ᠰᠠᠶᠢᠬᠠᠨ ᠲᠣᠭᠤᠷᠢᠭ ᠤᠨ ᠤᠯᠠᠭᠠᠨᠴᠠᠪ ᠤᠨ ᠵᠡᠭᠦᠨ ᠵᠠᠮ ᠤᠨ ᠵᠡᠭᠡᠯᠢ ᠭᠤᠳᠤᠮᠵᠢ ᠳᠤ ︽ᠲᠤᠯᠤᠭᠠᠨ ᠰᠠᠷ᠎ᠠ ᠶᠢᠨ ᠨᠢᠭᠡᠨ︾ ᠢ ᠪᠡᠯᠭᠡᠯᠡᠬᠦ ᠭᠤᠣᠯ ᠰᠡᠳᠦᠪᠲᠦ ᠤᠷᠠᠨ ᠰᠠᠶᠢᠬᠠᠨ ᠤ ᠲᠣᠭᠯᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2023/7/5
      6 ᠰᠠᠷ᠎ᠠ ᠶᠢᠨ 30  ᠤ ᠡᠳᠦᠷ᠂ ᠰᠠᠶᠢᠬᠠᠨ ᠲᠣᠭᠤᠷᠢᠭ ᠤᠨ ᠤᠯᠠᠭᠠᠨᠴᠠᠪ ᠤᠨ ᠵᠡᠭᠦᠨ ᠵᠠᠮ ᠤᠨ ᠵᠡᠭᠡᠯᠢ ᠭᠤᠳᠤᠮᠵᠢ ᠳᠤ ︽ᠰᠢᠨ᠎ᠡ ᠴᠠᠭ ᠦᠶ᠎ᠡ ᠳᠤ ᠳᠠᠭᠤᠯᠠᠨ ᠡᠭᠦᠷᠢᠳᠡ ᠨᠠᠮ ᠢᠶᠠᠨ ᠳᠠᠭᠠᠬᠤ︾ᠨᠠᠮ ᠪᠠᠶᠢᠭᠤᠯᠤᠭᠳᠠᠭᠰᠠᠨ 102 ᠵᠢᠯ ᠤᠨ ᠤᠢ ᠶᠢ ᠪᠡᠯᠭᠡᠯᠡᠬᠦ ᠵᠢᠴᠢ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠶᠢᠨ ᠭᠤᠣᠯ ᠰᠡᠳᠦᠪᠲᠦ ᠠᠵᠢᠯᠯᠠᠭ᠎ᠠ ᠥᠷᠨᠢᠭᠦᠯᠵᠦ᠂ ᠨᠠᠮ ᠤᠨ ᠭᠡᠰᠢᠭᠦᠨ  ᠪᠠ ᠤᠯᠠᠨ ᠲᠦᠮᠡᠨ ᠨᠢᠭᠡ ᠲᠠᠩᠬᠢᠮ ᠳᠤ ᠴᠤᠭᠯᠠᠷᠠᠵᠤ᠂ ᠨᠠᠮ ᠤᠨ ᠲᠦᠷᠦᠭᠰᠡᠨ ᠡᠳᠦᠷ ᠢ ᠬᠠᠮᠲᠤ ᠪᠠᠷ ᠪᠡᠯᠭᠡᠯᠡᠪᠡ᠃
          ︽ᠪᠢ ᠲᠠᠩᠭᠠᠷᠢᠭᠯᠠᠶ᠎ᠠ  ︾ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠨᠢ ᠰᠦᠷ ᠵᠢᠪᠬᠤᠯᠠᠩᠲᠤ ᠲᠠᠩᠭᠠᠷᠢᠭ ᠤᠨ ᠳᠠᠭᠤᠨ ᠤ ᠳᠤᠮᠳᠠ  ᠡᠬᠢᠯᠡᠭᠦᠯᠵᠦ᠂ ᠨᠠᠶᠢᠷᠠᠯ ᠳᠠᠭᠤᠤ ︽ᠪᠢ ᠲᠠᠩᠭᠠᠷᠢᠭᠯᠠᠶ᠎ᠠ︾ ︽ᠨᠤᠲᠤᠭ ᠤᠨ ᠳᠠᠭᠤᠤ ᠪᠠᠨ ᠳᠠᠭᠤᠯᠠᠨ ᠨᠠᠮ ᠳᠠᠭᠠᠨ  ᠡᠷᠭᠦᠶ᠎ᠡ︾᠂ ᠰᠢᠯᠦᠭ ᠤᠶᠠᠩᠭᠠᠯᠠᠨ ᠤᠩᠰᠢᠬᠤ ︽ᠢᠲᠡᠭᠡᠯ ᠪᠢᠰᠢᠷᠡᠯ ᠤᠨ ᠬᠦᠴᠦᠨ︾ ︽ᠨᠠᠮ ᠤᠨ ᠲᠤᠭ ᠤᠨ ᠳᠣᠣᠷᠠᠬᠢ ᠵᠠᠯᠠᠭᠤ ᠨᠠᠰᠤᠨ ᠤ ᠡᠭᠦᠷᠭᠡ︾᠂ ︽ᠮᠠᠭᠲᠠᠭᠠᠯ ᠳᠠᠭᠤᠤ   ᠶᠢ ᠪᠠᠶᠠᠷᠯᠠᠨ ᠪᠡᠯᠭᠡᠯᠡᠶ᠎ᠡ︾ ᠵᠡᠷᠭᠡ ᠲᠣᠭᠯᠠᠯᠲᠠ  ᠶᠠᠪᠤᠭᠳᠠᠵᠤ᠂ ᠪᠦᠬᠦ ᠲᠠᠯᠠᠪᠠᠶ ᠳᠤ ᠣᠷᠣᠯᠴᠠᠭᠰᠠᠳ ᠠᠶᠢᠵᠠᠮ ᠴᠣᠬᠢᠯᠭ᠎ᠠ   ᠶᠢ ᠳᠠᠭᠠᠵᠤ᠂ ᠠᠯᠠᠭ᠎ᠠ ᠲᠡᠰᠢᠯᠲᠡ   ᠶᠢᠨ ᠳᠠᠭᠤᠨ ᠨᠢᠵᠢᠭᠢᠨᠡᠵᠦ ᠪᠠᠶᠢᠯ᠎ᠠ᠃ᠪᠦᠬᠦᠶᠢᠯᠡ ᠲᠣᠭᠯᠠᠯᠲᠠ   ᠶᠢᠨ ᠭᠤᠣᠯ ᠰᠡᠳᠦᠪ ᠨᠢ ᠢᠯᠡ ᠲᠣᠳᠣ᠂ ᠬᠡᠯᠪᠡᠷᠢ ᠨᠢ ᠣᠯᠠᠨ ᠶᠠᠩᠵᠤ   ᠶᠢᠨ᠂ ᠠᠭᠤᠯᠭ᠎ᠠ ᠨᠢ ᠪᠠᠶᠠᠯᠢᠭ ᠪᠠᠶᠢᠵᠤ᠂ ᠨᠠᠮ ᠤᠨ ᠭᠡᠷᠡᠯ ᠰᠠᠴᠤᠷᠠᠩᠭᠤᠢ ᠥᠩᠭᠡᠷᠡᠯᠲᠡ᠂ ᠠᠭᠤᠤ ᠭᠠᠪᠢᠶ᠎ᠠ ᠠᠤᠭ᠎ᠠ ᠵᠢᠳᠬᠦᠯ   ᠢ ᠮᠠᠭᠲᠠᠨ ᠳᠠᠭᠤᠯᠠᠵᠤ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠤᠨ ᠨᠢᠭᠡ ᠰᠡᠳᠬᠢᠯ   ᠢᠶᠠᠷ ᠨᠠᠮ ᠳᠠᠭᠠᠨ ᠬᠠᠨᠳᠤᠭᠰᠠᠨ ᠬᠠᠶᠢᠷ᠎ᠠ ᠰᠡᠳᠬᠢᠯᠭᠡ   ᠶᠢ ᠢᠯᠡᠳᠬᠡᠵᠦ᠂ ᠣᠯᠠᠨ ᠳᠤ  ᠭᠤᠶᠢᠳᠠ ᠰᠠᠶᠢᠬᠠᠨ ᠦᠪᠡᠳᠡᠭᠰᠢ ᠨᠠᠶᠢᠷ   ᠢ ᠠᠪᠴᠢᠷᠠᠭᠰᠠᠨ ᠪᠠᠶᠢᠨ᠎ᠠ᠃
          ᠠᠵᠢᠯᠯᠠᠭ᠎ᠠ ᠳᠤ ᠪᠠᠰᠠ ᠱᠠᠩᠨᠠᠯ ᠣᠯᠭᠤᠬᠤ ᠶᠣᠰᠣᠯᠠᠯ ᠶᠠᠪᠤᠭᠤᠯᠵᠤ᠂ ᠬᠠᠮᠤᠭ ᠤᠨ ᠭᠤᠶᠣ ᠰᠦᠯᠵᠢᠶᠡᠨ ᠤ ᠠᠵᠢᠯᠲᠠᠨ᠂ ᠨᠡᠶᠢᠭᠡᠮ ᠤᠨ ᠰᠢᠯᠢᠳᠡᠭ ᠠᠵᠢᠯᠲᠠᠨ᠂ ᠨᠠᠮ ᠤᠨ ᠠᠵᠢᠯ ᠤᠨ ᠰᠢᠯᠢᠳᠡᠭ ᠠᠵᠢᠯᠲᠠᠨ᠂ ᠦᠨᠳᠦᠰᠦᠨ ᠱᠠᠲᠤᠨ ᠤ ᠲᠡᠷᠢᠭᠦᠨ ᠤ ᠨᠠᠮ ᠤᠨ ᠵᠣᠬᠢᠶᠠᠨ ᠪᠠᠶᠢᠭᠤᠯᠤᠯᠲᠠ ᠵᠡᠷᠭᠡ ᠶᠢ ᠬᠥᠬᠢᠭᠦᠯᠦᠨ ᠰᠠᠶᠢᠰᠢᠶᠠᠭᠰᠠᠨ ᠪᠥᠭᠡᠳ ᠨᠠᠮ ᠳᠤ ᠣᠷᠣᠭᠠᠳ 50 ᠵᠢᠯ ᠪᠣᠯᠤᠭᠰᠠᠨ᠂ ᠤᠯᠤᠰ ᠲᠥᠷᠥ ᠶᠢᠨ ᠬᠡᠪ ᠴᠢᠨᠠᠷ ᠢᠶᠠᠷ ᠰᠠᠶᠢᠨ᠂ ᠪᠡᠶ᠎ᠡ ᠮᠠᠬᠠᠪᠤᠳ ᠤᠨ ᠪᠠᠶᠢᠳᠠᠯ ᠢᠶᠠᠷ ᠰᠠᠶᠢᠨ ᠠᠬᠠᠮᠠᠳ ᠨᠠᠮ ᠤᠨ ᠭᠡᠰᠢᠭᠦᠨ ᠳᠤ ︽ᠨᠠᠮ ᠳᠠᠭᠠᠨ ᠢᠷᠠᠭᠤ ᠠᠯᠳᠠᠷ ᠲᠠᠢ 50 ᠵᠢᠯ︾ ᠭᠡᠬᠦ ᠳᠤᠷᠠᠰᠬᠠᠯ ᠤᠨ ᠲᠡᠮᠳᠡᠭ ᠭᠠᠷᠳᠠᠭᠤᠯᠪᠠ᠃︽ᠲᠤᠰ ᠤᠳᠠᠭ᠎ᠠ ᠶᠢᠨ ᠠᠵᠢᠯᠯᠠᠭ᠎ᠠ ᠨᠢ ᠰᠢᠨ᠎ᠡ ᠴᠠᠭ ᠦᠶ᠎ᠡ ᠶᠢᠨ ᠰᠠᠶᠢᠨ ᠰᠠᠶᠢᠬᠠᠨ ᠠᠮᠢᠳᠤᠷᠠᠯ ᠳᠣᠣᠷᠠᠬᠢ ᠨᠠᠮ ᠤᠨ ᠭᠡᠰᠢᠭᠦᠨ ᠤᠯᠠᠨ ᠲᠦᠮᠡᠨ ᠤ ᠴᠤᠭ ᠪᠠᠳᠠᠷᠠᠩᠭᠤᠢ ᠤᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠬᠠᠷᠠᠭᠤᠯᠵᠠᠢ᠃ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠪᠠᠷ ᠲᠠᠮᠵᠢᠨ᠂ ᠤᠯᠠᠨ ᠢᠶᠠᠷ ᠢᠶᠠᠨ ᠳᠠᠭᠤᠤ ᠪᠥᠵᠢᠭ ᠤᠨ ᠬᠡᠯᠪᠡᠷᠢ ᠪᠠᠷ ᠨᠠᠮ ᠪᠣᠯᠣᠨ ᠡᠬᠡ ᠤᠯᠤᠰ ᠢᠶᠠᠨ ᠮᠠᠭᠲᠠᠨ ᠳᠠᠭᠤᠯᠠᠵᠤ᠂ ᠦᠨᠳᠦᠰᠦᠲᠡᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠨᠠᠮ ᠤᠨ ᠭᠡᠰᠢᠭᠦᠨ ᠺᠠᠳ᠋ᠷᠴᠤᠳ ᠤᠨ ᠤᠯᠤᠰ ᠢᠶᠠᠨ ᠬᠠᠶᠢᠷᠠᠯᠠᠬᠤ ᠬᠠᠯᠠᠭᠤᠨ ᠰᠡᠳᠬᠢᠯᠭᠡ ᠶᠢ ᠬᠥᠭᠵᠢᠭᠡᠭᠰᠡᠨ ᠢᠶᠠᠷ ᠪᠠᠷᠠᠬᠤ ᠦᠭᠡᠢ ᠪᠠᠰᠠ ᠨᠠᠮ ᠤᠨ ᠭᠡᠰᠢᠭᠦᠨ ᠤᠯᠠᠨ ᠲᠦᠮᠡᠨ ᠤ ᠤᠶᠤᠨ ᠰᠠᠨᠠᠭ᠎ᠠ ᠰᠣᠶᠣᠯ ᠤᠨ ᠠᠮᠢᠳᠤᠷᠠᠯ ᠢ ᠶᠡᠬᠡᠪᠡᠷ ᠪᠠᠶᠠᠯᠢᠭᠵᠢᠭᠤᠯᠵᠤ᠂ ᠤᠯᠠᠨ ᠢ  ᠰᠡᠳᠬᠢᠯ ᠰᠠᠨᠠᠭ᠎ᠠ ᠪᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠡᠷᠡᠮᠡᠬᠡᠶᠢᠯᠡᠨ ᠳᠠᠪᠰᠢᠵᠤ᠂ ᠢᠷᠡᠭᠡᠳᠦᠢ ᠳᠤ ᠰᠢᠯᠢᠳᠡᠭ ᠠᠮᠵᠢᠯᠲᠠ ᠶᠢ ᠡᠭᠦᠳᠴᠦ ᠪᠠᠶᠢᠨ᠎ᠠ︾ᠭᠡᠵᠦ ᠤᠯᠠᠭᠠᠨᠴᠠᠪ ᠵᠡᠭᠦᠨ ᠵᠠᠮ ᠤᠨ ᠵᠡᠭᠡᠯᠢ ᠭᠤᠳᠤᠮᠵᠢ ᠶᠢᠨ ᠨᠠᠮ ᠤᠨ ᠠᠵᠢᠯ ᠤᠨ ᠬᠤᠷᠢᠶ᠎ᠠ ᠶᠢᠨ ᠱᠦᠵᠢ ᠸᠠᠩ ᠵᠢᠶᠦ᠋ᠨ ᠸᠧᠢ ᠰᠤᠷᠪᠤᠯᠵᠢᠯᠠᠭᠴᠢ ᠳᠤ ᠬᠡᠯᠡᠪᠡ᠃
     ᠣᠶᠢᠷ᠎ᠠ ᠶᠢᠨ ᠵᠢᠯ ᠠᠴᠠ᠂ ᠤᠯᠠᠭᠠᠨᠴᠠᠪ ᠤᠨ ᠵᠡᠭᠦᠨ ᠵᠠᠮ ᠤᠨ ᠵᠡᠭᠡᠯᠢ ᠭᠤᠳᠤᠮᠵᠢ ᠶᠢᠨ ᠨᠠᠮ ᠤᠨ ᠠᠵᠢᠯ ᠤᠨ ᠬᠤᠷᠢᠶ᠎ᠠ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠦᠢᠯᠡᠴᠢᠯᠡᠭᠡ ᠪᠠᠨ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠪᠠᠶᠢᠳᠠᠯ ᠤᠨ ᠳᠣᠣᠷ᠎ᠠ ᠦᠨᠳᠦᠰᠦᠨ ᠱᠠᠲᠤᠨ ᠳᠤ ᠣᠴᠢᠵᠤ ᠵᠠᠰᠠᠬᠤ ᠰᠢᠨ᠎ᠡ ᠠᠷᠭ᠎ᠠ ᠵᠠᠮ ᠢ ᠢᠳᠡᠪᠬᠢᠲᠡᠢ ᠰᠦᠪᠡᠭᠴᠢᠯᠡᠪᠡ᠃ ᠳᠠᠷᠠᠭᠠᠴᠢ ᠶᠢᠨ ᠠᠯᠬᠤᠮ ᠳᠤ᠂ ᠵᠡᠭᠡᠯᠢ ᠭᠤᠳᠤᠮᠵᠢ ᠶᠢᠨ ᠬᠢᠨ ᠦᠷᠭᠦᠯᠵᠢᠯᠡᠨ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠤᠯᠠᠨ ᠲᠦᠮᠡᠨ ᠤ ᠬᠦᠰᠡᠯ ᠱᠠᠭᠠᠷᠳᠠᠯᠭ᠎ᠠ᠂ ᠪᠠᠴᠢᠮᠳᠠᠯ ᠵᠣᠪᠠᠨᠢᠯ ᠢ ᠴᠢᠩᠭ᠎ᠠ ᠠᠩᠬᠠᠷᠴᠤ᠂ ᠪᠣᠳᠠᠲᠠᠢ ᠶᠠᠪᠤᠳᠠᠯ ᠬᠢᠵᠦ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠵᠦ᠂ ᠪᠦᠯᠬᠦᠮᠳᠡᠨ ᠡᠭᠦᠷᠭᠡᠯᠡᠵᠦ᠂ ᠪᠣᠳᠠᠲᠠᠢ ᠠᠵᠢᠯᠯᠠᠨ ᠲᠡᠷᠢᠭᠦᠯᠡᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠬᠦᠴᠦᠯᠡᠨ ᠲᠡᠮᠡᠴᠡᠵᠦ᠂ ᠰᠠᠶᠢᠬᠠᠨ ᠲᠣᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠨᠡᠩ ᠶᠡᠭᠡ ᠬᠦᠴᠦᠨ ᠴᠢᠳᠠᠯ ᠢᠶᠠᠨ ᠡᠷᠭᠦᠨ᠎ᠡ᠃      ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号