ᠮᠠᠨ ᠤ ᠬᠤᠲᠠ ︽ᠰᠢᠨ᠎ᠡ ᠠᠶᠠᠨ ᠵᠠᠮ ᠳᠤ ᠡᠷᠡᠯᠬᠡᠭᠯᠡᠨ ᠤᠷᠤᠭᠰᠢᠯᠠᠵᠤ᠂ ᠰᠢᠨ᠎ᠡ ᠠᠭᠤᠤ ᠦᠢᠯᠡᠰ ᠢ  ᠪᠦᠲᠦᠭᠡᠶ᠎ᠡ︾ ᠴᠡᠷᠢᠭ ᠤᠨ ᠬᠤᠸᠠᠷᠠᠨ ᠤ ᠨᠡᠭᠡᠭᠡᠯᠲᠡ ᠶᠢᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/8/25
     ︵ᠰᠤᠷᠪᠤᠯᠵᠢᠯᠠᠭᠴᠢ ᠰᠦᠨ ᠶᠤᠸᠠᠢ ᠯᠦᠩ︶ 8 ᠳ᠋ᠤᠭᠠᠷ ᠰᠠᠷ᠎ᠠ ᠶᠢᠨ 2 ᠤᠨ ᠡᠳᠦᠷ᠂ ᠬᠤᠳᠠ ᠶᠢᠨ  ᠬᠤᠶᠠᠷ ᠢ ᠬᠦᠷᠢᠶᠡᠯᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠪᠣᠯᠣᠨ ᠬᠤᠳᠠ ᠶᠢᠨ ᠨᠠᠮ ᠤᠨ  ᠬᠤᠷᠢᠶᠠᠨ ᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ  ᠭᠡᠷ ᠬᠠᠮᠲᠤᠷᠠᠨ ᠭᠡᠰᠢᠭᠦᠨ ᠨᠢᠭᠡᠴᠡ ᠶᠢᠨ 2023 ᠣᠨ ᠤ ᠬᠤᠯᠪᠣᠭᠠᠴᠢᠨ ᠤ ᠠᠵᠢᠯ ᠤᠨ ᠬᠤᠷᠠᠯ ᠵᠢᠴᠢ ︽ᠰᠢᠨ᠎ᠡ  ᠠᠶᠠᠨ ᠵᠠᠮ ᠳᠤ ᠡᠷᠡᠯᠬᠡᠭᠯᠡᠨ ᠤᠷᠤᠭᠰᠢᠯᠠᠵᠤ᠂ ᠰᠢᠨ᠎ᠡ ᠠᠭᠤᠤ ᠦᠢᠯᠡᠰ ᠢ  ᠪᠦᠲᠦᠭᠡᠶ᠎ᠡ︾ ᠴᠡᠷᠢᠭ ᠤᠨ ᠬᠤᠸᠠᠷᠠᠨ ᠤ  ᠨᠡᠭᠡᠭᠡᠯᠲᠡ ᠶᠢᠨ ᠡᠳᠦᠷ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠤᠶᠠᠷ ᠤᠳᠤᠷᠢᠳᠬᠤ  ᠳᠤᠭᠤᠶᠢᠯᠠᠩ ᠤᠨ ᠭᠡᠰᠢᠭᠦᠨ ᠨᠢᠭᠡᠴᠡ ᠪᠣᠯᠣᠨ ᠴᠡᠷᠢᠭ ᠢ ᠬᠦᠷᠢᠶᠡᠯᠡᠬᠦ ᠠᠵᠤ ᠠᠬᠤᠶᠢᠯᠠᠯ ᠤᠨ 60 ᠭᠠᠷᠤᠢ ᠬᠥᠮᠥᠨ  ᠠᠵᠢᠯᠯᠠᠭ᠎ᠠ ᠳᠤ ᠣᠷᠣᠯᠴᠠᠪᠠ᠃            ᠵᠡᠪᠰᠡᠭᠲᠦ ᠴᠠᠭᠳᠠᠭ᠎ᠠ ᠶᠢᠨ ᠨᠢᠭᠡᠨ ᠴᠡᠷᠢᠭ ᠤᠨ ᠨᠣᠬᠠᠢ ᠶᠢᠨ ᠠᠩᠭᠢ ᠳᠤ᠂ ᠤᠯᠠᠨ ᠢᠶᠠᠷ ᠢᠶᠠᠨ ᠴᠡᠷᠢᠭ ᠤᠨ  ᠨᠣᠬᠠᠢ ᠶᠢᠨ ᠪᠣᠯᠪᠠᠰᠤᠷᠠᠯ ᠢ ᠦᠵᠡᠵᠡᠢ︔ ᠵᠡᠪᠰᠡᠭᠲᠦ ᠴᠠᠭᠳᠠᠭ᠎ᠠ ᠶᠢᠨ ᠨᠢᠭᠡᠨ ᠰᠠᠯᠪᠤᠷᠢ ᠠᠩᠭᠢ ᠳᠤ ᠤᠯᠠᠨ ᠢᠶᠠᠷ ᠢᠶᠠᠨ  ᠵᠡᠪᠰᠡᠭ ᠲᠣᠨᠣᠭᠯᠠᠯ ᠢ ᠲᠣᠭᠤᠷᠢᠨ ᠦᠵᠡᠵᠦ᠂ ᠴᠡᠷᠢᠭ ᠤᠨ ᠶᠠᠪᠤᠳᠠᠯ ᠤᠨ ᠲᠣᠭᠯᠠᠯᠲᠠ ᠶᠢ ᠰᠣᠨᠢᠷᠬᠠᠪᠠ᠃ ᠴᠡᠷᠢᠭ ᠤᠨ  ᠬᠤᠸᠠᠷᠠᠨ ᠤ ᠬᠤᠪᠢᠷᠠᠯᠲᠠ ᠠᠴᠠ ᠲᠡᠦᠬᠡ ᠶᠢᠨ ᠠᠬᠢᠴᠠ ᠶᠢ ᠣᠶᠢᠯᠠᠭᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ  ᠬᠥᠮᠦᠵᠢᠯ ᠢ ᠦᠨᠡᠨᠬᠦ ᠪᠣᠳᠣᠯ ᠰᠡᠳᠬᠢᠯ ᠳᠡᠭᠡᠨ ᠬᠠᠳᠠᠩᠰᠢᠭᠤᠯᠵᠤ᠂ ᠵᠥᠪ ᠣᠨᠣᠪᠴᠢᠲᠠᠢ ᠤᠯᠤᠰ ᠤᠨ ᠪᠠᠲᠤᠯᠠᠨ  ᠬᠠᠮᠠᠭᠠᠯᠠᠯᠲᠠ ᠶᠢᠨ ᠦᠵᠡᠯᠲᠡ ᠪᠣᠯᠣᠨ ᠬᠤᠶᠠᠷ ᠢ ᠬᠦᠷᠢᠶᠡᠯᠡᠬᠦ ᠤᠬᠠᠮᠰᠠᠷ ᠢ ᠪᠠᠲᠤ ᠪᠤᠢ ᠪᠣᠯᠭᠠᠵᠤ᠂ ᠴᠡᠷᠢᠭ ᠵᠠᠰᠠᠭ  ᠴᠡᠷᠢᠭ ᠠᠷᠠᠳ ᠤᠨ ᠪᠦᠯᠬᠦᠮᠳᠡᠯ ᠢ ᠪᠠᠬᠢᠵᠢᠭᠦᠯᠦᠨ ᠬᠥᠭᠵᠢᠭᠦᠯᠪᠡ᠃           ᠴᠡᠷᠢᠭ ᠤᠨ ᠬᠤᠸᠠᠷᠠᠨ ᠤ ᠨᠡᠭᠡᠭᠡᠯᠲᠡ ᠶᠢᠨ ᠡᠳᠦᠷ ᠤᠨ ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂  ᠬᠤᠲᠠ ᠶᠢᠨ ᠨᠠᠮ ᠤᠨ ᠬᠤᠷᠢᠶ᠎ᠠ ᠶᠢᠨ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ ᠤᠨ ᠤᠳᠤᠷᠢᠳᠬᠤ  ᠳᠤᠭᠤᠶᠢᠯᠠᠩ ᠪᠠ ᠬᠤᠲᠠ ᠶᠢᠨ ᠬᠤᠶᠠᠷ ᠢ ᠬᠦᠷᠢᠶᠡᠯᠡᠬᠦ ᠠᠵᠢᠯ ᠤᠨ ᠤᠳᠤᠷᠢᠳᠬᠤ ᠳᠤᠭᠤᠶᠢᠯᠠᠩ ᠤᠨ  ᠬᠤᠯᠪᠣᠭᠠᠴᠢᠳ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠡᠯ᠎ᠡ ᠭᠡᠰᠢᠭᠦᠨ ᠨᠢᠭᠡᠴᠡ ᠶᠢᠨ ᠳᠡᠭᠡᠷ᠎ᠡ  ᠨᠢᠭᠡ ᠵᠢᠯ ᠤᠨ ᠬᠤᠶᠠᠷ ᠢ ᠬᠦᠷᠢᠶᠡᠯᠡᠬᠦ ᠠᠵᠢᠯ ᠪᠠ ᠴᠡᠷᠢᠭ ᠠᠴᠠ ᠬᠠᠯᠠᠭᠳᠠᠭᠰᠠᠳ ᠤᠨ ᠠᠵᠢᠯ ᠢ ᠥᠷᠨᠢᠭᠦᠯᠦᠭᠰᠡᠨ  ᠪᠠᠶᠢᠳᠠᠯ ᠢ ᠳ᠋ᠦᠩᠨᠡᠵᠦ᠂ ᠲᠠᠷᠠᠭᠠᠴᠢ ᠶᠢᠨ ᠱᠠᠲᠤᠨ ᠤ ᠠᠵᠢᠯ ᠤᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠬᠤ ᠶᠢᠨ  ᠬᠠᠮᠲᠤ ᠬᠤᠯᠪᠣᠭᠠᠴᠢᠨ ᠤ ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠲᠠᠯ᠎ᠠ ᠪᠠᠷ ᠲᠣᠳᠣᠷᠬᠠᠢ ᠱᠠᠭᠠᠷᠳᠠᠯᠭ᠎ᠠ  ᠳᠤᠷᠠᠳᠪᠠ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号