2023 ᠣᠨ ᠤ ᠰᠠᠶᠢᠬᠠᠨ ᠲᠣᠭᠤᠷᠢᠭ ᠤᠨ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠰᠢᠷᠢᠰ ᠠᠵᠢᠯᠯᠠᠭ᠎ᠠ ︽  ᠲᠠᠯᠠᠪᠠᠢ ᠶᠢᠨ ᠪᠥᠵᠢᠭ ︾ ᠤᠨ ᠤᠷᠤᠯᠳᠤᠭᠠᠨ ᠬᠦᠷ ᠬᠥᠭᠵᠢᠶᠡᠨ ᠲᠠᠢ ᠡᠬᠢᠯᠡᠪᠡ
ᠨᠡᠶᠢᠲᠡᠯᠡᠭᠰᠡᠨ ᠴᠠᠭ᠄
2023/8/2
     ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠰᠠᠶᠢᠬᠠᠨ ᠲᠣᠭᠤᠷᠢᠭ ᠤᠨ ᠥᠷᠭᠡᠨ ᠣᠯᠠᠨ ᠠᠷᠠᠳ ᠲᠦᠮᠡᠨ ᠤ ᠰᠢᠨ᠎ᠡ ᠴᠠᠭ ᠦᠶ᠎ᠡ ᠶᠢ ᠮᠠᠭᠲᠠᠨ ᠳᠠᠭᠤᠯᠠᠵᠤ᠂ ᠰᠢᠨ᠎ᠡ ᠠᠶᠠᠨ ᠵᠠᠮ ᠳᠤ ᠡᠷᠡᠯᠬᠡᠭᠯᠡᠨ ᠤᠷᠤᠭᠰᠢᠯᠠᠵᠤ ᠪᠠᠶᠢᠭ᠎ᠠ ᠣᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠵᠦ᠂ ᠣᠯᠠᠨ ᠲᠦᠮᠡᠨ ᠤ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ 7 ᠰᠠᠷ᠎ᠠ ᠶᠢᠨ 29  ᠤ ᠦᠳᠡ ᠶᠢᠨ ᠡᠮᠦᠨ᠎ᠡ᠂ ᠰᠠᠶᠢᠬᠠᠨ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠤᠨ ᠵᠤᠭᠠᠴᠠᠯ ᠤᠨ ᠷᠠᠳᠢᠣ᠋ ᠲᠧᠯᠸᠢᠰ ᠤᠨ ᠲᠣᠪᠴᠢᠶ᠎ᠠ᠂ ᠰᠠᠶᠢᠬᠠᠨ ᠲᠣᠭᠤᠷᠢᠭ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠠᠴᠠ ᠭᠤᠣᠯᠯᠠᠨ ᠡᠷᠬᠢᠯᠡᠵᠦ᠂ ᠰᠠᠶᠢᠬᠠᠨ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠤᠨ ᠵᠤᠭᠠᠴᠠᠯ ᠤᠨ ᠷᠠᠳᠢᠣ᠋ ᠲᠧᠯᠸᠢᠰ ᠤᠨ ᠦᠢᠯᠡᠰ ᠤᠨ ᠬᠥᠭᠵᠢᠯᠲᠡ ᠶᠢᠨ ᠲᠥᠪ ᠠᠴᠠ ᠳᠠᠭᠠᠭᠠᠴᠢᠯᠠᠨ ᠡᠷᠬᠢᠯᠡᠭᠰᠡᠨ 2023 ᠣᠨ ᠤ ᠰᠠᠶᠢᠬᠠᠨ ᠲᠣᠭᠤᠷᠢᠭ ᠤᠨ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠰᠢᠷᠢᠰ ᠠᠵᠢᠯᠯᠠᠭ᠎ᠠ︽ᠲᠠᠯᠠᠪᠠᠢ ᠶᠢᠨ ᠪᠥᠵᠢᠭ ︾ ᠤᠨ ᠤᠷᠤᠯᠳᠤᠭᠠᠨ ᠰᠠᠶᠢᠬᠠᠨ ᠲᠣᠭᠤᠷᠢᠭ ᠤᠨ ᠵᠠᠰᠠᠭ ᠤᠨ ᠣᠷᠳᠣᠨ ᠤ ᠠᠭᠤᠳᠠᠮ ᠲᠠᠯᠠᠪᠠᠢ ᠳᠤ ᠡᠬᠢᠯᠡᠵᠦ᠂ ᠪᠦᠬᠦ ᠣᠷᠣᠨ ᠠᠴᠠ ᠢᠷᠡᠭᠰᠡᠨ 32  ᠲᠠᠯᠠᠪᠠᠢ ᠶᠢᠨ ᠪᠥᠵᠢᠭ ᠤᠨ ᠡᠩᠨᠡᠭᠡ ᠤᠷᠤᠯᠳᠤᠭᠠᠨ ᠳᠤ ᠣᠷᠣᠯᠴᠠᠪᠠ᠃
     ᠣᠶᠢᠯᠠᠭᠠᠭᠰᠠᠨ ᠢᠶᠠᠷ᠂ ᠲᠣᠰ ᠤᠳᠠᠭᠠᠨ ᠤ ᠤᠷᠤᠯᠳᠤᠭᠠᠨ ᠢ ᠠᠩᠬᠠᠨ ᠤ ᠤᠷᠤᠯᠳᠤᠭᠠᠨ ᠪᠠ ᠰᠢᠢᠳᠪᠦᠷᠢᠲᠦ ᠤᠷᠤᠯᠳᠤᠭᠠᠨ ᠭᠡᠵᠦ ᠬᠤᠪᠢᠶᠠᠵᠤ᠂ ᠠᠩᠬᠠᠨ ᠤ ᠤᠷᠤᠯᠳᠤᠭᠠᠨ ᠤ ᠬᠤᠶᠠᠳᠤᠭᠠᠷ ᠲᠠᠯᠠᠪᠤᠷ ᠨᠢ 7 ᠰᠠᠷ᠎ᠠ ᠶᠢᠨ 30 ᠤ ᠡᠳᠦᠷ ᠤᠨ ᠦᠳᠡ ᠶᠢᠨ ᠡᠮᠦᠨᠡᠬᠢ 9 ᠴᠠᠭ ᠲᠤ ᠵᠠᠰᠠᠭ ᠤᠨ ᠣᠷᠳᠣᠨ ᠤ ᠠᠭᠤᠳᠠᠮ ᠲᠠᠯᠠᠪᠠᠶ ᠳᠤ ᠲᠣᠭᠲᠠᠭᠰᠠᠨ ᠴᠠᠭ ᠲᠠᠭᠠᠨ ᠡᠬᠢᠯᠡᠵᠦ᠂ ᠠᠩᠬᠠᠨ ᠤ ᠤᠷᠤᠯᠳᠤᠭᠠᠨ ᠳᠤ 20 ᠠᠩᠭᠢ ᠤᠷᠤᠯᠳᠤᠨ 8 ᠰᠠᠷ᠎ᠠ ᠶᠢᠨ 8 ᠤ ᠡᠳᠦᠷ ᠤᠨ ᠰᠢᠢᠳᠪᠦᠷᠢᠲᠦ ᠤᠷᠤᠯᠳᠤᠭᠠᠨ ᠳᠤ ᠣᠷᠣᠬᠤ ᠪᠣᠯᠣᠨ᠎ᠠ᠃      ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号