ᠬᠤᠲᠠ ᠶᠢᠨ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ᠂ ᠬᠤᠲᠠ ᠶᠢᠨ ᠨᠠᠮ ᠤᠨ  ᠬᠤᠷᠢᠶ᠎ᠠ ᠶᠢᠨ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶ᠎ᠠ ᠬᠠᠮᠲᠤᠷᠠᠨ ᠬᠤᠲᠠ ᠶᠢᠨ  ᠰᠢᠭᠤᠳ ᠬᠠᠷᠢᠶ᠎ᠠ ᠪᠠᠶᠢᠭᠤᠯᠭ᠎ᠠ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ  ᠤᠬᠠᠮᠰᠠᠷ ᠢ ᠪᠠᠲᠤ ᠴᠣᠭᠴᠠᠯᠠᠬᠤ ᠲᠤᠰᠬᠠᠢ ᠰᠡᠳᠦᠪᠲᠦ ᠪᠣᠯᠪᠠᠰᠤᠷᠠᠭᠤᠯᠤᠯ ᠡᠷᠬᠢᠯᠡᠪᠡ
ᠨᠡᠶᠢᠲᠡᠯᠡᠭᠰᠡᠨ ᠴᠠᠭ᠄
2023/7/29
     ︵ᠰᠤᠷᠪᠤᠯᠵᠢᠯᠠᠭᠴᠢ ᠯᠢᠦ ᠱᠠ ᠱᠠ︶ 7 ᠳ᠋ᠤᠭᠠᠷ ᠰᠠᠷ᠎ᠠ ᠶᠢᠨ 25 ᠤ ᠡᠳᠦᠷ᠂ ᠬᠤᠳᠠ ᠶᠢᠨ ᠨᠠᠮ ᠤᠨ  ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ᠂ ᠬᠤᠳᠠ ᠶᠢᠨ ᠨᠠᠮ ᠤᠨ ᠬᠤᠷᠢᠶ᠎ᠠ ᠶᠢᠨ ᠰᠢᠭᠤᠳ ᠬᠠᠷᠢᠶ᠎ᠠ  ᠪᠠᠶᠢᠭᠤᠯᠭ᠎ᠠ ᠶᠢᠨ ᠠᠵᠢᠯ ᠤᠨ ᠬᠤᠷᠢᠶ᠎ᠠ ᠬᠠᠮᠲᠤᠷᠠᠨ ᠬᠤᠳᠠ ᠶᠢᠨ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ᠳᠤ  ᠬᠤᠳᠠ ᠶᠢᠨ ᠰᠢᠭᠤᠳ ᠬᠠᠷᠢᠶ᠎ᠠ ᠪᠠᠶᠢᠭᠤᠯᠭ᠎ᠠ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ  ᠤᠬᠠᠮᠰᠠᠷ ᠢ ᠪᠠᠲᠤ ᠴᠣᠭᠴᠠᠯᠠᠬᠤ ᠲᠤᠰᠬᠠᠢ ᠰᠡᠳᠦᠪᠲᠦ ᠪᠣᠯᠪᠠᠰᠤᠷᠠᠭᠤᠯᠤᠯ ᠤᠨ ᠠᠩᠭᠢ ᠡᠷᠬᠢᠯᠡᠪᠡ᠃           ᠲᠤᠰ ᠤᠳᠠᠭ᠎ᠠ ᠶᠢᠨ ᠪᠣᠯᠪᠠᠰᠤᠷᠠᠭᠤᠯᠤᠯ ᠳᠤ ᠥᠪᠥᠷ ᠮᠣᠩᠭᠤᠯ ᠤᠨ ᠨᠡᠶᠢᠭᠡᠮ ᠵᠢᠷᠤᠮ ᠤᠨ ᠳᠡᠭᠡᠳᠦ  ᠰᠤᠷᠭᠠᠭᠤᠯᠢ ᠶᠢᠨ ᠫᠷᠣᠹᠧᠰᠰᠣᠷ ᠼᠦᠢ ᠸᠧᠨ ᠵᠢᠩ ᠢ ᠤᠷᠢᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ  ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠤᠨ ᠲᠣᠭᠤᠷᠢᠨ ᠳᠤ᠂ ᠰᠢᠨ᠎ᠡ ᠴᠠᠭ ᠦᠶ᠎ᠡ ᠶᠢᠨ  ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠲᠤᠰᠬᠠᠢ ᠰᠡᠳᠦᠪᠲᠦ  ᠲᠠᠶᠢᠯᠤᠮᠵᠢ ᠬᠢᠯᠭᠡᠪᠡ᠃ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠬᠢᠨᠠᠯᠲᠠ  ᠪᠠᠶᠢᠴᠠᠭᠠᠯᠲᠠ ᠶᠢᠨ ᠭᠠᠵᠠᠷ ᠤᠨ ᠳᠠᠷᠤᠭ᠎ᠠ ᠯᠢ ᡁᠢ ᠲᠢᠶᠠᠨ ᠢ ᠤᠷᠢᠵᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ  ᠡᠭᠦᠳᠦᠨ ᠪᠠᠶᠢᠭᠤᠯᠬᠤ ᠠᠵᠢᠯ ᠤᠨ ᠲᠤᠬᠠᠢ ᠲᠤᠰᠬᠠᠢ ᠰᠡᠳᠦᠪᠲᠦ ᠬᠠᠪᠰᠤᠷᠤᠨ ᠵᠢᠯᠣᠭᠤᠳᠤᠯᠭ᠎ᠠ ᠬᠢᠯᠭᠡᠪᠡ᠃  ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠦᠨᠳᠦᠰᠦᠲᠡᠨ ᠬᠢᠭᠡᠳ ᠨᠢᠭᠡᠳᠦᠮᠡᠯ ᠹᠷᠣᠨᠲ ᠤᠨ  ᠣᠨᠣᠯ ᠤᠨ ᠵᠢᠭᠠᠨ ᠰᠤᠳᠤᠯᠬᠤ ᠲᠠᠰᠤᠭ ᠤᠨ ᠡᠷᠬᠢᠯᠡᠭᠴᠢ ᠪᠠᠭᠠᠲᠤᠷ ᠠᠴᠠ ᠰᠤᠷᠤᠭᠴᠢᠳ ᠲᠤ ᠲᠤᠬᠠᠢ ᠶᠢᠨ  ᠲᠠᠯᠠᠪᠤᠷ ᠤᠨ ᠵᠢᠭᠠᠨ ᠰᠤᠷᠭᠠᠯᠲᠠ ᠬᠢᠭᠰᠡᠨ ᠪᠥᠭᠡᠳ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ  ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠡᠳᠦᠪᠲᠦ  ᠬᠢᠴᠢᠶᠡᠯ ᠤᠨ ᠲᠠᠩᠬᠢᠮ ᠢ ᠲᠣᠭᠤᠷᠢᠨ ᠦᠵᠡᠪᠡ᠃           ᠲᠤᠰ ᠤᠳᠠᠭᠠᠨ ᠤ ᠪᠣᠯᠪᠠᠰᠤᠷᠠᠭᠤᠯᠤᠯ ᠨᠢ ᠬᠤᠲᠠ ᠶᠢᠨ ᠰᠢᠭᠤᠳ ᠬᠠᠷᠢᠶ᠎ᠠ ᠪᠠᠶᠢᠭᠤᠯᠭ᠎ᠠ ᠶᠢᠨ ᠳᠤᠮᠳᠠᠳᠤ ᠶᠢᠨ  ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠡᠯ᠎ᠡ ᠵᠦᠢᠯ ᠤᠨ  ᠠᠵᠢᠯ ᠤᠨ ᠭᠤᠣᠯ ᠰᠢᠵᠢᠮ ᠪᠣᠯᠭᠠᠵᠤ᠂ ᠡᠯ᠎ᠡ ᠰᠠᠯᠠᠭ᠎ᠠ ᠮᠥᠴᠢᠷ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ  ᠡᠭᠦᠳᠦᠨ ᠪᠠᠶᠢᠭᠤᠯᠬᠤ ᠠᠵᠢᠯ ᠤᠨ ᠲᠡᠰ ᠳᠡᠪᠰᠢᠬᠦ ᠶᠢ ᠠᠬᠢᠭᠤᠯᠵᠤ᠂ ᠪᠦᠬᠦ ᠤᠯᠤᠰ ᠤᠨ ᠦᠨᠳᠦᠰᠦᠲᠡᠨ ᠤ  ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ  ᠪᠠᠬᠢᠵᠢᠭᠦᠯᠦᠨ ᠬᠥᠭᠵᠢᠭᠦᠯᠵᠦ᠂ ᠪᠦᠬᠦ ᠤᠯᠤᠰ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ  ᠤᠬᠠᠮᠰᠠᠷ ᠢ ᠪᠠᠲᠤ ᠴᠣᠭᠴᠠᠯᠠᠬᠤ ᠵᠢᠱᠢᠶ᠎ᠡ ᠦᠵᠡᠭᠦᠯᠬᠦ ᠬᠤᠳᠠ ᠶᠢ ᠴᠢᠷᠮᠠᠶᠢᠨ ᠡᠭᠦᠳᠬᠦ ᠳᠤ ᠪᠦᠲᠦᠮᠵᠢᠲᠡᠢ ᠤᠨᠤᠯ ᠤᠨ  ᠵᠢᠯᠣᠭᠤᠳᠤᠯᠭ᠎ᠠ ᠪᠠ ᠴᠢᠳᠠᠪᠤᠷᠢ ᠶᠢᠨ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃ ᠪᠣᠯᠪᠠᠰᠤᠷᠠᠯ ᠳᠤ ᠣᠷᠣᠯᠴᠠᠭᠰᠠᠨ  ᠰᠤᠷᠤᠭᠴᠢᠳ᠂ ᠪᠣᠯᠪᠠᠰᠤᠷᠠᠭᠤᠯᠤᠯ ᠢᠶᠠᠷ ᠳᠠᠮᠵᠢᠨ ᠬᠠᠷᠠᠭ᠎ᠠ ᠪᠠᠨ ᠥᠷᠭᠡᠳᠬᠡᠵᠦ᠂ ᠰᠡᠳᠬᠢᠴᠡ ᠪᠠᠨ ᠥᠷᠭᠡᠳᠬᠡᠵᠦ᠂  ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ  ᠴᠢᠬᠤᠯᠠ ᠦᠵᠡᠯ ᠰᠠᠨᠠᠭᠠᠨ ᠤ ᠲᠤᠬᠠᠢ ᠨᠡᠩ ᠭᠦᠨᠵᠡᠭᠡᠢ ᠣᠶᠢᠯᠠᠭᠠᠯᠲᠠ ᠲᠠᠢ ᠪᠣᠯᠵᠤ᠂ ᠳᠤᠮᠳᠠᠳᠤ ᠶᠢᠨ  ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠴᠢᠬᠤᠯᠠ ᠶᠡᠭᠡ ᠠᠴᠢ ᠬᠤᠯᠪᠣᠭᠳᠠᠯ  ᠂ ᠴᠢᠬᠤᠯᠠ ᠠᠭᠤᠯᠤᠭᠳᠠᠬᠤᠨ᠂ ᠦᠢᠯᠡᠳᠦᠯᠭᠡ ᠶᠢᠨ ᠱᠠᠭᠠᠷᠳᠠᠯᠭ᠎ᠠ ᠶᠢᠨ ᠲᠤᠬᠠᠢ ᠨᠡᠩ ᠭᠦᠨᠵᠡᠭᠡᠢ ᠪᠦᠬᠦ‌‍ᠲ᠋ᠠᠯ᠎ᠠ ᠶᠢᠨ ᠲᠠᠨᠢᠯᠲᠠ ᠲᠠᠢ ᠪᠣᠯᠵᠠᠢ ᠭᠡᠵᠦ ᠰᠠᠨᠠᠯ ᠨᠢᠭᠡᠲᠡᠢ‌ᠢᠯᠡᠷᠬᠡᠶᠢᠯᠡᠪᠡ᠃            ᠬᠤᠲᠠ ᠶᠢᠨ ᠰᠢᠭᠤᠳ ᠬᠠᠷᠢᠶ᠎ᠠ ᠪᠠᠶᠢᠭᠤᠯᠭ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠡᠶᠢᠲᠡ 154  ᠬᠥᠮᠥᠨ ᠪᠣᠯᠪᠠᠰᠤᠷᠠᠭᠤᠯᠤᠯ ᠳᠤ ᠣᠷᠣᠯᠴᠠᠵᠠᠢ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号