ᠪᠣᠷᠣᠭᠠᠨ ᠤ ᠤᠯᠠᠷᠢᠯ ᠳᠤ  ᠠᠶᠦᠯᠭᠦᠢ  ᠶᠢᠨ ᠭᠡᠮ ᠰᠣᠭᠤᠭ ᠢ  ᠰᠡᠳᠬᠢᠯ ᠳᠡᠭᠡᠨ  ᠪᠣᠳᠣᠵᠦ ᠲᠣᠭᠤᠷᠢᠨ ᠪᠠᠶᠢᠴᠠᠭᠠᠬᠤ  ᠪᠠᠨ  ᠴᠢᠭᠭᠠᠳᠬᠠᠵᠦ ᠪᠠᠶᠢᠨ᠎ᠠ
ᠨᠡᠶᠢᠲᠡᠯᠡᠭᠰᠡᠨ ᠴᠠᠭ᠄
2023/8/2
     ᠣᠶᠢᠷ᠎ᠠ ᠶᠢᠨ ᠬᠤᠭᠤᠴᠠᠭᠠᠨ ᠳᠤ ᠦᠷᠭᠦᠯᠵᠢᠯᠡᠨ ᠪᠣᠷᠣᠭᠠᠨ ᠣᠷᠣᠭᠰᠠᠨ ᠴᠠᠭ ᠠᠭᠤᠷ ᠢ ᠢᠳᠡᠪᠬᠢᠲᠡᠢ ᠠᠷᠭᠠᠴᠠᠵᠤ᠂ ᠬᠠᠷᠢᠶ᠎ᠠ ᠣᠷᠣᠨ ᠤ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠢ ᠰᠠᠶᠢᠲᠤᠷ ᠬᠢᠬᠦ ᠶᠢᠨ ᠲᠥᠯᠥᠭᠡ᠂ ᠣᠶᠢᠷ᠎ᠠ ᠶᠢᠨ ᠡᠳᠦᠷ᠂ ᠰᠠᠶᠢᠬᠠᠨ ᠲᠣᠭᠤᠷᠢᠭ ᠤᠨ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠵᠡᠭᠡᠯᠢ ᠶᠢᠨ ᠴᠡᠴᠡᠷᠯᠢᠭ ᠤᠨ ᠮᠡᠷᠭᠡᠵᠢᠯ ᠤᠨ ᠨᠡᠶᠢᠭᠡᠮ ᠲᠣᠭᠤᠷᠢᠭ ᠤᠨ ᠬᠢᠨ ᠠᠵᠢᠯᠲᠠᠳ ᠢᠶᠠᠨ ᠵᠣᠬᠢᠶᠠᠨ ᠪᠠᠶᠢᠭᠤᠯᠤᠨ ᠦᠶᠡᠷ ᠢ ᠰᠡᠷᠭᠡᠶᠢᠯᠡᠬᠦ ᠠᠮᠤᠷ ᠲᠦᠪᠰᠢᠨ ᠤ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠵᠦ᠂ ᠦᠶᠡᠷ ᠤᠨ ᠬᠤᠭᠤᠴᠠᠭᠠᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠪᠠ᠃
     ᠦᠶᠡᠷ ᠤᠨ ᠬᠤᠭᠤᠴᠠᠭ᠎ᠠ ᠬᠦᠷᠴᠦ ᠢᠷᠡᠬᠦ ᠦᠶ᠎ᠡ ᠳᠤ᠂ ᠰᠦᠯᠵᠢᠶᠡᠨ ᠤ ᠠᠵᠢᠯᠲᠠᠨ ᠲᠡᠷᠡ ᠳᠠᠷᠤᠢ ᠳᠤᠨᠢ ᠬᠠᠷᠢᠶ᠎ᠠ ᠣᠷᠣᠨ ᠤ ᠪᠠᠨ ᠪᠠᠶᠢᠰᠢᠩ ᠭᠡᠷ ᠲᠤ ᠬᠦᠷᠴᠦ᠂ ᠵᠠᠮ ᠳᠡᠭᠡᠷ᠎ᠡ ᠤᠰᠤ ᠬᠤᠷᠠᠵᠤ ᠪᠠᠶᠢᠭ᠎ᠠ ᠠᠰᠠᠭᠤᠳᠠᠯ   ᠢ ᠡᠷᠦᠬᠡ ᠳᠠᠷᠠᠭᠠᠯᠠᠨ ᠲᠣᠭᠤᠷᠢᠨ ᠪᠠᠶᠢᠴᠠᠭᠠᠬᠤ   ᠶᠢᠨ ᠬᠠᠮᠲᠤ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠦᠶᠡᠷ   ᠢ ᠰᠡᠷᠭᠡᠶᠢᠯᠡᠬᠦ ᠶᠡᠷᠦ   ᠶᠢᠨ ᠮᠡᠳᠡᠯᠭᠡ   ᠶᠢ ᠤᠬᠠᠭᠤᠯᠵᠤ᠂ ᠰᠠᠭᠤᠭᠠᠯᠢ ᠠᠷᠠᠳ ᠲᠤ ᠰᠢᠷᠦᠭᠦᠨ ᠪᠣᠷᠣᠭᠠᠨ ᠤ ᠴᠠᠭ ᠠᠭᠤᠷ ᠲᠤ ᠠᠩᠬᠠᠷᠬᠤ ᠴᠢᠬᠤᠯᠠᠲᠠᠢ ᠵᠦᠢᠯᠡᠰ   ᠢ ᠰᠠᠨᠠᠭᠤᠯᠵᠤ᠂ ᠰᠠᠭᠤᠭᠠᠯᠢ ᠠᠷᠠᠳ ᠤᠨ ᠠᠮᠢ ᠨᠠᠰᠤ᠂ ᠡᠳ᠋ ᠬᠥᠷᠥᠩᠭᠡ   ᠶᠢᠨ ᠠᠮᠤᠷ ᠲᠦᠪᠰᠢᠨ   ᠢ ᠦᠨᠡᠨᠬᠦ ᠪᠠᠲᠤᠯᠠᠬᠤ ᠬᠡᠷᠡᠭᠲᠡᠢ ᠭᠡᠵᠡᠢ᠃ᠡᠭᠦᠨ ᠤ ᠵᠡᠷᠭᠡ ᠳᠤ᠂ ᠠᠵᠢᠯᠲᠠᠳ ᠬᠠᠷᠢᠶ᠎ᠠ ᠣᠷᠣᠨ ᠤ ᠪᠠᠨ ᠪᠠᠶᠢᠰᠢᠩ  ᠂ ᠬᠡᠷᠡᠮ ᠵᠢᠴᠢ ᠬᠤᠲᠣᠭᠤᠷ ᠭᠠᠵᠠᠷ ᠵᠠᠮ ᠤᠨ ᠬᠡᠰᠡᠭ ᠵᠡᠷᠭᠡ  ᠭᠠᠵᠠᠷ  ᠲᠤ ᠭᠤᠣᠯᠳᠠᠯᠭ᠎ᠠ ᠲᠠᠢ ᠪᠠᠶᠢᠴᠠᠭᠠᠯᠲᠠ ᠬᠢᠵᠡᠢ᠃      ᠲᠣᠰ ᠤᠳᠠᠭᠠᠨ ᠤ ᠲᠣᠭᠤᠷᠢᠨ ᠪᠠᠶᠢᠴᠠᠭᠠᠯᠲᠠ ᠨᠢ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠷᠢᠶᠠᠲᠤ ᠣᠷᠣᠨ ᠤ ᠠᠮᠤᠷ ᠲᠦᠪᠰᠢᠨ ᠪᠠ ᠲᠣᠭᠲᠠᠭᠤᠨ ᠪᠠᠶᠢᠳᠠᠯ ᠢ ᠦᠨᠡᠨ ᠬᠦ ᠪᠠᠲᠤᠯᠠᠭᠰᠠᠨ ᠪᠠᠶᠢᠨ᠎ᠠ᠃ᠲᠠᠷᠠᠭᠠᠴᠢ ᠶᠢᠨ ᠠᠯᠬᠤᠮ ᠳᠤ᠂ ᠨᠡᠶᠢᠭᠡᠮ ᠲᠣᠭᠤᠷᠢᠭ ᠤᠨ ᠬᠢᠨ ᠠᠮᠤᠷ ᠲᠦᠪᠰᠢᠨ ᠤ ᠬᠡᠮ ᠰᠣᠭᠤᠭ ᠤᠨ ᠪᠠᠶᠢᠴᠠᠭᠠᠯᠲᠠ ᠶᠢ ᠦᠷᠭᠦᠯᠵᠢᠯᠡᠨ ᠴᠢᠩᠭᠠᠳᠬᠠᠵᠤ᠂ ᠦᠶᠡᠷ ᠢ ᠰᠡᠷᠭᠡᠶᠢᠯᠡᠬᠦ ᠠᠵᠢᠯ ᠳᠠᠬᠢ ︽ᠵᠢᠵᠢᠭ ᠲᠣᠣᠷᠵᠢᠯ︾ ᠤᠨ ︽ᠶᠡᠭᠡ ᠦᠢᠯᠡᠳᠦᠯ︾ ᠢ ᠦᠨᠡᠨ ᠬᠦ ᠪᠠᠳᠠᠷᠠᠭᠤᠯᠤᠨ᠎ᠠ᠃      ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号