ᠵᠠᠮ ᠬᠠᠷᠢᠯᠴᠠᠭᠠᠨ ᠤ ᠬᠠᠤᠯᠢ  ᠶᠢᠨ ᠮᠡᠳᠡᠯᠭᠡ ᠶᠢᠨ ᠠᠵᠢᠯᠯᠠᠭ᠎ᠠ ᠨᠡᠶᠢᠭᠡᠮ ᠲᠣᠭᠤᠷᠢᠭ ᠲᠤ  ᠣᠷᠤᠵᠦ  ᠠᠶᠦᠯᠭᠦᠢ ᠶᠢᠨ ᠤᠬᠠᠭᠤᠯᠭ᠎ᠠ  ᠬᠢᠪᠡ
ᠨᠡᠶᠢᠲᠡᠯᠡᠭᠰᠡᠨ ᠴᠠᠭ᠄
2023/8/3
     ᠰᠠᠭᠤᠭᠠᠯᠢ ᠠᠷᠠᠳ ᠤᠨ ᠪᠣᠯᠪᠠᠰᠤᠨ ᠵᠠᠮ ᠬᠠᠷᠢᠯᠴᠠᠭ᠎ᠠ ᠶᠢᠨ ᠬᠡᠪ ᠴᠢᠨᠠᠷ ᠢ ᠳᠡᠭᠡᠭᠰᠢᠯᠡᠭᠦᠯᠬᠦ ᠶᠢᠨ ᠲᠥᠯᠥᠭᠡ᠂ ᠰᠠᠭᠤᠭᠠᠯᠢ ᠠᠷᠠᠳ ᠤᠨ ᠵᠠᠮ ᠬᠠᠷᠢᠯᠴᠠᠭᠠᠨ ᠤ ᠬᠠᠤᠯᠢ ᠴᠠᠭᠠᠵᠠ ᠶᠢᠨ ᠤᠬᠠᠮᠰᠠᠷ ᠢ ᠤᠯᠠᠮ ᠨᠢᠭᠡ ᠠᠯᠬᠤᠮ ᠬᠥᠮᠥᠵᠢᠭᠦᠯᠵᠦ᠂ ︽ᠬᠠᠤᠯᠢ ᠶᠢ ᠰᠤᠷᠤᠯᠴᠠᠬᠤ᠂ ᠬᠠᠤᠯᠢ ᠶᠢ ᠣᠶᠢᠯᠠᠭᠠᠬᠤ᠂ ᠬᠠᠤᠯᠢ ᠶᠢ ᠰᠠᠬᠢᠬᠤ᠂ ᠬᠠᠤᠯᠢ ᠶᠢ ᠬᠡᠷᠡᠭᠯᠡᠬᠦ︾  ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠣᠶᠢᠷ᠎ᠠ ᠳᠤ᠂ ᠰᠠᠶᠢᠬᠠᠨ ᠲᠣᠭᠤᠷᠢᠭ ᠤᠨ ᠠᠷᠠᠳ ᠤᠨ ᠵᠠᠮ ᠤᠨ ᠵᠡᠭᠡᠯᠢ ᠭᠤᠳᠤᠮᠵᠢ ᠶᠢᠨ ᠱᠢ ᠴᠢ ᠨᠡᠶᠢᠭᠡᠮ ᠲᠣᠭᠤᠷᠢᠭ ᠤᠨ ᠬᠢᠨ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠰᠠᠶᠢᠬᠠᠨ ᠶᠡᠭᠡ ᠠᠩᠭᠢ ᠲᠠᠢ ᠬᠠᠮᠲᠤᠷᠠᠨ ︽ᠵᠠᠮ ᠬᠠᠷᠢᠯᠴᠠᠭᠠᠨ ᠤ ᠬᠠᠤᠯᠢ  ᠶᠢᠨ ᠮᠡᠳᠡᠯᠭᠡ ᠶᠢᠨ ᠠᠵᠢᠯᠯᠠᠭ᠎ᠠ ᠨᠡᠶᠢᠭᠡᠮ ᠲᠣᠭᠤᠷᠢᠭ ᠲᠤ  ᠣᠷᠤᠵᠦ  ᠠᠶᠦᠯᠭᠦᠢ ᠶᠢᠨ  ᠤᠬᠠᠭᠤᠯᠭ᠎ᠠ   ᠬᠢᠬᠦ︾ ᠪᠠᠷ ᠭᠤᠣᠯ ᠰᠡᠳᠦᠪ ᠪᠣᠯᠭᠠᠭᠰᠠᠨ  ᠠᠵᠢᠯᠯᠠᠭ᠎ᠠ ᠥᠷᠨᠢᠭᠦᠯᠪᠡ᠃
     ᠠᠵᠢᠯᠯᠠᠭᠠᠨ ᠤ ᠳᠤᠮᠳᠠ᠂ ᠵᠠᠮ ᠬᠠᠷᠢᠯᠴᠠᠭᠠᠨ ᠤ ᠴᠠᠭᠳᠠᠭ᠎ᠠ ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ᠂ ᠵᠠᠮ ᠬᠠᠷᠢᠯᠴᠠᠭᠠᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠷᠭ᠎ᠠ ᠵᠢᠴᠢ ᠭᠠᠳᠠᠭᠰᠢ ᠭᠠᠷᠬᠤ ᠳᠤ ᠠᠩᠬᠠᠷᠬᠤ ᠴᠢᠬᠤᠯᠠᠲᠠᠢ ᠠᠮᠤᠷ ᠲᠦᠪᠰᠢᠨ ᠤ ᠵᠦᠢᠯᠡᠰ   ᠢ ᠨᠠᠷᠢᠨ ᠲᠠᠶᠢᠯᠪᠤᠷᠢᠯᠠᠪᠠ᠃ ᠲᠡᠷᠡᠴᠢᠯᠡᠨ ᠬᠢᠨᠠᠨ ᠡᠵᠡᠮᠳᠡᠵᠦ ᠰᠡᠭᠦᠳᠡᠷᠯᠡᠭᠰᠡᠨ ᠦᠨᠡᠨ ᠪᠣᠳᠠᠲᠠᠢ ᠬᠡᠷᠡᠭ ᠤᠨ ᠵᠢᠱᠢᠶ᠎ᠡ ᠶᠢᠨ ᠸᠢᠳᠢᠤ᠋ ᠪᠠᠷ ᠳᠠᠮᠵᠢᠭᠤᠯᠤᠨ ᠰᠠᠭᠤᠭᠠᠯᠢ ᠠᠷᠠᠳ ᠲᠤ ᠦᠷᠭᠦᠯᠵᠢ ᠲᠣᠬᠢᠶᠠᠯᠳᠤᠳᠠᠭ ᠵᠠᠮ ᠬᠠᠷᠢᠯᠴᠠᠭᠠᠨ ᠤ ᠬᠠᠤᠯᠢ ᠶᠢ ᠵᠥᠷᠢᠴᠡᠭᠰᠡᠨ ᠦᠶᠯᠡ ᠠᠵᠢᠯᠯᠠᠭ᠎ᠠ ᠶᠢ ᠰᠢᠭᠤᠳ ᠲᠠᠨᠢᠯᠴᠠᠭᠤᠯᠵᠤ᠂ ᠵᠢᠱᠢᠶᠡᠯᠡᠪᠡᠯ ᠲᠡᠷᠭᠡ ᠵᠢᠯᠤᠭᠤᠳᠴᠤ ᠭᠠᠷ ᠤᠲᠠᠰᠤ ᠦᠵᠡᠬᠦ᠂ ᠠᠮᠤᠷ ᠲᠦᠪᠰᠢᠨ ᠤ ᠳᠤᠭᠤᠯᠠᠭ᠎ᠠ ᠵᠡᠭᠦᠬᠦ ᠦᠭᠡᠢ᠂ ᠰᠥᠷᠭᠡᠦ ᠴᠢᠭᠯᠡᠯ ᠢᠶᠠᠷ ᠶᠠᠪᠤᠬᠤ᠂ ᠰᠣᠭᠲᠣᠭᠤ ᠪᠠᠷ ᠲᠡᠷᠭᠡ ᠵᠢᠯᠤᠭᠤᠳᠬᠤ ᠵᠡᠷᠭᠡ ᠨᠢ ᠰᠠᠭᠤᠭᠠᠯᠢ ᠠᠷᠠᠳ ᠲᠤ ᠵᠠᠮ ᠬᠠᠷᠢᠯᠴᠠᠭᠠᠨ ᠤ ᠬᠠᠤᠯᠢ ᠶᠢ ᠵᠥᠷᠢᠴᠡᠭᠰᠡᠨ ᠦᠶᠯᠡ ᠠᠵᠢᠯᠯᠠᠭ᠎ᠠ ᠵᠢᠴᠢ ᠠᠮᠤᠷ ᠲᠦᠪᠰᠢᠨ ᠤ ᠨᠠᠷᠢᠨ ᠵᠦᠢᠯᠡᠰ ᠢ ᠣᠮᠲᠣᠭᠠᠶᠢᠯᠠᠭᠰᠠᠨ ᠠᠴᠠ ᠪᠣᠯᠤᠭᠰᠠᠨ ᠵᠠᠮ ᠬᠠᠷᠢᠯᠴᠠᠭᠠᠨ ᠤ  ᠬᠤᠣᠷ ᠬᠥᠨᠥᠭᠡᠯ ᠢ ᠲᠠᠨᠢᠭᠤᠯᠤᠭᠰᠠᠨ ᠪᠠᠶᠢᠨ᠎ᠠ᠃
     ᠲᠣᠰ ᠤᠳᠠᠭᠠᠨ ᠤ ᠠᠵᠢᠯᠯᠠᠭ᠎ᠠ ᠨᠢ ᠰᠠᠭᠤᠭᠠᠯᠢ ᠠᠷᠠᠳ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠰᠠᠬᠢᠨ ᠬᠠᠮᠠᠭᠠᠯᠠᠯᠲᠠ ᠳᠤ ᠣᠷᠣᠯᠴᠠᠬᠤ ᠰᠠᠨᠠᠭᠠᠴᠢᠯᠠᠭᠠᠲᠤ ᠴᠢᠨᠠᠷ ᠪᠠ ᠢᠳᠡᠪᠬᠢᠵᠢᠯ   ᠢ ᠪᠦᠲᠦᠮᠵᠢᠲᠡᠶ ᠪᠠᠷ ᠳᠠᠶᠢᠴᠢᠯᠠᠵᠤ᠂ ᠠᠮᠤᠷ ᠲᠦᠪᠰᠢᠨ᠂ ᠰᠠᠭᠠᠳ ᠦᠭᠡᠢ᠂ ᠪᠣᠯᠪᠠᠰᠤᠨ᠂ ᠡᠶ᠎ᠡ ᠵᠣᠬᠢᠴᠠᠯ ᠲᠠᠢ  ᠣᠷᠴᠢᠨ ᠨᠥᠬᠦᠴᠡᠯ   ᠢ ᠪᠣᠶ ᠪᠣᠯᠭᠠᠬᠤ ᠳᠤ ᠬᠦᠴᠦᠨ ᠴᠢᠳᠠᠯ ᠢᠶᠠᠨ ᠡᠷᠭᠦᠭᠰᠡᠨ ᠪᠠᠶᠢᠨ᠎ᠠ᠃ᠳᠠᠷᠠᠭᠠᠴᠢ ᠶᠢᠨ ᠠᠯᠬᠤᠮ ᠳᠤ᠂ ᠰᠠᠶᠢᠬᠠᠨ ᠲᠣᠭᠤᠷᠢᠭ︽ᠵᠠᠮ ᠬᠠᠷᠢᠯᠴᠠᠭᠠᠨ ᠤ ᠠᠮᠤᠷ ᠲᠦᠪᠰᠢᠨ ᠤ ᠰᠡᠷᠡᠮᠵᠢ ᠶᠢᠨ ᠬᠥᠮᠦᠵᠢᠯ︾ᠵᠡᠷᠭᠡ ᠤᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠢ ᠥᠷᠨᠢᠭᠦᠯᠵᠦ᠂ ᠬᠡᠯᠪᠡᠷᠢ ᠪᠠᠨ ᠤᠯᠠᠮ ᠪᠠᠶᠠᠯᠢᠭᠵᠢᠭᠤᠯᠵᠤ᠂ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠠᠮᠤᠷ ᠲᠦᠪᠰᠢᠨ ᠤ ᠠᠭᠤᠷ ᠠᠮᠢᠰᠬᠤᠯ ᠢ ᠪᠤᠢ ᠪᠣᠯᠭᠠᠵᠤ᠂ ᠠᠮᠤᠷ ᠲᠦᠪᠰᠢᠨ ᠤ ᠰᠣᠶᠣᠯ ᠢ ᠤᠯᠠᠮᠵᠢᠯᠠᠨ ᠪᠠᠳᠠᠷᠠᠭᠤᠯᠵᠤ᠂ ᠪᠦᠬᠦ ᠠᠷᠠᠳ ᠤᠨ ᠠᠮᠤᠷ ᠲᠦᠪᠰᠢᠨ ᠤ ᠬᠡᠪ ᠴᠢᠨᠠᠷ ᠢ ᠳᠡᠭᠡᠭᠰᠢᠯᠡᠭᠦᠯᠦᠨ᠎ᠡ᠃      ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号