ᠳᠡᠯᠡᠬᠡᠢ ᠶᠢᠨ ᠰᠦ ᠶᠢᠨ ᠦᠢᠯᠡᠰ ᠤᠨ ᠶᠡᠭᠡ ᠬᠤᠷᠠᠯ 8 ᠳ᠋ᠤᠭᠠᠷ ᠰᠠᠷ᠎ᠠ ᠶᠢᠨ 4 ᠤ ᠡᠳᠦᠷ ᠠᠴᠠ 7 ᠤ  ᠡᠳᠦᠷ ᠪᠣᠯᠲᠠᠯ᠎ᠠ ᠮᠠᠨ ᠤ ᠬᠤᠲᠠ ᠳᠤ ᠶᠠᠪᠤᠭᠳᠠᠨ᠎ᠠ
ᠨᠡᠶᠢᠲᠡᠯᠡᠭᠰᠡᠨ ᠴᠠᠭ᠄
2023/8/1
   ︵ᠰᠤᠷᠪᠤᠯᠵᠢᠯᠠᠭᠴᠢ ᠶᠠᠩ ᠼᠠᠢ ᠰᠢᠶᠠ︶ 7 ᠳ᠋ᠤᠭᠠᠷ ᠰᠠᠷ᠎ᠠ ᠶᠢᠨ 31 ᠤ ᠡᠳᠦᠷ᠂ ᠳᠡᠯᠡᠬᠡᠢ ᠶᠢᠨ ᠰᠦ ᠶᠢᠨ  ᠦᠢᠯᠡᠰ ᠤᠨ ᠶᠡᠭᠡ ᠬᠤᠷᠠᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠪᠠ᠃ ᠬᠥᠬᠡᠬᠤᠲᠠ ᠶᠢᠨ ᠠᠷᠠᠳ ᠤᠨ  ᠵᠠᠰᠠᠭ ᠤᠨ ᠣᠷᠳᠣᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ  ᠲᠢᠩᠬᠢᠮ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂  ᠥᠪᠥᠷ ᠮᠣᠩᠭᠤᠯ ᠤᠨ ᠢᠯᠢ ᠠᠵᠤ ᠦᠢᠯᠡᠰ ᠤᠨ ᠪᠦᠯᠦᠭᠯᠡᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂  ᠥᠪᠥᠷ ᠮᠣᠩᠭᠤᠯ ᠤᠨ ᠮᠧᠩ ᠨᠢᠦ ᠰᠦ ᠶᠢᠨ ᠦᠢᠯᠡᠰ ︵ᠪᠦᠯᠦᠭᠯᠡᠯ︶ ᠤᠨ ᠬᠤᠪᠢ ᠣᠷᠣᠭᠤᠯᠤᠭᠰᠠᠨ ᠬᠢᠵᠠᠭᠠᠷᠲᠤ  ᠺᠣᠮᠫᠠᠨᠢ ᠠᠴᠠ ᠡᠷᠭᠢᠯᠡᠭᠰᠡᠨ ᠳᠡᠯᠡᠬᠡᠢ ᠶᠢᠨ ᠰᠦ ᠶᠢᠨ ᠦᠢᠯᠡᠰ ᠤᠨ ᠶᠡᠭᠡ ᠬᠤᠷᠠᠯ 8 ᠳ᠋ᠤᠭᠠᠷ ᠰᠠᠷ᠎ᠠ ᠶᠢᠨ 4 ᠤ  ᠡᠳᠦᠷ ᠠᠴᠠ 7 ᠤ ᠡᠳᠦᠷ ᠪᠣᠯᠲᠠᠯ᠎ᠠ ᠬᠥᠬᠡᠬᠤᠲᠠ ᠳᠤ ᠶᠠᠪᠤᠭᠳᠠᠬᠤ ᠪᠣᠯᠣᠨ᠎ᠠ᠃ ᠶᠡᠭᠡ ᠬᠤᠷᠠᠯ ᠨᠢ ︽ᠰᠢᠨ᠎ᠡ ᠶᠢ  ᠡᠭᠦᠳᠬᠦ ᠬᠠᠮᠲᠤᠷᠠᠯᠴᠠᠭ᠎ᠠ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠳᠡᠯᠡᠬᠡᠢ ᠶᠢᠨ  ᠰᠦ ᠶᠢᠨ ᠦᠢᠯᠡᠰ ᠤᠨ ᠦᠷᠭᠦᠯᠵᠢᠯᠡᠬᠦ ᠬᠥᠭᠵᠢᠯᠲᠡ ᠶᠢ ᠠᠬᠢᠭᠤᠯᠬᠤ︾ ᠪᠠᠷ ᠭᠤᠣᠯ ᠰᠡᠳᠦᠪ ᠪᠣᠯᠭᠠᠪᠠ᠃           ᠶᠡᠭᠡ ᠬᠤᠷᠠᠯ ᠠᠴᠠ ︽ᠶᠡᠭᠡ ᠬᠤᠷᠠᠯ ᠤᠨ ᠡᠬᠢᠯᠡᠯᠲᠡ᠂ ᠲᠦᠷᠦᠯ ᠵᠦᠢᠯ ᠢ ᠲᠣᠭᠤᠷᠢᠨ ᠦᠵᠡᠬᠦ᠂  ᠬᠥᠭᠵᠢᠯᠲᠡ ᠶᠢᠨ ᠶᠠᠷᠢᠶᠠᠨ ᠤ ᠲᠠᠪᠴᠠᠩ᠂ ᠠᠵᠤ ᠦᠢᠯᠡᠰ ᠤᠨ ᠦᠵᠡᠰᠬᠦᠯᠡᠩ᠂ ᠬᠤᠳᠠᠯᠳᠤᠭᠠᠴᠢᠨ ᠣᠷᠢᠵᠣ  ᠲᠠᠨᠢᠯᠴᠠᠭᠤᠯᠬᠤ︾ ᠵᠡᠷᠭᠡ 5 ᠶᠡᠭᠡ ᠰᠢᠷᠢᠰ ᠠᠵᠢᠯᠯᠠᠭ᠎ᠠ ᠶᠢ ᠡᠷᠬᠢᠯᠡᠬᠦ ᠪᠠᠷ ᠪᠤᠢ᠃ ᠡᠬᠢᠯᠡᠯᠲᠡ ᠶᠢᠨ ᠶᠣᠰᠣᠯᠠᠯ  ᠳᠡᠭᠡᠷ᠎ᠡ᠂ ᠳᠤᠮᠳᠠᠳᠤ ᠤᠯᠤᠰ ᠤᠨ ᠰᠦ ᠶᠢᠨ ᠦᠢᠯᠡᠰ ᠤᠨ ᠨᠡᠶᠢᠭᠡᠮᠯᠢᠭ ᠠᠴᠠ ᠬᠥᠬᠡᠬᠤᠲᠠ ᠳᠤ ︽ᠳᠤᠮᠳᠠᠳᠤ  ᠤᠯᠤᠰ ᠤᠨ ᠰᠦ ᠶᠢᠨ ᠦᠢᠯᠡᠰ ᠤᠨ ᠡᠭᠦᠯᠳᠡᠷ ᠪᠣᠶᠢᠵᠢᠭᠤᠯᠬᠤ ᠬᠤᠲᠠ︾ ᠶᠢᠨ ᠴᠣᠯᠠ ᠣᠯᠭᠤᠨ᠎ᠠ︔ ᠣᠯᠠᠨ  ᠤᠯᠤᠰ ᠤᠨ ᠢᠳᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠤᠯᠪᠣᠭ᠎ᠠ ᠠᠴᠠ ᠬᠥᠬᠡᠬᠤᠲᠠ ᠳᠤ ︽ᠳᠡᠯᠡᠬᠡᠢ ᠶᠢᠨ  ᠰᠦ ᠶᠢᠨ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠲᠠ︾ ᠶᠢᠨ ᠴᠣᠯᠠ ᠣᠯᠭᠤᠨ᠎ᠠ︔ ᠤᠯᠤᠰ ᠤᠨ  ᠰᠦ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠵᠢᠩᠬᠢᠨᠢ ᠪᠠᠷ ᠡᠬᠢᠯᠡᠵᠦ ᠠᠵᠢᠯᠯᠠᠨ᠎ᠠ᠃ ᠲᠦᠷᠦᠯ  ᠵᠦᠢᠯ ᠤᠨ ᠦᠵᠡᠭᠦᠯᠦᠯᠭᠡ ᠨᠢ ︽ᠰᠢᠷᠬᠡᠭ ᠡᠪᠡᠰᠦ ᠠᠴᠠ ᠴᠣᠮᠣ ᠰᠦ ᠬᠦᠷᠲᠡᠯᠡᠬᠢ︾ ᠪᠦᠬᠦ ᠠᠵᠤ ᠦᠢᠯᠡᠰ ᠤᠨ  ᠬᠡᠯᠬᠢᠶ᠎ᠡ ᠶᠢᠨ ᠬᠥᠭᠵᠢᠯᠲᠡ ᠶᠢᠨ ᠲᠣᠭᠤᠷᠢᠨ ᠳᠤ᠂ ᠤᠯᠤᠰ ᠤᠨ ᠰᠦ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ  ᠡᠭᠦᠳᠬᠦ ᠲᠥᠪ᠂ ᠢᠯᠢ ᠶᠢᠨ ᠪᠦᠬᠦ ᠪᠥᠮᠪᠥᠷᠴᠡᠭ ᠤᠨ ᠰᠦ ᠶᠢᠨ ᠦᠢᠯᠡᠰ ᠤᠨ ᠣᠶᠤᠨᠴᠢ ᠦᠢᠯᠡᠳᠬᠦ ᠬᠡᠪ  ᠳᠠᠭᠤᠷᠢᠶᠠᠯ ᠤᠨ ᠰᠠᠭᠤᠷᠢᠨ ᠭᠠᠵᠠᠷ᠂ ᠴᠡᠯᠡᠭᠡᠷ ᠲᠠᠯ᠎ᠠ ᠠᠮᠢ ᠠᠬᠤᠢ ᠶᠢᠨ ᠣᠶᠤᠨᠲᠤ ᠮᠠᠯᠵᠢᠯ ᠤᠨ ᠲᠠᠯᠠᠪᠠᠢ ᠶᠢ  ᠲᠣᠭᠤᠷᠢᠨ‌ᠦᠵᠡᠨ᠎ᠡ᠃ ᠲᠣᠭᠠᠴᠢᠯᠠᠭᠰᠠᠨ‌ᠣᠶᠣᠨᠴᠢᠯᠠᠭᠰᠠᠨ ᠰᠦ ᠶᠢᠨ ᠦᠢᠯᠡᠰ ᠤᠨ ᠬᠥᠭᠵᠢᠯᠲᠡ᠂ ᠰᠦ ᠶᠢᠨ ᠠᠵᠤ  ᠦᠢᠯᠡᠰ ᠤᠨ ᠬᠡᠯᠬᠢᠶ᠎ᠡ ᠶᠢᠨ ᠴᠢᠨᠠᠷ ᠰᠠᠶᠢᠲᠠᠢ ᠬᠥᠭᠵᠢᠯᠲᠡ᠂ ᠰᠦ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ  ᠡᠭᠦᠳᠬᠦ᠂ ᠣᠯᠠᠨ ᠤᠯᠤᠰ ᠤᠨ ᠬᠠᠮᠲᠤᠷᠠᠯᠴᠠᠭ᠎ᠠ᠂ ᠴᠠᠭᠠᠨ ᠢᠳᠡᠭᠡᠨ ᠤ ᠠᠵᠢᠯ ᠲᠥᠷᠥᠯ ᠤᠨ ᠣᠯᠠᠨ ᠤᠯᠤᠰ ᠤᠨ  ᠠᠷᠠᠯᠵᠢᠶ᠎ᠠ ᠵᠡᠷᠭᠡ ᠬᠦᠷᠢᠶᠡᠨ ᠤ ᠲᠣᠭᠤᠷᠢᠨ ᠳᠤ 5 ᠶᠠᠷᠢᠯᠴᠠᠭᠠᠨ ᠤ ᠲᠠᠪᠴᠠᠩ ᠡᠷᠬᠢᠯᠡᠨ᠎ᠡ᠃ ᠰᠦ ᠶᠢᠨ ᠦᠢᠯᠡᠰ ᠤᠨ  ᠪᠥᠬᠦ ᠠᠵᠤ ᠦᠢᠯᠡᠰ ᠤᠨ ᠬᠡᠯᠬᠢᠶᠡᠨ ᠤ ᠦᠵᠡᠭᠦᠯᠦᠯᠭᠡ ᠶᠢᠨ ᠴᠤᠭᠯᠠᠭᠠᠨ ᠢᠶᠠᠷ ᠦᠵᠡᠭᠦᠯᠭᠡ ᠳᠤ ᠣᠷᠣᠯᠴᠠᠬᠤ 300  ᠬᠤᠳᠠᠯᠳᠤᠭᠠᠴᠢᠨ ᠲᠦᠭᠦᠬᠡᠢ ᠰᠦ᠂ ᠡᠳ᠋ᠰᠢᠭᠦᠯᠬᠦ ᠮᠠᠰᠢᠨ᠂ ᠪᠣᠭᠤᠳᠠᠯ ᠪᠠᠭᠯᠠᠭ᠎ᠠ ᠶᠢᠨ ᠮᠠᠲ᠋ᠧᠷᠢᠶᠠᠯ᠂ ᠨᠠᠶᠢᠷᠠᠯᠭ᠎ᠠ᠂  ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠲᠥᠬᠦᠭᠡᠷᠦᠮᠵᠢ᠂ ᠦᠢᠯᠡᠳᠬᠦᠨ ᠢ ᠮᠥᠷᠳᠡᠬᠦ ᠰᠢᠰᠲ᠋ᠧᠮᠵᠢ ᠵᠡᠷᠭᠡ 6  ᠲᠠᠯ᠎ᠠ ᠪᠠᠷ ᠲᠥᠪᠯᠡᠷᠡᠭᠦᠯᠦᠨ ᠳᠡᠯᠭᠡᠨ ᠦᠵᠡᠭᠦᠯᠦᠨ᠎ᠡ᠃ ᠬᠤᠳᠠᠯᠳᠤᠭᠠᠴᠢᠨ ᠣᠷᠢᠵᠣ ᠲᠠᠨᠢᠯᠴᠠᠭᠤᠯᠬᠤ ᠴᠤᠭᠯᠠᠭᠠᠨ ᠤ  ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠬᠥᠬᠡᠬᠤᠲᠠ᠂ ᠲᠦᠩᠯᠢᠶᠣᠣ ᠬᠤᠲᠠ᠂ ᠪᠠᠶᠠᠨᠨᠠᠭᠤᠷ ᠬᠤᠲᠠ᠂ ᠤᠯᠠᠭᠠᠨᠴᠠᠪ ᠬᠤᠲᠠ᠂ ᠬᠥᠯᠥᠨ ᠪᠤᠶᠢᠷ ᠬᠤᠲᠠ᠂ ᠰᠢᠯᠢ ᠶᠢᠨ  ᠭᠤᠣᠯ ᠠᠶᠢᠮᠠᠭ ᠠᠴᠠ ᠰᠦ ᠶᠢᠨ ᠠᠵᠤ ᠦᠢᠯᠡᠰ ᠤᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ  ᠬᠤᠳᠠᠯᠳᠤᠭᠠᠴᠢᠨ ᠣᠷᠢᠵᠣ ᠲᠠᠨᠢᠯᠴᠠᠭᠤᠯᠬᠤ ᠶᠢᠨ ᠬᠠᠮᠲᠤ ᠲᠥᠪᠯᠡᠷᠡᠭᠦᠯᠦᠨ ᠭᠡᠷ᠎ᠡ ᠲᠣᠭᠲᠠᠨ᠎ᠠ᠃            ᠲᠣᠰ ᠤᠳᠠᠭᠠᠨ ᠤ ᠶᠡᠭᠡ ᠬᠤᠷᠠᠯ ᠳᠤ ᠳᠡᠯᠡᠬᠡᠢ ᠶᠢᠨ ᠰᠦ ᠶᠢᠨ ᠦᠢᠯᠡᠰ ᠤᠨ 10 ᠬᠦᠴᠦᠷᠬᠡᠭ ᠠᠵᠤ  ᠠᠬᠤᠶᠢᠯᠠᠯ᠂ ᠤᠯᠤᠰ ᠤᠨ ᠳᠣᠲᠣᠭᠠᠳᠤ ᠶᠢᠨ ᠰᠦ ᠶᠢᠨ ᠦᠢᠯᠡᠰ ᠤᠨ 20 ᠬᠦᠴᠦᠷᠬᠡᠭ ᠠᠵᠤ ᠠᠬᠤᠶᠢᠯᠠᠯ᠂ ᠣᠯᠠᠨ  ᠤᠯᠤᠰ ᠤᠨ ᠠᠵᠤ ᠦᠢᠯᠡᠰ ᠤᠨ ᠬᠡᠯᠬᠢᠶ᠎ᠡ ᠶᠢᠨ ᠨᠠᠷᠠᠲᠤ ᠠᠵᠤ ᠠᠬᠤᠶᠢᠯᠠᠯ᠂ ᠠᠵᠢᠯ ᠲᠥᠷᠥᠯ ᠤᠨ ᠵᠣᠬᠢᠶᠠᠨ  ᠪᠠᠶᠢᠭᠤᠯᠤᠯᠲᠠ ᠶᠢᠨ ᠬᠦᠨᠳᠦᠲᠦ ᠵᠣᠴᠢᠨ᠂ ︽ᠬᠤᠶᠠᠷ ᠬᠦᠷᠢᠶᠡᠯᠡᠩ︾ ᠤᠨ ᠠᠺᠠᠳᠧᠮᠢᠴᠢ ᠵᠡᠷᠭᠡ ᠲᠤᠰᠬᠠᠢ  ᠮᠡᠷᠭᠡᠵᠢᠯᠲᠡᠨ ᠡᠷᠳᠡᠮᠲᠡᠨ ᠢ ᠤᠷᠢᠵᠤ ᠣᠷᠣᠯᠴᠠᠭᠤᠯᠤᠨ᠎ᠠ᠃  
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号