ᠮᠠᠨ ᠤ ᠬᠤᠲᠠ ᠶᠢᠨ 2023 ᠣᠨ ᠤ ︽ᠲᠠᠸᠠᠷ ᠢ ᠬᠡᠲᠦ ᠪᠣᠭᠤᠳᠠᠯᠯᠠᠬᠤ ᠪᠠ ᠰᠦᠯᠢᠶᠥᠦ ᠶᠢᠨ  ᠪᠣᠬᠢᠷᠲᠤᠯ ᠢ ᠵᠠᠰᠠᠬᠤ ᠲᠤᠰᠬᠠᠢ ᠴᠡᠭᠴᠡᠯᠡᠨ ᠵᠠᠰᠠᠬᠤ ᠤᠬᠠᠭᠤᠯᠭ᠎ᠠ ᠶᠢᠨ ᠰᠠᠷ᠎ᠠ︾ ᠶᠢᠨ ᠠᠵᠢᠯᠯᠠᠭ᠎ᠠ  ᠡᠬᠢᠯᠡᠪᠡ
ᠨᠡᠶᠢᠲᠡᠯᠡᠭᠰᠡᠨ ᠴᠠᠭ᠄
2023/8/25
     ︵ᠰᠤᠷᠪᠤᠯᠵᠢᠯᠠᠭᠴᠢ ᠰᠦᠨ ᠶᠤᠸᠠᠢ ᠯᠦᠩ︶ ᠬᠤᠲᠠ ᠶᠢᠨ ᠵᠠᠰᠠᠭ ᠤᠨ ᠣᠷᠳᠣᠨ ᠠᠴᠠ ᠭᠤᠣᠯᠯᠠᠨ  ᠡᠷᠬᠢᠯᠡᠵᠦ᠂ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠳᠠᠭᠠᠭᠠᠴᠢᠯᠠᠨ ᠡᠷᠬᠢᠯᠡᠭᠰᠡᠨ  2023 ᠣᠨ ᠤ ︽ᠲᠠᠸᠠᠷ ᠢ ᠬᠡᠳᠦ ᠪᠣᠭᠤᠳᠠᠯᠯᠠᠬᠤ ᠪᠠ ᠰᠦᠯᠢᠶᠥᠦ ᠶᠢᠨ ᠪᠣᠬᠢᠷᠲᠤᠯ ᠢ ᠵᠠᠰᠠᠬᠤ ᠲᠤᠰᠬᠠᠢ  ᠴᠡᠭᠴᠡᠯᠡᠨ ᠵᠠᠰᠠᠬᠤ ᠤᠬᠠᠭᠤᠯᠭ᠎ᠠ ᠶᠢᠨ ᠰᠠᠷ᠎ᠠ︾ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ 6 ᠳ᠋ᠤᠭᠠᠷ  ᠰᠠᠷ᠎ᠠ ᠶᠢᠨ 15 ᠤ ᠡᠳᠦᠷ ᠲᠠᠯ᠎ᠠ ᠨᠤᠲᠤᠭ ᠤᠨ ᠲᠣᠷᠭᠠᠨ ᠵᠠᠮ ᠴᠡᠴᠡᠷᠯᠢᠭ ᠲᠤ ᠶᠠᠪᠤᠭᠳᠠᠪᠠ᠃            ᠠᠵᠢᠯᠯᠠᠭ᠎ᠠ ᠨᠢ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ  ᠪᠣᠬᠢᠷᠳᠤᠯ ᠦᠭᠡᠢ  ᠠᠮᠢᠳᠤᠷᠠᠯ ᠢ ᠰᠠᠨᠠᠭᠠᠴᠢᠯᠠᠨ᠂ ᠣᠯᠠᠨ ᠲᠦᠮᠡᠨ ᠤ ᠬᠡᠲᠦᠷᠡᠲᠡᠯ᠎ᠡ ᠪᠣᠭᠤᠳᠠᠯᠯᠠᠬᠤ ᠪᠠ ᠰᠦᠯᠢᠶᠥᠦ ᠶᠢᠨ ᠪᠣᠬᠢᠷᠲᠤᠯ ᠢ  ᠤᠬᠠᠮᠰᠠᠷ ᠠᠴᠠ ᠪᠠᠨ ᠡᠰᠡᠷᠭᠦᠴᠡᠬᠦ ᠶᠢ ᠬᠥᠲᠥᠯᠥᠨ ᠵᠢᠯᠤᠭᠤᠳᠬᠤ ᠶᠢ ᠵᠣᠷᠢᠵᠠᠢ᠃ ᠡᠯᠧᠺᠲᠷᠣᠨ ᠬᠤᠳᠠᠯᠳᠤᠭ᠎ᠠ᠂  ᠢᠳᠡᠭᠡᠨ ᠤ ᠵᠦᠢᠯ᠂ ᠲᠦᠷᠭᠡᠨ ᠬᠦᠷᠭᠡᠯᠲᠡ᠂ ᠵᠣᠴᠢᠳ ᠤᠨ ᠪᠠᠭᠤᠳᠠᠯ᠂ ᠵᠠᠬᠢᠶᠠᠯᠠᠭ᠎ᠠ ᠶᠢᠨ ᠬᠤᠭᠤᠯᠠ ᠵᠡᠷᠭᠡ ᠠᠵᠢᠯ  ᠲᠥᠷᠥᠯ ᠤᠨ 70 ᠭᠠᠷᠤᠢ ᠲᠥᠯᠥᠭᠡᠯᠡᠭᠴᠢ ᠡᠬᠢᠯᠡᠯᠲᠡ ᠶᠢᠨ ᠶᠣᠰᠣᠯᠠᠯ ᠳᠤ ᠣᠷᠣᠯᠴᠠᠵᠤ᠂ ᠠᠵᠤ ᠠᠬᠤᠶᠢᠯᠠᠯ ᠤᠨ  ᠲᠥᠯᠥᠭᠡᠯᠡᠭᠴᠢ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠭᠰᠠᠨ ᠪᠥᠭᠡᠳ ᠲᠤᠬᠠᠢ ᠶᠢᠨ ᠲᠠᠯᠠᠪᠤᠷ ᠲᠤ ︽ᠥᠪᠡᠷ ᠤᠨ  ᠪᠡᠶ᠎ᠡ ᠠᠴᠠ ᠪᠠᠨ ᠭᠠᠷᠳᠠᠨ ︿ᠰᠦᠯᠢᠶᠣᠣ ᠶᠢ ᠪᠠᠭᠠᠰᠬᠠᠬᠤ ᠵᠠᠳᠠᠷᠠᠭᠤᠯᠬᠤ﹀ ᠠᠮᠠᠯᠠᠯᠲᠠ ᠶᠢᠨ ᠪᠢᠴᠢᠭ﹀ ᠢ ᠤᠩᠰᠢᠪᠠ᠃            ᠡᠬᠢᠯᠡᠯᠲᠡ ᠶᠢᠨ ᠶᠣᠰᠣᠯᠠᠯ ᠳᠡᠭᠡᠷ᠎ᠡ᠂ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠮᠢ  ᠠᠬᠤᠢ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠰᠢᠤᠳᠠᠨ ᠤ ᠶᠠᠪᠤᠳᠠᠯ ᠤᠨ  ᠬᠠᠮᠢᠶᠠᠷᠤᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠠᠷᠢᠶᠠᠯᠠᠩ ᠮᠠᠯ  ᠠᠵᠤ ᠠᠬᠤᠢ ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠰᠢᠨᠵᠢᠯᠡᠬᠦ  ᠤᠬᠠᠭᠠᠨ ᠮᠡᠷᠭᠡᠵᠢᠯ ᠤᠨ ᠲᠣᠪᠴᠢᠶ᠎ᠠ᠂ ᠰᠣᠶᠣᠯ ᠵᠢᠭᠤᠯᠴᠢᠯᠠᠯ ᠤᠨ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ  ᠮᠥᠴᠢᠷ ᠠᠰᠠᠭᠤᠨ ᠯᠠᠪᠯᠠᠬᠤ ᠲᠠᠪᠴᠠᠩ ᠭᠠᠷᠭᠠᠬᠤ᠂ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠮᠠᠲ᠋ᠧᠷᠢᠶᠠᠯ  ᠲᠠᠷᠬᠠᠭᠠᠬᠤ᠂ ᠨᠢᠭᠤᠷᠲᠠᠨ ᠲᠠᠶᠢᠯᠪᠤᠷᠢᠯᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠬᠤᠳᠠ ᠶᠢᠨ ᠠᠷᠠᠳ ᠲᠤ ᠡᠨᠧᠷᠭᠢ  ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ ᠨᠡᠭᠦᠷᠡᠰᠦᠲᠥ᠋ᠷᠥᠭᠴᠢ ᠶᠢ ᠣᠷᠭᠢᠯ ᠳᠤ  ᠬᠦᠷᠭᠡᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠵᠡᠷᠭᠡ ᠮᠡᠳᠡᠯᠭᠡ ᠶᠢ ᠲᠦᠭᠡᠮᠡᠯᠵᠢᠭᠦᠯᠵᠦ᠂ ᠤᠯᠠᠨ ᠢᠶᠠᠷ ᠢᠶᠠᠨ  ᠪᠣᠳᠠᠲᠤ ᠠᠵᠢᠯᠯᠠᠭ᠎ᠠ ᠪᠠᠷ ᠢᠶᠠᠨ ︽ᠰᠦᠯᠢᠶᠤᠤ ᠶᠢ ᠪᠠᠭᠠᠰᠬᠠᠬᠤ︾᠂ ︽ ᠰᠦᠯᠢᠶᠣᠣ ᠶᠢ ᠵᠠᠳᠠᠷᠠᠭᠤᠯᠬᠤ︾ ᠶᠢ  ᠡᠴᠦᠰ ᠲᠤᠨᠢ ᠲᠤᠯᠲᠠᠯ᠎ᠠ ᠬᠢᠵᠦ᠂ ᠨᠣᠭᠤᠭᠠᠨ᠂ ᠪᠣᠬᠢᠷᠲᠤᠯ ᠦᠭᠡᠢ᠂ ᠡᠷᠡᠭᠦᠯ ᠰᠠᠷᠠᠭᠤᠯ ᠰᠠᠶᠢᠨ ᠰᠠᠶᠢᠬᠠᠨ ᠭᠡᠷ  ᠣᠷᠣᠨ ᠢ ᠬᠠᠮᠲᠤᠪᠠᠷ ᠪᠠᠶᠢᠭᠤᠯᠬᠤ ᠶᠢ ᠰᠠᠨᠠᠭᠠᠴᠢᠯᠠᠵᠠᠢ᠃  
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号