ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠬᠥᠭᠵᠢᠯᠲᠡ ᠶᠢ ᠳᠡᠮᠵᠢᠬᠦ ᠲᠤᠬᠠᠢ  ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠠᠨᠠᠯ
ᠨᠡᠶᠢᠲᠡᠯᠡᠭᠰᠡᠨ ᠴᠠᠭ᠄
2023/8/25
      ᠬᠥᠬᠡᠬᠤᠲᠠ ᠵᠠᠰᠠᠭ ᠲᠠᠷᠬᠠᠭᠠᠭᠰᠠᠨ ﹇2023﹈ 10 ᠳ᠋ᠤᠭᠠᠷ ᠲᠣᠭᠠᠲᠤ                           2023 ᠣᠨ ᠤ 3 ᠳ᠋ᠤᠭᠠᠷ ᠰᠠᠷ᠎ᠠ ᠶᠢᠨ 27 ᠤ ᠡᠳᠦᠷ    ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ  ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ  ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ ᠵᠥᠪᠯᠡᠯ᠂ ᠠᠯᠪᠠᠨ ᠭᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ᠂  ᠠᠵᠢᠯ ᠦᠢᠯᠡᠰ ᠤᠨ ᠨᠢᠭᠡᠴᠡ ᠳᠤ᠄            ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠬᠥᠭᠵᠢᠯᠲᠡ ᠪᠦᠲᠦᠭᠡᠨ  ᠪᠠᠶᠢᠭᠤᠯᠤᠯᠲᠠ ᠶᠢ ᠠᠬᠢᠭᠤᠯᠵᠤ᠂ ᠬᠥᠬᠡᠬᠤᠲᠠ ᠶᠢᠨ ᠤᠯᠤᠰ ᠤᠨ ︽ᠨᠢᠭᠡ ᠪᠦᠰᠡ ᠨᠢᠭᠡ ᠵᠠᠮ︾ ᠤᠨ  ᠰᠠᠨᠠᠭᠠᠴᠢᠯᠠᠭ᠎ᠠ ᠳᠤ ᠢᠳᠡᠪᠬᠢᠲᠡᠢ ᠠᠭᠤᠰᠤᠯᠴᠠᠬᠤ ᠶᠢ ᠠᠬᠢᠭᠤᠯᠤᠨ᠂ ᠳᠤᠮᠳᠠᠳᠤ ᠮᠣᠩᠭᠤᠯ ᠣᠷᠣᠰ ᠤᠨ ᠠᠵᠤ  ᠠᠬᠤᠢ ᠶᠢᠨ ᠬᠤᠩᠭᠢᠯ ᠤᠨ ᠤᠯᠤᠰ ᠤᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢᠨ ᠲᠤᠰᠠᠳᠠ᠂ ᠤᠯᠤᠰ ᠤᠨ  ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ᠂ ᠳᠦᠷᠢᠮ ᠲᠣᠭᠲᠠᠭᠠᠯ ᠪᠠ ᠥᠪᠡᠷᠲᠡᠭᠡᠨ ᠵᠠᠰᠠᠬᠤ  ᠣᠷᠣᠨ᠂ ᠬᠥᠬᠡᠬᠤᠲᠠ ᠶᠢᠨ ᠠᠵᠤ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠶᠢ ᠦᠨᠳᠦᠰᠦᠯᠡᠨ᠂ ᠡᠳᠦᠭᠡ  ᠳᠣᠣᠷᠠᠬᠢ ᠮᠡᠲᠦ ᠰᠠᠨᠠᠯ ᠢ ᠳᠤᠷᠠᠳᠪᠠ᠃             ᠨᠢᠭᠡ᠂ ᠨᠡᠶᠢᠳᠡᠮ ᠬᠡᠷᠡᠭᠯᠡᠬᠦ ᠲᠦᠷᠦ ᠶᠢᠨ ᠪᠣᠳᠣᠯᠭ᠎ᠠ             ︵ᠨᠢᠭᠡ︶ ᠠᠵᠤ ᠠᠬᠤᠶᠢᠯᠠᠯ ᠤᠨ ᠪᠠᠶᠢᠭᠠᠯᠢ ᠵᠢᠯ ᠪᠦᠷᠢ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ  ᠭᠠᠷᠭᠠᠭᠰᠠᠨ ᠲᠤᠭ᠎ᠠ ᠳᠣᠣᠷᠠᠬᠢ ᠪᠠᠷᠢᠮᠵᠢᠶ᠎ᠠ ᠳᠤ ᠬᠦᠷᠦᠭᠰᠡᠨ ᠳᠤ ᠣᠨᠴᠠᠭᠠᠢ ᠬᠤᠪᠢ ᠨᠡᠮᠡᠷᠢ ᠶᠢᠨ ᠱᠠᠩᠨᠠᠯ ᠣᠯᠭᠤᠨ᠎ᠠ︔ ᠣᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠲᠤᠭ᠎ᠠ ᠨᠡᠶᠢᠲᠡ 100  ᠲᠦᠮᠡᠨ ᠳ᠋ᠣᠯᠯᠠᠷ ᠠᠴᠠ 1000 ᠲᠦᠮᠡᠨ ᠳ᠋ᠣᠯᠯᠠᠷ ︵ᠪᠠᠭᠲᠠᠨ᠎ᠠ︶ ᠠᠴᠠ ᠳᠣᠷᠣᠭᠰᠢ ᠬᠦᠷᠦᠭᠰᠡᠨ ᠪᠣᠯ  ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ 1 ᠳ᠋ᠣᠯᠯᠠᠷ ᠪᠦᠷᠢ ᠳᠤ 0.03 ᠲᠥᠭᠦᠷᠢᠭ  ᠠᠷᠠᠳ ᠤᠨ ᠵᠣᠭᠤᠰ ᠤᠨ ᠱᠠᠩᠨᠠᠯ ᠣᠯᠭᠤᠨ᠎ᠠ︔ ᠣᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ  ᠭᠠᠷᠭᠠᠭᠰᠠᠨ ᠲᠤᠭ᠎ᠠ ᠨᠡᠶᠢᠲᠡ 1000 ᠲᠦᠮᠡᠨ ᠳ᠋ᠣᠯᠯᠠᠷ ᠠᠴᠠ 5000 ᠲᠦᠮᠡᠨ ᠳ᠋ᠣᠯᠯᠠᠷ ︵ᠪᠠᠭᠲᠠᠨ᠎ᠠ︶ ᠠᠴᠠ  ᠳᠣᠷᠣᠭᠰᠢ ᠬᠦᠷᠦᠭᠰᠡᠨ ᠪᠣᠯ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ 1 ᠳ᠋ᠣᠯᠯᠠᠷ ᠪᠦᠷᠢ ᠳᠤ  0.04 ᠲᠥᠭᠦᠷᠢᠭ ᠠᠷᠠᠳ ᠤᠨ ᠵᠣᠭᠤᠰ ᠤᠨ ᠱᠠᠩᠨᠠᠯ ᠣᠯᠭᠤᠨ᠎ᠠ︔ ᠣᠨ ᠤ ᠭᠠᠳᠠᠭᠠᠳᠤ ᠠᠴᠠ ᠣᠷᠣᠭᠤᠯᠵᠤ  ᠭᠠᠳᠠᠭᠠᠳᠤ ᠳᠤ ᠭᠠᠷᠭᠠᠭᠰᠠᠨ ᠲᠤᠭ᠎ᠠ ᠨᠡᠶᠢᠲᠡ 5000 ᠲᠦᠮᠡᠨ ᠳ᠋ᠣᠯᠯᠠᠷ ᠢ ᠳᠠᠪᠠᠭᠰᠠᠨ ᠪᠣᠯ ᠭᠠᠳᠠᠭᠠᠳᠤ ᠠᠴᠠ  ᠣᠷᠣᠭᠤᠯᠵᠤ ᠭᠠᠳᠠᠭᠠᠳᠤ ᠳᠤ ᠭᠠᠷᠭᠠᠭᠰᠠᠨ 1ᠳ᠋ᠣᠯᠯᠠᠷ ᠪᠦᠷᠢ ᠳᠤ 0.05 ᠲᠥᠭᠦᠷᠢᠭ ᠠᠷᠠᠳ ᠤᠨ ᠵᠣᠭᠤᠰ ᠤᠨ  ᠱᠠᠩᠨᠠᠯ ᠣᠯᠭᠤᠨ᠎ᠠ᠃ ᠳᠠᠩ ᠭᠠᠭᠴᠠ ᠠᠵᠤ ᠠᠬᠤᠶᠢᠯᠠᠯ ᠤᠨ ᠣᠨ ᠤ ᠱᠠᠩᠨᠠᠯ ᠢ ᠬᠠᠮᠤᠭ ᠤᠨ ᠥᠨᠳᠥᠷ ᠲᠡᠭᠡᠨ  500 ᠲᠦᠮᠡᠨ ᠲᠥᠭᠦᠷᠢᠭ ᠠᠷᠠᠳ ᠤᠨ ᠵᠣᠭᠤᠰ ᠠᠴᠠ ᠬᠡᠲᠦᠷᠡᠭᠦᠯᠬᠦ ᠦᠭᠡᠢ︔             ︵ᠬᠤᠶᠠᠷ︶ ᠡᠯ᠎ᠡ ᠲᠥᠷᠥᠯ ᠤᠨ ᠠᠵᠤ ᠠᠬᠤᠶᠢᠯᠠᠯ ᠤᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠳᠤ  ᠰᠠᠭᠤᠷᠢᠰᠢᠨ ᠬᠥᠭᠵᠢᠬᠦ ᠶᠢ ᠵᠣᠷᠢᠭᠵᠢᠭᠤᠯᠤᠨ᠂ ᠭᠠᠶᠢᠯᠢ ᠪᠠᠲᠤᠯᠠᠬᠤ ᠣᠷᠣᠨ ᠤ ᠦᠢᠯᠡᠳᠪᠦᠷᠢ ᠶᠢᠨ ᠭᠡᠷ ᠪᠠᠶᠢᠰᠢᠩ ᠢ  ᠲᠦᠷᠢᠶᠡᠰᠦᠯᠡᠨ ᠬᠡᠷᠡᠭᠯᠡᠭᠰᠡᠨ ᠠᠵᠤ ᠠᠬᠤᠶᠢᠯᠠᠯ ᠤᠨ ᠣᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ  ᠭᠠᠷᠭᠠᠭᠰᠠᠨ ᠲᠤᠭ᠎ᠠ ᠨᠡᠶᠢᠲᠡ 5000 ᠲᠦᠮᠡᠨ ᠳ᠋ᠣᠯᠯᠠᠷ ︵ᠪᠠᠭᠲᠠᠨ᠎ᠠ︶ ᠠᠴᠠ 1 ᠳ᠋ᠦᠩᠰᠢᠭᠤᠷ ᠳ᠋ᠣᠯᠯᠠᠷ ᠲᠤ  ᠬᠦᠷᠦᠭᠰᠡᠨ ᠪᠣᠯ᠂ ᠲᠡᠭᠦᠨ ᠤ ᠲᠤᠬᠠᠢ ᠶᠢᠨ ᠵᠢᠯ ᠤᠨ ᠪᠣᠳᠠᠲᠠᠢ ᠲᠤᠰᠢᠶᠠᠭᠰᠠᠨ ᠲᠦᠷᠢᠶᠡᠰᠦᠨ ᠮᠥᠩᠭᠦ ᠶᠢᠨ  50% ᠪᠠᠷ ᠨᠥᠬᠦᠪᠦᠷᠢ ᠣᠯᠭᠤᠨ᠎ᠠ︔ ᠣᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ  ᠲᠤᠭ᠎ᠠ ᠨᠡᠶᠢᠲᠡ 1 ᠳ᠋ᠦᠩᠰᠢᠭᠤᠷ ︵ᠪᠠᠭᠲᠠᠨ᠎ᠠ︶ ᠳ᠋ᠣᠯᠯᠠᠷ ᠠᠴᠠ ᠳᠠᠪᠠᠭᠰᠠᠨ ᠪᠣᠯ᠂ ᠲᠡᠭᠦᠨ ᠤ ᠲᠤᠬᠠᠢ ᠶᠢᠨ  ᠵᠢᠯ ᠤᠨ ᠪᠣᠳᠠᠲᠠᠢ ᠲᠤᠰᠢᠶᠠᠭᠰᠠᠨ ᠲᠦᠷᠢᠶᠡᠰᠦᠨ ᠮᠥᠩᠭᠦ ᠶᠢᠨ ᠪᠥᠬᠦ ᠲᠤᠭ᠎ᠠ ᠪᠠᠷ ᠨᠥᠬᠦᠪᠦᠷᠢ ᠣᠯᠭᠤᠨ᠎ᠠ᠃ ᠠᠵᠤ  ᠠᠬᠤᠶᠢᠯᠠᠯ ᠨᠢᠭᠡᠪᠦᠷᠢ ᠶᠢᠨ ᠲᠦᠷᠢᠶᠡᠰᠦᠨ ᠮᠥᠩᠭᠦ ᠶᠢᠨ ᠨᠥᠬᠦᠪᠦᠷᠢ ᠶᠢ ᠠᠷᠠᠳ‌‍ᠤᠨ ᠵᠣᠭᠤᠰ ᠢᠶᠠᠷ 500 ᠲᠦᠮᠡᠨ‌‍ᠲ᠋ᠥ᠋ᠭᠦᠷᠢᠭ ᠠᠴᠠ ᠬᠡᠲᠦᠷᠡᠭᠦᠯᠬᠦ ᠦᠭᠡᠢ᠃           ︵ᠭᠤᠷᠪᠠ︶ ᠬᠠᠮᠢᠶ᠎ᠠ ᠪᠦᠬᠦᠢ ᠠᠵᠤ ᠠᠬᠤᠶᠢᠯᠠᠯ ᠤᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠳᠤ  ᠪᠡᠯᠡ ᠣᠷᠣᠭᠤᠯᠬᠤ ᠶᠢ ᠳᠡᠮᠵᠢᠨ᠎ᠡ᠃ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠳᠣᠲᠣᠷᠠᠬᠢ ᠮᠠᠰᠢᠨ  ᠲᠥᠬᠦᠭᠡᠷᠦᠮᠵᠢ ᠵᠡᠷᠭᠡ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠪᠠᠷ ᠭᠤᠣᠯ ᠪᠣᠯᠭᠠᠭᠰᠠᠨ ᠲᠣᠭᠲᠠᠮᠠᠯ  ᠬᠥᠷᠥᠩᠭᠡ ᠶᠢᠨ ᠪᠡᠯᠡ ᠣᠷᠣᠭᠤᠯᠤᠯᠲᠠ ︵ᠭᠠᠵᠠᠷ ᠰᠢᠷᠣᠢ ᠬᠤᠳᠠᠯᠳᠤᠨ ᠠᠪᠬᠤ ᠶᠢ ᠪᠠᠭᠲᠠᠭᠠᠬᠤ ᠦᠭᠡᠢ︶  ᠶᠢᠨ ᠲᠥᠷᠥᠯ ᠵᠦᠢᠯ ᠳᠤ᠂ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ ᠲᠡᠭᠦᠨ ᠤ  ᠪᠣᠳᠠᠲᠠᠢ ᠪᠡᠶᠡᠯᠡᠭᠦᠯᠦᠭᠰᠡᠨ ᠲᠣᠭᠲᠠᠮᠠᠯ ᠬᠥᠷᠥᠩᠭᠡ ᠶᠢᠨ ᠪᠡᠯᠡ ᠣᠷᠤᠭᠤᠯᠤᠯᠲᠠ ᠶᠢᠨ ᠲᠤᠭ᠎ᠠ ᠶᠢᠨ 5% ᠪᠠᠷ ᠨᠢᠭᠡ  ᠤᠳᠠᠭ᠎ᠠ ᠶᠢᠨ ᠴᠢᠨᠠᠷᠲᠠᠢ ᠪᠡᠯᠡ ᠣᠷᠤᠭᠤᠯᠤᠯᠲᠠ ᠶᠢᠨ ᠱᠠᠩᠨᠠᠯ ᠨᠥᠬᠦᠪᠦᠷᠢ ᠣᠯᠭᠤᠵᠤ᠂ ᠨᠥᠬᠦᠪᠦᠷᠢ ᠶᠢᠨ ᠪᠦᠬᠦ  ᠲᠤᠭ᠎ᠠ ᠶᠢ 1000 ᠲᠦᠮᠡᠨ ᠲᠥᠭᠦᠷᠢᠭ ᠠᠷᠠᠳ ᠤᠨ ᠵᠣᠭᠤᠰ ᠠᠴᠠ ᠬᠡᠲᠦᠷᠡᠭᠦᠯᠬᠦ ᠦᠭᠡᠢ᠃ ᠬᠥᠬᠡᠬᠤᠲᠠ ᠶᠢᠨ ︽ ᠠᠵᠤ ᠦᠢᠯᠡᠳᠪᠦᠷᠢ ᠶᠢᠨ ᠠᠷᠪᠠᠨ ᠵᠤᠷᠪᠤᠰ︾ ᠤᠨ ᠲᠥᠷᠥ ᠶᠢᠨ ᠪᠣᠳᠣᠯᠭ᠎ᠠ ᠳᠤ ᠨᠡᠶᠢᠴᠡᠬᠦ ᠲᠥᠷᠥᠯ ᠵᠦᠢᠯ ᠳᠤ ᠠᠵᠤ  ᠠᠬᠤᠶᠢᠯᠠᠯ ᠤᠳ ᠬᠤᠲᠠ ᠶᠢᠨ ᠱᠠᠲᠤ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠬᠤᠶᠠᠷ ᠱᠠᠲᠤᠨ ᠤ  ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠳᠠᠪᠬᠤᠴᠠᠭᠤᠯᠤᠨ ᠭᠥᠷᠳᠡᠵᠦ ᠪᠣᠯᠣᠨ᠎ᠠ᠃             ︵ᠳᠥᠷᠪᠡ︶ ᠬᠦᠷᠢᠶᠡᠯᠡᠩ ᠲᠣᠭᠤᠷᠢᠭ ᠤᠨ ᠳᠣᠲᠣᠷ᠎ᠠ ᠪᠠᠷᠠᠭ᠎ᠠ ᠬᠠᠳᠠᠭᠠᠯᠠᠭᠰᠠᠨ᠂ ᠴᠤᠭᠯᠠᠭᠤᠯᠤᠭᠰᠠᠨ᠂  ᠬᠤᠪᠢᠶᠠᠨ ᠰᠠᠯᠭᠠᠵᠤ ︵ᠪᠣᠭᠤᠮᠲᠠ ᠶᠢᠨ ᠪᠦᠷᠢᠳᠬᠡᠭᠰᠡᠨ ᠲᠤᠭ᠎ᠠ ᠪᠠᠷᠢᠮᠲᠠ ᠪᠠᠷ ᠪᠠᠷᠢᠮᠵᠢᠶ᠎ᠠ ᠪᠣᠯᠭᠠᠨ᠎ᠠ︶᠂ ᠣᠨ ᠤ  ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠲᠤᠭ᠎ᠠ 50 ᠪᠠᠷᠢᠮᠵᠢᠶ᠎ᠠ ᠬᠠᠶᠢᠷᠴᠠᠭ ᠠᠴᠠ ᠳᠣᠣᠷ᠎ᠠ  ᠦᠭᠡᠢ ᠪᠣᠯ 20 ᠲᠣᠬᠤᠢ ᠪᠠᠷᠢᠮᠵᠢᠶ᠎ᠠ ᠬᠠᠶᠢᠷᠴᠠᠭ ᠪᠦᠷᠢ ᠳᠤ 1000 ᠲᠥᠭᠦᠷᠢᠭ ᠠᠷᠠᠳ ᠤᠨ ᠵᠣᠭᠤᠰ ᠤᠨ  ᠱᠠᠩᠨᠠᠯ ᠣᠯᠭᠤᠵᠤ᠂ 40 ᠲᠣᠬᠤᠢ ᠪᠠᠷᠢᠮᠵᠢᠶ᠎ᠠ ᠬᠠᠶᠢᠷᠴᠠᠭ ᠪᠦᠷᠢ ᠳᠤ 2000 ᠲᠥᠭᠦᠷᠢᠭ ᠠᠷᠠᠳ ᠤᠨ  ᠵᠣᠭᠤᠰ ᠤᠨ ᠱᠠᠩᠨᠠᠯ ᠣᠯᠭᠤᠨ᠎ᠠ᠃ ᠳᠠᠩ ᠭᠠᠭᠴᠠ ᠠᠵᠤ ᠠᠬᠤᠶᠢᠯᠠᠯ ᠤᠨ ᠵᠢᠯ ᠪᠦᠷᠢ ᠶᠢᠨ ᠱᠠᠩᠨᠠᠯ ᠤᠨ ᠶᠡᠷᠦᠩᠬᠡᠢ  ᠲᠤᠭ᠎ᠠ ᠶᠢ 200 ᠲᠦᠮᠡᠨ ᠲᠥᠭᠦᠷᠢᠭ ᠠᠷᠠᠳ ᠤᠨ ᠵᠣᠭᠤᠰ ᠠᠴᠠ ᠬᠡᠲᠦᠷᠡᠭᠦᠯᠬᠦ ᠦᠭᠡᠢ᠃            ᠬᠤᠶᠠᠷ᠂ ᠲᠤᠰᠬᠠᠢ ᠵᠦᠢᠯ ᠤᠨ ᠲᠥᠷᠥ ᠶᠢᠨ ᠪᠣᠳᠣᠯᠭ᠎ᠠ             ︵ᠲᠠᠪᠤ︶ ᠥᠩᠭᠡᠲᠦ ᠲᠡᠮᠦᠷᠯᠢᠭ ᠵᠢᠴᠢ ᠰᠤᠪᠤᠳ ᠡᠷᠳᠡᠨᠢ ᠵᠠᠰᠠᠯ ᠴᠢᠮᠡᠭᠯᠡᠯ ᠤᠨ ᠡᠳ᠋ᠰᠢᠭᠦᠯᠬᠦ ᠠᠵᠢᠯ ᠢ  ᠥᠷᠨᠢᠭᠦᠯᠦᠭᠰᠡᠨ ᠠᠵᠤ ᠠᠬᠤᠶᠢᠯᠠᠯ ᠤᠨ ᠠᠰᠢᠭᠯᠠᠯᠲᠠ ᠳᠤ ᠣᠷᠣᠭᠤᠯᠤᠭᠰᠠᠨ ᠤ ᠳᠠᠷᠠᠭᠠᠬᠢ ᠣᠨ ᠤ ᠭᠠᠳᠠᠭᠠᠳᠤ ᠠᠴᠠ  ᠣᠷᠣᠭᠤᠯᠵᠤ ᠭᠠᠳᠠᠭᠠᠳᠤ ᠳᠤ ᠭᠠᠷᠭᠠᠭᠰᠠᠨ ᠪᠣᠳᠠᠲᠠᠢ ᠲᠤᠭ᠎ᠠ ᠨᠢ 10 ᠳ᠋ᠦᠩᠰᠢᠭᠤᠷ ᠳ᠋ᠣᠯᠯᠠᠷ ︵ᠪᠠᠭᠲᠠᠬᠤ ᠦᠭᠡᠢ︶  ᠂ 20 ᠳ᠋ᠦᠩᠰᠢᠭᠤᠷ ᠳ᠋ᠣᠯᠯᠠᠷ ︵ᠪᠠᠭᠲᠠᠬᠤ ᠦᠭᠡᠢ︶᠂ 30 ᠳ᠋ᠦᠩᠰᠢᠭᠤᠷ ᠳ᠋ᠣᠯᠯᠠᠷ ︵ᠪᠠᠭᠲᠠᠬᠤ ᠦᠭᠡᠢ︶ ᠠᠴᠠ  ᠳᠠᠪᠠᠭᠰᠠᠨ ᠪᠣᠯ᠂ ᠣᠨ ᠢᠶᠠᠷ ᠲᠣᠰ ᠲᠣᠰ 100 ᠲᠦᠮᠡᠨ ᠲᠥᠭᠦᠷᠢᠭ ᠠᠷᠠᠳ ᠤᠨ ᠵᠣᠭᠤᠰ᠂ 200 ᠲᠦᠮᠡᠨ  ᠲᠥᠭᠦᠷᠢᠭ ᠠᠷᠠᠳ ᠤᠨ ᠵᠣᠭᠤᠰ᠂ 300 ᠲᠦᠮᠡᠨ ᠲᠥᠭᠦᠷᠢᠭ ᠠᠷᠠᠳ ᠤᠨ ᠵᠣᠭᠤᠰ ᠢᠶᠠᠷ ᠨᠢᠭᠡ ᠤᠳᠠᠭ᠎ᠠ ᠶᠢᠨ  ᠴᠢᠨᠠᠷᠲᠠᠢ ᠱᠠᠩᠨᠠᠯ ᠣᠯᠭᠤᠨ᠎ᠠ᠃              ︵ᠵᠢᠷᠭᠤᠭ᠎ᠠ︶ ᠤᠯᠤᠰ ᠤᠨ 3A᠂ 4A᠂ 5A ᠲᠠᠰ ᠢᠶᠠᠷ ᠦᠨᠡᠯᠡᠭᠳᠡᠭᠰᠡᠨ ᠪᠠᠷᠠᠭᠠᠨ ᠤ ᠭᠦᠢᠯᠭᠡᠭᠡᠨ ᠤ  ᠠᠵᠤ ᠠᠬᠤᠶᠢᠯᠠᠯ ᠳᠤ ᠲᠣᠰ ᠲᠣᠰ ᠨᠢᠭᠡ ᠤᠳᠠᠭ᠎ᠠ ᠶᠢᠨ ᠴᠢᠨᠠᠷᠲᠠᠢ ᠪᠠᠷ 10 ᠲᠦᠮᠡᠨ ᠲᠥᠭᠦᠷᠢᠭ᠂ 30 ᠲᠦᠮᠡᠨ  ᠲᠥᠭᠦᠷᠢᠭ᠂ 50 ᠲᠦᠮᠡᠨ ᠲᠥᠭᠦᠷᠢᠭ ᠤᠨ ᠠᠷᠠᠳ ᠤᠨ ᠵᠣᠭᠤᠰ ᠤᠨ ᠱᠠᠩᠨᠠᠯ ᠣᠯᠭᠤᠨ᠎ᠠ᠃             ︵ᠳᠣᠯᠤᠭ᠎ᠠ︶ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠤᠭᠤᠯᠤᠯᠲᠠ ᠶᠢ ᠲᠡᠳᠡᠨ ᠠᠪᠴᠢᠷᠠᠵᠤ᠂  ᠲᠤᠬᠠᠢ ᠶᠢᠨ ᠵᠢᠯ ᠳᠤ ᠰᠢᠨ᠎ᠡ ᠪᠠᠷ ᠳᠠᠩᠰᠠᠯᠠᠭᠤᠯᠤᠭᠰᠠᠨ ᠪᠤᠶᠤ ᠪᠡᠯᠡ ᠮᠥᠩᠭᠦ ᠨᠡᠮᠡᠭᠰᠡᠨ ᠪᠡᠶ᠎ᠡ ᠪᠠᠨ ᠳᠠᠭᠠᠭᠠᠭᠰᠠᠨ  ᠬᠠᠤᠯᠢ ᠶᠢᠨ ᠡᠷᠬᠡᠲᠡᠨ ᠤ ᠬᠢᠷᠢ ᠬᠡᠮ ᠲᠠᠢ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ  ᠠᠬᠤᠶᠢᠯᠠᠯ ᠪᠠ ᠭᠠᠳᠠᠭᠠᠳᠤ ᠪᠡᠯᠡ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ ᠳᠤ ᠱᠠᠩᠨᠠᠯ ᠣᠯᠭᠤᠵᠤ᠂ ᠠᠷᠠᠳ ᠤᠨ  ᠵᠣᠭᠤᠰ ᠢᠶᠠᠷ ᠱᠠᠩᠨᠠᠬᠤ ᠪᠠᠷᠢᠮᠵᠢᠶ᠎ᠠ ᠶᠢ ᠲᠤᠬᠠᠢ ᠶᠢᠨ ᠵᠢᠯ ᠤᠨ ᠪᠣᠳᠠᠲᠠᠢ ᠠᠰᠢᠭᠯᠠᠭᠰᠠᠨ ᠭᠠᠳᠠᠭᠠᠳᠤ ᠪᠡᠯᠡ ᠶᠢᠨ  ᠵᠣᠭᠤᠰ ᠤᠨ ᠲᠤᠭ᠎ᠠ ᠶᠢᠨ 1% ︵ᠭᠠᠳᠠᠭᠠᠳᠤ ᠶᠢᠨ ᠲᠠᠯ᠎ᠠ ᠶᠢᠨ ᠬᠤᠪᠢ ᠣᠷᠣᠭᠤᠯᠤᠭᠴᠢ ᠶᠢᠨ ᠵᠢᠭᠡᠯᠡᠯᠭᠡ ᠶᠢ  ᠪᠠᠭᠲᠠᠭᠠᠬᠤ ᠦᠭᠡᠢ︶ ᠪᠠᠷ ᠲᠣᠭᠲᠠᠭᠠᠵᠤ᠂ ᠳᠠᠩ ᠭᠠᠭᠴᠠ ᠠᠵᠤ ᠠᠬᠤᠶᠢᠯᠠᠯ ᠤᠨ ᠱᠠᠩᠨᠠᠯ ᠤᠨ ᠶᠡᠷᠦᠩᠬᠡᠢ  ᠲᠤᠭ᠎ᠠ ᠶᠢ ᠠᠷᠠᠳ ᠤᠨ ᠵᠣᠭᠤᠰ ᠢᠶᠠᠷ 500 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠃           ︵ᠨᠠᠢᠮᠠ︶ ᠭᠠᠳᠠᠭᠠᠳᠤ ᠠᠷᠠᠯᠵᠢᠶ᠎ᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠠᠵᠤ ᠠᠬᠤᠶᠢᠯᠠᠯ ᠢ  ᠪᠣᠶᠢᠵᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠱᠠᠲᠤᠨ ᠠᠴᠠ ᠦᠨᠡᠯᠡᠨ ᠲᠤᠭᠲᠠᠭᠠᠭᠰᠠᠨ ᠭᠠᠳᠠᠭᠠᠳᠤ  ᠠᠷᠠᠯᠵᠢᠶᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠠᠵᠤ ᠠᠬᠤᠶᠢᠯᠠᠯ ᠳᠤ ᠨᠢᠭᠡ ᠤᠳᠠᠭ᠎ᠠ ᠶᠢᠨ ᠴᠢᠨᠠᠷᠲᠠᠢ 100  ᠲᠦᠮᠡᠨ ᠲᠥᠭᠦᠷᠢᠭ ᠠᠷᠠᠳ ᠤᠨ ᠵᠣᠭᠤᠰ ᠤᠨ ᠱᠠᠩᠨᠠᠯ ᠣᠯᠭᠤᠨ᠎ᠠ᠃            ︵ᠶᠢᠰᠦ︶ ᠦᠢᠯᠡᠴᠢᠯᠡᠭᠡᠨ ᠤ ᠠᠷᠠᠯᠵᠢᠶ᠎ᠠ ᠶᠢᠨ ᠬᠥᠭᠵᠢᠯᠲᠡ ᠶᠢ ᠳᠡᠮᠵᠢᠨ᠎ᠡ᠃  ᠦᠢᠯᠡᠴᠢᠯᠡᠭᠡ ᠶᠢ ᠭᠠᠳᠠᠭᠰᠢ  ᠳᠠᠭᠠᠭᠠᠴᠢᠯᠠᠭᠤᠯᠬᠤ ᠲᠤᠬᠠᠶᠢᠯᠠᠭᠰᠠᠨ ᠠᠵᠢᠯ ᠡᠷᠭᠢᠯᠡᠵᠦ ᠪᠠᠶᠢᠭ᠎ᠠ ᠠᠵᠤ ᠠᠬᠤᠶᠢᠯᠠᠯ ᠳᠤ᠂ ᠲᠤᠬᠠᠢ ᠶᠢᠨ ᠵᠢᠯ ᠤᠨ  ᠬᠢᠯᠢ ᠶᠢᠨ ᠭᠠᠳᠠᠨᠠᠬᠢ ᠦᠢᠯᠡᠴᠢᠯᠡᠭᠡ ᠶᠢ ᠭᠠᠳᠠᠭᠰᠢ ᠳᠠᠭᠠᠭᠠᠴᠢᠯᠠᠭᠤᠯᠤᠭᠰᠠᠨ ᠠᠷᠠᠯᠵᠢᠶᠠᠨ ᠤ ᠪᠥᠬᠦ ᠲᠤᠭ᠎ᠠ  ᠨᠢ  100 ᠲᠦᠮᠡᠨ ᠳ᠋ᠣᠯᠯᠠᠷ ᠠᠴᠠ ᠳᠠᠪᠠᠭᠰᠠᠨ ᠪᠣᠯ᠂ 1 ᠳ᠋ᠣᠯᠯᠠᠷ ᠪᠦᠷᠢ ᠳᠤ ᠠᠷᠠᠳ ᠤᠨ ᠵᠣᠭᠤᠰ ᠢᠶᠠᠷ 0.01  ᠲᠥᠭᠦᠷᠢᠭ ᠱᠠᠩᠨᠠᠵᠤ᠂ ᠠᠷᠠᠳ ᠤᠨ ᠵᠣᠭᠤᠰ ᠢᠶᠠᠷ ᠬᠠᠮᠤᠭ ᠥᠨᠳᠥᠷ ᠲᠡᠭᠡᠨ 10 ᠲᠦᠮᠡᠨ ᠲᠥᠭᠦᠷᠢᠭ ᠱᠠᠩᠨᠠᠨ᠎ᠠ᠃            ︵ᠠᠷᠪᠠ︶ ᠪᠠᠶᠢᠴᠠᠭᠠᠨ ᠰᠢᠯᠭᠠᠵᠤ ᠭᠡᠷᠡᠴᠢᠯᠡᠬᠦ᠂ ᠪᠥᠬᠦ ᠪᠥᠮᠪᠥᠷᠴᠡᠭ ᠤᠨ ᠭᠠᠶᠢᠯᠢ ᠪᠠᠲᠤᠯᠠᠬᠤ ᠰᠡᠯᠪᠢᠨ  ᠵᠠᠰᠠᠬᠤ ᠦᠢᠯᠡᠴᠢᠯᠡᠭᠡᠨ ᠤ ᠠᠵᠤ ᠠᠬᠤᠶᠢᠯᠠᠯ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠳᠤ ᠡᠵᠡᠩᠨᠡᠬᠦ ᠪᠠᠷ  ᠳᠠᠩᠰᠠᠯᠠᠭᠤᠯᠤᠭᠰᠠᠨ ᠪᠦᠭᠡᠳ ᠲᠤᠬᠠᠶᠢᠯᠠᠭᠰᠠᠨ ᠠᠵᠢᠯ ᠢᠶᠠᠨ ᠪᠣᠳᠠᠲᠠᠢ ᠥᠷᠨᠢᠭᠦᠯᠦᠭᠰᠡᠨ ᠤ ᠳᠠᠷᠠᠭ᠎ᠠ᠂ ᠨᠢᠭᠡ  ᠤᠳᠠᠭ᠎ᠠ ᠶᠢᠨ ᠴᠢᠨᠠᠷᠲᠠᠢ 10 ᠲᠦᠮᠡᠨ ᠲᠥᠭᠦᠷᠢᠭ ᠠᠷᠠᠳ ᠤᠨ ᠵᠣᠭᠤᠰ ᠤᠨ ᠱᠠᠩᠨᠠᠯ ᠣᠯᠭᠤᠨ᠎ᠠ᠃            ︵ᠠᠷᠪᠠᠨ ᠨᠢᠭᠡ︶ ᠭᠠᠷ ᠳᠠᠮᠵᠢᠭᠰᠠᠨ ᠮᠠᠰᠢᠨ ᠲᠡᠷᠭᠡ ᠶᠢ ᠭᠠᠳᠠᠭᠠᠳᠤ ᠳᠤ ᠭᠠᠷᠭᠠᠬᠤ ᠲᠤᠬᠠᠶᠢᠯᠠᠭᠰᠠᠨ  ᠠᠵᠢᠯ ᠤᠨ ᠬᠥᠭᠵᠢᠯᠲᠡ ᠶᠢ ᠳᠡᠮᠵᠢᠨ᠎ᠡ᠃ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠳᠤ ᠭᠠᠷ ᠳᠠᠮᠵᠢᠭᠰᠠᠨ  ᠮᠠᠰᠢᠨ ᠲᠡᠷᠭᠡ ᠶᠢ ᠭᠠᠳᠠᠭᠠᠳᠤ ᠳᠤ ᠭᠠᠷᠭᠠᠬᠤ ᠲᠤᠬᠠᠶᠢᠯᠠᠭᠰᠠᠨ ᠠᠵᠢᠯ ᠢ ᠥᠷᠨᠢᠭᠦᠯᠵᠦ ᠪᠠᠶᠢᠭ᠎ᠠ ᠠᠵᠤ  ᠠᠬᠤᠶᠢᠯᠠᠯ ᠳᠤ 2000 ᠲᠥᠭᠦᠷᠢᠭ ᠤᠨ ᠠᠷᠠᠳ ᠤᠨ ᠵᠣᠭᠤᠰ / ᠲᠡᠷᠭᠡ ᠪᠠᠷ ᠪᠠᠷᠢᠮᠵᠢᠶ᠎ᠠ ᠪᠣᠯᠭᠠᠵᠤ᠂ ᠳᠠᠩ  ᠭᠠᠭᠴᠠ ᠠᠵᠤ ᠠᠬᠤᠶᠢᠯᠠᠯ ᠳᠤ ᠵᠢᠯ ᠤᠨ 200 ᠲᠦᠮᠡᠨ ᠲᠥᠭᠦᠷᠢᠭ ᠠᠷᠠᠳ ᠤᠨ ᠵᠣᠭᠤᠰ ᠠᠴᠠ ᠬᠡᠳᠦᠷᠡᠭᠦᠯᠬᠦ  ᠦᠭᠡᠢ ᠪᠠᠷ ᠱᠠᠩᠨᠠᠯ ᠣᠯᠭᠤᠨ᠎ᠠ᠃             ︵ᠠᠷᠪᠠᠨ ᠬᠤᠶᠠᠷ︶ ᠠᠵᠤ ᠠᠬᠤᠶᠢᠯᠠᠯ᠂ ᠨᠡᠶᠢᠭᠡᠮ ᠤᠨ ᠪᠦᠯᠬᠦᠮ ᠪᠠ ᠬᠤᠪᠢ ᠬᠥᠮᠥᠨ ᠤ ᠬᠥᠬᠡᠬᠤᠲᠠ ᠶᠢᠨ  ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠬᠥᠭᠵᠢᠯᠲᠡ ᠪᠠ ᠲᠥᠯᠦᠪᠵᠢᠭᠦᠯᠭᠡ ᠳᠤ ᠨᠡᠶᠢᠴᠡᠬᠦ ᠠᠵᠤ  ᠠᠬᠤᠶᠢᠯᠠᠯ᠂ ᠲᠥᠷᠥᠯ ᠵᠦᠢᠯ ᠢ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ᠂ ᠠᠵᠤ ᠦᠢᠯᠡᠰ ᠤᠨ  ᠬᠡᠯᠬᠢᠶ᠎ᠡ ᠪᠠᠷ ᠬᠤᠳᠠᠯᠳᠤᠭᠠᠴᠢᠨ ᠤᠷᠢᠬᠤ ᠶᠢ ᠵᠣᠷᠢᠭᠵᠢᠭᠤᠯᠤᠨ᠎ᠠ᠃ ᠰᠢᠨ᠎ᠡ ᠪᠠᠷ ᠤᠷᠢᠵᠤ ᠢᠷᠡᠭᠰᠡᠨ ᠠᠵᠤ  ᠠᠬᠤᠶᠢᠯᠠᠯ ᠨᠢ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠳᠤ ᠣᠷᠣᠵᠤ ᠰᠠᠭᠤᠭᠠᠳ ᠲᠤᠬᠠᠶᠢᠯᠠᠭᠰᠠᠨ  ᠠᠵᠢᠯ ᠢᠶᠠᠨ ᠥᠷᠨᠢᠭᠦᠯᠦᠭᠰᠡᠨ ᠤ ᠳᠠᠷᠠᠭ᠎ᠠ᠂ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠭᠰᠠᠨ᠂ ᠠᠵᠤ  ᠦᠢᠯᠡᠰ ᠤᠨ ᠬᠡᠯᠬᠢᠶ᠎ᠡ ᠪᠠᠷ ᠬᠤᠳᠠᠯᠳᠤᠭᠠᠴᠢᠨ ᠤᠷᠢᠭᠰᠠᠨ ᠠᠵᠤ ᠠᠬᠤᠶᠢᠯᠠᠯ᠂ ᠨᠡᠶᠢᠭᠡᠮ ᠤᠨ ᠪᠦᠯᠬᠦᠮ ᠪᠠ ᠬᠤᠪᠢ  ᠬᠥᠮᠥᠨ ᠢ ᠱᠠᠩᠨᠠᠨ ᠬᠥᠬᠢᠭᠦᠯᠵᠦ᠂ ᠤᠷᠢᠵᠤ ᠢᠷᠡᠭᠰᠡᠨ ᠠᠵᠤ ᠠᠬᠤᠶᠢᠯᠠᠯ ᠤᠨ ᠵᠢᠯ ᠤᠨ ᠪᠣᠳᠠᠲᠠᠢ ᠭᠠᠳᠠᠭᠠᠳᠤ ᠠᠴᠠ  ᠣᠷᠣᠭᠤᠯᠵᠤ ᠭᠠᠳᠠᠭᠠᠳᠤ ᠳᠤ ᠭᠠᠷᠭᠠᠭᠰᠠᠨ ᠲᠤᠭ᠎ᠠ ᠨᠢ 5000 ᠲᠦᠮᠡᠨ ᠲᠥᠭᠦᠷᠢᠭ ᠠᠷᠠᠳ ᠤᠨ ᠵᠣᠭᠤᠰ ︵ ᠪᠠᠭᠲᠠᠨ᠎ᠠ︶ ᠠᠴᠠ 1 ᠳ᠋ᠦᠩᠰᠢᠭᠤᠷ ᠲᠥᠭᠦᠷᠢᠭ ᠠᠷᠠᠳ ᠤᠨ ᠵᠣᠭᠤᠰ ︵ᠪᠠᠭᠲᠠᠬᠤ ᠦᠭᠡᠢ︶ ᠬᠦᠷᠦᠭᠰᠡᠨ ᠪᠣᠯ᠂  ᠨᠢᠭᠡ ᠤᠳᠠᠭ᠎ᠠ ᠶᠢᠨ ᠴᠢᠨᠠᠷᠲᠠᠢ 5 ᠲᠦᠮᠡᠨ ᠲᠥᠭᠦᠷᠢᠭ ᠠᠷᠠᠳ ᠤᠨ ᠵᠣᠭᠤᠰ ᠢᠶᠠᠷ ᠱᠠᠩᠨᠠᠨ᠎ᠠ︔ ᠤᠷᠢᠵᠤ ᠢᠷᠡᠭᠰᠡᠨ  ᠠᠵᠤ ᠠᠬᠤᠶᠢᠯᠠᠯ ᠤᠨ ᠪᠣᠳᠠᠲᠠᠢ ᠵᠢᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠲᠤᠭ᠎ᠠ ᠨᠢ  1 ᠳ᠋ᠦᠩᠰᠢᠭᠤᠷ ᠲᠥᠭᠦᠷᠢᠭ ᠠᠷᠠᠳ ᠤᠨ ᠵᠣᠭᠤᠰ ︵ᠪᠠᠭᠲᠠᠨ᠎ᠠ︶ ᠠᠴᠠ 5 ᠳ᠋ᠦᠩᠰᠢᠭᠤᠷ ᠲᠥᠭᠦᠷᠢᠭ ᠠᠷᠠᠳ ᠤᠨ  ᠵᠣᠭᠤᠰ ︵ᠪᠠᠭᠲᠠᠬᠤ ᠦᠭᠡᠢ︶ ᠬᠦᠷᠦᠭᠰᠡᠨ ᠪᠣᠯ᠂ ᠨᠢᠭᠡ ᠤᠳᠠᠭ᠎ᠠ ᠶᠢᠨ ᠴᠢᠨᠠᠷᠲᠠᠢ 10 ᠲᠦᠮᠡᠨ ᠲᠥᠭᠦᠷᠢᠭ  ᠠᠷᠠᠳ ᠤᠨ ᠵᠣᠭᠤᠰ ᠢᠶᠠᠷ ᠱᠠᠩᠨᠠᠨ᠎ᠠ︔ ᠤᠷᠢᠵᠤ ᠢᠷᠡᠭᠰᠡᠨ ᠠᠵᠤ ᠠᠬᠤᠶᠢᠯᠠᠯ ᠤᠨ ᠪᠣᠳᠠᠲᠠᠢ ᠵᠢᠯ ᠤᠨ ᠭᠠᠳᠠᠭᠠᠳᠤ   ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠲᠤᠭ᠎ᠠ ᠨᠢ 5 ᠳ᠋ᠦᠩᠰᠢᠭᠤᠷ ᠲᠥᠭᠦᠷᠢᠭ ᠠᠷᠠᠳ ᠤᠨ ᠵᠣᠭᠤᠰ ︵ ᠪᠠᠭᠲᠠᠨ᠎ᠠ︶ ᠠᠴᠠ 20 ᠳ᠋ᠦᠩᠰᠢᠭᠤᠷ ᠲᠥᠭᠦᠷᠢᠭ ᠠᠷᠠᠳ ᠤᠨ ᠵᠣᠭᠤᠰ ︵ᠪᠠᠭᠲᠠᠬᠤ ᠦᠭᠡᠢ︶ ᠬᠦᠷᠦᠭᠰᠡᠨ ᠪᠣᠯ᠂  ᠨᠢᠭᠡ ᠤᠳᠠᠭ᠎ᠠ ᠶᠢᠨ ᠴᠢᠨᠠᠷᠲᠠᠢ 20 ᠲᠦᠮᠡᠨ ᠲᠥᠭᠦᠷᠢᠭ ᠠᠷᠠᠳ ᠤᠨ ᠵᠣᠭᠤᠰ ᠢᠶᠠᠷ ᠱᠠᠩᠨᠠᠨ᠎ᠠ︔ ᠤᠷᠢᠵᠤ  ᠢᠷᠡᠭᠰᠡᠨ ᠠᠵᠤ ᠠᠬᠤᠶᠢᠯᠠᠯ ᠤᠨ ᠪᠣᠳᠠᠲᠠᠢ ᠵᠢᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ  ᠲᠤᠭ᠎ᠠ ᠨᠢ 20 ᠳ᠋ᠦᠩᠰᠢᠭᠤᠷ ᠲᠥᠭᠦᠷᠢᠭ ᠠᠷᠠᠳ ᠤᠨ ᠵᠣᠭᠤᠰ ︵ᠪᠠᠭᠲᠠᠨ᠎ᠠ︶ ᠠᠴᠠ 50 ᠳ᠋ᠦᠩᠰᠢᠭᠤᠷ  ᠲᠥᠭᠦᠷᠢᠭ ᠠᠷᠠᠳ ᠤᠨ ᠵᠣᠭᠤᠰ ᠬᠦᠷᠦᠭᠰᠡᠨ ᠪᠣᠯ᠂ ᠨᠢᠭᠡ ᠤᠳᠠᠭ᠎ᠠ ᠶᠢᠨ ᠴᠢᠨᠠᠷᠲᠠᠢ 30 ᠲᠦᠮᠡᠨ ᠲᠥᠭᠦᠷᠢᠭ  ᠠᠷᠠᠳ ᠤᠨ ᠵᠣᠭᠤᠰ ᠢᠶᠠᠷ ᠱᠠᠩᠨᠠᠨ᠎ᠠ᠃ ᠳᠠᠩ ᠭᠠᠭᠴᠠ ᠠᠵᠤ ᠠᠬᠤᠶᠢᠯᠠᠯ᠂ ᠨᠡᠶᠢᠭᠡᠮ ᠤᠨ ᠪᠦᠯᠬᠦᠮ ᠪᠠ ᠬᠤᠪᠢ  ᠬᠥᠮᠥᠨ ᠤ ᠣᠨ ᠤ ᠱᠠᠩᠨᠠᠯ ᠢ ᠠᠷᠠᠳ ᠤᠨ ᠵᠣᠭᠤᠰ ᠢᠶᠠᠷ 200 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠃  ᠴᠢᠬᠤᠯᠠ ᠣᠨᠴᠠ ᠶᠡᠭᠡ ᠭᠠᠳᠠᠭᠠᠳᠤ ᠳᠤ ᠬᠠᠨᠳᠤᠭᠤᠯᠤᠭᠰᠠᠨ ᠲᠥᠷᠥᠯ ᠵᠦᠢᠯ ᠢ ᠤᠷᠢᠵᠤ ᠢᠷᠡᠬᠦ ᠵᠢᠴᠢ  ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠳᠤ ᠣᠨᠴᠠᠭᠠᠢ  ᠬᠤᠪᠢ ᠨᠡᠮᠡᠷᠢ ᠦᠵᠡᠭᠦᠯᠦᠭᠰᠡᠨ ᠲᠠᠪᠴᠠᠩ᠂ ᠬᠤᠳᠠᠯᠳᠤᠭᠠᠴᠢᠨ ᠤ ᠨᠡᠶᠢᠭᠡᠮᠯᠢᠭ ︵ᠡᠪᠯᠡᠯ︶ ᠂ ᠠᠵᠤ ᠠᠬᠤᠶᠢᠯᠠᠯ  ᠵᠢᠴᠢ ᠬᠤᠪᠢ ᠬᠥᠮᠥᠨ ᠢ ᠨᠢᠭᠡ ᠤᠴᠢᠷ ᠢ ᠨᠢᠭᠡ ᠵᠥᠪᠯᠡᠬᠦ ᠠᠷᠭ᠎ᠠ ᠮᠠᠶ᠋ᠢᠭ ᠢᠶᠠᠷ ᠱᠠᠩᠨᠠᠨ ᠬᠥᠬᠢᠭᠦᠯᠦᠨ᠎ᠡ᠃            ᠭᠤᠷᠪᠠ᠂ ᠴᠢᠳᠠᠪᠤᠷᠢᠲᠠᠨ ᠤ ᠲᠦᠷᠦ ᠶᠢᠨ ᠪᠣᠳᠣᠯᠭ᠎ᠠ             ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠴᠢᠳᠠᠪᠤᠷᠢᠲᠠᠨ ᠢ ᠣᠷᠣᠭᠤᠯᠤᠨ  ᠠᠪᠴᠢᠷᠠᠬᠤ ᠲᠥᠷᠥ ᠶᠢᠨ ᠪᠣᠳᠣᠯᠭ᠎ᠠ ᠶᠢ ︽ᠬᠥᠬᠡᠬᠤᠲᠠ ᠶᠢᠨ ᠴᠢᠳᠠᠪᠤᠷᠢᠲᠠᠨ ᠲᠠᠲᠠᠬᠤ ᠲᠥᠷᠥ ᠶᠢᠨ ᠪᠣᠳᠣᠯᠭ᠎ᠠ10  ᠵᠤᠷᠪᠤᠰ ᠤᠨ ᠴᠢᠳᠠᠪᠤᠷᠢᠲᠠᠨ ᠤ ᠠᠵᠢᠯ ᠣᠯᠵᠤ ᠦᠢᠯᠡᠰ ᠴᠣᠭᠴᠠᠯᠠᠬᠤ ᠶᠢ ᠳᠡᠮᠵᠢᠬᠦ ᠢᠵᠢ ᠪᠦᠷᠢᠳᠦᠭᠦᠯᠬᠦ  ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶︾ ︽ᠬᠥᠬᠡᠬᠤᠲᠠ ᠶᠢᠨ ᠴᠢᠳᠠᠪᠤᠷᠢᠲᠠᠨ ᠲᠠᠲᠠᠬᠤ ᠲᠥᠷᠥ ᠶᠢᠨ  ᠪᠣᠳᠣᠯᠭ᠎ᠠ 10 ᠵᠤᠷᠪᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶ᠎ᠡ ᠴᠠᠷᠠᠭ᠎ᠠ ᠶᠢᠨ  ᠢᠵᠢ ᠪᠦᠷᠢᠳᠦᠭᠦᠯᠬᠦ ᠬᠡᠷᠡᠭᠵᠢᠭᠦᠯᠬᠦ ᠨᠠᠷᠢᠨ ᠳᠦᠷᠢᠮ ︵ᠲᠤᠷᠰᠢᠨ ᠬᠡᠷᠡᠭᠵᠢᠭᠦᠯᠬᠦ︶︾ ︵ᠬᠥᠬᠡᠬᠤᠲᠠ ᠵᠠᠰᠠᠭ  ᠲᠠᠷᠬᠠᠭᠠᠭᠰᠠᠨ ﹇2022﹈ 26 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠢᠶᠠᠷ ᠯᠠᠪᠯᠠᠯᠲᠠ ᠪᠣᠯᠭᠠᠨ  ᠬᠡᠷᠡᠭᠵᠢᠭᠦᠯᠦᠨ᠎ᠡ᠃            ᠳᠥᠷᠪᠡ᠂ ᠢᠵᠢ ᠪᠦᠷᠢᠳᠦᠭᠦᠯᠬᠦ ᠲᠥᠷᠥ ᠶᠢᠨ ᠪᠣᠳᠣᠯᠭ᠎ᠠ             ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠣᠭᠤᠮᠲᠠ ᠶᠢᠨ ᠶᠡᠷᠦᠩᠬᠡᠶᠢᠯᠡᠭᠰᠡᠨ ᠭᠠᠶᠢᠯᠢ  ᠪᠠᠲᠤᠯᠠᠬᠤ ᠣᠷᠣᠨ ᠤ ᠬᠠᠮᠢᠶᠠᠷᠤᠯᠲᠠ ᠶᠢᠨ ᠠᠷᠭ᠎ᠠ︾ ᠶᠢᠨ ᠠᠷᠪᠠᠨ ᠬᠤᠶᠠᠳᠤᠭᠠᠷ ᠵᠦᠢᠯ ᠤᠨ ᠲᠣᠭᠲᠠᠭᠠᠯ ᠶᠣᠰᠣᠭᠠᠷ᠂ ᠬᠠᠤᠯᠢ ᠴᠠᠭᠠᠵᠠ ᠬᠠᠤᠯᠢ ᠲᠣᠭᠲᠠᠭᠠᠯ ᠳᠤ ᠠᠰᠲᠠᠭᠠᠨ ᠲᠣᠭᠲᠠᠭᠠᠯ ᠲᠠᠢ ᠶᠢ ᠭᠠᠷᠭᠠᠪᠠᠯ᠂ ᠳᠣᠣᠷ᠎ᠠ ᠵᠢᠭᠰᠠᠭᠠᠭᠰᠠᠨ  ᠪᠠᠷᠠᠭ᠎ᠠ ᠶᠢ ᠬᠢᠯᠢ ᠶᠢᠨ ᠭᠠᠳᠠᠨ᠎ᠠ ᠠᠴᠠ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠳᠤ ᠣᠷᠣᠭᠤᠯᠪᠠᠯ᠂  ᠪᠣᠭᠤᠮᠲᠠ ᠭᠠᠳᠠᠭᠠᠳᠤ ᠠᠴᠠ ᠣᠷᠣᠭᠤᠯᠬᠤ ᠪᠣᠭᠤᠮᠲᠠ ᠶᠢᠨ ᠭᠠᠶᠢᠯᠢ ᠪᠠ ᠭᠠᠳᠠᠭᠠᠳᠤ ᠠᠴᠠ ᠣᠷᠣᠭᠤᠯᠬᠤ  ᠭᠤᠭᠴᠤᠭ᠎ᠠ ᠶᠢᠨ ᠭᠠᠶᠢᠯᠢ ᠶᠢ ᠬᠡᠯᠲᠦᠷᠢᠭᠦᠯᠦᠨ᠎ᠡ᠄              ︵ᠨᠢᠭᠡ︶ ᠣᠷᠣᠨ ᠳᠣᠲᠣᠷᠠᠬᠢ ᠦᠢᠯᠡᠳᠪᠦᠷᠢᠯᠡᠯ ᠤᠨ ᠴᠢᠨᠠᠷᠲᠠᠢ ᠰᠠᠭᠤᠷᠢ ᠪᠡᠯᠡᠳᠬᠡᠮᠵᠢ ᠶᠢᠨ ᠪᠦᠲᠦᠭᠡᠨ  ᠪᠠᠶᠢᠭᠤᠯᠤᠯᠲᠠ ᠶᠢᠨ ᠲᠥᠷᠥᠯ ᠵᠦᠢᠯ ᠳᠤ ᠬᠡᠷᠡᠭᠰᠡᠬᠦ ᠮᠠᠰᠢᠨ᠂ ᠲᠥᠬᠦᠭᠡᠷᠦᠮᠵᠢ ᠪᠠ ᠪᠦᠲᠦᠭᠡᠨ ᠪᠠᠶᠢᠭᠤᠯᠤᠯᠲᠠ  ᠦᠢᠯᠡᠳᠪᠦᠷᠢᠯᠡᠯ ᠤᠨ ᠦᠢᠯᠡᠳᠪᠦᠷᠢ ᠶᠢᠨ ᠭᠡᠷ ᠪᠠᠶᠢᠰᠢᠩ᠂ ᠬᠥᠮᠥᠷᠭᠡᠯᠡᠨ ᠬᠠᠳᠠᠭᠠᠯᠠᠬᠤ ᠪᠡᠯᠡᠳᠬᠡᠮᠵᠢ ᠶᠢ ᠪᠦᠲᠦᠭᠡᠨ  ᠪᠠᠶᠢᠭᠤᠯᠬᠤ ᠳᠤ ᠬᠡᠷᠡᠭᠰᠡᠬᠦ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠡᠳ᠋ ᠪᠣᠳᠠᠰ︔             ︵ᠬᠤᠶᠠᠷ︶ ᠣᠷᠣᠨ ᠳᠣᠲᠣᠷᠠᠬᠢ ᠠᠵᠤ ᠠᠬᠤᠶᠢᠯᠠᠯ ᠤᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ  ᠤᠯᠤᠰ ᠤᠨ ᠪᠣᠭᠤᠮᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠬᠠᠮᠢᠶᠠᠷᠤᠯᠲᠠ ᠶᠢᠨ ᠠᠷᠭ᠎ᠠ︾ ᠶᠢᠨ  ᠲᠠᠪᠤᠳᠤᠭᠠᠷ ᠵᠦᠢᠯ ᠳᠤ ᠵᠢᠭᠰᠠᠭᠠᠭᠰᠠᠨ ᠲᠤᠬᠠᠶᠢᠯᠠᠭᠰᠠᠨ ᠠᠵᠢᠯ ᠢ ᠥᠷᠨᠢᠭᠦᠯᠬᠦ ᠳᠤ ᠬᠡᠷᠡᠭᠰᠡᠬᠦ ᠮᠠᠰᠢᠨ᠂  ᠲᠥᠬᠦᠭᠡᠷᠦᠮᠵᠢ᠂ ᠬᠡᠪ ᠵᠢᠴᠢ ᠰᠡᠯᠪᠢᠨ ᠵᠠᠰᠠᠬᠤ ᠳᠤ ᠬᠡᠷᠡᠭᠯᠡᠬᠦ ᠰᠡᠯᠪᠢᠭ ᠲᠣᠨᠤᠭ︔            ︵ᠭᠤᠷᠪᠠ︶ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ  ᠪᠠᠶᠢᠭᠤᠯᠤᠮᠵᠢ ᠪᠣᠯᠣᠨ ᠣᠷᠣᠨ ᠳᠣᠲᠣᠷᠠᠬᠢ ᠠᠵᠤ ᠠᠬᠤᠶᠢᠯᠠᠯ ᠤᠨ ᠥᠪᠡᠷᠲᠡᠭᠡᠨ ᠬᠡᠷᠡᠭᠯᠡᠬᠦ ᠵᠦᠢ ᠵᠣᠬᠢᠰᠲᠠᠢ ᠲᠤᠭ᠎ᠠ  ᠬᠡᠮᠵᠢᠶᠡᠨ ᠤ ᠠᠯᠪᠠᠨ ᠠᠵᠢᠯ ᠤᠨ ᠬᠡᠷᠡᠭᠰᠡᠯ᠃           ᠲᠠᠪᠤ᠂ ᠪᠤᠰᠤᠳ ᠵᠦᠢᠯ             ︵ᠨᠢᠭᠡ︶ ᠲᠣᠰ ᠰᠠᠨᠠᠯ ᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ  ᠳᠠᠩᠰᠠᠯᠠᠭᠤᠯᠤᠨ ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠳᠤ ᠣᠷᠣᠵᠤ ᠰᠠᠭᠤᠭᠰᠠᠨ ᠪᠣᠶ  ᠪᠦᠬᠦᠢ ᠠᠵᠤ ᠠᠬᠤᠶᠢᠯᠠᠯ ᠳᠤ ᠬᠡᠷᠡᠭᠯᠡᠨ᠎ᠡ᠃ ᠡᠭᠦᠨ ᠤ ᠬᠠᠮᠲᠤ ᠤᠯᠤᠰ᠂ ᠥᠪᠡᠷᠲᠡᠭᠡᠨ ᠵᠠᠰᠠᠬᠤ ᠣᠷᠣᠨ ᠤ  ᠨᠡᠶᠢᠲᠡᠯᠡᠭᠰᠡᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠬᠠᠷᠢᠶ᠎ᠠ ᠭᠠᠵᠠᠷ ᠲᠤ ᠲᠣᠬᠢᠷᠠᠬᠤ ᠬᠠᠷᠠᠭᠠᠯᠵᠠᠯ ᠤᠨ  ᠲᠥᠷᠥ ᠶᠢᠨ ᠪᠣᠳᠣᠯᠭ᠎ᠠ ᠶᠢ ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠶᠣᠰᠣᠭᠠᠷ ᠨᠢ  ᠬᠡᠷᠡᠭᠵᠢᠭᠦᠯᠦᠨ᠎ᠡ᠃ ᠨᠡᠶᠢᠳᠡᠮ ᠬᠡᠷᠡᠭᠯᠡᠬᠦ ᠲᠥᠷᠥ ᠶᠢᠨ ᠪᠣᠳᠣᠯᠭ᠎ᠠ ᠬᠢᠭᠡᠳ ᠪᠤᠰᠤᠳ ᠲᠥᠷᠥᠯ ᠢᠯᠭᠠᠯ ᠤᠨ  ᠲᠥᠷᠥ ᠶᠢᠨ ᠪᠣᠳᠣᠯᠭ᠎ᠠ ᠶᠢ ᠳᠠᠪᠬᠤᠴᠠᠭᠤᠯᠤᠨ ᠬᠡᠷᠡᠭᠯᠡᠵᠦ ᠪᠣᠯᠤᠨ᠎ᠠ᠂ ᠠᠳᠠᠯᠢ ᠱᠠᠲᠤᠨ ᠤ ᠲᠥᠷᠥ ᠶᠢᠨ  ᠪᠣᠳᠣᠯᠭ᠎ᠠ ᠶᠢᠨ ᠳᠣᠲᠣᠷᠠᠬᠢ ᠡᠯ᠎ᠡ ᠵᠦᠢᠯ ᠵᠤᠷᠪᠤᠰ ᠤᠨ ᠰᠢᠯᠢᠳᠡᠭ ᠢ ᠨᠢ ᠰᠣᠩᠭᠤᠨ ᠬᠡᠷᠡᠭᠯᠡᠨ᠎ᠡ᠃            ︵ᠬᠤᠶᠠᠷ︶ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠳᠤ ᠳᠠᠩᠰᠠᠯᠠᠭᠤᠯᠤᠭᠰᠠᠨ ᠪᠡᠶ᠎ᠡ ᠪᠠᠨ  ᠳᠠᠭᠠᠭᠠᠭᠰᠠᠨ ᠬᠠᠤᠯᠢ ᠶᠢᠨ ᠡᠷᠬᠡᠲᠡᠨ ᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯᠯᠠᠭ᠎ᠠ   ᠥᠷᠨᠢᠭᠦᠯᠬᠦ ᠶᠢ ᠵᠣᠷᠢᠭᠵᠢᠭᠤᠯᠬᠤ ᠪᠠ ᠳᠡᠮᠵᠢᠨ᠎ᠡ᠃ ᠬᠥᠬᠡᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠠᠷᠠᠳ ᠤᠨ  ᠵᠠᠰᠠᠭ ᠤᠨ ᠣᠷᠳᠣᠨ ᠤ ᠨᠡᠶᠢᠲᠡᠯᠡᠭᠰᠡᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠶᠢ ᠠᠬᠢᠭᠤᠯᠬᠤ  ᠲᠥᠷᠥ ᠶᠢᠨ ᠪᠣᠳᠣᠯᠭ᠎ᠠ ᠶᠣᠰᠣᠭᠠᠷ᠂ ᠱᠠᠩᠨᠠᠯ ᠪᠠ ᠨᠥᠬᠦᠪᠦᠷᠢ ᠣᠯᠭᠤᠨ᠎ᠠ᠃             ︵ᠭᠤᠷᠪᠠ︶ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠪᠡᠯᠡ ᠭᠠᠷᠭᠠᠨ ᠶᠡᠷᠦᠩᠬᠡᠶᠢᠯᠡᠭᠰᠡᠨ  ᠭᠠᠶᠢᠯᠢ ᠪᠠᠲᠤᠯᠠᠬᠤ ᠣᠷᠣᠨ ᠤ ᠠᠵᠤ ᠦᠢᠯᠡᠰ ᠤᠨ ᠬᠥᠭᠵᠢᠯᠲᠡ ᠶᠢ ᠬᠥᠲᠥᠯᠥᠨ ᠵᠢᠯᠤᠭᠤᠳᠬᠤ ᠲᠤᠰᠬᠠᠢ ᠪᠡᠯᠡ  ᠮᠥᠩᠭᠦ ︵ᠡᠳ᠋ ᠤᠨ ᠵᠠᠰᠠᠭ ᠤᠨ ᠲᠥᠰᠥᠪ ᠲᠤ ᠣᠷᠣᠭᠤᠯᠤᠨ᠎ᠠ︶ ᠪᠠᠶᠢᠭᠤᠯᠵᠤ᠂ ᠠᠵᠤ ᠦᠢᠯᠡᠰ ᠤᠨ ᠬᠥᠭᠵᠢᠯᠲᠡ ᠶᠢ  ᠠᠬᠢᠭᠤᠯᠤᠨ᠎ᠠ᠃             ︵ᠳᠥᠷᠪᠡ︶ ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠳᠤ ᠪᠠᠶᠢᠭ᠎ᠠ ᠠᠵᠤ  ᠠᠬᠤᠶᠢᠯᠠᠯ ᠪᠥᠬᠦᠨ ︽ᠴᠠᠭᠠᠵᠠᠯᠠᠬᠤ ᠦᠭᠡᠢ ᠪᠣᠯ ᠵᠥᠪᠰᠢᠶᠡᠷᠡᠬᠦ᠂ ᠬᠢᠵᠠᠭᠠᠷᠯᠠᠬᠤ ᠦᠭᠡᠢ ᠪᠣᠯ ᠵᠥᠪᠰᠢᠶᠡᠷᠡᠬᠦ︾     ᠵᠠᠷᠴᠢᠮ ᠶᠣᠰᠣᠭᠠᠷ᠂ ᠡᠵᠡᠩᠨᠡᠯᠲᠡ ᠶᠢᠨ ᠬᠦᠷᠢᠶ᠎ᠡ ᠬᠡᠪᠴᠢᠶ᠎ᠡ ᠪᠠᠨ ᠨᠡᠮᠡᠭᠳᠡᠭᠦᠯᠬᠦ ᠪᠤᠶᠤ ᠥᠷᠭᠡᠳᠬᠡᠬᠦ ᠶᠢ  ᠵᠥᠪᠰᠢᠶᠡᠷᠡᠨ᠎ᠡ᠃             ︵ᠲᠠᠪᠤ︶ ᠴᠢᠬᠤᠯᠠ ᠶᠡᠭᠡ ᠲᠥᠷᠥᠯ ᠵᠦᠢᠯ᠂ ᠴᠢᠬᠤᠯᠠ ᠶᠡᠭᠡ ᠤᠴᠢᠷ ᠶᠠᠪᠤᠳᠠᠯ ᠤᠨ ᠬᠠᠷᠠᠭᠠᠯᠵᠠᠯ ‍ᠤᠨ‌‍ᠲ᠋ᠥ᠋ᠷᠥ ᠶᠢᠨ ᠪᠣᠳᠣᠯᠭ᠎ᠠ ᠶᠢ ︽ᠨᠢᠭᠡ ᠬᠡᠷᠡᠭ ᠢ ᠨᠢᠭᠡ ᠵᠥᠪᠯᠡᠬᠦ︾ ᠠᠷᠭ᠎ᠠ ᠮᠠᠶ᠋ᠢᠭ‌‍ᠢᠶ᠋ᠠᠷ ᠲᠣᠭᠲᠠᠭᠠᠨ᠎ᠠ᠃             ︵ᠵᠢᠷᠭᠤᠭ᠎ᠠ︶ ᠲᠣᠰ ᠰᠠᠨᠠᠯ ᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠬᠠᠷᠢᠭᠤᠴᠠᠨ  ᠲᠠᠶᠢᠯᠪᠤᠷᠢᠯᠠᠵᠤ᠂ ᠬᠡᠷᠡᠭᠵᠢᠭᠦᠯᠬᠦ ᠶᠠᠪᠤᠴᠠ ᠳᠠᠬᠢ ᠪᠣᠳᠠᠲᠠᠢ ᠲᠠᠶᠢᠯᠪᠤᠷᠢᠯᠠᠬᠤ ᠠᠵᠢᠯ ᠢ ᠬᠥᠬᠡᠬᠤᠲᠠ ᠶᠢᠨ  ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠬᠠᠮᠢᠶᠠᠷᠤᠯᠲᠠ ᠶᠢᠨ ᠵᠥᠪᠯᠡᠯ ᠠᠴᠠ ᠡᠭᠦᠷᠭᠡᠯᠡᠨ᠎ᠡ᠃             ︵ᠳᠣᠯᠤᠭ᠎ᠠ︶ ᠲᠣᠰ ᠰᠠᠨᠠᠯ ᠢ ᠨᠡᠶᠢᠲᠡᠯᠡᠭᠰᠡᠨ ᠡᠳᠦᠷ ᠠᠴᠠ ᠡᠬᠢᠯᠡᠨ 30 ᠡᠳᠦᠷ ᠤᠨ ᠳᠠᠷᠠᠭ᠎ᠠ ᠠᠴᠠ  ᠬᠡᠷᠡᠭᠵᠢᠭᠦᠯᠦᠨ᠎ᠡ᠂ ᠬᠦᠴᠦᠨ ᠲᠠᠢ ᠬᠤᠭᠤᠴᠠᠭ᠎ᠠ ᠨᠢ 2025 ᠣᠨ ᠤ 12 ᠳ᠋ᠤᠭᠠᠷ ᠰᠠᠷ᠎ᠠ ᠶᠢᠨ 31 ᠤ ᠡᠳᠦᠷ  ᠪᠣᠯᠲᠠᠯ᠎ᠠ᠃ ︽ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠬᠥᠭᠵᠢᠯᠲᠡ ᠶᠢ ᠳᠡᠮᠵᠢᠬᠦ  ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠠᠨᠠᠯ︾ ︵ᠬᠥᠬᠡᠬᠤᠲᠠ ᠵᠠᠰᠠᠭ ᠲᠠᠷᠬᠠᠭᠠᠭᠰᠠᠨ ﹇ 2019﹈ 30 ᠳ᠋ᠤᠭᠠᠷ ᠲᠣᠭᠠᠲᠤ︶ ᠢ ᠬᠠᠮᠲᠤ ᠳᠤᠨᠢ ᠬᠦᠴᠦᠨ ᠦᠭᠡᠢ ᠪᠣᠯᠭᠠᠨ᠎ᠠ᠃  
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号