︽ᠵᠠᠩᠭᠠᠷ︾ ᠤᠯᠠᠮᠵᠢᠯᠠᠯᠲᠤ ᠰᠣᠶᠤᠯ ᠤᠨ ᠥᠪ ᠤᠨ ᠦᠵᠡᠭᠦᠯᠦᠯᠭᠡ ᠪᠣᠯᠪᠠ
ᠨᠡᠶᠢᠲᠡᠯᠡᠭᠰᠡᠨ ᠴᠠᠭ᠄
2023/8/30
     ᠰᠢᠨᠵᠢᠶᠠᠩ ᠤᠨ ᠲᠠᠷᠪᠠᠭᠠᠲᠠᠢ ᠲᠤᠰᠬᠠᠢ ᠣᠷᠣᠨ ᠤ ᠤᠳᠬ᠎ᠠ ᠤᠷᠠᠯᠢᠭ ᠤᠨ ᠬᠢᠨ ᠤ ᠬᠤᠯᠪᠤᠭ᠎ᠠ᠂  ᠬᠤᠪᠤᠭᠰᠠᠶᠢᠷᠢ ᠰᠢᠶᠠᠨ ᠤ ᠨᠠᠮ ᠤᠨ ᠬᠤᠷᠢᠶ᠎ᠠ ᠵᠠᠰᠠᠭ ᠤᠨ ᠣᠷᠳᠤᠨ ᠠᠴᠠ ᠭᠤᠤᠯᠯᠠᠨ ᠡᠷᠭᠢᠯᠡᠵᠥ᠂ ᠰᠢᠠᠵᠢᠶᠠᠩ ᠤᠨ  ᠦᠢᠭᠤᠷ ᠤᠨ ᠦᠪᠡᠷᠳᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠠᠯ ᠤᠨ ᠦᠵᠡᠮᠵᠢ ᠶᠢᠨ ᠣᠷᠣᠨ ᠤ ᠬᠤᠪᠢᠶᠠᠷᠢ  ᠨᠡᠶᠢᠭᠡᠮᠯᠢᠭ᠂ ᠬᠤᠪᠤᠭᠰᠠᠶᠢᠷᠢ ᠰᠢᠶᠠᠨ ᠤ ᠤᠬᠠᠭᠤᠯᠬᠤ ᠭᠡᠯᠳᠡᠰ᠂ ᠤᠳᠬ᠎ᠠ ᠤᠷᠠᠯᠢᠭ ᠤᠨ ᠬᠢᠨ ᠤ ᠬᠤᠯᠪᠤᠭ᠎ᠠ᠂  ᠰᠣᠶᠣᠯ ᠪᠡᠶ᠎ᠡ ᠶᠢᠨ ᠲᠠᠮᠢᠷ ᠷᠠᠳᠢᠣ᠋ ᠲᠧᠯᠸᠢᠰ ᠪᠠ ᠵᠢᠭᠤᠯᠴᠢᠯᠠᠯ ᠤᠨ ᠲᠣᠪᠴᠢᠶ᠎ᠠ᠂ ᠰᠢᠠᠵᠢᠶᠠᠩ ᠤᠨ ︽ᠵᠠᠩᠭᠠᠷ︾  ᠰᠣᠶᠤᠯ ᠤᠨ ᠵᠣᠭᠠᠴᠠᠯ ᠤᠨ ᠲᠥᠪ ᠠᠴᠠ ᠲᠠᠭᠠᠭᠠᠴᠢᠯᠠᠨ ᠡᠷᠭᠢᠯᠡᠭᠰᠡᠨ ︽ᠪᠤᠮᠪᠠ ᠶᠢᠨ ᠣᠷᠤᠨ︾ ᠭᠡᠬᠦ ︽ᠵᠠᠩᠭᠠᠷ︾  ᠤᠨ ᠤᠯᠠᠮᠵᠢᠯᠠᠯᠲᠤ ᠰᠣᠶᠤᠯ ᠤᠨ ᠥᠪ ᠤᠨ ᠦᠵᠡᠭᠦᠯᠦᠯᠭᠡ ᠥᠨᠥᠬᠡᠨ ᠬᠤᠪᠤᠭᠰᠠᠶᠢᠷᠢ ᠪᠠᠯᠭᠠᠰᠤᠨ ᠳᠤ ᠪᠣᠯᠵᠠᠢ᠃
 
     ᠡᠨᠡ ᠠᠵᠢᠯᠯᠠᠭᠠᠨ ᠳᠤ ︽ᠵᠠᠩᠭᠠᠷ︾ ᠰᠣᠶᠣᠯ ᠤᠨ ᠥᠪ ᠢ ᠤᠯᠠᠮᠵᠢᠯᠠᠨ ᠵᠠᠯᠭᠠᠮᠵᠢᠯᠠᠬᠤ ᠪᠡᠶᠡᠲᠦ ᠪᠤᠰᠤ  ᠰᠣᠶᠣᠯ ᠤᠨ ᠥᠪ ᠭᠥᠷᠥᠩᠭᠡ ᠶᠢᠨ ᠦᠵᠡᠭᠦᠯᠦᠯᠭᠡ᠂ ᠮᠣᠩᠭᠤᠯ ᠬᠤᠪᠴᠠᠰᠤ ᠵᠠᠰᠠᠯ ᠤᠨ ᠦᠵᠡᠭᠦᠯᠦᠯᠭᠡ ᠵᠡᠷᠭᠡ ᠶᠢ  ᠬᠠᠮᠲᠤ ᠡᠷᠬᠢᠯᠡᠭᠰᠡᠨ ᠪᠠᠶᠢᠨ᠎ᠠ᠃ ︵ᠬᠤᠪᠤᠭᠰᠠᠶᠢᠷᠢ ᠰᠢᠶᠠᠨ ᠤ ᠮᠠᠯ ᠠᠵᠤ ᠠᠬᠤᠢ ᠮᠠᠯ ᠡᠮᠨᠡᠯᠭᠡ ᠶᠢᠨ ᠲᠣᠪᠴᠢᠶᠠᠨ ᠤ  ᠠ᠊᠂ ᠪᠠᠭ᠋ᠠᠳᠭᠥ᠋ᠯ ᠮᠡᠳᠡᠭᠡᠯᠡᠪᠡ︶  
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号