ᠯᠢ ᠵᠢᠶᠦ᠋ᠩ ᠣᠷᠣᠯᠴᠠᠵᠠᠢ | ︵ᠰᠤᠷᠪᠤᠯᠵᠢᠯᠠᠭᠴᠢ ᠯᠢᠦ ᠱᠠ ᠱᠠ︶ 8 ᠳ᠋ᠤᠭᠠᠷ ᠰᠠᠷ᠎ᠠ ᠶᠢᠨ 3 ᠤ ᠡᠳᠦᠷ᠂ ᠬᠤᠲᠠ ᠶᠢᠨ ᠤᠯᠤᠰ | ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠯᠢ ᠵᠢᠶᠦ᠋ᠩ | ᠦᠴᠦᠸᠠᠨ ᠰᠢᠶᠠᠨ ᠤ ᠲᠠᠷᠢᠶᠠᠯᠠᠩ ᠮᠠᠯ ᠠᠵᠤ ᠠᠬᠤᠢ ᠣᠶ ᠰᠢᠭᠤᠢ ᠤᠰᠤᠨ ᠤ ᠲᠠᠯ᠎ᠠ ᠶᠢᠨ ᠤᠯᠤᠰ ᠲᠥᠷᠥ ᠶᠢᠨ | ᠵᠥᠪᠯᠡᠯᠭᠡᠨ ᠤ ᠭᠡᠰᠢᠭᠦᠳ ᠤᠨ ᠠᠵᠢᠯᠯᠠᠬᠤ ᠲᠠᠰᠤᠭ ᠲᠤ ᠬᠦᠷᠴᠦ᠂ ᠪᠥᠬᠦ ᠬᠤᠲᠠ ᠶᠢᠨ ᠦᠨᠳᠦᠰᠦᠨ ᠱᠠᠲᠤᠨ ᠤ ᠡᠮ | ᠡᠮᠨᠡᠯᠭᠡ ᠡᠷᠡᠭᠦᠯ ᠬᠠᠮᠠᠭᠠᠯᠠᠯ ᠤᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠣᠭᠤᠷᠢᠨ ᠳᠤ ᠭᠤᠣᠯᠳᠠᠯᠭ᠎ᠠ ᠲᠠᠢ ᠰᠠᠨᠠᠯ | ᠳᠤᠷᠠᠳᠤᠯᠭ᠎ᠠ ᠶᠢ ᠪᠠᠶᠢᠴᠠᠭᠠᠨ ᠰᠤᠳᠤᠯᠵᠤ ᠰᠢᠮᠳᠠᠭᠤᠯᠤᠨ ᠰᠢᠢᠳᠪᠦᠷᠢᠯᠡᠭᠦᠯᠬᠦ ᠰᠠᠭᠤᠳᠠᠯ ᠤᠨ ᠬᠤᠷᠠᠯ ᠬᠢᠪᠡ︔8 | ᠳ᠋ᠤᠭᠠᠷ ᠰᠠᠷ᠎ᠠ ᠶᠢᠨ 4 ᠤ ᠡᠳᠦᠷ ᠰᠢᠨ᠎ᠡ ᠬᠤᠲᠠ ᠲᠣᠭᠤᠷᠢᠭ ᠤᠨ ᠶᠢᠩ ᠰᠢᠨ ᠵᠠᠮ ᠤᠨ ᠵᠡᠭᠡᠯᠢ ᠭᠤᠳᠤᠮᠵᠢ ᠶᠢᠨ | ᠪᠦᠯᠬᠦᠮᠳᠡᠯ ᠬᠤᠷᠢᠶᠠᠯᠠᠯ ᠤᠨ ᠨᠡᠶᠢᠭᠡᠮ ᠲᠣᠭᠤᠷᠢᠭ ᠲᠤ ᠬᠦᠷᠴᠦ᠂ ᠨᠠᠰᠤᠵᠢᠯ ᠤᠨ ᠠᠰᠠᠷᠠᠮᠵᠢ ᠵᠢᠨᠦᠢᠯᠡᠰ ᠪᠠ | ᠨᠠᠰᠤᠵᠢᠯ ᠤᠨ ᠠᠰᠠᠷᠠᠮᠵᠢ ᠵᠢᠨᠠᠵᠤ ᠦᠢᠯᠡᠰ ᠢ ᠢᠳᠡᠪᠬᠢᠲᠡᠢ ᠬᠥᠭᠵᠢᠭᠦᠯᠬᠦ ᠶᠢᠨ ᠲᠣᠭᠤᠷᠢᠨ ᠳᠤ ᠬᠠᠷᠠᠭᠠᠯᠵᠠᠬᠤ | ᠡᠲᠡᠭᠡᠳᠦᠨ ᠵᠥᠪᠯᠡᠯᠭᠡ ᠵᠢᠴᠢ ᠭᠤᠣᠯᠳᠠᠯᠭ᠎ᠠ ᠲᠠᠢ ᠰᠠᠨᠠᠯ ᠳᠤᠷᠠᠳᠤᠯᠭ᠎ᠠ ᠶᠢ ᠰᠢᠮᠳᠠᠭᠤᠯᠤᠨ ᠪᠠᠶᠢᠴᠠᠭᠠᠪᠠ᠃ | ᠡᠨᠡ ᠵᠢᠯ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠠᠷᠭ᠎ᠠ | ᠮᠠᠶ᠋ᠢᠭ ᠤᠨ ᠲᠠᠯ᠎ᠠ ᠪᠠᠷ ᠢᠳᠡᠪᠬᠢᠲᠡᠢ ᠪᠠᠷ ᠰᠢᠨ᠎ᠡ ᠶᠢ ᠡᠭᠦᠳᠴᠦ᠂ ᠣᠨ ᠤ ᠵᠥᠪᠳᠡᠯᠴᠡᠬᠦ᠂ ᠬᠢᠨᠠᠯᠲᠠ ᠲᠠᠯᠪᠢᠬᠤ | ᠵᠥᠪᠯᠡᠬᠦ ᠰᠡᠳᠦᠪ ᠲᠠᠢ ᠬᠤᠯᠪᠣᠭᠳᠠᠭᠰᠠᠨ ᠰᠠᠨᠠᠯ ᠳᠤᠷᠠᠳᠤᠯᠭ᠎ᠠ ᠶᠢ ᠨᠡᠶᠢᠯᠡᠭᠦᠯᠦᠨ ᠰᠢᠢᠳᠪᠦᠷᠢᠯᠡᠵᠦ᠂ ᠵᠥᠪᠯᠡᠬᠦ | ᠰᠡᠳᠦᠪ ᠢ ᠲᠣᠬᠢᠷᠠᠭᠤᠯᠬᠤ᠂ ᠪᠠᠶᠢᠴᠠᠭᠠᠨ ᠰᠤᠳᠤᠯᠬᠤ᠂ ᠵᠥᠪᠳᠡᠯᠴᠡᠬᠦ᠂ ᠦᠷ᠎ᠡ ᠪᠦᠲᠦᠭᠡᠯ ᠢ ᠤᠯᠠᠷᠢᠭᠤᠯᠬᠤ | ᠶᠠᠪᠤᠴᠠ ᠳᠤ ᠰᠠᠨᠠᠯ ᠳᠤᠷᠠᠳᠤᠯᠭ᠎ᠠ ᠳᠤᠷᠠᠳᠤᠭᠰᠠᠨ ᠬᠥᠮᠥᠨ ᠢ ᠤᠷᠢᠨ ᠪᠥᠬᠦ ᠶᠠᠪᠤᠴᠠ ᠳᠤ ᠣᠷᠣᠯᠴᠠᠭᠤᠯᠵᠤ᠂ | ᠵᠥᠪᠯᠡᠬᠦ ᠪᠠ ᠬᠢᠨᠠᠯᠲᠠ ᠲᠠᠯᠪᠢᠬᠤ ᠳᠤ ᠣᠷᠣᠯᠴᠠᠬᠤ ᠬᠡᠪᠴᠢᠶ᠎ᠡ ᠶᠢ ᠴᠢᠷᠮᠠᠶᠢᠨ ᠥᠷᠭᠡᠳᠬᠡᠵᠦ᠂ ᠵᠥᠪᠯᠡᠯᠭᠡᠨ ᠤ | ᠠᠷᠠᠳᠴᠢᠯᠠᠯ ᠢ ᠥᠷᠭᠡᠨ ᠳᠡᠯᠭᠡᠷ ᠣᠯᠠᠨ ᠲᠠᠰ ᠳᠠᠪᠬᠤᠷᠭ᠎ᠠ ᠪᠠᠷ ᠳᠦᠷᠢᠮᠵᠢᠭᠦᠯᠦᠨ ᠬᠥᠭᠵᠢᠭᠦᠯᠪᠡ᠃ |