠦᠴᠦᠨ ᠢ ᠨᠢ  ᠴᠢᠩᠭᠠᠷᠠᠭᠤᠯᠪᠠ᠃ ︽2.15︾ ᠪᠠ ︽9.28︾ ᠬᠤᠶᠠᠷ ᠡᠭᠡᠯᠵᠢ ᠶᠢᠨ ᠶᠡᠭᠡ  ᠬᠡᠪᠴᠢᠶᠡᠨ ᠤ ᠬᠢᠵᠢᠭ ᠤᠨ ᠲᠠᠭᠠᠷᠢᠯᠳᠠ ᠶᠢ ᠠᠷᠭᠠᠴᠠᠭᠠᠬᠤ ᠶᠢᠨ ᠲᠥᠯᠥᠭᠡ᠂ ᠠᠷᠭ᠎ᠠ ᠬᠡᠮᠵᠢᠶ᠎ᠡ ᠠᠪᠴᠤ ᠳᠤᠮᠳᠠ  ᠵᠢᠵᠢᠭ ᠪᠢᠴᠢᠯ ᠠᠵᠤ ᠠᠬᠤᠶᠢᠯᠠᠯ ᠤᠨ ᠡᠵᠡᠩᠨᠡᠯᠲᠡ ᠬᠥᠭᠵᠢᠯᠲᠡ ᠶᠢ ᠲᠡᠮᠵᠢᠪᠡ᠃ ᠬᠦᠴᠢᠷᠳᠡᠯ ᠲᠠᠢ ᠤᠯᠠᠨ  ᠲᠦᠮᠡᠨ ᠢ ᠠᠪᠤᠷᠠᠨ ᠲᠤᠰᠠᠯᠠᠬᠤ ᠠᠵᠢᠯ ᠢ ᠴᠢᠩᠭᠠᠳᠬᠠᠬᠤ᠂ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ  ᠦᠢᠯᠡᠳᠪᠦᠷᠢᠯᠡᠯ ᠢᠶᠠᠨ ᠰᠡᠷᠭᠦᠭᠡᠬᠦ ᠶᠢ ᠲᠦᠷᠭᠡᠳᠬᠡᠬᠦ ᠵᠡᠷᠭᠡ ᠲᠠᠯ᠎ᠠ ᠪᠠᠷ ᠭᠠᠶᠢᠯᠢ ᠰᠦᠢᠳᠬᠡᠯ᠂ ᠭᠡᠷ ᠤᠨ  ᠲᠦᠷᠢᠶᠡᠰᠦ ᠶᠢ ᠬᠥᠩᠭᠡᠯᠡᠵᠦ ᠬᠡᠯᠲᠦᠷᠢᠭᠦᠯᠬᠦ ᠲᠦᠷᠦ ᠶᠢᠨ ᠪᠤᠳᠤᠯᠭ᠎ᠠ ᠶᠢ ᠨᠡᠶᠢᠲᠡᠯᠡᠪᠡ᠃ ᠪᠥᠬᠦ ᠵᠢᠯ ᠳᠤ ᠨᠡᠶᠢᠲᠡ  1961 ᠠᠵᠤ ᠠᠬᠤᠶᠢᠯᠠᠯ ᠳᠤ ᠤᠰᠤᠨ ᠤ  ᠰᠦᠢᠳᠭᠡᠯ᠂ ᠰᠢᠲᠠᠮᠠᠬᠠᠶ ᠬᠡᠶ ᠶᠢᠨ ᠰᠦᠢᠳᠭᠡᠯ᠂ ᠣᠷᠣᠨ  ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠵᠢᠴᠢ ᠬᠡᠷ ᠤᠨ ᠲᠦᠷᠢᠶᠡᠰᠦ ᠶᠢ ᠬᠠᠰᠤᠵᠤ  ᠭᠡᠯᠳᠦᠷᠢᠭᠦᠯᠦᠭᠰᠡᠨ ᠨᠡᠶᠢᠲᠡ 7200 ᠲᠦᠮᠡᠨ ᠲᠥᠭᠦᠷᠢᠭ ᠢ ᠭᠦᠢᠴᠡᠳᠭᠡᠵᠦ᠂ ᠬᠥᠬᠡᠬᠤᠲᠠ ᠳᠤ ᠰᠠᠭᠤᠭ᠎ᠠ ᠡᠯ᠎ᠡ  ᠪᠠᠩᠬᠢ ᠨᠤᠭᠤᠳ 3527 ᠠᠵᠤ ᠠᠬᠤᠶᠢᠯᠠᠯ ᠳᠤ ᠨᠡᠶᠢᠲᠡ 72.66 ᠳ᠋ᠦᠩᠰᠢᠭᠤᠷ ᠲᠥᠭᠦᠷᠢᠭ ᠤᠨ ᠡᠬᠡ  ᠬᠦᠤ ᠶᠢ ᠨᠢ ᠬᠤᠶᠢᠰᠢᠯᠠᠭᠤᠯᠤᠨ ᠳᠥᠯᠥᠵᠦ᠂ 2.98 ᠳ᠋ᠦᠩᠰᠢᠭᠤᠷ ᠲᠥᠭᠦᠷᠢᠭ ᠤᠨ ᠰᠦᠢᠳᠭᠡᠯ ᠢ ᠬᠠᠰᠤᠵᠤ  ᠠᠰᠢᠭ ᠣᠯᠭᠤᠵᠤ᠂ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠳᠤ ᠣᠷᠣᠭᠤᠯᠬᠤ ᠶᠢ  ᠳᠥᠯᠭᠢᠨ ᠠᠬᠢᠭᠤᠯᠵᠤ᠂ ᠠᠵᠤ ᠠᠬᠤᠶ ᠶᠢᠨ ᠶᠡᠭᠡ ᠦᠨ᠎ᠡ ᠶᠢ ᠲᠣᠭᠲᠠᠪᠤᠷᠢᠵᠢᠭᠤᠯᠪᠠ᠃ ᠡᠭᠦᠨ ᠤ ᠬᠠᠮᠲᠤ᠂ ᠪᠢᠳᠡ  ᠪᠠᠰᠠ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠳᠤᠮᠳᠠ ᠪᠠᠭ᠎ᠠ ᠠᠵᠤ ᠠᠬᠤᠶᠢᠯᠠᠯ ᠤᠨ ᠲᠠᠩᠰᠠᠨ  ᠵᠣᠭᠤᠰ ᠢ 18.86 ᠳ᠋ᠦᠩᠰᠢᠭᠤᠷ ᠲᠥᠭᠦᠷᠢᠭ ᠬᠤᠭᠤᠴᠠᠭ᠎ᠠ ᠶᠣᠰᠣᠭᠠᠷ ᠳᠥᠯᠥᠵᠦ᠂ ᠵᠥᠷᠢᠯᠳᠦᠭᠡᠨ ᠥᠬᠡᠶ ᠪᠠᠷ  ᠥᠷᠢᠲᠦᠭᠰᠡᠨ ᠵᠣᠭᠤᠰ ᠢ ᠬᠥᠳᠡᠯᠦᠩᠭᠦᠶ ᠪᠠᠷ ᠲᠡᠭ ᠪᠣᠯᠭᠠᠬᠤ ᠶᠢ ᠪᠡᠶᠡᠯᠡᠭᠦᠯᠪᠡ︔ ᠡᠭᠦᠨ ᠤ ᠬᠠᠮᠲᠤ ᠪᠥᠬᠦ  ᠬᠤᠲᠠ ᠶᠢᠨ ᠦᠯᠡᠳᠡᠵᠦ ᠪᠠᠶᠢᠭ᠎ᠠ ᠵᠥᠷᠢᠯᠳᠦᠭᠡᠨ ᠲᠠᠢ ᠥᠷᠢᠲᠦᠭᠰᠡᠨ ᠵᠣᠭᠤᠰ ᠢ ᠨᠠᠷᠢᠯᠢᠭ ᠣᠨᠣᠴᠠᠲᠠᠶ ᠪᠠᠷ ᠲᠥᠷᠥᠯ  ᠬᠤᠪᠢᠶᠠᠵᠤ᠂ ᠬᠠᠷᠠᠯᠲᠠ ᠲᠣᠭᠲᠠᠭᠠᠬᠤ᠂ ᠡᠭᠦᠷᠭᠡ ᠲᠣᠭᠲᠠᠭᠠᠬᠤ᠂ ᠴᠠᠭ ᠤᠨ ᠬᠢᠵᠠᠭᠠᠷ ᠢ ᠲᠣᠭᠲᠠᠭᠠᠬᠤ ᠪᠠᠷ  ᠳᠠᠮᠵᠢᠭᠤᠯᠤᠨ᠂ ᠵᠥᠷᠢᠯᠳᠦᠭᠡᠨ ᠢ ᠪᠦᠲᠦᠮᠵᠢᠲᠡᠶ ᠰᠢᠢᠳᠪᠦᠷᠢᠯᠡᠵᠦ᠂ ᠥᠷᠢᠲᠦᠭᠰᠡᠨ ᠵᠣᠭᠤᠰ ᠢ ᠳᠥᠯᠥᠵᠦ  ᠳᠠᠭᠤᠰᠬᠠᠬᠤ ᠶᠢ  ᠲᠦᠷᠭᠡᠳᠭᠡᠪᠡ᠃ ᠡᠭᠦᠨ ᠠᠴᠠ ᠭᠠᠳᠠᠨ᠎ᠠ᠂ ᠪᠢᠳᠡ ᠰᠢᠭᠤᠳ ᠬᠥᠷᠬᠦ ᠪᠠᠯᠠ ᠮᠥᠩᠭᠦ ᠪᠠᠷ ᠠᠵᠤ  ᠠᠬᠤᠶᠢᠯᠠᠯ ᠳᠤ ᠠᠰᠢᠭ ᠬᠦᠷᠲᠡᠭᠡᠵᠦ ᠠᠷᠠᠳ ᠲᠤ ᠠᠰᠢᠭ ᠬᠦᠷᠲᠡᠭᠡᠬᠦ ᠦᠢᠯᠡᠳᠦᠯ ᠢ ᠭᠦᠢᠴᠡᠳ ᠪᠠᠳᠠᠷᠠᠭᠤᠯᠬᠤ ᠶᠢ  ᠪᠠᠷᠢᠮᠲᠠᠯᠠᠵᠤ᠂ ᠰᠢᠭᠤᠳ ᠬᠥᠷᠬᠦ ᠪᠠᠯᠠ ᠮᠥᠩᠭᠦ ᠶᠢᠨ ᠬᠠᠮᠢᠶᠠᠷᠤᠯᠲᠠ ᠶᠢᠨ ᠲᠦᠷᠢᠮ ᠢ ᠲᠡᠭᠦᠯᠳᠡᠷᠵᠢᠭᠦᠯᠦᠨ᠂ ᠪᠠᠯᠠ  ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠪᠠ᠃ ᠪᠥᠬᠦ ᠵᠢᠯ ᠳᠤ ᠪᠥᠬᠦ ᠬᠤᠲᠠ ᠶᠢᠨ ᠰᠢᠭᠤᠳ ᠬᠥᠷᠬᠦ  ᠪᠠᠯᠠ ᠮᠥᠩᠭᠦ ᠶᠢᠨ ᠵᠠᠷᠤᠯᠭ᠎ᠠ 59.8 ᠳ᠋ᠦᠩᠰᠢᠭᠤᠷ ᠲᠥᠭᠦᠷᠢᠭ ᠲᠤ ᠬᠦᠷᠴᠦ᠂ ᠰᠤᠷᠭᠠᠨ ᠬᠥᠮᠦᠵᠢᠯ᠂ ᠡᠮ ᠡᠮᠨᠡᠯᠭᠡ᠂ ᠠᠵᠢᠯ ᠣᠯᠭᠤᠯᠲᠠ ᠵᠡᠷᠭᠡ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠪᠠᠯᠠ ᠮᠥᠩᠭᠦ ᠶᠢ ᠴᠠᠭ ᠲᠤᠬᠠᠶ ᠳᠤᠨᠢ  ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠪᠠ᠃              ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠪᠤᠶᠠᠨ ᠵᠢᠷᠭᠠᠯ ᠢ ᠨᠡᠮᠡᠭᠳᠡᠭᠦᠯᠬᠦ ᠲᠠᠯ᠎ᠠ ᠪᠠᠷ᠂ 2022  ᠣᠨ ᠳᠤ ᠪᠥᠬᠦ ᠬᠤᠲᠠ ᠶᠢᠨ ᠠᠷᠠᠳ ᠤᠨ ᠠᠮᠢᠳᠤᠷᠠᠯ ᠤᠨ ᠵᠠᠷᠤᠯᠭ᠎ᠠ 338.81 ᠳ᠋ᠦᠩᠰᠢᠭᠤᠷ ᠲᠥᠭᠦᠷᠢᠭ ᠲᠤ  ᠬᠦᠷᠴᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢᠨ 80.51% ᠶᠢ ᠡᠵᠡᠯᠡᠪᠡ᠃ ᠨᠢᠭᠡ  ᠵᠢᠯ ᠤᠨ ᠲᠤᠷᠰᠢ᠂ ᠪᠢᠳᠡ ᠰᠤᠷᠭᠠᠨ ᠬᠥᠮᠦᠵᠢᠯ ᠤᠨ ᠲᠡᠩᠴᠡᠭᠦᠷᠢᠲᠡᠶ ᠬᠥᠭᠵᠢᠯᠲᠡ ᠶᠢ ᠳᠥᠯᠭᠢᠨ ᠠᠬᠢᠭᠤᠯᠵᠤ᠂  ᠪᠥᠬᠦ ᠬᠤᠲᠠ ᠶᠢᠨ ᠰᠤᠷᠭᠠᠨ ᠬᠥᠮᠦᠵᠢᠯ ᠤᠨ ᠵᠠᠷᠤᠯᠭ᠎ᠠ 53.45 ᠳ᠋ᠦᠩᠰᠢᠭᠤᠷ ᠲᠥᠭᠦᠷᠢᠭ ᠲᠤ ᠬᠦᠷᠴᠦ᠂  ᠨᠢᠳᠤᠨᠤᠨ ᠤ ᠬᠢ ᠠᠴᠠ 15.87% ᠪᠠᠷ ᠨᠡᠮᠡᠭᠳᠡᠨ᠂ ᠳᠤᠮᠳᠠᠳᠤ ᠪᠠᠭ᠎ᠠ ᠰᠤᠷᠭᠠᠭᠤᠯᠢ ᠬᠡᠤᠬᠡᠳ ᠤᠨ ᠴᠡᠴᠡᠷᠯᠢᠭ ᠢ  20 ᠪᠠᠶᠢᠭᠤᠯᠵᠤ ᠳᠠᠭᠤᠰᠬᠠᠬᠤ ᠶᠢ ᠳᠡᠮᠵᠢᠵᠦ᠂ 1.28 ᠲᠦᠮᠡᠨ ᠡᠷᠳᠡᠮ ᠤᠨ ᠴᠣᠯᠠ ᠶᠢ ᠰᠢᠨ᠎ᠡ ᠪᠠᠷ ᠨᠡᠮᠡᠭᠳᠡᠭᠦᠯᠵᠦ᠂ 6 ︽ᠠᠯᠪᠠᠨ ᠠᠴᠠ ᠠᠷᠠᠳ ᠲᠤ ᠣᠷᠣᠯᠴᠠᠬᠤ︾ ᠰᠤᠷᠭᠠᠭᠤᠯᠢ ᠶᠢ ᠠᠯᠪᠠᠨ ᠠᠴᠠ ᠡᠷᠭᠢᠯᠡᠭᠰᠡᠨ ᠰᠤᠷᠭᠠᠭᠤᠯᠢ  ᠪᠣᠯᠭᠠᠨ ᠬᠤᠪᠢᠷᠠᠭᠤᠯᠵᠤ᠂ 1.21 ᠲᠦᠮᠡᠨ ᠡᠷᠳᠡᠮ ᠤᠨ ᠴᠣᠯᠠ ᠶᠢ ᠨᠡᠮᠡᠭᠳᠡᠭᠦᠯᠪᠡ᠃ ᠪᠢᠳᠡ ᠠᠵᠢᠯ ᠣᠯᠭᠤᠯᠲᠠ ᠶᠢ  ᠲᠡᠷᠢᠭᠦᠨ ᠳᠤ ᠲᠠᠯᠪᠢᠬᠤ ᠲᠦᠷᠦ ᠶᠢᠨ ᠪᠤᠳᠤᠯᠭ᠎ᠠ ᠶᠢ ᠴᠢᠩᠭᠠᠷᠠᠭᠤᠯᠪᠠ᠃ ᠠᠵᠢᠯ ᠣᠯᠭᠤᠯᠲᠠ ᠶᠢᠨ ᠨᠥᠬᠦᠪᠥᠷᠢ ᠪᠡᠯᠡ  ᠮᠥᠩᠭᠦ ᠶᠢᠨ ᠵᠠᠷᠤᠯᠭ᠎ᠠ 3.94 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ  62% ᠢᠶᠠᠷ ᠨᠡᠮᠡᠭᠳᠡᠵᠦ᠂ ᠤᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡ ᠶᠢ ᠳᠡᠮᠵᠢᠵᠦ᠂ ᠵᠢᠱᠢᠶ᠎ᠡ  ᠦᠵᠡᠭᠦᠯᠬᠦ ᠵᠦᠢᠯᠡᠰ ᠤᠨ ᠪᠦᠳᠦᠭᠡᠨ ᠪᠠᠶᠢᠭᠤᠯᠤᠯᠲᠠ ᠶᠢ ᠳᠡᠭᠡᠭᠰᠢᠯᠡᠭᠦᠯᠵᠦ᠂ ᠪᠦᠬᠦ ᠬᠤᠳᠠ ᠳᠤ ᠬᠤᠳᠠ  ᠪᠠᠯᠭᠠᠰᠤᠨ ᠤ 6.04 ᠲᠦᠮᠡᠨ ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠥᠳᠡᠭᠡ ᠲᠣᠰᠬᠤᠨ ᠤ 32.5  ᠲᠦᠮᠡᠨ ᠬᠥᠳᠡᠯᠮᠦᠷᠢ ᠶᠢᠨ ᠬᠦᠴᠦᠨ ᠢ ᠰᠢᠯᠵᠢᠭᠦᠯᠦᠨ ᠠᠵᠢᠯ ᠣᠯᠭᠤᠪᠠ᠃ ᠠᠵᠢᠯ ᠤᠨ ᠪᠠᠶᠢᠷᠢ ᠶᠢ  ᠲᠣᠭᠲᠠᠪᠤᠷᠢᠵᠢᠭᠤᠯᠤᠨ ᠪᠤᠴᠠᠭᠠᠬᠤ ᠪᠠᠯᠠ ᠮᠥᠩᠭᠦ ᠶᠢ 1.29 ᠳ᠋ᠦᠩᠰᠢᠭᠤᠷ ᠲᠥᠭᠦᠷᠢᠭ ᠰᠢᠯᠵᠢᠭᠦᠯᠦᠨ ᠥᠭᠴᠦ᠂  29.25 ᠲᠦᠮᠡᠨ ᠠᠵᠢᠯᠲᠠᠨ ᠠᠵᠢᠯᠴᠢᠨ ᠳᠤ ᠠᠰᠢᠭ ᠬᠦᠷᠲᠡᠭᠡᠪᠡ᠃ ᠪᠢᠳᠡ ᠨᠡᠶᠢᠭᠡᠮ ᠤᠨ ᠪᠠᠲᠤᠯᠠᠭ᠎ᠠ ᠶᠢᠨ ᠬᠢᠷᠢ  ᠲᠦᠪᠰᠢᠨ ᠢ ᠳᠡᠭᠡᠭᠰᠢᠯᠡᠭᠦᠯᠬᠦ ᠶᠢ ᠳᠡᠮᠵᠢᠪᠡ᠃ ᠪᠦᠬᠦ ᠬᠤᠲᠠ ᠶᠢᠨ ᠨᠡᠶᠢᠭᠡᠮ ᠤᠨ ᠪᠠᠲᠤᠯᠠᠭ᠎ᠠ ᠪᠠ ᠠᠵᠢᠯ  ᠣᠯᠭᠤᠯᠲᠠ ᠶᠢᠨ ᠵᠠᠷᠤᠯᠭ᠎ᠠ 58.37 ᠳ᠋ᠦᠩᠰᠢᠭᠤᠷ ᠲᠥᠭᠦᠷᠢᠭ ᠲᠤ ᠬᠦᠷᠴᠦ᠂ ᠨᠢᠳᠤᠨᠤᠨ ᠤ ᠬᠢ ᠠᠴᠠ 19. 77% ᠪᠠᠷ ᠨᠡᠮᠡᠭᠳᠡᠨ᠂ ᠠᠵᠢᠯ ᠠᠯᠳᠠᠯᠲᠠ ᠶᠢᠨ ᠳᠠᠭᠠᠳᠬᠠᠯ ᠤᠨ ᠪᠠᠲᠤᠯᠠᠭ᠎ᠠ ᠶᠢᠨ ᠬᠦᠷᠢᠶ᠎ᠡ ᠬᠡᠪᠴᠢᠶ᠎ᠡ ᠶᠢ  ᠥᠷᠭᠡᠳᠬᠡᠬᠦ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠨᠡᠶᠢᠲᠡ 1.56 ᠲᠦᠮᠡᠨ ᠠᠵᠢᠯ  ᠠᠯᠳᠠᠭᠰᠠᠳ ᠲᠤ 0.7 ᠳ᠋ᠦᠩᠰᠢᠭᠤᠷ ᠲᠥᠭᠦᠷᠢᠭ ᠤᠨ ᠠᠵᠢᠯ ᠠᠯᠳᠠᠯᠲᠠ ᠶᠢᠨ ᠮᠥᠩᠭᠦ ᠣᠯᠭᠤᠪᠠ᠃ 7.71  ᠳ᠋ᠦᠩᠰᠢᠭᠤᠷ ᠲᠥᠭᠦᠷᠢᠭ ᠤᠨ ᠨᠥᠬᠦᠪᠥᠷᠢ ᠶᠢᠨ ᠪᠡᠯᠡ ᠮᠥᠩᠭᠦ ᠶᠢ ᠰᠠᠯᠭᠠᠨ ᠥᠭᠴᠦ᠂ ᠬᠦᠴᠢᠷᠳᠡᠯᠲᠡᠶ ᠤᠯᠠᠨ  ᠲᠦᠮᠡᠨ ᠤ ᠦᠨᠳᠦᠰᠦᠨ ᠠᠮᠢᠳᠤᠷᠠᠯ ᠢ ᠪᠠᠲᠤᠯᠠᠨ᠂ ᠬᠦᠴᠢᠷᠳᠡᠯᠲᠡᠶ ᠤᠯᠠᠨ ᠲᠦᠮᠡᠨ ᠢ ᠠᠪᠤᠷᠠᠨ ᠲᠤᠰᠠᠯᠠᠬᠤ  ᠨᠥᠬᠦᠪᠥᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠪᠡ᠃ ᠪᠢᠳᠡ ᠡᠷᠡᠭᠦᠯ ᠡᠩᠬᠡ ᠬᠥᠬᠡᠬᠤᠲᠠ ᠶᠢᠨ ᠪᠥᠲᠥᠭᠡᠨ  ᠪᠠᠶᠢᠭᠤᠯᠤᠯᠲᠠ ᠶᠢ ᠳᠡᠮᠵᠢᠪᠡ᠃ ᠪᠥᠬᠦ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠷᠤᠯᠭ᠎ᠠ 41.56  ᠳ᠋ᠦᠩᠰᠢᠭᠤᠷ ᠲᠥᠭᠦᠷᠢᠭ ᠲᠤ ᠬᠦᠷᠴᠦ᠂ ᠨᠢᠳᠤᠨᠤᠨ ᠤ ᠬᠢ ᠠᠴᠠ 47.74% ᠪᠠᠷ ᠨᠡᠮᠡᠭᠳᠡᠨ᠂ ᠤᠯᠤᠰ ᠤᠨ  ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠥᠭᠡᠷᠡᠴᠢᠯᠡᠯᠲᠡ ᠬᠢᠭᠡᠳ ᠴᠢᠨᠠᠷ ᠰᠠᠶᠢᠲᠠᠶ  ᠬᠥᠭᠵᠢᠯᠲᠡ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠳᠤ ᠠᠮᠵᠢᠯᠲᠠ ᠲᠠᠢ ᠪᠠᠷ ᠰᠣᠩᠭᠤᠭᠳᠠᠨ ᠣᠷᠣᠵᠤ᠂  ᠬᠤᠲᠠ ᠶᠢᠨ ᠬᠤᠶᠠᠳᠤᠭᠠᠷ ᠡᠮᠨᠡᠯᠭᠡ ᠶᠢᠨ ᠬᠤᠷᠢᠶ᠎ᠠ ᠶᠢ ᠨᠡᠭᠦᠯᠭᠡᠨ ᠪᠠᠶᠢᠭᠤᠯᠬᠤ᠂ ᠬᠢᠲᠠᠳ ᠮᠣᠩᠭᠤᠯ ᠤᠨ  ᠡᠮᠨᠡᠯᠭᠡ ᠶᠢᠨ ᠬᠤᠷᠢᠶ᠎ᠠ ᠶᠢᠨ ᠡᠮᠴᠢᠯᠡᠭᠡ ᠰᠤᠪᠢᠯᠠᠯᠲᠠ ᠶᠢᠨ ᠲᠥᠪ ᠤᠨ ᠲᠥᠷᠥᠯ ᠵᠦᠢᠯ ᠤᠨ ᠭᠤᠤᠯ ᠴᠣᠭᠴᠠ ᠶᠢᠨ  ᠠᠵᠢᠯ ᠳᠠᠭᠤᠰᠬᠤ ᠶᠢ ᠳᠡᠮᠵᠢᠵᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ  ᠲᠠᠰᠤᠷᠠᠯᠲᠠ ᠥᠬᠡᠶ ᠨᠡᠮᠡᠭᠳᠡᠭᠦᠯᠦᠨ᠂ ᠣᠯᠠᠨ ᠲᠦᠮᠡᠨ ᠤ ᠡᠪᠡᠳᠴᠢᠨ ᠦᠵᠡᠭᠦᠯᠬᠦ ᠳᠠᠷᠤᠭᠠᠰᠤ ᠶᠢ ᠤᠯᠠᠮ ᠨᠢᠭᠡ  ᠠᠯᠬᠤᠮ ᠬᠥᠩᠭᠡᠷᠡᠭᠦᠯᠪᠡ᠃ ᠵᠠᠷᠤᠳᠠᠯ ᠤᠨ ᠪᠠᠲᠤᠯᠠᠭ᠎ᠠ ᠶᠢᠨ ᠡᠷᠴᠢᠮ ᠢ ᠴᠢᠩᠭᠠᠷᠠᠭᠤᠯᠵᠤ᠂ ᠬᠢᠵᠢᠭ ᠤᠨ ᠪᠠᠶᠢᠳᠠᠯ ᠢ  ᠰᠡᠷᠭᠡᠶᠢᠯᠡᠨ ᠡᠵᠡᠮᠳᠡᠬᠦ ᠠᠵᠢᠯ ᠢ ᠪᠦᠬᠦ ᠬᠦᠴᠦᠨ ᠢᠶᠠᠷ ᠢᠶᠠᠨ ᠳᠡᠮᠵᠢᠪᠡ᠃ ᠪᠢᠳᠡ ᠤᠯᠠᠨ ᠲᠦᠮᠡᠨ ᠤ ᠣᠷᠣᠨ  ᠰᠠᠭᠤᠴᠠ ᠶᠢᠨ ᠪᠠᠲᠤᠯᠠᠭ᠎ᠠ ᠶᠢᠨ ᠬᠢᠷᠢ ᠲᠦᠪᠰᠢᠨ ᠢ ᠴᠢᠷᠮᠠᠶᠢᠨ ᠳᠡᠭᠡᠭᠰᠢᠯᠡᠭᠦᠯᠪᠡ᠃ ᠪᠦᠬᠦ ᠬᠤᠳᠠ ᠶᠢᠨ ᠣᠷᠣᠨ  ᠰᠠᠭᠤᠴᠠ ᠶᠢᠨ ᠪᠠᠲᠤᠯᠠᠭ᠎ᠠ ᠶᠢᠨ ᠵᠠᠷᠤᠯᠭ᠎ᠠ 10.72 ᠳ᠋ᠦᠩᠰᠢᠭᠤᠷ ᠲᠥᠭᠦᠷᠢᠭ ᠲᠤ ᠬᠦᠷᠴᠦ᠂ ᠬᠠᠭᠤᠴᠢᠨ  ᠬᠤᠷᠢᠶᠠᠯᠠᠯ ᠢ ᠰᠢᠨᠡᠳᠬᠡᠨ ᠵᠠᠰᠠᠬᠤ᠂ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠢᠨᠵᠧᠨᠧᠷᠢᠩ᠂ ᠨᠤᠷᠠᠬᠤ  ᠠᠶᠤᠯᠲᠠᠶ ᠭᠡᠷ ᠪᠠᠶᠢᠰᠢᠩ ᠢ ᠰᠢᠨᠡᠳᠬᠡᠨ ᠵᠠᠰᠠᠬᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠡᠮᠵᠢᠵᠤ᠂  ᠤᠯᠠᠨ ᠲᠦᠮᠡᠨ ᠤ ᠣᠷᠣᠨ ᠰᠠᠭᠤᠴᠠ ᠶᠢᠨ ᠨᠥᠬᠦᠴᠡᠯ ᠢ ᠰᠠᠶᠢᠵᠢᠷᠠᠭᠤᠯᠪᠠ᠃ ︽ᠵᠠᠮ ᠬᠠᠷᠢᠯᠴᠠᠭᠠᠨ ᠤ ᠠᠰᠠᠷ ᠢ  ᠪᠠᠲᠤᠯᠠᠵᠤ᠂ ᠠᠷᠠᠳ ᠤᠨ ᠠᠮᠢᠳᠤᠷᠠᠯ ᠢ ᠲᠣᠭᠲᠠᠪᠤᠷᠢᠵᠢᠭᠤᠯᠬᠤ︾ ᠶᠢ ᠲᠦᠯᠬᠢᠨ ᠠᠬᠢᠭᠤᠯᠵᠤ᠂ ᠨᠡᠶᠢᠭᠡᠮ ᠤᠨ  ᠵᠢᠱᠢᠯᠲᠡ ᠶᠢ ᠲᠣᠭᠲᠠᠪᠤᠷᠢᠵᠢᠭᠤᠯᠤᠨ᠂ ᠲᠤᠰᠬᠠᠶ ᠪᠡᠯᠡ ᠮᠥᠩᠭᠦ ᠶᠢ ᠰᠠᠶᠢᠲᠤᠷ ᠬᠠᠮᠢᠶᠠᠷᠤᠨ ᠰᠠᠶᠢᠲᠤᠷ ᠬᠡᠷᠡᠭᠯᠡᠵᠦ᠂  ᠤᠯᠠᠨ ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠬᠠᠷᠢᠭᠤᠯᠲᠠ ᠦᠭᠪᠡ᠃      7. ᠬᠥᠲᠥᠯᠥᠭᠴᠢ              ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ  ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠂ ᠪᠠᠰᠠ ᠴᠤ ︽ᠣᠷᠣᠨ ᠤ ᠲᠥᠪ ᠬᠤᠲᠠ ᠶᠢ  ᠬᠦᠴᠦᠷᠬᠡᠭᠵᠢᠭᠦᠯᠬᠦ ᠢᠨᠵᠧᠨᠧᠷᠢᠩ︾ ᠢ ᠬᠡᠷᠡᠭᠵᠢᠭᠦᠯᠬᠦ ᠡᠬᠢᠯᠡᠯᠲᠡ ᠶᠢᠨ ᠵᠢᠯ ᠮᠥᠨ᠃ ᠣᠷᠣᠨ ᠤ ᠲᠥᠪ ᠬᠤᠲᠠ ᠶᠢᠨ ᠠᠵᠤ ᠠᠬᠤᠶ ᠨᠡᠶᠢᠭᠡᠮ ᠤᠨ ᠡᠯ᠎ᠡ ᠵᠦᠢᠯ ᠤᠨ ᠠᠵᠢᠯ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ︽ᠲᠦᠷᠭᠡᠨ  ᠵᠠᠮ︾ ᠤᠨ ᠲᠠᠯ᠎ᠠ ᠪᠠᠷ ᠲᠣᠭᠲᠠᠭᠤᠨ ᠢᠶᠠᠷ ᠤᠷᠤᠭᠰᠢᠯᠠᠬᠤ ᠶᠢ ᠠᠬᠢᠭᠤᠯᠬᠤ ᠳᠤ ᠡᠳ᠋ ᠤᠨ ᠵᠠᠰᠠᠭ ᠤᠨ ᠪᠠᠯᠠ ᠮᠥᠩᠭᠦ ᠶᠢᠨ ᠳᠡᠮᠵᠢᠯᠭᠡ ᠪᠠᠲᠤᠯᠠᠭ᠎ᠠ ᠠᠴᠠ ᠰᠠᠯᠵᠤ ᠴᠢᠳᠠᠬᠤ ᠥᠬᠡᠶ ᠶᠤᠮ᠃ ᠲᠡᠭᠡᠪᠡᠯ ᠡᠳ᠋ ᠤᠨ ᠵᠠᠰᠠᠭ ᠤᠨ  ᠣᠷᠣᠯᠭ᠎ᠠ ᠶᠢ ᠶᠡᠬᠡᠰᠬᠡᠬᠦ ᠲᠠᠯ᠎ᠠ ᠪᠠᠷ ᠬᠤᠳᠠ ᠶᠢᠨ ᠡᠳ᠋ ᠤᠨ ᠵᠠᠰᠠᠭ ᠤᠨ ᠲᠣᠪᠴᠢᠶ᠎ᠠ ᠶᠠᠮᠠᠷ ᠶᠠᠮᠠᠷ ᠠᠷᠭ᠎ᠠ ᠬᠡᠮᠵᠢᠶ᠎ᠡ  ᠠᠪᠬᠤ ᠪᠤᠢ︖              8. ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ  ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠴᠢ ᠰᠢᠶᠤᠤ ᠵᠢᠤᠸᠠᠨ
       ᠵᠠ᠂ ᠲᠡᠭᠡ᠃ ᠲᠠᠯᠳᠠ ᠬᠦᠴᠦᠨ ᠢ ᠠᠭᠤᠳᠠᠯᠤᠨ ᠣᠷᠣᠯᠭ᠎ᠠ ᠶᠢ ᠨᠡᠮᠡᠭᠳᠡᠭᠦᠯᠬᠦ᠂ ᠡᠳ᠋ ᠤᠨ ᠵᠠᠰᠠᠭ ᠤᠨ  ᠣᠷᠣᠯᠭ᠎ᠠ ᠶᠢᠨ ᠶᠡᠷᠦᠩᠬᠡᠶ ᠬᠡᠮᠵᠢᠶ᠎ᠡ ᠶᠢ ᠶᠡᠬᠡᠰᠬᠡᠬᠦ ᠲᠠᠯ᠎ᠠ ᠪᠠᠷ ᠡᠨᠡ ᠵᠢᠯ ᠪᠢᠳᠡ ᠭᠤᠣᠯᠳᠠᠭᠤ ᠲᠠᠪᠤᠨ ᠲᠠᠯ᠎ᠠ ᠪᠠᠷ  ᠬᠦᠴᠦ ᠲᠠᠯᠪᠢᠨ᠎ᠠ᠃        ᠨᠢᠭᠡ ᠳᠤ ᠣᠷᠣᠯᠭ᠎ᠠ ᠶᠢ ᠲᠠᠲᠠᠪᠤᠷᠢᠯᠠᠬᠤ ᠬᠠᠮᠢᠶᠠᠷᠤᠯᠲᠠ ᠶᠢ ᠴᠢᠩᠭᠠᠳᠬᠠᠨ᠎ᠠ᠃ ᠭᠠᠶᠢᠯᠢ ᠶᠢ  ᠬᠥᠩᠭᠡᠯᠡᠵᠦ ᠰᠦᠢᠳᠬᠡᠯ ᠢ ᠪᠠᠭᠤᠷᠠᠭᠤᠯᠬᠤ ᠲᠦᠷᠦ ᠶᠢᠨ ᠪᠤᠳᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠭᠰᠠᠨ  ᠰᠠᠭᠤᠷᠢᠨ ᠳᠡᠭᠡᠷ᠎ᠡ ᠂ ᠥᠷᠢᠲᠦᠵᠦ ᠪᠠᠶᠢᠭ᠎ᠠ ᠭᠠᠶᠢᠯᠢ ᠪᠠ ᠥᠷᠢᠲᠦᠵᠦ ᠪᠠᠶᠢᠭ᠎ᠠ ᠰᠦᠢᠳᠬᠡᠯ ᠢ ᠢᠯᠭᠠᠷᠠᠭᠤᠯᠤᠨ  ᠲᠤᠰᠢᠶᠠᠬᠤ ᠠᠵᠢᠯ ᠤᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠡᠯ᠎ᠡ ᠰᠠᠯᠠᠭ᠎ᠠ ᠮᠥᠴᠢᠷ ᠤᠨ ᠴᠤᠭᠭᠠᠷ  ᠠᠳᠬᠤᠨ ᠬᠠᠮᠲᠤ ᠪᠠᠷ ᠬᠠᠮᠢᠶᠠᠷᠬᠤ᠂ ᠥᠨᠳᠥᠷ ᠪᠠᠶᠢᠷᠢᠨ ᠳᠤ ᠲᠦᠯᠬᠢᠨ ᠠᠬᠢᠭᠤᠯᠬᠤ ᠶᠢ ᠴᠢᠬᠤᠯᠠᠴᠢᠯᠠᠵᠤ᠂ ᠣᠷᠣᠯᠭ᠎ᠠ ᠶᠢ ᠬᠠᠤᠯᠢ ᠶᠣᠰᠣᠭᠠᠷ ᠵᠣᠬᠢᠶᠠᠨ ᠪᠠᠶᠢᠭᠤᠯᠬᠤ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠨ᠎ᠠ᠃          ᠬᠤᠶᠠᠷ ᠲᠤ ᠶᠡᠷᠦᠩᠬᠡᠶ ᠬᠡᠯᠲᠡᠰ ᠤᠨ ᠠᠵᠤ ᠠᠬᠤᠶ ᠶᠢ ᠪᠤᠶᠢᠵᠢᠭᠤᠯᠤᠨ ᠪᠤᠵᠠᠭᠠᠶᠢᠷᠠᠭᠤᠯᠤᠨ᠎ᠠ᠃ ᠶᠡᠭᠡ ᠬᠡᠪᠴᠢᠶᠡᠨ ᠤ  ᠠᠷᠭ᠎ᠠ ᠬᠡᠮᠵᠢᠶ᠎ᠡ ᠶᠢ ᠲᠣᠭᠲᠠᠪᠤᠷᠢᠵᠢᠭᠤᠯᠬᠤ ᠪᠠ ᠲᠥᠷᠥ ᠶᠢᠨ ᠪᠣᠳᠣᠯᠭ᠎ᠠ ᠶᠢᠨ ᠰᠣᠯᠢᠵᠤ ᠥᠭᠬᠦ ᠪᠠᠯᠠ ᠮᠥᠩᠭᠦ ᠶᠢ  ᠪᠥᠬᠦ ᠬᠦᠴᠦᠨ ᠢᠶᠠᠷ ᠢᠶᠠᠨ ᠨᠠᠶᠢᠳᠠᠪᠤᠷᠢᠵᠢᠭᠤᠯᠵᠤ᠂ ᠲᠡᠷᠢᠭᠦᠨ ᠵᠡᠷᠭᠡ ᠶᠢᠨ ᠬᠤᠳᠠᠯᠳᠤᠭ᠎ᠠ ᠡᠵᠡᠩᠨᠡᠬᠦ ᠣᠷᠴᠢᠨ  ᠨᠥᠬᠦᠴᠡᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠤᠨ ᠰᠣᠯᠢᠵᠤ  ᠥᠭᠬᠦ ᠶᠢ ᠪᠥᠬᠦ ᠬᠦᠴᠦᠨ ᠢᠶᠠᠷ ᠢᠶᠠᠨ ᠳᠡᠮᠵᠢᠨ᠎ᠡ᠃ ᠬᠥᠬᠡᠬᠤᠲᠠ ᠳᠤ ᠰᠠᠭᠤᠭ᠎ᠠ ᠶᠡᠷᠦᠩᠬᠡᠶ ᠬᠡᠯᠲᠡᠰ ᠤᠨ ᠠᠵᠤ  ᠠᠬᠤᠶᠢᠯᠠᠯ ᠲᠠᠢ ᠦᠷᠭᠦᠯᠵᠢᠯᠡᠨ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠭᠠᠶᠢᠯᠢ ᠲᠠᠲᠠᠪᠤᠷᠢ ᠶᠢᠨ ᠦᠯᠡᠳᠡᠭᠡᠨ  ᠬᠡᠷᠡᠭᠯᠡᠬᠦ ᠬᠠᠷᠢᠴᠠᠯ ᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠂ ᠡᠳ᠋ ᠮᠥᠩᠭᠦᠨ ᠤ ᠢᠷᠡᠯᠲᠡ ᠶᠢ ᠶᠡᠬᠡᠪᠡᠷ  ᠪᠤᠶᠢᠵᠢᠭᠤᠯᠵᠤ᠂ ᠡᠳ᠋ ᠤᠨ ᠬᠦᠴᠦᠨ ᠤ ᠨᠡᠮᠡᠭᠳᠡᠯ ᠢ ᠠᠬᠢᠭᠤᠯᠤᠨ᠎ᠠ᠃ ᠭᠤᠷᠪᠠ ᠳᠤ ᠭᠠᠵᠠᠷ ᠰᠢᠷᠣᠶ ᠶᠢ ᠰᠢᠯᠵᠢᠭᠦᠯᠦᠨ  ᠥᠭᠬᠦ ᠡᠷᠴᠢᠮ ᠢ ᠴᠢᠩᠭᠠᠷᠠᠭᠤᠯᠤᠨ᠎ᠠ᠃ ᠭᠠᠵᠠᠷ ᠰᠢᠷᠣᠶ ᠶᠢ ᠰᠢᠯᠵᠢᠭᠦᠯᠦᠨ ᠥᠭᠭᠦᠭᠰᠡᠨ ᠣᠷᠣᠯᠭ᠎ᠠ ᠶᠢᠨ  ᠲᠥᠯᠥᠪᠯᠡᠭᠡ ᠶᠢ ᠪᠠᠲᠤᠳᠬᠠᠵᠤ᠂ ᠭᠠᠵᠠᠷ ᠰᠢᠷᠣᠶ ᠶᠢᠨ ᠥᠪᠡᠷ ᠤᠨ ᠦᠷᠳᠡᠭ ᠢ ᠴᠠᠭ ᠲᠤᠬᠠᠶ ᠳᠤᠨᠢ ᠣᠯᠭᠤᠬᠤ ᠪᠠ  ᠬᠤᠳᠠ ᠲᠦᠷᠪᠡᠨ ᠲᠣᠭᠤᠷᠢᠭ ᠤᠨ ᠠᠰᠢᠭ ᠣᠷᠣᠯᠭ᠎ᠠ ᠶᠢ ᠡᠭᠡᠭᠦᠯᠦᠨ ᠪᠤᠴᠠᠭᠠᠵᠤ᠂ ᠭᠠᠵᠠᠷ ᠰᠢᠷᠣᠶ ᠶᠢ ᠡᠮᠬᠢᠯᠡᠨ  ᠴᠡᠭᠴᠡᠯᠡᠬᠦ᠂ ᠨᠥᠭᠡᠴᠡᠯᠡᠬᠦ᠂ ᠨᠡᠭᠡᠭᠡᠨ ᠠᠰᠢᠭᠯᠠᠬᠤ ᠵᠡᠷᠭᠡ ᠠᠵᠢᠯ ᠤᠨ ᠰᠠᠶᠢᠨ ᠠᠵᠢᠯᠯᠠᠭᠠᠨ ᠢ ᠲᠦᠯᠬᠢᠨ ᠠᠬᠢᠭᠤᠯᠵᠤ᠂ ᠡᠳ᠋ ᠤᠨ ᠵᠠᠰᠠᠭ᠂ ᠬᠤᠳᠠᠯᠳᠤᠨ ᠠᠪᠴᠤ ᠨᠥᠭᠡᠴᠡᠯᠡᠬᠦ᠂ ᠭᠠᠵᠠᠷ ᠣᠷᠣᠨ ᠤ ᠬᠤᠭᠤᠷᠣᠨᠳᠣᠬᠢ ᠥᠨᠳᠥᠷ  ᠪᠦᠲᠦᠮᠵᠢᠲᠡᠶ ᠪᠠᠷ ᠬᠤᠯᠪᠣᠭᠠᠯᠠᠨ ᠬᠥᠳᠡᠯᠦᠯᠴᠡᠬᠦ ᠶᠢ ᠪᠤᠢ ᠪᠣᠯᠭᠠᠵᠤ᠂ ᠳᠠᠪᠠᠭᠤᠯᠤᠨ ᠬᠤᠷᠢᠶᠠᠬᠤ ᠶᠢ ᠠᠯᠢ  ᠴᠢᠳᠠᠬᠤ ᠪᠠᠷ ᠪᠡᠶᠡᠯᠡᠭᠦᠯᠵᠦ᠂ ᠡᠳ᠋ ᠤᠨ ᠬᠦᠴᠦᠨ ᠤ ᠳᠤᠲᠠᠭᠤᠳᠠᠯ ᠢ ᠨᠥᠬᠦᠪᠥᠷᠢᠯᠡᠨ᠎ᠡ᠃ ᠲᠦᠷᠪᠡ ᠳᠤ᠂ ᠳᠡᠭᠡᠳᠦ  ᠱᠠᠲᠤᠨ ᠤ ᠪᠡᠯᠡ ᠮᠥᠩᠭᠦ ᠶᠢ ᠢᠳᠡᠪᠬᠢᠯᠡᠨ ᠤᠯᠬᠤ ᠬᠡᠷᠡᠭᠲᠡᠶ᠃ ︽ᠣᠷᠣᠨ ᠤ ᠲᠥᠪ ᠬᠤᠲᠠ ᠶᠢ ᠬᠦᠴᠦᠷᠬᠡᠭᠵᠢᠭᠦᠯᠬᠦ  ︾ ᠲᠥᠷᠥ ᠶᠢᠨ ᠪᠣᠳᠣᠯᠭ᠎ᠠ ᠶᠢ ᠭᠦᠢᠴᠡᠳ ᠰᠠᠶᠢᠲᠤᠷ ᠬᠡᠷᠡᠭᠯᠡᠵᠦ᠂ ᠪᠠᠯᠠ ᠮᠥᠩᠭᠦ ᠶᠢᠨ ᠣᠷᠣᠭᠤᠯᠤᠯᠲᠠ ᠶᠢᠨ  ᠤᠳᠤᠷᠢᠳᠤᠮᠵᠢ ᠶᠢ ᠪᠠᠲᠤ ᠡᠵᠡᠮᠳᠡᠨ᠂ ᠡᠳ᠋ ᠤᠨ ᠵᠠᠰᠠᠭ ᠭᠠᠶᠢᠯᠢ ᠮᠥᠩᠭᠦᠨ  ᠭᠦᠢᠯᠭᠡᠭᠡᠨ ᠤ ᠳᠡᠮᠵᠢᠯᠭᠡ ᠶᠢ  ᠴᠢᠩᠭᠠᠷᠠᠭᠤᠯᠤᠨ᠎ᠠ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠵᠢᠱᠢᠶ᠎ᠡ ᠦᠵᠡᠭᠦᠯᠬᠦ ᠴᠢᠨᠠᠷᠲᠠᠶ ᠲᠥᠷᠥᠯ ᠵᠦᠢᠯ  ᠵᠢᠴᠢ ᠲᠤᠰᠬᠠᠶ ᠵᠦᠢᠯ ᠤᠨ ᠪᠠᠯᠠ ᠮᠥᠩᠭᠦ ᠭᠤᠶᠤᠴᠢᠯᠠᠨ ᠮᠡᠳᠡᠭᠦᠯᠬᠦ ᠶᠢ ᠴᠢᠩᠭ᠎ᠠ ᠠᠩᠬᠠᠷᠴᠤ᠂ ᠨᠠᠩ ᠣᠯᠠᠨ  ᠲᠥᠷᠥᠯ ᠵᠦᠢᠯ ᠤᠨ ᠪᠠᠯᠠ ᠮᠥᠩᠭᠦ ᠶᠢ ᠨᠠᠶᠢᠳᠠᠪᠤᠷᠢᠵᠢᠭᠤᠯᠬᠤ ᠪᠠᠷ ᠴᠢᠷᠮᠠᠶᠢᠨ᠎ᠠ ᠃ ᠲᠠᠪᠤ ᠳᠤ᠂ ᠡᠳ᠋ ᠤᠨ ᠵᠠᠰᠠᠭ  ᠮᠥᠩᠭᠦᠨ ᠭᠦᠢᠯᠭᠡᠭᠡ ᠨᠡᠶᠢᠭᠡᠮ ᠤᠨ ᠬᠦᠷᠦᠩᠭᠡ ᠶᠢᠨ ︽ᠬᠠᠮ ᠠᠷᠭ᠎ᠠ ᠬᠡᠮᠵᠢᠶ᠎ᠡ︾ ᠶᠢ ᠰᠠᠶᠢᠲᠤᠷ ᠠᠳᠬᠤᠬᠤ  ᠬᠡᠷᠡᠭᠲᠡᠢ᠃ ᠨᠢᠭᠡᠨᠲᠡ ᠪᠠᠶᠢᠭᠤᠯᠤᠭᠰᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠰᠢᠨᠵᠢᠯᠡᠬᠦ ᠤᠬᠠᠭᠠᠨ  ᠮᠡᠷᠭᠡᠵᠢᠯ ᠤᠨ ᠰᠢᠨ᠎ᠡ ᠶᠢ ᠡᠭᠦᠳᠬᠦ ᠰᠠᠭᠤᠷᠢ ᠮᠥᠩᠭᠦ ᠶᠢᠨ ᠣᠷᠣᠭᠤᠯᠤᠯᠲᠠ ᠶᠢ ᠲᠦᠷᠭᠡᠳᠬᠡᠨ ᠠᠬᠢᠭᠤᠯᠵᠤ᠂  ᠡᠳ᠋ ᠤᠨ ᠵᠠᠰᠠᠭ ᠤᠨ ᠪᠠᠯᠠ ᠮᠥᠩᠭᠦ ᠶᠢᠨ ︽ᠳᠥᠷᠪᠡᠨ ᠬᠤᠶᠠᠷ ᠢᠶᠠᠷ ᠮᠢᠩᠭᠠᠨ ᠵᠢᠩ ᠥᠭᠬᠦ︾ ᠦᠢᠯᠡᠳᠦᠯ ᠢ  ᠰᠠᠶᠢᠲᠤᠷ ᠪᠠᠳᠠᠷᠠᠭᠤᠯᠵᠤ᠂ ᠨᠡᠶᠢᠭᠡᠮ ᠤᠨ ᠪᠠᠯᠠ ᠮᠥᠩᠭᠦ ᠶᠢ ᠲᠡᠳᠡᠨ ᠮᠠᠨ ᠤ ᠬᠤᠲᠠ ᠶᠢᠨ ᠪᠥᠲᠥᠭᠡᠨ  ᠪᠠᠶᠢᠭᠤᠯᠤᠯᠲᠠ ᠳᠤ ᠣᠷᠣᠯᠴᠠᠭᠤᠯᠵᠤ᠂ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢ ᠳᠡᠮᠵᠢᠨ᠎ᠡ᠃              9. ᠬᠥᠲᠥᠯᠥᠭᠴᠢ              ᠰᠢᠨ᠎ᠡ ᠨᠢᠭᠡ ᠵᠢᠯ ᠳᠤ᠂ ᠣᠷᠣᠨ ᠤ ᠲᠥᠪ ᠬᠤᠲᠠ ᠶᠢᠨ ᠡᠳ᠋ ᠤᠨ ᠵᠠᠰᠠᠭ ᠨᠢ ᠲᠣᠰ ᠪᠡᠶ᠎ᠡ ᠶᠢᠨ  ᠪᠠᠶᠢᠭᠤᠯᠤᠯᠲᠠ ᠪᠠᠨ ᠬᠡᠷᠬᠢᠨ ᠴᠢᠩᠭᠠᠳᠬᠠᠵᠤ᠂ ᠴᠢᠨᠠᠷ ᠰᠠᠶᠢᠲᠠᠶ ᠬᠥᠭᠵᠢᠯᠲᠡ ᠶᠢ ᠬᠡᠷᠬᠢᠨ ᠠᠬᠢᠭᠤᠯᠬᠤ ᠪᠣᠶ︖           10. ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ  ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠴᠢ ᠰᠢᠶᠤᠤ ᠵᠢᠤᠸᠠᠨ  
 
             2023 ᠣᠨ ᠳᠤ᠂ ᠪᠢᠳᠡ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠦᠷᠭᠦᠯᠵᠢᠯᠡᠨ ᠭᠦᠨᠵᠡᠭᠡᠢ  ᠠᠬᠢᠭᠤᠯᠵᠤ᠂ ᠡᠳ᠋ ᠤᠨ ᠵᠠᠰᠠᠭ ᠤᠨ ᠬᠠᠮᠢᠶᠠᠷᠤᠯᠲᠠ ᠶᠢᠨ ᠣᠳᠣᠬᠢᠴᠢᠯᠠᠯᠲᠠ ᠶᠢᠨ ᠲᠦᠪᠰᠢᠨ ᠢ ᠲᠠᠰᠤᠷᠠᠯᠲᠠ ᠦᠭᠡᠢ  ᠳᠡᠭᠡᠭᠰᠢᠯᠡᠭᠦᠯᠬᠦ ᠬᠡᠷᠡᠭᠲᠡᠢ᠃ ᠨᠢᠭᠡ ᠳᠤ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂  ᠬᠥᠭᠵᠢᠯᠲᠡ ᠶᠢᠨ ᠨᠡᠶᠢᠯᠡᠮᠡᠯ ᠬᠦᠴᠦᠨ ᠢ ᠨᠢᠭᠲᠠᠷᠠᠭᠤᠯᠤᠨ᠎ᠠ᠃ ︽ᠲᠠᠪᠤ ᠶᠢ ᠪᠠᠲᠤ ᠡᠵᠡᠮᠰᠢᠬᠦ︾ ᠶᠢᠨ ᠴᠢᠬᠤᠯᠠ  ᠱᠠᠭᠠᠷᠳᠠᠯᠭ᠎ᠠ ᠶᠢ ᠣᠨᠣᠪᠴᠢᠲᠠᠶ ᠣᠶᠢᠯᠠᠭᠠᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ  ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠳᠡᠭᠡᠷ᠎ᠡ ᠦᠨᠡᠨᠬᠦ ᠨᠢᠭᠡᠳᠬᠡᠵᠦ᠂ ︽ᠬᠤᠶᠠᠷ ᠢ  ᠲᠤᠭᠲᠠᠭᠠᠭᠰᠠᠨ︾ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ  ᠳᠣᠣᠷ᠎ᠠ᠂ ᠡᠳ᠋ ᠤᠨ ᠵᠠᠰᠠᠭ ᠤᠨ ᠡᠭᠦᠷᠭᠡ ᠪᠠᠨ ᠨᠡᠩ ᠰᠠᠶᠢᠲᠤᠷ ᠭᠦᠢᠴᠡᠳᠬᠡᠵᠦ᠂ ᠡᠳ᠋ ᠤᠨ ᠵᠠᠰᠠᠭ ᠤᠨ ᠡᠭᠦᠷᠭᠡ  ᠴᠢᠳᠠᠪᠬᠢ ᠶᠢᠨ ᠦᠢᠯᠡᠳᠦᠯ ᠢᠶᠠᠨ ᠢᠳᠡᠪᠬᠢᠲᠡᠢ ᠪᠠᠳᠠᠷᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠭᠠᠷᠭᠠᠭᠰᠠᠨ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠬᠤᠶᠠᠷ ᠲᠤ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠲᠤᠰᠢᠶᠠᠯ  ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠦᠨ᠎ᠡ᠃ ᠨᠠᠮ ᠤᠨ ᠰᠤᠷᠲᠠᠯ ᠤᠨ ᠪᠠ ᠠᠷᠢᠭᠤᠨ  ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠬᠠᠤᠯᠢ ᠪᠠᠷ ᠵᠠᠰᠠᠬᠤ ᠰᠡᠳᠬᠢᠬᠦᠶ ᠪᠠᠨ ᠴᠢᠩᠭᠠᠷᠠᠭᠤᠯᠤᠨ᠂ ︽ᠠᠷᠪᠢᠯᠠᠨ ᠭᠠᠮᠨᠠᠬᠤ︾ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠡᠩ ᠤᠨ ᠴᠢᠨᠠᠷᠲᠠᠶ  ᠵᠠᠷᠤᠯᠭ᠎ᠠ ᠶᠢ ᠨᠡᠩ ᠶᠡᠭᠡ ᠡᠷᠴᠢᠮ ᠢᠶᠠᠷ ᠪᠠᠭᠠᠰᠬᠠᠨ᠂ ︽ᠭᠤᠷᠪᠠᠨ ᠵᠦᠢᠯ ᠤᠨ ᠠᠯᠪᠠᠨ ᠤ ᠵᠠᠷᠤᠳᠠᠯ︾ ᠤᠨ  ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ᠨᠡᠩ ᠤᠯᠠᠨ ᠪᠡᠯᠡ ᠮᠥᠩᠭᠦ ᠶᠢ ᠭᠠᠷᠭᠠᠵᠤ ᠠᠷᠠᠳ ᠤᠨ ᠠᠮᠢᠳᠤᠷᠠᠯ ᠢ  ᠪᠠᠲᠤᠯᠠᠨ ᠰᠠᠶᠢᠵᠢᠷᠠᠭᠤᠯᠬᠤ ᠳᠤ ᠬᠡᠷᠡᠭᠯᠡᠨ᠎ᠡ᠃ ᠤᠳᠤᠷᠢᠳᠬᠤ ᠪᠠᠭ ᠪᠣᠯᠤᠨ ᠺᠠᠳ᠋ᠷ ᠤᠨ ᠡᠩᠨᠡᠭᠡᠨ ᠤ  ᠪᠠᠶᠢᠭᠤᠯᠤᠯᠲᠠ ᠶᠢ ᠴᠢᠩᠭᠠᠳᠬᠠᠵᠤ᠂ ᠬᠥᠭᠵᠢᠯᠲᠡ ᠶᠢ ᠠᠬᠢᠭᠤᠯᠬᠤ᠂ ᠤᠯᠠᠨ ᠲᠦᠮᠡᠨ ᠳᠤ ᠦᠢᠯᠡᠴᠢᠯᠡᠬᠦ ᠪᠠ ᠠᠶᠤᠯ  ᠲᠦᠭᠰᠢᠭᠦᠷᠢ ᠶᠢ ᠠᠷᠢᠯᠭᠠᠬᠤ ᠴᠢᠳᠠᠪᠤᠷᠢ ᠶᠢ ᠶᠡᠬᠡᠪᠡᠷ ᠳᠡᠭᠡᠭᠰᠢᠯᠡᠭᠦᠯᠵᠦ᠂ ᠡᠳ᠋ ᠤᠨ ᠵᠠᠰᠠᠭ ᠤᠨ ᠲᠦᠷᠢᠮ᠂  ᠲᠦᠷᠦ ᠶᠢᠨ ᠪᠤᠳᠤᠯᠭ᠎ᠠ ᠪᠣᠯᠤᠨ ᠲᠣᠭᠲᠠᠴᠠ ᠶᠢ ᠤᠯᠠᠮ ᠴᠢᠨᠠᠭᠰᠢᠳᠠ ᠲᠡᠭᠦᠯᠳᠡᠷᠵᠢᠭᠦᠯᠵᠦ᠂ ᠨᠡᠩ ᠶᠡᠭᠡ ᠡᠷᠴᠢᠮ᠂  ᠨᠡᠩ ᠪᠣᠳᠠᠲᠠᠢ ᠠᠷᠭ᠎ᠠ ᠬᠡᠮᠵᠢᠶ᠎ᠡ ᠪᠠᠷ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂  ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃  ᠭᠤᠷᠪᠠ ᠳᠤ᠂ ᠥᠭᠡᠷᠡᠴᠢᠯᠡᠯᠲᠡ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠮᠢᠶᠠᠷᠤᠯᠲᠠ ᠶᠢᠨ  ᠲᠦᠪᠰᠢᠨ ᠢᠶᠠᠨ ᠳᠡᠭᠡᠭᠰᠢᠯᠡᠭᠦᠯᠦᠨ᠎ᠡ᠃ ᠡᠳ᠋ ᠤᠨ ᠵᠠᠰᠠᠭ ᠤᠨ ᠪᠠᠶᠢᠭᠤᠯᠤᠯ ᠤᠨ ᠥᠭᠡᠷᠡᠴᠢᠯᠡᠯᠲᠡ ᠶᠢ ᠯᠠᠪᠳᠠᠭᠤᠨ ᠢᠶᠠᠷ  ᠠᠬᠢᠭᠤᠯᠵᠤ᠂ ᠲᠥᠪ ᠠᠴᠠ ᠮᠤᠵᠢ ᠠᠴᠠ ᠳᠣᠷᠣᠭᠰᠢᠬᠢ ᠡᠳ᠋ ᠤᠨ ᠵᠠᠰᠠᠭ ᠤᠨ ᠪᠠᠶᠢᠭᠤᠯᠤᠯ ᠤᠨ ᠥᠭᠡᠷᠡᠴᠢᠯᠡᠯᠲᠡ ᠶᠢ  ᠬᠡᠷᠡᠭᠵᠢᠭᠦᠯᠬᠦ ᠪᠠᠷ ᠠᠵᠠ ᠲᠣᠬᠢᠶᠠᠯ ᠪᠣᠯᠭᠠᠨ᠂ ᠭᠠᠶᠢᠯᠢ ᠲᠤᠰᠢᠶᠠᠬᠤ ᠠᠵᠤ ᠠᠬᠤᠶᠢᠯᠠᠯ ᠪᠠ ᠭᠠᠶᠢᠯᠢ ᠶᠢᠨ  ᠢᠷᠡᠯᠲᠡ ᠶᠢᠨ ᠪᠦᠲᠦᠴᠡ ᠶᠢ ᠤᠯᠠᠮ ᠨᠢᠭᠡ ᠠᠯᠬᠤᠮ ᠣᠶᠢᠯᠠᠭᠠᠵᠤ᠂ ᠬᠤᠲᠠ ᠶᠢᠨ ᠲᠣᠰ ᠱᠠᠲᠤ ᠬᠢᠭᠡᠳ ᠬᠤᠰᠢᠭᠤ  ᠰᠢᠶᠠᠨ ᠲᠣᠭᠤᠷᠢᠭ ᠤᠨ ᠠᠵᠢᠯ ᠶᠠᠪᠤᠳᠠᠯ ᠤᠨ ᠡᠷᠬᠡ ᠬᠢᠭᠡᠳ ᠵᠠᠷᠤᠯᠭ᠎ᠠ ᠶᠢᠨ ᠬᠠᠷᠢᠭᠤᠴᠠᠯᠭ᠎ᠠ ᠶᠢ ᠭᠦᠢᠴᠡᠳ  ᠲᠣᠳᠣᠷᠬᠠᠶᠢᠯᠠᠵᠤ᠂ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠯᠤᠭ᠎ᠠ ᠵᠣᠬᠢᠴᠠᠯᠳᠤᠭᠰᠠᠨ  ᠬᠤᠪᠢᠶᠠᠨ ᠡᠭᠦᠷᠭᠡᠯᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ︔ ᠥᠪᠡᠷᠲᠡᠭᠡᠨ ᠵᠠᠰᠠᠬᠤ ᠣᠷᠣᠨ ᠤ  ᠡᠳ᠋ ᠤᠨ ᠵᠠᠰᠠᠭ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠴᠢᠭᠯᠡᠯ ᠢ ᠴᠢᠩᠭ᠎ᠠ ᠠᠩᠬᠠᠷᠴᠤ᠂ ᠥᠪᠡᠷᠲᠡᠭᠡᠨ ᠵᠠᠰᠠᠬᠤ  ᠣᠷᠣᠨ ᠤ ᠭᠠᠶᠢᠯᠢ ᠶᠢᠨ ᠢᠷᠡᠯᠲᠡ ᠶᠢ ᠳᠣᠷᠣᠭᠰᠢ ᠰᠢᠯᠵᠢᠭᠦᠯᠬᠦ᠂ ᠣᠷᠣᠨ ᠨᠤᠲᠤᠭ ᠤᠨ ᠬᠤᠪᠢᠳᠠᠯ ᠢ ᠳᠡᠭᠡᠭᠰᠢᠯᠡᠭᠦᠯᠬᠦ  ᠵᠡᠷᠭᠡ ᠲᠠᠯ᠎ᠠ ᠪᠠᠷ ᠮᠠᠨ ᠤ ᠬᠤᠲᠠ ᠳᠤ ᠬᠡᠯᠪᠠᠶᠢᠯᠭᠡᠬᠦ ᠪᠠᠷ ᠴᠢᠷᠮᠠᠶᠢᠨ᠎ᠠ᠃ ᠲᠥᠰᠦᠪ ᠤᠨ ᠭᠦᠢᠴᠡᠳᠬᠡᠯᠲᠡ ᠶᠢᠨ  ᠬᠠᠮᠢᠶᠠᠷᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠲᠥᠰᠦᠪ ᠢ ᠬᠠᠤᠯᠢ ᠪᠠᠷ ᠲᠣᠭᠲᠠᠭᠠᠬᠤ ᠶᠢ ᠪᠠᠷᠢᠮᠲᠠᠯᠠᠵᠤ᠂  ᠤᠷᠢᠳᠠᠪᠠᠷ ᠲᠥᠰᠦᠪ ᠪᠠᠶᠢᠵᠤ ᠳᠠᠷᠠᠭ᠎ᠠ ᠨᠢ ᠵᠠᠷᠤᠯᠭ᠎ᠠ ᠪᠠᠶᠢᠬᠤ ᠶᠢ ᠦᠨᠡᠨ ᠬᠦ ᠪᠠᠲᠤᠯᠠᠨ᠎ᠠ᠃ ᠰᠢᠭᠤᠳ ᠬᠦᠷᠭᠡᠬᠦ  ᠪᠡᠯᠡ ᠮᠥᠩᠭᠦ ᠪᠠ ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ ᠵᠠᠷᠤᠯᠭ᠎ᠠ ᠶᠢᠨ ᠠᠬᠢᠴᠠ ᠶᠢ ᠲᠦᠷᠭᠡᠳᠬᠡᠵᠦ᠂ ᠡᠳ᠋ ᠤᠨ ᠵᠠᠰᠠᠭ ᠤᠨ ᠪᠡᠯᠡ ᠮᠥᠩᠭᠦ ᠶᠢᠨ ᠠᠵᠤ ᠠᠬᠤᠶᠢᠯᠠᠯ ᠳᠤ ᠠᠰᠢᠭ ᠬᠦᠷᠲᠡᠭᠡᠬᠦ ᠪᠠ ᠠᠵᠤ ᠠᠬᠤᠶ ᠶᠢᠨ  ᠨᠡᠮᠡᠭᠳᠡᠯ ᠢ ᠳᠠᠶᠢᠴᠢᠯᠠᠬᠤ ᠦᠢᠯᠡᠳᠦᠯ ᠢ ᠪᠦᠲᠦᠮᠵᠢᠲᠡᠶ ᠪᠠᠳᠠᠷᠠᠭᠤᠯᠤᠨ᠎ᠠ᠃ ᠡᠬᠢ ᠪᠠᠶᠠᠯᠢᠭ ᠡᠳ᠋ ᠬᠦᠷᠦᠩᠭᠡ ᠶᠢ  ᠠᠮᠢᠳᠤᠯᠢᠭ ᠪᠣᠯᠭᠠᠵᠤ᠂ ᠡᠵᠡᠩᠨᠡᠯᠲᠡ ᠶᠢᠨ ᠴᠢᠨᠠᠷᠲᠠᠶ ᠡᠳ᠋ ᠬᠦᠷᠦᠩᠭᠡ ᠶᠢ ᠥᠨᠳᠥᠷ ᠪᠦᠲᠦᠮᠵᠢᠲᠡᠶ ᠪᠠᠷ  ᠠᠰᠢᠭᠯᠠᠬᠤ ᠶᠢ ᠬᠠᠶᠢᠨ ᠰᠦᠪᠡᠭᠴᠢᠯᠡᠵᠦ᠂ ᠪᠦᠬᠦ ᠬᠤᠳᠠ ᠶᠢᠨ ᠡᠯ᠎ᠡ ᠰᠠᠯᠠᠭ᠎ᠠ ᠮᠥᠴᠢᠷ ᠬᠢᠭᠡᠳ ᠬᠤᠳᠠ ᠶᠢᠨ  ᠬᠠᠷᠢᠶ᠎ᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠤᠯᠪᠣᠯᠳᠤᠨ ᠬᠥᠳᠡᠯᠦᠯᠴᠡᠬᠦ ᠶᠢ ᠴᠢᠩᠭᠠᠳᠬᠠᠵᠤ᠂  ᠡᠬᠢ ᠪᠠᠶᠠᠯᠢᠭ ᠡᠳ᠋ ᠬᠦᠷᠦᠩᠭᠡ ᠶᠢᠨ ᠦᠷ᠎ᠡ ᠠᠰᠢᠭ ᠢ ᠳᠡᠭᠡᠭᠰᠢᠯᠡᠭᠦᠯᠦᠨ᠎ᠡ᠃              11. ᠬᠠᠮᠢᠶᠠᠷᠤᠭᠴᠢ              ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ  ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠴᠢ ᠰᠢᠶᠤᠤ ᠵᠢᠤᠸᠠᠨ᠂ ᠲᠥᠰᠦᠪ ᠤᠨ ᠲᠠᠰᠤᠭ ᠤᠨ ᠳᠡᠳ᠋ ᠰᠠᠯᠠᠭᠠᠨ  ᠳᠠᠷᠤᠭ᠎ᠠ ᠰᠠᠶᠢᠶᠠ ᠳᠤ ᠲᠠᠯᠠᠷᠬᠠᠵᠤ ᠪᠠᠶᠢᠨ᠎ᠠ᠂ ᠰᠦᠯᠵᠢᠶᠡᠨ ᠤ ᠨᠠᠶᠢᠵᠠ ᠨᠠᠷ ᠤᠨ ᠠᠩᠬᠠᠷᠤᠯ ᠪᠠ ᠣᠷᠣᠯᠴᠠᠯᠭ᠎ᠠ ᠳᠤ  ᠲᠠᠯᠠᠷᠬᠠᠵᠤ ᠪᠠᠶᠢᠨ᠎ᠠ᠂ ᠲᠣᠰ ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠲᠡᠭᠦᠰᠦᠯ᠎ᠡ᠂ ᠲᠠᠯᠠᠷᠬᠠᠵᠤ  ᠪᠠᠶᠢᠨ᠎ᠠ᠃            
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号