ᠣᠯᠠᠨ ᠭᠠᠵᠠᠷ ᠰᠠᠭᠤᠷᠢ ᠲᠥᠬᠦᠭᠡᠷᠦᠮᠵᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ  ᠦᠷᠭᠦᠯᠵᠢᠯᠡᠨ ᠠᠬᠢᠭᠤᠯᠵᠦ ᠪᠠᠶᠢᠨ᠎ᠠ
ᠨᠡᠶᠢᠲᠡᠯᠡᠭᠰᠡᠨ ᠴᠠᠭ᠄
2023/8/25
     2023 ᠣᠨ ᠨᠢᠭᠡᠨᠲᠡ ᠬᠠᠭᠠᠰ ᠨᠢ ᠦᠩᠭᠡᠷᠡᠪᠡ᠂ ᠡᠯ᠎ᠡ ᠭᠠᠵᠠᠷ ᠤᠨ ᠬᠢᠨ ᠴᠢᠬᠤᠯᠠ ᠶᠡᠭᠡ ᠲᠦᠷᠦᠯ  ᠵᠦᠢᠯ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠦ ᠪᠠᠶᠢᠨ᠎ᠠ᠃ ᠵᠤᠨ ᠤ ᠰᠢᠲᠠᠮ᠎ᠠ ᠬᠠᠯᠠᠭᠤᠨ ᠳᠤ᠂ ᠪᠠᠷᠢᠯᠭ᠎ᠠ ᠶᠢᠨ ᠠᠵᠢᠯ ᠤᠨ ᠠᠬᠢᠴᠠ ᠵᠣᠭᠰᠣᠰᠢ ᠦᠭᠡᠢ ᠪᠠᠶᠢᠵᠤ᠂ ᠤᠯᠠᠨ ᠭᠠᠵᠠᠷ ᠤᠨ ᠰᠠᠭᠤᠷᠢ  ᠲᠥᠬᠦᠭᠡᠷᠦᠮᠵᠢ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠰᠢᠨ᠎ᠡ ᠠᠬᠢᠴᠠ ᠲᠠᠢ ᠪᠣᠯᠪᠠ᠃            ᠭᠢᠷᠢᠨ ᠳᠤ᠂ ᠱᠧᠨᠶᠠᠩ — ᠴᠠᠩ ᠪᠠᠢ ᠱᠠᠨ ᠥᠨᠳᠥᠷ ᠬᠤᠷᠳᠤᠴᠠᠲᠤ ᠲᠡᠮᠦᠷ ᠵᠠᠮ ᠤᠨ ᠪᠠᠷᠢᠯᠭ᠎ᠠ ᠶᠢᠨ  ᠭᠠᠵᠠᠷ ᠲᠤ ᠭᠢᠷᠢᠨ ᠤ ᠬᠡᠰᠡᠭ ᠤᠨ ᠡᠵᠡᠮᠳᠡᠯ ᠤᠨ ᠴᠢᠨᠠᠷᠲᠠᠶ ᠪᠠᠷᠢᠯᠭ᠎ᠠ ᠶᠢᠨ ᠵᠢᠶᠠᠨ ᠫᠢᠩ ᠨᠦᠬᠡᠨ ᠵᠠᠮ ᠨᠢᠭᠡᠨᠲᠡ  3000 ᠮᠧᠲᠷ ᠤᠨ ᠪᠣᠭᠤᠮᠲᠠ ᠶᠢ ᠳᠠᠪᠠᠵᠠᠶ᠃ ᠲᠥᠷᠥᠯ ᠵᠦᠢᠯ ᠤᠨ ᠬᠠᠷᠢᠭᠤᠴᠠᠯᠭᠠᠲᠠᠨ ᠸᠠᠩ ᠰᠢᠶᠤᠤ ᠷᠦᠩ ᠤᠨ  ᠲᠠᠨᠢᠯᠴᠠᠭᠤᠯᠤᠭᠰᠠᠨ ᠢᠶᠠᠷ᠂ ᠵᠢᠶᠠᠨ ᠫᠢᠩ ᠨᠦᠬᠡᠨ ᠵᠠᠮ ᠤᠨ ᠪᠥᠬᠦ ᠣᠷᠳᠣ ᠨᠢ ᠪᠠᠷᠤᠭ 6523 ᠮᠧᠲᠷ ᠪᠠᠶᠢᠵᠤ᠂  ᠭᠢᠷᠢᠨ ᠮᠤᠵᠢ ᠶᠢᠨ ᠲᠦᠩ ᠬᠤᠸᠠ᠂ ᠪᠠᠶ ᠱᠠᠨ ᠬᠤᠶᠠᠷ ᠬᠤᠲᠠ ᠶᠢ ᠰᠤᠨᠳᠠᠯᠠᠭᠰᠠᠨ ᠪᠠᠶᠢᠨ᠎ᠠ᠃ ᠨᠦᠬᠡᠨ ᠵᠠᠮ ᠨᠢ  ᠣᠯᠠᠨ ᠬᠡᠰᠡᠭ ᠬᠠᠶᠢᠯᠤᠮᠠᠬᠠᠢ ᠴᠢᠯᠠᠭᠤᠯᠢᠭ ᠤᠨ ᠳᠠᠪᠬᠤᠷᠭ᠎ᠠ ᠶᠢ ᠥᠩᠭᠡᠷᠡᠵᠦ᠂ ᠪᠠᠷᠢᠯᠭ᠎ᠠ ᠶᠢᠨ ᠠᠵᠢᠯ ᠤᠨ ᠳᠤᠮᠳᠠ᠂  ᠲᠥᠷᠥᠯ ᠵᠦᠢᠯ ᠤᠨ ᠪᠦᠯᠬᠦᠮ ᠨᠢ ᠭᠠᠵᠠᠷ ᠰᠢᠨᠵᠢᠯᠡᠭᠡᠨ ᠤ ᠷᠠᠳᠠᠷ ᠤᠨ ᠠᠷᠭ᠎ᠠ᠂ ᠤᠶᠠᠨ    ᠬᠠᠷᠢᠮᠠᠬᠠᠢ ᠳᠣᠯᠭᠢᠶᠠᠨ ᠤ  ᠣᠶᠢᠯᠲᠠ ᠶᠢᠨ ᠠᠷᠭ᠎ᠠ ᠵᠡᠷᠭᠡ ᠮᠡᠷᠭᠡᠵᠢᠯ ᠢᠶᠠᠷ ᠭᠠᠵᠠᠷ ᠰᠢᠨᠵᠢᠯᠡᠭᠡᠨ ᠠᠴᠠ ᠤᠷᠢᠳᠴᠢᠯᠠᠨ ᠮᠡᠳᠡᠭᠡᠯᠡᠬᠦ᠂ ᠨᠦᠬᠡᠨ  ᠵᠠᠮ ᠤᠨ ᠡᠷᠭᠢᠨ ᠲᠣᠭᠤᠷᠢᠨ ᠤ ᠳᠠᠯᠳᠠ ᠴᠢᠯᠠᠭᠤᠯᠢᠭ ᠤᠨ ᠬᠠᠶᠢᠯᠳᠠ ᠶᠢ ᠴᠢᠩᠭᠠᠳᠬᠠᠵᠤ᠂ ᠨᠦᠬᠡᠨ ᠵᠠᠮ ᠤᠨ  ᠪᠠᠷᠢᠯᠭ᠎ᠠ ᠶᠢᠨ ᠠᠵᠢᠯ ᠤᠨ ᠠᠮᠤᠷ ᠲᠦᠪᠰᠢᠨ ᠲᠣᠭᠲᠠᠭᠤᠨ ᠪᠠᠶᠢᠬᠤ ᠶᠢ ᠦᠨᠡᠨ ᠬᠦ ᠪᠠᠳᠤᠯᠠᠵᠦ ᠪᠠᠶᠢᠨ᠎ᠠ ᠭᠡᠵᠡᠢ᠃            ᠱᠧᠨᠶᠠᠩ — ᠴᠠᠩ ᠪᠠᠢ ᠱᠠᠨ ᠥᠨᠳᠥᠷ ᠬᠤᠷᠳᠤᠴᠠᠲᠤ ᠲᠡᠮᠦᠷ ᠵᠠᠮ ᠪᠣᠯ ᠤᠯᠤᠰ ᠤᠨ ᠳᠤᠮᠳᠠ ᠤᠷᠲᠤ  ᠬᠤᠭᠤᠴᠠᠭᠠᠨ ᠤ ᠲᠡᠮᠦᠷ ᠵᠠᠮ ᠤᠨ ᠲᠣᠣᠷ ᠤᠨ ᠵᠡᠭᠦᠨ ᠬᠤᠶᠢᠲᠤ ᠶᠢᠨ ᠵᠡᠭᠦᠨ ᠬᠡᠰᠡᠭ ᠤᠨ ᠲᠦᠷᠭᠡᠨ ᠳᠠᠪᠬᠢᠬᠤ ᠲᠡᠮᠦᠷ  ᠵᠠᠮ ᠤᠨ ᠲᠣᠣᠷ ᠤᠨ ᠴᠢᠬᠤᠯᠠ ᠪᠦᠷᠢᠯᠳᠦᠭᠦᠨ ᠬᠡᠰᠡᠭ ᠪᠣᠯᠣᠨ᠎ᠠ᠃ ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ  ᠲᠡᠷᠭᠡ ᠨᠡᠪᠲᠡᠷᠡᠭᠰᠡᠨ ᠤ ᠳᠠᠷᠠᠭ᠎ᠠ᠂ ᠯᠢᠶᠣᠤᠨᠢᠩ ᠮᠤᠵᠢ ︽ᠬᠤᠲᠠ  ᠪᠦᠬᠦᠨ ᠳᠤ ᠦᠨᠳᠤᠷ ᠬᠤᠷᠳᠤᠴᠠᠳᠣ ᠲᠡᠮᠦᠷ ᠵᠠᠮ  ᠨᠡᠪᠳᠡᠷᠡᠬᠦ︾ ᠤᠨ ᠬᠠᠷᠠᠯᠲᠠ ᠶᠢ ᠪᠡᠶᠡᠯᠡᠭᠦᠯᠵᠦ᠂ ᠲᠦᠩ ᠬᠤᠸᠠ᠂ ᠪᠠᠢ ᠱᠠᠨ ᠬᠤᠶᠠᠷ ᠬᠤᠲᠠ ᠳᠤ ᠥᠨᠳᠥᠷ  ᠬᠤᠷᠳᠤᠴᠠᠲᠤ ᠲᠡᠮᠦᠷ ᠵᠠᠮ ᠨᠡᠪᠲᠡᠷᠡᠬᠦ ᠦᠭᠡᠢ ᠪᠠᠶᠢᠭᠰᠠᠨ ᠲᠡᠦᠬᠡ ᠶᠢ ᠡᠴᠦᠰᠯᠡᠭᠦᠯᠦᠨ᠎ᠡ᠃            ᠲᠢᠶᠠᠨᠵᠢᠨ ᠤ ᠵᠠᠩ ᠬᠦᠢ ᠵᠤᠸᠠᠩ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠬᠤᠶᠠᠳᠤᠭᠠᠷ  ᠬᠤᠭᠤᠴᠠᠭᠠᠨ ᠤ ᠢᠨᠵᠧᠨᠧᠷᠢᠩ ᠤᠷᠤᠭᠰᠢᠲᠠᠢ ᠶᠠᠪᠤᠭᠳᠠᠵᠤ᠂ ᠠᠮᠢᠳᠤ ᠪᠣᠳᠠᠰ ᠤᠨ ᠴᠥᠭᠦᠷᠥᠮ᠂ ᠠᠩᠬᠠᠨ ᠤ  ᠲᠤᠨᠤᠮᠠᠯ ᠤᠨ ᠴᠥᠭᠦᠷᠥᠮ᠂ ᠲᠤᠨᠤᠮᠠᠯ ᠤᠨ ᠴᠥᠭᠦᠷᠥᠮ᠂ ᠪᠣᠬᠢᠷ ᠤᠰᠤᠨ ᠤ ᠡᠬᠢ ᠰᠤᠷᠪᠤᠯᠵᠢ ᠶᠢᠨ ᠬᠠᠯᠠᠭᠤᠨ  ᠬᠥᠭᠡᠷᠭᠡ ᠶᠢᠨ ᠲᠠᠰᠤᠭ ᠵᠡᠷᠭᠡ ᠭᠤᠣᠯ ᠴᠣᠭᠴᠠ ᠶᠢᠨ ᠪᠠᠷᠢᠯᠭ᠎ᠠ ᠶᠢᠨ ᠠᠵᠢᠯ ᠢ ᠨᠢᠭᠡᠨᠲᠡ ᠪᠡᠶᠡᠯᠡᠭᠦᠯᠵᠦ᠂ ᠡᠨᠡ  ᠵᠢᠯ ᠤᠨ ᠡᠴᠦᠰ ᠲᠤ ᠤᠰᠤ ᠨᠡᠪᠲᠡᠷᠡᠭᠦᠯᠬᠦ ᠡᠵᠡᠩᠨᠡᠯᠲᠡ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠢ᠃            ᠲᠥᠷᠥᠯ ᠵᠦᠢᠯ ᠤᠨ ᠬᠠᠷᠢᠭᠤᠴᠠᠯᠭᠠᠲᠠᠨ ᠬᠤᠸᠠᠩ ᠭᠦᠸᠧ ᠸᠧᠶ ᠶᠢᠨ ᠲᠠᠨᠢᠯᠴᠠᠭᠤᠯᠤᠭᠰᠠᠨ ᠢᠶᠠᠷ᠂ ᠵᠠᠩ ᠬᠦᠶ  ᠵᠤᠸᠠᠩ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠪᠣᠯ ᠲᠢᠶᠠᠨᠵᠢᠨ ᠬᠤᠲᠠ ᠶᠢᠨ ᠠᠩᠬᠠᠳᠠᠭᠴᠢ PPP  ᠵᠠᠭᠪᠤᠷ ᠢ ᠬᠡᠷᠡᠭᠯᠡᠨ ᠡᠵᠡᠩᠨᠡᠯᠳᠡ ᠶᠢᠨ ᠦᠯᠡᠳᠡᠭᠡᠯ ᠪᠣᠬᠢᠷ ᠤᠰᠤ ᠶᠢ ᠰᠢᠢᠳᠪᠦᠷᠢᠯᠡᠬᠦ ᠲᠥᠷᠥᠯ ᠵᠦᠢᠯ ᠪᠣᠯᠤᠨ᠎ᠠ᠂  ᠪᠦᠬᠦᠨ ᠢ ᠪᠠᠶᠢᠭᠤᠯᠵᠤ ᠳᠠᠭᠤᠰᠤᠭᠰᠠᠨ ᠤ ᠳᠠᠷᠠᠭ᠎ᠠ ᠡᠳᠦᠷ ᠲᠤ 45 ᠲᠦᠮᠡᠨ ᠲᠣᠨ ᠪᠣᠬᠢᠷ ᠤᠰᠤ ᠶᠢ  ᠰᠢᠢᠳᠪᠦᠷᠢᠯᠡᠵᠦ᠂ ᠡᠳᠦᠷ ᠲᠤ 600 ᠲᠣᠨ ᠪᠣᠬᠢᠷ ᠰᠢᠪᠠᠷ ᠢ ᠰᠢᠢᠳᠪᠦᠷᠢᠯᠡᠵᠦ᠂ ᠡᠷᠬᠢᠨ ᠲᠣᠭᠤᠷᠢᠨ ᠤ ᠰᠠᠭᠤᠭᠠᠯᠢ  ᠠᠷᠠᠳ ᠲᠤ ᠨᠠᠩ ᠰᠢᠯᠢᠳᠡᠭ ᠣᠷᠣᠨ ᠰᠠᠭᠤᠴᠠ ᠶᠢᠨ ᠣᠷᠴᠢᠨ ᠲᠣᠭᠤᠷᠢᠨ ᠢ ᠬᠠᠩᠭᠠᠵᠤ᠂ ᠲᠢᠶᠠᠨᠵᠢᠨ ᠤ ᠨᠣᠮᠢᠨ  ᠤᠰᠤ ᠶᠢ ᠬᠠᠮᠠᠭᠠᠯᠠᠬᠤ ᠳᠠᠶᠢᠯᠠᠯᠳᠤᠭᠠᠨ ᠢ ᠰᠠᠶᠢᠲᠤᠷ ᠬᠢᠬᠦ ᠳᠤ ᠬᠦᠴᠦᠨ ᠨᠡᠮᠡᠷᠢᠯᠡᠬᠦ ᠪᠤᠯᠤᠨ᠎ᠠ ᠭᠡᠪᠡ᠃            ᠬᠥᠬᠡᠨᠠᠭᠤᠷ᠂ ᠨᠠᠢᠮᠠᠨ ᠵᠢᠯ ᠤᠨ ᠪᠠᠲᠤ ᠰᠠᠬᠢᠵᠤ ᠡᠷᠡᠯᠬᠡᠭᠯᠡᠨ ᠲᠡᠮᠡᠴᠡᠬᠦ ᠪᠠᠷ ᠳᠠᠮᠵᠢᠭᠠᠳ᠂ ᠬᠥᠬᠡᠨᠠᠭᠤᠷ  ᠮᠤᠵᠢ ᠶᠢᠨ ︽ᠰᠢᠨ᠎ᠡ ᠲᠣᠷᠭᠠᠨ ᠵᠠᠮ ᠤᠨ ᠠᠵᠤ ᠠᠬᠤᠢ ᠶᠢᠨ ᠪᠦᠰᠡ︾ ᠶᠢᠨ ᠴᠢᠬᠤᠯᠠ ᠵᠠᠮ᠂ ᠤᠯᠤᠰ ᠤᠨ  ᠵᠠᠮ ᠤᠨ 569 ᠮᠠᠨᠳᠤᠯ᠎ᠠ ᠠᠴᠠ ᠳ᠋ᠠᠲ᠋ᠦ᠋ᠩ ᠵᠠᠰᠠᠮᠠᠯ ᠵᠠᠮ ᠬᠦᠷᠬᠦ ᠴᠢ ᠯᠢᠶᠠᠨ ᠱᠠᠨ ᠬᠤᠶᠠᠳᠤᠭᠠᠷ ᠨᠣᠮᠧᠷᠲᠤ ᠨᠦᠬᠡᠨ  ᠵᠠᠮ ᠤᠨ ᠬᠠᠮᠤᠭ ᠰᠡᠭᠦᠯᠴᠢ ᠶᠢᠨ 80 ᠮᠧᠲᠷ ᠤᠨ ᠪᠦᠲᠦᠭᠡᠨ ᠪᠠᠶᠢᠭᠤᠯᠤᠯᠲᠠ ᠬᠠᠮᠤᠭ ᠰᠡᠭᠦᠯᠴᠢ ᠶᠢᠨ ᠱᠠᠲᠤᠨ ᠳᠤ  ᠣᠷᠣᠵᠤ᠂ ᠡᠨᠡ ᠵᠢᠯ ᠤᠨ 7 ᠳ᠋ᠤᠭᠠᠷ ᠰᠠᠷ᠎ᠠ ᠳᠤ ᠨᠦᠬᠡᠨ ᠵᠠᠮ ᠤᠨ ᠨᠡᠪᠲᠡᠷᠡᠬᠦ ᠶᠢ ᠪᠡᠶᠡᠯᠡᠭᠦᠯᠬᠦ ᠳᠡᠶᠢᠰᠢ  ᠰᠢᠪᠲᠤᠯᠤᠯᠲᠠ ᠬᠢᠪᠡ᠃            ᠲᠥᠷᠥᠯ ᠵᠦᠢᠯ ᠤᠨ ᠬᠠᠷᠢᠭᠤᠴᠠᠯᠭᠠᠲᠠᠨ ᠸᠧᠨ ᠵᠢᠶᠠ ᠸᠧᠶ ᠶᠢᠨ ᠲᠠᠨᠢᠯᠴᠠᠭᠤᠯᠤᠭᠰᠠᠨ ᠢᠶᠠᠷ᠂ ᠴᠢ ᠯᠢᠶᠠᠨ  ᠱᠠᠨ ᠠᠭᠤᠯᠠ 2 ᠳ᠋ᠤᠭᠠᠷ ᠨᠣᠮᠧᠷᠲᠤ ᠨᠦᠬᠡᠨ ᠵᠠᠮ ᠨᠢ ᠬᠥᠬᠡᠨᠠᠭᠤᠷ ᠮᠤᠵᠢ ᠶᠢᠨ ᠮᠧᠨ ᠶᠤᠸᠠᠨ ᠰᠢᠶᠠᠨ ᠳᠤ  ᠪᠠᠶᠢᠷᠢᠯᠠᠵᠤ᠂ ᠬᠤᠤᠰ ᠱᠤᠭᠤᠮ ᠤᠨ ᠨᠦᠬᠡᠨ ᠵᠠᠮ ᠪᠠᠶᠢᠵᠤ᠂ ᠵᠡᠭᠦᠨ ᠪᠠᠷᠠᠭᠤᠨ ᠱᠤᠭᠤᠮ ᠤᠨ ᠣᠷᠳᠣ ᠨᠢ ᠲᠣᠰ  ᠲᠣᠰ 6044 ᠮᠧᠲᠷ ᠪᠣᠯᠤᠨ᠎ᠠ᠃ ᠲᠤᠰ ᠪᠠᠷᠢᠯᠭ᠎ᠠ ᠳᠤᠮᠳᠠᠴᠢ ᠪᠠᠷ 3500 ᠭᠠᠷᠤᠢ ᠮᠧᠲᠷ ᠡᠷᠭᠦᠭᠳᠡᠵᠦ᠂  ᠤᠯᠤᠰ ᠤᠨ ᠳᠣᠲᠣᠭᠠᠳᠤ ᠳᠤ ᠬᠤᠪᠣᠷ ᠲᠣᠬᠢᠶᠠᠯᠳᠤᠬᠤ ︽ᠳᠥᠷᠪᠡᠨ ᠥᠨᠳᠥᠷ︾ ︵ᠬᠠᠬᠢᠷ ᠬᠦᠢᠲᠡᠨ᠂ ᠳᠠᠯᠠᠶ ᠶᠢᠨ  ᠲᠦᠪᠰᠢᠨ ᠦᠨᠳᠦᠷ᠂ ᠥᠨᠳᠥᠷ ᠭᠠᠰ᠂ ᠬᠦᠬᠦᠷᠲᠦ ᠤᠰᠤᠲᠥ᠋ᠷᠥᠭᠴᠢ︶ ᠵᠠᠰᠠᠮᠠᠯ ᠵᠠᠮ ᠤᠨ ᠨᠦᠬᠡᠨ ᠵᠠᠮ ᠪᠠᠶᠢᠵᠤ᠂  ᠭᠠᠵᠠᠷ ᠰᠢᠨᠵᠢᠯᠡᠭᠡᠨ ᠤ ᠨᠥᠬᠦᠴᠡᠯ ᠨᠢ ᠪᠤᠳᠤᠯᠢᠶᠠᠨᠲᠠᠢ᠂ ᠪᠠᠷᠢᠯᠭ᠎ᠠ ᠪᠠᠷᠢᠬᠤ ᠳᠤ ᠬᠦᠴᠢᠷ ᠶᠡᠭᠡ᠂ ᠠᠮᠤᠷ ᠲᠦᠪᠰᠢᠨ ᠤ  ᠲᠦᠭᠰᠢᠭᠦᠷᠢ ᠶᠡᠭᠡ ᠪᠠᠶᠢᠳᠠᠭ ᠭᠡᠪᠡ᠃            ᠭᠠᠨᠰᠤ ᠳᠤ᠂ ᠯᠠᠨᠵᠧᠦ ᠬᠤᠲᠠ ᠠᠴᠠ  ᠾᠧ ᠽᠦᠸᠧ ᠬᠤᠲᠠ ᠬᠦᠷᠬᠦ ᠲᠡᠮᠦᠷ ᠵᠠᠮ ᠤᠨ  ᠰᠢᠶᠠᠩ ᠴᠢᠨ  ᠳ᠋ᠥᠸᠧ ᠨᠦᠬᠡᠨ ᠵᠠᠮ ᠤᠨ ᠮᠠᠯᠲᠠᠯᠲᠠ ᠨᠢ ᠮᠢᠩᠭᠠᠨ ᠮᠧᠲᠷ ᠤᠨ ᠶᠡᠭᠡ ᠪᠣᠭᠤᠮᠲᠠ ᠶᠢ ᠰᠢᠪᠲᠤᠯᠪᠠ᠂ ᠡᠨᠡ ᠪᠣᠯ  ᠯᠠᠨᠵᠧᠦ ᠬᠤᠲᠠ ᠠᠴᠠ  ᠾᠧ ᠽᠦᠸᠧ ᠬᠤᠲᠠ ᠬᠦᠷᠬᠦ ᠲᠡᠮᠦᠷ ᠵᠠᠮ ᠤᠨ ᠪᠦᠬᠦ ᠱᠤᠭᠤᠮ ᠤᠨ ᠠᠩᠬᠠᠳᠠᠭᠴᠢ ᠨᠦᠬᠡᠨ  ᠵᠠᠮ ᠤᠨ ᠭᠤᠣᠯ ᠠᠭᠤᠢ ᠶᠢᠨ ᠭᠠᠭᠴᠠ ᠠᠮᠠᠰᠠᠷ ᠢᠶᠠᠷ ᠮᠢᠩᠭᠠᠨ ᠮᠧᠲᠷ ᠢ ᠰᠢᠪᠲᠤᠯᠬᠤ ᠲᠡᠮᠦᠷ ᠵᠠᠮ ᠤᠨ ᠪᠠᠷᠢᠯᠭ᠎ᠠ ᠶᠢᠨ  ᠪᠦᠲᠦᠭᠡᠨ ᠪᠠᠶᠢᠭᠤᠯᠤᠯᠲᠠ ᠴᠢᠬᠤᠯᠠ ᠶᠡᠭᠡ ᠠᠬᠢᠴᠠ ᠲᠠᠢ ᠪᠣᠯᠤᠭᠰᠠᠨ ᠢ ᠬᠠᠷᠠᠭᠤᠯᠵᠤ ᠪᠤᠢ᠃            ᠲᠥᠷᠥᠯ ᠵᠦᠢᠯ ᠤᠨ ᠬᠠᠷᠢᠭᠤᠴᠠᠯᠭᠠᠲᠠᠨ ᠸᠠᠩ ᠶᠦᠨ ᠲᠤᠤ ᠶᠢᠨ ᠲᠠᠨᠢᠯᠴᠠᠭᠤᠯᠤᠭᠰᠠᠨ ᠢᠶᠠᠷ᠂  ᠰᠢᠶᠠᠩ ᠴᠢᠨ  ᠳ᠋ᠥᠸᠧ ᠨᠦᠬᠡᠨ ᠵᠠᠮ ᠤᠨ ᠪᠥᠬᠦ ᠣᠷᠳᠣ ᠨᠢ ᠪᠠᠷᠤᠭ 2136 ᠮᠧᠲᠷ ᠪᠠᠶᠢᠵᠤ᠂ ᠭᠠᠨᠰᠦ ᠮᠤᠵᠢ ᠶᠢᠨ ᠭᠠᠨᠨᠠᠨ  ᠵᠸᠦ ᠶᠢᠨ ᠰᠢᠶᠠ ᠾᠧ ᠰᠢᠶᠠᠨ ᠳᠤ ᠪᠣᠶ᠃ ᠪᠠᠷᠢᠯᠭ᠎ᠠ ᠶᠢᠨ ᠠᠵᠢᠯ ᠤᠨ ᠠᠮᠤᠷ ᠲᠦᠪᠰᠢᠨ ᠪᠠ ᠶᠠᠰᠤ ᠴᠢᠨᠠᠷ ᠢ ᠦᠨᠡᠨ  ᠬᠦ ᠪᠠᠲᠤᠯᠠᠬᠤ ᠶᠢᠨ ᠲᠥᠯᠥᠭᠡ᠂ ᠲᠥᠷᠥᠯ ᠵᠦᠢᠯ ᠤᠨ ᠪᠦᠯᠬᠦᠮ ᠤᠨ ᠬᠢᠨ ᠭᠤᠯᠳᠤᠩ ᠤᠨ ᠰᠢᠩᠭᠡᠨ ᠳᠠᠷᠣᠴᠠᠳᠣ  ᠰᠢᠯᠵᠢᠮᠡᠯ ᠬᠥᠭᠦᠷᠭᠡ᠂ ᠵᠠᠩᠭᠤᠣ ᠡᠰᠢ ᠶᠢᠨ ᠥᠷᠥᠮᠳᠡᠭᠦᠷ ᠮᠠᠰᠢᠨ᠂ ᠠᠦ᠋ᠲ᠋ᠣ᠋ ᠠᠷᠠᠴᠢᠯᠠᠨ ᠬᠠᠮᠠᠭᠠᠯᠠᠬᠤ ᠮᠠᠰᠢᠨ ᠵᠡᠷᠭᠡ  ᠲᠥᠬᠦᠭᠡᠷᠦᠮᠵᠢ ᠶᠢ ᠬᠡᠷᠡᠭᠯᠡᠨ ᠪᠠᠷᠢᠯᠭ᠎ᠠ ᠪᠠᠷᠢᠵᠤ᠂ ᠨᠦᠬᠡᠨ ᠵᠠᠮ ᠤᠨ ᠪᠠᠷᠢᠯᠭ᠎ᠠ ᠶᠢᠨ ᠮᠠᠰᠢᠨᠴᠢᠯᠠᠯᠲᠠ ᠶᠢᠨ ᠬᠢᠷᠢ  ᠬᠡᠮᠵᠢᠶ᠎ᠡ ᠶᠢ    ᠲᠡᠭᠡᠭᠰᠢᠯᠡᠭᠦᠯᠪᠡ ᠭᠡᠵᠡᠢ᠃            ᠯᠠᠨ ᠾᠧ ᠲᠡᠮᠦᠷ ᠵᠠᠮ ᠪᠣᠯ ᠯᠠᠨᠵᠧᠦ ᠬᠤᠲᠠ ᠠᠴᠠ ᠭᠠᠨᠨᠠᠨ ᠤ ᠲᠥᠪᠡᠳ ᠦᠨᠳᠦᠰᠦᠲᠡᠨ ᠤ ᠥᠪᠡᠷᠲᠡᠭᠡᠨ  ᠵᠠᠰᠠᠬᠤ ᠵᠧᠦ ᠶᠢᠨ ᠾᠧ ᠽᠦᠸᠧ ᠬᠤᠲᠠ ᠬᠦᠷᠬᠦ ᠲᠡᠮᠦᠷ ᠵᠠᠮ ᠪᠣᠯᠬᠤ ᠪᠥᠭᠡᠳ ᠮᠥᠨᠴᠦ ︽ᠨᠠᠢᠮᠠᠨ ᠭᠤᠯᠳᠤ ᠨᠠᠢᠮᠠᠨ  ᠬᠥᠨᠳᠡᠯᠡᠨ︾ ᠦᠨᠳᠤᠷ ᠬᠤᠷᠳᠤᠴᠠᠳᠤ ᠲᠡᠮᠦᠷ ᠵᠠᠮ ᠤᠨ ᠲᠣᠤᠷ ᠤᠨ ᠭᠤᠤᠯ ᠵᠠᠮ ᠤᠨ ᠨᠢᠭᠡ ᠪᠣᠯᠬᠤ ᠯᠠᠨ ᠭᠤᠸᠠᠩ  ᠨᠡᠪᠲᠡᠷᠡᠬᠦ ᠵᠠᠮ ᠤᠨ ᠪᠦᠷᠢᠯᠳᠦᠬᠦᠨ ᠬᠡᠰᠡᠭ ᠪᠣᠯᠬᠤ ᠪᠥᠭᠡᠳ ᠪᠠᠶᠢᠭᠤᠯᠤᠭᠰᠠᠨ ᠤ ᠳᠠᠷᠠᠭ᠎ᠠ ᠣᠷᠣᠨ ᠪᠦᠰᠡ ᠶᠢᠨ ᠠᠵᠤ  ᠠᠬᠤᠶ ᠨᠡᠶᠢᠭᠡᠮ ᠤᠨ ᠬᠥᠭᠵᠢᠯᠲᠡ ᠶᠢ ᠳᠠᠶᠢᠴᠢᠯᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ ᠭᠡᠵᠡᠢ᠃            ᠥᠪᠥᠷ ᠮᠣᠩᠭᠤᠯ ᠳᠤ᠂ ᠪᠤᠭᠤᠲᠤ ᠠᠴᠠ ᠢᠷᠭᠠᠢ ᠬᠦᠷᠬᠦ ᠲᠦᠷᠭᠡᠨ ᠤ ᠲᠡᠮᠦᠷ ᠵᠠᠮ ᠤᠨ  ᠶᠢᠨᠴᠤᠸᠠᠨ ᠠᠴᠠ  ᠪᠠᠶᠠᠨᠬᠤᠲᠠ ᠬᠦᠷᠬᠦ ᠰᠠᠯᠪᠤᠷᠢ ᠱᠤᠭᠤᠮ ᠤᠨ ᠴᠠᠩ ᠵᠦᠩ ᠵᠠᠰᠠᠮᠠᠯ ᠵᠠᠮ ᠤᠨ ᠨᠢᠭᠡᠳᠦᠭᠡᠷ ᠳᠡᠰ ᠤᠨ ᠶᠡᠭᠡ  ᠬᠥᠭᠦᠷᠭᠡ ᠶᠢᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ᠂ 300 ᠭᠠᠷᠤᠢ ᠪᠦᠲᠦᠭᠡᠨ ᠪᠠᠶᠢᠭᠤᠯᠤᠭᠴᠢ ᠪᠠᠷᠢᠯᠭ᠎ᠠ ᠶᠢᠨ  ᠭᠠᠵᠠᠷ ᠲᠤ ᠦᠨᠳᠦᠰᠦ ᠬᠠᠳᠬᠤᠬᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠪᠡ᠃ ᠴᠠᠩ ᠵᠦᠩ  ᠵᠠᠰᠠᠮᠠᠯ ᠵᠠᠮ ᠤᠨ ᠨᠢᠭᠡᠳᠦᠭᠡᠷ ᠳᠡᠰ ᠤᠨ ᠶᠡᠭᠡ ᠬᠥᠭᠦᠷᠭᠡ ᠶᠢᠨ ᠳᠡᠭᠡᠷ᠎ᠡ ᠮᠤᠵᠢ ᠠᠯᠤᠰᠯᠠᠭᠰᠠᠨ S218 ᠵᠠᠮ ᠪᠣᠯ  ᠶᠢᠨᠴᠤᠸᠠᠨ ᠠᠴᠠ ᠪᠠᠶᠠᠨᠬᠤᠲᠠ ᠬᠦᠷᠬᠦ ᠰᠠᠯᠪᠤᠷᠢ ᠱᠤᠭᠤᠮ ᠤᠨ ᠥᠪᠥᠷ ᠮᠣᠩᠭᠤᠯ ᠤᠨ ᠬᠡᠰᠡᠭ ᠤᠨ ᠬᠦᠨᠳᠦ ᠪᠡᠷᠬᠡ  ᠪᠠᠷᠢᠯᠭ᠎ᠠ ᠪᠣᠯᠣᠨ᠎ᠠ᠃ ᠣᠳᠣᠬᠠᠨ ᠳᠤ᠂ ᠬᠥᠭᠦᠷᠭᠡ ᠶᠢᠨ ᠳᠣᠤᠷᠠᠳᠤ ᠲᠠᠯ᠎ᠠ ᠶᠢᠨ ᠪᠦᠲᠦᠴᠡ ᠨᠢᠭᠡᠨᠲᠡ ᠡᠴᠦᠰ ᠤᠨ  ᠪᠠᠷᠢᠯᠭ᠎ᠠ ᠶᠢᠨ ᠱᠠᠲᠤᠨ ᠳᠤ ᠣᠷᠣᠵᠤ᠂ ᠵᠢᠱᠢᠯᠲᠡ ᠪᠠᠷ 8 ᠳ᠋ᠤᠭᠠᠷ ᠰᠠᠷ᠎ᠠ ᠶᠢᠨ ᠰᠡᠭᠦᠯᠴᠢ ᠪᠠᠷ ᠶᠡᠭᠡ ᠬᠥᠭᠦᠷᠭᠡ ᠤᠨ  ᠦᠷᠭᠦᠯᠵᠢᠭᠰᠡᠨ ᠨᠢᠷᠤᠭᠤ ᠵᠠᠯᠭᠠᠯᠳᠤᠬᠤ ᠶᠢ ᠪᠡᠶᠡᠯᠡᠭᠦᠯᠤᠨ᠎ᠡ᠃            ᠲᠥᠷᠥᠯ ᠵᠦᠢᠯ ᠤᠨ ᠬᠠᠷᠢᠭᠤᠴᠠᠯᠭᠠᠲᠠᠨ ᠼᠦᠢ ᠪᠦᠦ ᠬᠤᠩ ᠤᠨ ᠲᠠᠨᠢᠯᠴᠠᠭᠤᠯᠤᠭᠰᠠᠨ ᠢᠶᠠᠷ᠂ ᠪᠥᠲᠥᠭᠡᠨ  ᠪᠠᠶᠢᠭᠤᠯᠤᠯᠲᠠ ᠶᠢᠨ ᠶᠠᠪᠤᠴᠠ ᠳᠤ᠂ ᠮᠤᠵᠢ ᠶᠢᠨ ᠵᠠᠮ ᠤᠨ S218 ᠱᠤᠭᠤᠮ ᠤᠨ ᠬᠡᠪ ᠤᠨ ᠡᠵᠡᠩᠨᠡᠯᠲᠡ ᠶᠢ  ᠪᠠᠲᠤᠯᠠᠬᠤ ᠶᠢᠨ ᠲᠥᠯᠥᠭᠡ᠂ ᠪᠠᠷᠢᠯᠭ᠎ᠠ ᠶᠢᠨ ᠠᠵᠢᠯᠲᠠᠨ ᠶᠡᠭᠡ ᠬᠥᠭᠦᠷᠭᠡᠨ ᠳᠡᠭᠡᠷᠡᠬᠢ ᠮᠤᠵᠢ ᠠᠯᠤᠰᠯᠠᠭᠰᠠᠨ  ᠬᠡᠰᠡᠭ ᠲᠤ ᠪᠢᠲᠡᠭᠦᠮᠵᠢᠯᠡᠭᠰᠡᠨ ᠬᠡᠯᠪᠡᠷᠢ ᠶᠢᠨ ᠰᠡᠷᠭᠡᠶᠢᠯᠡᠯᠲᠡ ᠬᠠᠮᠠᠭᠠᠯᠠᠯᠲᠠ ᠶᠢᠨ ᠪᠠᠷᠢᠯᠭ᠎ᠠ ᠬᠢᠬᠦ ᠶᠢᠨ ᠬᠠᠮᠲᠤ  ᠲᠤᠬᠠᠶ ᠶᠢᠨ ᠭᠠᠵᠠᠷ ᠤᠨ ᠰᠠᠯᠬᠢ ᠰᠢᠭᠤᠷᠭ᠎ᠠ ᠨᠡᠯᠢᠶᠡᠳ ᠣᠯᠠᠨ ᠪᠠᠶᠢᠳᠠᠯ ᠳᠤ ᠴᠢᠭᠯᠡᠭᠦᠯᠦᠨ ᠰᠠᠯᠬᠢᠨ ᠬᠡᠮᠵᠢᠬᠦ ᠪᠠᠭᠠᠵᠢ  ᠳᠣᠭᠢᠷᠠᠭᠤᠯᠵᠤ᠂ ᠶᠡᠭᠡ ᠰᠠᠯᠬᠢᠨ ᠤ ᠠᠭᠤᠷ ᠠᠮᠢᠰᠬᠤᠯ ᠢᠯᠡᠷᠡᠪᠡᠯ ᠠᠵᠢᠯ ᠢᠶᠠᠨ ᠵᠣᠭᠰᠣᠭᠠᠵᠤ᠂ ᠪᠠᠷᠢᠯᠭ᠎ᠠ ᠶᠢᠨ ᠠᠮᠤᠷ  ᠲᠦᠪᠰᠢᠨ ᠵᠢᠴᠢ ᠨᠠᠭᠠᠰᠢ ᠴᠠᠭᠠᠰᠢ ᠥᠩᠭᠡᠷᠡᠬᠦ ᠲᠡᠷᠭᠡᠨ ᠤ ᠠᠮᠤᠷ ᠲᠦᠪᠰᠢᠨ ᠢᠶᠠᠷ ᠨᠡᠪᠲᠡᠷᠡᠬᠦ ᠶᠢ ᠦᠨᠡᠨ ᠬᠦ  ᠪᠠᠳᠤᠯᠠᠨ᠎ᠠ ᠭᠡᠪᠡ᠃            ᠰᠧᠴᠤᠸᠠᠨ ᠳᠤ᠂ ᠴᠧᠩᠳᠦ᠋ ᠶᠢᠨ ᠲᠤᠭᠤᠷᠢᠯ ᠵᠠᠮ ᠤᠨ ᠨᠡᠪᠳᠡᠷᠡᠯᠴᠡᠭᠡ 17 ᠳ᠋ᠤᠭᠠᠷ ᠱᠤᠭᠤᠮ ᠤᠨ  ᠬᠤᠶᠠᠳᠤᠭᠠᠷ ᠬᠤᠭᠤᠴᠠᠭᠠᠨ ᠤ ᠪᠠᠷᠢᠯᠭ᠎ᠠ ᠶᠢᠨ ᠣᠷᠣᠨ ᠤ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ᠂ ᠪᠦᠲᠦᠭᠡᠨ  ᠪᠠᠶᠢᠭᠤᠯᠤᠭᠴᠢ ᠶᠢᠨ ᠵᠢᠯᠣᠭᠤᠳᠤᠯᠭ᠎ᠠ ᠳᠣᠣᠷ᠎ᠠ᠂ ᠳ᠋ᠢᠶᠠᠮᠧᠲᠷ ᠨᠢ 8.6 ᠮᠧᠲᠷ ᠬᠦᠷᠬᠦ ᠪᠠᠮᠪᠠᠢ ᠪᠦᠳᠦᠴᠡ ᠶᠢᠨ  ᠮᠠᠰᠢᠨ ᠨᠢ ᠶᠠᠭ 24 ᠴᠠᠭ ᠲᠠᠰᠤᠷᠠᠯᠲᠠ ᠦᠭᠡᠢ ᠮᠠᠯᠲᠠᠵᠤ ᠪᠠᠶᠢᠨ᠎ᠠ᠂ ᠡᠨᠡ ᠨᠢ ᠮᠥᠨ ᠴᠦ ᠴᠧᠩᠳᠦ᠋ ᠶᠢᠨ ᠭᠠᠵᠠᠷ  ᠳᠣᠣᠷᠠᠬᠢ ᠲᠡᠮᠦᠷ ᠵᠠᠮ ᠤᠨ ᠪᠦᠲᠦᠭᠡᠨ ᠪᠠᠢᠭᠤᠯᠤᠯᠲᠠ ᠳᠤ ᠠᠩᠬ᠎ᠠ ᠤᠳᠠᠭ᠎ᠠ ᠳ᠋ᠢᠶᠠᠮᠧᠲᠷ ᠨᠢ 8 ᠮᠧᠲᠷ ᠠᠴᠠ  ᠳᠠᠪᠠᠭᠰᠠᠨ ᠪᠠᠮᠪᠠᠢ ᠪᠦᠳᠦᠴᠡ ᠶᠢᠨ ᠮᠠᠰᠢᠨ ᠢᠶᠠᠷ ᠭᠤᠣᠯ ᠬᠤᠲᠠ ᠶᠢ ᠲᠤᠭᠤᠯᠵᠤ ᠪᠠᠶᠢᠭ᠎ᠠ ᠶᠠᠪᠤᠳᠠᠯ ᠪᠣᠯᠤᠨ᠎ᠠ᠃            ᠲᠥᠷᠥᠯ ᠵᠦᠢᠯ ᠤᠨ ᠬᠠᠷᠢᠭᠤᠴᠠᠯᠭᠠᠲᠠᠨ ᠸᠠᠩ ᠸᠧᠶ ᠶᠢᠨ ᠲᠠᠨᠢᠯᠴᠠᠭᠤᠯᠤᠭᠰᠠᠨ ᠢᠶᠠᠷ᠂ ᠪᠠᠮᠪᠠᠢ ᠪᠦᠳᠦᠴᠡ ᠶᠢᠨ  ᠨᠦᠬᠡᠨ ᠵᠠᠮ ᠠᠴᠠ ᠴᠧᠩ ᠶᠠ ᠰᠢ ᠬᠤᠸᠠᠨ ᠲᠡᠮᠦᠷ ᠵᠠᠮ ᠤᠨ ᠬᠤᠯᠪᠣᠭ᠎ᠠ ᠪᠠ ᠴᠧᠩᠳᠦ᠋ ᠬᠤᠲᠠ ᠶᠢᠨ ᠭᠤᠷᠪᠠᠳᠤᠭᠠᠷ  ᠲᠣᠭᠤᠷᠢᠯ ᠵᠠᠮ ᠢ ᠰᠤᠨᠳᠠᠯᠠᠵᠤ᠂ ᠭᠠᠵᠠᠷ ᠳᠣᠤᠷᠠᠬᠢ ᠲᠡᠮᠦᠷ ᠵᠠᠮ ᠤᠨ 7 ᠳ᠋ᠤᠭᠠᠷ ᠨᠣᠮᠧᠷᠲᠦ ᠱᠤᠭᠤᠮ ᠢ  ᠰᠤᠨᠳᠠᠯᠠᠭᠰᠠᠨ ᠪᠥᠭᠡᠳ ᠣᠷᠣᠰᠢᠵᠤ ᠪᠠᠶᠢᠭ᠎ᠠ ᠭᠠᠵᠠᠷ ᠤᠨ ᠳᠠᠪᠬᠤᠷᠭ᠎ᠠ ᠨᠢ ᠤᠰᠤ ᠡᠯᠪᠡᠭ ᠡᠯᠡᠰᠦᠨ ᠥᠨᠳᠡᠭᠡᠨ  ᠴᠢᠯᠠᠭᠤᠲᠤ ᠭᠠᠵᠠᠷ ᠤᠨ ᠳᠠᠪᠬᠤᠷᠭ᠎ᠠ ᠪᠠᠶᠢᠵᠤ᠂ ᠡᠩ ᠤᠨ ᠭᠠᠵᠠᠷ ᠤᠨ ᠳᠠᠪᠬᠤᠷᠭ᠎ᠠ ᠲᠠᠢ ᠬᠠᠷᠢᠴᠠᠭᠤᠯᠪᠠᠯ ᠂ ᠲᠡᠭᠦᠨ ᠤ  ᠭᠠᠵᠠᠷ ᠤᠨ ᠭᠠᠳᠠᠷᠭᠤ ᠶᠢᠨ ᠰᠠᠭᠤᠬᠤ ᠬᠤᠷᠳᠤᠴᠠ ᠨᠢ ᠨᠡᠯᠢᠶᠡᠳ ᠲᠦᠷᠭᠡᠨ᠂ ᠭᠠᠵᠠᠷ ᠰᠢᠨᠵᠢᠯᠡᠭᠡᠨ ᠤ ᠨᠥᠬᠦᠴᠡᠯ ᠨᠢ  ᠪᠤᠳᠤᠯᠢᠶᠠᠨᠲᠠᠢ᠂ ᠪᠠᠷᠢᠯᠭ᠎ᠠ ᠪᠠᠷᠢᠬᠤ ᠳᠤ ᠬᠦᠴᠢᠷ ᠤᠨ ᠬᠡᠮᠵᠢᠶ᠎ᠡ ᠨᠢ ᠶᠡᠭᠡ ᠪᠠᠶᠢᠳᠠᠭ ᠭᠡᠪᠡ᠃            ︽ᠨᠡᠪᠲᠡᠷᠡᠨ ᠥᠩᠭᠡᠷᠡᠬᠦ ᠶᠠᠪᠤᠴᠠ ᠳᠤ ᠭᠠᠵᠠᠷ ᠤᠨ ᠭᠠᠳᠠᠷᠭᠤ ᠰᠠᠭᠤᠬᠤ ᠬᠤᠷᠳᠤᠴᠠ ᠶᠢ ᠬᠢᠵᠠᠭᠠᠷᠯᠠᠬᠤ ᠶᠢᠨ  ᠲᠥᠯᠥᠭᠡ᠂ ᠪᠢᠳᠡ ᠡᠭᠡᠳᠡᠩ ᠴᠢᠳᠭᠤᠬᠤ ᠠᠷᠭ᠎ᠠ ᠪᠠᠷ ᠡᠮᠦᠨ᠎ᠡ ᠲᠠᠯ᠎ᠠ ᠶᠢᠨ ᠭᠠᠵᠠᠷ ᠤᠨ ᠳᠠᠪᠬᠤᠷᠭ᠎ᠠ ᠶᠢ  ᠤᠷᠢᠳᠴᠢᠯᠠᠨ ᠪᠠᠬᠢᠵᠢᠭᠦᠯᠬᠦ᠂ ᠲᠣᠭᠲᠠᠭᠰᠠᠨ ᠬᠤᠭᠤᠴᠠᠭ᠎ᠠ ᠲᠠᠢ ᠪᠠᠷ ᠭᠠᠵᠠᠷ ᠰᠢᠨᠵᠢᠯᠡᠭᠡᠨ ᠤ ᠷᠠᠳᠠᠷ ᠤᠨ ᠲᠤᠨᠤᠮᠠᠯ  ᠪᠠᠶᠢᠴᠠᠭᠠᠯᠲᠠ ᠬᠢᠬᠦ ᠵᠡᠷᠭᠡ ᠠᠷᠭ᠎ᠠ ᠪᠠᠷᠢᠯ ᠢ ᠬᠡᠷᠡᠭᠯᠡᠨ ᠪᠠᠮᠪᠠᠢ ᠪᠦᠲᠦᠴᠡ ᠶᠢᠨ ᠮᠠᠰᠢᠨ ᠤ ᠠᠮᠤᠷ ᠲᠦᠪᠰᠢᠨ ᠢᠶᠠᠷ  ᠮᠠᠯᠲᠠᠬᠤ ᠶᠢ ᠦᠨᠡᠨ ᠬᠦ ᠪᠠᠲᠤᠯᠠᠪᠠ᠃ ᠣᠳᠣᠬᠠᠨ ᠳᠤ᠂ ᠨᠦᠬᠡᠨ ᠵᠠᠮ ᠤᠨ ᠰᠠᠭᠤᠬᠤ ᠬᠤᠷᠳᠤᠴᠠ ᠶᠢ ᠮᠢᠯᠢᠮᠧᠲᠷ ᠤᠨ  ᠳᠡᠰ ᠲᠤ ᠬᠢᠵᠠᠭᠠᠷᠯᠠᠪᠠ᠃︾ ᠭᠡᠵᠤ ᠸᠠᠩ ᠸᠧᠢ ᠬᠡᠯᠡᠪᠡ᠃           ᠴᠧᠩᠳᠦ᠋ ᠶᠢᠨ ᠲᠤᠭᠤᠷᠢᠯ ᠵᠠᠮ ᠤᠨ ᠨᠡᠪᠳᠡᠷᠡᠯᠴᠡᠭᠡ 17 ᠳ᠋ᠤᠭᠠᠷ ᠱᠤᠭᠤᠮ ᠤᠨ ᠬᠤᠶᠠᠳᠤᠭᠠᠷ  ᠬᠤᠭᠤᠴᠠᠭᠠᠨ ᠤ ᠪᠠᠷᠢᠯᠭ᠎ᠠ ᠶᠢᠨ ᠪᠦᠬᠦ ᠤᠷᠲᠤ ᠨᠢ 24.76 ᠺᠢᠯᠣᠮᠧᠲᠷ᠂ ᠨᠡᠶᠢᠳᠡ 18 ᠲᠡᠷᠭᠡᠨ ᠥᠷᠲᠡᠭᠡ   ᠪᠠᠶᠢᠭᠤᠯᠵᠤ᠂ ᠪᠦᠬᠦᠨ ᠢᠶᠠᠷ ᠢᠶᠠᠨ ᠭᠠᠵᠠᠷ ᠳᠣᠣᠷᠠᠬᠢ ᠲᠡᠷᠭᠡᠨ ᠥᠷᠲᠡᠭᠡ ᠪᠣᠯᠤᠨ᠎ᠠ᠂ ᠪᠠᠶᠢᠭᠤᠯᠤᠭᠳᠠᠭᠰᠠᠨ ᠤ ᠳᠠᠷᠠᠭ᠎ᠠ  ᠴᠧᠩᠳᠦ᠋ ᠶᠢᠨ ᠭᠤᠣᠯ ᠬᠤᠲᠠ ᠶᠢᠨ ᠲᠣᠭᠤᠷᠢᠭ ᠤᠨ ᠵᠠᠮ ᠬᠠᠷᠢᠯᠴᠠᠭᠠᠨ ᠤ ᠠᠵᠢᠯᠯᠠᠭᠠᠨ ᠤ ᠳᠠᠷᠤᠯᠲᠠ ᠶᠢ  ᠨᠠᠮᠳᠠᠭᠤᠯᠬᠤ ᠴᠢᠬᠤᠯᠠ ᠱᠤᠭᠤᠮ ᠤᠨ ᠨᠢᠭᠡ ᠪᠣᠯᠤᠨ᠎ᠠ᠃ ᠭᠦᠢᠵᠧᠦ ᠳᠤ᠂ ᠬᠠᠮᠤᠭ ᠰᠡᠭᠦᠯ ᠤᠨ ᠨᠢᠭᠡ ᠲᠦᠷᠪᠡᠯᠵᠢᠨ ᠮᠧᠲᠷ ᠪᠧᠲ᠋ᠣᠨ ᠴᠢᠳᠭᠤᠵᠤ ᠳᠠᠭᠤᠰᠬᠤ ᠶᠢ ᠳᠠᠭᠠᠯᠳᠤᠨ᠂  ᠵᠢᠶᠠᠨ ᠯᠢ ᠥᠨᠳᠥᠷ ᠬᠤᠷᠳᠤᠴᠠᠲᠤ ᠵᠠᠰᠠᠮᠠᠯ ᠵᠠᠮ ᠤᠨ ᠬᠦᠨᠳᠦ ᠬᠦᠴᠢᠷᠲᠡᠢ ᠪᠠᠷᠢᠯᠭ᠎ᠠ ᠫᠢᠩ ᠰᠢᠨ ᠲᠧ ᠶᠡᠭᠡ  ᠬᠥᠭᠦᠷᠭᠡ ᠶᠢᠨ ᠪᠠᠷᠠᠭᠤᠨ ᠲᠠᠯ᠎ᠠ ᠶᠢᠨ ᠨᠢᠷᠤᠭᠤ ᠦᠷᠭᠦᠯᠵᠢᠯᠡᠨ ᠵᠠᠯᠭᠠᠯᠳᠤᠬᠤ ᠶᠢ ᠤᠷᠤᠭᠰᠢᠲᠠᠢ ᠪᠡᠶᠡᠯᠡᠭᠦᠯᠵᠦ᠂  ᠵᠢᠶᠠᠨ ᠯᠢ ᠥᠨᠳᠥᠷ ᠬᠤᠷᠳᠤᠴᠠᠲᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠴᠢᠬᠤᠯᠠ ᠠᠬᠢᠴᠠ ᠲᠠᠢ  ᠪᠣᠯᠤᠭᠰᠠᠨ ᠢ ᠬᠠᠷᠠᠭᠤᠯᠵᠤ᠂ ᠵᠢᠱᠢᠯᠲᠡ ᠪᠠᠷ 9 ᠳ᠋ᠤᠭᠠᠷ ᠰᠠᠷ᠎ᠠ ᠶᠢᠨ ᠡᠬᠢ ᠪᠠᠷ ᠶᠡᠭᠡ ᠬᠥᠭᠦᠷᠭᠡ ᠨᠢ  ᠪᠦᠬᠦᠨ ᠢᠶᠠᠷ ᠢᠶᠠᠨ ᠪᠠᠷᠢᠯᠭ᠎ᠠ ᠳᠠᠭᠤᠰᠬᠤ ᠪᠣᠯᠤᠨ᠎ᠠ᠃ ᠲᠥᠷᠥᠯ ᠵᠦᠢᠯ ᠤᠨ ᠬᠠᠷᠢᠭᠤᠴᠠᠯᠭᠠᠲᠠᠨ ᠸᠠᠩ ᠵᠢᠶᠦ᠋ᠨ  ᠰᠢᠶᠦ᠋ᠨ ᠤ ᠲᠠᠨᠢᠯᠴᠠᠭᠤᠯᠤᠭᠰᠠᠨ ᠢᠶᠠᠷ᠂ ᠪᠠᠷᠢᠯᠭ᠎ᠠ ᠶᠢᠨ ᠠᠬᠢᠴᠠ ᠶᠢ ᠵᠠᠪᠳᠤᠨ ᠠᠳᠬᠤᠬᠤ ᠶᠢᠨ ᠲᠥᠯᠥᠭᠡ᠂ ᠲᠥᠷᠥᠯ  ᠵᠦᠢᠯ ᠤᠨ ᠬᠡᠯᠳᠡᠰ ᠪᠠᠷᠢᠯᠭ᠎ᠠ ᠶᠢᠨ ᠲᠥᠰᠦᠯ ᠢᠶᠠᠨ ᠰᠢᠯᠢᠳᠡᠭᠵᠢᠭᠦᠯᠵᠦ᠂ ᠠᠵᠢᠯ ᠤᠨ ᠳᠠᠷᠠᠭᠠᠯᠠᠯ ᠤᠨ  ᠵᠣᠯᠭᠠᠯᠴᠠᠭ᠎ᠠ ᠶᠢ ᠴᠢᠩᠭᠠᠳᠬᠠᠵᠤ᠂ ᠲᠠᠪᠤᠨ ᠠᠵᠢᠯ ᠤᠨ ᠡᠭᠡᠯᠵᠢ ᠪᠠᠷ ᠡᠭᠡᠯᠵᠢᠯᠡᠨ ᠠᠵᠢᠯᠯᠠᠵᠤ᠂ ᠪᠠᠷᠢᠯᠭ᠎ᠠ ᠶᠢᠨ  ᠵᠣᠬᠢᠶᠠᠨ ᠪᠠᠶᠢᠭᠤᠯᠤᠯᠲᠠ ᠠᠴᠠ ᠡᠭᠦᠷᠭᠡ ᠶᠢᠨ ᠭᠦᠢᠴᠡᠳᠭᠡᠯ ᠲᠤᠭ᠎ᠠ ᠶᠢ ᠨᠠᠷᠢᠯᠢᠬᠵᠢᠭᠤᠯᠤᠨ ᠵᠠᠳᠠᠯᠤᠪᠠ᠃             ᠵᠢᠶᠠᠨ ᠯᠢ ᠥᠨᠳᠥᠷ ᠬᠤᠷᠳᠤᠴᠠᠲᠤ ᠵᠠᠰᠠᠮᠠᠯ ᠵᠠᠮ ᠤᠨ ᠪᠦᠬᠦ ᠤᠷᠲᠤ ᠨᠢ ᠪᠠᠷᠤᠭ 74 ᠺᠢᠯᠣᠮᠧᠲᠷ ᠪᠠᠶᠢᠵᠤ᠂  ᠪᠠᠶᠢᠭᠤᠯᠵᠤ ᠳᠠᠭᠤᠰᠤᠭᠰᠠᠨ ᠤ ᠳᠠᠷᠠᠭ᠎ᠠ ᠭᠦᠢᠵᠧᠦ ᠮᠤᠵᠢ ᠶᠢᠨ ᠵᠢᠶᠠᠨ ᠾᠧ ᠰᠢᠶᠠᠨ ᠠᠴᠠ ᠯᠢ ᠫᠢᠩ ᠰᠢᠶᠠᠨ ᠬᠦᠷᠬᠦ  ᠠᠶᠠᠯᠠᠯ ᠤᠨ ᠴᠠᠭ ᠢ ᠪᠣᠭᠤᠨᠢᠰᠬᠠᠵᠤ᠂ 1 ᠴᠠᠭ ᠤᠨ ᠳᠣᠲᠣᠷ᠎ᠠ ᠬᠠᠷᠢᠯᠴᠠᠨ ᠬᠤᠯᠪᠣᠭᠠᠯᠠᠵᠤ ᠬᠠᠷᠢᠯᠴᠠᠨ  ᠨᠡᠪᠲᠡᠷᠡᠯᠴᠡᠬᠦ ᠶᠢ ᠪᠡᠶᠡᠯᠡᠭᠦᠯᠵᠦ᠂ ᠭᠦᠢᠵᠧᠦ ᠶᠢᠨ ᠵᠡᠭᠦᠨ ᠡᠮᠤᠨ᠎ᠡ ᠂ ᠵᠡᠭᠦᠨ ᠬᠡᠰᠡᠭ ᠤᠨ ᠭᠠᠵᠠᠷ ᠣᠷᠣᠨ ᠤ ᠲᠦᠷᠭᠡᠨ  ᠨᠡᠪᠲᠡᠷᠡᠬᠦ ᠵᠠᠮ ᠢ ᠪᠣᠶ ᠪᠣᠯᠭᠠᠨ᠎ᠠ ᠭᠡᠵᠡᠢ᠃
 
ᠢᠷᠡᠯᠲᠡ᠄ ᠰᠢᠨᠬᠤᠸᠠ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号