ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠳᠤ ᠠᠩᠬᠠᠷᠤᠯ ᠢᠶᠠᠨ ᠲᠥᠪᠯᠡᠷᠡᠭᠦᠯᠵᠦ ︽ᠰᠤᠷᠤᠯᠭ᠎ᠠ ᠡᠬᠢᠯᠡᠬᠦ ᠤᠯᠠᠷᠢᠯ︾ ᠢ ᠪᠥᠬᠦ  ᠬᠦᠴᠦ ᠪᠠᠷ ᠢᠶᠠᠨ ᠬᠠᠮᠠᠭᠠᠯᠠᠨ᠎ᠠ
ᠨᠡᠶᠢᠲᠡᠯᠡᠭᠰᠡᠨ ᠴᠠᠭ᠄
2023/8/29
     ᠢᠳᠡᠭᠡᠨ ᠤ ᠠᠮᠤᠷ ᠲᠦᠪᠰᠢᠨ ᠨᠢ ᠣᠯᠠᠨ ᠲᠦᠮᠡᠨ ᠤ ᠠᠩᠬᠠᠷᠤᠯ   ᠢ ᠲᠠᠲᠠᠭᠰᠠᠭᠠᠷ ᠢᠷᠡᠭᠰᠡᠨ ᠪᠥᠭᠡᠳ ᠰᠤᠷᠭᠠᠭᠤᠯᠢ   ᠶᠢᠨ ᠡᠷᠭᠢᠨ ᠲᠣᠭᠤᠷᠢᠨ ᠤ ᠢᠳᠡᠭᠡᠨ ᠤ ᠠᠮᠤᠷ ᠲᠦᠪᠰᠢᠨ ᠨᠢ ᠨᠡᠩ ᠴᠤ ᠨᠡᠶᠢᠭᠡᠮ ᠨᠡᠶᠢᠲᠡ   ᠶᠢᠨ ᠠᠩᠬᠠᠷᠤᠯ ᠤᠨ ᠲᠥᠪ ᠪᠣᠯᠣᠭᠰᠠᠭᠠᠷ ᠢᠷᠡᠵᠡᠶ᠃ᠰᠢᠨ᠎ᠡ ᠰᠤᠷᠤᠯᠭ᠎ᠠ ᠶᠢᠨ ᠬᠤᠭᠤᠴᠠᠭ᠎ᠠ ᠶᠢ ᠬᠠᠮᠠᠭᠠᠯᠠᠵᠤ᠂ ︽ᠰᠤᠷᠤᠯᠭ᠎ᠠ ᠡᠬᠢᠯᠡᠬᠦ ᠤᠯᠠᠷᠢᠯ︾ ᠢ ᠪᠠᠲᠤᠯᠠᠬᠤ ᠶᠢᠨ ᠲᠥᠯᠥᠭᠡ᠂ 8 ᠰᠠᠷ᠎ᠠ ᠶᠢᠨ 23 ᠤ ᠡᠳᠦᠷ᠂ ᠰᠠᠶᠢᠬᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠪᠠᠶᠠᠨ ᠵᠡᠭᠡᠯᠢ ᠭᠤᠳᠤᠮᠵᠢ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠠᠴᠠ ᠶᠡᠭᠡ ᠰᠤᠷᠭᠠᠭᠤᠯᠢ ᠶᠢᠨ ᠬᠤᠲᠠ ᠶᠢᠨ ᠡᠷᠬᠢᠨ ᠲᠣᠭᠤᠷᠢᠨ ᠤ ᠬᠤᠳᠠᠯᠳᠤᠭᠠᠨ ᠤ ᠡᠷᠦᠬᠡ ᠳᠤ ᠢᠳᠡᠭᠡᠨ ᠤ ᠠᠮᠤᠷ ᠲᠦᠪᠰᠢᠨ ᠤ ᠲᠤᠰᠬᠠᠢ ᠪᠠᠶᠢᠴᠠᠭᠠᠯᠲᠠ ᠬᠢᠵᠦ᠂ ᠢᠳᠡᠭᠡᠨ ᠤ ᠠᠮᠤᠷ ᠲᠦᠪᠰᠢᠨ  ᠢ ᠴᠢᠩᠭ᠎ᠠ ᠰᠡᠷᠭᠡᠶᠢᠯᠡᠪᠡ᠃
     ᠬᠠᠤᠯᠢ ᠬᠡᠷᠡᠭᠵᠢᠭᠦᠯᠬᠦ ᠠᠵᠢᠯᠲᠠᠨ ᠰᠤᠷᠭᠠᠭᠤᠯᠢ ᠶᠢᠨ ᠬᠦᠷᠢᠶᠡᠨ ᠤ ᠡᠷᠭᠢᠨ ᠲᠣᠭᠤᠷᠢᠨ ᠤ ᠢᠳᠡᠭᠡᠨ ᠡᠵᠡᠩᠨᠡᠬᠦ ᠡᠷᠦᠬᠡ ᠳᠤ ᠭᠦᠨᠵᠡᠭᠡᠶᠢᠷᠡᠵᠦ᠂ ᠰᠤᠷᠭᠠᠭᠤᠯᠢ ᠶᠢᠨ ᠬᠦᠷᠢᠶᠡᠨ ᠤ ᠡᠷᠭᠢᠨ ᠲᠣᠭᠤᠷᠢᠨ ᠤ ᠢᠳᠡᠭᠡᠨ ᠤ ᠵᠦᠢᠯ ᠤᠨ ᠢᠳᠡᠭᠡᠨ ᠤᠮᠳᠠᠭᠠᠨ ᠤ ᠳᠡᠯᠭᠡᠭᠦᠷ  ᠂  ᠵᠢᠵᠢᠭ ᠳᠡᠯᠭᠡᠭᠦᠷ ᠵᠡᠷᠭᠡ ᠪᠠᠷ ᠭᠤᠣᠯᠳᠠᠯᠭ᠎ᠠ  ᠲᠠᠢ ᠪᠠᠶᠢᠴᠠᠭᠠᠭᠳᠠᠬᠤ ᠡᠲᠡᠭᠡᠳ ᠢᠶᠠᠨ ᠪᠣᠯᠭᠠᠵᠤ᠂ ᠪᠣᠷᠤᠯᠠᠭᠤᠯᠭ᠎ᠠ ᠰᠠᠶᠢᠲᠠᠢ ᠮᠥᠷᠲᠡᠭᠡᠨ ᠴᠢᠨᠠᠷ ᠢ ᠪᠠᠲᠤᠯᠠᠬᠤ ᠬᠤᠭᠤᠴᠠᠭ᠎ᠠ ᠨᠢ ᠣᠬᠤᠷ᠂ ᠠᠮᠠᠷᠬᠠᠨ ᠢᠯᠵᠢᠷᠡᠵᠦ ᠴᠢᠨᠠᠷ ᠬᠤᠪᠢᠷᠠᠬᠤ ᠵᠡᠷᠭᠡ ᠢᠳᠡᠭᠡᠨ ᠢᠶᠠᠷ ᠭᠤᠣᠯᠳᠠᠯᠭ᠎ᠠ ᠲᠠᠢ ᠲᠥᠷᠥᠯ ᠵᠦᠢᠯ ᠪᠣᠯᠭᠠᠵᠤ᠂ ᠬᠤᠳᠠᠯᠳᠤᠭᠠᠴᠢᠨ ᠤ ᠭᠡᠷᠡᠴᠢ ᠦᠨᠡᠮᠯᠡᠯ ᠢ ᠢᠯᠡ ᠨᠡᠶᠢᠲᠡᠯᠡᠬᠦ᠂ ᠢᠳᠡᠭᠡᠨ ᠤ ᠲᠦᠭᠦᠬᠡᠢ ᠮᠠᠲ᠋ᠧᠷᠢᠶᠠᠯ ᠢ ᠬᠤᠳᠠᠯᠳᠤᠨ ᠠᠪᠴᠤ ᠬᠠᠳᠠᠭᠠᠯᠠᠬᠤ᠂ ᠡᠳ᠋ᠰᠢᠭᠦᠯᠦᠨ ᠦᠢᠯᠡᠳᠬᠦ᠂ ᠣᠷᠴᠢᠨ ᠲᠣᠭᠤᠷᠢᠨ ᠤ ᠬᠡᠷᠡᠭᠰᠡᠯ ᠢ ᠠᠷᠢᠭᠤᠳᠬᠠᠬᠤ ᠵᠡᠷᠭᠡ ᠲᠠᠯ᠎ᠠ ᠶᠢᠨ ᠪᠠᠶᠢᠳᠠᠯ ᠢᠶᠠᠷ ᠭᠤᠣᠯᠳᠠᠯᠭ᠎ᠠ ᠲᠠᠢ ᠴᠢᠭᠯᠡᠯ ᠪᠣᠯᠭᠠᠵᠤ᠂ ᠡᠯ᠎ᠡ ᠬᠤᠳᠠᠯᠳᠤᠭᠠᠴᠢᠨ ᠢ ᠢᠳᠡᠭᠡᠨ ᠤ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠢ ᠴᠢᠩᠭ᠎ᠠ ᠬᠡᠷᠡᠭᠵᠢᠭᠦᠯᠵᠦ᠂ ᠢᠳᠡᠭᠡᠨ ᠤ ᠠᠮᠤᠷ ᠲᠦᠪᠰᠢᠨ ᠤ ᠳᠠᠯᠳᠠ ᠬᠡᠮ ᠢ ᠴᠠᠭ ᠲᠤᠬᠠᠢ ᠳᠤᠨᠢ ᠠᠷᠢᠯᠭᠠᠬᠤ ᠬᠡᠷᠡᠭᠲᠡᠢ ᠭᠡᠵᠦ ᠱᠠᠭᠠᠷᠳᠠᠪᠠ᠃
     ︽ᠰᠤᠷᠤᠭᠴᠢᠳ ᠤᠨ ᠡᠷᠡᠭᠦᠯ ᠮᠡᠨᠳᠤ ᠳᠤ ᠪᠠᠭ᠎ᠠ  ᠤᠴᠢᠷ ᠭᠡᠵᠦ ᠦᠭᠡᠢ᠂ ᠢᠳᠡᠭᠡᠨ ᠤ ᠠᠮᠤᠷ ᠲᠦᠪᠰᠢᠨ ᠪᠣᠯ ᠶᠡᠭᠡ  ᠣᠴᠢᠷ︾᠂ ᠰᠤᠷᠤᠭᠴᠢᠳ ᠤᠨ ᠡᠷᠡᠭᠦᠯ ᠮᠡᠨᠳᠤ ᠳᠤ ᠲᠦᠭ ᠲᠦᠮᠡᠨ ᠭᠡᠷ ᠤᠨ ᠠᠬᠠᠮᠠᠳ  ᠤᠨ ᠰᠡᠳᠬᠢᠯ  ᠢ ᠲᠠᠲᠠᠵᠤ᠂ ᠰᠠᠶᠢᠬᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠦᠷᠭᠦᠯᠵᠢᠯᠡᠨ ᠪᠠᠷᠢᠮᠲᠠᠯᠠᠵᠤ᠂ ᠡᠭᠦᠷᠭᠡ ᠴᠢᠳᠠᠪᠬᠢ ᠶᠢᠨ ᠦᠢᠯᠡᠳᠦᠯ ᠢᠶᠠᠨ ᠪᠠᠳᠠᠷᠠᠭᠤᠯᠵᠤ᠂ ᠪᠦᠬᠦᠨ ᠢ ᠪᠦᠷᠬᠦᠭᠦᠯᠦᠭᠰᠡᠨ ᠬᠢᠨᠠᠯᠲᠠ ᠪᠠᠶᠢᠴᠠᠭᠠᠯᠲᠠ ᠶᠢ ᠥᠷᠨᠢᠭᠦᠯᠵᠦ᠂ ᠢᠳᠡᠭᠡᠨ ᠤ ᠠᠮᠤᠷ ᠲᠦᠪᠰᠢᠨ ᠤ ᠭᠡᠮ ᠰᠣᠭᠤᠭ ᠢ ᠳᠠᠷᠠᠭᠠᠯᠠᠨ ᠪᠠᠶᠢᠴᠠᠭᠠᠵᠤ᠂ ᠲᠤᠭᠤᠷᠢᠭ ‍ᠤᠨ‌‍ᠰᠤᠷᠤᠭᠴᠢᠳ ᠤᠨ︽ᠢᠳᠡᠭᠡᠨ ᠤᠮᠳᠠᠭᠠᠨ ᠤ ᠠᠮᠤᠷ ᠲᠦᠪᠰᠢᠨ︾︾ ᠳᠤ ︽ᠬᠠᠮᠠᠭᠠᠯᠠᠯᠲᠠ ᠶᠢᠨ ᠲᠣᠣᠷ︾︾ ᠢ ᠲᠠᠲᠠᠵᠤ᠂ ︽ᠠᠮᠤᠷ ᠲᠦᠪᠰᠢᠨ ᠤ ᠬᠡᠷᠡᠮ︾  ᠢ ᠪᠣᠰᠬᠠᠬᠤ ᠪᠠᠷ ᠪᠠᠶᠢᠨ᠎ᠠ᠃     ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号