ᠰᠠᠶᠢᠬᠠᠨ ᠲᠣᠭᠤᠷᠢᠭ ᠤᠨ ᠡᠯ᠎ᠡ ᠭᠠᠵᠠᠷ ᠤᠨ ᠬᠢᠨ ᠬᠤᠯᠪᠤᠭᠠᠯᠠᠨ ︽8·1︾  ᠤ ᠴᠡᠷᠢᠭ ᠪᠠᠶᠢᠭᠤᠯᠤᠭᠳᠠᠭᠰᠠᠨ ᠪᠠᠶᠠᠷ ᠢ ᠬᠠᠮᠲᠤᠪᠠᠷ ᠪᠡᠯᠭᠡᠯᠡᠪᠡ
ᠨᠡᠶᠢᠲᠡᠯᠡᠭᠰᠡᠨ ᠴᠠᠭ᠄
2023/8/3
     ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠪᠠᠶᠢᠭᠤᠯᠤᠭᠳᠠᠭᠰᠠᠨ 96 ᠵᠢᠯ ᠤᠨ ᠤᠢ ᠶᠢ ᠪᠡᠯᠭᠡᠯᠡᠬᠦ ᠶᠢᠨ ᠲᠥᠯᠥᠭᠡ᠂ ︽8·1︾  ᠤ ᠴᠡᠷᠢᠭ ᠪᠠᠶᠢᠭᠤᠯᠤᠭᠳᠠᠭᠰᠠᠨ ᠪᠠᠶᠠᠷ ᠠᠴᠠ ᠡᠮᠦᠨᠡᠬᠡᠨ᠂ ᠰᠠᠶᠢᠬᠠᠨ ᠲᠣᠭᠤᠷᠢᠭ ᠤᠨ ᠡᠯ᠎ᠡ ᠭᠠᠵᠠᠷ ᠣᠷᠣᠨ ᠳᠤ  ᠠᠵᠢᠯᠯᠠᠭ᠎ᠠ ᠥᠷᠨᠢᠭᠦᠯᠵᠦ  ᠂ ᠴᠡᠷᠢᠭ ᠪᠠᠶᠢᠭᠤᠯᠤᠭᠳᠠᠭᠰᠠᠨ ᠪᠠᠶᠠᠷ ᠢ ᠪᠡᠯᠭᠡᠯᠡᠵᠦ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ  ᠴᠡᠷᠢᠭ ᠢᠶᠠᠨ ᠬᠦᠷᠢᠶᠡᠯᠡᠨ ᠴᠡᠷᠢᠭ ᠢᠶᠠᠨ ᠬᠠᠶᠢᠷᠠᠯᠠᠬᠤ ᠠᠭᠤᠷ ᠠᠮᠢᠰᠬᠤᠯ ᠢ ᠪᠤᠢ ᠪᠣᠯᠭᠠᠵᠤ᠂ ᠬᠤᠶᠠᠷ ᠢ ᠬᠦᠷᠢᠶᠡᠯᠡᠬᠦ  ᠤᠯᠠᠮᠵᠢᠯᠠᠯ ᠢ ᠴᠢᠨᠠᠭᠰᠢᠳᠠ  ᠪᠠᠳᠠᠷᠠᠭᠤᠯᠵᠤ᠂  ᠪᠠᠲᠤ ᠪᠠᠬᠢ ᠴᠡᠷᠢᠭ ᠵᠠᠰᠠᠭ ᠴᠡᠷᠢᠭ ᠠᠷᠠᠳ ᠤᠨ ᠬᠠᠷᠢᠴᠠᠭ᠎ᠠ ᠶᠢ ᠪᠠᠬᠢᠵᠢᠭᠦᠯᠦᠨ ᠬᠥᠭᠵᠢᠭᠦᠯᠵᠡᠢ᠃      ᠬᠤᠸᠠᠩ ᠾᠧ ᠱᠤᠤ ᠪᠠᠯᠭᠠᠰᠤ      ᠬᠤᠸᠠᠩ ᠾᠧ ᠱᠤᠤ ᠪᠠᠯᠭᠠᠰᠤᠨ ᠤ ᠴᠡᠷᠢᠭ ᠤᠨ ᠠᠯᠪᠠᠨ ᠠᠴᠠ ᠪᠠᠭᠤᠭᠰᠠᠳ ᠤᠨ ᠦᠢᠯᠡᠴᠢᠯᠡᠭᠡᠨ ᠤ ᠦᠷᠳᠡᠭᠡ ᠰᠠᠶᠢᠬᠠᠨ ᠲᠣᠭᠤᠷᠢᠭ ᠤᠨ ᠴᠡᠷᠢᠭ ᠤᠨ ᠠᠯᠪᠠᠨ ᠠᠴᠠ ᠪᠠᠭᠤᠭᠰᠠᠳ ᠤᠨ ᠬᠡᠷᠡᠭ ᠡᠷᠬᠢᠯᠡᠬᠦ ᠲᠣᠪᠴᠢᠶ᠎ᠠ ᠲᠠᠢ ᠬᠠᠮᠲᠤᠷᠠᠨ ᠬᠤᠸᠠᠩ ᠾᠧ ᠱᠤᠤ ᠪᠠᠯᠭᠠᠰᠤᠨ ᠤ ᠬᠠᠷᠢᠶ᠎ᠠ ᠲᠣᠭᠤᠷᠢᠭ ᠤᠨ ᠰᠠᠭᠤᠭ᠎ᠠ ᠴᠡᠷᠢᠭ ᠠᠩᠭᠢ ᠳᠤ︽8·1︾  ᠤ ᠡᠷᠬᠢᠨ ᠦᠵᠡᠵᠦ ᠲᠣᠬᠤᠨᠢᠭᠤᠯᠬᠤ ᠠᠵᠢᠯᠯᠠᠭ᠎ᠠ ᠥᠷᠨᠢᠭᠦᠯᠵᠦ᠂ ᠰᠠᠭᠤᠭ᠎ᠠ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠲᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠵᠡᠢ᠃
      ᠶᠢᠨ ᠾᠧ ᠪᠠᠯᠭᠠᠰᠤ       ᠶᠢᠨ ᠾᠧ ᠪᠠᠯᠭᠠᠰᠤᠨ ᠤ ᠴᠡᠷᠢᠭ ᠤᠨ ᠠᠯᠪᠠᠨ ᠠᠴᠠ ᠪᠠᠭᠤᠭᠰᠠᠳ ᠤᠨ ᠦᠢᠯᠡᠴᠢᠯᠡᠭᠡᠨ ᠤ ᠦᠷᠳᠡᠭᠡ ᠰᠠᠶᠢᠬᠠᠨ ᠲᠣᠭᠤᠷᠢᠭ ᠤᠨ ᠴᠡᠷᠢᠭ ᠤᠨ ᠠᠯᠪᠠᠨ ᠠᠴᠠ ᠪᠠᠭᠤᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠲᠠᠢ ᠬᠠᠮᠲᠤᠷᠠᠨ ᠬᠥᠬᠡᠬᠤᠲᠠ ᠶᠢᠨ ᠰᠠᠯᠪᠤᠷᠢ ᠠᠩᠭᠢ ᠶᠢᠨ ᠡᠭᠦᠷᠭᠡ ᠭᠦᠢᠴᠡᠳᠬᠡᠬᠦ ᠬᠤᠶᠠᠳᠤᠭᠠᠷ ᠶᠡᠭᠡ ᠠᠩᠭᠢ ᠶᠢᠨ ᠨᠠᠢᠮᠠᠳᠤᠭᠠᠷ ᠳᠤᠮᠳᠠ ᠠᠩᠭᠢ ᠳᠤ ᠬᠦᠷᠴᠦ ᠲᠣᠭᠤᠷᠢᠭ ᠲᠤ ᠰᠠᠭᠤᠭ᠎ᠠ ᠴᠡᠷᠢᠭ ᠠᠩᠭᠢ ᠶᠢ ᠲᠣᠬᠤᠨᠢᠭᠤᠯᠬᠤ ᠠᠵᠢᠯᠯᠠᠭ᠎ᠠ ᠥᠷᠨᠢᠭᠦᠯᠵᠦ᠂ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠲᠤ ᠲᠣᠬᠤᠨᠢᠭᠤᠯᠬᠤ ᠪᠣᠳᠠᠰ ᠪᠣᠯᠣᠨ ᠪᠠᠶᠠᠷ ᠤᠨ ᠡᠳᠦᠷ ᠤᠨ ᠵᠥᠩᠨᠡᠯ ᠳᠡᠪᠰᠢᠭᠦᠯᠵᠡᠢ᠃
     ᠤᠯᠠᠭᠠᠨᠴᠠᠪ ᠵᠡᠭᠦᠨ ᠵᠠᠮ ᠤᠨ ᠵᠡᠭᠡᠯᠢ ᠭᠤᠳᠤᠮᠵᠢ      ᠤᠯᠠᠭᠠᠨᠴᠠᠪ ᠤᠨ ᠵᠡᠭᠦᠨ ᠵᠠᠮ ᠤᠨ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠵᠡᠭᠡᠯᠢ ᠭᠤᠳᠤᠮᠵᠢ ᠶᠢᠨ ᠤᠳᠤᠷᠢᠳᠬᠤ ᠪᠠᠭ ᠤᠨ ᠪᠦᠷᠢᠯᠳᠦᠭᠦᠨ ᠢᠶᠠᠨ ᠳᠠᠭᠠᠭᠤᠯᠤᠨ ᠲᠣᠭᠤᠷᠢᠭ ᠲᠤ ᠰᠠᠭᠤᠭ᠎ᠠ ᠴᠡᠷᠢᠭ ᠠᠩᠭᠢ ᠳᠤ︽8·1︾  ᠤ ᠡᠷᠬᠢᠨ ᠦᠵᠡᠵᠦ ᠲᠣᠬᠤᠨᠢᠭᠤᠯᠬᠤ ᠠᠵᠢᠯᠯᠠᠭ᠎ᠠ ᠥᠷᠨᠢᠭᠦᠯᠵᠦ᠂ ᠰᠠᠭᠤᠭ᠎ᠠ ᠭᠠᠵᠠᠷ ᠤᠨ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠲᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠵᠡᠢ᠃
     ᠪᠠᠶᠠᠨ ᠵᠡᠭᠡᠯᠢ      ᠪᠠᠶᠠᠨ ᠵᠡᠭᠡᠯᠢ ᠭᠤᠳᠤᠮᠵᠢ ᠶᠢᠨ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠦᠷᠳᠡᠭᠡ ᠰᠠᠶᠢᠬᠠᠨ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠲᠠᠢ ᠬᠠᠮᠲᠤᠷᠠᠨ ᠪᠠᠶᠠᠨ ᠵᠡᠭᠡᠯᠢ ᠭᠤᠳᠤᠮᠵᠢ ᠶᠢᠨ ᠰᠠᠭᠤᠭ᠎ᠠ ᠭᠠᠵᠠᠷ ᠤᠨ ᠴᠡᠷᠢᠭ ᠠᠩᠭᠢ ᠳᠤ ︽8·1︾  ᠤ ᠲᠣᠭᠤᠷᠢᠨ ᠦᠵᠡᠵᠦ ᠲᠣᠬᠤᠨᠢᠭᠤᠯᠬᠤ ᠠᠵᠢᠯᠯᠠᠭ᠎ᠠ ᠥᠷᠨᠢᠭᠦᠯᠵᠦ᠂ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠲᠤ ᠪᠠᠶᠠᠷ ᠤᠨ ᠡᠳᠦᠷ ᠤᠨ ᠮᠡᠨᠳᠦᠴᠢᠯᠡᠯ ᠪᠠ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠵᠡᠢ᠃
     ᠠᠵᠢᠯᠯᠠᠭ᠎ᠠ ᠶᠢᠨ ᠳᠤᠮᠳᠠ᠂ ᠲᠣᠬᠤᠨᠢᠭᠤᠯᠬᠤ ᠳᠤᠭᠤᠶᠢᠯᠠᠩ ᠤᠨ ᠬᠢᠨ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠲᠠᠢ ᠳᠣᠲᠣᠨᠣ ᠪᠠᠷ ᠶᠠᠷᠢᠯᠴᠠᠵᠤ᠂ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠤᠨ ᠠᠵᠢᠯ᠂ ᠠᠮᠢᠳᠤᠷᠠᠯ ᠤᠨ ᠪᠠᠶᠢᠳᠠᠯ ᠢ ᠣᠶᠢᠯᠠᠭᠠᠭᠰᠠᠨ ᠪᠥᠭᠡᠳ ᠪᠠᠰᠠ ᠴᠡᠷᠢᠭ ᠠᠩᠭᠢ ᠶᠢᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠣᠭᠤᠷᠢᠨ ᠦᠵᠡᠵᠦ᠂ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠤᠨ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ᠬᠤᠶᠢᠰᠢᠳᠠ ᠬᠤᠶᠠᠷ   ᠢ ᠬᠦᠷᠢᠶᠡᠯᠡᠨ ᠬᠠᠮᠲᠤ ᠪᠠᠷ ᠪᠠᠶᠢᠭᠤᠯᠬᠤ ᠠᠵᠢᠯ   ᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠬᠠᠷᠢᠶ᠎ᠠ ᠣᠷᠣᠨ ᠤ ᠳᠣᠲᠣᠷᠠᠬᠢ ᠰᠠᠭᠤᠭ᠎ᠠ ᠭᠠᠵᠠᠷ ᠤᠨ ᠴᠡᠷᠢᠭ ᠠᠩᠭᠢ   ᠶᠢᠨ ᠬᠦᠴᠢᠷ ᠵᠣᠪᠠᠭᠤᠷᠢ   ᠶᠢ ᠰᠢᠢᠳᠪᠦᠷᠢᠯᠡᠨ ᠥᠭᠴᠦ᠂ ᠴᠡᠷᠢᠭ ᠠᠩᠭᠢ   ᠶᠢᠨ ᠨᠡᠪᠲᠡᠷᠡᠯᠴᠡᠭᠡ ᠬᠠᠷᠢᠯᠴᠠᠭ᠎ᠠ ᠪᠠᠨ ᠤᠯᠠᠮ ᠨᠢᠭᠡ ᠠᠯᠬᠤᠮ ᠨᠢᠭᠲᠠᠷᠠᠭᠤᠯᠵᠤ᠂ ᠣᠷᠣᠨ ᠨᠤᠲᠤᠭ ᠤᠨ ᠠᠵᠤ ᠠᠬᠤᠢ   ᠶᠢᠨ ᠬᠥᠭᠵᠢᠯᠲᠡ   ᠶᠢ ᠠᠬᠢᠭᠤᠯᠬᠤ᠂ ᠨᠡᠶᠢᠭᠡᠮ ᠤᠨ ᠲᠣᠭᠲᠠᠭᠤᠨ ᠪᠠᠶᠢᠳᠠᠯ   ᠢ ᠬᠠᠮᠠᠭᠠᠯᠠᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ ᠭᠡᠵᠡᠢ᠃      ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号