ᠮᠠᠨ ᠤ ᠬᠤᠲᠠ ︽6. 9︾ ᠤ ᠣᠯᠠᠨ ᠤᠯᠤᠰ ᠤᠨ ᠳᠠᠩᠰᠠ ᠡᠪᠬᠡᠮᠡᠯ ᠤᠨ ᠡᠳᠦᠷ ᠤᠨ  ᠤᠬᠠᠭᠤᠯᠭ᠎ᠠ ᠶᠢᠨ ᠰᠢᠷᠢᠰ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/8/25
     6 ᠳ᠋ᠤᠭᠠᠷ ᠰᠠᠷ᠎ᠠ ᠶᠢᠨ 9 ᠤ ᠡᠳᠦᠷ ᠪᠣᠯ ᠠᠷᠪᠠᠨ ᠵᠢᠷᠭᠤᠳᠤᠭᠠᠷ ᠤᠳᠠᠭ᠎ᠠ ᠶᠢᠨ ᠳᠡᠯᠡᠬᠡᠢ ᠶᠢᠨ ᠲᠠᠩᠰᠠ  ᠡᠪᠬᠡᠮᠡᠯ ᠤᠨ ᠡᠳᠦᠷ ᠪᠣᠯᠣᠨ᠎ᠠ᠂ ᠡᠨᠡ ᠵᠢᠯ ᠤᠨ ᠭᠤᠣᠯ ᠰᠡᠳᠦᠪ ᠨᠢ ︽ᠰᠢᠨ᠎ᠡ ᠠᠶᠠᠨ ᠵᠠᠮ ᠳᠠᠭᠠᠨ ᠡᠷᠡᠯᠬᠡᠭᠯᠡᠨ  ᠤᠷᠤᠭᠰᠢᠯᠠᠵᠤ ᠯᠠᠨᠲ᠋ᠠᠢ ᠶᠢᠨ ᠲᠡᠮᠳᠡᠭᠯᠡᠯ ᠤᠨ ᠰᠢᠨ᠎ᠡ ᠬᠠᠭᠤᠳᠠᠰᠤ ᠶᠢ ᠪᠢᠴᠢᠶ᠎ᠡ︾ ᠪᠣᠯᠣᠨ᠎ᠠ᠃ ᠲᠤᠬᠠᠢ ᠶᠢᠨ ᠡᠳᠦᠷ᠂  ᠥᠪᠡᠷᠲᠡᠭᠡᠨ ᠵᠠᠰᠠᠬᠤ ᠣᠷᠣᠨ᠂ ᠬᠥᠬᠡᠬᠤᠲᠠ᠂ ᠬᠤᠲᠠ ᠶᠢᠨ ᠳᠥᠷᠪᠡᠨ ᠲᠣᠭᠤᠷᠢᠭ ᠤᠨ ᠭᠤᠷᠪᠠᠨ ᠱᠠᠲᠤᠨ ᠤ  ᠲᠠᠩᠰᠠ ᠡᠪᠬᠡᠮᠡᠯ ᠤᠨ ᠰᠠᠯᠠᠭ᠎ᠠ ᠮᠥᠴᠢᠷ ᠬᠠᠮᠲᠤᠷᠠᠨ ᠰᠢᠨᠬᠤᠸᠠ ᠲᠠᠯᠠᠪᠠᠶ ᠳᠤ ᠤᠬᠠᠭᠤᠯᠭ᠎ᠠ ᠶᠢᠨ ᠠᠵᠢᠯᠯᠠᠭ᠎ᠠ  ᠡᠷᠭᠢᠯᠡᠪᠡ᠃            ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ᠂ ᠠᠵᠢᠯᠲᠠᠳ ᠤᠬᠠᠭᠤᠯᠭ᠎ᠠ ᠶᠢᠨ ᠰᠠᠮᠪᠠᠷ᠎ᠠ ᠶᠢᠨ ᠰᠣᠨᠢᠨ ᠢ  ᠳᠡᠯᠭᠡᠨ ᠦᠵᠡᠭᠦᠯᠬᠦ᠂ ᠲᠠᠩᠰᠠ ᠡᠪᠬᠡᠮᠡᠯ ᠤᠨ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠬᠤ᠂ ᠠᠰᠠᠭᠤᠯᠲᠠ ᠶᠢᠨ  ᠬᠠᠭᠤᠳᠠᠰᠤ ᠪᠠᠷ ᠪᠠᠶᠢᠴᠠᠭᠠᠯᠲᠠ ᠬᠢᠬᠦ᠂ ᠰᠣᠨᠢᠷᠬᠠᠯᠲᠤ ᠠᠰᠠᠭᠤᠯᠲᠠ ᠬᠠᠷᠢᠭᠤᠯᠲᠠ ᠥᠭᠬᠦ ᠵᠡᠷᠭᠡ ᠠᠷᠭ᠎ᠠ ᠮᠠᠶ᠋ᠢᠭ ᠢᠶᠠᠷ  ᠳᠠᠮᠵᠢᠭᠤᠯᠤᠨ᠂ ᠲᠠᠩᠰᠠ ᠡᠪᠬᠡᠮᠡᠯ ᠤᠨ ᠲᠤᠬᠠᠶᠢᠯᠠᠭᠰᠠᠨ ᠠᠵᠢᠯ ᠤᠨ ᠵᠥᠪᠯᠡᠯᠭᠡ ᠥᠭᠬᠦ ᠦᠢᠯᠡᠴᠢᠯᠡᠭᠡ ᠥᠷᠨᠢᠭᠦᠯᠵᠦ᠂ ᠣᠯᠠᠨ ᠲᠦᠮᠡᠨ ᠢ ᠬᠥᠲᠥᠯᠥᠨ ᠵᠢᠯᠤᠭᠤᠳᠴᠤ ᠲᠠᠩᠰᠠ ᠡᠪᠬᠡᠮᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢ  ᠤᠬᠠᠮᠰᠠᠷ ᠠᠴᠠ ᠪᠠᠨ ᠵᠢᠷᠤᠮᠯᠠᠭᠤᠯᠵᠤ᠂ ᠣᠯᠠᠨ ᠲᠦᠮᠡᠨ ᠳᠤ ᠲᠠᠩᠰᠠ ᠡᠪᠬᠡᠮᠡᠯ ᠤᠨ ᠰᠣᠶᠣᠯ ᠤᠨ ᠥᠪᠡᠷᠮᠢᠴᠡ  ᠲᠠᠲᠠᠬᠤ ᠬᠦᠴᠦᠨ ᠪᠠ ᠴᠢᠬᠤᠯᠠ ᠦᠨ᠎ᠡ ᠥᠷᠲᠡᠭ ᠢ ᠮᠡᠳᠡᠷᠡᠭᠦᠯᠵᠦ᠂ ᠲᠠᠩᠰᠠ ᠡᠪᠬᠡᠮᠡᠯ ᠤᠨ ᠠᠵᠢᠯ ᠤᠨ  ᠨᠡᠶᠢᠭᠡᠮ ᠤᠨ ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ ᠥᠷᠭᠡᠳᠬᠡᠨ ᠳᠡᠭᠡᠭᠰᠢᠯᠡᠭᠦᠯᠪᠡ᠃           ᠣᠶᠢᠯᠠᠭᠠᠭᠰᠠᠨ ᠢᠶᠠᠷ᠂ ᠠᠵᠢᠯᠯᠠᠭ᠎ᠠ ᠶᠢᠨ ᠬᠤᠭᠤᠴᠠᠭᠠᠨ ᠳᠤ᠂ ᠮᠠᠨ ᠤ ᠬᠤᠲᠠ ᠪᠠᠰᠠ ᠭᠤᠣᠯ ᠰᠡᠳᠦᠪᠲᠦ  ᠡᠬᠡ ᠪᠢᠴᠢᠭ ᠡᠯᠰᠡᠬᠦ᠂ ᠮᠡᠳᠡᠯᠭᠡ ᠶᠢᠨ ᠥᠷᠢᠰᠦᠯᠳᠦᠭᠡᠨ ᠤ ᠬᠠᠷᠢᠭᠤᠯᠲᠠ ᠥᠭᠬᠦ᠂ ᠲᠠᠩᠰᠠ ᠡᠪᠬᠡᠮᠡᠯ ᠤᠨ ᠬᠠᠤᠯᠢ  ᠲᠦᠭᠡᠮᠡᠯᠵᠢᠭᠦᠯᠬᠦ᠂ ᠲᠠᠩᠰᠠ ᠡᠪᠬᠡᠮᠡᠯ ᠤᠨ ᠬᠠᠨᠳᠢᠪᠯᠡᠯ᠂ ᠲᠠᠩᠰᠠ ᠡᠪᠬᠡᠮᠡᠯ ᠤᠨ ᠣᠷᠳᠣᠨ ᠤ ᠨᠡᠭᠡᠭᠡᠯᠲᠡ ᠶᠢᠨ ᠡᠳᠦᠷ  ᠪᠠ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠤᠪᠢᠰᠬᠠᠯ ᠢ ᠰᠤᠳᠤᠯᠤᠨ‌‍ᠰᠤᠷᠤᠯᠴᠠᠬᠤ ᠵᠡᠷᠭᠡ ᠰᠢᠷᠢᠰ  ᠠᠵᠢᠯᠯᠠᠭ᠎ᠠ ᠶᠢ ᠡᠷᠭᠢᠯᠡᠬᠦ ᠪᠠᠷ ᠳᠠᠮᠵᠢᠭᠤᠯᠤᠨ᠂ ᠲᠠᠩᠰᠠ ᠡᠪᠬᠡᠮᠡᠯ ᠤᠨ ᠮᠡᠳᠡᠯᠭᠡ ᠶᠢ ᠥᠷᠭᠡᠨ ᠢᠶᠠᠷ ᠲᠦᠭᠡᠮᠡᠯᠵᠢᠭᠦᠯᠵᠦ  ᠂ ᠲᠠᠩᠰᠠ ᠡᠪᠬᠡᠮᠡᠯ ᠤᠨ ᠰᠣᠶᠣᠯ ᠢ ᠤᠯᠠᠮᠵᠢᠯᠠᠨ᠂ ᠨᠠᠩ ᠣᠯᠠᠨ ᠬᠥᠮᠥᠨ ᠳᠤ ᠲᠠᠩᠰᠠ ᠡᠪᠬᠡᠮᠡᠯ ᠢ ᠠᠩᠬᠠᠷᠤᠭᠤᠯᠵᠤ ᠂  ᠲᠠᠩᠰᠠ ᠡᠪᠬᠡᠮᠡᠯ ᠳᠤ ᠣᠶᠢᠷᠠᠲᠤᠭᠤᠯᠵᠤ᠂ ᠨᠡᠶᠢᠭᠡᠮ ᠳᠠᠶᠠᠭᠠᠷ ᠤᠨ ᠲᠠᠩᠰᠠ ᠡᠪᠬᠡᠮᠡᠯ ᠤᠨ ᠦᠢᠯᠡᠰ ᠢ ᠬᠠᠯᠠᠮᠵᠢᠯᠠᠨ  ᠠᠩᠬᠠᠷᠬᠤ ᠭᠦᠨ ᠵᠤᠵᠠᠭᠠᠨ ᠠᠭᠤᠷ ᠠᠮᠢᠰᠬᠤᠯ ᠢ ᠤᠯᠠᠮ ᠨᠢᠭᠡ ᠠᠯᠬᠤᠮ ᠪᠣᠶ ᠪᠣᠯᠭᠠᠪᠠ᠃  
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号