ᠮᠠᠨ ᠤ ᠬᠤᠲᠠ ᠶᠢᠨ 993 ᠪᠠᠶᠢᠭᠤᠯᠵᠤ ᠪᠠᠶᠢᠭ᠎ᠠ ᠭᠤᠣᠯᠳᠠᠯᠭ᠎ᠠ ᠲᠠᠢ ᠲᠥᠷᠥᠯ ᠵᠦᠢᠯ ᠪᠡᠯᠡ  ᠣᠷᠣᠭᠤᠯᠤᠯᠲᠠ ᠶᠢᠨ ᠠᠬᠢᠴᠠ ᠶᠢᠨ ᠬᠠᠭᠠᠰ ᠢ ᠤᠷᠢᠳᠴᠢᠯᠠᠨ ᠪᠡᠶᠡᠯᠡᠭᠦᠯᠪᠡ
ᠨᠡᠶᠢᠲᠡᠯᠡᠭᠰᠡᠨ ᠴᠠᠭ᠄
2023/8/25
     ︵ᠰᠤᠷᠪᠤᠯᠵᠢᠯᠠᠭᠴᠢ ᠶᠦᠨ ᠶᠠᠨ ᠹᠠᠩ︶ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ  ᠵᠥᠪᠯᠡᠯ ᠠᠴᠠ ᠣᠶᠢᠯᠠᠭᠠᠭᠰᠠᠨ ᠢᠶᠠᠷ᠂ ᠣᠲᠣ ᠪᠣᠯᠲᠠᠯ᠎ᠠ᠂ ᠪᠥᠬᠦ ᠬᠤᠲᠠ ᠶᠢᠨ 993 ᠪᠠᠶᠢᠭᠤᠯᠵᠤ ᠪᠠᠶᠢᠭ᠎ᠠ  ᠭᠤᠣᠯᠳᠠᠯᠭ᠎ᠠ ᠲᠠᠢ ᠲᠥᠷᠥᠯ ᠵᠦᠢᠯ 656 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂  ᠨᠢᠭᠡᠨᠲᠡ ᠣᠨ ᠤ ᠲᠥᠯᠥᠪᠯᠡᠭᠡ ᠶᠢᠨ 50% ᠠᠴᠠ ᠳᠠᠪᠠᠭᠰᠠᠨ ᠪᠠᠶᠢᠨ᠎ᠠ᠃ ᠡᠭᠦᠨ ᠳᠤ᠂ ᠬᠤᠰᠢᠭᠤ ᠰᠢᠶᠠᠨ  ᠲᠣᠭᠤᠷᠢᠭ ᠤᠨ ᠪᠠᠶᠢᠭᠤᠯᠵᠤ ᠪᠠᠶᠢᠭ᠎ᠠ 912 ᠲᠥᠷᠥᠯ ᠵᠦᠢᠯ 571 ᠳ᠋ᠦᠩᠰᠢᠭᠤᠷ ᠲᠥᠭᠦᠷᠢᠭ ᠤᠨ ᠪᠡᠯᠡ  ᠣᠷᠣᠭᠤᠯᠤᠯᠲᠠ ᠶᠢ ᠪᠡᠶᠡᠯᠡᠭᠦᠯᠵᠦ᠂ ᠳᠤᠮᠳᠠᠴᠢ ᠪᠡᠯᠡ ᠣᠷᠣᠭᠤᠯᠤᠯᠲᠠ ᠶᠢᠨ ᠠᠬᠢᠴᠠ ᠨᠢ 57.1% ᠳᠤ ᠬᠦᠷᠪᠡ︔  ᠬᠤᠲᠠ ᠶᠢᠨ ᠲᠣᠰ ᠱᠠᠲᠤᠨ ᠤ ᠪᠠᠶᠢᠭᠤᠯᠵᠤ ᠪᠠᠶᠢᠭ᠎ᠠ 81 ᠲᠥᠷᠥᠯ ᠵᠦᠢᠯ 85 ᠳ᠋ᠦᠩᠰᠢᠭᠤᠷ ᠲᠥᠭᠦᠷᠢᠭ ᠤᠨ  ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠪᠡᠯᠡ ᠣᠷᠣᠭᠤᠯᠤᠯᠲᠠ ᠶᠢᠨ ᠠᠬᠢᠴᠠ ᠨᠢ 28.5% ᠳᠤ ᠬᠥᠷᠪᠡ᠃  ᠳᠠᠷᠠᠭᠠᠴᠢ ᠶᠢᠨ ᠠᠯᠬᠤᠮ ᠳᠤ ᠬᠤᠳᠠ ᠶᠢᠨ ᠡᠯ᠎ᠡ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠬᠢᠨ ᠲᠦᠷᠦᠯ  ᠵᠦᠢᠯ ᠤᠨ ᠪᠦᠲᠦᠭᠡᠨ ᠪᠠᠶᠢᠭᠤᠯᠤᠯᠲᠠ ᠶᠢ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠬᠦᠴᠦᠨ ᠵᠦᠢᠯ ᠤᠨ  ᠪᠠᠲᠤᠯᠠᠭ᠎ᠠ ᠶᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠪᠠᠶᠢᠭᠤᠯᠵᠤ ᠪᠠᠶᠢᠭ᠎ᠠ ᠲᠦᠷᠦᠯ ᠵᠦᠢᠯ ᠢ ᠮᠥᠷᠳᠡᠨ ᠬᠢᠨᠠᠨ  ᠬᠡᠮᠵᠢᠬᠦ ᠶᠢ ᠴᠢᠩᠭᠠᠳᠬᠠᠵᠤ᠂ ᠨᠡᠩ ᠤᠯᠠᠨ ᠪᠣᠳᠠᠲᠤ ᠵᠦᠢᠯ ᠤᠨ ᠬᠡᠮᠵᠢᠶ᠎ᠡ ᠪᠠ ᠪᠡᠯᠡ ᠣᠷᠣᠭᠤᠯᠤᠯᠲᠠ ᠶᠢᠨ  ᠬᠡᠮᠵᠢᠶ᠎ᠡ ᠶᠢ ᠪᠡᠶᠡᠯᠡᠭᠦᠯᠬᠦ ᠶᠢ ᠠᠬᠢᠭᠤᠯᠤᠨ᠎ᠠ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号