2023 ᠣᠨ ᠤ ᠵᠠᠰᠠᠭ ᠤᠨ ᠣᠷᠳᠣᠨ ᠤ ᠳᠦᠷᠢᠮ ᠲᠣᠭᠲᠠᠭᠠᠯ ᠤᠨ ᠬᠠᠤᠯᠢ ᠲᠣᠭᠲᠠᠭᠠᠬᠤ  ᠲᠥᠯᠥᠪᠯᠡᠭᠡ ᠶᠢ ᠳᠠᠷᠤᠮᠠᠯᠯᠠᠨ ᠶᠠᠪᠤᠭᠤᠯᠬᠤ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2023/8/31
ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ  ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ  ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ᠄            ᠬᠤᠳᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ 2023 ᠣᠨ ᠤ  ᠵᠠᠰᠠᠭ ᠤᠨ ᠣᠷᠳᠣᠨ ᠤ ᠳᠦᠷᠢᠮ ᠲᠣᠭᠲᠠᠭᠠᠯ ᠤᠨ ᠬᠠᠤᠯᠢ ᠲᠣᠭᠲᠠᠭᠠᠬᠤ ᠲᠥᠯᠥᠪᠯᠡᠭᠡ ᠶᠢ ᠲᠠᠨᠠᠷ ᠲᠤ ᠳᠠᠷᠤᠮᠠᠯᠯᠠᠨ   ᠶᠠᠪᠤᠭᠤᠯᠬᠤ ᠶᠢᠨ ᠬᠠᠮᠲᠤ ᠳᠣᠣᠷᠠᠬᠢ ᠮᠡᠲᠦ ᠱᠠᠭᠠᠷᠳᠠᠯᠭ᠎ᠠ ᠳᠤᠷᠠᠳᠤᠶ᠎ᠠ᠄            ᠨᠢᠭᠡ᠂ ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠬᠤ ᠬᠡᠷᠡᠭᠲᠡᠢ  ᠃ ᠡᠯ᠎ᠡ ᠬᠠᠤᠯᠢ ᠲᠣᠭᠲᠠᠭᠠᠬᠤ  ᠬᠠᠷᠢᠭᠤᠴᠠᠯᠭᠠᠲᠤ ᠨᠢᠭᠡᠴᠡ ᠲᠤᠰᠬᠠᠢ ᠠᠵᠢᠯ ᠤᠨ ᠪᠠᠶᠢᠭᠤᠯᠤᠮᠵᠢ ᠵᠣᠬᠢᠶᠠᠨ ᠪᠠᠶᠢᠭᠤᠯᠵᠤ᠂ ᠲᠤᠰᠬᠠᠢ ᠬᠥᠮᠥᠨ ᠢᠶᠠᠷ  ᠬᠠᠷᠢᠭᠤᠴᠠᠭᠤᠯᠤᠨ᠂ ᠵᠠᠰᠠᠭ ᠤᠨ ᠣᠷᠳᠣᠨ ᠤ ᠳᠦᠷᠢᠮ ᠲᠣᠭᠲᠠᠭᠠᠯ ᠤᠨ ᠬᠠᠤᠯᠢ ᠲᠣᠭᠲᠠᠭᠠᠬᠤ ᠠᠵᠢᠯ ᠢ ᠥᠷᠨᠢᠭᠦᠯᠬᠦ  ᠬᠡᠷᠡᠭᠲᠡᠢ᠃ ᠭᠤᠣᠯ ᠬᠠᠷᠢᠭᠤᠴᠠᠯᠭᠠᠲᠠᠨ ᠬᠠᠤᠯᠢ ᠲᠣᠭᠲᠠᠭᠠᠬᠤ ᠠᠵᠢᠯ ᠢ ᠥᠪᠡᠷ ᠤᠨ ᠪᠡᠶ᠎ᠡ ᠪᠠᠷ ᠢᠶᠠᠨ ᠲᠣᠬᠢᠷᠠᠭᠤᠯᠤᠨ  ᠪᠠᠶᠢᠷᠢᠯᠠᠭᠤᠯᠵᠤ᠂ ᠠᠬᠢᠴᠠ ᠶᠢᠨ ᠬᠠᠷᠢᠭᠤ ᠮᠡᠳᠡᠭᠦᠯᠦᠯᠲᠡ ᠶᠢ ᠲᠣᠭᠲᠠᠮᠠᠯ ᠬᠤᠭᠤᠴᠠᠭ᠎ᠠ ᠲᠠᠢ ᠪᠠᠷ ᠰᠣᠨᠣᠰᠴᠤ᠂  ᠬᠠᠤᠯᠢ ᠲᠣᠭᠲᠠᠭᠠᠬᠤ ᠶᠠᠪᠤᠴᠠ ᠳᠤ ᠲᠤᠯᠭᠠᠷᠠᠭᠰᠠᠨ ᠠᠰᠠᠭᠤᠳᠠᠯ ᠪᠠ ᠬᠦᠴᠢᠷᠳᠡᠯ ᠢ ᠴᠠᠭ ᠲᠤᠬᠠᠢ  ᠳᠤᠨᠢ  ᠰᠢᠢᠳᠪᠦᠷᠢᠯᠡᠵᠦ᠂ ᠲᠤᠭᠤᠷᠪᠢᠬᠤ ᠠᠵᠢᠯ ᠢ ᠲᠦᠷᠭᠡᠬᠡᠨ ᠪᠡᠶᠡᠯᠡᠭᠦᠯᠬᠦ ᠬᠡᠷᠡᠭᠲᠡᠢ᠃            ᠬᠤᠶᠠᠷ᠂ ᠬᠠᠤᠯᠢ ᠲᠣᠭᠲᠠᠭᠠᠬᠤ ᠴᠤᠪᠤᠷᠠᠯ ᠢ ᠴᠢᠩᠳᠠᠯᠠᠬᠤ ᠬᠡᠷᠡᠭᠲᠡᠢ᠃ ᠲᠣᠭᠲᠠᠭᠠᠭᠰᠠᠨ ᠪᠠ ᠵᠠᠰᠠᠪᠤᠷᠢ  ᠣᠷᠣᠭᠤᠯᠤᠭᠰᠠᠨ ᠬᠠᠤᠯᠢ ᠲᠣᠭᠲᠠᠭᠠᠬᠤ ᠲᠦᠰᠦᠯ ᠳᠤ᠂ ᠡᠯ᠎ᠡ ᠬᠠᠤᠯᠢ ᠲᠣᠭᠲᠠᠭᠠᠬᠤ ᠬᠠᠷᠢᠭᠤᠴᠠᠯᠭᠠᠲᠤ  ᠨᠢᠭᠡᠴᠡ ᠪᠠᠶᠢᠴᠠᠭᠠᠨ ᠰᠤᠳᠤᠯᠬᠤ᠂  ᠲᠤᠭᠤᠷᠪᠢᠬᠤ᠂ ᠰᠠᠨᠠᠯ ᠬᠤᠷᠢᠶᠠᠬᠤ᠂ ᠲᠤᠰᠬᠠᠢ ᠮᠡᠷᠭᠡᠵᠢᠯᠲᠡᠨ ᠢᠶᠠᠷ  ᠨᠤᠲᠠᠯᠠᠭᠤᠯᠬᠤ᠂ ᠬᠠᠮᠲᠤ ᠪᠠᠷ ᠬᠢᠨᠠᠨ ᠵᠥᠪᠯᠡᠬᠦ ᠵᠡᠷᠭᠡ ᠬᠠᠤᠯᠢ ᠲᠣᠭᠲᠠᠭᠠᠬᠤ ᠴᠤᠪᠤᠷᠠᠯ ᠢ ᠬᠢᠨᠠᠮᠠᠭᠠᠢ ᠭᠦᠢᠴᠡᠳᠬᠡᠵᠦ᠂  ᠬᠠᠤᠯᠢ ᠲᠣᠭᠲᠠᠭᠠᠬᠤ ᠡᠭᠦᠷᠭᠡ ᠪᠠᠨ ᠬᠠᠤᠯᠢ ᠶᠣᠰᠣᠭᠠᠷ ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ᠃ ᠬᠦᠴᠦᠨ ᠦᠭᠡᠢ  ᠪᠣᠯᠭᠠᠭᠰᠠᠨ ᠬᠠᠤᠯᠢ ᠲᠣᠭᠲᠠᠭᠠᠬᠤ ᠲᠦᠰᠦᠯ ᠳᠤ ᠴᠦ ᠬᠤᠯᠪᠣᠭᠳᠠᠯ ᠪᠦᠬᠦᠢ ᠬᠠᠤᠯᠢ ᠪᠠᠷ ᠲᠣᠭᠲᠠᠭᠠᠭᠰᠠᠨ   ᠴᠤᠪᠤᠷᠠᠯ ᠢ ᠴᠢᠩᠭ᠎ᠠ  ᠬᠡᠷᠡᠭᠵᠢᠭᠦᠯᠬᠦ ᠬᠡᠷᠡᠭᠲᠡᠢ᠃            ᠭᠤᠷᠪᠠ᠂ ᠨᠢᠭᠡᠳᠦᠯᠲᠡᠢ ᠲᠥᠯᠥᠪᠯᠡᠨ ᠵᠢᠯᠤᠭᠤᠳᠬᠤ ᠶᠢ ᠴᠢᠩᠭᠠᠷᠠᠭᠤᠯᠬᠤ ᠬᠡᠷᠡᠭᠲᠡᠢ᠃ ᠬᠤᠲᠠ ᠶᠢᠨ ᠬᠠᠤᠯᠢ  ᠴᠠᠭᠠᠵᠠ ᠶᠢᠨ ᠲᠣᠪᠴᠢᠶ᠎ᠠ ᠨᠢ ᠨᠢᠭᠡᠳᠦᠯᠲᠡᠢ ᠲᠥᠯᠥᠪᠯᠡᠨ ᠵᠣᠬᠢᠴᠠᠭᠤᠯᠵᠤ ᠵᠢᠯᠤᠭᠤᠳᠬᠤ ᠠᠵᠢᠯ ᠢ ᠰᠠᠶᠢᠲᠤᠷ  ᠬᠢᠬᠦ ᠶᠢᠨ ᠬᠠᠮᠲᠤ ᠬᠠᠷᠢᠭᠤᠴᠠᠯᠭᠠᠲᠤ ᠨᠢᠭᠡᠴᠡ ᠶᠢᠨ ᠳᠦᠷᠢᠮ ᠲᠣᠭᠲᠠᠭᠠᠯ ᠤᠨ ᠲᠥᠰᠥᠯ ᠢ ᠬᠢᠨᠠᠮᠠᠭᠠᠢ ᠬᠢᠨᠠᠨ  ᠪᠠᠶᠢᠴᠠᠭᠠᠵᠤ᠂ ᠴᠠᠭ ᠲᠤᠬᠠᠢ ᠳᠤᠨᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠳᠡᠪᠰᠢᠭᠦᠯᠵᠦ ᠬᠠᠤᠯᠢ  ᠲᠣᠭᠲᠠᠭᠠᠬᠤ ᠴᠤᠪᠤᠷᠠᠯ ᠢᠶᠠᠷ ᠬᠢᠨᠠᠨ ᠲᠣᠭᠲᠠᠭᠠᠯᠭᠠᠵᠤ᠂ 2023 ᠣᠨ ᠤ ᠵᠠᠰᠠᠭ ᠤᠨ ᠣᠷᠳᠣᠨ ᠤ ᠳᠦᠷᠢᠮ  ᠲᠣᠭᠲᠠᠭᠠᠯ ᠤᠨ ᠲᠥᠯᠥᠪᠯᠡᠭᠡ ᠶᠢ ᠬᠠᠤᠯᠢ ᠶᠣᠰᠣᠭᠠᠷ ᠥᠨᠳᠥᠷ ᠪᠦᠲᠦᠮᠵᠢᠲᠡᠶ ᠪᠡᠶᠡᠯᠡᠭᠦᠯᠬᠦ ᠶᠢ ᠦᠨᠡᠨᠬᠦ ᠪᠠᠲᠤᠯᠠᠬᠤ  ᠬᠡᠷᠡᠭᠲᠡᠢ᠃            ᠳᠠᠭᠠᠯᠳᠤᠭᠤᠯᠤᠯ᠄ 2023 ᠣᠨ ᠤ ᠵᠠᠰᠠᠭ ᠤᠨ ᠣᠷᠳᠣᠨ ᠤ ᠳᠦᠷᠢᠮ ᠲᠣᠭᠲᠠᠭᠠᠯ ᠤᠨ ᠬᠠᠤᠯᠢ  ᠲᠣᠭᠲᠠᠭᠠᠬᠤ ᠲᠥᠯᠥᠪᠯᠡᠭᠡ                           ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                2023 ᠣᠨ ᠤ 5 ᠳ᠋ᠤᠭᠠᠷ ᠰᠠᠷ᠎ᠠ ᠶᠢᠨ 19 ᠤ ᠡᠳᠦᠷ                                              ︵ ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ ᠳᠠᠭᠠᠯᠳᠤᠭᠤᠯᠤᠯ  ᠄ 2023 ᠣᠨ ᠤ ᠵᠠᠰᠠᠭ ᠤᠨ ᠣᠷᠳᠣᠨ ᠤ ᠳᠦᠷᠢᠮ ᠲᠣᠭᠲᠠᠭᠠᠯ ᠤᠨ ᠬᠠᠤᠯᠢ ᠲᠣᠭᠲᠠᠭᠠᠬᠤ ᠲᠥᠯᠥᠪᠯᠡᠭᠡ ᠳ᠋ᠤᠭᠠᠷᠯᠠᠯ       ᠵᠠᠰᠠᠭ ᠤᠨ ᠣᠷᠳᠣᠨ ᠤ ᠳᠦᠷᠢᠮ ᠲᠣᠭᠲᠠᠭᠠᠯ ᠤᠨ ᠨᠡᠷᠡᠶᠢᠳᠦᠯ     ᠲᠤᠭᠤᠷᠪᠢᠬᠤ ᠰᠠᠯᠠᠭ᠎ᠠ ᠮᠥᠴᠢᠷ ᠲᠥᠷᠥᠯ ᠵᠦᠢᠯ ᠤᠨ ᠠᠩᠭᠢᠯᠠᠯ 1 ᠬᠥᠬᠡᠬᠤᠲᠠ ᠶᠢᠨ ᠣᠷᠣᠨ ᠰᠠᠭᠤᠴᠠ ᠶᠢᠨ ᠲᠤᠰᠬᠠᠢ ᠰᠡᠯᠪᠢᠨ ᠵᠠᠰᠠᠬᠤ ᠮᠥᠩᠭᠦ ᠶᠢᠨ ᠬᠠᠮᠢᠶᠠᠷᠤᠯᠲᠠ ᠶᠢᠨ ᠠᠷᠭ᠎ᠠ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠲᠣᠭᠲᠠᠭᠠᠨ᠎ᠠ 2 ᠬᠥᠬᠡᠬᠤᠲᠠ ᠶᠢᠨ ᠲᠡᠷᠭᠡᠨ ᠵᠣᠭᠰᠣᠭᠠᠯ ᠤᠨ ᠬᠠᠮᠢᠶᠠᠷᠤᠯᠲᠠ ᠶᠢᠨ ᠠᠷᠭ᠎ᠠ ᠬᠤᠲᠠ ᠶᠢᠨ ᠬᠠᠮᠢᠶᠠᠷᠤᠯᠲᠠ ᠶᠢᠨ  ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠵᠠᠰᠠᠪᠤᠷᠢ ᠣᠷᠣᠭᠤᠯᠤᠨ᠎ᠠ 3 ᠬᠥᠬᠡᠬᠤᠲᠠ ᠶᠢᠨ ᠦᠨᠳᠦᠰᠦᠲᠡᠨ ᠤ ᠠᠵᠢᠯ ᠤᠨ ᠲᠣᠭᠲᠠᠭᠠᠯ ᠤᠳ ᠬᠤᠲᠠ ᠶᠢᠨ ᠦᠨᠳᠦᠰᠦᠲᠡᠨ ᠤ ᠬᠡᠷᠡᠭ  ᠡᠷᠬᠢᠯᠡᠬᠦ ᠵᠥᠪᠯᠡᠯ ᠬᠦᠴᠦᠨ ᠦᠭᠡᠢ ᠪᠣᠯᠭᠠᠨ᠎ᠠ 4 ᠬᠥᠬᠡᠬᠤᠲᠠ ᠶᠢᠨ ᠤᠯᠤᠰ ᠤᠨ ᠥᠮᠴᠢᠯᠡᠯ ᠤᠨ ᠭᠠᠵᠠᠷ ᠰᠢᠷᠣᠢ ᠳᠡᠭᠡᠷᠡᠬᠢ ᠭᠡᠷ ᠪᠠᠶᠢᠰᠢᠩ ᠢ ᠲᠠᠲᠠᠪᠤᠷᠢᠯᠠᠬᠤ ᠪᠠ  ᠨᠥᠬᠦᠪᠦᠷᠢᠯᠡᠬᠦ ᠠᠷᠭ᠎ᠠ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ  ᠪᠠᠶᠢᠭᠤᠯᠤᠯᠲᠠ ᠶᠢᠨ ᠲᠣᠪᠴᠢᠶ᠎ᠠ ᠪᠠᠶᠢᠴᠠᠭᠠᠨ ᠰᠣᠳᠤᠯᠤᠨ᠎ᠠ 5 ᠬᠥᠬᠡᠬᠤᠲᠠ ᠶᠢᠨ ᠬᠠᠮᠲᠤ ᠶᠢᠨ ᠣᠷᠣᠨ ᠰᠠᠭᠤᠴᠠ ᠶᠢᠨ ᠭᠠᠵᠠᠷ ᠢ ᠲᠠᠲᠠᠪᠤᠷᠢᠯᠠᠭᠰᠠᠨ ᠭᠡᠷ ᠪᠠᠶᠢᠰᠢᠩ ᠢ  ᠨᠥᠬᠦᠪᠦᠷᠢᠯᠡᠨ ᠲᠥᠪᠬᠢᠨᠡᠭᠦᠯᠬᠦ ᠠᠷᠭ᠎ᠠ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ  ᠪᠠᠶᠢᠭᠤᠯᠤᠯᠲᠠ ᠶᠢᠨ ᠲᠣᠪᠴᠢᠶ᠎ᠠ ᠪᠠᠶᠢᠴᠠᠭᠠᠨ ᠰᠣᠳᠤᠯᠤᠨ᠎ᠠ  
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号