ᠵᠣᠨ ᠤ ᠠᠮᠠᠷᠠᠯᠲᠠ ᠶᠢᠨ ᠬᠤᠭᠤᠴᠠᠭᠠᠨ ᠳᠤ ᠣᠷᠣᠭᠰᠠᠨ ᠠᠴᠠ ᠨᠠᠰᠢ᠂ ᠣᠯᠠᠨ ᠨᠡᠶᠢᠲᠡ ᠶᠢᠨ ᠲᠣᠭᠤᠷᠢᠨ | ᠦᠵᠡᠬᠦ ᠬᠡᠷᠡᠭᠴᠡᠭᠡ ᠲᠦᠷᠭᠡᠨ ᠢᠶᠠᠷ ᠨᠡᠮᠡᠭᠳᠡᠵᠦ᠂ ᠥᠪᠥᠷ ᠮᠣᠩᠭᠤᠯ ᠤᠨ ᠤᠷᠠᠨ ᠵᠢᠷᠤᠭ ᠤᠨ ᠣᠷᠳᠣᠨ ᠤ ᠲᠣᠭᠤᠷᠢᠨ | ᠦᠵᠡᠬᠦ ᠬᠡᠮᠵᠢᠶ᠎ᠡ ᠵᠠᠯᠭᠠᠪᠠᠷ ᠰᠢᠨ᠎ᠡ ᠲᠡᠮᠳᠡᠭᠯᠡᠯ ᠢ ᠡᠭᠦᠳᠪᠡ᠂ ᠵᠤᠭᠠᠴᠠᠭᠰᠠᠳ ᠲᠤ ᠨᠠᠩ ᠣᠯᠠᠨ ᠡᠰᠢᠲᠦ᠂ ᠨᠠᠩ | ᠳᠥᠭᠦᠮ ᠳᠥᠲᠡ ᠦᠢᠯᠡᠴᠢᠯᠡᠭᠡ ᠬᠠᠩᠭᠠᠬᠤ ᠶᠢᠨ ᠲᠤᠰᠠᠳᠠ᠂ ᠥᠪᠥᠷ ᠮᠣᠩᠭᠤᠯ ᠤᠨ ᠤᠷᠠᠨ ᠵᠢᠷᠤᠭ ᠤᠨ ᠣᠷᠳᠣᠨ | 8 ᠳ᠋ᠤᠭᠠᠷ ᠰᠠᠷ᠎ᠠ ᠶᠢᠨ 18 ᠠᠴᠠ 31 ᠤ ᠡᠳᠦᠷ ᠪᠣᠯᠲᠠᠯ᠎ᠠ ︵ᠭᠠᠷᠠᠭ ᠪᠦᠷᠢ ᠤ ᠭᠠᠷᠠᠭ ᠤᠨ ᠨᠢᠭᠡᠨ ᠳᠤ | ᠡᠭᠦᠳᠡ ᠪᠠᠨ ᠬᠠᠭᠠᠨ᠎ᠠ︶ ᠨᠡᠭᠡᠭᠡᠬᠦ ᠴᠠᠭ ᠢᠶᠠᠨ ᠤᠷᠲᠤᠳᠬᠠᠪᠠ᠃ | ᠲᠠᠨᠢᠯᠴᠠᠭᠤᠯᠤᠭᠰᠠᠨ ᠢᠶᠠᠷ᠂ ᠨᠡᠭᠡᠭᠡᠬᠦ ᠴᠠᠭ ᠢ 9 ᠴᠠᠭ ᠠᠴᠠ 17 ᠴᠠᠭ ᠪᠠᠶᠢᠭᠰᠠᠨ ᠢ 9 ᠴᠠᠭ ᠠᠴᠠ 18 | ᠴᠠᠭ ᠪᠣᠯᠲᠠᠯ᠎ᠠ ᠤᠷᠲᠤᠳᠬᠠᠪᠠ ︵17 ᠴᠠᠭ 30 ᠮᠢᠨᠦ᠋ᠲ ᠠᠴᠠ ᠣᠷᠳᠣᠨ ᠳᠤ ᠣᠷᠤᠭᠤᠯᠬᠤ ᠦᠭᠡᠢ︶᠃ ᠡᠨᠡ | ᠬᠤᠭᠤᠴᠠᠭᠠᠨ ᠳᠤ᠂ ︽︿ᠳᠥᠷᠪᠡᠨ 100﹀ ᠶᠢᠨ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ | ᠲᠡᠮᠳᠡᠭ ᠤᠨ ᠰᠢᠷᠢᠰ ᠪᠦᠲᠦᠭᠡᠯ ᠤᠨ ᠦᠵᠡᠭᠦᠯᠦᠯᠭᠡ︾ ︽ᠨᠤᠲᠤᠭ ᠬᠥᠮᠥᠨ — 1949 ᠣᠨ ᠠᠴᠠ ᠨᠠᠰᠢᠬᠢ | ᠬᠥᠳᠡᠭᠡ ᠲᠣᠰᠬᠤᠨ ᠤ ᠰᠡᠳᠦᠪᠲᠦ ᠤᠷᠠᠨ ᠵᠢᠷᠤᠭ ᠤᠨ ᠪᠦᠲᠦᠭᠡᠯ ᠤᠨ ᠰᠤᠳᠤᠯᠭᠠᠨ ᠤ ᠦᠵᠡᠭᠦᠯᠦᠯᠭᠡ ︵ | ᠬᠥᠬᠡᠬᠤᠲᠠ ᠥᠷᠲᠡᠭᠡ︶︾ ︽ᠰᠢᠨ᠎ᠡ ᠬᠡᠪ ᠰᠤᠷᠲᠠᠯ — ᠣᠲᠣ ᠦᠶ᠎ᠡ ᠶᠢᠨ ᠤᠷᠤᠰᠬᠠᠯ ᠤᠷᠠᠯᠢᠭ ᠤᠨ | ᠦᠵᠡᠭᠦᠯᠦᠯᠭᠡ︾ ︽ᠳᠥᠷᠪᠡᠳᠦᠭᠡᠷ ᠬᠤᠭᠤᠴᠠᠭᠠᠨ ᠤ ᠵᠠᠯᠠᠭᠤᠴᠤᠳ ᠪᠠᠭᠠᠴᠤᠳ ᠤᠨ ᠤᠷᠠᠨ ᠵᠢᠷᠤᠭ ᠤᠷᠠᠨ | ᠪᠢᠴᠢᠯᠭᠡ ᠶᠢᠨ ᠪᠦᠲᠦᠭᠡᠯ ᠤᠨ ᠦᠵᠡᠭᠦᠯᠦᠯᠭᠡ︾ ᠵᠡᠷᠭᠡ ᠣᠯᠠᠨ ᠵᠦᠢᠯ ᠤᠨ ᠰᠢᠯᠢᠳᠡᠭ ᠤᠷᠠᠯᠢᠭ ᠤᠨ ᠦᠵᠡᠰᠬᠦᠯᠡᠩ ᠢ | ᠵᠠᠯᠭᠠᠪᠡᠷ ᠳᠡᠯᠭᠡᠨ ᠦᠵᠡᠭᠦᠯᠦᠨ᠎ᠡ᠃ ᠥᠪᠥᠷ ᠮᠣᠩᠭᠤᠯ ᠤᠨ ᠤᠷᠠᠨ ᠵᠢᠷᠤᠭ ᠤᠨ ᠣᠷᠳᠣᠨ ᠤ ᠪᠣᠶ ᠪᠦᠬᠦᠢ | ᠦᠵᠡᠭᠦᠯᠦᠯᠭᠡ ᠶᠢ ᠨᠡᠶᠢᠲᠡ ᠣᠯᠠᠨ ᠳᠤ ᠦᠨ᠎ᠡ ᠲᠦᠯᠦᠪᠦᠷᠢ ᠦᠭᠡᠢ ᠪᠠᠷ ᠦᠵᠡᠭᠦᠯᠦᠨ᠎ᠡ᠃ |