ᠬᠥᠬᠡᠬᠤᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ︽ᠬᠠᠶᠠᠭᠳᠠᠮᠠᠯ  ᠪᠤᠳᠠᠰ ᠦᠭᠡᠢ ᠬᠤᠳᠠ︾ ᠶᠢᠨ ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠥᠯ ᠢ ᠳᠠᠷᠤᠮᠠᠯᠯᠠᠨ  ᠶᠠᠪᠤᠭᠤᠯᠬᠤ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2023/8/31
ᠬᠥᠬᠡᠬᠤᠲᠠ ᠵᠠᠰᠠᠭ ᠠᠯᠪᠠᠨ ᠲᠠᠷᠬᠠᠭᠠᠭᠰᠠᠨ ﹇2023﹈ 4 ᠳ᠋ᠦ᠋ᠭᠡᠷ ᠲᠣᠭᠠᠲᠤ     ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ  ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ  ᠬᠠᠮᠢᠶ᠎ᠠ ᠪᠦᠬᠦᠢ ᠰᠠᠯᠠᠭ᠎ᠠ ᠮᠥᠴᠢᠷ ᠲᠤ᠄             ︽ᠬᠥᠬᠡᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠲᠥᠯᠦᠪᠵᠢᠭᠦᠯᠭᠡ ᠶᠢᠨ ᠬᠤᠭᠤᠴᠠᠭᠠᠨ ᠤ  ︿ᠬᠠᠶᠠᠭᠳᠠᠮᠠᠯ ᠪᠤᠳᠠᠰ ᠦᠭᠡᠢ ᠬᠤᠲᠠ﹀ ᠶᠢᠨ ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠥᠯ︾ ᠢ  ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ  ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠨᠠᠷᠢᠨ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠲᠦᠭᠡᠢ᠃                 ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                        2023 ᠣᠨ ᠤ 2 ᠳ᠋ᠤᠭᠠᠷ ᠰᠠᠷ᠎ᠠ ᠶᠢᠨ 8 ᠤ ᠡᠳᠦᠷ                 ᠬᠥᠬᠡᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠲᠥᠯᠦᠪᠵᠢᠭᠦᠯᠭᠡ ᠶᠢᠨ ᠬᠤᠭᠤᠴᠠᠭᠠᠨ ᠤ  ︿ᠬᠠᠶᠠᠭᠳᠠᠮᠠᠯ ᠪᠤᠳᠠᠰ ᠦᠭᠡᠢ ᠬᠤᠲᠠ﹀ ᠶᠢᠨ ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠥᠯ               ᠠᠮᠢ ᠠᠬᠤᠢ ᠣᠷᠴᠢᠨ ᠲᠣᠭᠤᠷᠢᠨ ᠤ ᠶᠠᠮᠤᠨ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ  ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠵᠡᠷᠭᠡ 18 ᠰᠠᠯᠠᠭ᠎ᠠ ᠮᠥᠴᠢᠷ ᠤᠨ ︽︿ ᠠᠷᠪᠠᠨ ᠳᠥᠷᠪᠡᠳᠦᠭᠡᠷ ᠲᠠᠪᠤᠨ ᠵᠢᠯ﹀ ᠤᠨ ᠬᠤᠭᠤᠴᠠᠭᠠᠨ ᠤ ︿ᠬᠠᠶᠠᠭᠳᠠᠮᠠᠯ ᠪᠤᠳᠠᠰ ᠦᠭᠡᠢ ᠬᠤᠲᠠ﹀ ᠶᠢᠨ  ᠪᠦᠲᠦᠭᠡᠨ ᠪᠠᠶᠢᠭᠤᠯᠤᠯᠲᠠ ᠶᠢᠨ ᠠᠵᠢᠯ ᠤᠨ ᠲᠥᠰᠥᠯ︶ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ︵ ᠣᠷᠴᠢᠨ ᠲᠣᠭᠤᠷᠢᠨ ᠬᠠᠲᠠᠭᠤ ᠪᠡᠶᠡᠲᠦ ﹇2021﹈ 114 ᠳ᠋ᠦ᠋ᠭᠡᠷ ᠲᠣᠭᠠᠲᠤ︶ ᠤᠨ ᠱᠠᠭᠠᠷᠳᠠᠯᠭ᠎ᠠ ᠶᠢ ᠭᠦᠨᠵᠡᠭᠡᠢ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠲᠠ ᠶᠢᠨ ︽ᠬᠠᠶᠠᠭᠳᠠᠮᠠᠯ ᠪᠤᠳᠠᠰ ᠦᠭᠡᠢ ᠬᠤᠲᠠ︾ ᠶᠢᠨ  ᠪᠦᠲᠦᠭᠡᠨ ᠪᠠᠶᠢᠭᠤᠯᠤᠯᠲᠠ ᠶᠢᠨ ᠠᠵᠢᠯ ᠢ ᠴᠢᠨᠠᠷ ᠰᠠᠶᠢᠲᠠᠢ ᠥᠷᠨᠢᠭᠦᠯᠬᠦ ᠶᠢᠨ ᠲᠤᠰᠠᠳᠠ᠂ ᠲᠣᠰ ᠲᠥᠰᠥᠯ ᠢ  ᠣᠨᠴᠠᠭᠠᠶᠢᠯᠠᠨ ᠲᠣᠭᠲᠠᠭᠠᠪᠠ᠃             ᠨᠢᠭᠡ᠂ ᠶᠡᠷᠦᠩᠬᠡᠢ ᠱᠠᠭᠠᠷᠳᠠᠯᠭ᠎ᠠ             ︵ᠨᠢᠭᠡ︶ ᠵᠢᠯᠤᠭᠤᠳᠬᠤ ᠦᠵᠡᠯ ᠰᠠᠨᠠᠭ᠎ᠠ             ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂  ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠠᠩᠬᠠᠳᠤᠭᠠᠷ  ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠶᠡᠷᠦᠩᠬᠡᠢ ᠱᠦᠵᠢ ᠶᠢᠨ ᠥᠪᠥᠷ  ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ ᠬᠤᠶᠠᠷ ᠬᠠᠯᠬᠠᠪᠴᠢ︾ ︽ᠬᠤᠶᠠᠷ ᠰᠠᠭᠤᠷᠢᠨ︾ ︽ᠨᠢᠭᠡ ᠪᠠᠬᠢᠯᠡᠯᠲᠡ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ  ᠲᠣᠭᠲᠠᠭᠠᠯᠲᠠ ᠳᠤ ᠰᠠᠭᠤᠷᠢᠯᠠᠨ᠂ ᠬᠤᠳᠠ ᠶᠢᠨ ᠬᠥᠭᠵᠢᠯᠲᠡ ᠶᠢᠨ ᠳᠠᠪᠬᠤᠷᠭ᠎ᠠ ᠠᠴᠠ ᠬᠠᠲᠠᠭᠤ ᠪᠡᠶᠡᠲᠦ ᠬᠠᠶᠠᠭᠳᠠᠮᠠᠯ  ᠪᠣᠳᠠᠰ ᠢ ᠡᠬᠢ ᠡᠭᠦᠰᠦᠯ ᠠᠴᠠ ᠨᠢ ᠵᠠᠰᠠᠬᠤ᠂ ᠰᠢᠰᠲ᠋ᠧᠮ ᠲᠠᠢ ᠵᠠᠰᠠᠬᠤ ᠪᠠ ᠶᠡᠷᠦᠩᠬᠡᠶᠢᠯᠡᠨ ᠵᠠᠰᠠᠬᠤ ᠶᠢ ᠲᠦᠯᠬᠢᠨ  ᠠᠬᠢᠭᠤᠯᠵᠤ᠂ ︽ᠬᠠᠶᠠᠭᠳᠠᠮᠠᠯ ᠪᠤᠳᠠᠰ ᠦᠭᠡᠢ ᠬᠤᠳᠠ︾ ᠶᠢᠨ ᠪᠦᠲᠦᠭᠡᠨ ᠪᠠᠶᠢᠭᠤᠯᠤᠯᠲᠠ ᠶᠢ ᠪᠣᠬᠢᠷᠳᠤᠯ ᠢ  ᠰᠡᠷᠭᠡᠶᠢᠯᠡᠨ ᠵᠠᠰᠠᠬᠤ ᠰᠢᠪᠲᠤᠯᠤᠯᠲᠠ ᠶᠢ ᠰᠠᠶᠢᠲᠤᠷ ᠬᠢᠬᠦ᠂ ᠪᠣᠬᠢᠷᠳᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ  ᠪᠠᠭᠠᠰᠬᠠᠬᠤ ᠶᠢ ᠬᠠᠮᠵᠢᠯᠴᠠᠭᠤᠯᠤᠨ ᠦᠷ᠎ᠡ ᠠᠰᠢᠭ ᠢ ᠨᠡᠮᠡᠭᠳᠡᠭᠦᠯᠬᠦ ᠯᠦᠭᠡ ᠬᠠᠷᠢᠯᠴᠠᠨ ᠠᠭᠤᠰᠤᠯᠴᠠᠭᠤᠯᠵᠤ᠂ ᠬᠠᠲᠠᠭᠤ  ᠪᠡᠶᠡᠲᠦ ᠬᠠᠶᠠᠭᠳᠠᠮᠠᠯ ᠪᠣᠳᠠᠰ ᠤᠨ ᠣᠷᠴᠢᠨ ᠲᠣᠭᠤᠷᠢᠨ ᠢ ᠵᠠᠰᠠᠬᠤ  ᠰᠢᠰᠲ᠋ᠧᠮᠵᠢ ᠪᠠ ᠵᠠᠰᠠᠬᠤ ᠴᠢᠳᠠᠪᠤᠷᠢ ᠶᠢᠨ  ᠣᠳᠣᠬᠢᠴᠢᠯᠠᠯᠲᠠ ᠶᠢ ᠠᠬᠢᠭᠤᠯᠵᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ  ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠤᠨ᠎ᠠ᠃             ︵ᠬᠤᠶᠠᠷ︶ ᠦᠨᠳᠦᠰᠦᠨ ᠵᠠᠷᠴᠢᠮ            ︱ ᠰᠢᠰᠲ᠋ᠧᠮ ᠲᠠᠢ ᠲᠥᠯᠥᠪᠵᠢᠭᠦᠯᠵᠦ᠂ ᠨᠢᠭᠡ ᠴᠣᠭᠴᠠᠵᠢᠭᠤᠯᠤᠨ ᠠᠬᠢᠭᠤᠯᠤᠨ᠎ᠠ᠃ ︽ᠬᠠᠶᠠᠭᠳᠠᠮᠠᠯ   ᠪᠤᠳᠠᠰ ᠦᠭᠡᠢ ᠬᠤᠲᠠ︾ ᠶᠢᠨ ᠪᠦᠲᠦᠭᠡᠨ ᠪᠠᠶᠢᠭᠤᠯᠤᠯᠲᠠ ᠶᠢ ᠪᠣᠬᠢᠷᠳᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢ  ᠭᠦᠨᠵᠡᠭᠡᠢ ᠰᠠᠶᠢᠲᠤᠷ ᠬᠢᠬᠦ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠣᠷᠭᠢᠯ  ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠰᠠᠭᠠᠷᠮᠠᠭᠵᠢᠭᠤᠯᠬᠤ ᠵᠡᠷᠭᠡ ᠤᠯᠤᠰ ᠤᠨ  ᠴᠢᠬᠤᠯᠠ ᠶᠡᠭᠡ ᠪᠠᠶᠢᠯᠳᠤᠬᠤ ᠪᠣᠳᠣᠯᠭ᠎ᠠ ᠪᠠ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠯᠤᠭ᠎ᠠ  ᠣᠷᠭᠠᠨᠢᠭ ᠢᠶᠠᠷ ᠠᠭᠤᠰᠤᠯᠴᠠᠭᠤᠯᠵᠤ᠂ ︽ᠬᠠᠶᠠᠭᠳᠠᠮᠠᠯ ᠪᠤᠳᠠᠰ ᠦᠭᠡᠢ ᠬᠤᠲᠠ︾ ᠶᠢᠨ ᠪᠦᠲᠦᠭᠡᠨ ᠪᠠᠶᠢᠭᠤᠯᠤᠯᠲᠠ  ᠬᠢᠭᠡᠳ ᠠᠮᠢ ᠠᠬᠤᠢ ᠶᠢᠨ ᠬᠠᠮᠠᠭᠠᠯᠠᠯᠲᠠ᠂ ᠣᠷᠴᠢᠯ ᠠᠵᠤ ᠠᠬᠤᠢ᠂ ᠠᠷᠢᠭᠤᠨ ᠴᠡᠪᠡᠷ ᠦᠢᠯᠡᠳᠪᠦᠷᠢᠯᠡᠯ᠂ ᠡᠬᠢ  ᠪᠠᠶᠠᠯᠢᠭᠵᠢᠭᠤᠯᠤᠨ ᠠᠰᠢᠭᠯᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠶᠢ ᠨᠢᠭᠡᠳᠦᠯᠲᠡᠢ  ᠲᠥᠯᠥᠪᠯᠡᠨ ᠥᠷᠨᠢᠭᠦᠯᠵᠦ᠂ ᠨᠢᠭᠡ ᠴᠣᠭᠴᠠᠵᠢᠭᠤᠯᠤᠨ ᠠᠬᠢᠭᠤᠯᠬᠤ ᠶᠢ ᠪᠠᠷᠢᠮᠲᠠᠯᠠᠨ᠎ᠠ᠃             ︱ ᠬᠠᠷᠠᠯᠲᠠ ᠪᠠᠷ ᠤᠳᠤᠷᠢᠳᠤᠮᠵᠢ ᠪᠣᠯᠭᠠᠵᠤ᠂ ᠭᠤᠣᠯᠳᠠᠯᠭ᠎ᠠ ᠲᠠᠢ ᠵᠠᠰᠠᠨ᠎ᠠ᠃ ᠲᠣᠰ ᠬᠤᠲᠠ ᠶᠢᠨ ᠪᠣᠳᠠᠲᠤ  ᠪᠠᠶᠢᠳᠠᠯ ᠳᠤ ᠰᠠᠭᠤᠷᠢᠯᠠᠨ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠬᠠᠮᠢᠶᠠᠷᠤᠯᠲᠠ ᠶᠢᠨ ᠳᠦᠷᠢᠮ ᠤᠨ  ᠪᠠᠶᠢᠭᠤᠯᠤᠯᠲᠠ ᠶᠢ ᠴᠢᠩᠭᠠᠳᠬᠠᠵᠤ᠂ ᠢᠯᠴᠢ ᠶᠢᠨ ᠴᠠᠬᠢᠯᠭᠠᠨ᠂ ᠴᠠᠭᠠᠨ ᠢᠳᠡᠭᠡ ᠡᠳ᠋ᠰᠢᠭᠦᠯᠦᠨ ᠦᠶᠯᠡᠳᠬᠦ ᠵᠡᠷᠭᠡ  ᠠᠵᠢᠯ ᠲᠥᠷᠥᠯ ᠢᠶᠠᠷ ᠭᠤᠣᠯᠳᠠᠯᠭ᠎ᠠ ᠪᠣᠯᠭᠠᠨ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠭᠠᠷᠬᠤ ᠬᠡᠮᠵᠢᠶ᠎ᠡ ᠶᠡᠭᠡ᠂  ᠠᠰᠢᠭᠯᠠᠵᠤ ᠰᠢᠢᠳᠪᠦᠷᠢᠯᠡᠬᠦ ᠴᠢᠳᠠᠪᠤᠷᠢ ᠬᠦᠷᠦᠯᠴᠡᠬᠦ ᠦᠭᠡᠢ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃             ︱ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠠᠮᠵᠢᠯᠴᠠᠨ ᠬᠠᠮᠲᠤᠷᠠᠯᠴᠠᠨ᠎ᠠ᠃ ᠬᠥᠬᠡᠬᠤᠲᠠ ᠶᠢᠨ  ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠬᠤᠲᠠ ᠶᠢᠨ ᠰᠦᠷᠦᠭᠵᠢᠯ ᠳᠠᠬᠢ ᠣᠷᠣᠨ ᠪᠠᠶᠢᠷᠢ ᠶᠢᠨ  ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠣᠷᠣᠨ ᠪᠦᠰᠡ ᠶᠢᠨ ᠬᠠᠷᠢᠯᠴᠠᠨ ᠬᠠᠮᠵᠢᠯᠴᠠᠬᠤ ᠲᠣᠭᠲᠠᠴᠠ ᠶᠢ  ᠰᠦᠪᠡᠭᠴᠢᠯᠡᠨ ᠪᠠᠶᠢᠭᠤᠯᠵᠤ᠂ ᠣᠷᠣᠨ ᠪᠦᠰᠡ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠲᠦᠷᠦ ᠶᠢᠨ  ᠪᠣᠳᠣᠯᠭ᠎ᠠ ᠶᠢᠨ ᠬᠠᠮᠵᠢᠯᠴᠠᠭ᠎ᠠ᠂ ᠬᠠᠮᠢᠶᠠᠷᠤᠯᠲᠠ ᠶᠢᠨ ᠬᠠᠮᠵᠢᠯᠴᠠᠭ᠎ᠠ ᠪᠠ ᠬᠠᠤᠯᠢ ᠬᠡᠷᠡᠭᠵᠢᠭᠦᠯᠦᠯᠲᠡ ᠶᠢᠨ  ᠬᠤᠯᠪᠣᠭᠠᠯᠠᠯ ᠢ ᠲᠦᠯᠬᠢᠨ ᠠᠬᠢᠭᠤᠯᠵᠤ᠂ ᠡᠯ᠎ᠡ ᠲᠦᠷᠦᠯ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠲᠤᠭ᠎ᠠ  ᠪᠠᠷᠢᠮᠲᠠ ᠶᠢᠨ ᠮᠡᠳᠡᠭᠡ ᠵᠠᠩᠭᠢ ᠶᠢ ᠣᠷᠣᠨ ᠪᠦᠰᠡ ᠬᠤᠭᠤᠷᠤᠨᠳᠤ ᠪᠠᠨ᠂ ᠰᠠᠯᠠᠭ᠎ᠠ ᠮᠥᠴᠢᠷ ᠬᠤᠭᠤᠷᠤᠨᠳᠤ ᠪᠠᠨ  ᠬᠠᠷᠢᠯᠴᠠᠨ ᠨᠡᠪᠲᠡᠷᠡᠯᠴᠡᠵᠦ ᠬᠠᠮᠲᠤ ᠪᠠᠷ ᠡᠳ᠋ᠯᠡᠬᠦ ᠶᠢ ᠪᠡᠶᠡᠯᠡᠭᠦᠯᠵᠦ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ  ᠪᠦᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠬᠠᠲᠠᠭᠤ ᠪᠡᠶᠡᠲᠦ  ᠬᠠᠶᠠᠭᠳᠠᠮᠠᠯ ᠪᠣᠳᠠᠰ ᠤᠨ ᠵᠢᠷᠤᠮᠵᠢᠭᠰᠠᠨ᠂ ᠨᠠᠷᠢᠯᠢᠭᠵᠢᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ  ᠳᠡᠭᠡᠭᠰᠢᠯᠡᠭᠦᠯᠦᠨ᠎ᠡ᠃             ︱ ᠤᠯᠠᠨ ᠲᠠᠯ᠎ᠠ ᠪᠠᠷ ᠣᠷᠣᠯᠴᠠᠵᠤ᠂ ᠪᠦᠬᠦ ᠠᠷᠠᠳ ᠢᠶᠠᠷ ᠢᠶᠠᠨ ᠬᠠᠮᠲᠤᠪᠠᠷ ᠪᠠᠶᠢᠭᠤᠯᠤᠨ᠎ᠠ᠃ ᠵᠠᠰᠠᠭ ᠤᠨ  ᠣᠷᠳᠣᠨ ᠠᠴᠠ ᠬᠥᠲᠥᠯᠥᠨ ᠵᠢᠯᠣᠭᠤᠳᠤᠭᠰᠠᠨ᠂ ᠠᠵᠤ ᠠᠬᠤᠶᠢᠯᠠᠯ ᠢᠶᠠᠷ ᠭᠤᠣᠯ ᠴᠣᠭᠴᠠ ᠪᠣᠯᠭᠠᠭᠰᠠᠨ᠂ ᠨᠡᠶᠢᠭᠡᠮ  ᠨᠡᠶᠢᠲᠡ ᠪᠠᠷ ᠢᠶᠠᠨ ᠬᠠᠮᠲᠤᠪᠠᠷ ᠣᠷᠣᠯᠴᠠᠭᠰᠠᠨ ︽ᠬᠠᠶᠠᠭᠳᠠᠮᠠᠯ ᠪᠤᠳᠠᠰ ᠦᠭᠡᠢ ᠬᠤᠲᠠ︾ ᠶᠢᠨ ᠪᠦᠲᠦᠭᠡᠨ  ᠪᠠᠶᠢᠭᠤᠯᠤᠯᠲᠠ ᠶᠢᠨ ᠠᠵᠢᠯ ᠤᠨ ᠪᠠᠶᠢᠷᠢᠰᠢᠯ ᠢ ᠪᠤᠢ ᠪᠣᠯᠭᠠᠵᠤ᠂ ᠠᠵᠢᠯ ᠤᠨ ᠬᠤᠪᠢᠶᠠᠷᠢᠯᠠᠯ ᠨᠢ ᠲᠣᠳᠣᠷᠬᠠᠢ᠂ ᠡᠷᠬᠡ  ᠬᠠᠷᠢᠭᠤᠴᠠᠯᠭ᠎ᠠ ᠨᠢ ᠲᠣᠳᠣᠷᠬᠠᠢ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢ ᠪᠠᠶᠢᠭᠤᠯᠤᠨ᠎ᠠ᠃ ᠤᠬᠠᠭᠤᠯᠤᠨ  ᠬᠥᠲᠥᠯᠥᠨ ᠵᠢᠯᠤᠭᠤᠳᠬᠤ ᠶᠢ ᠴᠢᠩᠭᠠᠳᠬᠠᠵᠤ᠂ ᠪᠥᠬᠦ ᠠᠷᠠᠳ ᠢᠶᠠᠷ ᠢᠶᠠᠨ ᠣᠷᠣᠯᠴᠠᠭᠰᠠᠨ ᠪᠠ ᠰᠠᠶᠢᠨ ᠢᠶᠠᠷ  ᠨᠥᠬᠦᠴᠡᠯᠳᠦᠭᠰᠡᠨ ︽ᠬᠠᠶᠠᠭᠳᠠᠮᠠᠯ ᠪᠤᠳᠠᠰ ᠦᠭᠡᠢ ᠬᠤᠲᠠ︾ ᠶᠢ ᠪᠦᠲᠦᠭᠡᠨ ᠪᠠᠶᠢᠭᠤᠯᠬᠤ ᠨᠡᠶᠢᠭᠡᠮ ᠤᠨ ᠠᠭᠤᠷ  ᠠᠮᠢᠰᠬᠤᠯ ᠢ ᠪᠣᠶ ᠪᠣᠯᠭᠠᠨ᠎ᠠ᠃             ︵ᠭᠤᠷᠪᠠ︶ ᠠᠵᠢᠯ ᠤᠨ ᠬᠠᠷᠠᠯᠲᠠ             1. ᠶᠡᠷᠦᠩᠬᠡᠢ ᠬᠠᠷᠠᠯᠲᠠ             ︽ᠬᠠᠶᠠᠭᠳᠠᠮᠠᠯ ᠪᠤᠳᠠᠰ ᠦᠭᠡᠢ ᠬᠤᠲᠠ︾ ᠶᠢᠨ ᠪᠦᠲᠦᠭᠡᠨ ᠪᠠᠶᠢᠭᠤᠯᠤᠯᠲᠠ ᠪᠠᠷ ᠳᠡᠮᠵᠢᠨ᠂ 2025 ᠣᠨ  ᠪᠣᠯᠬᠤ ᠳᠤ᠂ ᠪᠣᠬᠢᠷᠳᠤᠯ ᠦᠭᠡᠢ ᠦᠢᠯᠡᠳᠪᠦᠷᠢᠯᠡᠯ ᠪᠠ ᠪᠣᠬᠢᠷᠳᠤᠯ ᠦᠭᠡᠢ ᠠᠮᠢᠳᠤᠷᠠᠯ ᠤᠨ ᠠᠷᠭ᠎ᠠ ᠮᠠᠶ᠋ᠢᠭ ᠢ ᠨᠡᠶᠢᠳᠡᠮ  ᠬᠡᠷᠡᠭᠵᠢᠭᠦᠯᠵᠦ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠡᠭᠦᠰᠦᠯ ᠠᠴᠠ ᠨᠢ ᠪᠠᠭᠠᠰᠬᠠᠬᠤ ᠦᠷ᠎ᠡ ᠪᠦᠲᠦᠮᠵᠢ  ᠢᠯᠡᠷᠬᠡᠢ᠂ ᠨᠤᠨᠳᠠᠭ ᠨᠡᠭᠦᠷᠡᠰᠦᠨ ᠤ ᠦᠨᠡᠰᠦ ᠵᠡᠷᠭᠡ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ  ᠠᠰᠢᠭᠯᠠᠬᠤ ᠬᠢᠷᠢ ᠬᠡᠮᠵᠢᠶ᠎ᠡ ᠢᠯᠡᠳᠲᠡ ᠳᠡᠭᠡᠭᠰᠢᠯᠡᠵᠦ᠂ ᠪᠤᠰᠤᠳ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ  ᠪᠠᠶᠠᠯᠢᠭᠵᠢᠭᠤᠯᠬᠤ ᠪᠠ ᠬᠤᠣᠷ ᠦᠭᠡᠶᠢᠳᠡᠭᠦᠯᠦᠨ ᠰᠢᠢᠳᠪᠦᠷᠢᠯᠡᠬᠦ ᠬᠢᠷᠢ ᠬᠡᠮᠵᠢᠶ᠎ᠡ ᠢᠯᠡᠳᠲᠡ ᠳᠡᠭᠡᠭᠰᠢᠯᠡᠵᠦ᠂ ᠡᠨᠧᠷᠭᠢ  ᠠᠷᠪᠢᠯᠠᠵᠤ ᠪᠣᠬᠢᠷᠳᠤᠯ ᠪᠣᠳᠠᠰ ᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠪᠠ ᠪᠣᠬᠢᠷᠳᠤᠯ ᠢ ᠪᠠᠭᠠᠰᠬᠠᠵᠤ  ᠨᠡᠭᠦᠷᠡᠰᠦᠲᠥ᠋ᠷᠥᠭᠴᠢ ᠶᠢ ᠪᠠᠭᠠᠰᠬᠠᠬᠤ ᠶᠢ ᠬᠠᠮᠵᠢᠯᠴᠠᠭᠤᠯᠤᠨ ᠦᠷ᠎ᠡ ᠠᠰᠢᠭ ᠢ ᠨᠡᠮᠡᠭᠳᠡᠭᠦᠯᠬᠦ ᠦᠷ᠎ᠡ  ᠪᠦᠲᠦᠮᠵᠢ ᠢᠯᠡᠳᠲᠡ ᠳᠡᠭᠡᠭᠰᠢᠯᠡᠵᠦ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠣᠳᠣᠬᠢᠴᠢᠯᠠᠭᠰᠠᠨ  ᠵᠠᠰᠠᠯᠲᠠ ᠶᠢᠨ ᠴᠢᠳᠠᠪᠤᠷᠢ ᠳᠡᠭᠡᠭᠰᠢᠯᠡᠵᠦ᠂ ᠳᠦᠷᠢᠮ ᠲᠣᠭᠲᠠᠭᠠᠯ᠂ ᠮᠡᠷᠭᠡᠵᠢᠯ᠂ ᠵᠠᠬ᠎ᠠ ᠳᠡᠯᠭᠡᠭᠦᠷ ᠪᠠ ᠬᠢᠨᠠᠯᠲᠠ  ᠬᠠᠮᠢᠶᠠᠷᠤᠯᠲᠠ ᠶᠢᠨ ᠰᠢᠰᠲ᠋ᠧᠮᠵᠢ ᠡᠳᠦᠷ ᠢᠷᠡᠬᠦᠶ᠎ᠡ ᠲᠡᠭᠦᠯᠳᠡᠷᠵᠢᠵᠦ᠂ ︽ᠬᠠᠶᠠᠭᠳᠠᠮᠠᠯ ᠪᠤᠳᠠᠰ ᠦᠭᠡᠢ ︾  ᠣᠶᠢᠯᠠᠭᠠᠭᠳᠠᠬᠤᠨ ᠥᠷᠭᠡᠨ ᠢᠶᠠᠷ ᠲᠠᠨᠢᠭᠳᠠᠵᠤ᠂ ︽ᠬᠠᠶᠠᠭᠳᠠᠮᠠᠯ ᠪᠤᠳᠠᠰ ᠦᠭᠡᠢ ᠬᠤᠳᠠ︾ ᠶᠢᠨ ᠪᠦᠲᠦᠭᠡᠨ  ᠪᠠᠶᠢᠭᠤᠯᠤᠯᠲᠠ ᠶᠢᠨ ᠬᠠᠷᠠᠯᠲᠠ ᠶᠢ ᠦᠨᠳᠦᠰᠦᠨ ᠳᠡᠭᠡᠨ ᠪᠡᠶᠡᠯᠡᠭᠦᠯᠦᠨ᠎ᠡ᠃             2. ᠭᠦᠢᠴᠡᠳᠬᠡᠯ ᠲᠤᠭ᠎ᠠ ᠶᠢᠨ ᠰᠢᠰᠲ᠋ᠧᠮᠵᠢ ᠳ᠋ᠤᠭᠠᠷ   ᠨᠢᠭᠡᠳᠦᠭᠡᠷ ᠲᠡᠰ ᠤᠨ ᠭᠦᠢᠴᠡᠳᠬᠡᠯ ᠲᠤᠭ᠎ᠠ   ᠬᠤᠶᠠᠳᠤᠭᠠᠷ ᠲᠡᠰ ᠤᠨ ᠭᠦᠢᠴᠡᠳᠬᠡᠯ ᠲᠤᠭ᠎ᠠ    ᠭᠤᠷᠪᠠᠳᠤᠭᠠᠷ ᠲᠡᠰ ᠤᠨ ᠭᠦᠢᠴᠡᠳᠬᠡᠯ ᠲᠤᠭ᠎ᠠ ᠣᠳᠣ ᠶᠢᠨ ᠪᠠᠶᠢᠳᠠᠯ ᠤᠨ ᠬᠡᠮᠵᠢᠭᠳᠡᠯ 2020 ᠣᠨ      ᠬᠠᠷᠠᠯᠲᠠ  ᠬᠡᠮᠵᠢᠭᠳᠡᠯ 2025 ᠣᠨ    ᠬᠡᠮᠵᠢᠯᠲᠡ ᠶᠢᠨ ᠨᠢᠭᠡᠴᠢ  ᠬᠠᠷᠢᠭᠤᠴᠠᠯᠭᠠᠲᠤ ᠨᠢᠭᠡᠴᠡ 1   ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠡᠭᠦᠰᠦᠯ ᠠᠴᠠ ᠨᠢ ᠪᠠᠭᠠᠰᠬᠠᠬᠤ   ᠠᠵᠤ ᠦᠢᠯᠡᠳᠪᠦᠷᠢ ᠶᠢᠨ  ᠡᠬᠢ ᠠᠴᠠ ᠪᠠᠭᠠᠰᠬᠠᠬᠤ   ᠠᠵᠤ ᠦᠢᠯᠡᠳᠪᠦᠷᠢ ᠶᠢᠨ ᠡᠩ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠭᠠᠷᠬᠤ  ᠬᠦᠴᠦᠯᠡᠴᠡ★      2.17    1.82     ᠲᠣᠨ/ ᠲᠦᠮᠡᠨ ᠲᠥᠭᠦᠷᠢᠭ     ᠬᠤᠲᠠ ᠶᠢᠨ ᠠᠵᠤ  ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ︵ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠲᠤᠭ᠎ᠠ ᠪᠠᠷᠢᠮᠲᠠ ᠶᠢ ᠬᠠᠩᠭᠠᠨ᠎ᠠ︶ 2   ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠡᠭᠦᠰᠦᠯ ᠠᠴᠠ ᠨᠢ ᠪᠠᠭᠠᠰᠬᠠᠬᠤ   ᠠᠵᠤ ᠦᠢᠯᠡᠳᠪᠦᠷᠢ ᠶᠢᠨ  ᠡᠬᠢ ᠠᠴᠠ ᠪᠠᠭᠠᠰᠬᠠᠬᠤ   ᠠᠵᠤ ᠦᠢᠯᠡᠳᠪᠦᠷᠢ ᠶᠢᠨ ᠬᠤᠣᠷᠲᠠᠢ ᠬᠠᠲᠠᠭᠤ ᠪᠡᠶᠡᠲᠦ ᠬᠠᠶᠠᠭᠳᠠᠮᠠᠯ ᠪᠣᠳᠠᠰ ᠭᠠᠷᠬᠤ  ᠬᠦᠴᠦᠯᠡᠴᠡ★    38.27    38.08   ᠺᠢᠯᠣᠭ᠍ᠷᠠᠮ/ ᠲᠦᠮᠡᠨ ᠲᠥᠭᠦᠷᠢᠭ      ᠬᠤᠲᠠ ᠶᠢᠨ ᠠᠮᠢ ᠠᠬᠤᠢ  ᠣᠷᠴᠢᠨ ᠲᠣᠭᠤᠷᠢᠨ ᠤ ᠲᠣᠪᠴᠢᠶ᠎ᠠ ︵ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠲᠤᠭ᠎ᠠ ᠪᠠᠷᠢᠮᠲᠠ ᠶᠢ  ᠬᠠᠩᠭᠠᠨ᠎ᠠ︶ 3   ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠡᠭᠦᠰᠦᠯ ᠠᠴᠠ ᠨᠢ ᠪᠠᠭᠠᠰᠬᠠᠬᠤ   ᠠᠵᠤ ᠦᠢᠯᠡᠳᠪᠦᠷᠢ ᠶᠢᠨ  ᠡᠬᠢ ᠠᠴᠠ ᠪᠠᠭᠠᠰᠬᠠᠬᠤ    ᠠᠷᠢᠭᠤᠨ ᠴᠡᠪᠡᠷ ᠦᠢᠯᠡᠳᠪᠦᠷᠢᠯᠡᠯ ᠤᠨ ᠬᠢᠨᠠᠨ ᠵᠥᠪᠰᠢᠶᠡᠷᠡᠯ ᠦᠨᠡᠯᠡᠯᠲᠡ ᠶᠢ  ᠣᠯᠣᠭᠰᠠᠨ ᠠᠵᠤ ᠠᠬᠤᠶᠢᠯᠠᠯ ᠤᠨ ᠬᠤᠪᠢ ᠶᠢᠨ ᠵᠢᠩ ★   65    80    %    ᠬᠤᠲᠠ ᠶᠢᠨ  ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ  ᠲᠣᠪᠴᠢᠶ᠎ᠠ᠂ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ 4   ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠡᠭᠦᠰᠦᠯ ᠠᠴᠠ ᠨᠢ ᠪᠠᠭᠠᠰᠬᠠᠬᠤ   ᠠᠵᠤ ᠦᠢᠯᠡᠳᠪᠦᠷᠢ ᠶᠢᠨ  ᠡᠬᠢ ᠠᠴᠠ ᠪᠠᠭᠠᠰᠬᠠᠬᠤ    ᠪᠣᠬᠢᠷᠲᠤᠯ ᠦᠭᠡᠢ ᠦᠢᠯᠡᠳᠪᠦᠷᠢ ᠶᠢᠨ ᠪᠦᠲᠦᠭᠡᠨ ᠪᠠᠶᠢᠭᠤᠯᠤᠯᠲᠠ ᠶᠢ ᠥᠷᠨᠢᠭᠦᠯᠦᠭᠰᠡᠨ  ᠠᠵᠤ ᠠᠬᠤᠶᠢᠯᠠᠯ ᠤᠨ ᠲᠤᠭ᠎ᠠ    16    45    ᠬᠤᠪᠢ     ᠬᠤᠲᠠ ᠶᠢᠨ ᠠᠵᠤ ᠦᠢᠯᠡᠳᠪᠦᠷᠢ ᠪᠠ ᠮᠡᠳᠡᠭᠡ  ᠵᠠᠩᠭᠢᠵᠢᠯᠲᠠ ᠶᠢᠨ ᠲᠣᠪᠴᠢᠶ᠎ᠠ 5   ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠡᠭᠦᠰᠦᠯ ᠠᠴᠠ ᠨᠢ ᠪᠠᠭᠠᠰᠬᠠᠬᠤ   ᠠᠵᠤ ᠦᠢᠯᠡᠳᠪᠦᠷᠢ ᠶᠢᠨ  ᠡᠬᠢ ᠠᠴᠠ ᠪᠠᠭᠠᠰᠬᠠᠬᠤ    ᠠᠮᠢ ᠠᠬᠤᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠦᠲᠦᠭᠡᠨ  ᠪᠠᠶᠢᠭᠤᠯᠤᠯᠲᠠ᠂ ᠣᠷᠴᠢᠯᠳᠤᠭᠤᠯᠬᠤ ᠥᠭᠡᠷᠡᠴᠢᠯᠡᠯᠲᠡ᠂ ᠪᠣᠬᠢᠷᠲᠤᠯ ᠦᠭᠡᠢ ᠬᠦᠷᠢᠶᠡᠯᠡᠩ ᠲᠣᠭᠤᠷᠢᠭ ᠤᠨ ᠪᠦᠲᠦᠭᠡᠨ  ᠪᠠᠶᠢᠭᠤᠯᠤᠯᠲᠠ ᠶᠢ ᠥᠷᠨᠢᠭᠦᠯᠦᠭᠰᠡᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠤᠪᠢ ᠶᠢᠨ ᠵᠢᠩ     0    71.4      %      ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠂ ᠬᠥᠭᠵᠢᠭᠦᠯᠦᠯᠲᠡ  ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ  6   ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠡᠭᠦᠰᠦᠯ ᠠᠴᠠ ᠨᠢ ᠪᠠᠭᠠᠰᠬᠠᠬᠤ   ᠠᠵᠤ ᠦᠢᠯᠡᠳᠪᠦᠷᠢ ᠶᠢᠨ  ᠡᠬᠢ ᠠᠴᠠ ᠪᠠᠭᠠᠰᠬᠠᠬᠤ    ᠪᠣᠬᠢᠷᠲᠤᠯ ᠦᠭᠡᠢ ᠠᠭᠤᠷᠬᠠᠢ ᠶᠢ ᠪᠦᠲᠦᠭᠡᠨ ᠪᠠᠶᠢᠭᠤᠯᠤᠭᠰᠠᠨ ᠨᠣᠷᠮ᠎ᠠ★    15      100     %     ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ 7   ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠡᠭᠦᠰᠦᠯ ᠠᠴᠠ ᠨᠢ ᠪᠠᠭᠠᠰᠬᠠᠬᠤ   ᠠᠵᠤ ᠦᠢᠯᠡᠳᠪᠦᠷᠢ ᠶᠢᠨ  ᠡᠬᠢ ᠠᠴᠠ ᠪᠠᠭᠠᠰᠬᠠᠬᠤ    ᠬᠤᠲᠠ ᠶᠢᠨ ᠭᠤᠣᠯᠳᠠᠯᠭ᠎ᠠ ᠲᠠᠢ ᠠᠵᠢᠯ ᠲᠥᠷᠥᠯ ᠤᠨ ᠠᠵᠤ ᠦᠢᠯᠡᠳᠪᠦᠷᠢ ᠶᠢᠨ ᠠᠵᠤ  ᠠᠬᠤᠶᠢᠯᠠᠯ ᠤᠨ ᠨᠡᠭᠦᠷᠡᠰᠦᠳᠦ᠋ᠷᠦᠭᠴᠢ ᠭᠠᠳᠠᠭᠰᠢᠯᠠᠭᠤᠯᠬᠤ ᠬᠦᠴᠦᠯᠡᠴᠡ ᠶᠢ ᠪᠠᠭᠤᠷᠠᠭᠤᠯᠤᠭᠰᠠᠨ ᠬᠡᠮᠵᠢᠶ᠎ᠡ    -    18     %    ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ 8   ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠡᠭᠦᠰᠦᠯ ᠠᠴᠠ ᠨᠢ ᠪᠠᠭᠠᠰᠬᠠᠬᠤ     ᠪᠠᠷᠢᠯᠭ᠎ᠠ ᠶᠢᠨ  ᠦᠢᠯᠡᠰ ᠤᠨ ᠡᠬᠢ ᠠᠴᠠ ᠪᠠᠭᠠᠰᠬᠠᠬᠤ    ᠪᠣᠬᠢᠷᠲᠤᠯ ᠦᠭᠡᠢ ᠪᠠᠷᠢᠯᠭ᠎ᠠ ᠶᠢᠨ ᠰᠢᠨ᠎ᠡ ᠪᠠᠷ ᠪᠠᠶᠢᠭᠤᠯᠤᠭᠰᠠᠨ  ᠪᠠᠷᠢᠯᠭ᠎ᠠ ᠳᠤ ᠡᠵᠡᠯᠡᠬᠦ ᠬᠠᠷᠢᠴᠠᠯ ★    5     100     %     ᠬᠤᠲᠠ ᠶᠢᠨ ᠣᠷᠣᠨ ᠰᠠᠭᠤᠴᠠ ᠪᠠ  ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ  ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ 9   ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠡᠭᠦᠰᠦᠯ ᠠᠴᠠ ᠨᠢ ᠪᠠᠭᠠᠰᠬᠠᠬᠤ     ᠪᠠᠷᠢᠯᠭ᠎ᠠ ᠶᠢᠨ  ᠦᠢᠯᠡᠰ ᠤᠨ ᠡᠬᠢ ᠠᠴᠠ ᠪᠠᠭᠠᠰᠬᠠᠬᠤ     ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠰᠢᠨ᠎ᠡ ᠪᠠᠷ ᠪᠠᠶᠢᠭᠤᠯᠤᠭᠰᠠᠨ  ᠪᠠᠷᠢᠯᠭ᠎ᠠ ᠳᠤ ᠡᠵᠡᠯᠡᠬᠦ ᠬᠠᠷᠢᠴᠠᠯ   3    30     %     ᠬᠤᠲᠠ ᠶᠢᠨ ᠣᠷᠣᠨ ᠰᠠᠭᠤᠴᠠ ᠪᠠ ᠬᠤᠲᠠ  ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ 10   ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠡᠭᠦᠰᠦᠯ ᠠᠴᠠ ᠨᠢ ᠪᠠᠭᠠᠰᠬᠠᠬᠤ     ᠠᠮᠢᠳᠤᠷᠠᠯ ᠤᠨ  ᠬᠦᠷᠢᠶ᠎ᠡ ᠴᠠᠷᠠᠭ᠎ᠠ ᠶᠢᠨ ᠡᠬᠢ ᠠᠴᠠ ᠪᠠᠭᠠᠰᠬᠠᠬᠤ    ᠠᠮᠢᠳᠤᠷᠠᠯ ᠤᠨ ᠬᠤᠭ ᠨᠣᠪᠰᠢ ᠶᠢ ᠴᠡᠪᠡᠷᠯᠡᠵᠦ  ᠲᠡᠭᠡᠭᠡᠪᠦᠷᠢᠯᠡᠭᠰᠡᠨ ᠬᠡᠮᠵᠢᠶ᠎ᠡ ★      74.5    70      ᠲᠦᠮᠡᠨ ᠲᠣᠨ     ᠬᠤᠲᠠ ᠶᠢᠨ  ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ  ︵ᠬᠤᠲᠠ ᠶᠢᠨ ᠲᠤᠭ᠎ᠠ ᠪᠦᠷᠢᠳᠬᠡᠯ ᠤᠨ  ᠲᠣᠪᠴᠢᠶ᠎ᠠ ᠲᠤᠭ᠎ᠠ ᠪᠠᠷᠢᠮᠲᠠ ᠶᠢ ᠬᠠᠩᠭᠠᠨ᠎ᠠ︶ 11   ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠡᠭᠦᠰᠦᠯ ᠠᠴᠠ ᠨᠢ ᠪᠠᠭᠠᠰᠬᠠᠬᠤ     ᠠᠮᠢᠳᠤᠷᠠᠯ ᠤᠨ  ᠬᠦᠷᠢᠶ᠎ᠡ ᠴᠠᠷᠠᠭ᠎ᠠ ᠶᠢᠨ ᠡᠬᠢ ᠠᠴᠠ ᠪᠠᠭᠠᠰᠬᠠᠬᠤ    ᠬᠤᠲᠠ ᠶᠢᠨ ᠰᠠᠭᠤᠭᠠᠯᠢ ᠠᠷᠠᠳ ᠤᠨ ᠬᠤᠷᠢᠶᠠᠯᠠᠯ ᠤᠨ ᠬᠤᠭ  ᠨᠣᠪᠰᠢ ᠶᠢ ᠲᠥᠷᠥᠯ ᠬᠤᠪᠢᠶᠠᠭᠰᠠᠨ ᠪᠦᠷᠬᠦᠴᠡ     100    100    %    ᠬᠤᠲᠠ ᠶᠢᠨ  ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ 12   ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠡᠭᠦᠰᠦᠯ ᠠᠴᠠ ᠨᠢ ᠪᠠᠭᠠᠰᠬᠠᠬᠤ    ᠠᠮᠢᠳᠤᠷᠠᠯ ᠤᠨ  ᠬᠦᠷᠢᠶ᠎ᠡ ᠴᠠᠷᠠᠭ᠎ᠠ ᠶᠢᠨ ᠡᠬᠢ ᠠᠴᠠ ᠪᠠᠭᠠᠰᠬᠠᠬᠤ    ᠬᠥᠳᠡᠭᠡ ᠲᠣᠰᠬᠤᠨ ᠣᠷᠣᠨ ᠤ ᠬᠤᠭ ᠨᠣᠪᠰᠢ ᠶᠢ ᠲᠥᠷᠥᠯ  ᠬᠤᠪᠢᠶᠠᠭᠰᠠᠨ ᠪᠦᠷᠬᠦᠴᠡ     0    5    %     ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ  ᠮᠠᠨᠳᠤᠭᠤᠯᠬᠤ ᠲᠣᠪᠴᠢᠶ᠎ᠠ 13   ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠡᠭᠦᠰᠦᠯ ᠠᠴᠠ ᠨᠢ ᠪᠠᠭᠠᠰᠬᠠᠬᠤ     ᠠᠮᠢᠳᠤᠷᠠᠯ ᠤᠨ  ᠬᠦᠷᠢᠶ᠎ᠡ ᠴᠠᠷᠠᠭ᠎ᠠ ᠶᠢᠨ ᠡᠬᠢ ᠠᠴᠠ ᠪᠠᠭᠠᠰᠬᠠᠬᠤ    ᠲᠦᠷᠭᠡᠨ ᠬᠦᠷᠭᠡᠯᠲᠡ ᠳᠤ ᠪᠣᠬᠢᠷᠲᠤᠯ ᠦᠭᠡᠢ ᠪᠠᠭᠯᠠᠭ᠎ᠠ  ᠬᠡᠷᠡᠭᠯᠡᠭᠰᠡᠨ ᠨᠣᠷᠮ᠎ᠠ    75    90     %    ᠬᠤᠲᠠ ᠶᠢᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ 14   ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ   ᠠᠵᠤ ᠦᠢᠯᠡᠳᠪᠦᠷᠢ ᠶᠢᠨ  ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ    ᠠᠵᠤ ᠦᠢᠯᠡᠳᠪᠦᠷᠢ ᠶᠢᠨ  ᠡᠩ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠨᠤᠷᠮ᠎ᠠ★    22.1    60    %     ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠮᠢ ᠠᠬᠤᠢ ᠣᠷᠴᠢᠨ  ᠲᠣᠭᠤᠷᠢᠨ ᠤ ᠲᠣᠪᠴᠢᠶ᠎ᠠ 15   ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ   ᠠᠵᠤ ᠦᠢᠯᠡᠳᠪᠦᠷᠢ ᠶᠢᠨ  ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ    ᠠᠵᠤ ᠦᠢᠯᠡᠳᠪᠦᠷᠢ ᠶᠢᠨ  ᠬᠤᠣᠷᠲᠠᠢ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠨᠤᠷᠮ᠎ᠠ★    63.681    70   %     ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ 16   ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ   ᠠᠵᠤ ᠦᠢᠯᠡᠳᠪᠦᠷᠢ ᠶᠢᠨ  ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ    ᠬᠡᠪᠴᠢᠶᠡᠵᠢᠭᠰᠡᠨ ᠬᠠᠲᠠᠭᠤ  ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠲᠤᠰᠬᠠᠢ ᠮᠡᠷᠭᠡᠵᠢᠯ ᠤᠨ ᠠᠵᠤ ᠠᠬᠤᠶᠢᠯᠠᠯ ᠤᠨ ᠲᠤᠭ᠎ᠠ     -     25     -       ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ  ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ  ᠂ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ  17   ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ   ᠠᠵᠤ ᠦᠢᠯᠡᠳᠪᠦᠷᠢ ᠶᠢᠨ  ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ    ᠵᠢᠯ ᠤᠨ ᠦᠢᠯᠡᠳᠪᠦᠷᠢᠯᠡᠯ ᠤᠨ  ᠥᠷᠲᠡᠭ 5000 ᠲᠦᠮᠡᠨ ᠲᠥᠭᠦᠷᠢᠭ ᠢ ᠳᠠᠪᠠᠭᠰᠠᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ  ᠠᠰᠢᠭᠯᠠᠬᠤ ᠭᠤᠣᠯᠯᠠᠬᠤ ᠠᠵᠤ ᠠᠬᠤᠶᠢᠯᠠᠯ ᠤᠨ ᠲᠤᠭ᠎ᠠ    -   10    -    ᠡᠯ᠎ᠡ ᠬᠤᠰᠢᠭᠤ ᠰᠢᠶᠠᠨ  ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂  ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠠᠵᠤ ᠦᠢᠯᠡᠳᠪᠦᠷᠢ ᠪᠠ ᠮᠡᠳᠡᠭᠡ  ᠵᠠᠩᠭᠢᠵᠢᠯᠲᠠ ᠶᠢᠨ ᠲᠣᠪᠴᠢᠶ᠎ᠠ  18   ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ   ᠲᠠᠷᠢᠶᠠᠯᠠᠩ ᠤᠨ  ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ    ᠡᠰᠢ ᠰᠦᠷᠡᠯ ᠢ ᠶᠡᠷᠦᠩᠬᠡᠶᠢᠯᠡᠨ ᠠᠰᠢᠭᠯᠠᠭᠰᠠᠨ  ᠨᠣᠷᠮ᠎ᠠ★    85    90    %      ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ 19   ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ   ᠲᠠᠷᠢᠶᠠᠯᠠᠩ ᠤᠨ  ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ    ᠮᠠᠯ ᠵᠢᠭᠦᠷᠲᠡᠨ ᠤ ᠢᠯᠭᠠᠳᠠᠰᠤᠨ ᠤ ᠪᠣᠬᠢᠷᠲᠤᠯ ᠢ  ᠶᠡᠷᠦᠩᠬᠡᠶᠢᠯᠡᠨ ᠠᠰᠢᠭᠯᠠᠭᠰᠠᠨ ᠨᠣᠷᠮ᠎ᠠ★    90    90    %      ᠬᠤᠲᠠ ᠶᠢᠨ ᠲᠠᠷᠢᠶᠠᠯᠠᠩ ᠮᠠᠯ ᠠᠵᠤ  ᠠᠬᠤᠢ ᠶᠢᠨ ᠲᠣᠪᠴᠢᠶ᠎ᠠ 20   ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ   ᠲᠠᠷᠢᠶᠠᠯᠠᠩ ᠤᠨ  ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ    ᠲᠠᠷᠢᠶᠠᠯᠠᠩ ᠤᠨ ᠰᠦᠯᠢᠶᠣᠣ ᠪᠦᠷᠬᠦᠪᠴᠢ ᠶᠢ  ᠬᠤᠷᠢᠶᠠᠭᠰᠠᠨ ᠨᠣᠷᠮ᠎ᠠ★    82    85     %      ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ  ᠲᠣᠪᠴᠢᠶ᠎ᠠ 21   ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ   ᠲᠠᠷᠢᠶᠠᠯᠠᠩ ᠤᠨ  ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ    ᠬᠢᠮᠢ ᠶᠢᠨ ᠲᠠᠷᠢᠶᠠᠨ ᠡᠮ ᠬᠡᠷᠡᠭᠯᠡᠬᠦ ᠶᠢ ᠮᠤ᠋  ᠪᠦᠷᠢ ᠳᠤ ᠪᠠᠭᠤᠷᠠᠭᠤᠯᠤᠭᠰᠠᠨ ᠬᠡᠮᠵᠢᠶ᠎ᠡ    2    ᠰᠥᠭᠡᠷᠭᠦ ᠨᠡᠮᠡᠭᠳᠡᠯ ᠲᠠᠢ    %      ᠬᠤᠲᠠ ᠶᠢᠨ  ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ 22   ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ   ᠲᠠᠷᠢᠶᠠᠯᠠᠩ ᠤᠨ  ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ    ᠬᠢᠮᠢ ᠶᠢᠨ ᠪᠣᠷᠳᠣᠭᠤᠷ ᠬᠡᠷᠡᠭᠯᠡᠬᠦ ᠶᠢ ᠮᠤ᠋ ᠪᠦᠷᠢ ᠳᠤ  ᠪᠠᠭᠤᠷᠠᠭᠤᠯᠤᠭᠰᠠᠨ ᠬᠡᠮᠵᠢᠶ᠎ᠡ    ᠰᠥᠭᠡᠷᠭᠦ ᠨᠡᠮᠡᠭᠳᠡᠯ ᠲᠠᠢ    ᠰᠥᠭᠡᠷᠭᠦ ᠨᠡᠮᠡᠭᠳᠡᠯ ᠲᠠᠢ    %      ᠬᠤᠲᠠ ᠶᠢᠨ  ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ 23   ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ   ᠪᠠᠷᠢᠯᠭ᠎ᠠ ᠶᠢᠨ ᠬᠤᠭ  ᠨᠣᠪᠰᠢ ᠶᠢ ᠡᠬᠢ ᠪᠠᠶᠠᠯᠢᠭᠵᠢᠭᠤᠯᠤᠨ ᠠᠰᠢᠭᠯᠠᠬᠤ     ᠪᠠᠷᠢᠯᠭ᠎ᠠ ᠶᠢᠨ ᠬᠤᠭ ᠨᠣᠪᠰᠢ ᠶᠢ ᠡᠬᠢ ᠪᠠᠶᠠᠯᠢᠭᠵᠢᠭᠤᠯᠤᠨ  ᠠᠰᠢᠭᠯᠠᠭᠰᠠᠨ ᠨᠣᠷᠮ᠎ᠠ ★    35.09    60    %       ᠬᠤᠲᠠ ᠶᠢᠨ ᠬᠠᠮᠢᠶᠠᠷᠤᠯᠲᠠ ᠶᠢᠨ  ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ 24   ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ   ᠠᠮᠢᠳᠤᠷᠠᠯ ᠤᠨ ᠬᠦᠷᠢᠶ᠎ᠡ  ᠴᠠᠷᠠᠭ᠎ᠠ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ       ᠬᠤᠲᠠ  ᠬᠥᠳᠡᠭᠡ ᠶᠢᠨ ᠠᠮᠢᠳᠤᠷᠠᠯ ᠤᠨ ᠬᠤᠭ ᠨᠣᠪᠰᠢ ᠶᠢ ᠡᠬᠢ ᠪᠠᠶᠠᠯᠢᠭᠵᠢᠭᠤᠯᠤᠨ ᠠᠰᠢᠭᠯᠠᠭᠰᠠᠨ ᠨᠣᠷᠮ᠎ᠠ ★    30      35     %     ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠡᠯ᠎ᠡ  ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ  ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ  25   ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ   ᠠᠮᠢᠳᠤᠷᠠᠯ ᠤᠨ ᠬᠦᠷᠢᠶ᠎ᠡ  ᠴᠠᠷᠠᠭ᠎ᠠ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ       ᠡᠮᠴᠢᠯᠡᠭᠡ  ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠡᠭᠡᠭᠦᠯᠦᠨ ᠬᠤᠷᠢᠶᠠᠵᠤ ᠠᠪᠴᠤ ᠪᠣᠯᠬᠤ ᠪᠣᠳᠠᠰ ᠢ  ᠬᠤᠷᠢᠶᠠᠨ  ᠠᠪᠤᠭᠰᠠᠨ ᠨᠣᠷᠮ᠎ᠠ ★     -     100     %     ᠬᠤᠲᠠ ᠶᠢᠨ ᠡᠷᠡᠭᠦᠯ ᠬᠠᠮᠠᠭᠠᠯᠠᠯ ᠡᠷᠡᠭᠦᠯ  ᠮᠡᠨᠳᠦ ᠶᠢᠨ  ᠵᠥᠪᠯᠡᠯ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ 26    ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠡᠴᠦᠰ ᠤᠨ ᠰᠢᠢᠳᠪᠦᠷᠢᠯᠡᠯᠲᠡ    ᠠᠶᠤᠯᠭᠦᠢ ᠬᠠᠶᠠᠭᠳᠠᠮᠠᠯ  ᠪᠣᠳᠠᠰ ᠢ ᠠᠶᠤᠯᠭᠦᠢ ᠰᠢᠢᠳᠪᠦᠷᠢᠯᠡᠬᠦ       ᠠᠵᠤ ᠦᠢᠯᠡᠳᠪᠦᠷᠢ ᠶᠢᠨ ᠠᠶᠤᠯᠲᠠᠢ ᠬᠠᠶᠠᠭᠳᠠᠮᠠᠯ ᠪᠣᠳᠠᠰ ᠢ ᠪᠤᠯᠠᠵᠤ  ᠰᠢᠢᠳᠪᠦᠷᠢᠯᠡᠬᠦ ᠬᠡᠮᠵᠢᠶ᠎ᠡ ᠶᠢᠨ ᠪᠠᠭᠤᠷᠠᠭᠰᠠᠨ ᠨᠣᠷᠮ᠎ᠠ ★     -    5     %    ᠬᠤᠲᠠ ᠶᠢᠨ ᠠᠮᠢ  ᠠᠬᠤᠢ ᠣᠷᠴᠢᠨ ᠲᠣᠭᠤᠷᠢᠨ ᠤ ᠲᠣᠪᠴᠢᠶ᠎ᠠ 27    ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠡᠴᠦᠰ ᠤᠨ ᠰᠢᠢᠳᠪᠦᠷᠢᠯᠡᠯᠲᠡ    ᠠᠶᠤᠯᠭᠦᠢ ᠬᠠᠶᠠᠭᠳᠠᠮᠠᠯ  ᠪᠣᠳᠠᠰ ᠢ ᠠᠶᠤᠯᠭᠦᠢ ᠰᠢᠢᠳᠪᠦᠷᠢᠯᠡᠬᠦ       ᠡᠮᠴᠢᠯᠡᠭᠡᠨ ᠤ ᠬᠠᠶᠠᠭᠳᠠᠮᠠᠯ ᠪᠣᠳᠠᠰ ᠢ ᠴᠤᠭᠯᠠᠭᠤᠯᠤᠨ ᠰᠢᠢᠳᠪᠦᠷᠢᠯᠡᠬᠦ  ᠰᠢᠰᠲ᠋ᠧᠮᠵᠢ ᠶᠢᠨ ᠪᠦᠷᠬᠦᠴᠡ ★      99    100    %     ᠬᠤᠲᠠ ᠶᠢᠨ ᠡᠷᠡᠭᠦᠯ ᠬᠠᠮᠠᠭᠠᠯᠠᠯ ᠡᠷᠡᠭᠦᠯ  ᠮᠡᠨᠳᠦ ᠶᠢᠨ ᠵᠥᠪᠯᠡᠯ 28    ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠡᠴᠦᠰ ᠤᠨ ᠰᠢᠢᠳᠪᠦᠷᠢᠯᠡᠯᠲᠡ    ᠠᠶᠤᠯᠭᠦᠢ ᠬᠠᠶᠠᠭᠳᠠᠮᠠᠯ  ᠪᠣᠳᠠᠰ ᠢ ᠠᠶᠤᠯᠭᠦᠢ ᠰᠢᠢᠳᠪᠦᠷᠢᠯᠡᠬᠦ       ᠨᠡᠶᠢᠭᠡᠮ ᠤᠨ ᠡᠬᠢ   ᠲᠠᠢ ᠠᠶᠤᠯᠭᠦᠢ ᠬᠠᠶᠠᠭᠳᠠᠮᠠᠯ ᠪᠣᠳᠠᠰ ᠢ   ᠴᠤᠭᠯᠠᠭᠤᠯᠤᠨ ᠰᠢᠢᠳᠪᠦᠷᠢᠯᠡᠬᠦ ᠰᠢᠰᠲ᠋ᠧᠮᠵᠢ ᠶᠢᠨ ᠪᠦᠷᠬᠦᠴᠡ     40    90    %    ᠬᠤᠲᠠ ᠶᠢᠨ ᠠᠮᠢ  ᠠᠬᠤᠢ ᠣᠷᠴᠢᠨ ᠲᠣᠭᠤᠷᠢᠨ ᠤ ᠲᠣᠪᠴᠢᠶ᠎ᠠ᠂ ᠰᠤᠷᠭᠠᠨ ᠬᠥᠮᠥᠵᠢᠯ ᠤᠨ ᠲᠣᠪᠴᠢᠶ᠎ᠠ᠂ ᠬᠤᠳᠠᠯᠳᠤᠭᠠᠨ ᠤ  ᠶᠠᠪᠤᠳᠠᠯ ᠤᠨ ᠲᠣᠪᠴᠢᠶ᠎ᠠ 29    ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠡᠴᠦᠰ ᠤᠨ ᠰᠢᠢᠳᠪᠦᠷᠢᠯᠡᠯᠲᠡ    ᠠᠵᠤ ᠦᠢᠯᠡᠳᠪᠦᠷᠢ ᠶᠢᠨ  ᠡᠩ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠬᠠᠳᠠᠭᠠᠯᠠᠵᠤ ᠰᠢᠢᠳᠪᠦᠷᠢᠯᠡᠬᠦ      ᠠᠵᠤ ᠦᠢᠯᠡᠳᠪᠦᠷᠢ ᠶᠢᠨ  ᠡᠩ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠬᠠᠳᠠᠭᠠᠯᠠᠵᠤ ᠰᠢᠢᠳᠪᠦᠷᠢᠯᠡᠬᠦ ᠬᠡᠮᠵᠢᠶ᠎ᠡ ᠶᠢᠨ ᠪᠠᠭᠤᠷᠠᠭᠰᠠᠨ  ᠨᠣᠷᠮ᠎ᠠ ★     -    5     %    ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ 30    ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠡᠴᠦᠰ ᠤᠨ ᠰᠢᠢᠳᠪᠦᠷᠢᠯᠡᠯᠲᠡ    ᠠᠵᠤ ᠦᠢᠯᠡᠳᠪᠦᠷᠢ ᠶᠢᠨ  ᠡᠩ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠬᠠᠳᠠᠭᠠᠯᠠᠵᠤ ᠰᠢᠢᠳᠪᠦᠷᠢᠯᠡᠬᠦ      ᠶᠡᠭᠡ ᠬᠡᠮᠵᠢᠶᠡᠨ ᠤ ᠠᠵᠤ  ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠣᠪᠣᠭᠠᠯᠠᠵᠤ ᠬᠠᠳᠠᠭᠠᠯᠠᠬᠤ ᠭᠠᠵᠠᠷ ︵ᠬᠦᠳᠡᠷ ᠤᠨ  ᠰᠢᠭᠠᠷᠤ ᠶᠢᠨ ᠬᠥᠮᠥᠷᠭᠡ ᠶᠢ ᠪᠠᠭᠲᠠᠭᠠᠨ᠎ᠠ︶ ᠤᠨ ᠶᠡᠷᠦᠩᠬᠡᠶᠢᠯᠡᠨ ᠴᠡᠭᠴᠡᠯᠡᠨ ᠵᠠᠰᠠᠭᠰᠠᠨ ᠲᠠᠯᠠᠪᠤᠷ ᠭᠠᠵᠠᠷ ᠲᠤ ᠡᠵᠡᠯᠡᠬᠦ  ᠬᠤᠪᠢ ᠶᠢᠨ ᠵᠢᠩ     13    100      %      ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ  ᠲᠣᠪᠴᠢᠶ᠎ᠠ᠂ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ  ᠬᠠᠮᠢᠶᠠᠷᠤᠯᠲᠠ ᠶᠢᠨ ᠲᠣᠪᠴᠢᠶ᠎ᠠ 31    ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠡᠴᠦᠰ ᠤᠨ ᠰᠢᠢᠳᠪᠦᠷᠢᠯᠡᠯᠲᠡ    ᠲᠠᠷᠢᠶᠠᠯᠠᠩ ᠤᠨ  ᠬᠠᠶᠠᠭᠳᠠᠮᠠᠯ ᠪᠣᠳᠠᠰ ᠢ ᠰᠢᠢᠳᠪᠦᠷᠢᠯᠡᠬᠦ      ᠡᠪᠡᠳᠴᠢᠨ ᠢᠶᠠᠷ ᠦᠬᠦᠭᠰᠡᠨ ᠮᠠᠯ ᠵᠢᠭᠦᠷᠲᠡᠨ ᠢ ᠲᠥᠪᠯᠡᠷᠡᠭᠦᠯᠦᠨ  ᠬᠤᠣᠷ ᠦᠭᠡᠶᠢᠳᠡᠭᠦᠯᠦᠨ ᠰᠢᠢᠳᠪᠦᠷᠢᠯᠡᠬᠦ ᠪᠦᠷᠬᠦᠴᠡ     60     80     %    ᠬᠤᠲᠠ ᠶᠢᠨ ᠲᠠᠷᠢᠶᠠᠯᠠᠩ  ᠮᠠᠯ ᠠᠵᠤ ᠠᠬᠤᠢ ᠶᠢᠨ ᠲᠣᠪᠴᠢᠶ᠎ᠠ 32    ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠡᠴᠦᠰ ᠤᠨ ᠰᠢᠢᠳᠪᠦᠷᠢᠯᠡᠯᠲᠡ    ᠠᠮᠢᠳᠤᠷᠠᠯ ᠤᠨ ᠬᠦᠷᠢᠶ᠎ᠡ  ᠴᠠᠷᠠᠭ᠎ᠠ ᠳᠠᠬᠢ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠢᠳᠪᠦᠷᠢᠯᠡᠬᠦ       ᠠᠮᠢᠳᠤᠷᠠᠯ ᠤᠨ ᠬᠤᠭ ᠨᠣᠪᠰᠢ ᠶᠢ  ᠰᠢᠲᠠᠭᠠᠵᠤ ᠰᠢᠢᠳᠪᠦᠷᠢᠯᠡᠬᠦ ᠴᠢᠳᠠᠪᠤᠷᠢ ᠶᠢᠨ ᠬᠤᠪᠢ ᠶᠢᠨ ᠵᠢᠩ ★     46.9      57.0      %        ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ 33    ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠡᠴᠦᠰ ᠤᠨ ᠰᠢᠢᠳᠪᠦᠷᠢᠯᠡᠯᠲᠡ    ᠠᠮᠢᠳᠤᠷᠠᠯ ᠤᠨ ᠬᠦᠷᠢᠶ᠎ᠡ  ᠴᠠᠷᠠᠭ᠎ᠠ ᠳᠠᠬᠢ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠢᠳᠪᠦᠷᠢᠯᠡᠬᠦ       ᠬᠤᠲᠠ ᠪᠠᠯᠭᠠᠰᠤ ᠶᠢᠨ ᠪᠣᠬᠢᠷ  ᠤᠰᠤ ᠪᠣᠬᠢᠷ ᠰᠢᠪᠠᠷ ᠢ ᠬᠤᠣᠷ ᠦᠭᠡᠶᠢᠳᠡᠭᠦᠯᠦᠨ ᠰᠢᠢᠳᠪᠦᠷᠢᠯᠡᠬᠦ ᠨᠣᠷᠮ᠎ᠠ ★     70.84      95     %      ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ 34    ᠪᠠᠲᠤᠯᠠᠭ᠎ᠠ ᠶᠢᠨ ᠴᠢᠳᠠᠪᠤᠷᠢ       ᠪᠠᠶᠢᠭᠤᠯᠤᠯ ᠲᠣᠭᠲᠠᠴᠠ ᠶᠢᠨ ᠪᠠᠶᠢᠭᠤᠯᠤᠯᠲᠠ      ︽ᠬᠠᠶᠠᠭᠳᠠᠮᠠᠯ  ᠪᠤᠳᠠᠰ ᠦᠭᠡᠢ ᠬᠤᠲᠠ︾ ᠶᠢᠨ ᠪᠦᠲᠦᠭᠡᠨ ᠪᠠᠶᠢᠭᠤᠯᠤᠯᠲᠠ ᠶᠢᠨ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ  ᠂ ᠲᠥᠷᠥ ᠶᠢᠨ ᠪᠣᠳᠣᠯᠭ᠎ᠠ ᠶᠢᠨ ᠴᠢᠨᠠᠷᠲᠠᠢ ᠪᠢᠴᠢᠭ ᠮᠠᠲ᠋ᠧᠷᠢᠶᠠᠯ ᠵᠢᠴᠢ ᠬᠤᠯᠪᠣᠭᠳᠠᠯ ᠪᠦᠬᠦᠢ ᠲᠥᠯᠥᠪᠵᠢᠭᠦᠯᠭᠡ ᠶᠢ  ᠲᠣᠭᠲᠠᠭᠠᠬᠤ ★     -      >5     -       ᠬᠤᠲᠠ ᠶᠢᠨ ︽ᠬᠠᠶᠠᠭᠳᠠᠮᠠᠯ ᠪᠤᠳᠠᠰ ᠦᠭᠡᠢ ᠬᠤᠲᠠ ᠶᠢᠨ  ᠠᠯᠪᠠᠨ ᠭᠡᠷ︾  35    ᠪᠠᠲᠤᠯᠠᠭ᠎ᠠ ᠶᠢᠨ ᠴᠢᠳᠠᠪᠤᠷᠢ       ᠪᠠᠶᠢᠭᠤᠯᠤᠯ ᠲᠣᠭᠲᠠᠴᠠ ᠶᠢᠨ ᠪᠠᠶᠢᠭᠤᠯᠤᠯᠲᠠ       ︽ᠬᠠᠶᠠᠭᠳᠠᠮᠠᠯ  ᠪᠤᠳᠠᠰ ᠦᠭᠡᠢ ᠬᠤᠲᠠ︾ ᠶᠢᠨ ᠪᠦᠲᠦᠭᠡᠨ ᠪᠠᠶᠢᠭᠤᠯᠤᠯᠲᠠ ᠶᠢᠨ ᠵᠣᠬᠢᠴᠠᠭᠤᠯᠬᠤ ᠲᠣᠭᠲᠠᠯᠴᠠᠭ᠎ᠠ  ★     -       ᠪᠠᠶᠢᠭᠤᠯᠤᠯ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ     -       ᠬᠤᠲᠠ ᠶᠢᠨ ︽ᠬᠠᠶᠠᠭᠳᠠᠮᠠᠯ ᠪᠤᠳᠠᠰ  ᠦᠭᠡᠢ ᠬᠤᠲᠠ ᠶᠢᠨ ᠠᠯᠪᠠᠨ ᠭᠡᠷ︾  36    ᠪᠠᠲᠤᠯᠠᠭ᠎ᠠ ᠶᠢᠨ ᠴᠢᠳᠠᠪᠤᠷᠢ       ᠪᠠᠶᠢᠭᠤᠯᠤᠯ ᠲᠣᠭᠲᠠᠴᠠ ᠶᠢᠨ ᠪᠠᠶᠢᠭᠤᠯᠤᠯᠲᠠ       ︽ᠬᠠᠶᠠᠭᠳᠠᠮᠠᠯ  ᠪᠤᠳᠠᠰ ᠦᠭᠡᠢ ᠬᠤᠲᠠ︾ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠠᠰᠢᠭ ᠢ ᠵᠠᠰᠠᠭ ᠤᠨ ᠠᠵᠢᠯ ᠤᠨ ᠬᠢᠷᠢ  ᠪᠦᠲᠦᠮᠵᠢ ᠶᠢᠨ ᠬᠢᠨᠠᠨ ᠰᠢᠯᠭᠠᠯᠲᠠ ᠳᠤ ᠣᠷᠣᠭᠤᠯᠤᠭᠰᠠᠨ ᠪᠠᠶᠢᠳᠠᠯ      -     ᠬᠢᠨᠠᠨ ᠰᠢᠯᠭᠠᠬᠤ ᠠᠷᠭ᠎ᠠ ᠶᠢ  ᠲᠣᠭᠲᠠᠭᠠᠬᠤ     -       ᠬᠤᠲᠠ ᠶᠢᠨ ︽ᠬᠠᠶᠠᠭᠳᠠᠮᠠᠯ ᠪᠤᠳᠠᠰ ᠦᠭᠡᠢ ᠬᠤᠲᠠ ᠶᠢᠨ ᠠᠯᠪᠠᠨ ᠭᠡᠷ︾  37    ᠪᠠᠲᠤᠯᠠᠭ᠎ᠠ ᠶᠢᠨ ᠴᠢᠳᠠᠪᠤᠷᠢ       ᠪᠠᠶᠢᠭᠤᠯᠤᠯ ᠲᠣᠭᠲᠠᠴᠠ ᠶᠢᠨ ᠪᠠᠶᠢᠭᠤᠯᠤᠯᠲᠠ       ︽ᠬᠠᠶᠠᠭᠳᠠᠮᠠᠯ  ᠡᠰ ᠦᠭᠡᠢ︾ ᠪᠦᠲᠦᠭᠡᠨ ᠪᠠᠶᠢᠭᠤᠯᠤᠯᠲᠠ ᠶᠢ ᠥᠷᠨᠢᠭᠦᠯᠦᠭᠰᠡᠨ ᠨᠢᠭᠡᠴᠡ      -     18     -        ᠬᠤᠲᠠ ᠶᠢᠨ ︽ᠬᠠᠶᠠᠭᠳᠠᠮᠠᠯ ᠪᠤᠳᠠᠰ ᠦᠭᠡᠢ ᠬᠤᠲᠠ ᠶᠢᠨ ᠠᠯᠪᠠᠨ ᠭᠡᠷ︾  38    ᠪᠠᠲᠤᠯᠠᠭ᠎ᠠ ᠶᠢᠨ ᠴᠢᠳᠠᠪᠤᠷᠢ       ᠵᠠᠬ᠎ᠠ ᠳᠡᠯᠭᠡᠭᠦᠷ ᠤᠨ ᠰᠢᠰᠲ᠋ᠧᠮᠵᠢ ᠶᠢᠨ ᠪᠠᠶᠢᠭᠤᠯᠤᠯᠲᠠ      ︽ ᠬᠠᠶᠠᠭᠳᠠᠮᠠᠯ ᠪᠤᠳᠠᠰ ᠦᠭᠡᠢ ᠬᠤᠲᠠ︾ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠪᠡᠯᠡ  ᠣᠷᠣᠭᠤᠯᠤᠭᠰᠠᠨ ᠶᠡᠷᠦᠩᠬᠡᠢ ᠬᠡᠮᠵᠢᠶ᠎ᠡ  ★    -     222     ᠳ᠋ᠦᠩᠰᠢᠭᠤᠷ ᠲᠥᠭᠦᠷᠢᠭ     ᠬᠤᠲᠠ ᠶᠢᠨ  ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠂ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ 39    ᠪᠠᠲᠤᠯᠠᠭ᠎ᠠ ᠶᠢᠨ ᠴᠢᠳᠠᠪᠤᠷᠢ       ᠵᠠᠬ᠎ᠠ ᠳᠡᠯᠭᠡᠭᠦᠷ ᠤᠨ ᠰᠢᠰᠲ᠋ᠧᠮᠵᠢ ᠶᠢᠨ ᠪᠠᠶᠢᠭᠤᠯᠤᠯᠲᠠ     ᠠᠵᠤ  ᠠᠬᠤᠶᠢᠯᠠᠯ ᠤᠨ ᠣᠷᠴᠢᠨ ᠲᠣᠭᠤᠷᠢᠨ ᠤ ᠢᠲᠡᠭᠡᠮᠵᠢ ᠶᠢᠨ ᠦᠨᠡᠯᠡᠯᠲᠡ ᠶᠢᠨ ᠬᠦᠷᠢᠶ᠎ᠡ ᠬᠡᠪᠴᠢᠶᠡᠨ ᠳᠤ  ᠣᠷᠣᠭᠤᠯᠤᠭᠰᠠᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠲᠠᠢ ᠬᠤᠯᠪᠣᠭᠳᠠᠯ ᠲᠠᠢ ᠠᠵᠤ ᠠᠬᠤᠶᠢᠯᠠᠯ ᠤᠨ  ᠬᠤᠪᠢ ᠶᠢᠨ ᠵᠢᠩ     21.3     60     %      ᠬᠤᠲᠠ ᠶᠢᠨ ᠬᠥᠭᠵᠢᠭᠦᠯᠦᠯᠲᠡ ᠪᠠ  ᠥᠭᠡᠷᠡᠴᠢᠯᠡᠯᠲᠡ ᠶᠢᠨ ᠵᠥᠪᠯᠡᠯ᠂ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ 40     ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠡᠴᠦᠰ ᠤᠨ ᠰᠢᠢᠳᠪᠦᠷᠢᠯᠡᠯᠲᠡ     ᠮᠡᠷᠭᠡᠵᠢᠯ ᠤᠨ  ᠰᠢᠰᠲ᠋ᠧᠮᠵᠢ ᠶᠢᠨ ᠪᠠᠶᠢᠭᠤᠯᠤᠯᠲᠠ     ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠬᠤ᠂ ᠬᠤᠣᠷ  ᠦᠭᠡᠶᠢᠳᠡᠭᠦᠯᠬᠦ ᠮᠡᠷᠭᠡᠵᠢᠯ ᠤᠨ ᠪᠠᠷᠢᠮᠵᠢᠶ᠎ᠠ ᠪᠣᠯᠣᠨ ᠵᠢᠷᠤᠮᠯᠠᠯ ᠲᠣᠭᠲᠠᠭᠠᠬᠤ ᠳᠤ ᠭᠤᠣᠯ ᠣᠷᠣᠯᠴᠠᠭᠰᠠᠨ ᠲᠤᠭ᠎ᠠ     0     2      -      ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠵᠤ  ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ 41     ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠡᠴᠦᠰ ᠤᠨ ᠰᠢᠢᠳᠪᠦᠷᠢᠯᠡᠯᠲᠡ     ᠮᠡᠷᠭᠡᠵᠢᠯ ᠤᠨ  ᠰᠢᠰᠲ᠋ᠧᠮᠵᠢ ᠶᠢᠨ ᠪᠠᠶᠢᠭᠤᠯᠤᠯᠲᠠ     ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠬᠤᠷᠢᠶᠠᠵᠤ ᠠᠰᠢᠭᠯᠠᠨ  ᠰᠢᠢᠳᠪᠦᠷᠢᠯᠡᠬᠦ ᠵᠠᠩᠭᠢᠯᠠᠭ᠎ᠠ ᠶᠢᠨ ᠮᠡᠷᠭᠡᠵᠢᠯ ᠤᠨ ᠤᠷᠠᠯᠠᠯ᠂ ᠲᠥᠬᠦᠭᠡᠷᠦᠮᠵᠢ ᠶᠢ ᠰᠤᠳᠤᠯᠤᠨ ᠨᠡᠭᠡᠭᠡᠬᠦ ᠵᠢᠴᠢ ᠦᠷ᠎ᠡ  ᠪᠦᠲᠦᠭᠡᠯ ᠢ ᠤᠯᠠᠷᠢᠭᠤᠯᠬᠤ     -    2    -    ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ 42     ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠡᠴᠦᠰ ᠤᠨ ᠰᠢᠢᠳᠪᠦᠷᠢᠯᠡᠯᠲᠡ     ᠬᠢᠨᠠᠯᠲᠠ  ᠬᠠᠮᠢᠶᠠᠷᠤᠯᠲᠠ ᠶᠢᠨ ᠰᠢᠰᠲ᠋ᠧᠮᠵᠢ ᠶᠢᠨ ᠪᠠᠶᠢᠭᠤᠯᠤᠯᠲᠠ     ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ  ᠬᠠᠮᠢᠶᠠᠷᠤᠯᠲᠠ ᠶᠢ ᠮᠡᠳᠡᠭᠡ ᠵᠠᠩᠭᠢᠴᠢᠯᠠᠵᠤ ᠬᠢᠨᠠᠨ ᠬᠠᠮᠢᠶᠠᠷᠤᠭᠰᠠᠨ ᠪᠠᠶᠢᠳᠠᠯ ★     -      ᠬᠠᠲᠠᠭᠤ ᠪᠡᠶᠡᠲᠦ  ᠬᠠᠶᠠᠭᠳᠠᠮᠠᠯ ᠪᠣᠳᠠᠰ ᠤᠨ ᠮᠡᠳᠡᠭᠡ ᠵᠠᠩᠭᠢᠴᠢᠯᠠᠭᠰᠠᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠬᠦ    -      ᠬᠤᠲᠠ ᠶᠢᠨ ︽ᠬᠠᠶᠠᠭᠳᠠᠮᠠᠯ ᠪᠤᠳᠠᠰ ᠦᠭᠡᠢ ᠬᠤᠲᠠ ᠶᠢᠨ ᠠᠯᠪᠠᠨ ᠭᠡᠷ︾  43     ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠡᠴᠦᠰ ᠤᠨ ᠰᠢᠢᠳᠪᠦᠷᠢᠯᠡᠯᠲᠡ     ᠬᠢᠨᠠᠯᠲᠠ  ᠬᠠᠮᠢᠶᠠᠷᠤᠯᠲᠠ ᠶᠢᠨ ᠰᠢᠰᠲ᠋ᠧᠮᠵᠢ ᠶᠢᠨ ᠪᠠᠶᠢᠭᠤᠯᠤᠯᠲᠠ     ᠠᠶᠤᠯᠲᠠᠢ ᠬᠠᠶᠠᠭᠳᠠᠮᠠᠯ ᠪᠣᠳᠠᠰ ᠤᠨ ᠵᠢᠷᠤᠮᠵᠢᠭᠰᠠᠨ  ᠬᠠᠮᠢᠶᠠᠷᠤᠯᠲᠠ ᠶᠢ ᠰᠤᠭᠤᠴᠢᠨ ᠪᠠᠶᠢᠴᠠᠭᠠᠵᠤ ᠬᠢᠷᠢ ᠬᠦᠷᠦᠭᠰᠡᠨ ᠨᠣᠷᠮ᠎ᠠ    98     99    %       ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ 44     ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠡᠴᠦᠰ ᠤᠨ ᠰᠢᠢᠳᠪᠦᠷᠢᠯᠡᠯᠲᠡ     ᠬᠢᠨᠠᠯᠲᠠ  ᠬᠠᠮᠢᠶᠠᠷᠤᠯᠲᠠ ᠶᠢᠨ ᠰᠢᠰᠲ᠋ᠧᠮᠵᠢ ᠶᠢᠨ ᠪᠠᠶᠢᠭᠤᠯᠤᠯᠲᠠ     ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠣᠷᠴᠢᠨ  ᠲᠣᠭᠤᠷᠢᠨ ᠢ ᠪᠣᠬᠢᠷᠲᠤᠭᠤᠯᠤᠭᠰᠠᠨ ᠡᠷᠡᠭᠦᠦ ᠶᠢᠨ ᠬᠡᠷᠡᠭ ᠢ ᠬᠡᠷᠡᠭ ᠢᠶᠠᠷ ᠳᠠᠩᠰᠠᠯᠠᠭᠰᠠᠨ ᠨᠣᠷᠮ᠎ᠠ ★    100      100     %    ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠠᠮᠢ ᠠᠬᠤᠢ ᠣᠷᠴᠢᠨ ᠲᠣᠭᠤᠷᠢᠨ ᠤ  ᠲᠣᠪᠴᠢᠶ᠎ᠠ 45     ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠡᠴᠦᠰ ᠤᠨ ᠰᠢᠢᠳᠪᠦᠷᠢᠯᠡᠯᠲᠡ     ᠬᠢᠨᠠᠯᠲᠠ  ᠬᠠᠮᠢᠶᠠᠷᠤᠯᠲᠠ ᠶᠢᠨ ᠰᠢᠰᠲ᠋ᠧᠮᠵᠢ ᠶᠢᠨ ᠪᠠᠶᠢᠭᠤᠯᠤᠯᠲᠠ     ᠬᠠᠲᠠᠭᠤ ᠪᠡᠶᠡᠲᠦ ᠬᠠᠶᠠᠭᠳᠠᠮᠠᠯ ᠪᠣᠳᠠᠰ ᠲᠤ  ᠬᠤᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ᠂ ᠵᠠᠭᠠᠯᠳᠤᠯᠭ᠎ᠠ᠂ ᠢᠯᠡᠴᠢᠯᠡᠭᠰᠡᠨ ᠬᠡᠷᠡᠭ ᠢ ᠰᠢᠢᠳᠪᠦᠷᠢᠯᠡᠵᠦ  ᠳᠠᠭᠤᠰᠬᠠᠭᠰᠠᠨ ᠨᠣᠷᠮ᠎ᠠ     60     90    %      ᠬᠤᠲᠠ ᠶᠢᠨ ᠠᠮᠢ ᠠᠬᠤᠢ ᠣᠷᠴᠢᠨ ᠲᠣᠭᠤᠷᠢᠨ ᠤ  ᠲᠣᠪᠴᠢᠶ᠎ᠠ 46     ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠡᠴᠦᠰ ᠤᠨ ᠰᠢᠢᠳᠪᠦᠷᠢᠯᠡᠯᠲᠡ     ᠬᠢᠨᠠᠯᠲᠠ  ᠬᠠᠮᠢᠶᠠᠷᠤᠯᠲᠠ ᠶᠢᠨ ᠰᠢᠰᠲ᠋ᠧᠮᠵᠢ ᠶᠢᠨ ᠪᠠᠶᠢᠭᠤᠯᠤᠯᠲᠠ      ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠣᠷᠴᠢᠨ  ᠲᠣᠭᠤᠷᠢᠨ ᠢ ᠪᠣᠬᠢᠷᠲᠤᠭᠤᠯᠤᠭᠰᠠᠨ ᠬᠡᠷᠡᠭ ᠲᠤ ᠠᠮᠢ ᠠᠬᠤᠢ ᠣᠷᠴᠢᠨ ᠲᠣᠭᠤᠷᠢᠨ ᠢ ᠬᠤᠬᠢᠷᠠᠭᠤᠯᠤᠭᠰᠠᠨ ᠢ ᠲᠥᠯᠥᠬᠦ  ᠠᠵᠢᠯ ᠢ ᠥᠷᠨᠢᠭᠦᠯᠦᠭᠰᠡᠨ ᠪᠦᠷᠬᠦᠴᠡ      -     90     %      ᠬᠤᠲᠠ ᠶᠢᠨ ᠠᠮᠢ ᠠᠬᠤᠢ ᠣᠷᠴᠢᠨ  ᠲᠣᠭᠤᠷᠢᠨ ᠤ ᠲᠣᠪᠴᠢᠶ᠎ᠠ 47   ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ      ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ        ︽ᠬᠠᠶᠠᠭᠳᠠᠮᠠᠯ ᠪᠤᠳᠠᠰ ᠦᠭᠡᠢ ᠬᠤᠲᠠ︾ ᠶᠢᠨ ᠪᠦᠲᠦᠭᠡᠨ ᠪᠠᠶᠢᠭᠤᠯᠤᠯᠲᠠ ᠶᠢᠨ ᠤᠬᠠᠭᠤᠯᠭ᠎ᠠ ᠬᠥᠮᠥᠵᠢᠯ ᠤᠨ  ᠪᠣᠯᠪᠠᠰᠤᠷᠠᠭᠤᠯᠤᠯ ᠢ ᠲᠦᠭᠡᠮᠡᠯᠵᠢᠭᠦᠯᠦᠭᠰᠡᠨ ᠨᠣᠷᠮ᠎ᠠ     -     85     %      ᠬᠤᠲᠠ ᠶᠢᠨ ︽ ᠬᠠᠶᠠᠭᠳᠠᠮᠠᠯ ᠪᠤᠳᠠᠰ ᠦᠭᠡᠢ ᠬᠤᠲᠠ ᠶᠢᠨ ᠠᠯᠪᠠᠨ ᠭᠡᠷ︾  48   ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ      ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ        ᠵᠠᠰᠠᠭ ᠤᠨ ᠣᠷᠳᠣᠨ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠵᠠᠰᠠᠭ ᠤᠨ ᠪᠤᠰᠤ ᠣᠷᠴᠢᠨ  ᠲᠣᠭᠤᠷᠢᠨ ᠤ ᠵᠣᠬᠢᠶᠠᠨ ᠪᠠᠶᠢᠭᠤᠯᠤᠯᠲᠠ᠂ ᠣᠯᠠᠨ ᠲᠦᠮᠡᠨ ᠤ ︽ᠬᠠᠶᠠᠭᠳᠠᠮᠠᠯ ᠪᠤᠳᠠᠰ ᠦᠭᠡᠢ ᠬᠤᠲᠠ︾ ᠶᠢᠨ  ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠬᠡᠮᠵᠢᠶ᠎ᠡ     -     85     %      ᠬᠤᠲᠠ ᠶᠢᠨ ︽ ᠬᠠᠶᠠᠭᠳᠠᠮᠠᠯ ᠪᠤᠳᠠᠰ ᠦᠭᠡᠢ ᠬᠤᠲᠠ ᠶᠢᠨ ᠠᠯᠪᠠᠨ ᠭᠡᠷ︾  49   ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ      ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ       ᠣᠯᠠᠨ ᠲᠦᠮᠡᠨ ᠤ ︽ᠬᠠᠶᠠᠭᠳᠠᠮᠠᠯ ᠪᠤᠳᠠᠰ ᠦᠭᠡᠢ ᠬᠤᠲᠠ︾ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ  ᠪᠦᠲᠦᠭᠡᠯ ᠤᠨ ᠲᠤᠬᠠᠢ ᠬᠠᠨᠤᠮᠵᠢ ᠶᠢᠨ ᠬᠡᠮᠵᠢᠶ᠎ᠡ ★     -     85     %      ᠬᠤᠲᠠ ᠶᠢᠨ ︽ ᠬᠠᠶᠠᠭᠳᠠᠮᠠᠯ ᠪᠤᠳᠠᠰ ᠦᠭᠡᠢ ᠬᠤᠲᠠ ᠶᠢᠨ ᠠᠯᠪᠠᠨ ᠭᠡᠷ︾ ᠠᠩᠬᠠᠷᠬᠤ᠄  ★ ᠨᠢ ᠥᠪᠡᠷᠲᠡᠭᠡᠨ ᠰᠣᠩᠭᠤᠬᠤ ᠭᠦᠢᠴᠡᠳᠬᠡᠯ ᠲᠤᠭ᠎ᠠ           ᠬᠤᠶᠠᠷ᠂ ᠭᠤᠣᠯ ᠡᠭᠦᠷᠭᠡ             ︵ᠨᠢᠭᠡ︶ ᠦᠵᠦ ᠵᠢᠷᠤᠭ ᠲᠥᠯᠥᠪᠯᠡᠭᠡ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠣᠷᠳᠣ  ᠬᠤᠭᠤᠴᠠᠭᠠᠨ ᠤ ᠪᠦᠲᠦᠮᠵᠢᠲᠡᠶ ᠠᠵᠢᠯ ᠤᠨ ᠲᠣᠭᠲᠠᠴᠠ ᠶᠢ ᠪᠠᠶᠢᠭᠤᠯᠤᠨ᠎ᠠ             1. ᠵᠣᠬᠢᠶᠠᠨ ᠪᠠᠶᠢᠭᠤᠯᠤᠨ ᠤᠳᠤᠷᠢᠳᠬᠤ ᠶᠢ ᠴᠢᠩᠭᠠᠳᠬᠠᠵᠤ᠂ ︽ ᠬᠠᠶᠠᠭᠳᠠᠮᠠᠯ ᠪᠤᠳᠠᠰ ᠦᠭᠡᠢ ᠬᠤᠳᠠ︾  ᠶᠢᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠲᠦᠯᠬᠢᠨ ᠠᠬᠢᠭᠤᠯᠤᠨ᠎ᠠ᠃ ᠤᠯᠤᠰ ᠤᠨ ᠠᠮᠢ  ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ᠶᠢᠨ ᠤᠳᠤᠷᠢᠳᠬᠤ ᠳᠤᠭᠤᠶᠢᠯᠠᠩ ᠤᠨ  ᠨᠢᠭᠡᠳᠦᠯᠲᠡᠢ ᠲᠣᠬᠢᠷᠠᠭᠤᠯᠤᠯᠲᠠ ᠶᠢᠨ ᠳᠣᠣᠷ᠎ᠠ᠂ ︽ᠬᠠᠶᠠᠭᠳᠠᠮᠠᠯ ᠪᠤᠳᠠᠰ ᠦᠭᠡᠢ ᠬᠤᠲᠠ︾ ᠶᠢᠨ ᠪᠦᠲᠦᠭᠡᠨ  ᠪᠠᠶᠢᠭᠤᠯᠤᠯᠲᠠ ᠶᠢᠨ ᠠᠵᠢᠯ ᠢ ᠲᠦᠯᠬᠢᠨ ᠠᠬᠢᠭᠤᠯᠬᠤ ᠠᠯᠪᠠᠨ ᠭᠡᠷ ︵ᠳᠣᠷᠣᠭᠰᠢ ︽ᠬᠠᠶᠠᠭᠳᠠᠮᠠᠯ ᠪᠤᠳᠠᠰ ᠦᠭᠡᠢ  ᠬᠤᠲᠠ ᠶᠢᠨ ᠠᠯᠪᠠᠨ ᠭᠡᠷ︾ ᠭᠡᠵᠦ ᠳᠥᠭᠦᠮᠴᠢᠯᠡᠨ᠎ᠡ︶ ᠠᠴᠠ ︽ᠬᠠᠶᠠᠭᠳᠠᠮᠠᠯ ᠪᠤᠳᠠᠰ ᠦᠭᠡᠢ ᠬᠤᠲᠠ︾ ᠶᠢᠨ  ᠪᠦᠲᠦᠭᠡᠨ ᠪᠠᠶᠢᠭᠤᠯᠤᠯᠲᠠ ᠶᠢᠨ ᠠᠵᠢᠯ ᠢ ᠲᠦᠯᠬᠢᠨ ᠠᠬᠢᠭᠤᠯᠬᠤ ᠬᠤᠷᠠᠯ ᠢ ᠲᠣᠭᠲᠠᠭᠰᠠᠨ  ᠬᠤᠭᠤᠴᠠᠭ᠎ᠠ ᠲᠠᠢ ᠬᠤᠷᠠᠯᠳᠤᠭᠤᠯᠤᠨ᠂ ᠠᠵᠢᠯ ᠤᠨ ᠠᠬᠢᠴᠠ ᠶᠢᠨ ᠪᠠᠶᠢᠳᠠᠯ ᠵᠢᠴᠢ ᠣᠷᠣᠰᠢᠵᠤ ᠪᠠᠶᠢᠭ᠎ᠠ ᠠᠰᠠᠭᠤᠳᠠᠯ ᠢ  ᠡᠵᠡᠮᠰᠢᠵᠦ᠂ ᠡᠯ᠎ᠡ ᠵᠦᠢᠯ ᠤᠨ ᠠᠵᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠨᠢᠭᠡᠳᠦᠯᠲᠡᠢ ᠵᠢᠯᠣᠭᠤᠳᠴᠤ  ᠵᠣᠬᠢᠴᠠᠭᠤᠯᠤᠨ᠎ᠠ᠃ ᠠᠵᠢᠯ ᠤᠨ ᠬᠤᠪᠢᠶᠠᠷᠢᠯᠠᠯ ᠨᠢ ᠲᠣᠳᠣᠷᠬᠠᠢ᠂ ᠡᠷᠬᠡ ᠬᠠᠷᠢᠭᠤᠴᠠᠯᠭ᠎ᠠ ᠨᠢ ᠲᠣᠳᠣᠷᠬᠠᠢ᠂  ᠬᠠᠷᠢᠯᠴᠠᠨ ᠬᠠᠮᠵᠢᠯᠴᠠᠵᠤ ᠦᠷ᠎ᠡ ᠠᠰᠢᠭ ᠢ ᠨᠡᠮᠡᠭᠳᠡᠭᠦᠯᠦᠭᠰᠡᠨ ᠪᠠ ᠮᠡᠳᠡᠭᠡ ᠵᠠᠩᠭᠢ ᠶᠢ ᠬᠠᠮᠲᠤ ᠪᠠᠷ ᠡᠳ᠋ᠯᠡᠭᠰᠡᠨ ︽ ᠬᠠᠶᠠᠭᠳᠠᠮᠠᠯ ᠪᠤᠳᠠᠰ ᠦᠭᠡᠢ ᠬᠤᠲᠠ︾ ᠶᠢᠨ ᠵᠣᠬᠢᠴᠠᠯᠳᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠬᠤ   ᠶᠢ ᠲᠦᠯᠬᠢᠨ ᠠᠬᠢᠭᠤᠯᠵᠤ᠂ ᠲᠣᠭᠲᠠᠭᠰᠠᠨ ᠬᠤᠭᠤᠴᠠᠭ᠎ᠠ ᠲᠠᠢ ᠪᠠᠷ ᠵᠥᠪᠳᠡᠯᠴᠡᠬᠦ᠂ ᠮᠡᠳᠡᠭᠡ ᠵᠠᠩᠭᠢ ᠶᠢ ᠮᠡᠳᠡᠭᠦᠯᠬᠦ᠂  ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠭᠦᠢᠴᠡᠳᠬᠡᠬᠦ ᠵᠡᠷᠭᠡ ᠠᠵᠢᠯ ᠤᠨ ᠳᠦᠷᠢᠮ ᠢ ᠲᠣᠭᠲᠠᠭᠠᠵᠤ᠂ ᠡᠭᠦᠷᠭᠡ  ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢᠨ ᠨᠠᠷᠢᠨ  ᠬᠠᠭᠤᠳᠠᠰᠤ ᠪᠠ ᠭᠤᠣᠯᠳᠠᠯᠭ᠎ᠠ ᠲᠠᠢ ᠠᠵᠢᠯ ᠤᠨ ᠡᠭᠦᠷᠭᠡ ᠶᠢᠨ ᠨᠠᠷᠢᠨ ᠬᠠᠭᠤᠳᠠᠰᠤ ᠶᠢ ᠨᠠᠷᠢᠯᠢᠭᠵᠢᠭᠤᠯᠵᠤ᠂ ᠱᠠᠲᠤ  ᠦᠶ᠎ᠡ ᠶᠢᠨ ᠪᠠ ᠣᠨ ᠤ ᠠᠵᠢᠯ ᠤᠨ ᠡᠭᠦᠷᠭᠡ ᠶᠢ ᠨᠠᠷᠢᠯᠢᠭᠵᠢᠭᠤᠯᠵᠤ᠂ ︽ᠬᠠᠶᠠᠭᠳᠠᠮᠠᠯ ᠪᠤᠳᠠᠰ ᠦᠭᠡᠢ ᠬᠤᠲᠠ︾  ᠶᠢᠨ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠪᠠᠶᠢᠷᠢᠯᠠᠭᠤᠯᠬᠤ ᠪᠠ ᠬᠠᠮᠵᠢᠯᠴᠠᠨ ᠠᠬᠢᠭᠤᠯᠤᠨ᠎ᠠ᠃ ︵ ᠲᠦᠷᠦᠭᠦᠯᠡᠨ ᠬᠢᠬᠦ ᠨᠢᠭᠡᠴᠡ᠄ ᠬᠤᠲᠠ ᠶᠢᠨ ᠠᠮᠢ ᠠᠬᠤᠢ ᠣᠷᠴᠢᠨ ᠲᠣᠭᠤᠷᠢᠨ‌‍ᠤ ᠲᠣᠪᠴᠢᠶ᠎ᠠ᠂ ︽ᠬᠠᠶᠠᠭᠳᠠᠮᠠᠯ  ᠪᠤᠳᠠᠰ ᠦᠭᠡᠢ ᠬᠤᠲᠠ ᠶᠢᠨ ᠠᠯᠪᠠᠨ ᠭᠡᠷ︾︔ ᠬᠠᠷᠢᠭᠤᠴᠠᠯᠭᠠᠲᠤ ᠨᠢᠭᠡᠴᠡ᠄ ᠬᠤᠲᠠ ᠶᠢᠨ ᠡᠯ᠎ᠡ ᠬᠠᠮᠢᠶ᠎ᠠ ᠪᠦᠬᠦᠢ  ᠰᠠᠯᠠᠭ᠎ᠠ ᠮᠥᠴᠢᠷ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ  ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶             2. ᠰᠢᠯᠭᠠᠨ ᠬᠢᠨᠠᠬᠤ ᠰᠢᠰᠲ᠋ᠧᠮᠵᠢ ᠶᠢ ᠪᠦᠷᠢᠨᠰᠢᠭᠦᠯᠵᠦ᠂ ︽ᠬᠠᠶᠠᠭᠳᠠᠮᠠᠯ ᠪᠤᠳᠠᠰ ᠦᠭᠡᠢ ᠬᠤᠲᠠ︾ ᠶᠢ  ᠰᠢᠯᠭᠠᠨ ᠬᠢᠨᠠᠵᠤ ᠦᠨᠡᠯᠡᠨ᠎ᠡ᠃ ︽ᠬᠠᠶᠠᠭᠳᠠᠮᠠᠯ ᠪᠤᠳᠠᠰ ᠦᠭᠡᠢ ᠬᠤᠳᠠ︾ ᠶᠢᠨ ᠪᠦᠲᠦᠭᠡᠨ ᠪᠠᠶᠢᠭᠤᠯᠤᠯᠲᠠ ᠶᠢᠨ  ᠣᠨ ᠤ ᠦᠨᠡᠯᠡᠨ ᠵᠢᠱᠢᠯᠲᠡ ᠪᠠ ︽ᠠᠷᠪᠠᠨ ᠳᠥᠷᠪᠡᠳᠦᠭᠡᠷ ᠲᠠᠪᠤᠨ ᠵᠢᠯ︾ ᠤᠨ ᠦᠨᠡᠯᠡᠨ ᠵᠢᠱᠢᠯᠲᠡ ᠶᠢ ᠵᠣᠬᠢᠶᠠᠨ  ᠪᠠᠶᠢᠭᠤᠯᠤᠨ ᠥᠷᠨᠢᠭᠦᠯᠵᠦ᠂ ᠭᠤᠣᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠮᠥᠷᠳᠡᠨ  ᠵᠠᠳᠠᠯᠬᠤ᠂ ᠰᠢᠮᠳᠠᠭᠤᠯᠤᠨ ᠪᠠᠶᠢᠴᠠᠭᠠᠬᠤ ᠪᠠ ᠦᠷ᠎ᠡ ᠪᠦᠲᠦᠮᠵᠢ ᠶᠢ ᠦᠨᠡᠯᠡᠨ ᠵᠢᠱᠢᠬᠦ ᠶᠢ ᠴᠢᠩᠭᠠᠳᠬᠠᠨ᠂ ᠪᠦᠲᠦᠭᠡᠨ  ᠪᠠᠶᠢᠭᠤᠯᠤᠯᠲᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠭᠤᠣᠯ  ᠬᠢᠬᠦ ᠠᠷᠭ᠎ᠠ᠂ ᠣᠷᠣᠰᠢᠵᠤ ᠪᠠᠶᠢᠭ᠎ᠠ ᠠᠰᠠᠭᠤᠳᠠᠯ ᠪᠣᠯᠣᠨ ᠰᠠᠨᠠᠭᠤᠯᠭ᠎ᠠ ᠵᠡᠷᠭᠡ ᠳᠤ ᠳ᠋ᠦᠩᠨᠡᠯᠲᠡ ᠬᠢᠨ᠎ᠡ᠃ ︽ ᠬᠥᠬᠡᠬᠤᠲᠠ ᠶᠢᠨ ︿ᠬᠠᠶᠠᠭᠳᠠᠮᠠᠯ ᠪᠤᠳᠠᠰ ᠦᠭᠡᠢ ᠬᠤᠲᠠ﹀ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ  ᠪᠦᠲᠦᠮᠵᠢ ᠶᠢ ᠰᠢᠯᠭᠠᠨ ᠬᠢᠨᠠᠬᠤ ᠠᠷᠭ᠎ᠠ︾ ᠶᠢ ᠰᠤᠳᠤᠯᠤᠨ ᠲᠣᠭᠲᠠᠭᠠᠵᠤ᠂ ︽ᠬᠠᠶᠠᠭᠳᠠᠮᠠᠯ ᠪᠤᠳᠠᠰ ᠦᠭᠡᠢ ᠬᠤᠲᠠ︾  ᠶᠢᠨ ᠰᠢᠯᠭᠠᠨ ᠬᠢᠨᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ︽ᠬᠠᠶᠠᠭᠳᠠᠮᠠᠯ ᠪᠤᠳᠠᠰ ᠦᠭᠡᠢ ᠬᠤᠲᠠ ︾  ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠡᠭᠦᠷᠭᠡ ᠶᠢ ᠬᠤᠲᠠ ᠶᠢᠨ ᠱᠠᠲᠤᠨ ᠤ ᠠᠵᠢᠯ ᠤᠨ ᠠᠮᠵᠢᠯᠲᠠ  ᠪᠦᠲᠦᠮᠵᠢ ᠶᠢᠨ ᠬᠠᠮᠢᠶᠠᠷᠤᠯᠲᠠ ᠳᠤ ᠣᠷᠣᠭᠤᠯᠤᠨ᠂ ︽ᠬᠠᠶᠠᠭᠳᠠᠮᠠᠯ ᠪᠤᠳᠠᠰ ᠦᠭᠡᠢ ᠬᠤᠲᠠ︾ ᠶᠢᠨ ᠦᠨᠡᠯᠡᠨ  ᠵᠢᠱᠢᠭᠰᠡᠨ ᠦᠷ᠎ᠡ ᠳ᠋ᠦᠩ ᠲᠠᠢ ᠤᠶᠠᠯᠳᠤᠭᠤᠯᠤᠨ᠂ ᠬᠠᠮᠢᠶ᠎ᠠ ᠪᠦᠬᠦᠢ ᠰᠠᠯᠠᠭ᠎ᠠ ᠮᠥᠴᠢᠷ ᠪᠠ ᠬᠤᠰᠢᠭᠤ ᠰᠢᠶᠠᠨ  ᠲᠣᠭᠤᠷᠢᠭ ᠢ ᠰᠢᠯᠭᠠᠨ ᠬᠢᠨᠠᠨ᠎ᠠ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠬᠠᠶᠠᠭᠳᠠᠮᠠᠯ ᠪᠤᠳᠠᠰ ᠦᠭᠡᠢ  ᠬᠤᠲᠠ ᠶᠢᠨ ᠠᠯᠪᠠᠨ ᠭᠡᠷ︔ ᠬᠠᠷᠢᠭᠤᠴᠠᠯᠭᠠᠲᠤ ᠨᠢᠭᠡᠴᠡ᠄ ᠬᠤᠲᠠ ᠶᠢᠨ ᠨᠠᠮ ᠤᠨ ᠬᠤᠷᠢᠶ᠎ᠠ ᠶᠢᠨ ᠵᠣᠬᠢᠶᠠᠨ  ᠪᠠᠶᠢᠭᠤᠯᠬᠤ ᠬᠡᠯᠲᠡᠰ᠂ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ︶                 ︵ᠬᠤᠶᠠᠷ︶ ᠨᠤᠨᠳᠠᠭ ᠨᠡᠭᠦᠷᠡᠰᠦᠨ ᠤ ᠦᠨᠡᠰᠦ ᠶᠢ ᠶᠡᠷᠦᠩᠬᠡᠶᠢᠯᠡᠨ ᠠᠰᠢᠭᠯᠠᠬᠤ ᠳᠤ ᠠᠩᠬᠠᠷᠤᠯ ᠢᠶᠠᠨ  ᠲᠥᠪᠯᠡᠷᠡᠭᠦᠯᠵᠦ᠂ ᠢᠯᠴᠢ ᠶᠢᠨ ᠴᠠᠬᠢᠯᠭᠠᠨ ᠤ ᠠᠵᠢᠯ ᠲᠥᠷᠥᠯ ᠤᠨ ᠦᠷᠭᠦᠯᠵᠢᠯᠡᠬᠦᠶᠢᠴᠡ ᠬᠥᠭᠵᠢᠯᠲᠡ ᠶᠢ ᠲᠦᠯᠬᠢᠨ  ᠠᠬᠢᠭᠤᠯᠤᠨ᠎ᠠ             1. ᠡᠨᠧᠷᠭᠢ ᠶᠢᠨ ᠬᠠᠩᠭᠠᠯᠭ᠎ᠠ ᠬᠡᠷᠡᠭᠯᠡᠭᠡᠨ ᠤ ᠪᠦᠲᠦᠴᠡ ᠳᠤ ᠲᠣᠬᠢᠷᠠᠭᠤᠯᠤᠯᠲᠠ ᠬᠢᠵᠦ᠂ ᠨᠡᠭᠦᠷᠡᠰᠦᠨ ᠤ  ᠡᠬᠢ ᠪᠠᠶᠠᠯᠢᠭ ᠤᠨ ᠬᠤᠷᠣᠭᠳᠠᠯ ᠢ ᠪᠠᠭᠠᠰᠬᠠᠨ᠎ᠠ᠃ ᠰᠢᠨ᠎ᠡ ᠡᠨᠧᠷᠭᠢ ᠶᠢᠨ ᠬᠥᠭᠵᠢᠯᠲᠡ ᠶᠢᠨ ᠡᠷᠴᠢᠮ ᠢ  ᠴᠢᠩᠭᠠᠷᠠᠭᠤᠯᠵᠤ᠂ ᠳᠠᠯᠠᠨ ᠬᠠᠷ᠎ᠠ ᠠᠭᠤᠯᠠ ᠶᠢᠨ ᠡᠷᠬᠢᠨ ᠲᠣᠭᠤᠷᠢᠨ ᠤ ᠰᠠᠯᠬᠢᠨ ᠤ ᠡᠨᠧᠷᠭᠢ᠂ ᠬᠡᠷᠡᠯ ᠤᠨ ᠡᠨᠧᠷᠭᠢ ᠶᠢᠨ ᠡᠬᠢ ᠪᠠᠶᠠᠯᠢᠭ ᠤᠨ ᠳᠠᠪᠠᠭᠤᠯᠢᠭ ᠢ ᠠᠰᠢᠭᠯᠠᠬᠤ ᠶᠢ ᠠᠬᠢᠭᠤᠯᠵᠤ᠂ ᠦᠴᠦᠸᠠᠨ ᠰᠢᠶᠠᠨ ᠤ ᠨᠢᠭᠡᠨᠲᠡ‌ᠠᠰᠢᠭᠯᠠᠯᠲᠠ ᠳᠤ ᠣᠷᠣᠭᠤᠯᠤᠭᠰᠠᠨ ᠪᠠ ᠴᠢᠩ ᠱᠦᠢ ᠾᠧ ᠰᠢᠶᠠᠨ᠂ ᠬᠤᠷᠢᠨᠭᠡᠷ ᠰᠢᠶᠠᠨ ᠤ ᠪᠠᠶᠢᠭᠤᠯᠵᠤ ᠪᠠᠶᠢᠭ᠎ᠠ  ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠢᠶᠠᠷ ᠰᠠᠭᠤᠷᠢ ᠪᠣᠯᠭᠠᠵᠤ᠂ ᠳᠠᠯᠠᠨ ᠬᠠᠷ᠎ᠠ ᠠᠭᠤᠯᠠ ᠶᠢᠨ ᠰᠠᠯᠬᠢᠨ ᠤ ᠡᠨᠧᠷᠭᠢ ᠶᠢᠨ ᠠᠵᠤ ᠦᠢᠯᠡᠰ ᠤᠨ ᠪᠥᠭᠡᠮᠨᠡᠷᠡᠯ ᠢ ᠪᠠᠶᠢᠭᠤᠯᠤᠨ᠎ᠠ︔ ᠲᠦᠮᠡᠳ ᠵᠡᠭᠦᠨ ᠬᠤᠰᠢᠭᠤ᠂  ᠦᠴᠦᠸᠠᠨ ᠰᠢᠶᠠᠨ᠂ ᠬᠤᠷᠢᠨᠭᠡᠷ ᠰᠢᠶᠠᠨ᠂ ᠲᠣᠭᠲᠠᠬᠤ ᠰᠢᠶᠠᠨ ᠪᠣᠯᠣᠨ ᠴᠢᠩ ᠱᠦᠢ ᠾᠧ ᠰᠢᠶᠠᠨ ᠵᠡᠷᠭᠡ  ᠭᠠᠵᠠᠷ ᠢᠶᠠᠷ ᠭᠤᠣᠯᠳᠠᠯᠭ᠎ᠠ ᠪᠣᠯᠭᠠᠵᠤ᠂ ︽ᠬᠡᠷᠡᠯ ᠸᠣᠯᠲ +︾ ᠴᠠᠬᠢᠯᠭᠠᠨ ᠭᠠᠷᠭᠠᠬᠤ ᠪᠠ ᠡᠨᠧᠷᠭᠢ ᠬᠠᠳᠠᠭᠠᠯᠠᠬᠤ  ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ᠂ ᠴᠠᠬᠢᠯᠭᠠᠨ ᠤ ᠦᠢᠯᠡᠳᠪᠦᠷᠢ ᠶᠢᠨ ᠭᠡᠷ ᠤᠨ ᠣᠷᠣᠢ᠂ ᠬᠤᠭᠤᠰᠤᠨ  ᠭᠠᠵᠠᠷ᠂ ᠦᠨᠡᠰᠦ ᠭᠠᠳᠠᠭᠰᠢᠯᠠᠭᠤᠯᠬᠤ ᠲᠠᠯᠠᠪᠠᠶ ᠪᠣᠯᠣᠨ ᠬᠠᠶᠠᠭᠳᠠᠮᠠᠯ ᠠᠭᠤᠷᠬᠠᠢ᠂ ᠬᠦᠳᠡᠷ ᠤᠨ ᠰᠢᠭᠠᠷᠤ ᠶᠢᠨ  ᠬᠥᠮᠥᠷᠭᠡ᠂ ᠰᠢᠷᠣᠢ ᠭᠠᠳᠠᠭᠰᠢᠯᠠᠭᠤᠯᠬᠤ ᠲᠠᠯᠠᠪᠠᠶ᠂ ᠰᠢᠭᠠᠷᠤ ᠶᠢᠨ ᠲᠠᠯᠠᠪᠠᠶ ᠵᠡᠷᠭᠡ ᠲᠠᠯᠠᠪᠤᠷ ᠢ ᠭᠦᠢᠴᠡᠳ ᠠᠰᠢᠭᠯᠠᠨ  ᠲᠠᠷᠠᠬᠠᠢ ᠬᠡᠯᠪᠡᠷᠢ ᠶᠢᠨ ᠬᠡᠷᠡᠯ ᠸᠣᠯᠲ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ︽ᠨᠡᠭᠦᠷᠡᠰᠦ ᠶᠢ  ᠴᠠᠬᠢᠯᠭᠠᠨ ᠢᠶᠠᠷ ᠥᠭᠡᠷᠡᠴᠢᠯᠡᠬᠦ︾᠂ ︽ᠨᠡᠭᠦᠷᠡᠰᠦ ᠶᠢ ᠰᠢᠲᠠᠮᠠᠬᠠᠢ ᠬᠡᠢ ᠪᠠᠷ ᠥᠭᠡᠷᠡᠴᠢᠯᠡᠬᠦ︾ ᠵᠡᠷᠭᠡ ᠴᠡᠪᠡᠷ  ᠡᠨᠧᠷᠭᠢ ᠶᠢᠨ ᠰᠤᠷᠪᠤᠯᠵᠢ ᠪᠠᠷ ᠣᠷᠣᠯᠠᠭᠤᠯᠬᠤ ᠠᠬᠢᠴᠠ ᠶᠢ ᠲᠦᠷᠭᠡᠳᠬᠡᠨ ᠬᠡᠷᠡᠭᠵᠢᠭᠦᠯᠵᠦ᠂ ᠰᠤᠯᠠ ᠨᠡᠭᠦᠷᠡᠰᠦ  ᠬᠡᠷᠡᠭᠯᠡᠬᠦ ᠬᠡᠮᠵᠢᠶ᠎ᠡ ᠶᠢ ᠪᠠᠭᠠᠰᠬᠠᠨ᠎ᠠ᠃ ᠴᠡᠪᠡᠷ ᠳᠤᠯᠠᠭᠠᠯᠠᠭ᠎ᠠ ᠶᠢᠨ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂  ᠠᠷᠠᠳ ᠤᠨ ᠬᠡᠷᠡᠭᠯᠡᠭᠡᠨ ᠤ ᠰᠤᠯᠠ ᠨᠡᠭᠦᠷᠡᠰᠦ ᠪᠣᠯᠣᠨ‌‍ᠲ᠋ᠠᠷᠢᠶᠠᠯᠠᠩ ᠳᠤ ᠬᠡᠷᠡᠭᠯᠡᠬᠦ ᠨᠡᠭᠦᠷᠡᠰᠦᠨ ᠤ ᠬᠡᠷᠡᠭᠯᠡᠭᠡᠨ ᠤ  ᠬᠡᠮᠵᠢᠶ᠎ᠡ ᠶᠢ ᠭᠤᠣᠯᠳᠠᠯᠭ᠎ᠠ ᠲᠠᠢ ᠪᠠᠭᠠᠰᠬᠠᠨ᠂ ᠨᠡᠭᠦᠷᠡᠰᠦᠨ ᠤ ᠡᠬᠢ ᠪᠠᠶᠠᠯᠢᠭ ᠤᠨ ᠬᠤᠷᠣᠭᠳᠠᠯ ᠢ ᠪᠠᠭᠠᠰᠬᠠᠵᠤ᠂  ᠡᠨᠧᠷᠭᠢ ᠶᠢᠨ ᠰᠤᠷᠪᠤᠯᠵᠢ ᠶᠢᠨ ᠬᠦᠷᠢᠶᠡᠨ ᠳᠠᠬᠢ ᠪᠣᠬᠢᠷᠳᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ  ᠪᠠᠭᠠᠰᠬᠠᠬᠤ ᠶᠢ ᠠᠬᠢᠭᠤᠯᠤᠨ᠎ᠠ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠣᠷᠣᠨ‌‍ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ‌‍ᠶᠢᠨ ᠲᠣᠪᠴᠢᠶ᠎ᠠ︔  ᠬᠠᠷᠢᠭᠤᠴᠠᠯᠭᠠᠲᠤ ᠨᠢᠭᠡᠴᠡ᠄ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠮᠢ ᠠᠬᠤᠢ ᠣᠷᠴᠢᠨ  ᠲᠣᠭᠤᠷᠢᠨ ᠤ ᠲᠣᠪᠴᠢᠶ᠎ᠠ᠂ ᠲᠦᠮᠡᠳ ᠵᠡᠭᠦᠨ ᠬᠤᠰᠢᠭᠤ᠂ ᠲᠣᠭᠲᠠᠬᠤ ᠰᠢᠶᠠᠨ᠂ ᠬᠤᠷᠢᠨᠭᠡᠷ ᠰᠢᠶᠠᠨ᠂ ᠴᠢᠩ ᠱᠦᠢ  ᠾᠧ ᠰᠢᠶᠠᠨ᠂ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ︶             2. ᠢᠯᠴᠢ ᠶᠢᠨ ᠴᠠᠬᠢᠯᠭᠠᠨ ᠤ ᠠᠵᠢᠯ ᠲᠥᠷᠥᠯ ᠤᠨ ︽ᠭᠤᠷᠪᠠᠨ ᠥᠭᠡᠷᠡᠴᠢᠯᠡᠯᠲᠡ ᠶᠢᠨ ᠬᠤᠯᠪᠤᠭᠠᠯᠠᠨ  ᠬᠥᠳᠡᠯᠦᠯᠴᠡᠬᠦ︾ ᠶᠢ ᠠᠬᠢᠭᠤᠯᠵᠤ᠂ ︽ᠦᠯᠡᠳᠡᠪᠦᠷᠢ ᠢᠯᠴᠢ +︾ ᠦᠢᠯᠡᠴᠢᠯᠡᠭᠡᠨ ᠤ ᠵᠠᠭᠪᠤᠷ ᠢ ᠪᠠᠶᠢᠭᠤᠯᠤᠨ  ᠴᠠᠬᠢᠯᠭᠠᠨ ᠬᠠᠩᠭᠠᠬᠤ ᠨᠡᠭᠦᠷᠡᠰᠦᠨ ᠤ ᠬᠤᠷᠣᠭᠳᠠᠯ ᠨᠢ 300 ᠭᠷᠡᠮ ᠪᠠᠷᠢᠮᠵᠢᠶ᠎ᠠ ᠨᠡᠭᠦᠷᠡᠰᠦ/ᠺᠢᠯᠣᠸᠠᠲ ᠴᠠᠭ ᠠᠴᠠ  ᠳᠡᠭᠡᠭᠰᠢᠬᠢ ᠨᠡᠭᠦᠷᠡᠰᠦ ᠴᠠᠬᠢᠯᠭᠠᠨ ᠤ ᠮᠠᠰᠢᠨ ᠴᠣᠭᠴᠠᠯᠠᠪᠤᠷᠢ ᠳᠤ ᠡᠨᠧᠷᠭᠢ ᠠᠷᠪᠢᠯᠠᠵᠤ ᠬᠤᠷᠣᠭᠳᠠᠯ ᠢ ᠪᠠᠭᠤᠷᠠᠭᠤᠯᠬᠤ  ᠥᠭᠡᠷᠡᠴᠢᠯᠡᠯᠲᠡ ᠬᠢᠵᠦ᠂ ᠠᠭᠤᠷ ᠤᠨ ᠲᠦᠷᠪᠢᠨ ᠤ ᠭᠦᠶᠦᠳᠡᠯ ᠨᠡᠪᠲᠡᠷᠡᠭᠦᠯᠬᠦ ᠥᠭᠡᠷᠡᠴᠢᠯᠡᠯᠲᠡ᠂ ᠭᠦᠸᠧᠯᠦ ᠪᠠ  ᠠᠭᠤᠷ ᠤᠨ ᠲᠦᠷᠪᠢᠨ ᠤ ᠬᠦᠢᠲᠡᠨ ᠦᠵᠦᠭᠦᠷ ᠤᠨ ᠦᠯᠡᠳᠡᠪᠦᠷᠢ ᠢᠯᠴᠢ ᠶᠢ ᠭᠦᠨᠵᠡᠭᠡᠢ ᠠᠰᠢᠭᠯᠠᠬᠤ᠂ ᠡᠨᠧᠷᠭᠢ ᠶᠢ  ᠱᠠᠲᠤᠯᠠᠨ ᠠᠰᠢᠭᠯᠠᠬᠤ ᠥᠭᠡᠷᠡᠴᠢᠯᠡᠯᠲᠡ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠨᠡᠭᠦᠷᠡᠰᠦ ᠶᠢ ᠠᠰᠢᠭᠯᠠᠬᠤ ᠦᠷ᠎ᠡ  ᠪᠦᠲᠦᠮᠵᠢ ᠶᠢ ᠳᠡᠭᠡᠭᠰᠢᠯᠡᠭᠦᠯᠦᠨ᠎ᠡ᠃ ᠢᠯᠴᠢ ᠶᠢᠨ ᠴᠠᠬᠢᠯᠭᠠᠨ ᠤ ᠠᠵᠤ ᠠᠬᠤᠶᠢᠯᠠᠯ ᠤᠨ ᠠᠮᠢᠳᠤᠯᠢᠭ ᠴᠢᠨᠠᠷᠲᠠᠢ  ᠥᠭᠡᠷᠡᠴᠢᠯᠡᠯᠲᠡ ᠶᠢ ᠠᠬᠢᠭᠤᠯᠵᠤ᠂ ᠲᠣᠣᠷ ᠲᠤ ᠨᠡᠶᠢᠯᠡᠭᠦᠯᠦᠭᠰᠡᠨ ᠥᠪᠡᠷᠲᠡᠭᠡᠨ ᠬᠡᠷᠡᠭᠯᠡᠬᠦ ᠪᠠᠷ ᠪᠡᠯᠡᠳᠬᠡᠭᠰᠡᠨ  ᠨᠡᠭᠦᠷᠡᠰᠦ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠰᠢᠰᠲ᠋ᠧᠮ ᠤᠨ ᠣᠷᠭᠢᠯ ᠦᠶ᠎ᠡ ᠶᠢ ᠲᠣᠬᠢᠷᠠᠭᠤᠯᠬᠤ ᠳᠤ  ᠣᠷᠤᠯᠴᠠᠬᠤ ᠶᠢ ᠠᠬᠢᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠯᠴᠢ ᠶᠢᠨ  ᠴᠠᠬᠢᠯᠭᠠᠨ ᠤ ᠠᠮᠢᠳᠤᠯᠢᠭ ᠴᠢᠨᠠᠷᠲᠠᠢ ᠥᠭᠡᠷᠡᠴᠢᠯᠡᠯᠲᠡ ᠶᠢᠨ ᠰᠢᠨ᠎ᠡ ᠡᠨᠧᠷᠭᠢ ᠶᠢ ᠰᠢᠩᠭᠡᠬᠡᠨ ᠠᠪᠬᠤ ᠬᠡᠷᠡᠭᠵᠢᠭᠦᠯᠬᠦ  ᠨᠠᠷᠢᠨ ᠳᠦᠷᠢᠮ ︵2022 ᠣᠨ ᠤ ᠬᠡᠪᠯᠡᠯ︶︾ ︵ᠦᠪᠦᠷ ᠡᠨᠧᠷᠭᠢ ᠰᠢᠨ᠎ᠡ ᠡᠨᠧᠷᠭᠢ ᠥᠰᠥᠭ ﹇2022﹈  888 ᠳ᠋ᠤᠭᠠᠷ ᠲᠣᠭᠠᠲᠤ︶ ᠢ ᠦᠨᠳᠦᠰᠦᠯᠡᠨ᠂ ᠢᠯᠴᠢ ᠶᠢᠨ ᠴᠠᠬᠢᠯᠭᠠᠨ ᠤ ᠠᠵᠤ ᠠᠬᠤᠶᠢᠯᠠᠯ ᠳᠤ ᠵᠣᠬᠢᠬᠤ  ᠬᠡᠪᠴᠢᠶᠡᠨ ᠤ ᠰᠢᠨ᠎ᠡ ᠡᠨᠧᠷᠭᠢ ᠶᠢ ᠰᠢᠯᠢᠳᠡᠭᠵᠢᠭᠦᠯᠦᠨ ᠲᠣᠬᠢᠷᠠᠭᠤᠯᠤᠨ᠎ᠠ᠃ ᠢᠯᠴᠢ ᠶᠢᠨ ᠴᠠᠬᠢᠯᠭᠠᠨ ᠤ ᠠᠵᠤ  ᠠᠬᠤᠶᠢᠯᠠᠯ ᠤᠨ ᠢᠯᠴᠢ ᠬᠠᠩᠭᠠᠬᠤ ᠥᠭᠡᠷᠡᠴᠢᠯᠡᠯᠲᠡ ᠶᠢ ᠠᠬᠢᠭᠤᠯᠵᠤ᠂ ᠢᠯᠴᠢ ᠶᠢᠨ ᠴᠠᠬᠢᠯᠭᠠᠨ ᠤ ᠠᠵᠤ  ᠠᠬᠤᠶᠢᠯᠠᠯ ᠤᠨ ᠬᠤᠲᠠ ᠶᠢᠨ ᠲᠣᠭᠤᠷᠢᠭ ᠲᠤ ᠢᠯᠴᠢ ᠬᠠᠩᠭᠠᠬᠤ ᠴᠢᠳᠠᠪᠤᠷᠢ ᠶᠢ ᠭᠦᠢᠴᠡᠳ ᠠᠭᠤᠳᠠᠯᠵᠤ᠂ ︽ ᠶᠢᠨ  ᠱᠠᠨ ᠤ ᠢᠯᠴᠢ ᠶᠢᠨ ᠰᠤᠷᠪᠤᠯᠵᠢ ᠶᠢ ᠬᠥᠬᠡᠬᠤᠲᠠ ᠳᠤ ᠣᠷᠣᠭᠤᠯᠬᠤ︾ ᠵᠡᠷᠭᠡ ᠭᠤᠣᠯᠳᠠᠯᠭ᠎ᠠ ᠲᠠᠢ ᠢᠯᠴᠢ  ᠴᠠᠬᠢᠯᠭᠠᠨ ᠢ ᠬᠠᠮᠲᠤ ᠦᠢᠯᠡᠳᠪᠦᠷᠢᠯᠡᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ  ᠠᠬᠢᠭᠤᠯᠤᠨ᠎ᠠ᠃ ᠠᠵᠢᠯᠯᠠᠵᠤ ᠪᠠᠶᠢᠭ᠎ᠠ ᠢᠯᠴᠢ ᠴᠠᠬᠢᠯᠭᠠᠨ ᠢ ᠬᠠᠮᠲᠤ ᠦᠢᠯᠡᠳᠪᠦᠷᠢᠯᠡᠬᠦ ᠮᠠᠰᠢᠨ ᠴᠣᠭᠴᠠᠯᠠᠪᠤᠷᠢ ᠳᠤ  ᠮᠡᠷᠭᠡᠵᠢᠯ ᠤᠨ ᠥᠭᠡᠷᠡᠴᠢᠯᠡᠯᠲᠡ ᠬᠢᠵᠦ᠂ ᠴᠠᠬᠢᠯᠭᠠᠨ ᠤ ᠦᠢᠯᠡᠳᠪᠦᠷᠢ ᠶᠢᠨ ᠦᠯᠡᠳᠡᠪᠦᠷᠢ ᠢᠯᠴᠢ ᠶᠢ ᠭᠦᠢᠴᠡᠳ  ᠬᠤᠷᠢᠶᠠᠨ ᠠᠪᠴᠤ ᠠᠰᠢᠭᠯᠠᠨ᠂ ᠢᠯᠴᠢ ᠶᠢᠨ ᠴᠠᠬᠢᠯᠭᠠᠨ ᠤ ᠠᠵᠤ ᠠᠬᠤᠶᠢᠯᠠᠯ ᠤᠨ ᠡᠷᠬᠢᠨ ᠲᠣᠭᠤᠷᠢᠨ ᠢ ᠤᠷᠢᠳᠠᠪᠠᠷ  ᠰᠣᠩᠭᠤᠨ ᠪᠠᠷᠢᠯᠭ᠎ᠠ ᠶᠢᠨ ᠮᠠᠲ᠋ᠧᠷᠢᠶᠠᠯ ᠦᠶᠯᠡᠳᠬᠦ ᠵᠡᠷᠭᠡ ᠬᠥᠳᠡᠯᠭᠡᠭᠦ ᠬᠦᠴᠦᠨ ᠤ ᠡᠬᠢ ᠰᠤᠷᠪᠤᠯᠵᠢ ᠶᠢ ᠬᠡᠷᠡᠭᠰᠡᠬᠦ  ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠪᠠᠶᠢᠷᠢᠰᠢᠭᠤᠯᠬᠤ ᠶᠢ  ᠵᠣᠷᠢᠭᠵᠢᠭᠤᠯᠵᠤ᠂ ᠲᠥᠷᠥᠯ ᠵᠦᠢᠯ ᠳᠤ ᠢᠵᠢ ᠪᠦᠷᠢᠳᠦᠭᠦᠯᠦᠨ ᠭᠦᠸᠧᠯᠦ ᠪᠠᠶᠢᠭᠤᠯᠤᠭᠰᠠᠨ ᠠᠴᠠ ᠪᠣᠯᠵᠤ  ᠡᠨᠧᠷᠭᠢ ᠶᠢᠨ ᠰᠤᠷᠪᠤᠯᠵᠢ ᠶᠢ ᠳᠠᠪᠬᠤᠷᠳᠠᠭᠤᠯᠤᠨ ᠬᠤᠷᠣᠭᠳᠠᠭᠤᠯᠬᠤ ᠠᠴᠠ ᠵᠠᠶᠢᠯᠠᠰᠭᠢᠨ᠎ᠡ᠃ ᠢᠯᠴᠢ ᠶᠢᠨ  ᠴᠠᠬᠢᠯᠭᠠᠨ ᠤ ᠠᠵᠤ ᠠᠬᠤᠶᠢᠯᠠᠯ ᠬᠠᠮᠵᠢᠯᠴᠠᠨ ᠬᠤᠲᠠ ᠪᠠᠯᠭᠠᠰᠤ ᠶᠢᠨ ᠪᠣᠬᠢᠷ ᠤᠰᠤ ᠪᠣᠬᠢᠷ ᠰᠢᠪᠠᠷ ᠢ ᠬᠤᠯᠢᠵᠤ  ᠰᠢᠲᠠᠭᠠᠬᠤ ᠶᠢ ᠠᠬᠢᠭᠤᠯᠬᠤ ᠶᠢᠨ ᠬᠠᠮᠲᠤ ᠪᠣᠬᠢᠷ ᠰᠢᠪᠠᠷ ᠢ ᠰᠢᠲᠠᠭᠠᠭᠰᠠᠨ ᠦᠨᠡᠰᠦ ᠰᠢᠭᠠᠷᠤ ᠶᠢ ᠪᠠᠷᠢᠯᠭ᠎ᠠ ᠶᠢᠨ  ᠮᠠᠲ᠋ᠧᠷᠢᠶᠠᠯ ᠪᠣᠯᠭᠠᠨ ᠠᠰᠢᠭᠯᠠᠬᠤ ᠶᠢ ᠠᠬᠢᠭᠤᠯᠤᠨ᠎ᠠ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ  ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ︔ ᠬᠠᠷᠢᠭᠤᠴᠠᠯᠭᠠᠲᠤ ᠨᠢᠭᠡᠴᠡ᠄ ᠬᠤᠲᠠ ᠶᠢᠨ ᠠᠵᠤ  ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ  ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ︶             3. ᠨᠤᠨᠳᠠᠭ ᠨᠡᠭᠦᠷᠡᠰᠦᠨ ᠤ ᠦᠨᠡᠰᠦ ᠪᠠᠷ ᠭᠤᠣᠯᠳᠠᠯᠭ᠎ᠠ ᠪᠣᠯᠭᠠᠨ᠂ ︽ᠨᠢᠭᠡ ᠲᠤᠶᠢᠯ ᠬᠤᠶᠠᠷ ᠪᠦᠰᠡ︾  ᠪᠣᠯᠣᠨ ︽ᠬᠤᠶᠠᠷ ᠬᠦᠷᠢᠶᠡᠯᠡᠩ ᠤᠯᠠᠨ ᠴᠡᠭ︾ ᠲᠠᠢ ᠶᠡᠷᠦᠩᠬᠡᠶᠢᠯᠡᠨ ᠠᠰᠢᠭᠯᠠᠬᠤ ᠠᠵᠤ ᠦᠢᠯᠡᠰ ᠤᠨ  ᠰᠢᠰᠲ᠋ᠧᠮᠵᠢ ᠶᠢ ᠪᠠᠶᠢᠭᠤᠯᠤᠨ᠎ᠠ᠃ ᠲᠣᠭᠲᠠᠬᠤ ᠶᠢᠨ ᠴᠠᠬᠢᠯᠭᠠᠨ ᠤ ᠦᠢᠯᠡᠳᠪᠦᠷᠢ ᠶᠢᠨ ᠨᠢᠭᠡ ᠲᠤᠶᠢᠯ ᠤᠨ ᠴᠡᠭ ᠤᠨ  ᠲᠣᠭᠤᠷᠢᠨ ᠳᠤ᠂ ︽ᠲᠣᠭᠲᠠᠬᠤ ᠶᠢᠨ ᠴᠠᠬᠢᠯᠭᠠᠨ ᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠤᠳᠠᠰ ᠢ  ᠶᠡᠷᠦᠩᠬᠡᠶᠢᠯᠡᠨ ᠠᠰᠢᠭᠯᠠᠬᠤ ᠠᠵᠤ ᠦᠢᠯᠡᠰ ᠤᠨ ᠲᠥᠪᠯᠡᠷᠡᠭᠰᠡᠨ ᠪᠦᠰᠡ︾  ᠪᠣᠯᠣᠨ ︽ᠨᠡᠭᠦᠷᠡᠰᠦᠨ ᠤ  ᠰᠢᠰᠲ᠋ᠧᠮ ᠤᠨ ᠭᠤᠤ ᠯᠢᠩ ᠰᠢᠷᠣᠢ ᠶᠢ ᠨᠠᠷᠢᠯᠢᠭ ᠪᠣᠯᠪᠠᠰᠤᠷᠠᠭᠤᠯᠬᠤ ᠠᠵᠤ ᠦᠢᠯᠡᠰ ᠤᠨ ᠲᠥᠪᠯᠡᠷᠡᠭᠰᠡᠨ ᠪᠦᠰᠡ︾ ᠶᠢ  ᠪᠣᠶᠢᠵᠢᠭᠤᠯᠤᠨ᠂ ᠲᠣᠭᠲᠠᠬᠤ ᠴᠢᠩ ᠱᠦᠢ ᠾᠧ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ︽ᠨᠢᠭᠡ  ᠲᠤᠶᠢᠯ ᠬᠤᠶᠠᠷ ᠪᠦᠰᠡ︾ ᠶᠢᠨ ᠲᠥᠷᠥᠯ ᠵᠦᠢᠯ ᠤᠨ ᠪᠠᠶᠢᠷᠢᠰᠢᠯ ᠢ ᠪᠤᠢ ᠪᠣᠯᠭᠠᠨ᠎ᠠ᠃ ᠥᠪᠥᠷ ᠮᠣᠩᠭᠤᠯ ᠤᠨ ᠳ᠋ᠠ  ᠲᠠᠩ ᠣᠯᠠᠨ ᠤᠯᠤᠰ ᠤᠨ ᠲᠣᠭᠲᠠᠬᠤ ᠴᠠᠬᠢᠯᠭᠠᠨ ᠭᠠᠷᠭᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠡᠷᠭᠡ ᠪᠠᠷ  ᠭᠤᠣᠯ ᠴᠣᠭᠴᠠ ᠪᠣᠯᠭᠠᠵᠤ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ︽︿ ᠬᠥᠬᠡᠬᠤᠲᠠ ᠶᠢᠨ ᠠᠵᠤ ᠦᠢᠯᠡᠳᠪᠦᠷᠢ ᠶᠢᠨ ᠡᠩ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠡᠬᠢ ᠪᠠᠶᠠᠯᠢᠭ ᠢ  ᠶᠡᠷᠦᠩᠬᠡᠶᠢᠯᠡᠨ ᠠᠰᠢᠭᠯᠠᠬᠤ ᠭᠤᠷᠪᠠᠨ ᠵᠢᠯ ᠤᠨ ᠬᠡᠷᠡᠭᠵᠢᠭᠦᠯᠬᠦ ᠲᠥᠰᠥᠯ ︵2022 ︱ 2024 ᠣᠨ︶﹀ ᠢ  ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ︵ᠬᠥᠬᠡᠬᠤᠲᠠ ᠵᠠᠰᠠᠭ ᠠᠯᠪᠠᠨ ᠲᠠᠷᠬᠠᠭᠠᠭᠰᠠᠨ ﹇2021﹈ 25  ᠳ᠋ᠤᠭᠠᠷ ᠲᠣᠭᠠᠲᠤ︶ ᠢ ᠨᠠᠶᠢᠳᠠᠪᠤᠷᠢᠵᠢᠭᠤᠯᠤᠨ᠂ ᠨᠤᠨᠳᠠᠭ ᠨᠡᠭᠦᠷᠡᠰᠦᠨ ᠤ ᠦᠨᠡᠰᠦ᠂ ᠵᠤᠤᠬᠠᠨ ᠤ ᠰᠢᠭᠠᠷᠤ ᠵᠡᠷᠭᠡ  ᠨᠡᠭᠦᠷᠡᠰᠦᠨ ᠤ ᠰᠢᠰᠲ᠋ᠧᠮ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠲᠥᠰᠥᠯ ᠢ  ᠨᠠᠶᠢᠷᠠᠭᠤᠯᠤᠨ ᠵᠣᠬᠢᠶᠠᠬᠤ ᠶᠢ ᠨᠢ ᠠᠬᠢᠭᠤᠯᠤᠨ᠎ᠠ᠃ ᠲᠣᠭᠲᠠᠬᠤ ᠶᠢᠨ ᠴᠠᠬᠢᠯᠭᠠᠨ ᠤ ᠦᠢᠯᠡᠳᠪᠦᠷᠢ ᠶᠢᠨ ᠬᠠᠲᠠᠭᠤ  ᠪᠡᠶᠡᠲᠦ ᠬᠠᠶᠠᠭᠳᠠᠮᠠᠯ ᠪᠤᠳᠠᠰ ᠢ ᠶᠡᠷᠦᠩᠬᠡᠶᠢᠯᠡᠨ ᠠᠰᠢᠭᠯᠠᠬᠤ ᠠᠵᠤ ᠦᠢᠯᠡᠰ ᠤᠨ ᠲᠥᠪᠯᠡᠷᠡᠭᠰᠡᠨ ᠪᠦᠰᠡ ᠳᠤ  ᠲᠦᠰᠢᠭᠯᠡᠨ᠂ ᠨᠤᠨᠳᠠᠭ ᠨᠡᠭᠦᠷᠡᠰᠦᠨ ᠤ ᠦᠨᠡᠰᠦ᠂ ᠵᠤᠤᠬᠠᠨ ᠤ ᠰᠢᠭᠠᠷᠤ ᠵᠡᠷᠭᠡ ᠬᠠᠲᠠᠭᠤ ᠪᠡᠶᠡᠲᠦ ᠬᠠᠶᠠᠭᠳᠠᠮᠠᠯ  ᠪᠣᠳᠠᠰ ᠢ ᠠᠰᠢᠭᠯᠠᠵᠤ᠂ ᠵᠠᠮ ᠤᠨ ᠰᠠᠭᠤᠷᠢ ᠶᠢᠨ ᠮᠠᠲ᠋ᠧᠷᠢᠶᠠᠯ᠂ ᠪᠧᠲ᠋ᠤᠨ᠂ ᠠᠭᠤᠷᠰᠢᠭᠤᠯᠤᠨ ᠳᠠᠷᠤᠰᠢᠭᠤᠯᠤᠭᠰᠠᠨ  ᠨᠤᠨᠳᠠᠭ ᠨᠡᠭᠦᠷᠡᠰᠦᠨ ᠤ ᠦᠨᠡᠰᠦᠨ ᠲᠣᠭᠤᠰᠬ᠎ᠠ᠂ ᠸᠠᠭᠠᠷ ᠤᠨ ᠮᠥᠬᠦᠯᠢᠭ ᠵᠡᠷᠭᠡ ᠶᠢ ᠬᠢᠨ᠎ᠡ᠃ ︽ᠨᠡᠭᠦᠷᠡᠰᠦᠨ ᠤ  ᠰᠢᠰᠲ᠋ᠧᠮ ᠤᠨ ᠭᠤᠤ ᠯᠢᠩ ᠰᠢᠷᠣᠢ ᠶᠢ ᠨᠠᠷᠢᠯᠢᠭ ᠪᠣᠯᠪᠠᠰᠤᠷᠠᠭᠤᠯᠬᠤ ᠠᠵᠤ ᠦᠢᠯᠡᠰ ᠤᠨ ᠲᠥᠪᠯᠡᠷᠡᠭᠰᠡᠨ ᠪᠦᠰᠡ︾  ᠪᠠᠷ ᠭᠠᠷᠳᠠᠴᠠ ᠪᠣᠯᠭᠠᠨ᠂ ᠨᠡᠭᠦᠷᠡᠰᠦᠨ ᠴᠢᠯᠠᠭᠤ ᠠᠴᠠ ᠬᠥᠩᠭᠡᠨᠴᠠᠭᠠᠨ ᠤ ᠢᠰᠦᠯ ᠭᠠᠷᠭᠠᠬᠤ᠂ ᠭᠤᠤ ᠯᠢᠩ  ᠰᠢᠷᠣᠢ ᠶᠢ ᠡᠬᠢ ᠪᠠᠶᠠᠯᠢᠭᠵᠢᠭᠤᠯᠬᠤ ᠵᠡᠷᠭᠡ ᠠᠰᠢᠭᠯᠠᠬᠤ ᠠᠷᠭ᠎ᠠ ᠵᠠᠮ ᠢ ᠨᠡᠭᠡᠭᠡᠨ ᠬᠥᠭᠵᠢᠭᠦᠯᠦᠨ᠎ᠡ᠃ ᠲᠣᠭᠲᠠᠬᠤ  ᠴᠢᠩ ᠱᠦᠢ ᠾᠧ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠪᠣᠯᠣᠨ ᠬᠤᠷᠢᠨᠭᠡᠷ ᠤᠨ ᠰᠦ ᠶᠢᠨ  ᠦᠢᠯᠡᠰ ᠤᠨ ᠨᠡᠭᠡᠭᠡᠯᠲᠡ ᠶᠢᠨ ᠲᠣᠭᠤᠷᠢᠭ ᠢᠶᠠᠷ ᠭᠤᠣᠯ ᠴᠣᠭᠴᠠ ᠪᠣᠯᠭᠠᠨ᠂ ᠨᠤᠨᠳᠠᠭ ᠨᠡᠭᠦᠷᠡᠰᠦᠨ ᠤ ᠦᠨᠡᠰᠦ ᠵᠡᠷᠭᠡ  ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ  ᠠᠵᠤ ᠦᠢᠯᠡᠰ ᠢ ᠣᠷᠣᠭᠤᠯᠵᠤ ᠢᠷᠡᠬᠦ ᠪᠤᠶᠤ ᠪᠣᠶᠢᠵᠢᠭᠤᠯᠵᠤ᠂ ᠪᠠᠷᠠᠭᠤᠨ ᠬᠤᠶᠢᠲᠤ ᠣᠷᠣᠨ ᠤ ᠴᠢᠬᠤᠯᠠ ᠠᠵᠤ  ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠵᠢᠱᠢᠶ᠎ᠡ ᠦᠵᠡᠭᠦᠯᠬᠦ  ᠲᠥᠪᠯᠡᠷᠡᠭᠰᠡᠨ ᠣᠷᠣᠨ ᠢ ᠪᠠᠶᠢᠭᠤᠯᠤᠨ᠎ᠠ᠃ ᠨᠤᠨᠳᠠᠭ ᠨᠡᠭᠦᠷᠡᠰᠦᠨ ᠤ ᠦᠨᠡᠰᠦ ᠵᠡᠷᠭᠡ ᠬᠠᠲᠠᠭᠤ ᠪᠡᠶᠡᠲᠦ  ᠬᠠᠶᠠᠭᠳᠠᠮᠠᠯ  ᠪᠤᠳᠠᠰ ᠤᠨ ᠣᠷᠣᠨ ᠵᠠᠢ ᠶᠢᠨ ᠲᠠᠷᠬᠠᠯᠲᠠ ᠶᠢ ᠦᠨᠳᠦᠰᠦᠯᠡᠨ᠂ ᠲᠦᠮᠡᠳ ᠵᠡᠭᠦᠨ ᠬᠤᠰᠢᠭᠤ᠂ ᠴᠢᠩ ᠱᠦᠢ ᠾᠧ  ᠰᠢᠶᠠᠨ ᠪᠣᠯᠣᠨ ᠰᠠᠶᠢᠬᠠᠨ ᠲᠣᠭᠤᠷᠢᠭ ᠵᠡᠷᠭᠡ ᠭᠠᠵᠠᠷ ᠲᠤ ᠠᠵᠤ ᠦᠢᠯᠡᠳᠪᠦᠷᠢ ᠶᠢᠨ ᠬᠠᠲᠠᠭᠤ ᠪᠡᠶᠡᠲᠦ  ᠬᠠᠶᠠᠭᠳᠠᠮᠠᠯ  ᠪᠤᠳᠠᠰ ᠢ ᠶᠡᠷᠦᠩᠬᠡᠶᠢᠯᠡᠨ ᠠᠰᠢᠭᠯᠠᠬᠤ ᠭᠤᠣᠯᠯᠠᠭᠴᠢ ᠠᠵᠤ ᠠᠬᠤᠶᠢᠯᠠᠯ ᠢ ᠪᠣᠶᠢᠵᠢᠭᠤᠯᠤᠨ ᠬᠥᠭᠵᠢᠭᠦᠯᠵᠦ᠂ ᠮᠠᠨ ᠤ  ᠬᠤᠳᠠ ᠶᠢᠨ ︽ᠬᠤᠶᠠᠷ ᠬᠦᠷᠢᠶᠡᠯᠡᠩ ᠤᠯᠠᠨ ᠴᠡᠭ︾ ᠤᠨ ᠶᠡᠷᠦᠩᠬᠡᠶᠢᠯᠡᠨ ᠠᠰᠢᠭᠯᠠᠬᠤ ᠠᠵᠤ ᠦᠢᠯᠡᠰ ᠤᠨ  ᠰᠢᠰᠲ᠋ᠧᠮᠵᠢ ᠶᠢ ᠪᠦᠷᠢᠯᠳᠦᠭᠦᠯᠦᠨ᠎ᠡ᠃ 2025 ᠣᠨ ᠪᠣᠯᠬᠤ ᠳᠤ ᠬᠡᠪᠴᠢᠶᠡᠵᠢᠯ ᠠᠴᠠ ᠳᠡᠭᠡᠭᠰᠢᠬᠢ ᠠᠵᠤ  ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠲᠤᠰᠬᠠᠢ ᠠᠵᠤ  ᠠᠬᠤᠶᠢᠯᠠᠯ ᠢ 25 ᠬᠦᠷᠭᠡᠵᠦ᠂ ᠵᠢᠯ ᠤᠨ ᠦᠢᠯᠡᠳᠬᠦᠨ ᠤ ᠥᠷᠲᠡᠭ ᠨᠢ 5000 ᠲᠦᠮᠡᠨ ᠲᠥᠭᠦᠷᠢᠭ ᠢ ᠳᠠᠪᠠᠭ᠋ᠤ  ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠭᠤᠣᠯᠯᠠᠭᠴᠢ ᠠᠵᠤ  ᠠᠬᠤᠶᠢᠯᠠᠯ ᠢ 10 ᠬᠦᠷᠭᠡᠨ᠎ᠡ᠃ ︵ᠲᠦᠷᠦᠭᠦᠯᠡᠨ ᠬᠢᠬᠦ ᠨᠢᠭᠡᠴᠡ᠄ ᠲᠦᠮᠡᠳ ᠵᠡᠭᠦᠨ ᠬᠤᠰᠢᠭᠤ᠂ ᠲᠣᠭᠲᠠᠬᠤ ᠰᠢᠶᠠᠨ  ᠂ ᠬᠤᠷᠢᠨᠭᠡᠷ ᠰᠢᠶᠠᠨ᠂ ᠴᠢᠩ ᠱᠦᠢ ᠾᠧ ᠰᠢᠶᠠᠨ᠂ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︔  ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ  ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ︶             4. ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠨᠤᠨᠳᠠᠭ ᠨᠡᠭᠦᠷᠡᠰᠦᠨ ᠤ  ᠦᠨᠡᠰᠦ ᠶᠢ ᠭᠠᠳᠠᠭᠰᠢ ᠲᠡᠭᠡᠭᠡᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠭᠤᠣᠯᠴᠢᠯᠠᠨ ᠬᠠᠮᠢᠶᠠᠷᠬᠤ ᠰᠠᠯᠠᠭ᠎ᠠ  ᠮᠥᠴᠢᠷ ᠤᠨ ᠨᠤᠨᠳᠠᠭ ᠨᠡᠭᠦᠷᠡᠰᠦᠨ ᠤ ᠦᠨᠡᠰᠦ᠂ ᠵᠤᠤᠬ᠎ᠠ ᠶᠢᠨ ᠰᠢᠭᠠᠷᠤ ᠵᠡᠷᠭᠡ ᠬᠠᠲᠠᠭᠤ ᠪᠡᠶᠡᠲᠦ ᠬᠠᠶᠠᠭᠳᠠᠮᠠᠯ  ᠪᠣᠳᠠᠰ ᠢ ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠢ ᠲᠣᠭᠲᠠᠭᠠᠬᠤ᠂ ᠣᠷᠴᠢᠨ ᠲᠣᠭᠤᠷᠢᠨ ᠤ ᠨᠦᠯᠦᠭᠡᠯᠡᠯ ᠤᠨ  ᠦᠨᠡᠯᠡᠯᠲᠡ ᠬᠢᠬᠦ᠂ ᠭᠠᠵᠠᠷ ᠬᠡᠷᠡᠭᠯᠡᠬᠦ ᠪᠠ ᠡᠨᠧᠷᠭᠢ ᠶᠢᠨ ᠬᠤᠷᠣᠭᠳᠠᠯ ᠵᠡᠷᠭᠡ ᠶᠢ ᠬᠢᠨᠠᠨ ᠵᠥᠪᠰᠢᠶᠡᠷᠡᠬᠦ ᠦᠶᠡᠯᠡᠯ ᠤᠨ  ᠬᠤᠭᠤᠴᠠᠭ᠎ᠠ ᠶᠢ ᠪᠣᠭᠤᠨᠢᠰᠬᠠᠬᠤ ᠶᠢ ᠠᠬᠢᠭᠤᠯᠵᠤ᠂ ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠢ ᠤᠷᠢᠳᠠᠪᠠᠷ  ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠠᠬᠢᠭᠤᠯᠤᠨ᠎ᠠ᠃ ᠮᠠᠨ ᠤ ᠬᠤᠲᠠ ᠬᠢᠭᠡᠳ ᠪᠡᠭᠡᠵᠢᠩ᠂  ᠰᠢᠶᠦ᠋ᠩ ᠠᠨ  ᠰᠢᠨ᠎ᠡ ᠲᠣᠭᠤᠷᠢᠭ ᠵᠡᠷᠭᠡ ᠪᠡᠭᠡᠵᠢᠩ ᠲᠢᠶᠠᠨᠵᠢᠨ ᠾᠧᠪᠧᠢ ᠶᠢᠨ ᠭᠤᠣᠯᠳᠠᠯᠭ᠎ᠠ ᠲᠠᠢ ᠭᠠᠵᠠᠷ ᠣᠷᠣᠨ ᠲᠠᠢ ᠣᠷᠣᠨ  ᠪᠦᠰᠡ ᠠᠯᠤᠰᠯᠠᠨ ᠬᠠᠮᠵᠢᠯᠴᠠᠨ ᠠᠰᠢᠭᠯᠠᠬᠤ ᠵᠠᠭᠪᠤᠷ ᠪᠠᠶᠢᠭᠤᠯᠬᠤ ᠶᠢ ᠠᠬᠢᠭᠤᠯᠵᠤ᠂ ᠨᠤᠨᠳᠠᠭ ᠨᠡᠭᠦᠷᠡᠰᠦᠨ ᠤ  ᠦᠨᠡᠰᠦ ᠶᠢ ᠭᠠᠳᠠᠭᠰᠢ ᠲᠡᠭᠡᠭᠡᠪᠦᠷᠢᠯᠡᠬᠦ ᠳᠤ  ᠬᠤᠷᠳᠤᠨ ᠤ ᠵᠠᠮ ᠤᠨ ᠰᠦᠢᠳᠬᠡᠯ ᠢ ᠥᠯᠥ ᠲᠠᠲᠠᠪᠤᠷᠢᠯᠠᠬᠤ᠂ ᠳᠤᠲᠠᠭᠤ  ᠲᠠᠲᠠᠪᠤᠷᠢᠯᠠᠬᠤ ᠪᠣᠬᠢᠷᠲᠤᠯ ᠦᠭᠡᠢ ᠵᠠᠮ ᠬᠠᠷᠢᠯᠴᠠᠭᠠᠨ ᠤ ᠲᠤᠷᠰᠢᠯᠲᠠ ᠶᠢᠨ  ᠴᠡᠭ ᠢᠳᠡᠪᠬᠢᠲᠡᠢ ᠪᠠᠷ ᠬᠠᠶᠢᠨ  ᠰᠦᠪᠡᠭᠴᠢᠯᠡᠨ᠎ᠡ᠃ ᠨᠤᠨᠳᠠᠭ ᠨᠡᠭᠦᠷᠡᠰᠦᠨ ᠤ ᠦᠨᠡᠰᠦ ᠶᠢᠨ ᠲᠤᠰᠬᠠᠢ ᠴᠤᠪᠤᠭ᠎ᠠ ᠲᠡᠷᠭᠡ ᠶᠢᠨ ︽ᠴᠡᠭ ᠠᠴᠠ ᠴᠡᠭ ᠲᠤ  ᠬᠦᠷᠬᠦ᠂ ᠲᠤᠭᠲᠠᠭᠰᠠᠨ ᠦᠨ᠎ᠡ ᠪᠠᠷ ᠠᠰᠢᠭᠯᠠᠬᠤ︾ ᠵᠠᠭᠪᠤᠷ ᠢ ᠬᠡᠷᠡᠭᠵᠢᠭᠦᠯᠬᠦ ᠶᠢ ᠬᠠᠶᠢᠨ ᠰᠦᠪᠡᠭᠴᠢᠯᠡᠵᠦ᠂  ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠯᠤᠭ᠎ᠠ ᠨᠤᠨᠳᠠᠭ  ᠨᠡᠭᠦᠷᠡᠰᠦᠨ ᠤ ᠦᠨᠡᠰᠦ ᠶᠢ ᠫᠢᠩ ᠬᠦ᠋ ᠥᠷᠳᠡᠭᠡ᠂ ᠰᠢᠥᠢ ᠱᠦᠢ ᠥᠷᠳᠡᠭᠡ᠂ ᠬᠤᠸᠠᠩ ᠬᠤᠸᠠ ᠭᠠᠷᠠᠮ᠂ ᠲᠢᠶᠠᠨᠵᠢᠨ  ᠭᠠᠷᠠᠮ᠂ ᠶᠠᠨᠲ᠋ᠠᠢ ᠭᠠᠷᠠᠮ ᠵᠡᠷᠭᠡ ᠳᠤ ᠳᠡᠭᠡᠭᠡᠪᠦᠷᠢᠯᠡᠵᠦ ᠬᠦᠷᠬᠦ ᠲᠡᠮᠦᠷ ᠵᠠᠮ ᠤᠨ ᠬᠡᠰᠡᠭ ᠤᠨ ᠲᠡᠭᠡᠭᠡᠪᠦᠷᠢ ᠶᠢᠨ ᠵᠠᠷᠤᠳᠠᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠰᠤᠳᠤᠯᠤᠨ‌‍ᠲ᠋ᠣᠭᠲᠠᠭᠠᠨ᠎ᠠ᠃ ᠥᠪᠥᠷ ᠮᠣᠩᠭᠤᠯ ᠤᠨ ᠳ᠋ᠠ  ᠲᠠᠩ ᠣᠯᠠᠨ ᠤᠯᠤᠰ ᠤᠨ ᠲᠣᠭᠲᠠᠬᠤ ᠴᠠᠬᠢᠯᠭᠠᠨ ᠭᠠᠷᠭᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠥᠪᠥᠷ  ᠮᠣᠩᠭᠤᠯ ᠤᠨ ᠬᠤᠷᠢᠨᠭᠡᠷ ᠤᠨ ᠴᠠᠬᠢᠯᠭᠠᠨ ᠭᠠᠷᠭᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠡᠷᠭᠡ ᠲᠡᠮᠦᠷ ᠵᠠᠮ ᠤᠨ  ᠲᠡᠭᠡᠭᠡᠪᠦᠷᠢ ᠶᠢᠨ ᠨᠥᠬᠦᠴᠡᠯ ᠢ ᠪᠦᠷᠢᠯᠳᠦᠭᠦᠯᠦᠭᠰᠡᠨ ᠠᠵᠤ ᠠᠬᠤᠶᠢᠯᠠᠯ ᠤᠨ ᠪᠦᠲᠦᠭᠡᠨ ᠪᠠᠶᠢᠭᠤᠯᠤᠯᠲᠠ ᠶᠢ  ᠵᠣᠷᠢᠭᠵᠢᠭᠤᠯᠵᠤ᠂ ᠴᠠᠬᠢᠯᠭᠠᠨ ᠤ ᠦᠢᠯᠡᠳᠪᠦᠷᠢ ᠶᠢᠨ ᠦᠵᠦᠭᠦᠷ ᠤᠨ ᠲᠡᠮᠦᠷ ᠵᠠᠮ ᠤᠨ ᠪᠣᠭᠤᠳᠠᠯᠯᠠᠬᠤ᠂ ᠠᠴᠢᠶᠠᠯᠠᠵᠤ  ᠪᠠᠭᠤᠯᠭᠠᠬᠤ ᠴᠢᠳᠠᠪᠤᠷᠢ ᠵᠡᠷᠭᠡ ᠢᠵᠢ ᠪᠦᠷᠢᠳᠦᠭᠦᠯᠬᠦ ᠪᠡᠯᠡᠳᠬᠡᠮᠵᠢ ᠶᠢ ᠲᠡᠭᠦᠯᠳᠡᠷᠵᠢᠭᠦᠯᠦᠨ᠂ ᠲᠣᠰ ᠭᠠᠵᠠᠷ ᠤᠨ ᠠᠵᠤ  ᠠᠬᠤᠶᠢᠯᠠᠯ ᠤᠨ ᠰᠢᠦᠢ ᠱᠦᠢ᠂ ᠫᠢᠩ ᠬᠥ᠋ ᠵᠡᠷᠭᠡ ᠪᠠᠷᠠᠭᠠᠨ ᠤ ᠲᠡᠭᠡᠭᠡᠪᠦᠷᠢ ᠶᠢᠨ ᠥᠷᠲᠡᠭᠡ ᠳᠤ ᠬᠦᠷᠴᠦ ᠠᠪᠳᠠᠷ᠎ᠠ  ᠵᠠᠳᠠᠯᠬᠤ᠂ ᠳᠠᠮᠵᠢᠭᠤᠯᠤᠨ ᠲᠡᠭᠡᠭᠡᠪᠦᠷᠢᠯᠡᠵᠦ ᠬᠠᠳᠠᠭᠠᠯᠠᠬᠤ ᠪᠡᠯᠡᠳᠬᠡᠮᠵᠢ ᠶᠢ ᠪᠠᠶᠢᠭᠤᠯᠵᠤ ᠢᠵᠢ ᠪᠦᠷᠢᠳᠦᠭᠦᠯᠬᠦ ᠶᠢ  ᠳᠡᠮᠵᠢᠵᠦ᠂ ︽ᠰᠢᠯᠵᠢᠭᠦᠯᠬᠦ ᠥᠪᠡᠷ ᠤᠨ ᠥᠷᠲᠡᠭ︾ ᠢ ᠪᠠᠭᠠᠰᠬᠠᠨ᠎ᠠ᠃  ︵ᠲᠦᠷᠦᠭᠦᠯᠡᠨ ᠬᠢᠬᠦ ᠨᠢᠭᠡᠴᠡ᠄  ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠬᠤᠲᠠ ᠶᠢᠨ ᠠᠮᠢ  ᠠᠬᠤᠢ ᠣᠷᠴᠢᠨ ᠲᠣᠭᠤᠷᠢᠨ ᠤ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ  ᠡᠬᠢ ᠪᠠᠶᠠᠯᠢᠭ ᠤᠨ ᠲᠣᠪᠴᠢᠶ᠎ᠠ︶             5. ᠨᠡᠶᠢᠭᠡᠮ ᠤᠨ ᠡᠬᠢ ᠪᠠᠶᠠᠯᠢᠭ ᠢ ᠥᠷᠭᠡᠨ ᠢᠶᠠᠷ ᠬᠡᠷᠡᠭᠯᠡᠵᠦ᠂ ᠨᠤᠨᠳᠠᠭ ᠨᠡᠭᠦᠷᠡᠰᠦᠨ ᠤ ᠦᠨᠡᠰᠦ ᠶᠢ  ᠶᠡᠷᠦᠩᠬᠡᠶᠢᠯᠡᠨ ᠠᠰᠢᠭᠯᠠᠬᠤ ᠶᠢ ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠨᠤᠨᠳᠠᠭ ᠨᠡᠭᠦᠷᠡᠰᠦᠨ ᠤ ᠦᠨᠡᠰᠦ ᠶᠢ  ᠶᠡᠷᠦᠩᠬᠡᠶᠢᠯᠡᠨ ᠠᠰᠢᠭᠯᠠᠬᠤ ᠪᠠᠷ ᠭᠤᠣᠯᠳᠠᠯᠭ᠎ᠠ ᠪᠣᠯᠭᠠᠨ᠂ ᠴᠠᠬᠢᠯᠭᠠᠨ ᠤ ᠦᠢᠯᠡᠳᠪᠦᠷᠢ ᠬᠢᠭᠡᠳ ᠶᠡᠭᠡ ᠳᠡᠭᠡᠳᠦ  ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠠᠵᠢᠯ ᠲᠥᠷᠥᠯ ᠤᠨ ᠨᠡᠶᠢᠭᠡᠮᠯᠢᠭ᠂  ᠬᠠᠶᠠᠭᠳᠠᠮᠠᠯ ᠪᠣᠳᠠᠰ ᠢ ᠠᠰᠢᠭᠯᠠᠬᠤ ᠠᠵᠤ ᠠᠬᠤᠶᠢᠯᠠᠯ ᠵᠡᠷᠭᠡ ᠶᠢᠨ ᠬᠠᠮᠲᠤᠷᠠᠯᠴᠠᠭ᠎ᠠ ᠶᠢ ᠲᠦᠯᠬᠢᠨ ᠠᠬᠢᠭᠤᠯᠵᠤ᠂  ᠦᠢᠯᠡᠳᠪᠦᠷᠢᠯᠡᠬᠦ ᠵᠢᠭᠠᠬᠤ ᠰᠤᠳᠤᠯᠬᠤ ᠶᠢ ᠬᠤᠯᠪᠣᠭᠰᠠᠨ ᠨᠤᠨᠳᠠᠭ ᠨᠡᠭᠦᠷᠡᠰᠦᠨ ᠤ ᠦᠨᠡᠰᠦ ᠶᠢ ᠶᠡᠷᠦᠩᠬᠡᠶᠢᠯᠡᠨ  ᠠᠰᠢᠭᠯᠠᠬᠤ ᠬᠤᠯᠪᠣᠭ᠎ᠠ ᠶᠢ ᠵᠣᠬᠢᠶᠠᠨ ᠪᠠᠶᠢᠭᠤᠯᠤᠨ᠂ ᠵᠠᠩᠭᠢᠯᠠᠭ᠎ᠠ ᠶᠢᠨ ᠠᠰᠢᠭᠯᠠᠬᠤ ᠰᠢᠢᠳᠪᠦᠷᠢᠯᠡᠬᠦ ᠮᠡᠷᠭᠡᠵᠢᠯ ᠤᠨ  ᠤᠷ᠎ᠠ ᠮᠡᠷᠭᠡᠰᠢᠯ᠂ ᠲᠥᠬᠦᠭᠡᠷᠦᠮᠵᠢ ᠶᠢ ᠰᠤᠳᠤᠯᠤᠨ ᠨᠡᠭᠡᠭᠡᠬᠦ ᠵᠢᠴᠢ ᠦᠷ᠎ᠡ ᠪᠦᠲᠦᠭᠡᠯ ᠢ ᠤᠯᠠᠷᠢᠭᠤᠯᠬᠤ ᠠᠵᠢᠯ ᠢ  ᠥᠷᠨᠢᠭᠦᠯᠵᠦ᠂ ᠠᠵᠤ ᠦᠢᠯᠡᠰ ᠤᠨ ᠬᠥᠭᠵᠢᠯᠲᠡ ᠶᠢᠨ ᠭᠤᠣᠯᠯᠠᠬᠤ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃  ᠨᠤᠨᠳᠠᠭ ᠨᠡᠭᠦᠷᠡᠰᠦᠨ ᠤ ᠦᠨᠡᠰᠦ ᠶᠢ ᠶᠡᠷᠦᠩᠬᠡᠶᠢᠯᠡᠨ ᠠᠰᠢᠭᠯᠠᠬᠤ ᠪᠠᠷᠢᠮᠵᠢᠶ᠎ᠠ ᠶᠢ ᠰᠤᠳᠤᠯᠤᠨ ᠲᠣᠭᠲᠠᠭᠠᠬᠤ ᠳᠤ  ᠣᠷᠣᠯᠴᠠᠵᠤ᠂ ᠨᠤᠨᠳᠠᠭ ᠨᠡᠭᠦᠷᠡᠰᠦᠨ ᠤ ᠦᠨᠡᠰᠦ ᠶᠢ ᠶᠡᠷᠦᠩᠬᠡᠶᠢᠯᠡᠨ ᠠᠰᠢᠭᠯᠠᠬᠤ ᠦᠢᠯᠡᠳᠬᠦᠨ ᠢ ᠳᠡᠯᠭᠡᠷᠡᠭᠦᠯᠦᠨ  ᠬᠡᠷᠡᠭᠯᠡᠬᠦ ᠡᠷᠴᠢᠮ ᠢ ᠴᠢᠩᠭᠠᠷᠠᠭᠤᠯᠵᠤ᠂ ᠲᠡᠭᠦᠨ ᠢ ᠬᠤᠳᠠ ᠶᠢᠨ ᠶᠠᠪᠤᠳᠠᠯ᠂ ᠴᠡᠴᠡᠷᠯᠢᠭ᠂ ᠵᠠᠮ ᠬᠠᠷᠢᠯᠴᠠᠭ᠎ᠠ  ᠲᠡᠭᠡᠭᠡᠪᠦᠷᠢ᠂ ᠤᠯᠠᠨ ᠨᠡᠶᠢᠲᠡ ᠶᠢᠨ ᠪᠠᠷᠢᠯᠭ᠎ᠠ ᠵᠡᠷᠭᠡ ᠪᠦᠲᠦᠭᠡᠨ ᠪᠠᠶᠢᠭᠤᠯᠤᠯᠲᠠ ᠶᠢᠨ ᠵᠦᠢᠯᠡᠰ ᠲᠤ ᠬᠡᠷᠡᠭᠯᠡᠬᠦ ᠶᠢ  ᠲᠦᠯᠬᠢᠨ ᠠᠬᠢᠭᠤᠯᠵᠤ᠂ ᠲᠡᠭᠦᠨ ᠤ ᠵᠠᠬ᠎ᠠ ᠳᠡᠯᠭᠡᠭᠦᠷ ᠲᠤ ᠡᠵᠡᠯᠡᠬᠦ ᠬᠤᠪᠢ ᠶᠢ ᠠᠭᠠᠵᠢᠮ ᠢᠶᠠᠷ ᠥᠷᠭᠡᠳᠬᠡᠨ᠎ᠡ᠃ ︵ ᠲᠦᠷᠦᠭᠦᠯᠡᠨ ᠬᠢᠬᠦ ᠨᠢᠭᠡᠴᠡ᠄ ᠬᠤᠳᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠡᠳ᠋ ᠤᠨ ᠵᠠᠰᠠᠭ ᠤᠨ  ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ  ᠪᠠᠶᠢᠭᠤᠯᠤᠯᠲᠠ ᠶᠢᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠴᠡᠴᠡᠷᠯᠢᠭ ᠤᠨ ᠪᠦᠲᠦᠭᠡᠨ  ᠪᠠᠶᠢᠭᠤᠯᠤᠯᠲᠠ ᠶᠢᠨ ᠦᠢᠯᠡᠴᠢᠯᠡᠭᠡᠨ ᠤ ᠲᠥᠪ︶             ︵ᠭᠤᠷᠪᠠ︶ ᠰᠢᠰᠲ᠋ᠧᠮ ᠲᠠᠢ ᠵᠠᠰᠠᠬᠤ ᠴᠢᠳᠠᠪᠤᠷᠢ ᠶᠢ ᠳᠡᠭᠡᠭᠰᠢᠯᠡᠭᠦᠯᠵᠦ᠂ ᠠᠵᠤ ᠦᠢᠯᠡᠳᠪᠦᠷᠢ ᠶᠢᠨ ᠬᠠᠲᠠᠭᠤ  ᠪᠡᠶᠡᠲᠦ ᠬᠠᠶᠠᠭᠳᠠᠮᠠᠯ ᠪᠣᠳᠠᠰ ᠤᠨ ᠪᠥᠬᠦ ᠶᠠᠪᠤᠴᠠ ᠶᠢᠨ ᠬᠠᠮᠢᠶᠠᠷᠤᠯᠲᠠ ᠶᠢ ᠴᠢᠩᠭᠠᠳᠬᠠᠨ᠎ᠠ             1. ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠠᠵᠤ ᠦᠢᠯᠡᠰ ᠤᠨ  ᠪᠦᠲᠦᠴᠡ ᠶᠢᠨ ᠲᠠᠰ ᠳᠡᠪᠰᠢᠬᠦ ᠶᠢ ᠠᠬᠢᠭᠤᠯᠤᠨ᠎ᠠ᠃ ᠣᠷᠴᠢᠨ ᠲᠣᠭᠤᠷᠢᠨ ᠤ ᠵᠥᠪᠰᠢᠶᠡᠷᠡᠯ ᠤᠨ ᠲᠠᠯ᠎ᠠ ᠪᠠᠷ ᠬᠢ ︽ ᠭᠤᠷᠪᠠᠨ ᠱᠤᠭᠤᠮ ᠨᠢᠭᠡ ᠬᠠᠭᠤᠳᠠᠰᠤ︾ ᠶᠢᠨ ᠬᠡᠷᠡᠭᠯᠡᠯᠲᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠣᠷᠣᠨ  ᠬᠤᠪᠢᠶᠠᠨ ᠬᠠᠮᠢᠶᠠᠷᠤᠨ ᠡᠵᠡᠮᠳᠡᠬᠦ ᠶᠢᠨ ᠬᠢᠵᠠᠭᠠᠷᠯᠠᠬᠤ ᠪᠠ ᠬᠥᠲᠥᠯᠥᠨ ᠳᠠᠭᠠᠭᠤᠯᠬᠤ ᠦᠢᠯᠡᠳᠦᠯ ᠢ ᠴᠢᠩᠭᠠᠷᠠᠭᠤᠯᠤᠨ᠎ᠠ ᠃ ᠣᠳᠣ ᠦᠶ᠎ᠡ ᠶᠢᠨ ᠬᠢᠮᠢ ᠶᠢᠨ ᠠᠵᠤ ᠦᠢᠯᠡᠳᠪᠦᠷᠢ᠂ ᠰᠢᠨ᠎ᠡ ᠮᠠᠲ᠋ᠧᠷᠢᠶᠠᠯ ᠪᠣᠯᠣᠨ ᠤᠳᠤ  ᠦᠶ᠎ᠡ ᠶᠢᠨ ᠲᠤᠨᠤᠭ ᠲᠥᠬᠦᠭᠡᠷᠦᠮᠵᠢ ᠦᠢᠯᠡᠳᠬᠦ ᠵᠡᠷᠭᠡ ᠠᠵᠤ ᠦᠢᠯᠡᠰ ᠢᠶᠠᠷ ᠭᠤᠣᠯᠳᠠᠯᠭ᠎ᠠ ᠪᠣᠯᠭᠠᠨ᠂ ︽ᠡᠨᠧᠷᠭᠢ  ᠬᠢᠮᠢ ᠶᠢᠨ ᠠᠵᠤ ᠦᠢᠯᠡᠳᠪᠦᠷᠢ ᠶᠢ ᠨᠢᠭᠡ ᠴᠣᠭᠴᠠᠵᠢᠭᠤᠯᠬᠤ︾ ᠰᠡᠳᠬᠢᠴᠡ ᠪᠠᠷ ᠨᠡᠭᠦᠷᠡᠰᠦ ᠪᠠᠷ ᠬᠢᠮᠢ ᠶᠢᠨ ᠠᠵᠤ  ᠦᠢᠯᠡᠳᠪᠦᠷᠢ ᠶᠢᠨ ᠲᠦᠭᠦᠬᠡᠢ ᠮᠠᠲ᠋ᠧᠷᠢᠶᠠᠯ ᠪᠣᠯᠭᠠᠭᠰᠠᠨ ᠶᠡᠷᠦᠩᠬᠡᠶᠢᠯᠡᠨ ᠠᠰᠢᠭᠯᠠᠬᠤ ᠦᠷ᠎ᠡ ᠪᠦᠲᠦᠮᠵᠢ ᠶᠢ  ᠳᠡᠭᠡᠭᠰᠢᠯᠡᠭᠦᠯᠵᠦ᠂ ᠣᠳᠣ ᠦᠶ᠎ᠡ ᠶᠢᠨ ᠬᠢᠮᠢ ᠶᠢᠨ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠲᠦᠭᠦᠬᠡᠢ  ᠮᠠᠲ᠋ᠧᠷᠢᠶᠠᠯ ᠶᠢ ᠲᠡᠰ ᠬᠤᠪᠢᠶᠠᠨ ᠱᠠᠲᠤ ᠬᠤᠪᠢᠶᠠᠨ ᠡᠬᠢ ᠪᠠᠶᠠᠯᠢᠭᠵᠢᠭᠤᠯᠤᠨ ᠠᠰᠢᠭᠯᠠᠬᠤ ᠵᠢᠴᠢ ᠲᠡᠭᠦᠨ ᠤ ᠠᠵᠤ  ᠦᠢᠯᠡᠰ ᠤᠨ ᠬᠡᠯᠬᠢᠶ᠎ᠡ ᠶᠢ ᠤᠷᠲᠤᠳᠬᠠᠬᠤ ᠲᠥᠷᠥᠯ ᠵᠦᠢᠯ ᠢ ᠤᠷᠢᠳᠴᠢᠯᠠᠨ ᠪᠠᠶᠢᠷᠢᠰᠢᠭᠤᠯᠤᠨ᠎ᠠ᠃ ᠵᠢᠦ ᠲᠠᠢ ᠶᠢᠨ  ᠨᠠᠷᠢᠯᠢᠭ ᠬᠢᠮᠢ ᠶᠢᠨ ᠪᠣᠳᠠᠰ ᠤᠨ ᠬᠡᠯᠬᠢᠶ᠎ᠡ ᠶᠢ ᠤᠷᠲᠤᠳᠬᠠᠬᠤ ᠬᠡᠯᠬᠢᠶ᠎ᠡ ᠶᠢ ᠨᠥᠬᠦᠪᠦᠷᠢᠯᠡᠬᠦ ᠶᠢ ᠨᠢᠭᠡ  ᠴᠣᠭᠴᠠᠵᠢᠭᠤᠯᠬᠤ᠂ ᠰᠢᠦᠢ ᠶᠠᠩ ᠤᠨ ᠬᠡᠦᠷᠰᠢᠭᠦᠯᠦᠨ ᠤᠰᠤᠲᠥ᠋ᠷᠥᠭᠴᠢ ᠭᠠᠷᠭᠠᠬᠤ᠂ ᠰᠠᠨ ᠯᠢᠶᠠᠨ ᠬᠢᠮᠢ ᠶᠢᠨ ᠠᠵᠤ  ᠦᠢᠯᠡᠳᠪᠦᠷᠢ ᠶᠢ ᠨᠡᠭᠦᠯᠭᠡᠨ ᠥᠭᠡᠷᠡᠴᠢᠯᠡᠬᠦ ᠵᠡᠷᠭᠡ ᠲᠦᠷᠦᠯ ᠵᠦᠢᠯ ᠳᠤ ᠲᠦᠰᠢᠭᠯᠡᠨ᠂ ᠨᠠᠷᠢᠯᠢᠭ ᠬᠢᠮᠢ ᠶᠢᠨ ᠠᠵᠤ  ᠦᠢᠯᠡᠳᠪᠦᠷᠢ ᠶᠢᠨ ᠬᠦᠷᠢᠶᠡᠨ ᠤ ᠠᠵᠤ ᠠᠬᠤᠶᠢᠯᠠᠯ ᠢ ᠣᠷᠣᠭᠤᠯᠤᠨ ᠠᠪᠴᠢᠷᠠᠬᠤ ᠪᠠ ᠪᠣᠶᠢᠵᠢᠭᠤᠯᠵᠤ᠂ ᠪᠤᠰᠤᠳ  ᠠᠵᠢᠯ ᠲᠥᠷᠥᠯ ᠤᠨ ᠳᠡᠭᠡᠳᠦ ᠳᠣᠣᠷᠠᠳᠤ ᠤᠷᠤᠰᠬᠠᠯ ᠯᠤᠭ᠎ᠠ ᠠᠪᠴᠠᠯᠳᠤᠬᠤ ᠶᠢ ᠴᠢᠩᠭᠠᠳᠬᠠᠵᠤ᠂ ᠬᠢᠮᠢ ᠶᠢᠨ ᠠᠵᠤ  ᠦᠢᠯᠡᠳᠪᠦᠷᠢ ᠶᠢᠨ ᠠᠵᠤ ᠦᠢᠯᠡᠰ ᠢ ᠳᠡᠭᠡᠳᠦ ᠲᠠᠰ ᠤᠨ ᠬᠢᠮᠢ ᠶᠢᠨ ᠠᠵᠤ ᠦᠢᠯᠡᠳᠪᠦᠷᠢ᠂ ᠨᠠᠷᠢᠯᠢᠭ ᠬᠢᠮᠢ ᠶᠢᠨ ᠠᠵᠤ  ᠦᠢᠯᠡᠳᠪᠦᠷᠢ ᠳᠠᠰᠢ ᠤᠷᠲᠤᠳᠬᠠᠬᠤ ᠶᠢ ᠲᠦᠯᠬᠢᠨ ᠠᠬᠢᠭᠤᠯᠵᠤ᠂  ᠰᠢᠨ᠎ᠡ ᠪᠠᠷ ᠪᠠᠶᠢᠭᠤᠯᠬᠤ᠂ ᠥᠷᠭᠡᠳᠬᠡᠨ ᠪᠠᠶᠢᠭᠤᠯᠬᠤ ᠪᠠ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠤᠨ  ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ ᠠᠵᠢᠯ ᠢ ᠬᠠᠤᠯᠢ ᠶᠣᠰᠣᠭᠠᠷ ᠥᠷᠨᠢᠭᠦᠯᠵᠦ᠂ ᠵᠢᠦ ᠲᠠᠢ ᠺᠣᠮᠫᠠᠨᠢ ᠶᠢᠨ  ᠡᠲ᠋ᠢᠯ ᠬᠤᠶᠠᠷᠴᠢ ᠠᠯᠺᠣᠣᠯ ᠤᠨ ᠢᠵᠢ ᠪᠦᠷᠢᠳᠦᠭᠦᠯᠬᠦ ᠪᠥᠭᠡᠭᠡᠨᠡᠷᠡᠯ ᠼᠤᠤ ᠶᠢᠨ ᠰᠢᠨ᠎ᠡ ᠮᠠᠲ᠋ᠧᠷᠢᠶᠠᠯ ᠪᠠ ᠪᠥᠭᠡᠭᠡᠨᠡᠷᠡᠯ  ᠮᠧᠲ᠋ᠢᠯ ᠠᠯᠳᠧᠭᠢᠳ᠋ ᠦᠢᠯᠡᠳᠬᠦ ᠵᠡᠷᠭᠡ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠭᠠᠷᠭᠠᠬᠤ ᠬᠡᠮᠵᠢᠶ᠎ᠡ ᠪᠠᠷ ᠨᠡᠯᠢᠶᠡᠳ  ᠶᠡᠭᠡ ᠪᠠᠶᠢᠭᠤᠯᠬᠤ ᠪᠠᠷ ᠪᠠᠶᠢᠭ᠎ᠠ ᠲᠥᠷᠥᠯ ᠵᠦᠢᠯ ᠳᠤ᠂ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ ᠳᠤᠮᠳᠠ  ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠠᠰᠢᠭᠯᠠᠵᠤ ᠰᠢᠢᠳᠪᠦᠷᠢᠯᠡᠬᠦ ᠠᠷᠭ᠎ᠠ ᠮᠠᠶ᠋ᠢᠭ ᠢ ᠲᠣᠳᠣᠷᠬᠠᠶᠢᠯᠠᠨ᠎ᠠ᠃ ︽ ᠬᠤᠶᠠᠷ ᠬᠡᠲᠦᠷᠡᠭᠰᠡᠨ ᠬᠤᠶᠠᠷ ᠲᠠᠢ︾᠂ ︽ᠡᠨᠧᠷᠭᠢ ᠶᠢᠨ ᠬᠤᠷᠣᠭᠳᠠᠯ ᠶᠡᠬᠡᠲᠡᠢ︾ ᠲᠦᠷᠦᠯ ᠤᠨ ᠬᠠᠶᠠᠭᠳᠠᠮᠠᠯ  ᠪᠣᠳᠠᠰ ᠭᠠᠷᠭᠠᠬᠤ ᠭᠤᠣᠯᠳᠠᠯᠭ᠎ᠠ ᠲᠠᠢ ᠠᠵᠤ ᠠᠬᠤᠶᠢᠯᠠᠯ ᠳᠤ ᠬᠠᠤᠯᠢ ᠶᠣᠰᠣᠭᠠᠷ ᠠᠷᠢᠭᠤᠨ ᠴᠡᠪᠡᠷ  ᠦᠢᠯᠡᠳᠪᠦᠷᠢᠯᠡᠯ ᠤᠨ ᠬᠢᠨᠠᠨ ᠬᠠᠷᠭᠤᠭᠤᠯᠤᠯᠲᠠ ᠶᠢ ᠬᠡᠷᠡᠭᠵᠢᠭᠦᠯᠵᠦ᠂ ᠡᠯ᠎ᠡ ᠲᠦᠷᠦᠯ ᠤᠨ ᠬᠠᠶᠠᠭᠳᠠᠮᠠᠯ ᠪᠣᠳᠠᠰ ᠢ  ᠠᠵᠤ ᠠᠬᠤᠶᠢᠯᠠᠯ ᠤᠨ ᠳᠣᠲᠣᠭᠠᠳᠤ ᠳᠤ ᠣᠷᠴᠢᠯᠳᠤᠭᠤᠯᠤᠨ ᠬᠡᠷᠡᠭᠯᠡᠬᠦ ᠪᠠ ᠶᠡᠷᠦᠩᠬᠡᠶᠢᠯᠡᠨ ᠠᠰᠢᠭᠯᠠᠬᠤ ᠶᠢ  ᠠᠬᠢᠭᠤᠯᠤᠨ᠎ᠠ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂  ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ︶             2. ᠬᠦᠷᠢᠶᠡᠯᠡᠩ ᠲᠣᠭᠤᠷᠢᠭ ᠤᠨ ᠣᠷᠴᠢᠯᠳᠤᠭᠤᠯᠬᠤ ᠥᠭᠡᠷᠡᠴᠢᠯᠡᠯᠲᠡ ᠶᠢ ᠠᠬᠢᠭᠤᠯᠵᠤ᠂ ᠪᠣᠬᠢᠷᠳᠤᠯ ᠦᠭᠡᠢ  ᠦᠶᠯᠡᠳᠬᠦ ᠰᠢᠰᠲ᠋ᠧᠮᠵᠢ ᠶᠢ ᠪᠠᠶᠢᠭᠤᠯᠤᠨ᠎ᠠ᠃ ᠲᠤᠭᠲᠠᠬᠤ ᠴᠢᠩ ᠱᠦᠢ ᠾᠧ ᠤᠨ ᠠᠵᠤ ᠠᠬᠤᠢ ᠶᠢᠨ ᠨᠡᠭᠡᠭᠡᠯᠲᠡ ᠶᠢᠨ  ᠲᠣᠭᠤᠷᠢᠭ᠂ ᠶᠢᠨ ᠱᠠᠨ ᠤ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠵᠡᠷᠭᠡ  ᠲᠠᠪᠤᠨ ᠶᠡᠭᠡ ᠬᠦᠷᠢᠶᠡᠯᠡᠩ ᠲᠣᠭᠤᠷᠢᠭ ᠤᠨ ᠣᠷᠴᠢᠯᠳᠤᠭᠤᠯᠬᠤ ᠥᠭᠡᠷᠡᠴᠢᠯᠡᠯᠲᠡ ᠶᠢᠨ ᠠᠬᠢᠴᠠ ᠶᠢ ᠲᠦᠷᠭᠡᠳᠬᠡᠵᠦ᠂ ᠬᠦᠷᠢᠶᠡᠯᠡᠩ ᠲᠣᠭᠤᠷᠢᠭ ᠤᠨ ᠳᠠᠭᠠᠯᠲᠠ ᠪᠦᠲᠦᠭᠡᠭᠳᠡᠬᠦᠨ ᠢ ᠰᠣᠯᠢᠯᠴᠠᠨ ᠠᠰᠢᠭᠯᠠᠬᠤ ᠪᠠ ᠦᠯᠡᠳᠡᠪᠦᠷᠢ ᠢᠯᠴᠢ ᠦᠯᠡᠳᠡᠪᠦᠷᠢ ᠳᠠᠷᠤᠯᠲᠠ ᠶᠢ ᠱᠠᠲᠤᠯᠠᠨ ᠠᠰᠢᠭᠯᠠᠬᠤ᠂ ᠡᠨᠧᠷᠭᠢ ᠶᠢ ᠴᠢᠨᠠᠷ ᠬᠤᠪᠢᠶᠠᠨ ᠱᠠᠲᠤᠯᠠᠨ ᠠᠰᠢᠭᠯᠠᠬᠤ ᠵᠡᠷᠭᠡ  ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠦᠷᠢᠶᠡᠯᠡᠩ ᠲᠣᠭᠤᠷᠢᠭ ᠤᠨ ᠠᠵᠤ  ᠠᠬᠤᠶᠢᠯᠠᠯ ᠤᠨ ᠬᠤᠭᠤᠷᠣᠨᠳᠣᠬᠢ ᠪᠠ ᠠᠵᠤ ᠠᠬᠤᠶᠢᠯᠠᠯ ᠤᠨ ᠳᠣᠲᠣᠭᠠᠳᠤ ᠶᠢᠨ ᠣᠷᠴᠢᠯ ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠵᠤ᠂ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠬᠦᠷᠢᠶᠡᠯᠡᠩ  ᠲᠣᠭᠤᠷᠢᠭ ᠤᠨ ᠳᠣᠲᠣᠷ᠎ᠠ ᠣᠷᠴᠢᠯᠳᠤᠭᠤᠯᠬᠤ ᠪᠠ ᠥᠪᠡᠰᠦᠪᠡᠨ ᠰᠢᠩᠭᠡᠭᠡᠬᠦ ᠶᠢ ᠬᠠᠮᠤᠭ ᠤᠨ ᠶᠡᠭᠡ ᠬᠡᠮᠵᠢᠶ᠎ᠡ ᠪᠠᠷ  ᠪᠡᠶᠡᠯᠡᠭᠦᠯᠦᠨ᠎ᠡ᠃ ᠪᠠᠷᠢᠯᠭ᠎ᠠ ᠶᠢᠨ ᠮᠠᠲ᠋ᠧᠷᠢᠶᠠᠯ᠂ ᠰᠢᠨ᠎ᠡ ᠮᠠᠲ᠋ᠧᠷᠢᠶᠠᠯ ᠵᠡᠷᠭᠡ ᠬᠦᠷᠢᠶ᠎ᠡ ᠴᠠᠷᠠᠭ᠎ᠠ ᠶᠢᠨ ᠲᠣᠭᠤᠷᠢᠨ ᠳᠤ  ᠪᠣᠬᠢᠷᠳᠤᠯ ᠦᠭᠡᠢ ᠪᠦᠲᠦᠭᠡᠭᠳᠡᠬᠦᠨ ᠤ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠠᠵᠢᠯ ᠢ ᠥᠷᠨᠢᠭᠦᠯᠵᠦ᠂  ᠢᠯᠴᠢ ᠶᠢᠨ ᠴᠠᠬᠢᠯᠭᠠᠨ᠂ ᠬᠢᠮᠢ ᠶᠢᠨ ᠠᠵᠤ ᠦᠢᠯᠡᠳᠪᠦᠷᠢ᠂ ᠪᠠᠷᠢᠯᠭ᠎ᠠ ᠶᠢᠨ ᠮᠠᠲ᠋ᠧᠷᠢᠶᠠᠯ᠂ ᠡᠮ ᠡᠮᠨᠡᠯᠭᠡ ᠵᠡᠷᠭᠡ ᠠᠵᠢᠯ  ᠲᠥᠷᠥᠯ ᠳᠤ ᠭᠤᠣᠯᠳᠠᠯᠭ᠎ᠠ ᠲᠠᠢ ᠪᠠᠷ ᠪᠣᠬᠢᠷᠳᠤᠯ ᠦᠭᠡᠢ ᠦᠢᠯᠡᠳᠪᠦᠷᠢ ᠶᠢ ᠲᠥᠷᠥᠯ ᠬᠤᠪᠢᠶᠠᠨ ᠡᠭᠦᠳᠦᠨ  ᠪᠠᠶᠢᠭᠤᠯᠤᠨ᠎ᠠ᠃ ᠨᠥᠬᠦᠴᠡᠯ ᠲᠠᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠣᠬᠢᠷᠳᠤᠯ ᠦᠭᠡᠢ  ᠴᠠᠬᠢᠯᠭᠠᠨ ᠤ ᠣᠷᠤᠯᠠᠭᠤᠯᠤᠯᠲᠠ ᠶᠢ ᠵᠣᠷᠢᠭᠵᠢᠭᠤᠯᠵᠤ᠂ ᠠᠵᠤ ᠠᠬᠤᠶᠢᠯᠠᠯ ᠤᠨ ᠬᠤᠭᠤᠷᠣᠨᠳᠤ ᠪᠠᠨ ᠬᠠᠶᠠᠭᠳᠠᠮᠠᠯ  ᠪᠣᠳᠠᠰ ᠤᠨ ᠡᠬᠢ ᠪᠠᠶᠠᠯᠢᠭ ᠢᠶᠠᠨ ᠰᠣᠯᠢᠯᠴᠠᠨ ᠠᠰᠢᠭᠯᠠᠬᠤ ᠶᠢ ᠴᠢᠩᠭᠠᠳᠬᠠᠨ᠂ ᠦᠯᠡᠳᠡᠪᠦᠷᠢ ᠢᠯᠴᠢ ᠦᠯᠡᠳᠡᠪᠦᠷᠢ  ᠳᠠᠷᠤᠯᠲᠠ ᠬᠠᠶᠠᠭᠳᠠᠮᠠᠯ ᠢᠯᠴᠢ ᠶᠢᠨ ᠡᠬᠢ ᠪᠠᠶᠠᠯᠢᠭ ᠪᠠ ᠤᠰᠤᠨ ᠤ ᠡᠬᠢ ᠪᠠᠶᠠᠯᠢᠭ ᠢ ᠣᠷᠴᠢᠯᠳᠤᠭᠤᠯᠤᠨ  ᠠᠰᠢᠭᠯᠠᠬᠤ ᠶᠢ ᠴᠢᠩᠭᠠᠳᠬᠠᠵᠤ᠂ ᠪᠣᠬᠢᠷᠳᠤᠯ ᠦᠭᠡᠢ ᠬᠦᠷᠢᠶᠡᠯᠡᠩ ᠲᠣᠭᠤᠷᠢᠭ ᠢ ᠪᠠᠶᠢᠭᠤᠯᠤᠨ᠎ᠠ᠃ ᠰᠠᠯᠬᠢ ᠭᠡᠷᠡᠯ ᠤᠨ  ᠴᠠᠬᠢᠯᠭᠠᠨ ᠤ ᠲᠣᠨᠤᠭ ᠲᠥᠬᠦᠭᠡᠷᠦᠮᠵᠢ ᠦᠶᠯᠡᠳᠬᠦ᠂ ᠰᠢᠨ᠎ᠡ ᠮᠠᠲ᠋ᠧᠷᠢᠶᠠᠯ ᠵᠡᠷᠭᠡ ᠠᠵᠢᠯ ᠲᠥᠷᠥᠯ ᠳᠤ ᠨᠢᠭᠡ ᠪᠦᠯᠦᠭ  ᠲᠥᠯᠥᠭᠡᠯᠡᠬᠦ ᠴᠢᠨᠠᠷ ᠢᠶᠠᠷ ᠴᠢᠩᠭ᠎ᠠ᠂ ᠠᠵᠢᠯ ᠲᠥᠷᠥᠯ ᠤᠨ ᠨᠥᠯᠥᠭᠡᠯᠡᠬᠦ ᠬᠦᠴᠦᠨ ᠢᠶᠠᠷ ᠶᠡᠭᠡ ᠪᠣᠬᠢᠷᠳᠤᠯ ᠦᠭᠡᠢ  ᠬᠠᠩᠭᠠᠯᠭ᠎ᠠ ᠶᠢᠨ ᠬᠡᠯᠬᠢᠶ᠎ᠡ ᠶᠢᠨ ᠵᠢᠱᠢᠶ᠎ᠡ ᠦᠵᠡᠭᠦᠯᠬᠦ ᠠᠵᠤ ᠠᠬᠤᠶᠢᠯᠠᠯ ᠢ ᠪᠣᠶᠢᠵᠢᠭᠤᠯᠤᠨ᠎ᠠ᠃ 2025 ᠣᠨ  ᠪᠣᠯᠬᠤ ᠳᠤ᠂ 45ᠥᠪᠡᠷᠲᠡᠭᠡᠨ ᠵᠠᠰᠠᠬᠤ ᠣᠷᠣᠨ ᠤ ᠲᠠᠰ ᠠᠴᠠ ᠳᠡᠭᠡᠭᠰᠢᠬᠢ ᠪᠣᠬᠢᠷᠳᠤᠯ ᠦᠭᠡᠢ ᠦᠢᠯᠡᠳᠪᠦᠷᠢ ᠶᠢ  ᠡᠭᠦᠳᠦᠨ ᠪᠠᠶᠢᠭᠤᠯᠵᠤ᠂ 3 ᠪᠣᠬᠢᠷᠳᠤᠯ ᠦᠭᠡᠢ ᠬᠦᠷᠢᠶᠡᠯᠡᠩ ᠲᠣᠭᠤᠷᠢᠭ ᠢ ᠪᠠᠶᠢᠭᠤᠯᠤᠨ ᠪᠦᠲᠦᠭᠡᠵᠦ᠂ 3 ᠪᠣᠬᠢᠷᠳᠤᠯ  ᠦᠭᠡᠢ ᠬᠠᠩᠭᠠᠯᠭ᠎ᠠ ᠶᠢᠨ ᠬᠡᠯᠬᠢᠶᠡᠨ ᠤ ᠠᠵᠤ ᠠᠬᠤᠶᠢᠯᠠᠯ ᠢ ᠪᠣᠶᠢᠵᠢᠭᠤᠯᠤᠨ᠎ᠠ᠃ ︵ᠲᠦᠷᠦᠭᠦᠯᠡᠨ ᠬᠢᠬᠦ ᠨᠢᠭᠡᠴᠡ᠄  ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ  ᠵᠠᠩᠭᠢᠵᠢᠯᠲᠠ ᠶᠢᠨ ᠲᠣᠪᠴᠢᠶ᠎ᠠ︶             3. ᠶᠡᠷᠦᠩᠬᠡᠶᠢᠯᠡᠨ ᠠᠰᠢᠭᠯᠠᠬᠤ ᠶᠢ ᠵᠣᠷᠢᠭᠵᠢᠭᠤᠯᠬᠤ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂  ᠶᠡᠷᠦᠩᠬᠡᠶᠢᠯᠡᠨ ᠠᠰᠢᠭᠯᠠᠬᠤ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠳᠬᠠᠨ᠎ᠠ᠃ ᠪᠣᠬᠢᠷᠳᠤᠯ ᠦᠭᠡᠢ ᠮᠥᠩᠭᠦᠨ  ᠭᠦᠢᠯᠭᠡᠭᠡ᠂  ᠪᠣᠬᠢᠷᠳᠤᠯ ᠦᠭᠡᠢ ᠢᠲᠡᠭᠡᠮᠵᠢᠲᠦ ᠵᠢᠭᠡᠯᠡᠯᠭᠡ ᠶᠢ ᠵᠣᠷᠢᠭᠵᠢᠭᠤᠯᠤᠨ ᠬᠥᠭᠵᠢᠭᠦᠯᠵᠦ᠂ ᠮᠥᠩᠭᠦᠨ  ᠭᠦᠢᠯᠭᠡᠭᠡᠨ ᠤ ᠪᠠᠶᠢᠭᠤᠯᠤᠮᠵᠢ ᠶᠢᠨ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠡᠬᠢ  ᠪᠠᠶᠠᠯᠢᠭ ᠢ ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠳᠠᠬᠢ ᠢᠲᠡᠭᠡᠮᠵᠢᠲᠦ ᠵᠢᠭᠡᠯᠡᠯᠭᠡ ᠶᠢᠨ ᠲᠤᠬᠠᠶᠢᠯᠠᠭᠰᠠᠨ  ᠠᠵᠢᠯ ᠤᠨ ᠤᠷᠮᠠᠰᠢᠭᠤᠯᠬᠤ ᠪᠠ ᠬᠢᠵᠠᠭᠠᠷᠯᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠠᠵᠤ ᠦᠢᠯᠡᠳᠪᠦᠷᠢ ᠶᠢᠨ  ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠶᠢ ᠦᠨᠡᠯᠡᠬᠦ ᠲᠣᠭᠲᠠᠴᠠ ᠶᠢ ᠪᠠᠶᠢᠭᠤᠯᠵᠤ᠂  ᠶᠡᠷᠦᠩᠬᠡᠶᠢᠯᠡᠨ ᠠᠰᠢᠭᠯᠠᠭᠰᠠᠨ ᠢ ᠦᠨᠡᠯᠡᠭᠰᠡᠨ ᠦᠷ᠎ᠡ ᠳ᠋ᠦᠩ ᠢ ᠦᠨᠳᠦᠰᠦᠯᠡᠨ᠂ ᠱᠠᠲᠤ ᠬᠤᠪᠢᠶᠠᠨ ᠨᠥᠬᠦᠪᠦᠷᠢ  ᠥᠭᠬᠦ ᠪᠤᠶᠤ ᠲᠡᠳᠬᠦᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠲᠣᠰ ᠭᠠᠵᠠᠷ ᠣᠷᠣᠨ ᠤ ᠬᠠᠲᠠᠭᠤ  ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠠᠵᠤ ᠠᠬᠤᠶᠢᠯᠠᠯ ᠤᠨ ᠵᠢᠱᠢᠶ᠎ᠡ ᠦᠵᠡᠭᠦᠯᠦᠨ  ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠣᠳᠣ ᠦᠶ᠎ᠡ ᠶᠢᠨ ᠬᠢᠮᠢ ᠶᠢᠨ ᠠᠵᠤ ᠦᠢᠯᠡᠳᠪᠦᠷᠢ᠂ ᠰᠢᠨ᠎ᠡ  ᠮᠠᠲ᠋ᠧᠷᠢᠶᠠᠯ ᠦᠶᠯᠡᠳᠬᠦ ᠵᠡᠷᠭᠡ ᠠᠵᠤ ᠦᠢᠯᠡᠰ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠲᠤ ᠠᠩᠬᠠᠷᠤᠯ ᠢᠶᠠᠨ  ᠲᠥᠪᠯᠡᠷᠡᠭᠦᠯᠦᠨ᠂ ᠰᠢᠨ᠎ᠡ ᠪᠠᠷ ᠪᠣᠶ ᠪᠣᠯᠤᠭᠰᠠᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ  ᠮᠡᠷᠭᠡᠵᠢᠯ ᠤᠨ ᠰᠤᠳᠤᠯᠭᠠᠨ ᠢ ᠥᠷᠨᠢᠭᠦᠯᠵᠦ᠂ ᠬᠡᠶᠢᠵᠢᠭᠦᠯᠦᠭᠰᠡᠨ ᠰᠢᠭᠠᠷᠤ ᠵᠡᠷᠭᠡ ᠬᠠᠲᠠᠭᠤ ᠪᠡᠶᠡᠲᠦ ᠬᠠᠶᠠᠭᠳᠠᠮᠠᠯ  ᠪᠣᠳᠠᠰ ᠢ ᠶᠡᠷᠦᠩᠬᠡᠶᠢᠯᠡᠨ ᠠᠰᠢᠭᠯᠠᠬᠤ ᠠᠷᠭ᠎ᠠ ᠵᠠᠮ ᠢ ᠬᠠᠶᠢᠨ ᠰᠦᠪᠡᠭᠴᠢᠯᠡᠵᠦ᠂ ᠰᠠᠯᠬᠢᠨ ᠭᠠᠷᠭᠠᠬᠤ ᠮᠠᠰᠢᠨ ᠤ  ᠳᠡᠯᠪᠢ᠂ ᠬᠡᠷᠡᠯ ᠸᠣᠯᠲ ᠤᠨ ᠴᠠᠬᠢᠭᠤᠷ ᠬᠠᠪᠲᠠᠰᠤ ᠶᠢ ᠳᠠᠬᠢᠨ ᠠᠰᠢᠭᠯᠠᠬᠤ ᠮᠡᠷᠭᠡᠵᠢᠯ ᠤᠨ ᠰᠤᠳᠤᠯᠭᠠᠨ ᠢ  ᠲᠦᠷᠭᠡᠳᠬᠡᠨ᠎ᠡ᠃ ᠴᠠᠬᠢᠯᠠᠭᠤᠷ ᠴᠢᠯᠠᠭᠤ ᠶᠢᠨ ᠰᠢᠭᠠᠷᠤ ᠪᠠᠷ ᠴᠣᠬᠤᠢ ᠶᠢᠨ ᠴᠢᠯᠠᠭᠤ ᠶᠢ ᠣᠷᠣᠯᠠᠭᠤᠯᠤᠨ ᠬᠦᠬᠦᠷ  ᠦᠭᠡᠶᠢᠳᠡᠭᠦᠯᠦᠨ ᠠᠰᠢᠭᠯᠠᠬᠤ ᠶᠢ ᠳᠡᠯᠭᠡᠷᠡᠭᠦᠯᠵᠦ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠬᠠᠳᠠᠭᠠᠯᠠᠭᠳᠠᠴᠠ ᠶᠢ  ᠪᠠᠭᠠᠰᠬᠠᠬᠤ ᠶᠢᠨ ᠬᠠᠮᠲᠤ ᠪᠠᠶᠢᠭᠠᠯᠢ ᠶᠢᠨ ᠡᠬᠢ ᠪᠠᠶᠠᠯᠢᠭ ᠤᠨ ᠬᠤᠷᠣᠭᠳᠠᠯ ᠢ ᠪᠠᠭᠠᠰᠬᠠᠨ᠎ᠠ᠃ ᠲᠦᠷᠦᠭᠦᠯᠡᠨ ᠬᠢᠬᠦ  ᠨᠢᠭᠡᠴᠡ᠄ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ︔ ᠬᠠᠷᠢᠭᠤᠴᠠᠯᠭᠠᠲᠤ  ᠨᠢᠭᠡᠴᠡ᠄ ᠬᠤᠲᠠ ᠶᠢᠨ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ᠂ ᠬᠥᠭᠵᠢᠭᠦᠯᠦᠯᠲᠡ ᠪᠠ  ᠥᠭᠡᠷᠡᠴᠢᠯᠡᠯᠲᠡ ᠶᠢᠨ ᠵᠥᠪᠯᠡᠯ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ︶            4. ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠪᠡᠯᠡᠳᠬᠡᠮᠵᠢ ᠶᠢ ᠨᠢᠭᠡᠳᠦᠯᠲᠡᠢ ᠲᠥᠯᠥᠪᠯᠡᠨ  ᠪᠠᠶᠢᠷᠢᠯᠠᠭᠤᠯᠵᠤ᠂ ᠬᠠᠳᠠᠭᠠᠯᠠᠵᠤ ᠰᠢᠢᠳᠪᠦᠷᠢᠯᠡᠬᠦ ᠦᠶᠯᠡ ᠠᠵᠢᠯᠯᠠᠭ᠎ᠠ ᠶᠢ ᠵᠢᠷᠤᠮᠵᠢᠭᠤᠯᠤᠨ᠎ᠠ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠳᠣᠲᠣᠷᠠᠬᠢ ᠠᠵᠤ ᠠᠬᠤᠶᠢᠯᠠᠯ ᠤᠨ ᠥᠪᠡᠷᠲᠡᠭᠡᠨ ᠪᠠᠶᠢᠭᠤᠯᠤᠭᠰᠠᠨ  ᠵᠢᠵᠢᠭ ᠬᠡᠯᠪᠡᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠲᠠᠯᠠᠪᠤᠷ ᠢ ᠬᠠᠭᠠᠭᠰᠠᠨ ᠤ ᠳᠠᠷᠠᠭ᠎ᠠ᠂  ᠵᠠᠷᠴᠢᠮ ᠳᠡᠭᠡᠷ᠎ᠡ ᠪᠠᠨ ᠠᠵᠤ ᠠᠬᠤᠶᠢᠯᠠᠯ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠲᠠᠯᠠᠪᠤᠷ ᠢ  ᠲᠤᠰᠠᠭᠠᠷ ᠬᠢᠨᠠᠨ ᠵᠥᠪᠰᠢᠶᠡᠷᠡᠬᠦ ᠦᠭᠡᠢ᠂ ᠰᠢᠢᠳᠪᠦᠷᠢᠯᠡᠬᠦ ᠴᠢᠳᠠᠪᠤᠷᠢ ᠶᠢ ᠬᠦᠷᠢᠶᠡᠯᠡᠩ ᠲᠣᠭᠤᠷᠢᠭ ᠠᠴᠠ  ᠨᠢᠭᠡᠳᠦᠯᠲᠡᠢ ᠲᠥᠯᠥᠪᠵᠢᠭᠦᠯᠦᠨ ᠪᠠᠶᠢᠷᠢᠯᠠᠭᠤᠯᠤᠨ᠎ᠠ᠃ ᠨᠤᠨᠳᠠᠭ ᠨᠡᠭᠦᠷᠡᠰᠦᠨ ᠤ ᠦᠨᠡᠰᠦ᠂ ᠬᠦᠬᠦᠷ  ᠦᠭᠡᠶᠢᠳᠡᠭᠦᠯᠦᠭᠰᠡᠨ ᠵᠤᠭᠠᠩ ᠵᠡᠷᠭᠡ ᠠᠳᠠᠯᠢ ᠪᠤᠰᠤ ᠬᠠᠲᠠᠭᠤ ᠪᠡᠶᠡᠲᠦ ᠬᠠᠶᠠᠭᠳᠠᠮᠠᠯ ᠪᠤᠳᠠᠰ ᠢ ᠣᠷᠣᠨ ᠬᠤᠪᠢᠶᠠᠨ  ᠬᠠᠳᠠᠭᠠᠯᠠᠵᠤ ᠰᠢᠢᠳᠪᠦᠷᠢᠯᠡᠬᠦ ᠶᠢ ᠲᠦᠯᠬᠢᠨ ᠠᠬᠢᠭᠤᠯᠵᠤ᠂ ᠳᠠᠷᠠᠭᠠᠴᠢ ᠪᠠᠷ ᠨᠡᠭᠡᠭᠡᠨ ᠬᠥᠭᠵᠢᠭᠦᠯᠬᠦ ᠲᠠᠬᠢᠨ ᠮᠠᠯᠲᠠᠬᠤ  ᠠᠰᠢᠭᠯᠠᠬᠤ ᠳᠤ ︽ᠠᠵᠤ ᠦᠢᠯᠡᠳᠪᠦᠷᠢ ᠶᠢᠨ ᠡᠩ ᠤᠨ ᠬᠠᠲᠠᠭᠤ ᠪᠡᠶᠡᠲᠦ  ᠬᠠᠶᠠᠭᠳᠠᠮᠠᠯ ᠪᠤᠳᠠᠰ ᠢ ᠬᠠᠳᠠᠭᠠᠯᠠᠬᠤ ᠪᠠ  ᠪᠤᠯᠠᠬᠤ ᠪᠣᠬᠢᠷᠳᠤᠯ ᠢ ᠬᠢᠵᠠᠭᠠᠷᠯᠠᠬᠤ ᠪᠠᠷᠢᠮᠵᠢᠶ᠎ᠠ︾ ︵GB18599—2020︶ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ ᠲᠠᠬᠢᠨ ᠮᠠᠯᠲᠠᠬᠤ ᠪᠠ ᠣᠷᠴᠢᠨ ᠲᠣᠭᠤᠷᠢᠨ ᠳᠤ ᠦᠵᠡᠭᠦᠯᠬᠦ ᠨᠥᠯᠥᠭᠡᠯᠡᠯ ᠢ ᠦᠨᠡᠯᠡᠬᠦ  ᠲᠥᠰᠥᠯ ᠢ ᠨᠠᠶᠢᠷᠠᠭᠤᠯᠤᠨ ᠵᠣᠬᠢᠶᠠᠬᠤ ᠬᠡᠷᠡᠭᠲᠡᠢ᠃ ᠬᠥᠩᠭᠡᠨᠴᠠᠭᠠᠨ ᠶᠡᠬᠡᠲᠡᠢ ᠨᠤᠨᠳᠠᠭ ᠨᠡᠭᠦᠷᠡᠰᠦᠨ ᠤ ᠦᠨᠡᠰᠦ ᠶᠢ  ᠲᠤᠰᠠᠭᠠᠷ ᠨᠢ ᠣᠷᠣᠨ ᠬᠤᠪᠢᠶᠠᠨ ᠬᠠᠳᠠᠭᠠᠯᠠᠵᠤ᠂ ᠮᠠᠨ ᠤ ᠤᠯᠤᠰ ᠤᠨ ᠬᠥᠩᠭᠡᠨᠴᠠᠭᠠᠨ ᠤ ᠡᠬᠢ ᠪᠠᠶᠠᠯᠢᠭ ᠤᠨ  ᠠᠶᠤᠯᠭᠦᠢ ᠶᠢᠨ ᠵᠠᠭᠠᠭ ᠢ ᠳᠡᠭᠡᠭᠰᠢᠯᠡᠭᠦᠯᠦᠨ᠎ᠡ᠃ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ  ᠰᠢᠢᠳᠪᠦᠷᠢᠯᠡᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ  ᠴᠢᠩᠭ᠎ᠠ ᠨᠠᠶᠢᠳᠠᠪᠤᠷᠢᠵᠢᠭᠤᠯᠵᠤ᠂ ︽ᠠᠵᠤ ᠦᠢᠯᠡᠳᠪᠦᠷᠢ ᠶᠢᠨ ᠡᠩ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ  ᠬᠠᠳᠠᠭᠠᠯᠠᠬᠤ ᠪᠠ ᠪᠤᠯᠠᠬᠤ ᠪᠣᠬᠢᠷᠳᠤᠯ ᠢ ᠬᠢᠵᠠᠭᠠᠷᠯᠠᠬᠤ ᠪᠠᠷᠢᠮᠵᠢᠶ᠎ᠠ︾ ᠲᠠᠢ ᠬᠠᠷᠢᠴᠠᠭᠤᠯᠤᠨ᠂ ᠠᠵᠤ  ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠪᠡᠯᠡᠳᠬᠡᠮᠵᠢ ᠶᠢᠨ ᠲᠦᠭᠰᠢᠭᠦᠷᠢ ᠶᠢ  ᠦᠨᠡᠯᠡᠨ ᠵᠢᠱᠢᠵᠦ᠂ ᠬᠠᠳᠠᠭᠠᠯᠠᠵᠤ ᠰᠢᠢᠳᠪᠦᠷᠢᠯᠡᠬᠦ ᠪᠡᠯᠡᠳᠬᠡᠮᠵᠢ ᠶᠢᠨ ᠵᠢᠷᠤᠮᠵᠢᠭᠰᠠᠨ ᠬᠠᠮᠢᠶᠠᠷᠤᠯᠲᠠ ᠶᠢᠨ ᠬᠢᠷᠢ  ᠬᠡᠮᠵᠢᠶ᠎ᠡ ᠶᠢ ᠳᠡᠭᠡᠭᠰᠢᠯᠡᠭᠦᠯᠦᠨ᠎ᠡ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠠᠮᠢ ᠠᠬᠤᠢ ᠣᠷᠴᠢᠨ  ᠲᠣᠭᠤᠷᠢᠨ ᠤ ᠲᠣᠪᠴᠢᠶ᠎ᠠ︶             5. ᠲᠦᠭᠰᠢᠭᠦᠷᠢ ᠶᠢ ᠰᠡᠷᠭᠡᠶᠢᠯᠡᠬᠦ ᠶᠢ ᠴᠢᠩᠭᠠᠳᠬᠠᠵᠤ᠂ ᠲᠡᠦᠬᠡᠨ ᠠᠴᠠ ᠦᠯᠡᠳᠡᠭᠳᠡᠵᠦ ᠢᠷᠡᠭᠰᠡᠨ ᠣᠷᠴᠢᠨ  ᠲᠣᠭᠤᠷᠢᠨ ᠤ ᠠᠰᠠᠭᠤᠳᠠᠯ ᠢ ᠰᠢᠢᠳᠪᠦᠷᠢᠯᠡᠨ᠎ᠡ᠃ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ  ᠠᠭᠤᠷᠬᠠᠢ ᠶᠢᠨ ᠣᠷᠣᠨ ᠤ ᠲᠡᠦᠬᠡᠨ ᠠᠴᠠ ᠦᠯᠡᠳᠡᠭᠳᠡᠵᠦ ᠢᠷᠡᠭᠰᠡᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ  ᠪᠠᠶᠢᠴᠠᠭᠠᠯᠲᠠ ᠵᠡᠷᠭᠡ ᠬᠠᠮᠢᠶ᠎ᠠ ᠪᠦᠬᠦᠢ ᠠᠵᠢᠯ ᠲᠠᠢ ᠤᠶᠠᠯᠳᠤᠭᠤᠯᠤᠨ᠂ ᠳᠠᠭᠠᠭᠤᠯᠢ ᠣᠳᠣᠨ ᠤ ᠠᠯᠤᠰ ᠰᠡᠷᠡᠯ ᠤᠨ  ᠲᠤᠬᠠᠢ ᠶᠢᠨ ᠲᠠᠯᠠᠪᠤᠷ ᠤᠨ ᠪᠤᠰᠤ ᠵᠢᠭᠰᠠᠭᠠᠨ ᠪᠠᠶᠢᠴᠠᠭᠠᠬᠤ ᠠᠷᠭ᠎ᠠ ᠪᠠᠷᠢᠯ ᠢ ᠭᠦᠢᠴᠡᠳ ᠠᠰᠢᠭᠯᠠᠨ᠂ ᠲᠡᠦᠬᠡᠨ ᠠᠴᠠ  ᠦᠯᠡᠳᠡᠭᠳᠡᠵᠦ ᠢᠷᠡᠭᠰᠡᠨ ᠣᠷᠴᠢᠨ ᠲᠣᠭᠤᠷᠢᠨ ᠤ ᠠᠰᠠᠭᠤᠳᠠᠯ ᠢ ᠲᠦᠷᠭᠡᠨ ᠣᠶᠢᠯᠠᠭᠠᠨ᠎ᠠ᠃ ᠲᠡᠦᠬᠡ ᠠᠴᠠ  ᠦᠯᠡᠳᠡᠭᠳᠡᠵᠦ ᠢᠷᠡᠭᠰᠡᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠲᠥᠷᠥᠯ ᠵᠦᠢᠯ᠂ ᠬᠠᠳᠠᠭᠠᠯᠠᠬᠤ ᠠᠷᠭ᠎ᠠ ᠮᠠᠶ᠋ᠢᠭ  ᠂ ᠣᠷᠴᠢᠨ ᠲᠣᠭᠤᠷᠢᠨ ᠤ ᠣᠳᠣᠬᠢ ᠪᠠᠶᠢᠳᠠᠯ᠂ ᠬᠠᠷᠢᠭᠤᠴᠠᠯᠭ᠎ᠠ ᠶᠢᠨ ᠭᠤᠣᠯ ᠴᠣᠭᠴᠠ᠂ ᠡᠷᠬᠢᠨ ᠲᠣᠭᠤᠷᠢᠨ ᠤ  ᠣᠷᠴᠢᠨ ᠲᠣᠭᠤᠷᠢᠨ ᠤ ᠰᠡᠷᠭᠡᠭ ᠤᠨ ᠬᠡᠮᠵᠢᠶ᠎ᠡ ᠵᠡᠷᠭᠡ ᠬᠦᠴᠦᠨ ᠵᠦᠢᠯ ᠢ ᠨᠢᠭᠡᠳᠦᠯᠲᠡᠢ ᠲᠥᠯᠥᠪᠯᠡᠨ ᠪᠣᠳᠣᠯᠬᠢᠯᠠᠵᠤ᠂  ᠲᠡᠦᠬᠡᠨ ᠠᠴᠠ ᠦᠯᠡᠳᠡᠭᠳᠡᠵᠦ ᠢᠷᠡᠭᠰᠡᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠬᠢᠭᠡᠳ ᠲᠡᠦᠬᠡᠨ ᠠᠴᠠ  ᠦᠯᠡᠳᠡᠭᠳᠡᠵᠦ ᠢᠷᠡᠭᠰᠡᠨ ᠠᠭᠤᠷᠬᠠᠢ ︵ᠡᠯᠡᠰᠦ︶ ᠶᠢᠨ ᠨᠦᠬᠡ ᠶᠢ ᠲᠠᠰ ᠲᠥᠷᠥᠯ ᠬᠤᠪᠢᠶᠠᠨ ᠴᠡᠭᠴᠡᠯᠡᠨ  ᠰᠠᠶᠢᠵᠢᠷᠠᠭᠤᠯᠬᠤ ᠨᠠᠷᠢᠨ ᠬᠠᠭᠤᠳᠠᠰᠤ ᠶᠢ ᠪᠠᠶᠢᠭᠤᠯᠤᠨ᠎ᠠ᠃ ᠵᠠᠰᠠᠭ ᠤᠨ ᠣᠷᠳᠣᠨ ᠠᠴᠠ ᠬᠥᠲᠥᠯᠥᠨ ᠵᠢᠯᠣᠭᠤᠳᠴᠤ᠂  ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠬᠤ ᠪᠠᠷ ᠵᠠᠷᠴᠢᠮ ᠪᠣᠯᠭᠠᠨ᠂ ᠲᠡᠦᠬᠡᠨ ᠠᠴᠠ ᠦᠯᠡᠳᠡᠭᠳᠡᠵᠦ ᠢᠷᠡᠭᠰᠡᠨ  ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠥᠰᠥᠯ ᠢ ᠰᠤᠳᠤᠯᠤᠨ ᠲᠣᠭᠲᠠᠭᠠᠵᠤ᠂ ︽ᠨᠢᠭᠡ ᠲᠠᠯᠠᠪᠤᠷ ᠲᠤ ᠨᠢᠭᠡ  ᠪᠣᠳᠣᠯᠭ᠎ᠠ︾ ᠶᠢᠨ ᠵᠠᠰᠠᠯᠲᠠ ᠶᠢ ᠬᠡᠷᠡᠭᠵᠢᠭᠦᠯᠦᠨ᠎ᠡ᠃ ᠦᠴᠦᠸᠠᠨ ᠰᠢᠶᠠᠨ᠂ ᠰᠢᠨ᠎ᠡ ᠬᠤᠳᠠ ᠲᠣᠭᠤᠷᠢᠭ ᠵᠡᠷᠭᠡ ᠶᠢᠨ  ᠲᠠᠯᠠᠨ ᠬᠠᠷ᠎ᠠ ᠠᠭᠤᠯᠠ ᠶᠢᠨ ᠬᠠᠮᠠᠭᠠᠯᠠᠯᠲᠠ ᠶᠢᠨ ᠣᠷᠣᠨ ᠳᠤ ᠪᠠᠶᠢᠭ᠎ᠠ ᠲᠡᠦᠬᠡᠨ ᠠᠴᠠ ᠦᠯᠡᠳᠡᠭᠳᠡᠵᠦ ᠢᠷᠡᠭᠰᠡᠨ  ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠣᠶᠢᠷ᠎ᠠ ᠬᠠᠪᠢ ᠳᠠᠭᠠᠨ ᠠᠰᠢᠭᠯᠠᠨ᠂ ᠭᠤᠣᠯᠯᠠᠬᠤ ᠮᠠᠲ᠋ᠧᠷᠢᠶᠠᠯ ᠪᠠ ᠵᠠᠮ ᠤᠨ  ᠰᠠᠭᠤᠷᠢ ᠮᠠᠲ᠋ᠧᠷᠢᠶᠠᠯ ᠦᠢᠯᠡᠳᠴᠦ ᠮᠤᠵᠢ ᠶᠢᠨ ᠵᠠᠮ ᠢ ᠥᠷᠭᠡᠳᠬᠡᠨ ᠪᠠᠶᠢᠭᠤᠯᠬᠤ ᠵᠡᠷᠭᠡ ᠭᠤᠣᠯᠳᠠᠯᠭ᠎ᠠ ᠲᠠᠢ ᠪᠠᠷᠢᠯᠭ᠎ᠠ   ᠳᠤ ᠬᠡᠷᠡᠭᠯᠡᠬᠦ ᠶᠢ ᠲᠡᠮᠵᠢᠨ᠎ᠠ᠃ ᠬᠦᠳᠡᠷ ᠤᠨ ᠰᠢᠭᠠᠷᠤ᠂ ᠨᠤᠨᠳᠠᠭ ᠨᠡᠭᠦᠷᠡᠰᠦᠨ ᠤ ᠦᠨᠡᠰᠦ᠂ ᠵᠤᠤᠬᠠᠨ ᠤ  ᠰᠢᠭᠠᠷᠤ ᠶᠢᠨ ᠬᠦᠬᠦᠷ ᠦᠭᠡᠶᠢᠳᠡᠭᠦᠯᠦᠭᠰᠡᠨ ᠵᠤᠭᠠᠩ ᠵᠡᠷᠭᠡ ᠬᠠᠲᠠᠭᠤ ᠪᠡᠶᠡᠲᠦ ᠬᠠᠶᠠᠭᠳᠠᠮᠠᠯ ᠪᠣᠳᠠᠰ ᠢᠶᠠᠷ ᠪᠤᠯᠠᠬᠤ  ᠳᠠᠶᠢᠯᠠᠨ ᠲᠡᠭᠰᠢᠯᠡᠬᠦ ᠶᠢ ᠲᠦᠯᠬᠢᠨ ᠠᠬᠢᠭᠤᠯᠵᠤ᠂ ᠲᠡᠦᠬᠡᠨ‌ᠡᠴᠡ ᠦᠯᠡᠳᠡᠭᠳᠡᠵᠦ ᠢᠷᠡᠭᠰᠡᠨ ᠠᠭᠤᠷᠬᠠᠢ ︵ᠡᠯᠡᠰᠦ︶  ᠶᠢᠨ ᠨᠦᠬᠡ ᠶᠢᠨ ᠠᠮᠢ ᠠᠬᠤᠢ ᠶᠢ ᠰᠡᠯᠪᠢᠨ ᠰᠡᠷᠭᠦᠭᠡᠬᠦ ᠠᠵᠢᠯ ᠢ ᠥᠷᠨᠢᠭᠦᠯᠦᠨ᠎ᠡ᠃ ᠳ᠋ᠦᠩ ᠭᠧᠦ ᠮᠧᠨ  ᠲᠣᠰᠬᠤᠨ ᠤ ᠡᠵᠡᠨ ᠦᠭᠡᠢ ᠬᠦᠳᠡᠷ ᠤᠨ ᠰᠢᠭᠠᠷᠤ ᠶᠢᠨ ᠬᠥᠮᠥᠷᠭᠡ ᠶᠢᠨ ︽ᠬᠠᠶᠠᠭᠳᠠᠮᠠᠯ ᠪᠣᠳᠠᠰ ᠢ ᠴᠡᠪᠡᠷᠯᠡᠵᠦ  ᠳᠠᠩᠰᠠᠨ ᠠᠴᠠ ᠭᠠᠷᠭᠠᠬᠤ︾ ᠵᠢᠱᠢᠶ᠎ᠡ‌ᠦᠵᠡᠭᠦᠯᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠥᠷᠨᠢᠭᠦᠯᠵᠦ᠂ ᠰᠢᠨ᠎ᠡ ᠬᠤᠲᠠ ᠲᠣᠭᠤᠷᠢᠭ᠂ ᠬᠤᠷᠢᠨᠭᠡᠷ ᠰᠢᠶᠠᠨ᠂ ᠴᠢᠩ ᠱᠦᠢ ᠾᠧ ᠰᠢᠶᠠᠨ ᠢ ᠰᠣᠩᠭᠤᠵᠤ  ᠲᠡᠦᠬᠡ ᠠᠴᠠ ᠦᠯᠡᠳᠡᠭᠳᠡᠵᠦ ᠢᠷᠡᠭᠰᠡᠨ ᠠᠭᠤᠷᠬᠠᠢ ︵ᠡᠯᠡᠰᠦ︶ ᠶᠢᠨ ᠨᠦᠬᠡ ᠶᠢ ᠵᠠᠰᠠᠵᠤ ᠰᠡᠷᠭᠦᠭᠡᠭᠰᠡᠨ ᠨᠡᠶᠢᠲᠡᠯᠢᠭ  ᠵᠢᠱᠢᠶ᠎ᠡ ᠦᠵᠡᠭᠦᠯᠬᠦ ᠲᠥᠷᠥᠯ ᠵᠦᠢᠯ ᠢ ᠪᠦᠲᠦᠭᠡᠨ᠎ᠡ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠪᠠᠶᠢᠭᠠᠯᠢ ᠶᠢᠨ  ᠡᠬᠢ ᠪᠠᠶᠠᠯᠢᠭ ᠤᠨ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ  ᠬᠠᠮᠢᠶᠠᠷᠤᠯᠲᠠ ᠶᠢᠨ ᠲᠣᠪᠴᠢᠶ᠎ᠠ᠂ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠂ ᠦᠴᠦᠸᠠᠨ ᠰᠢᠶᠠᠨ᠂ ᠰᠢᠨ᠎ᠡ  ᠬᠤᠲᠠ ᠲᠣᠭᠤᠷᠢᠭ᠂ ᠬᠤᠷᠢᠨᠭᠡᠷ ᠰᠢᠶᠠᠨ᠂ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ︶             ︵ᠳᠥᠷᠪᠡ︶ ᠳᠣᠣᠷ᠎ᠠ ᠨᠡᠭᠦᠷᠡᠰᠦᠲᠥ᠋ᠷᠥᠭᠴᠢᠲᠦ ᠣᠷᠴᠢᠯᠲᠤ ᠰᠦ ᠶᠢᠨ ᠦᠢᠯᠡᠰ ᠢ ᠬᠥᠭᠵᠢᠭᠦᠯᠵᠦ᠂  ᠲᠠᠷᠢᠶᠠᠯᠠᠩ ᠬᠥᠳᠡᠭᠡ ᠲᠣᠰᠬᠤᠨ ᠤ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠵᠠᠰᠠᠬᠤ ᠶᠢ ᠲᠦᠯᠬᠢᠨ  ᠠᠬᠢᠭᠤᠯᠤᠨ᠎ᠠ             1. ᠠᠵᠤ ᠦᠢᠯᠡᠰ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠲᠡᠵᠢᠭᠡᠨ ᠦᠷᠡᠵᠢᠭᠦᠯᠬᠦ ᠦᠢᠯᠡᠰ ᠤᠨ  ᠪᠣᠬᠢᠷᠳᠤᠯ ᠦᠭᠡᠢ ᠬᠥᠭᠵᠢᠯᠲᠡ ᠶᠢ ᠠᠬᠢᠭᠤᠯᠤᠨ᠎ᠠ᠃ ᠠᠮᠢ ᠠᠬᠤᠢ ᠶᠢ ᠤᠷᠢᠳᠠᠪᠠᠷ ᠪᠣᠳᠣᠯᠬᠢᠯᠠᠭᠰᠠᠨ ᠪᠣᠬᠢᠷᠳᠤᠯ  ᠦᠭᠡᠢ ᠬᠥᠭᠵᠢᠯᠲᠡ ᠶᠢᠨ ᠣᠨᠣᠯᠵᠢᠬᠤᠨ ᠢ ᠪᠠᠷᠢᠮᠲᠠᠯᠠᠨ᠂ ᠮᠠᠯ ᠠᠵᠤ ᠠᠬᠤᠢ ᠶᠢᠨ ᠣᠷᠣᠨ ᠪᠦᠰᠡ ᠶᠢᠨ ᠪᠠᠶᠢᠷᠢᠰᠢᠯ ᠢ  ᠰᠢᠯᠢᠳᠡᠭᠵᠢᠭᠦᠯᠦᠨ ᠲᠣᠬᠢᠷᠠᠭᠤᠯᠵᠤ᠂ ᠲᠠᠷᠢᠶᠠᠯᠠᠩ ᠮᠠᠯ ᠠᠵᠤ ᠠᠬᠤᠢ ᠶᠢ ᠤᠶᠠᠯᠳᠤᠭᠤᠯᠤᠭᠰᠠᠨ᠂ ᠳᠠᠷᠢᠵᠤ  ᠲᠡᠵᠢᠭᠡᠬᠦ ᠶᠢ ᠣᠷᠴᠢᠯᠳᠤᠭᠤᠯᠤᠭᠰᠠᠨ ᠲᠠᠷᠢᠶᠠᠯᠠᠩ ᠤᠨ ᠬᠥᠭᠵᠢᠯᠲᠡ ᠶᠢ ᠠᠬᠢᠭᠤᠯᠤᠨ᠎ᠠ᠃ ᠬᠤᠷᠢᠨᠭᠡᠷ ᠰᠢᠶᠠᠨ᠂  ᠲᠦᠮᠡᠳ ᠵᠡᠭᠦᠨ ᠬᠤᠰᠢᠭᠤ᠂ ᠲᠣᠭᠲᠠᠬᠤ ᠰᠢᠶᠠᠨ ᠪᠣᠯᠣᠨ ᠰᠠᠶᠢᠬᠠᠨ ᠲᠣᠭᠤᠷᠢᠭ ᠵᠡᠷᠭᠡ ᠳᠤᠮᠳᠠ ᠬᠡᠰᠡᠭ ᠤᠨ ᠭᠠᠵᠠᠷ  ᠣᠷᠣᠨ ᠳᠤ ᠪᠠᠷᠢᠮᠵᠢᠶᠠᠵᠢᠭᠰᠠᠨ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠤᠨ ᠪᠦᠲᠦᠭᠡᠨ  ᠪᠠᠶᠢᠭᠤᠯᠤᠯᠲᠠ ᠶᠢ ᠭᠤᠣᠯᠳᠠᠯᠭ᠎ᠠ ᠲᠠᠢ ᠥᠷᠨᠢᠭᠦᠯᠦᠨ᠂ ᠨᠣᠭᠤᠭᠠᠨ ᠳᠠᠷᠤᠰᠢ ᠶᠢᠨ ᠡᠷᠳᠡᠨᠢ ᠰᠢᠰᠢ᠂ ᠴᠠᠷᠭᠠᠰᠤ ᠵᠡᠷᠭᠡ  ᠴᠢᠨᠠᠷ ᠰᠠᠶᠢᠲᠠᠢ ᠲᠡᠵᠢᠭᠡᠯ ᠡᠪᠡᠰᠦ ᠲᠠᠷᠢᠬᠤ ᠰᠠᠭᠤᠷᠢᠨ ᠭᠠᠵᠠᠷ ᠢ ᠢᠵᠢ ᠪᠦᠷᠢᠳᠦᠭᠦᠯᠵᠦ᠂ ᠲᠠᠷᠢᠵᠤ ᠲᠡᠵᠢᠭᠡᠬᠦ ᠶᠢ  ᠣᠷᠴᠢᠯᠳᠤᠭᠤᠯᠬᠤ ᠵᠢᠱᠢᠶ᠎ᠡ ᠦᠵᠡᠭᠦᠯᠬᠦ ᠣᠷᠣᠨ ᠢ ᠪᠠᠶᠢᠭᠤᠯᠤᠨ᠎ᠠ︔ ᠦᠴᠦᠸᠠᠨ ᠰᠢᠶᠠᠨ ᠳᠤ ᠨᠣᠬᠠᠢ ᠶᠢᠨ ᠬᠤᠰᠢᠭᠤ  ᠵᠡᠷᠭᠡ ᠡᠪᠡᠰᠦ ᠪᠣᠷᠳᠤᠭ᠎ᠠ ᠳᠠᠷᠢᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠬᠥᠲᠥᠯᠥᠨ ᠵᠢᠯᠤᠭᠤᠳᠴᠤ  ᠂ ᠤᠮᠠᠷᠠᠲᠤ ᠬᠡᠰᠡᠭ ᠤᠨ ᠳᠠᠷᠢᠵᠤ ᠲᠡᠵᠢᠭᠡᠬᠦ ᠨᠥᠬᠦᠪᠦᠷᠢ ᠶᠢᠨ ᠣᠷᠣᠨ ᠢ ᠪᠠᠶᠢᠭᠤᠯᠤᠨ᠎ᠠ︔ ᠴᠢᠩ ᠱᠦᠢ ᠾᠧ ᠰᠢᠶᠠᠨ  ᠂ ᠬᠤᠷᠢᠨᠭᠡᠷ ᠰᠢᠶᠠᠨ ᠤ ᠬᠤᠶᠢᠲᠤ ᠬᠡᠰᠡᠭ ᠵᠡᠷᠭᠡ ᠠᠭᠤᠯᠠᠷᠬᠠᠭ ᠣᠷᠣᠨ ᠳᠤ ᠰᠠᠭᠠᠯᠢ ᠶᠢᠨ ᠢᠮᠠᠭ᠎ᠠ ᠲᠡᠵᠢᠭᠡᠨ  ᠦᠷᠡᠵᠢᠭᠦᠯᠬᠦ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠣᠨᠴᠠᠯᠢᠭᠲᠤ ᠲᠡᠵᠢᠭᠡᠨ ᠦᠷᠡᠵᠢᠭᠦᠯᠬᠦ ᠲᠣᠭᠤᠷᠢᠭ ᠢ  ᠪᠠᠶᠢᠭᠤᠯᠤᠨ᠂ ︽ᠳᠤᠮᠳᠠᠳᠤ ᠤᠯᠤᠰ ᠤᠨ ᠰᠦ ᠶᠢᠨ ᠬᠤᠲᠠ︾ ᠶᠢᠨ ᠲᠠᠰ ᠳᠡᠪᠰᠢᠭᠦᠯᠬᠦ ᠪᠦᠲᠦᠭᠡᠨ  ᠪᠠᠶᠢᠭᠤᠯᠤᠯᠲᠠ ᠳᠤ ᠲᠤᠰᠠᠯᠠᠨ᠎ᠠ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠲᠠᠷᠢᠶᠠᠯᠠᠩ ᠮᠠᠯ ᠠᠵᠤ  ᠠᠬᠤᠢ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠬᠤᠷᠢᠨᠭᠡᠷ ᠰᠢᠶᠠᠨ᠂ ᠲᠦᠮᠡᠳ ᠵᠡᠭᠦᠨ ᠬᠤᠰᠢᠭᠤ᠂  ᠲᠣᠭᠲᠠᠬᠤ ᠰᠢᠶᠠᠨ᠂ ᠰᠠᠶᠢᠬᠠᠨ ᠲᠣᠭᠤᠷᠢᠭ᠂ ᠦᠴᠦᠸᠠᠨ ᠰᠢᠶᠠᠨ᠂ ᠴᠢᠩ ᠱᠦᠢ ᠾᠧ ᠰᠢᠶᠠᠨ ᠤ ᠠᠷᠠᠳ ᠤᠨ  ᠵᠠᠰᠠᠭ ᠤᠨ ᠣᠷᠳᠣᠨ︶             2. ᠪᠣᠬᠢᠷᠳᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠶᠢ ᠬᠠᠮᠵᠢᠯᠴᠠᠭᠤᠯᠵᠤ᠂ ᠲᠡᠵᠢᠭᠡᠨ  ᠦᠷᠡᠵᠢᠭᠦᠯᠬᠦ ᠦᠢᠯᠡᠰ ᠤᠨ ᠳᠣᠣᠷ᠎ᠠ ᠨᠡᠭᠦᠷᠡᠰᠦᠳᠦ᠋ᠷᠦᠭᠴᠢᠲᠦ ᠬᠥᠭᠵᠢᠯᠲᠡ ᠶᠢ ᠠᠬᠢᠭᠤᠯᠤᠨ᠎ᠠ᠃ ᠲᠡᠵᠢᠭᠡᠯ  ᠪᠣᠷᠳᠣᠭᠠᠨ ᠤ ᠨᠡᠮᠡᠯᠲᠡ ᠡᠳ᠋ ᠪᠠ ᠣᠨᠣᠪᠴᠢᠲᠠᠢ ᠲᠡᠵᠢᠭᠡᠬᠦ ᠨᠠᠶᠢᠷᠠᠯᠭ᠎ᠠ ᠶᠢᠨ ᠬᠠᠮᠢᠶᠠᠷᠤᠯᠲᠠ ᠶᠢ ᠰᠢᠯᠢᠳᠡᠭᠵᠢᠭᠦᠯᠬᠦ ᠶᠢᠨ  ᠬᠠᠮᠲᠤ ᠳᠡᠯᠭᠡᠷᠡᠭᠦᠯᠵᠦ᠂ ᠲᠡᠵᠢᠭᠡᠨ ᠦᠷᠡᠵᠢᠭᠦᠯᠬᠦ ᠭᠤᠭᠴᠣᠭᠠᠨ ᠳᠤ ᠨᠡᠭᠦᠷᠡᠰᠦᠲᠥ᠋ᠷᠥᠭᠴᠢ ᠶᠢ ᠳᠣᠣᠷ᠎ᠠ ᠪᠣᠯᠭᠠᠵᠤ  ᠭᠠᠳᠠᠭᠰᠢᠯᠠᠭᠤᠯᠬᠤ ᠶᠢ ᠪᠠᠭᠠᠰᠬᠠᠨ᠎ᠠ᠃ ᠮᠠᠯᠵᠢᠯ ᠤᠨ ᠲᠠᠯᠠᠪᠠᠶ ᠶᠢᠨ ᠴᠡᠪᠡᠷ ᠡᠨᠧᠷᠭᠢ ᠶᠢᠨ ᠠᠰᠢᠭᠯᠠᠯᠲᠠ ᠶᠢ  ᠠᠬᠢᠭᠤᠯᠵᠤ᠂ ᠨᠥᠬᠦᠴᠡᠯ ᠲᠠᠢ ᠮᠠᠯᠵᠢᠯ ᠤᠨ ᠲᠠᠯᠠᠪᠠᠢ ᠨᠠᠮᠤᠭ ᠤᠨ ᠬᠡᠢ ᠶᠢᠨ ᠪᠠᠷᠢᠯᠭ᠎ᠠ ᠪᠠᠶᠢᠭᠤᠯᠬᠤ ᠶᠢ ᠳᠡᠮᠵᠢᠨ᠎ᠡ᠃  ᠡᠰᠢ ᠰᠦᠷᠡᠯ ᠵᠡᠷᠭᠡ ᠠᠮᠢᠳᠤ ᠪᠣᠳᠠᠰ ᠤᠨ ᠴᠢᠨᠠᠷᠲᠠᠢ ᠴᠡᠪᠡᠷ ᠲᠦᠯᠡᠰᠢ ᠶᠢ ᠳᠡᠯᠭᠡᠷᠡᠭᠦᠯᠵᠦ᠂ ︽ᠠᠮᠢᠳᠤ ᠪᠣᠳᠠᠰ ᠤᠨ  ᠴᠢᠨᠠᠷᠲᠠᠢ ᠲᠦᠯᠡᠰᠢ + ᠠᠮᠢᠳᠤ ᠪᠣᠳᠠᠰ ᠤᠨ ᠴᠢᠨᠠᠷᠲᠠᠢ ᠲᠦᠯᠡᠰᠢ‌‍ᠰᠢᠲᠠᠭᠠᠬᠤ ᠭᠦᠸᠧᠯᠦ︾ ᠶᠢ ᠲᠡᠵᠢᠭᠡᠨ  ᠦᠷᠡᠵᠢᠭᠦᠯᠬᠦ ᠬᠦᠷᠢᠶᠡᠨ ᠳᠤ ᠳᠡᠯᠭᠡᠷᠡᠭᠦᠯᠦᠨ ᠠᠰᠢᠭᠯᠠᠵᠤ᠂ ︽ᠴᠢᠨᠠᠷ ᠮᠠᠭᠤ ᠨᠡᠭᠦᠷᠡᠰᠦ + ᠨᠡᠭᠦᠷᠡᠰᠦ ᠰᠢᠲᠠᠭᠠᠬᠤ  ᠭᠦᠸᠧᠯᠦ︾ ᠶᠢ ᠣᠷᠣᠯᠠᠭᠤᠯᠤᠨ᠎ᠠ᠃ ᠪᠡᠯᠴᠢᠭᠡᠷ ᠤᠨ ᠬᠡᠷᠡᠯ ᠴᠡᠨᠡᠭ ᠤᠨ ᠡᠨᠧᠷᠭᠢ ᠶᠢᠨ ᠠᠰᠢᠭᠯᠠᠯᠲᠠ ᠶᠢ ᠠᠬᠢᠭᠤᠯᠵᠤ᠂ ᠬᠢᠮᠢ ᠴᠢᠯᠠᠭᠤᠨ ᠲᠣᠰᠣᠨ ᠤ ᠡᠨᠧᠷᠭᠢ ᠶᠢᠨ ᠠᠰᠢᠭᠯᠠᠯᠲᠠ ᠶᠢ ᠪᠠᠭᠠᠰᠬᠠᠨ᠎ᠠ᠃ ᠬᠤᠣᠷ ᠦᠭᠡᠶᠢᠳᠡᠭᠦᠯᠦᠨ  ᠰᠢᠢᠳᠪᠦᠷᠢᠯᠡᠬᠦ ᠠᠵᠤ ᠠᠬᠤᠶᠢᠯᠠᠯ ᠢ ᠣᠷᠣᠭᠤᠯᠵᠤ ᠢᠷᠡᠬᠦ ᠶᠢ ᠲᠦᠷᠭᠡᠳᠬᠡᠵᠦ᠂ ᠮᠠᠯ ᠵᠢᠭᠦᠷᠲᠡᠨ ᠤ ᠢᠯᠭᠠᠳᠠᠰᠤ ᠶᠢ  ᠨᠡᠭᠦᠷᠡᠰᠦᠲᠥ᠋ᠷᠥᠭᠴᠢ ᠪᠠᠭ᠎ᠠ ᠡᠬᠢ ᠪᠠᠶᠠᠯᠢᠭᠵᠢᠭᠤᠯᠤᠨ‌ᠠᠰᠢᠭᠯᠠᠬᠤ ᠶᠢ ᠬᠠᠶᠢᠨ ᠰᠦᠪᠡᠭᠴᠢᠯᠡᠨ᠂ ᠣᠷᠭᠠᠨᠢᠭ ᠪᠣᠷᠳᠣᠭᠤᠷ  ᠡᠳ᠋ᠰᠢᠭᠦᠯᠬᠦ ᠲᠥᠷᠥᠯ ᠵᠦᠢᠯ ᠢ ᠪᠦᠲᠦᠭᠡᠨ ᠪᠠᠶᠢᠭᠤᠯᠵᠤ᠂ ᠬᠠᠲᠠᠭᠤ ᠪᠡᠶᠡᠲᠦ ᠪᠣᠷᠳᠣᠭᠤᠷ ᠪᠠ ᠰᠢᠩᠭᠡᠨ ᠪᠡᠶᠡᠲᠦ  ᠪᠣᠷᠳᠣᠭᠤᠷ ᠢ ᠦᠢᠯᠡᠳᠪᠦᠷᠢᠯᠡᠵᠦ᠂ ᠲᠡᠭᠡᠭᠡᠪᠦᠷᠢ ᠶᠢᠨ ᠥᠪᠡᠷ ᠤᠨ ᠥᠷᠲᠡᠭ ᠬᠢᠭᠡᠳ ᠡᠬᠢ ᠪᠠᠶᠠᠯᠢᠭ ᠢ ᠪᠦᠷᠢᠯᠭᠡᠬᠦ ᠶᠢ  ᠪᠠᠭᠠᠰᠬᠠᠨ᠎ᠠ᠃ ︵ ᠲᠦᠷᠦᠭᠦᠯᠡᠨ ᠬᠢᠬᠦ ᠨᠢᠭᠡᠴᠡ᠄ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ︶            3. ᠡᠰᠢ ᠰᠦᠷᠡᠯ ᠢ ᠲᠡᠵᠢᠭᠡᠯ ᠪᠣᠷᠳᠤᠭ᠎ᠠ ᠪᠣᠯᠭᠠᠨ ᠠᠰᠢᠭᠯᠠᠬᠤ ᠬᠢᠷᠢ ᠲᠦᠪᠰᠢᠨ ᠢ ᠳᠡᠭᠡᠭᠰᠢᠯᠡᠭᠦᠯᠵᠦ᠂  ᠲᠠᠷᠢᠶᠠᠯᠠᠭ᠎ᠠ ᠪᠠᠷ ᠲᠡᠵᠢᠭᠡᠬᠦ ᠶᠢ ᠠᠬᠢᠭᠤᠯᠤᠨ᠎ᠠ᠃ ᠡᠰᠢ ᠰᠦᠷᠡᠯ ᠢ ᠬᠤᠷᠢᠶᠠᠨ ᠵᠥᠭᠡᠭᠡᠪᠦᠷᠢᠯᠡᠬᠦ ᠰᠢᠰᠲ᠋ᠧᠮᠵᠢ ᠶᠢ  ᠲᠡᠭᠦᠯᠳᠡᠷᠵᠢᠭᠦᠯᠵᠦ᠂ ᠡᠰᠢ ᠰᠦᠷᠡᠯ ᠢ ᠬᠤᠷᠢᠶᠠᠨ ᠴᠤᠭᠯᠠᠭᠤᠯᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠡᠰᠢ  ᠰᠦᠷᠡᠯ ᠢ ᠥᠨᠳᠥᠷ ᠥᠷᠲᠡᠭ ᠲᠠᠢ ᠪᠣᠯᠭᠠᠨ᠂ ᠬᠡᠪᠴᠢᠶᠡᠵᠢᠭᠦᠯᠦᠨ ᠠᠰᠢᠭᠯᠠᠬᠤ ᠵᠢᠱᠢᠶ᠎ᠡ ᠦᠵᠡᠭᠦᠯᠬᠦ ᠶᠢ ᠲᠦᠷᠭᠡᠳᠬᠡᠨ  ᠠᠬᠢᠭᠤᠯᠵᠤ᠂ ᠡᠰᠢ ᠰᠦᠷᠡᠯ ᠢ ᠲᠡᠵᠢᠭᠡᠯ ᠪᠣᠷᠳᠤᠭ᠎ᠠ ᠪᠣᠯᠭᠠᠬᠤ ᠶᠢ ᠶᠡᠬᠡᠪᠡᠷ ᠳᠡᠯᠭᠡᠷᠡᠭᠦᠯᠦᠨ᠂ ᠡᠰᠢ ᠰᠦᠷᠡᠯ ᠢ  ᠨᠣᠭᠤᠭᠠᠨ ᠢᠶᠠᠷ ᠳᠠᠷᠤᠰᠢᠭᠤᠯᠬᠤ᠂ ᠰᠢᠪᠲᠤᠷᠵᠢᠭᠤᠯᠬᠤ᠂ ᠢᠰᠬᠡᠵᠦ ᠳᠠᠷᠤᠰᠢᠭᠤᠯᠬᠤ᠂ ᠬᠡᠰᠡᠭᠯᠡᠵᠦ ᠪᠣᠭᠤᠳᠠᠯᠯᠠᠬᠤ᠂  ᠰᠢᠷᠬᠡᠭᠯᠡᠬᠦ ᠵᠡᠷᠭᠡ ᠡᠰᠢ ᠰᠦᠷᠡᠯ ᠢ ᠲᠡᠵᠢᠭᠡᠯ ᠪᠣᠷᠳᠤᠭ᠎ᠠ ᠪᠣᠯᠭᠠᠨ ᠠᠰᠢᠭᠯᠠᠬᠤ ᠮᠡᠷᠭᠡᠵᠢᠯ ᠢ ᠭᠤᠣᠯᠳᠠᠯᠭ᠎ᠠ ᠲᠠᠢ  ᠠᠬᠢᠭᠤᠯᠤᠨ᠎ᠠ᠃ ᠲᠡᠵᠢᠭᠡᠯ ᠡᠪᠡᠰᠦ ᠪᠣᠷᠳᠣᠭᠠᠨ ᠤ ᠠᠵᠤ ᠠᠬᠤᠶᠢᠯᠠᠯ᠂ ᠬᠡᠪᠴᠢᠶᠡᠵᠢᠯ ᠲᠠᠢ ᠲᠡᠵᠢᠭᠡᠨ ᠦᠷᠡᠵᠢᠭᠦᠯᠬᠦ  ᠲᠠᠯᠠᠪᠠᠶ ᠶᠢᠨ ᠡᠰᠢ ᠰᠦᠷᠡᠯ ᠢ ᠲᠡᠵᠢᠭᠡᠯ ᠪᠣᠷᠳᠤᠭ᠎ᠠ ᠪᠣᠯᠭᠠᠨ ᠠᠰᠢᠭᠯᠠᠬᠤ ᠵᠣᠬᠢᠶᠠᠨ ᠪᠠᠶᠢᠭᠤᠯᠤᠯᠲᠠ ᠲᠠᠢ  ᠵᠠᠬᠢᠶᠠᠯᠠᠭ᠎ᠠ ᠪᠠᠷ ᠬᠤᠳᠠᠯᠳᠤᠨ ᠠᠪᠬᠤ ᠵᠡᠷᠭᠡ ᠪᠠᠶᠢᠩᠭᠤ ᠶᠢᠨ ᠬᠠᠮᠲᠤᠷᠠᠯᠴᠠᠭ᠎ᠠ ᠥᠷᠨᠢᠭᠦᠯᠬᠦ ᠶᠢ ᠵᠣᠷᠢᠭᠵᠢᠭᠤᠯᠤᠨ᠎ᠠ᠃  ︵ᠲᠦᠷᠦᠭᠦᠯᠡᠬᠦ ᠨᠢᠭᠡᠴᠡ᠄ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ︶             4. ᠮᠠᠯ ᠵᠢᠭᠦᠷᠲᠡᠨ ᠤ ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠬᠢᠷᠢ ᠲᠦᠪᠰᠢᠨ ᠢ  ᠳᠡᠭᠡᠭᠰᠢᠯᠡᠭᠦᠯᠵᠦ᠂ ᠲᠡᠵᠢᠭᠡᠬᠦ ᠪᠠᠷ ᠲᠠᠷᠢᠶᠠᠯᠠᠭ᠎ᠠ ᠶᠢ ᠠᠬᠢᠭᠤᠯᠤᠨ᠎ᠠ᠃ ᠲᠡᠵᠢᠭᠡᠨ ᠦᠷᠡᠵᠢᠭᠦᠯᠬᠦ ᠲᠠᠯᠠᠪᠠᠶ ᠶᠢᠨ ᠮᠠᠯ  ᠵᠢᠭᠦᠷᠲᠡᠨ ᠤ ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠳᠤ ᠲᠣᠬᠢᠷᠠᠬᠤ ᠵᠠᠭᠪᠤᠷ ᠢ ᠶᠡᠬᠡᠪᠡᠷ ᠳᠡᠯᠭᠡᠷᠡᠭᠦᠯᠵᠦ᠂ ᠲᠡᠵᠢᠭᠡᠨ ᠦᠷᠡᠵᠢᠭᠦᠯᠬᠦ ᠲᠠᠯᠠᠪᠠᠶ ᠶᠢᠨ ᠮᠠᠯ ᠵᠢᠭᠦᠷᠲᠡᠨ ᠤ ᠢᠯᠭᠠᠳᠠᠰᠤ ᠶᠢ ᠡᠬᠢ ᠪᠠᠶᠠᠯᠢᠭᠵᠢᠭᠤᠯᠤᠨ  ᠠᠰᠢᠭᠯᠠᠬᠤ ᠮᠡᠷᠭᠡᠵᠢᠯ ᠤᠨ ᠵᠢᠯᠣᠭᠤᠳᠤᠯᠭ᠎ᠠ ᠶᠢ ᠴᠢᠩᠭᠠᠳᠬᠠᠨ᠎ᠠ᠃ ᠪᠥᠬᠦ ᠬᠤᠲᠠ ᠶᠢᠨ ᠬᠡᠪᠴᠢᠶᠡᠵᠢᠭᠰᠡᠨ  ᠰᠠᠭᠠᠯᠢ ᠶᠢᠨ ᠦᠨᠢᠶ᠎ᠡ ᠪᠠ ᠰᠠᠭᠠᠯᠢ ᠶᠢᠨ ᠢᠮᠠᠭ᠎ᠠ ᠲᠡᠵᠢᠭᠡᠨ ᠦᠷᠡᠵᠢᠭᠦᠯᠬᠦ ᠲᠠᠯᠠᠪᠠᠶ ᠶᠢᠨ ᠲᠡᠵᠢᠭᠡᠨ ᠦᠷᠡᠵᠢᠭᠦᠯᠬᠦ  ᠪᠡᠯᠡᠳᠬᠡᠮᠵᠢ ᠲᠥᠬᠦᠭᠡᠷᠦᠮᠵᠢ ᠶᠢ ᠭᠤᠣᠯᠳᠠᠯᠭ᠎ᠠ ᠲᠠᠢ ᠳᠡᠭᠡᠭᠰᠢᠯᠡᠭᠦᠯᠦᠨ ᠥᠭᠡᠷᠡᠴᠢᠯᠡᠵᠦ᠂ ︽ᠨᠢᠭᠡ ᠲᠠᠯᠠᠪᠠᠢ ᠳᠤ  ᠨᠢᠭᠡ ᠠᠷᠭ᠎ᠠ ᠪᠣᠳᠣᠯᠭ᠎ᠠ︾ ᠶᠢᠨ ᠵᠠᠷᠴᠢᠮ ᠶᠣᠰᠣᠭᠠᠷ᠂ ᠲᠣᠮᠣ ᠬᠡᠯᠪᠡᠷᠢ ᠶᠢᠨ ᠬᠡᠪᠴᠢᠶᠡᠵᠢᠭᠰᠡᠨ ᠰᠠᠭᠠᠯᠢ ᠶᠢᠨ  ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠶ ᠶᠢᠨ ᠬᠦᠴᠢᠯᠲᠥ᠋ᠷᠥᠭᠴᠢ ᠵᠢᠭᠰᠢᠬᠦ᠂ ᠬᠦᠴᠢᠯᠲᠥ᠋ᠷᠥᠭᠴᠢ ᠳᠤᠷᠠᠰᠢᠶᠠᠬᠤ  ᠢᠰᠬᠡᠬᠦ ᠪᠣᠯᠪᠠᠰᠤᠷᠠᠩᠭᠤᠢ ᠤᠷ᠎ᠠ ᠮᠡᠷᠭᠡᠰᠢᠯ ᠢ ᠬᠡᠷᠡᠭᠯᠡᠬᠦ ᠶᠢ ᠵᠣᠷᠢᠭᠵᠢᠭᠤᠯᠵᠤ᠂ ᠨᠠᠮᠤᠭ ᠤᠨ ᠬᠡᠢ ᠶᠢ ᠢᠰᠬᠡᠬᠦ᠂  ᠢᠯᠭᠠᠳᠠᠰᠤ ᠶᠢ ᠪᠥᠬᠦ ᠬᠡᠮᠵᠢᠶ᠎ᠡ ᠪᠠᠷ ᠲᠠᠷᠢᠶᠠᠨ ᠭᠠᠵᠠᠷ ᠲᠤ ᠪᠤᠴᠠᠭᠠᠬᠤ ᠵᠡᠷᠭᠡ  ᠢᠯᠭᠠᠳᠠᠰᠤ ᠶᠢ ᠠᠰᠢᠭᠯᠠᠬᠤ ᠠᠷᠭ᠎ᠠ  ᠮᠠᠶ᠋ᠢᠭ ᠢ ᠳᠡᠯᠭᠡᠷᠡᠭᠦᠯᠦᠨ᠎ᠡ︔ ᠬᠡᠪᠴᠢᠶᠡᠵᠢᠭᠰᠡᠨ ᠰᠠᠭᠠᠯᠢ ᠶᠢᠨ ᠢᠮᠠᠭ᠎ᠠ ᠲᠡᠵᠢᠭᠡᠨ ᠦᠷᠡᠵᠢᠭᠦᠯᠬᠦ ᠲᠠᠯᠠᠪᠠᠶ ᠳᠤ  ᠬᠠᠰᠢᠶᠠᠨ ᠳᠣᠲᠣᠷ᠎ᠠ ᠳᠡᠪᠢᠰᠦᠭᠰᠡᠨ ᠮᠠᠲ᠋ᠧᠷᠢᠶᠠᠯ ᠢ ᠬᠤᠷᠢᠶᠠᠨ ᠴᠤᠭᠯᠠᠭᠤᠯᠬᠤ᠂ ᠥᠨᠳᠥᠷ ᠳᠤᠯᠠᠭᠠᠨ ᠲᠠᠢ  ᠪᠣᠷᠳᠣᠭᠤᠷ ᠤᠨ ᠣᠪᠣᠭ᠎ᠠ ᠶᠢ ᠲᠠᠷᠢᠶᠠᠨ ᠳᠤ ᠪᠤᠴᠠᠭᠠᠨ ᠠᠰᠢᠭᠯᠠᠬᠤ ᠠᠷᠭ᠎ᠠ ᠮᠠᠶ᠋ᠢᠭ ᠢ ᠳᠡᠯᠭᠡᠷᠡᠭᠦᠯᠵᠦ᠂ ᠪᠣᠷᠳᠣᠭᠤᠷ  ᠣᠪᠣᠭᠠᠯᠠᠬᠤ ᠪᠡᠯᠡᠳᠬᠡᠮᠵᠢ ᠶᠢ ᠪᠦᠲᠦᠭᠡᠨ ᠪᠠᠶᠢᠭᠤᠯᠵᠤ᠂ ᠥᠨᠳᠥᠷ ᠳᠤᠯᠠᠭᠠᠨ ᠢᠶᠠᠷ ᠢᠰᠬᠡᠬᠦ ᠪᠠᠷ ᠳᠠᠮᠵᠢᠭᠤᠯᠤᠨ  ᠢᠮᠠᠭ᠎ᠠ ᠬᠤᠨᠢᠨ ᠤ ᠰᠢᠭᠡᠭ ᠬᠦᠷᠵᠡᠩ ᠢ ᠬᠤᠣᠷ ᠦᠭᠡᠶᠢᠳᠡᠭᠦᠯᠬᠦ ᠪᠠ ᠡᠬᠢ ᠪᠠᠶᠠᠯᠢᠭᠵᠢᠭᠤᠯᠤᠨ ᠠᠰᠢᠭᠯᠠᠨ᠎ᠠ᠃ ︵ ᠲᠦᠷᠦᠭᠦᠯᠡᠨ ᠬᠢᠬᠦ ᠨᠢᠭᠡᠴᠡ᠄ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ︶             5. ᠡᠪᠡᠳᠴᠢᠨ ᠢᠶᠠᠷ ᠦᠬᠦᠭᠰᠡᠨ ᠮᠠᠯ ᠵᠢᠭᠦᠷᠲᠡᠨ ᠤ ᠬᠠᠮᠢᠶᠠᠷᠤᠯᠲᠠ ᠶᠢ ᠴᠢᠩᠭᠠᠳᠬᠠᠵᠤ᠂ ᠲᠦᠭᠰᠢᠭᠦᠷᠢ ᠶᠢᠨ ᠳᠠᠯᠳᠠ ᠬᠡᠮ ᠢ ᠪᠠᠭᠠᠰᠬᠠᠨ᠎ᠠ᠃ ᠡᠪᠡᠳᠴᠢᠨ ᠢᠶᠠᠷ ᠦᠬᠦᠭᠰᠡᠨ ᠮᠠᠯ ᠵᠢᠭᠦᠷᠲᠡᠨ ᠢ ᠬᠤᠣᠷ ᠦᠭᠡᠶᠢᠳᠡᠭᠦᠯᠦᠨ  ᠰᠢᠢᠳᠪᠦᠷᠢᠯᠡᠬᠦ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ  ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠬᠡᠮᠵᠢᠶ᠎ᠡ ᠪᠠᠷ ᠨᠡᠯᠢᠶᠡᠳ ᠶᠡᠭᠡ ᠭᠠᠵᠠᠷ ᠣᠷᠣᠨ ᠳᠤ ᠡᠪᠡᠳᠴᠢᠨ ᠢᠶᠠᠷ  ᠦᠬᠦᠭᠰᠡᠨ ᠮᠠᠯ ᠵᠢᠭᠦᠷᠲᠡᠨ ᠢ ᠬᠤᠣᠷ ᠦᠭᠡᠶᠢᠳᠡᠭᠦᠯᠦᠨ ᠰᠢᠢᠳᠪᠦᠷᠢᠯᠡᠬᠦ ᠲᠥᠪ ᠪᠠᠶᠢᠭᠤᠯᠵᠤ᠂ ᠡᠪᠡᠳᠴᠢᠨ ᠢᠶᠠᠷ  ᠦᠬᠦᠭᠰᠡᠨ ᠮᠠᠯ ᠵᠢᠭᠦᠷᠲᠡᠨ ᠢ ᠲᠥᠪᠯᠡᠷᠡᠭᠦᠯᠦᠨ ᠲᠦᠷ ᠬᠠᠳᠠᠭᠠᠯᠠᠬᠤ ᠭᠠᠵᠠᠷ ᠢ ᠰᠢᠨᠵᠢᠯᠡᠬᠦ ᠤᠬᠠᠭᠠᠨᠴᠢ ᠪᠠᠷ ᠵᠦᠢ  ᠵᠣᠬᠢᠰᠲᠠᠢ ᠪᠠᠶᠢᠷᠢᠯᠠᠭᠤᠯᠵᠤ᠂ ᠡᠪᠡᠳᠴᠢᠨ ᠢᠶᠠᠷ ᠦᠬᠦᠭᠰᠡᠨ ᠮᠠᠯ ᠵᠢᠭᠦᠷᠲᠡᠨ ᠢ ᠴᠤᠭᠯᠠᠭᠤᠯᠬᠤ᠂ ᠲᠡᠭᠡᠭᠡᠪᠦᠷᠢᠯᠡᠬᠦ᠂  ᠬᠤᠣᠷ ᠦᠭᠡᠶᠢᠳᠡᠭᠦᠯᠦᠨ ᠰᠢᠢᠳᠪᠦᠷᠢᠯᠡᠬᠦ ᠬᠠᠮᠢᠶ᠎ᠠ ᠪᠦᠬᠦᠢ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ᠎ᠡ᠃  ᠡᠪᠡᠳᠴᠢᠨ ᠢᠶᠠᠷ ᠦᠬᠦᠭᠰᠡᠨ ᠮᠠᠯ ᠵᠢᠭᠦᠷᠲᠡᠨ ᠢ ᠬᠤᠣᠷ ᠦᠭᠡᠶᠢᠳᠡᠭᠦᠯᠦᠨ ᠰᠢᠢᠳᠪᠦᠷᠢᠯᠡᠬᠦ ᠪᠥᠬᠦ ᠶᠠᠪᠤᠴᠠ ᠶᠢᠨ ᠮᠡᠳᠡᠭᠡ  ᠵᠠᠩᠭᠢᠵᠢᠯᠲᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠲᠠᠯᠠᠪᠠᠶ ︵ ᠡᠷᠦᠬᠡ︶᠂ ᠨᠢᠲᠤᠯᠬᠤ ᠦᠢᠯᠡᠳᠪᠦᠷᠢ᠂ ᠬᠤᠣᠷ ᠦᠭᠡᠶᠢᠳᠡᠭᠦᠯᠦᠨ ᠰᠢᠢᠳᠪᠦᠷᠢᠯᠡᠬᠦ ᠲᠠᠯᠠᠪᠠᠶ ᠵᠡᠷᠭᠡ ᠶᠢ ᠵᠢᠯᠤᠭᠤᠳᠴᠤ  ᠪᠠᠶᠢᠭᠠᠳ ᠬᠤᠣᠷ ᠦᠭᠡᠶᠢᠳᠡᠭᠦᠯᠦᠨ ᠰᠢᠢᠳᠪᠦᠷᠢᠯᠡᠬᠦ ᠶᠢ ᠴᠢᠩᠭ᠎ᠠ ᠵᠢᠷᠤᠮᠵᠢᠭᠤᠯᠤᠨ ᠬᠡᠷᠡᠭᠵᠢᠭᠦᠯᠦᠨ᠎ᠡ᠃  ᠡᠪᠡᠳᠴᠢᠨ ᠢᠶᠠᠷ ᠦᠬᠦᠭᠰᠡᠨ ᠮᠠᠯ ᠵᠢᠭᠦᠷᠲᠡᠨ ᠵᠢᠴᠢ ᠲᠡᠭᠦᠨ ᠤ ᠪᠦᠲᠦᠭᠡᠭᠳᠡᠬᠦᠨ ᠢ ᠳᠤᠷ᠎ᠠ ᠪᠠᠷ ᠢᠶᠠᠨ ᠬᠠᠶᠠᠬᠤ ᠬᠠᠤᠯᠢ   ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ 2025 ᠣᠨ ᠪᠣᠯᠬᠤ ᠳᠤ ᠂  ᠡᠪᠡᠳᠴᠢᠨ ᠢᠶᠠᠷ ᠦᠬᠦᠭᠰᠡᠨ ᠮᠠᠯ ᠵᠢᠭᠦᠷᠲᠡᠨ ᠢ ᠲᠥᠪᠯᠡᠷᠡᠭᠦᠯᠦᠨ ᠬᠤᠣᠷ ᠦᠭᠡᠶᠢᠳᠡᠭᠦᠯᠦᠨ ᠰᠢᠢᠳᠪᠦᠷᠢᠯᠡᠬᠦ  ᠪᠦᠷᠬᠦᠴᠡ ᠶᠢ 80% ᠬᠦᠷᠭᠡᠨ᠎ᠡ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠲᠠᠷᠢᠶᠠᠯᠠᠩ ᠮᠠᠯ ᠠᠵᠤ  ᠠᠬᠤᠢ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ  ᠵᠠᠰᠠᠭ ᠤᠨ ᠣᠷᠳᠣᠨ︶             6. ᠶᠡᠷᠦᠩᠬᠡᠶᠢᠯᠡᠨ ᠵᠠᠰᠠᠬᠤ ᠠᠷᠭ᠎ᠠ ᠵᠠᠮ ᠢ ᠪᠠᠶᠢᠭᠤᠯᠵᠤ᠂ ᠲᠠᠷᠢᠶᠠᠯᠠᠩ ᠬᠥᠳᠡᠭᠡ ᠲᠣᠰᠬᠤᠨ ᠤ ᠬᠠᠲᠠᠭᠤ  ᠪᠡᠶᠡᠲᠦ ᠬᠠᠶᠠᠭᠳᠠᠮᠠᠯ ᠪᠣᠳᠠᠰ ᠢ ᠬᠤᠷᠢᠶᠠᠨ ᠠᠪᠬᠤ ᠶᠢ ᠲᠦᠯᠬᠢᠨ ᠠᠬᠢᠭᠤᠯᠤᠨ᠎ᠠ᠃ ᠲᠠᠷᠢᠶᠠᠯᠠᠩ ᠤᠨ ᠬᠠᠶᠠᠭᠳᠠᠮᠠᠯ  ᠰᠦᠯᠢᠶᠣᠣ ᠪᠦᠷᠬᠦᠪᠴᠢ᠂ ᠬᠠᠶᠠᠭᠳᠠᠮᠠᠯ ᠲᠠᠷᠢᠶᠠᠨ ᠡᠮ ᠤᠨ ᠪᠣᠭᠤᠳᠠᠯ ᠵᠡᠷᠭᠡ ᠬᠠᠶᠠᠭᠳᠠᠮᠠᠯ ᠲᠠᠷᠢᠶᠠᠯᠠᠩ ᠤᠨ  ᠦᠢᠯᠡᠳᠪᠦᠷᠢᠯᠡᠯ ᠤᠨ ᠬᠡᠷᠡᠭᠰᠡᠯ  ᠪᠦᠲᠦᠭᠡᠭᠳᠡᠬᠦᠨ ᠪᠠ ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ  ᠬᠤᠷᠢᠶᠠᠨ ᠠᠪᠬᠤ ᠰᠢᠰᠲ᠋ᠧᠮᠵᠢ ᠶᠢᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠲᠣᠰᠬᠤᠨ᠂ ᠰᠢᠶᠠᠩ ᠪᠠᠯᠭᠠᠰᠤ ᠬᠢᠭᠡᠳ ᠬᠤᠰᠢᠭᠤ ᠰᠢᠶᠠᠨ ᠲᠣᠭᠤᠷᠢᠭ ᠲᠤ ᠶᠡᠷᠦᠩᠬᠡᠶᠢᠯᠡᠨ ᠬᠤᠷᠢᠶᠠᠨ ᠠᠪᠬᠤ ᠥᠷᠲᠡᠭᠡ ᠴᠡᠭ ᠢ ᠵᠦᠢ ᠵᠣᠬᠢᠰᠲᠠᠢ ᠪᠠᠶᠢᠷᠢᠯᠠᠭᠤᠯᠬᠤ ᠶᠢ ᠰᠦᠪᠡᠭᠴᠢᠯᠡᠨ᠎ᠡ᠃ ᠵᠤᠵᠠᠭᠠᠨ ᠰᠦᠯᠢᠶᠥᠦ ᠪᠦᠷᠬᠦᠪᠴᠢ᠂ ᠵᠠᠳᠠᠷᠠᠵᠤ ᠪᠣᠯᠬᠤ ᠰᠦᠯᠢᠶᠥᠦ ᠪᠦᠷᠬᠦᠪᠴᠢ ᠶᠢᠨ ᠬᠡᠷᠡᠭᠯᠡᠯᠲᠡ ᠵᠢᠴᠢ ᠪᠦᠷᠬᠦᠪᠴᠢ ᠶᠢᠨ ᠥᠭᠡᠳᠡᠰᠦ ᠶᠢ ᠬᠤᠷᠢᠶᠠᠨ ᠠᠪᠬᠤ ᠮᠠᠰᠢᠨ  ᠪᠠᠭᠠᠵᠢ ᠶᠢ ᠨᠥᠬᠦᠪᠦᠷᠢᠯᠡᠬᠦ ᠡᠷᠴᠢᠮ ᠢ ᠴᠢᠩᠭᠠᠷᠠᠭᠤᠯᠵᠤ᠂ ᠬᠤᠯᠪᠣᠭᠳᠠᠯ ᠪᠦᠬᠦᠢ ᠲᠠᠷᠢᠶᠠᠯᠠᠩ ᠤᠨ ᠨᠥᠬᠦᠪᠦᠷᠢ ᠶᠢᠨ  ᠪᠡᠯᠡ ᠮᠥᠩᠭᠦ ᠶᠢ ᠤᠯᠤᠰ ᠤᠨ ᠪᠠᠷᠢᠮᠵᠢᠶᠠᠲᠤ ᠰᠦᠯᠢᠶᠥᠦ ᠪᠦᠷᠬᠦᠪᠴᠢ ᠶᠢᠨ ᠪᠣᠷᠤᠯᠠᠭᠤᠯᠭ᠎ᠠ ᠬᠡᠷᠡᠭᠯᠡᠭᠡ ᠯᠦᠭᠡ  ᠬᠤᠯᠪᠣᠯᠳᠤᠭᠤᠯᠬᠤ ᠲᠣᠭᠲᠠᠴᠠ ᠶᠢ ᠰᠦᠪᠡᠭᠴᠢᠯᠡᠨ ᠪᠠᠶᠢᠭᠤᠯᠤᠨ᠎ᠠ᠃ ︽ᠲᠦᠭᠰᠢᠭᠦᠷᠢ ᠡᠵᠡᠮᠳᠡᠯ ᠲᠠᠢ᠂ ᠲᠣᠭᠲᠠᠭᠰᠠᠨ  ᠭᠠᠵᠠᠷ ᠲᠣᠭᠲᠠᠭᠰᠠᠨ ᠴᠢᠭᠯᠡᠯ ᠲᠠᠢ᠂ ᠪᠥᠬᠦ ᠶᠠᠪᠤᠴᠠ ᠨᠢ ᠮᠥᠷᠳᠡᠯ ᠲᠠᠢ︾ ᠵᠠᠷᠴᠢᠮ ᠶᠣᠰᠣᠭᠠᠷ᠂ ᠲᠠᠷᠢᠶᠠᠨ ᠡᠮ ᠤᠨ  ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠺᠣᠳ᠋ ᠰᠢᠷᠪᠢᠨ ᠮᠥᠷᠳᠡᠵᠦ᠂ ᠪᠥᠬᠦ ᠶᠠᠪᠤᠴᠠ ᠶᠢᠨ ᠬᠢᠨᠠᠯᠲᠠ  ᠬᠠᠮᠢᠶᠠᠷᠤᠯᠲᠠ ᠶᠢ ᠦᠨᠡᠨᠬᠦ ᠪᠠᠲᠤᠯᠠᠨ᠎ᠠ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠲᠠᠷᠢᠶᠠᠯᠠᠩ ᠮᠠᠯ ᠠᠵᠤ  ᠠᠬᠤᠢ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ  ᠮᠠᠨᠳᠤᠭᠤᠯᠬᠤ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ᠂ ᠵᠠᠬ᠎ᠠ ᠳᠡᠯᠭᠡᠭᠦᠷ ᠤᠨ ᠬᠢᠨᠠᠯᠲᠠ  ᠬᠠᠮᠢᠶᠠᠷᠤᠯᠲᠠ ᠶᠢᠨ ᠲᠣᠪᠴᠢᠶ᠎ᠠ᠂ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ︶             ︵ᠲᠠᠪᠤ︶ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠲᠠᠢ ᠬᠠᠮᠵᠢᠯᠴᠠᠭᠤᠯᠵᠤ᠂ ᠠᠮᠢᠳᠤᠷᠠᠯ ᠤᠨ ᠬᠠᠲᠠᠭᠤ  ᠪᠡᠶᠡᠲᠦ ᠬᠠᠶᠠᠭᠳᠠᠮᠠᠯ ᠪᠣᠳᠠᠰ ᠤᠨ ᠬᠠᠮᠢᠶᠠᠷᠤᠯᠲᠠ ᠶᠢ ᠴᠢᠩᠭᠠᠳᠬᠠᠨ᠎ᠠ             1. ︽ᠬᠠᠶᠠᠭᠳᠠᠮᠠᠯ ᠡᠰ ᠦᠭᠡᠢ︾ ᠪᠦᠲᠦᠭᠡᠨ ᠪᠠᠶᠢᠭᠤᠯᠤᠯᠲᠠ ᠶᠢ ᠥᠷᠨᠢᠭᠦᠯᠦᠨ᠎ᠡ᠃ ᠬᠥᠬᠡᠬᠤᠲᠠ ᠶᠢᠨ ︽ ᠬᠠᠶᠠᠭᠳᠠᠮᠠᠯ ᠡᠰ ᠦᠭᠡᠢ︾ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠨᠡᠶᠢᠲᠡᠯᠡᠵᠦ᠂ ᠨᠠᠮ ᠵᠠᠰᠠᠭ ᠤᠨ  ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠡᠮᠨᠡᠯᠭᠡ ᠶᠢᠨ ᠬᠤᠷᠢᠶ᠎ᠠ᠂ ᠰᠤᠷᠭᠠᠭᠤᠯᠢ᠂ ᠲᠣᠮᠣ  ᠬᠡᠯᠪᠡᠷᠢ ᠶᠢᠨ ᠬᠤᠳᠠᠯᠳᠤᠭᠠᠨ ᠤ ᠭᠠᠵᠠᠷ ᠬᠡᠲᠦ ᠳᠡᠯᠭᠡᠭᠦᠷ᠂ ᠦᠵᠡᠮᠵᠢ ᠶᠢᠨ ᠣᠷᠣᠨ ᠵᠡᠷᠭᠡ ᠳᠤ ︽ᠬᠠᠶᠠᠭᠳᠠᠮᠠᠯ ᠡᠰ  ᠦᠭᠡᠢ︾ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠥᠷᠨᠢᠭᠦᠯᠦᠨ᠎ᠡ᠃ ᠢᠳᠡᠭᠡᠨ ᠤᠮᠳᠠᠭᠠᠨ ᠤ ᠠᠵᠤ ᠠᠬᠤᠶᠢᠯᠠᠯ  ᠪᠣᠯᠣᠨ ᠪᠠᠶᠢᠭᠤᠯᠭ᠎ᠠ ᠨᠢᠭᠡᠴᠡ ᠶᠢᠨ ᠬᠤᠭᠤᠯᠠᠨ ᠭᠡᠷ ᠢᠶᠠᠷ ᠭᠤᠣᠯᠳᠠᠯᠭ᠎ᠠ ᠪᠣᠯᠭᠠᠵᠤ᠂ ᠪᠣᠬᠢᠷᠳᠤᠯ ᠦᠭᠡᠢ ᠬᠤᠭᠤᠯᠠᠨ  ᠭᠡᠷ᠂ ᠪᠣᠬᠢᠷᠳᠤᠯ ᠦᠭᠡᠢ ᠢᠳᠡᠭᠡᠨ ᠤᠮᠳᠠᠭᠠᠨ ᠤ ᠠᠵᠤ ᠠᠬᠤᠶᠢᠯᠠᠯ ᠢ ᠬᠠᠮᠵᠢᠯᠴᠠᠭᠤᠯᠤᠨ ᠡᠭᠦᠳᠦᠨ ᠪᠠᠶᠢᠭᠤᠯᠵᠤ᠂  ᠲᠣᠭᠤᠭᠠᠨ ᠭᠡᠷ ᠤᠨ ᠬᠤᠭ ᠨᠣᠪᠰᠢ ᠶᠢᠨ ᠡᠬᠢ ᠡᠭᠦᠰᠦᠯ ᠤᠨ ᠬᠡᠮᠵᠢᠶ᠎ᠡ ᠶᠢ ᠪᠠᠭᠠᠰᠬᠠᠨ᠎ᠠ᠃ ᠴᠤᠭᠯᠠᠭ᠎ᠠ ᠮᠠᠶᠢᠮᠠᠢ ᠶᠢᠨ  ᠵᠠᠬ᠎ᠠ ᠳᠡᠯᠭᠡᠭᠦᠷ ᠲᠤ ᠰᠦᠯᠢᠶᠥᠦ ᠤᠭᠤᠲᠠ ᠶᠢ ᠲᠥᠪᠯᠡᠷᠡᠭᠦᠯᠦᠨ ᠬᠤᠳᠠᠯᠳᠤᠬᠤ ᠬᠤᠳᠠᠯᠳᠤᠨ ᠠᠪᠬᠤ ᠳᠦᠷᠢᠮ ᠢ  ᠪᠠᠶᠢᠭᠤᠯᠬᠤ ᠶᠢ ᠰᠦᠪᠡᠭᠴᠢᠯᠡᠵᠦ᠂ ᠣᠷᠴᠢᠨ ᠲᠣᠭᠤᠷᠢᠨ ᠤ ᠬᠠᠮᠠᠭᠠᠯᠠᠯᠲᠠ ᠳᠤ ᠲᠣᠬᠢᠷᠠᠬᠤ ᠪᠥᠰ ᠤᠭᠤᠲᠠ᠂  ᠴᠠᠭᠠᠰᠤᠨ ᠤᠭᠤᠲᠠ ᠵᠡᠷᠭᠡ ᠰᠦᠯᠢᠶᠣᠣ ᠪᠤᠰᠤ ᠦᠢᠯᠡᠳᠬᠦᠨ ᠪᠠ ᠵᠠᠳᠠᠷᠠᠭᠤᠯᠵᠤ ᠪᠣᠯᠬᠤ ᠪᠠᠷᠠᠭ᠎ᠠ ᠬᠤᠳᠠᠯᠳᠤᠨ  ᠠᠪᠬᠤ ᠤᠭᠤᠲᠠ ᠶᠢ ᠳᠡᠯᠭᠡᠷᠡᠭᠦᠯᠦᠨ ᠬᠡᠷᠡᠭᠯᠡᠵᠦ᠂ ᠬᠤᠲᠠ ᠬᠥᠳᠡᠭᠡ ᠶᠢᠨ ᠠᠭᠤᠯᠵᠠᠷ ᠬᠡᠰᠡᠭ ᠪᠠ ᠬᠤᠰᠢᠭᠤ ᠰᠢᠶᠠᠨ  ᠭᠠᠵᠠᠷ ᠣᠷᠣᠨ ᠤ ᠵᠠᠳᠠᠷᠠᠭᠤᠯᠵᠤ ᠪᠣᠯᠣᠰᠢ ᠦᠭᠡᠢ ᠰᠦᠯᠢᠶᠥᠦ ᠤᠭᠤᠲᠠ ᠬᠡᠷᠡᠭᠯᠡᠬᠦ ᠶᠢ ᠵᠣᠭᠰᠤᠭᠠᠬᠤ ᠶᠢ  ᠵᠣᠷᠢᠭᠵᠢᠭᠤᠯᠤᠨ᠎ᠠ᠃ ᠢᠳᠡᠭᠡᠨ ᠤᠮᠳᠠᠭᠠᠨ ᠤ ᠵᠠᠬᠢᠶᠠᠯᠠᠭ᠎ᠠ ᠶᠢᠨ ᠬᠤᠭᠤᠯᠠᠨ ᠤ ᠬᠦᠷᠢᠶᠡᠨ ᠳᠤ ᠰᠦᠯᠢᠶᠥᠦ ᠶᠢ  ᠣᠷᠣᠯᠠᠭᠤᠯᠵᠤ ᠪᠣᠯᠬᠤ ᠦᠢᠯᠡᠳᠬᠦᠨ ᠢ ᠳᠡᠯᠭᠡᠷᠡᠭᠦᠯᠦᠨ ᠬᠡᠷᠡᠭᠯᠡᠨ᠎ᠡ᠃ ᠰᠢᠤᠳᠠᠨ ᠤ ᠠᠵᠢᠯ ᠲᠥᠷᠥᠯ ᠤᠨ  ᠲᠡᠭᠡᠭᠡᠪᠦᠷᠢ ᠶᠢᠨ ᠡᠯᠧᠺᠲᠷᠣᠨ ᠪᠠᠷᠢᠮᠲᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠪᠥᠬᠦ ᠬᠤᠲᠠ ᠶᠢᠨ ᠲᠦᠷᠭᠡᠨ  ᠬᠦᠷᠭᠡᠯᠲᠡ ᠶᠢᠨ ᠠᠵᠤ ᠠᠬᠤᠶᠢᠯᠠᠯ ᠤᠨ ᠪᠣᠬᠢᠷᠳᠤᠯ ᠦᠭᠡᠢ ᠪᠣᠭᠤᠳᠠᠯᠯᠠᠬᠤ ᠮᠠᠲ᠋ᠧᠷᠢᠶᠠᠯ ᠬᠡᠷᠡᠭᠯᠡᠬᠦ ᠶᠢ ᠰᠢᠮᠳᠠᠭᠤᠯᠤᠨ᠎ᠠ᠃ ᠬᠡᠯᠬᠢᠶ᠎ᠡ ᠬᠤᠳᠠᠯᠳᠤᠭ᠎ᠠ ᠬᠡᠲᠦ ᠳᠡᠯᠭᠡᠭᠦᠷ᠂ ᠲᠣᠮᠣ ᠬᠡᠯᠪᠡᠷᠢ ᠶᠢᠨ ᠴᠤᠭᠯᠠᠭ᠎ᠠ ᠮᠠᠶᠢᠮᠠᠢ ᠶᠢᠨ ᠵᠠᠬ᠎ᠠ ᠳᠡᠯᠭᠡᠭᠦᠷ᠂  ᠪᠠᠷᠠᠭᠠᠨ ᠤ ᠭᠦᠢᠯᠭᠡᠭᠡᠨ ᠤ ᠬᠥᠮᠥᠷᠭᠡᠯᠡᠯᠲᠡ᠂ ᠡᠯᠧᠺᠲᠷᠣᠨ ᠬᠤᠳᠠᠯᠳᠤᠭᠠᠨ ᠤ ᠲᠦᠷᠭᠡᠨ ᠬᠦᠷᠭᠡᠯᠲᠡ ᠵᠡᠷᠭᠡ ᠪᠠᠷ  ᠭᠤᠣᠯᠳᠠᠯᠭ᠎ᠠ ᠪᠣᠯᠭᠠᠵᠤ᠂ ᠣᠷᠴᠢᠯᠳᠤᠵᠤ ᠪᠣᠯᠬᠤ᠂ ᠡᠪᠬᠡᠵᠦ ᠪᠣᠯᠬᠤ ᠪᠣᠭᠤᠳᠠᠯ ᠪᠠᠭᠯᠠᠭ᠎ᠠ ᠶᠢᠨ ᠦᠢᠯᠡᠳᠬᠦᠨ ᠪᠠ  ᠪᠠᠷᠠᠭᠠᠨ ᠤ ᠭᠦᠢᠯᠭᠡᠭᠡᠨ ᠤ ᠬᠦᠷᠭᠡᠯᠲᠡ ᠶᠢᠨ ᠪᠠᠭᠠᠵᠢ ᠬᠡᠷᠡᠭᠰᠡᠯ ᠢ ᠢᠳᠡᠪᠬᠢᠲᠡᠢ ᠪᠠᠷ ᠳᠡᠯᠭᠡᠷᠡᠭᠦᠯᠦᠨ᠎ᠡ᠃ 2025  ᠣᠨ ᠪᠣᠯᠬᠤ ᠳᠤ᠂ ᠲᠦᠷᠭᠡᠨ ᠬᠦᠷᠭᠡᠯᠲᠡ ᠶᠢᠨ ᠪᠣᠬᠢᠷᠳᠤᠯ ᠦᠭᠡᠢ ᠪᠣᠭᠤᠳᠠᠯ ᠬᠡᠷᠡᠭᠯᠡᠬᠦ ᠨᠣᠷᠮ᠎ᠠ ᠶᠢ 90%  ᠬᠦᠷᠭᠡᠨ᠎ᠡ᠃ ︵ ᠲᠦᠷᠦᠭᠦᠯᠡᠨ ᠬᠢᠬᠦ ᠨᠢᠭᠡᠴᠡ᠄ ᠬᠤᠲᠠ ᠶᠢᠨ  ︽ᠬᠠᠶᠠᠭᠳᠠᠮᠠᠯ ᠪᠤᠳᠠᠰ ᠦᠭᠡᠢ ᠬᠤᠲᠠ ᠶᠢᠨ ᠠᠯᠪᠠᠨ  ᠭᠡᠷ︾︔ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂  ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ᠂ ᠪᠠᠶᠢᠭᠤᠯᠭ᠎ᠠ ᠶᠢᠨ ᠶᠠᠪᠤᠳᠠᠯ ᠤᠨ ᠲᠣᠪᠴᠢᠶ᠎ᠠ᠂ ᠰᠤᠷᠭᠠᠨ  ᠬᠥᠮᠦᠵᠢᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠳᠠᠯᠳᠤᠭᠠᠨ ᠤ ᠶᠠᠪᠤᠳᠠᠯ ᠤᠨ  ᠲᠣᠪᠴᠢᠶ᠎ᠠ᠂ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ  ᠵᠠᠩᠭᠢᠵᠢᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶             2. ᠠᠮᠢᠳᠤᠷᠠᠯ ᠤᠨ ᠬᠤᠭ ᠨᠣᠪᠰᠢ ᠶᠢ ᠡᠬᠢ ᠡᠭᠦᠰᠦᠯ ᠠᠴᠠ ᠨᠢ ᠲᠥᠷᠥᠯ ᠬᠤᠪᠢᠶᠠᠨ ᠬᠠᠶᠠᠬᠤ ᠶᠢ  ᠭᠦᠨᠵᠡᠭᠡᠶᠢᠷᠡᠭᠦᠯᠦᠨ᠎ᠡ᠃ ᠬᠤᠲᠠ ᠶᠢᠨ ᠱᠠᠲᠤᠨ ᠤ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠶᠢ ᠬᠢᠨᠠᠨ  ᠰᠢᠯᠭᠠᠬᠤ ᠬᠠᠮᠢᠶᠠᠷᠤᠯᠲᠠ ᠶᠢᠨ ᠠᠷᠭ᠎ᠠ ᠶᠢ ᠴᠢᠩᠭ᠎ᠠ ᠬᠡᠷᠡᠭᠵᠢᠭᠦᠯᠵᠦ᠂ ᠱᠠᠩᠨᠠᠵᠤ ᠲᠣᠷᠭᠠᠬᠤ ᠲᠣᠭᠲᠠᠴᠠ ᠶᠢ  ᠨᠠᠶᠢᠳᠠᠪᠤᠷᠢᠵᠢᠭᠤᠯᠤᠨ᠎ᠠ᠃ ︽ᠠᠮᠢᠳᠤᠷᠠᠯ ᠤᠨ ᠬᠤᠷᠢᠶᠠᠯᠠᠯ ᠢᠶᠠᠷ ᠭᠤᠣᠯ ᠪᠦᠲᠦᠭᠡᠨ ᠪᠠᠶᠢᠭᠤᠯᠤᠯᠲᠠ ᠶᠢᠨ ᠵᠢᠱᠢᠶ᠎ᠡ  ᠦᠵᠡᠭᠦᠯᠬᠦ ᠴᠡᠭ — ᠵᠡᠭᠡᠯᠢ ᠭᠤᠳᠤᠮᠵᠢ ᠪᠠᠷ ᠭᠤᠣᠯ ᠪᠦᠲᠦᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠴᠡᠭ — ᠬᠤᠲᠠ ᠶᠢᠨ ᠲᠣᠭᠤᠷᠢᠭ ᠲᠤ ᠨᠡᠶᠢᠳᠡᠮ ᠪᠦᠷᠬᠦᠭᠦᠯᠬᠦ︾ ᠴᠤᠪᠤᠷᠠᠯ ᠶᠣᠰᠣᠭᠠᠷ ᠬᠤᠲᠠ ᠶᠢᠨ ᠲᠣᠭᠤᠷᠢᠭ ᠤᠨ  ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠵᠢᠱᠢᠶ᠎ᠡ ᠦᠵᠡᠭᠦᠯᠬᠦ ᠴᠡᠭ ᠤᠨ ᠪᠦᠲᠦᠭᠡᠨ  ᠪᠠᠶᠢᠭᠤᠯᠤᠯᠲᠠ ᠶᠢ ᠠᠬᠢᠭᠤᠯᠤᠨ᠎ᠠ᠃ ᠡᠯ᠎ᠡ ᠬᠤᠰᠢᠭᠤ ᠰᠢᠶᠠᠨ ᠲᠣᠭᠤᠷᠢᠭ᠂ ᠠᠵᠤ ᠠᠬᠤᠢ ᠮᠡᠷᠭᠡᠵᠢᠯ ᠤᠨ  ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠨᠢ ︽ᠨᠢᠭᠡ ᠪᠠᠯᠭᠠᠰᠤ ᠬᠤᠶᠠᠷ ᠲᠣᠰᠬᠤᠨ︾ ᠤ  ᠲᠤᠷᠰᠢᠯᠲᠠ ᠶᠢᠨ ᠠᠵᠢᠯ ᠢ ᠥᠷᠨᠢᠭᠦᠯᠦᠭᠰᠡᠨ ᠰᠠᠭᠤᠷᠢᠨ ᠳᠡᠭᠡᠷ᠎ᠡ᠂ ᠲᠥᠷᠥᠯ ᠬᠤᠪᠢᠶᠠᠬᠤ ᠬᠤᠭ ᠨᠣᠪᠰᠢ ᠶᠢᠨ ᠰᠠᠪᠠ  ᠵᠡᠷᠭᠡ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠪᠡᠯᠡᠳᠬᠡᠮᠵᠢ ᠶᠢ ᠤᠯᠠᠮ ᠨᠢᠭᠡ ᠠᠯᠬᠤᠮ  ᠣᠷᠣᠭᠤᠯᠤᠨ ᠬᠡᠷᠡᠭᠯᠡᠨ᠎ᠡ᠃ ᠪᠥᠬᠦ ᠬᠤᠲᠠ ᠳᠤ ᠪᠥᠬᠦ ᠲᠠᠯ᠎ᠠ ᠶᠢᠨ᠂ ᠣᠯᠠᠨ ᠲᠠᠰ ᠳᠠᠪᠬᠤᠷᠭ᠎ᠠ ᠶᠢᠨ᠂ ᠣᠯᠠᠨ  ᠶᠠᠩᠵᠤ ᠶᠢᠨ ᠤᠬᠠᠭᠤᠯᠭ᠎ᠠ ᠶᠢᠨ ᠠᠵᠢᠯ ᠥᠷᠨᠢᠭᠦᠯᠵᠦ᠂ ᠬᠤᠲᠠ ᠶᠢᠨ ᠠᠷᠠᠳ ᠲᠦᠮᠡᠨ ᠢ ᠬᠥᠲᠥᠯᠥᠨ ᠵᠢᠯᠤᠭᠤᠳᠴᠤ  ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠳᠤ ᠢᠳᠡᠪᠬᠢᠲᠡᠢ ᠣᠷᠣᠯᠴᠠᠭᠤᠯᠵᠤ᠂  ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ︽ ᠬᠦᠬᠡᠬᠤᠲᠠ ᠶᠢᠨ ᠵᠠᠭᠪᠤᠷ︾ ᠢ ᠪᠣᠶ ᠪᠣᠯᠭᠠᠨ᠎ᠠ᠃ ᠬᠤᠲᠠ ᠶᠢᠨ ᠰᠠᠭᠤᠭᠠᠯᠢ ᠠᠷᠠᠳ ᠤᠨ ᠬᠤᠷᠢᠶᠠᠯᠠᠯ ᠳᠤ  ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠶᠢ ᠪᠦᠷᠬᠦᠭᠦᠯᠬᠦ ᠨᠣᠷᠮ᠎ᠠ ᠶᠢ 100% ᠶᠢᠨ ᠬᠢᠷᠢ  ᠲᠦᠪᠰᠢᠨ ᠳᠤ ᠪᠠᠲᠤᠯᠠᠨ᠎ᠠ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ  ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠬᠤᠲᠠ ᠶᠢᠨ ᠠᠮᠢ ᠠᠬᠤᠢ  ᠣᠷᠴᠢᠨ ᠲᠣᠭᠤᠷᠢᠨ ᠤ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂  ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ  ᠵᠥᠪᠯᠡᠯ︶             3. ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠬᠤᠷᠢᠶᠠᠵᠤ ᠲᠡᠭᠡᠭᠡᠪᠦᠷᠢᠯᠡᠬᠦ ᠰᠢᠰᠲ᠋ᠧᠮᠵᠢ ᠶᠢ  ᠪᠦᠷᠢᠨᠰᠢᠭᠦᠯᠦᠨ᠎ᠡ᠃ ᠲᠣᠭᠤᠭᠠᠨ ᠭᠡᠷ ᠤᠨ ᠬᠤᠭ ᠨᠣᠪᠰᠢ᠂ ᠪᠤᠰᠤᠳ ᠬᠤᠭ ᠨᠣᠪᠰᠢ᠂ ᠬᠤᠣᠷ ᠲᠠᠢ ᠬᠤᠭ‌ᠨᠣᠪᠰᠢ ᠶᠢ ᠲᠥᠷᠥᠯ ᠬᠤᠪᠢᠶᠠᠨ ᠲᠡᠭᠡᠭᠡᠪᠦᠷᠢᠯᠡᠬᠦ ᠲᠣᠣᠷ ᠢ ᠨᠢᠭᠡᠳᠦᠯᠲᠡᠢ ᠲᠥᠯᠥᠪᠯᠡᠨ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠬᠤᠷᠢᠶᠠᠵᠤ ᠲᠡᠭᠡᠭᠡᠪᠦᠷᠢᠯᠡᠬᠦ ᠵᠠᠮ ᠱᠤᠭᠤᠮ ᠢ ᠲᠡᠭᠦᠯᠳᠡᠷᠵᠢᠭᠦᠯᠦᠨ᠎ᠡ᠃ ︽ᠶᠡᠭᠡ ᠪᠠᠷ  ᠰᠠᠯᠭᠠᠬᠤ᠂ ᠪᠠᠭ᠎ᠠ ᠪᠠᠷ ᠲᠥᠷᠥᠯ ᠬᠤᠪᠢᠶᠠᠬᠤ︾ ᠦᠨᠳᠦᠰᠦᠨ ᠠᠷᠭ᠎ᠠ ᠵᠠᠮ ᠢ ᠪᠠᠷᠢᠮᠲᠠᠯᠠᠨ᠂ ᠵᠠᠰᠠᠵᠤ ᠴᠢᠮᠡᠭᠯᠡᠬᠦ  ᠬᠤᠭ ᠨᠣᠪᠰᠢ᠂ ᠲᠣᠮᠣ ᠬᠤᠭ ᠨᠣᠪᠰᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠤᠷᠢᠳᠴᠢᠯᠠᠨ ᠪᠣᠯᠵᠣᠵᠤ  ᠭᠡᠷ ᠲᠤᠨᠢ ᠬᠦᠷᠬᠦ ᠠᠷᠭ᠎ᠠ ᠮᠠᠶ᠋ᠢᠭ ᠢ ᠠᠪᠴᠤ ᠲᠣᠮᠣ ᠬᠤᠭ ᠨᠣᠪᠰᠢ ᠶᠢ ᠬᠤᠷᠢᠶᠠᠵᠤ ᠲᠡᠭᠡᠭᠡᠪᠦᠷᠢᠯᠡᠬᠦ ᠦᠢᠯᠡᠴᠢᠯᠡᠭᠡ ᠶᠢ  ᠰᠠᠶᠢᠲᠤᠷ ᠬᠢᠨ᠎ᠡ᠃ ᠡᠯᠧᠺᠲᠷᠣᠨ ᠬᠤᠳᠠᠯᠳᠤᠭᠠᠨ ᠤ ᠵᠠᠬᠢᠶᠠᠯᠠᠭ᠎ᠠ ᠶᠢᠨ ᠲᠠᠪᠴᠠᠩ᠂ ᠣᠷᠴᠢᠨ ᠲᠣᠭᠤᠷᠢᠨ ᠤ ᠡᠷᠡᠭᠦᠯ  ᠬᠠᠮᠠᠭᠠᠯᠠᠯ ᠤᠨ ᠰᠠᠯᠠᠭ᠎ᠠ ᠮᠥᠴᠢᠷ᠂ ᠬᠤᠷᠢᠶᠠᠨ ᠠᠪᠬᠤ ᠠᠵᠤ ᠠᠬᠤᠶᠢᠯᠠᠯ ᠵᠡᠷᠭᠡ ᠶᠢᠨ ᠣᠯᠠᠨ ᠲᠠᠯ᠎ᠠ ᠶᠢᠨ  ᠬᠠᠮᠲᠤᠷᠠᠯᠴᠠᠭ᠎ᠠ ᠶᠢ ᠠᠬᠢᠭᠤᠯᠵᠤ᠂ ᠭᠤᠣᠯᠳᠠᠯᠭ᠎ᠠ ᠲᠠᠢ ᠬᠤᠳᠠᠯᠳᠤᠭᠠᠨ ᠤ ᠲᠣᠭᠤᠷᠢᠭ᠂ ᠲᠣᠮᠣ ᠬᠡᠯᠪᠡᠷᠢ ᠶᠢᠨ ᠨᠡᠶᠢᠭᠡᠮ  ᠲᠣᠭᠤᠷᠢᠭ᠂ ᠶᠡᠭᠡ ᠳᠤᠮᠳᠠᠳᠤ ᠪᠠᠭ᠎ᠠ ᠰᠤᠷᠭᠠᠭᠤᠯᠢ ᠶᠢᠨ ᠬᠦᠷᠢᠶ᠎ᠡ᠂ ᠲᠦᠷᠭᠡᠨ ᠬᠦᠷᠭᠡᠯᠲᠡ ᠶᠢᠨ ᠲᠡᠭᠦᠰᠬᠡᠯ ᠤᠨ  ᠲᠣᠣᠷ ᠴᠡᠭ ᠵᠡᠷᠭᠡ ᠣᠷᠣᠨ ᠪᠦᠰᠡ ᠳᠤ ᠲᠦᠷᠭᠡᠨ ᠬᠦᠷᠭᠡᠯᠲᠡ ᠶᠢᠨ ᠪᠣᠭᠤᠳᠠᠯ ᠪᠠᠭᠯᠠᠭ᠎ᠠ ᠵᠡᠷᠭᠡ ᠶᠢ ᠬᠤᠷᠢᠶᠠᠵᠤ  ᠠᠪᠬᠤ ᠢᠯᠡᠷᠬᠡᠢ ᠲᠡᠮᠳᠡᠭ ᠲᠠᠢ ᠪᠡᠯᠡᠳᠬᠡᠮᠵᠢ ᠶᠢ ᠲᠠᠯᠪᠢᠨ᠎ᠠ᠃ ᠬᠠᠶᠠᠭᠳᠠᠮᠠᠯ ᠬᠠᠭᠤᠴᠢᠨ ᠡᠳ᠋ ᠪᠠᠷᠠᠭ᠎ᠠ ᠶᠢ  ᠣᠷᠴᠢᠯᠳᠤᠭᠤᠯᠤᠨ ᠠᠰᠢᠭᠯᠠᠬᠤ ᠰᠢᠰᠲ᠋ᠧᠮᠵᠢ ᠶᠢᠨ ᠵᠢᠱᠢᠶ᠎ᠡ ᠦᠵᠡᠭᠦᠯᠬᠦ ᠬᠤᠲᠠ ᠶᠢ ᠪᠦᠲᠦᠭᠡᠨ ᠪᠠᠶᠢᠭᠤᠯᠬᠤ ᠪᠠᠷ  ᠠᠵᠠ ᠲᠣᠬᠢᠶᠠᠯ ᠪᠣᠯᠭᠠᠵᠤ᠂ ︽ᠬᠤᠳᠠᠯᠳᠤᠬᠤ ᠥᠭᠬᠦ ᠳᠤ ᠲᠥᠬᠦᠮ ᠪᠠᠶᠢᠯᠭᠠᠬᠤ︾ ᠵᠠᠷᠴᠢᠮ ᠶᠣᠰᠣᠭᠠᠷ᠂ ᠳᠠᠬᠢᠯᠲᠠ  ᠡᠬᠢ ᠪᠠᠶᠠᠯᠢᠭ ᠢ ᠬᠤᠷᠢᠶᠠᠨ ᠠᠪᠬᠤ ᠲᠣᠣᠷ ᠴᠡᠭ ᠢ ᠵᠦᠢ ᠵᠣᠬᠢᠰᠲᠠᠢ ᠪᠠᠶᠢᠷᠢᠰᠢᠭᠤᠯᠵᠤ᠂ ᠳᠠᠬᠢᠯᠲᠠ ᠡᠬᠢ ᠪᠠᠶᠠᠯᠢᠭ ᠢ  ᠢᠯᠭᠠᠬᠤ ᠲᠥᠪ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠠᠮᠢᠳᠤᠷᠠᠯ ᠤᠨ ᠬᠤᠭ ᠨᠣᠪᠰᠢ ᠶᠢ ᠲᠥᠷᠥᠯ  ᠬᠤᠪᠢᠶᠠᠬᠤ ᠰᠢᠰᠲ᠋ᠧᠮᠵᠢ ᠯᠦᠭᠡ ᠬᠠᠷᠢᠯᠴᠠᠨ ᠵᠣᠯᠭᠠᠯᠳᠤᠭᠰᠠᠨ ᠳᠠᠬᠢᠯᠲᠠ ᠡᠬᠢ ᠪᠠᠶᠠᠯᠢᠭ ᠢ ᠬᠤᠷᠢᠶᠠᠨ ᠠᠪᠬᠤ  ᠲᠣᠣᠷ ᠢ ᠪᠠᠶᠢᠭᠤᠯᠤᠨ᠎ᠠ᠃ ︽ᠢᠨᠲ᠋ᠧᠷ ᠰᠦᠯᠵᠢᠶ᠎ᠡ + ᠡᠬᠢ ᠪᠠᠶᠠᠯᠢᠭ ᠢ ᠬᠤᠷᠢᠶᠠᠨ ᠠᠪᠬᠤ︾ ᠵᠠᠭᠪᠤᠷ ᠢ  ᠢᠳᠡᠪᠬᠢᠲᠡᠢ ᠬᠠᠶᠢᠨ ᠰᠦᠪᠡᠭᠴᠢᠯᠡᠵᠦ᠂ ᠬᠤᠭ ᠨᠣᠪᠰᠢ ᠶᠢ ᠲᠥᠷᠥᠯ ᠬᠤᠪᠢᠶᠠᠬᠤ ᠣᠶᠤᠨᠴᠢ ᠫᠷᠣᠭ᠍ᠷᠠᠮ ᠪᠠ  ᠰᠦᠯᠵᠢᠶᠡᠨ ᠤ ᠨᠡᠶᠢᠲᠡ ᠶᠢᠨ ᠳ᠋ᠤᠭᠠᠷ ᠢ ᠰᠤᠳᠤᠯᠤᠨ ᠨᠡᠭᠡᠭᠡᠵᠦ ᠳᠡᠯᠭᠡᠷᠡᠭᠦᠯᠦᠨ ᠲᠦᠭᠡᠮᠡᠯᠵᠢᠭᠦᠯᠵᠦ᠂ ᠳᠠᠬᠢᠯᠲᠠ ᠡᠬᠢ  ᠪᠠᠶᠠᠯᠢᠭ ᠢ ᠲᠥᠷᠥᠯ ᠬᠤᠪᠢᠶᠠᠨ ᠬᠤᠷᠢᠶᠠᠨ ᠠᠪᠴᠤ ᠠᠰᠢᠭᠯᠠᠬᠤ ᠮᠡᠳᠡᠭᠡ ᠵᠠᠩᠭᠢᠵᠢᠯᠲᠠ ᠶᠢᠨ ᠲᠠᠪᠴᠠᠩ ᠢ  ᠪᠠᠶᠢᠭᠤᠯᠤᠨ ᠲᠡᠭᠦᠯᠳᠡᠷᠵᠢᠭᠦᠯᠦᠨ᠎ᠡ᠃ 2025 ᠣᠨ ᠪᠣᠯᠬᠤ ᠳᠤ᠂ ᠠᠮᠢᠳᠤᠷᠠᠯ ᠤᠨ ᠬᠤᠭ ᠨᠣᠪᠰᠢ ᠶᠢ ᠬᠤᠷᠢᠶᠠᠨ  ᠠᠪᠴᠤ ᠠᠰᠢᠭᠯᠠᠬᠤ ᠨᠣᠷᠮ᠎ᠠ ᠶᠢ 35% ᠬᠦᠷᠭᠡᠨ᠎ᠡ᠃ ︵ ᠲᠦᠷᠦᠭᠦᠯᠡᠨ ᠬᠢᠬᠦ ᠨᠢᠭᠡᠴᠡ᠄ ᠬᠤᠲᠠ ᠶᠢᠨ  ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ︔ ᠬᠠᠷᠢᠭᠤᠴᠠᠯᠭᠠᠲᠤ  ᠨᠢᠭᠡᠴᠡ᠄ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠤᠳᠠᠯᠳᠤᠭᠠᠨ ᠤ ᠶᠠᠪᠤᠳᠠᠯ ᠤᠨ  ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠠᠩᠭᠠᠨ  ᠪᠣᠷᠣᠯᠠᠭᠤᠯᠬᠤ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ᠂ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ᠂ ᠡᠯ᠎ᠡ  ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ  ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶             4. ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠰᠢᠢᠳᠪᠦᠷᠢᠯᠡᠬᠦ ᠴᠢᠳᠠᠪᠤᠷᠢ ᠶᠢ  ᠳᠡᠭᠡᠭᠰᠢᠯᠡᠭᠦᠯᠦᠨ᠎ᠡ᠃ ᠲᠥᠷᠥᠯ ᠬᠤᠪᠢᠶᠠᠨ ᠬᠤᠷᠢᠶᠠᠵᠤ ᠲᠡᠭᠡᠭᠡᠪᠦᠷᠢᠯᠡᠬᠦ ᠯᠦᠭᠡ ᠬᠠᠷᠢᠯᠴᠠᠨ ᠵᠣᠬᠢᠴᠠᠯᠳᠤᠭᠰᠠᠨ  ᠡᠴᠦᠰ ᠤᠨ ᠦᠵᠦᠭᠦᠷ ᠤᠨ ᠰᠢᠢᠳᠪᠦᠷᠢᠯᠡᠬᠦ ᠪᠡᠯᠡᠳᠬᠡᠮᠵᠢ ᠶᠢ ᠢᠵᠢ ᠪᠦᠷᠢᠳᠦᠭᠦᠯᠦᠨ ᠪᠦᠲᠦᠭᠡᠨ ᠪᠠᠶᠢᠭᠤᠯᠵᠤ᠂  ᠰᠠᠶᠢᠬᠠᠨ ᠲᠣᠭᠤᠷᠢᠭ ᠤᠨ 300 ᠲᠣᠨ/ᠡᠳᠦᠷ ᠤᠨ ᠬᠤᠭᠤᠯᠠ ᠲᠣᠭᠤᠭᠠᠨ ᠭᠡᠷ ᠤᠨ ᠬᠤᠭ ᠨᠣᠪᠰᠢ ᠶᠢ  ᠰᠢᠢᠳᠪᠦᠷᠢᠯᠡᠬᠦ᠂ ᠲᠦᠮᠡᠳ ᠵᠡᠭᠦᠨ ᠬᠤᠰᠢᠭᠤᠨ ᠤ 750 ᠲᠣᠨ/ᠡᠳᠦᠷ ᠤᠨ ᠠᠮᠢᠳᠤᠷᠠᠯ ᠤᠨ ᠬᠤᠭ ᠨᠣᠪᠰᠢ ᠶᠢ  ᠰᠢᠲᠠᠭᠠᠵᠤ ᠴᠠᠬᠢᠯᠭᠠᠨ ᠭᠠᠷᠭᠠᠬᠤ ᠪᠠ ᠵᠢᠩ ᠴᠧᠩ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠨᠢᠭᠡᠳᠦᠭᠡᠷ  ᠬᠤᠭᠤᠴᠠᠭᠠᠨ ᠤ ᠬᠤᠶᠠᠳᠤᠭᠠᠷ ᠮᠠᠰᠢᠨ ᠴᠣᠭᠴᠠᠯᠠᠪᠤᠷᠢ ᠶᠢᠨ ᠰᠢᠲᠠᠭᠠᠵᠤ ᠴᠠᠬᠢᠯᠭᠠᠨ ᠭᠠᠷᠭᠠᠬᠤ ᠵᠡᠷᠭᠡ ᠲᠥᠷᠥᠯ  ᠵᠦᠢᠯ ᠢ ᠪᠠᠶᠢᠭᠤᠯᠤᠨ ᠬᠤᠷᠳᠤᠨ ᠠᠰᠢᠭᠯᠠᠯᠲᠠ ᠳᠤ ᠣᠷᠣᠭᠤᠯᠤᠨ᠎ᠠ᠃ 2025 ᠣᠨ ᠪᠣᠯᠬᠤ ᠳᠤ᠂ ᠬᠤᠲᠠ ᠶᠢᠨ  ᠲᠣᠭᠤᠷᠢᠭ ᠤᠨ ᠠᠮᠢᠳᠤᠷᠠᠯ ᠤᠨ ᠤᠭ ᠬᠤᠭ ᠨᠣᠪᠰᠢ ᠶᠢ ︽ᠪᠤᠯᠠᠬᠤ ᠦᠭᠡᠢ︾ ᠪᠣᠯᠬᠤ ᠶᠢ ᠦᠨᠳᠦᠰᠦᠨ‌‍ᠳᠡᠭᠡᠨ  ᠪᠡᠶᠡᠯᠡᠭᠦᠯᠦᠨ᠎ᠡ᠃ ᠠᠮᠢᠳᠤᠷᠠᠯ ᠤᠨ ᠬᠤᠭ ᠨᠣᠪᠰᠢ ᠶᠢ ᠰᠢᠲᠠᠭᠠᠵᠤ ᠴᠠᠬᠢᠯᠭᠠᠨ ᠭᠠᠷᠭᠠᠬᠤ ᠠᠵᠤ ᠠᠬᠤᠶᠢᠯᠠᠯ ᠤᠨ ︽ ᠤᠭᠰᠠᠷᠠᠬᠤ᠂ ᠪᠣᠰᠬᠠᠬᠤ᠂ ᠬᠤᠯᠪᠣᠬᠤ︾ ᠱᠠᠭᠠᠷᠳᠠᠯᠭ᠎ᠠ ᠶᠢ ᠦᠷᠭᠦᠯᠵᠢᠯᠡᠨ ᠴᠢᠩᠭ᠎ᠠ ᠨᠠᠶᠢᠳᠠᠪᠤᠷᠢᠵᠢᠭᠤᠯᠵᠤ᠂  ᠰᠢᠨ᠎ᠡ ᠪᠠᠷ ᠪᠠᠶᠢᠭᠤᠯᠤᠭᠰᠠᠨ ᠠᠮᠢᠳᠤᠷᠠᠯ ᠤᠨ ᠬᠤᠭ ᠨᠣᠪᠰᠢ ᠶᠢ ᠰᠢᠲᠠᠭᠠᠬᠤ ᠪᠡᠯᠡᠳᠬᠡᠮᠵᠢ ᠶᠢᠨ ᠵᠢᠷᠤᠭ ᠲᠥᠯᠥᠪᠯᠡᠭᠡ  ᠪᠠ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ  ᠳᠡᠭᠡᠭᠰᠢᠯᠡᠭᠦᠯᠬᠦ ᠶᠢ ᠥᠷᠭᠦᠯᠵᠢᠯᠡᠨ ᠠᠬᠢᠭᠤᠯᠤᠨ᠎ᠠ᠃  ᠣᠲᠣ ᠶᠢᠨ ᠪᠠᠶᠢᠭ᠎ᠠ ᠪᠤᠯᠠᠬᠤ ᠲᠠᠯᠠᠪᠠᠶ ᠶᠢᠨ ᠠᠵᠢᠯᠯᠠᠭᠠᠨ ᠢ ᠬᠢᠨᠠᠨ ᠬᠠᠮᠢᠶᠠᠷᠬᠤ ᠪᠠ ᠪᠢᠲᠡᠭᠦᠮᠵᠢᠯᠡᠭᠰᠡᠨ ᠤ ᠳᠠᠷᠠᠭᠠᠬᠢ  ᠪᠤᠯᠠᠬᠤ ᠲᠠᠯᠠᠪᠠᠶ ᠶᠢ ᠮᠥᠷᠳᠡᠨ ᠬᠢᠨᠠᠨ ᠬᠡᠮᠵᠢᠬᠦ ᠶᠢ ᠴᠢᠩᠭᠠᠷᠠᠭᠤᠯᠵᠤ᠂ ᠠᠮᠢᠳᠤᠷᠠᠯ ᠤᠨ ᠬᠤᠭ ᠨᠣᠪᠰᠢ ᠶᠢ ᠪᠤᠯᠠᠵᠤ  ᠨᠡᠪᠴᠢᠵᠦ ᠭᠠᠷᠤᠭᠰᠠᠨ ᠰᠢᠩᠭᠡᠨ ᠢ ᠰᠢᠢᠳᠪᠦᠷᠢᠯᠡᠬᠦ ᠵᠡᠷᠭᠡ ᠭᠤᠣᠯᠳᠠᠯᠭ᠎ᠠ ᠲᠠᠢ ᠠᠰᠠᠭᠤᠳᠠᠯ ᠢ ᠪᠥᠬᠦ ᠲᠠᠯ᠎ᠠ ᠪᠠᠷ  ᠪᠠᠶᠢᠴᠠᠭᠠᠵᠤ ᠴᠡᠭᠴᠡᠯᠡᠨ ᠵᠠᠰᠠᠨ᠎ᠠ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠬᠤᠲᠠ ᠶᠢᠨ  ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ︔ᠬᠠᠷᠢᠭᠤᠴᠠᠯᠭᠠᠲᠤ ᠨᠢᠭᠡᠴᠡ᠄  ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ  ᠵᠥᠪᠯᠡᠯ︶             5. ᠬᠡᠷᠡᠭᠯᠡᠭᠡᠨ ᠠᠴᠠ ᠭᠠᠷᠭᠠᠭᠰᠠᠨ ᠮᠠᠰᠢᠨ ᠲᠡᠷᠭᠡ ᠶᠢ ᠬᠤᠷᠢᠶᠠᠨ ᠠᠪᠴᠤ ᠵᠠᠳᠠᠯᠬᠤ ᠴᠢᠳᠠᠪᠤᠷᠢ ᠶᠢᠨ  ᠪᠠᠶᠢᠭᠤᠯᠤᠯᠲᠠ ᠶᠢ ᠴᠢᠩᠭᠠᠳᠬᠠᠨ᠎ᠠ᠃ ᠲᠦᠮᠡᠳ ᠵᠡᠭᠦᠨ ᠬᠤᠰᠢᠭᠤᠨ ᠤ ᠰᠠᠶᠢᠷᠲᠤ ᠠᠶᠢᠯ ᠤᠨ ᠪᠠᠷᠠᠭᠠᠨ ᠤ  ᠭᠦᠢᠯᠭᠡᠭᠡᠨ ᠤ ᠬᠦᠷᠢᠶᠡᠯᠡᠩ ᠤᠨ ᠬᠡᠷᠡᠭᠯᠡᠭᠡᠨ ᠠᠴᠠ ᠭᠠᠷᠭᠠᠭᠰᠠᠨ ᠮᠠᠰᠢᠨ ᠲᠡᠷᠭᠡ ᠶᠢ ᠬᠤᠷᠢᠶᠠᠨ ᠠᠪᠴᠤ ᠵᠠᠳᠠᠯᠬᠤ  ᠠᠵᠤ ᠦᠢᠯᠡᠰ ᠤᠨ ᠬᠦᠷᠢᠶᠡᠯᠡᠩ ᠵᠡᠷᠭᠡ ᠲᠥᠷᠥᠯ ᠵᠦᠢᠯ ᠢ ᠪᠠᠶᠢᠭᠤᠯᠤᠨ᠂ ᠬᠡᠷᠡᠭᠯᠡᠭᠡᠨ ᠠᠴᠠ ᠭᠠᠷᠭᠠᠭᠰᠠᠨ ᠮᠠᠰᠢᠨ  ᠲᠡᠷᠭᠡ ᠶᠢ ᠵᠠᠳᠠᠯᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠣᠲᠣ ᠶᠢᠨ ᠪᠠᠶᠢᠭ᠎ᠠ ᠬᠡᠷᠡᠭᠯᠡᠭᠡᠨ ᠠᠴᠠ ᠭᠠᠷᠭᠠᠭᠰᠠᠨ  ᠮᠠᠰᠢᠨ ᠲᠡᠷᠭᠡ ᠶᠢ ᠬᠤᠷᠢᠶᠠᠨ‌ᠠᠪᠴᠤ ᠵᠠᠳᠠᠯᠬᠤ ᠠᠵᠤ ᠠᠬᠤᠶᠢᠯᠠᠯ ᠢ ᠲᠠᠰ ᠳᠡᠪᠰᠢᠭᠦᠯᠦᠨ ᠥᠭᠡᠷᠡᠴᠢᠯᠡᠬᠦ ᠠᠯᠬᠤᠴᠠ ᠶᠢ  ᠲᠦᠷᠭᠡᠳᠬᠡᠵᠦ᠂ ᠬᠤᠷᠢᠶᠠᠨ ᠠᠪᠴᠤ ᠵᠠᠳᠠᠯᠬᠤ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ  ᠴᠢᠩᠭ᠎ᠠ ᠨᠠᠶᠢᠳᠠᠪᠤᠷᠢᠵᠢᠭᠤᠯᠬᠤ ᠶᠢ ᠰᠢᠮᠳᠠᠭᠤᠯᠵᠤ᠂ ᠬᠤᠷᠢᠶᠠᠨ ᠠᠪᠴᠤ ᠵᠠᠳᠠᠯᠬᠤ ᠠᠵᠢᠯᠯᠠᠭ᠎ᠠ ᠶᠢ ᠬᠠᠤᠯᠢ ᠲᠣᠭᠲᠠᠭᠠᠯ  ᠶᠣᠰᠣᠭᠠᠷ ᠥᠷᠨᠢᠭᠦᠯᠦᠨ᠎ᠡ᠃ ᠬᠤᠳᠠᠯᠳᠤᠭᠠᠨ ᠤ ᠶᠠᠪᠤᠳᠠᠯ᠂ ᠳᠣᠲᠣᠭᠠᠳᠤ ᠶᠢ ᠬᠠᠮᠠᠭᠠᠯᠠᠬᠤ᠂ ᠠᠮᠢ ᠠᠬᠤᠢ ᠣᠷᠴᠢᠨ  ᠲᠣᠭᠤᠷᠢᠨ᠂ ᠵᠠᠮ ᠬᠠᠷᠢᠯᠴᠠᠭ᠎ᠠ ᠲᠡᠭᠡᠭᠡᠪᠦᠷᠢ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ  ᠮᠥᠴᠢᠷ ᠤᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠬᠡᠷᠡᠭᠯᠡᠭᠡᠨ ᠠᠴᠠ ᠭᠠᠷᠭᠠᠭᠰᠠᠨ ᠮᠠᠰᠢᠨ ᠲᠡᠷᠭᠡ ᠶᠢ  ᠬᠠᠤᠯᠢ ᠪᠤᠰᠤ ᠪᠠᠷ ᠬᠤᠷᠢᠶᠠᠨ ᠠᠪᠴᠤ ᠵᠠᠳᠠᠯᠬᠤ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ︵ ᠲᠦᠷᠦᠭᠦᠯᠡᠨ ᠬᠢᠬᠦ ᠨᠢᠭᠡᠴᠡ᠄ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︔ ᠬᠠᠷᠢᠭᠤᠴᠠᠯᠭᠠᠲᠤ  ᠨᠢᠭᠡᠴᠡ᠄ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠮᠢ ᠠᠬᠤᠢ ᠣᠷᠴᠢᠨ  ᠲᠣᠭᠤᠷᠢᠨ ᠤ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ  ᠲᠣᠪᠴᠢᠶ᠎ᠠ᠂ ᠲᠦᠮᠡᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ︶             6. ᠬᠤᠲᠠ ᠪᠠᠯᠭᠠᠰᠤ ᠶᠢᠨ ᠪᠣᠬᠢᠷ ᠤᠰᠤ ᠪᠣᠬᠢᠷ ᠰᠢᠪᠠᠷ ᠢ ᠠᠰᠢᠭᠯᠠᠵᠤ ᠰᠢᠢᠳᠪᠦᠷᠢᠯᠡᠬᠦ ᠴᠢᠳᠠᠪᠤᠷᠢ ᠶᠢ  ᠳᠡᠭᠡᠭᠰᠢᠯᠡᠭᠦᠯᠦᠨ᠎ᠡ᠃ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠭᠦᠨᠵᠡᠭᠡᠢ ᠤᠰᠤ ᠦᠭᠡᠶᠢᠳᠡᠭᠦᠯᠬᠦ ᠤᠷ᠎ᠠ  ᠮᠡᠷᠭᠡᠰᠢᠯ ᠤᠨ ᠪᠡᠯᠡᠳᠬᠡᠮᠵᠢ ᠶᠢ ᠵᠢᠷᠤᠮᠵᠢᠭᠤᠨ ᠠᠵᠢᠯᠯᠠᠭᠤᠯᠵᠤ᠂ ᠬᠤᠲᠠ‌‍ᠶᠢᠨ ᠶᠠᠪᠤᠳᠠᠯ ᠤᠨ ᠪᠣᠬᠢᠷ ᠰᠢᠪᠠᠷ ᠤᠨ  ᠡᠵᠡᠯᠡᠬᠦᠨ ᠢ ᠪᠠᠭᠠᠰᠬᠠᠨ ᠬᠡᠮᠵᠢᠶ᠎ᠡ ᠶᠢ ᠪᠠᠭᠠᠰᠬᠠᠬᠤ ᠦᠷ᠎ᠡ ᠪᠦᠲᠦᠮᠵᠢ ᠶᠢ ᠪᠠᠲᠤᠯᠠᠨ᠎ᠠ᠃ ᠡᠬᠢ ᠪᠠᠶᠠᠯᠢᠭᠵᠢᠭᠤᠯᠬᠤ ᠪᠠᠷ  ᠴᠢᠭᠯᠡᠯ ᠪᠣᠯᠭᠠᠨ᠂ ᠨᠡᠶᠢᠭᠡᠮ ᠤᠨ ᠡᠬᠢ ᠪᠠᠶᠠᠯᠢᠭ ᠢ ᠣᠷᠣᠭᠤᠯᠤᠨ ᠠᠪᠴᠢᠷᠠᠵᠤ᠂ ᠪᠣᠬᠢᠷ ᠰᠢᠪᠠᠷ ᠢ ᠰᠢᠢᠳᠪᠦᠷᠢᠯᠡᠬᠦ  ᠵᠠᠬ᠎ᠠ ᠳᠡᠯᠭᠡᠭᠦᠷᠴᠢᠯᠡᠭᠰᠡᠨ ᠠᠵᠢᠯᠯᠠᠭᠠᠨ ᠤ ᠲᠣᠭᠲᠠᠴᠠ ᠶᠢ ᠪᠠᠶᠢᠭᠤᠯᠵᠤ᠂ ᠪᠣᠬᠢᠷ ᠰᠢᠪᠠᠷ ᠢ ᠡᠬᠢ ᠪᠠᠶᠠᠯᠢᠭᠵᠢᠭᠤᠯᠤᠨ  ᠠᠰᠢᠭᠯᠠᠬᠤ ᠵᠠᠬ᠎ᠠ ᠳᠡᠯᠭᠡᠭᠦᠷ ᠢ ᠣᠯᠠᠨ ᠠᠷᠭ᠎ᠠ ᠵᠠᠮ ᠣᠯᠠᠨ ᠲᠠᠯ᠎ᠠ ᠠᠴᠠ ᠥᠷᠭᠡᠳᠬᠡᠵᠦ᠂ ᠪᠠᠷᠢᠯᠭ᠎ᠠ ᠶᠢᠨ  ᠮᠠᠲ᠋ᠧᠷᠢᠶᠠᠯ ᠪᠣᠯᠭᠠᠨ ᠠᠰᠢᠭᠯᠠᠬᠤ᠂ ᠭᠠᠵᠠᠷ ᠰᠢᠷᠣᠢ ᠪᠣᠯᠭᠠᠨ ᠠᠰᠢᠭᠯᠠᠬᠤ ᠪᠠᠷ ᠭᠤᠣᠯᠳᠠᠯᠭ᠎ᠠ ᠪᠣᠯᠭᠠᠨ᠂ ᠰᠢᠨᠵᠢᠯᠡᠬᠦ  ᠤᠬᠠᠭᠠᠨ ᠤ ᠰᠣᠳᠣᠯᠠᠭᠠᠨ ᠤ ᠬᠦᠷᠢᠶᠡᠯᠡᠩ ᠭᠠᠵᠠᠷ᠂ ᠳᠡᠭᠡᠳᠦ ᠰᠤᠷᠭᠠᠭᠤᠯᠢ᠂ ᠪᠣᠬᠢᠷ ᠤᠰᠤ ᠶᠢ ᠰᠢᠢᠳᠪᠦᠷᠢᠯᠡᠬᠦ ᠠᠵᠤ  ᠠᠬᠤᠶᠢᠯᠠᠯ ᠵᠡᠷᠭᠡ ᠨᠢᠭᠡᠴᠡ ᠶᠢ ᠬᠥᠲᠥᠯᠥᠨ ᠵᠢᠯᠤᠭᠤᠳᠴᠤ ᠪᠣᠬᠢᠷ ᠰᠢᠪᠠᠷ ᠢ ᠡᠬᠢ ᠪᠠᠶᠠᠯᠢᠭᠵᠢᠭᠤᠯᠤᠨ ᠠᠰᠢᠭᠯᠠᠬᠤ  ᠮᠡᠷᠭᠡᠵᠢᠯ ᠢ ᠰᠤᠳᠤᠯᠤᠨ ᠨᠡᠭᠡᠭᠡᠵᠦ᠂ ᠪᠣᠬᠢᠷ ᠰᠢᠪᠠᠷ ᠢ ᠣᠯᠠᠨ ᠡᠰᠢᠵᠢᠭᠦᠯᠦᠨ ᠠᠰᠢᠭᠯᠠᠵᠤ ᠰᠢᠢᠳᠪᠦᠷᠢᠯᠡᠬᠦ ᠠᠷᠭ᠎ᠠ  ᠵᠠᠮ ᠪᠠ ᠠᠷᠭ᠎ᠠ ᠮᠠᠶ᠋ᠢᠭ ᠢ ᠬᠠᠶᠢᠨ ᠰᠦᠪᠡᠭᠴᠢᠯᠡᠵᠦ᠂ ᠪᠣᠬᠢᠷ ᠰᠢᠪᠠᠷ ᠢ ᠠᠰᠢᠭᠯᠠᠵᠤ ᠰᠢᠢᠳᠪᠦᠷᠢᠯᠡᠬᠦ ᠨᠣᠷᠮ᠎ᠠ ᠶᠢ ᠪᠥᠬᠦ  ᠲᠠᠯ᠎ᠠ ᠪᠠᠷ ᠳᠡᠭᠡᠭᠰᠢᠯᠡᠭᠦᠯᠦᠨ᠎ᠡ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠣᠷᠣᠨ ᠰᠠᠭᠤᠴᠠ ᠪᠠ ᠬᠤᠲᠠ  ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠨᠵᠢᠯᠡᠬᠦ  ᠤᠬᠠᠭᠠᠨ ᠮᠡᠷᠭᠡᠵᠢᠯ ᠤᠨ ᠲᠣᠪᠴᠢᠶ᠎ᠠ᠂ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ︶             ︵ᠵᠢᠷᠭᠤᠭ᠎ᠠ︶ ᠪᠠᠷᠢᠯᠭ᠎ᠠ ᠶᠢᠨ ᠬᠤᠭ ᠨᠣᠪᠰᠢ ᠶᠢ ᠴᠡᠭᠴᠡᠯᠡᠨ ᠵᠠᠰᠠᠵᠤ᠂ ᠬᠤᠳᠠ ᠶᠢᠨ ᠬᠥᠭᠵᠢᠯᠲᠡ ᠶᠢᠨ  ᠬᠢᠷᠢ ᠲᠦᠪᠰᠢᠨ ᠢ ᠳᠡᠭᠡᠭᠰᠢᠯᠡᠭᠦᠯᠦᠨ᠎ᠡ           1. ᠪᠠᠷᠢᠯᠭ᠎ᠠ ᠵᠢᠨ‌ᠬᠤᠭ ᠨᠣᠪᠰᠢ ᠶᠢᠨ ᠪᠦᠬᠦ ᠶᠠᠪᠤᠴᠠ ᠵᠢᠨ‌ᠬᠠᠮᠢᠶᠠᠷᠤᠯᠲᠠ ᠶᠢ ᠴᠢᠩᠭᠠᠳᠬᠠᠨ᠎ᠠ᠃  ᠪᠠᠷᠢᠯᠭ᠎ᠠ ᠶᠢᠨ ᠲᠤᠬᠠᠢ ᠶᠢᠨ ᠲᠠᠯᠠᠪᠤᠷ ᠤᠨ ᠪᠠᠷᠢᠯᠭ᠎ᠠ ᠶᠢᠨ ᠬᠤᠭ ᠨᠣᠪᠰᠢ ᠶᠢᠨ ᠬᠡᠮᠵᠢᠶ᠎ᠡ ᠶᠢ ᠪᠠᠭᠠᠰᠬᠠᠬᠤ  ᠵᠢᠯᠣᠭᠤᠳᠤᠯᠭ᠎ᠠ ᠶᠢᠨ ᠭᠠᠷ ᠳᠡᠪᠲᠡᠷ ᠢ ᠨᠡᠶᠢᠲᠡᠯᠡᠵᠦ᠂ ᠪᠠᠷᠢᠯᠭ᠎ᠠ ᠶᠢᠨ ᠨᠢᠭᠡᠴᠡ ᠶᠢᠨ ᠡᠭᠦᠷᠢᠳᠡ ᠶᠢᠨ ᠪᠠ ᠲᠦᠷ  ᠴᠠᠭ ᠤᠨ ᠬᠢ ᠶᠢ ᠤᠶᠠᠯᠳᠤᠭᠤᠯᠬᠤ᠂ ᠲᠦᠷ ᠴᠠᠭ ᠤᠨ ᠪᠡᠯᠡᠳᠬᠡᠮᠵᠢ ᠪᠠ ᠡᠷᠭᠢᠯᠲᠡ ᠶᠢᠨ ᠮᠠᠲ᠋ᠧᠷᠢᠶᠠᠯ ᠢ ᠳᠠᠬᠢᠨ  ᠳᠠᠪᠲᠠᠨ ᠠᠰᠢᠭᠯᠠᠬᠤ ᠵᠡᠷᠭᠡ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠠᠪᠬᠤ ᠶᠢ ᠤᠯᠠᠮ ᠨᠢᠭᠡ ᠠᠯᠬᠤᠮ  ᠵᠢᠷᠤᠮᠵᠢᠭᠤᠯᠬᠤ ᠪᠠ ᠵᠢᠯᠣᠭᠤᠳᠤᠨ᠎ᠠ᠃ ᠪᠠᠷᠢᠯᠭ᠎ᠠ ᠶᠢᠨ ᠨᠢᠭᠡᠴᠡ ᠶᠢᠨ ᠪᠠᠷᠢᠯᠭ᠎ᠠ ᠶᠢᠨ ᠬᠤᠭ ᠨᠣᠪᠰᠢ ᠶᠢᠨ ᠬᠡᠮᠵᠢᠶ᠎ᠡ ᠶᠢ  ᠪᠠᠭᠠᠰᠬᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠪᠠᠷᠢᠯᠭ᠎ᠠ ᠶᠢᠨ ᠬᠤᠭ ᠨᠣᠪᠰᠢ ᠶᠢᠨ  ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠶᠢᠨ ᠵᠠᠷᠤᠳᠠᠯ ᠢ ᠪᠠᠷᠢᠯᠭ᠎ᠠ ᠶᠢᠨ ᠲᠣᠶᠢᠮᠣ ᠲᠥᠰᠥᠪ ᠲᠤ ᠣᠷᠣᠭᠤᠯᠬᠤ ᠶᠢ  ᠲᠦᠯᠬᠢᠨ ᠠᠬᠢᠭᠤᠯᠤᠨ᠎ᠠ᠃ ᠵᠠᠰᠠᠭ ᠤᠨ ᠣᠷᠳᠣᠨ ᠠᠴᠠ ᠪᠡᠯᠡ ᠣᠷᠣᠭᠤᠯᠤᠭᠰᠠᠨ ᠬᠤᠲᠠ ᠶᠢᠨ ᠶᠠᠪᠤᠳᠠᠯ ᠤᠨ  ᠰᠠᠭᠤᠷᠢ ᠪᠡᠯᠡᠳᠬᠡᠮᠵᠢ ᠶᠢ ᠣᠳᠣᠨ ᠲᠠᠰ ᠤᠨ ᠪᠣᠬᠢᠷᠳᠤᠯ ᠦᠭᠡᠢ ᠪᠠᠷᠢᠯᠭ᠎ᠠ ᠶᠢᠨ ᠪᠠᠷᠢᠮᠵᠢᠶ᠎ᠠ ᠶᠣᠰᠣᠭᠠᠷ ᠵᠢᠷᠤᠭᠯᠠᠨ  ᠲᠥᠯᠥᠪᠯᠡᠬᠦ ᠪᠠ ᠪᠦᠲᠦᠭᠡᠨ ᠪᠠᠶᠢᠭᠤᠯᠬᠤ ᠶᠢ ᠵᠣᠷᠢᠭᠵᠢᠭᠤᠯᠵᠤ᠂ ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠶᠢ  ᠪᠣᠬᠢᠷᠳᠤᠯ ᠦᠭᠡᠢ ᠪᠠᠷᠢᠯᠭ᠎ᠠ ᠶᠢᠨ ᠪᠠᠷᠢᠮᠵᠢᠶ᠎ᠠ ᠳᠤ ᠬᠦᠷᠭᠡᠬᠦ ᠶᠢ ᠲᠦᠷᠭᠡᠳᠬᠡᠨ᠎ᠡ᠃ ᠤᠭᠰᠠᠷᠠᠮᠠᠯ ᠮᠠᠶ᠋ᠢᠭ ᠤᠨ  ᠪᠠᠷᠢᠯᠭ᠎ᠠ ᠶᠢ ᠶᠡᠬᠡᠪᠡᠷ ᠬᠥᠭᠵᠢᠭᠦᠯᠵᠦ᠂ ᠰᠢᠨ᠎ᠡ ᠪᠠᠷ ᠪᠠᠶᠢᠭᠤᠯᠬᠤ ᠬᠤᠳᠠ ᠪᠠᠯᠭᠠᠰᠤᠨ ᠤ ᠠᠷᠠᠳ ᠤᠨ ᠬᠡᠷᠡᠭᠯᠡᠭᠡᠨ ᠤ  ᠪᠠᠷᠢᠯᠭ᠎ᠠ ᠶᠢᠨ ᠲᠥᠯᠥᠪᠵᠢᠭᠦᠯᠬᠦ ᠨᠥᠬᠦᠴᠡᠯ᠂ ᠪᠦᠲᠦᠭᠡᠨ ᠪᠠᠶᠢᠭᠤᠯᠬᠤ ᠨᠥᠬᠦᠴᠡᠯ ᠳᠤ ᠤᠭᠰᠠᠷᠠᠮᠠᠯ ᠮᠠᠶ᠋ᠢᠭ ᠤᠨ  ᠪᠠᠷᠢᠯᠭ᠎ᠠ ᠶᠢᠨ ᠬᠠᠷᠢᠴᠠᠯ᠂ ᠤᠭᠰᠠᠷᠠᠬᠤ ᠨᠤᠷᠮ᠎ᠠ ᠶᠢ ᠲᠣᠳᠣᠷᠬᠠᠶᠢᠯᠠᠵᠤ᠂ ᠵᠠᠰᠠᠭ ᠤᠨ ᠣᠷᠳᠣᠨ ᠪᠡᠯᠡ ᠣᠷᠣᠭᠤᠯᠬᠤ  ᠪᠤᠶᠤ ᠵᠠᠰᠠᠭ ᠤᠨ ᠣᠷᠳᠣᠨ ᠪᠡᠯᠡ ᠣᠷᠣᠭᠤᠯᠬᠤ ᠪᠠᠷ ᠭᠤᠣᠯ ᠪᠣᠯᠭᠠᠭᠰᠠᠨ ᠪᠠᠷᠢᠯᠭ᠎ᠠ ᠶᠢ ᠪᠦᠬᠦ ᠲᠠᠯ᠎ᠠ ᠪᠠᠷ ᠤᠭᠰᠠᠷᠠᠮᠠᠯ  ᠮᠠᠶ᠋ᠢᠭ ᠤᠨ ᠪᠠᠷᠢᠯᠭ᠎ᠠ ᠶᠢᠨ ᠪᠠᠷᠢᠮᠵᠢᠶ᠎ᠠ ᠪᠠᠷ ᠪᠦᠲᠦᠭᠡᠨ ᠪᠠᠶᠢᠭᠤᠯᠬᠤ ᠬᠡᠷᠡᠭᠲᠡᠢ᠃ ᠪᠠᠷᠢᠯᠭ᠎ᠠ ᠶᠢᠨ ᠬᠤᠭ ᠨᠣᠪᠰᠢ ᠶᠢᠨ  ᠲᠡᠭᠡᠭᠡᠪᠦᠷᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠲᠡᠭᠡᠭᠡᠪᠦᠷᠢ ᠶᠢᠨ ᠵᠠᠮ ᠱᠤᠭᠤᠮ ᠪᠠ ᠴᠠᠭ ᠬᠤᠭᠤᠴᠠᠭ᠎ᠠ ᠶᠢ  ᠲᠣᠭᠲᠠᠭᠠᠨ᠂ ︽ᠢᠨᠲ᠋ᠧᠷ ᠰᠦᠯᠵᠢᠶ᠎ᠡ + ᠬᠥᠳᠡᠯᠦᠩᠭᠦᠢ ᠲᠣᠭᠤᠷᠢᠨ ᠪᠠᠶᠢᠴᠠᠭᠠᠵᠤ ᠬᠠᠮᠢᠶᠠᠷᠤᠨ ᠡᠵᠡᠮᠳᠡᠬᠦ︾ ᠠᠷᠭ᠎ᠠ  ᠪᠠᠷᠢᠯ ᠢ ᠬᠡᠷᠡᠭᠯᠡᠨ᠂ ᠪᠥᠬᠦ ᠶᠠᠪᠤᠴᠠ ᠶᠢᠨ᠂ ᠵᠢᠷᠤᠮᠵᠢᠭᠰᠠᠨ᠂ ᠥᠨᠴᠥᠭ ᠪᠤᠯᠤᠩ ᠦᠭᠡᠢ ᠬᠠᠮᠢᠶᠠᠷᠤᠯᠲᠠ ᠶᠢ  ᠬᠡᠷᠡᠭᠵᠢᠭᠦᠯᠦᠨ᠎ᠡ᠃ ︵ ᠲᠦᠷᠦᠭᠦᠯᠡᠨ ᠬᠢᠬᠦ ᠨᠢᠭᠡᠴᠡ᠄ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ  ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ  ᠬᠡᠷᠡᠭᠵᠢᠭᠦᠯᠬᠦ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠥᠭᠵᠢᠭᠦᠯᠦᠯᠲᠡ ᠪᠠ  ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ︶             2. ᠪᠠᠷᠢᠯᠭ᠎ᠠ ᠶᠢᠨ ᠬᠤᠭ ᠨᠣᠪᠰᠢ ᠶᠢ ᠵᠠᠰᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠠᠷᠢᠯᠭ᠎ᠠ ᠶᠢᠨ ᠬᠤᠭ  ᠨᠣᠪᠰᠢ ᠶᠢᠨ ᠣᠷᠴᠢᠨ ᠲᠣᠭᠤᠷᠢᠨ ᠢ ᠪᠣᠬᠢᠷᠲᠤᠭᠤᠯᠬᠤ ᠶᠢ ᠰᠡᠷᠭᠡᠶᠢᠯᠡᠨ ᠵᠠᠰᠠᠬᠤ ᠠᠵᠢᠯ ᠤᠨ ᠲᠥᠯᠦᠪᠵᠢᠭᠦᠯᠭᠡ ᠶᠢ  ᠵᠣᠬᠢᠶᠠᠨ ᠪᠠᠶᠢᠭᠤᠯᠤᠨ ᠨᠠᠶᠢᠷᠠᠭᠤᠯᠵᠤ᠂ ᠪᠠᠷᠢᠯᠭ᠎ᠠ ᠶᠢᠨ ᠬᠤᠭ ᠤᠨ ᠲᠠᠯᠠᠪᠠᠢ ᠶᠢᠨ ᠪᠡᠯᠡᠳᠬᠡᠮᠵᠢ ᠪᠠ ᠲᠠᠯᠠᠪᠤᠷ ᠭᠠᠵᠠᠷ ᠢ  ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠪᠠᠶᠢᠷᠢᠯᠠᠭᠤᠯᠤᠨ᠎ᠠ᠃ ᠪᠠᠷᠢᠯᠭ᠎ᠠ ᠶᠢᠨ ᠬᠤᠭ ᠤᠨ ᠲᠠᠯᠠᠪᠠᠶ ᠪᠠ  ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠪᠠᠷᠢᠯᠭ᠎ᠠ ᠶᠢᠨ  ᠬᠤᠭ ᠨᠣᠪᠰᠢ ᠶᠢ ᠠᠰᠢᠭᠯᠠᠵᠤ ᠰᠢᠢᠳᠪᠦᠷᠢᠯᠡᠬᠦ ᠴᠢᠳᠠᠪᠤᠷᠢ ᠶᠢᠨ ᠳᠤᠲᠠᠭᠤᠳᠠᠯ ᠢ ᠠᠯᠢ ᠬᠤᠷᠳᠤᠨ ᠢᠶᠠᠷ  ᠨᠥᠬᠦᠪᠦᠷᠢᠯᠡᠨ᠎ᠡ᠃ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠨᠡᠶᠢᠲᠡᠯᠡᠭᠰᠡᠨ ︽ᠬᠥᠬᠡᠬᠤᠲᠠ ᠶᠢᠨ  ᠬᠤᠳᠠ ᠶᠢᠨ ᠪᠠᠷᠢᠯᠭ᠎ᠠ ᠶᠢᠨ ᠬᠤᠭ ᠨᠣᠪᠰᠢ ᠶᠢᠨ ᠬᠠᠮᠢᠶᠠᠷᠤᠯᠲᠠ ᠶᠢᠨ ᠠᠷᠭ᠎ᠠ︾ ︵ᠵᠠᠰᠠᠭ ᠤᠨ ᠣᠷᠳᠣᠨ ᠤ ᠵᠠᠷᠯᠢᠭ  2009 ᠣᠨ ᠤ 13 ᠳ᠋ᠤᠭᠠᠷ ᠲᠣᠭᠠᠲᠤ︶ ᠳᠤ ᠴᠠᠭ ᠲᠤᠬᠠᠢ ᠳᠤᠨᠢ ᠵᠠᠰᠠᠪᠤᠷᠢ ᠣᠷᠣᠭᠤᠯᠵᠤ᠂ ᠪᠠᠷᠢᠯᠭ᠎ᠠ ᠶᠢᠨ  ᠬᠤᠭ ᠨᠣᠪᠰᠢ ᠶᠢᠨ ᠪᠥᠬᠦ ᠶᠠᠪᠤᠴᠠ ᠶᠢᠨ ᠬᠠᠮᠢᠶᠠᠷᠤᠯᠲᠠ ᠶᠢᠨ ᠳᠦᠷᠢᠮ ᠤᠨ ᠰᠢᠰᠲ᠋ᠧᠮᠵᠢ ᠶᠢ ᠲᠠᠰᠤᠷᠠᠯᠳᠠ ᠦᠭᠡᠢ  ᠲᠡᠭᠦᠯᠳᠡᠷᠵᠢᠭᠦᠯᠦᠨ᠎ᠡ᠃ ᠪᠠᠷᠢᠯᠭ᠎ᠠ ᠶᠢᠨ ᠨᠢᠭᠡᠴᠡ ᠶᠢᠨ ᠪᠠᠷᠢᠯᠭ᠎ᠠ ᠶᠢᠨ ᠬᠤᠭ ᠨᠣᠪᠰᠢ ᠰᠢᠢᠳᠪᠦᠷᠢᠯᠡᠬᠦ ᠲᠥᠰᠥᠯ ᠢ  ᠨᠠᠶᠢᠷᠠᠭᠤᠯᠤᠨ ᠵᠣᠬᠢᠶᠠᠬᠤ ᠵᠦᠭᠯᠡᠭᠦᠷ ᠢ ᠲᠣᠭᠲᠠᠭᠠᠨ ᠨᠡᠶᠢᠲᠡᠯᠡᠵᠦ᠂ ᠪᠠᠷᠢᠯᠭ᠎ᠠ ᠶᠢᠨ ᠬᠤᠭ ᠨᠣᠪᠰᠢ ᠶᠢᠨ ᠡᠬᠢ  ᠡᠭᠦᠰᠦᠯ ᠠᠴᠠ ᠨᠢ ᠵᠠᠰᠠᠬᠤ ᠶᠢ ᠴᠢᠩᠭᠠᠳᠬᠠᠨ᠎ᠠ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠬᠤᠲᠠ ᠶᠢᠨ  ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄  ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ︶             3. ᠪᠠᠷᠢᠯᠭ᠎ᠠ ᠶᠢᠨ ᠬᠤᠭ ᠨᠣᠪᠰᠢ ᠶᠢ ᠲᠤᠰᠬᠠᠶᠢᠯᠠᠨ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠦᠨ᠎ᠡ᠃  ᠬᠤᠳᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠵᠡᠷᠭᠡ ᠰᠠᠯᠠᠭ᠎ᠠ ᠮᠥᠴᠢᠷ ᠪᠣᠯᠣᠨ ᠰᠢᠶᠠᠨ ᠤ ᠱᠠᠲᠤᠨ ᠤ   ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠤᠭᠤᠷᠣᠨᠳᠣᠬᠢ ᠬᠠᠮᠢᠶᠠᠷᠤᠯᠲᠠ ᠶᠢᠨ ᠬᠤᠯᠪᠣᠯᠳᠤᠯ ᠢ ᠴᠢᠩᠭᠠᠳᠬᠠᠵᠤ᠂  ᠬᠠᠷᠢᠯᠴᠠᠨ ᠬᠠᠮᠵᠢᠯᠴᠠᠵᠤ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠤᠷᠳᠤ ᠬᠤᠭᠤᠴᠠᠭᠠᠨ ᠤ ᠪᠦᠲᠦᠮᠵᠢᠲᠡᠢ  ᠲᠣᠭᠲᠠᠴᠠ ᠶᠢ ᠪᠠᠶᠢᠭᠤᠯᠤᠨ᠎ᠠ᠃ ᠳᠠᠭᠠᠭᠤᠯᠢ ᠣᠳᠣᠨ ᠤ ᠠᠯᠤᠰ ᠰᠡᠷᠡᠯ ᠪᠠ ᠲᠤᠬᠠᠢ ᠶᠢᠨ ᠲᠠᠯᠠᠪᠤᠷ ᠲᠤ  ᠬᠠᠷᠭᠤᠭᠤᠯᠤᠨ ᠪᠠᠶᠢᠴᠠᠭᠠᠬᠤ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢ ᠠᠰᠢᠭᠯᠠᠨ᠂ ᠪᠥᠬᠦ ᠬᠤᠲᠠ ᠶᠢᠨ  ᠪᠠᠷᠢᠯᠭ᠎ᠠ ᠶᠢᠨ ᠬᠤᠭ ᠨᠣᠪᠰᠢ ᠶᠢᠨ ᠣᠪᠣᠭ᠎ᠠ ᠶᠢ ᠰᠢᠰᠲ᠋ᠧᠮ ᠲᠠᠢ ᠵᠢᠭᠰᠠᠭᠠᠨ ᠪᠠᠶᠢᠴᠠᠭᠠᠵᠤ᠂ ᠲᠥᠷᠥᠯ ᠬᠤᠪᠢᠶᠠᠨ  ᠬᠠᠮᠢᠶᠠᠷᠤᠨ ᠡᠵᠡᠮᠳᠡᠬᠦ ᠲᠥᠰᠥᠯ ᠢ ᠰᠤᠳᠤᠯᠤᠨ ᠲᠣᠭᠲᠠᠭᠠᠨ᠎ᠠ᠃ ︽ᠨᠢᠭᠡ ᠴᠡᠭ ᠲᠤ ᠨᠢᠭᠡ ᠠᠷᠭ᠎ᠠ ᠪᠣᠳᠣᠯᠭ᠎ᠠ︾  ᠶᠢᠨ ᠵᠠᠷᠴᠢᠮ ᠶᠣᠰᠣᠭᠠᠷ᠂ ᠪᠠᠷᠢᠯᠭ᠎ᠠ ᠶᠢᠨ ᠬᠤᠭ ᠨᠣᠪᠰᠢ ᠶᠢᠨ ᠣᠪᠣᠭ᠎ᠠ ᠶᠢ ᠵᠠᠰᠠᠬᠤ ᠲᠥᠰᠥᠯ ᠢ ᠴᠠᠭ ᠲᠤᠬᠠᠢ   ᠳᠤᠨᠢ ᠲᠣᠭᠲᠠᠭᠠᠨ᠎ᠠ᠃ ᠬᠤᠰᠢᠭᠤ ᠰᠢᠶᠠᠨ ᠲᠣᠭᠤᠷᠢᠭ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ  ᠵᠣᠬᠢᠶᠠᠨ ᠪᠠᠶᠢᠭᠤᠯᠤᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠪᠠ ︽ᠡᠷᠬᠢᠨ ᠬᠠᠷᠠᠬᠤ︾ ᠶᠢ  ᠠᠬᠢᠭᠤᠯᠵᠤ᠂ ᠵᠢᠭᠰᠠᠭᠠᠨ ᠪᠠᠶᠢᠴᠠᠭᠠᠬᠤ ᠳᠤ ᠰᠣᠬᠤᠷ ᠪᠠᠯᠠᠢ ᠭᠠᠵᠠᠷ ᠦᠯᠡᠳᠡᠭᠡᠬᠦ ᠦᠭᠡᠢ᠂ ᠴᠡᠭᠴᠡᠯᠡᠨ ᠵᠠᠰᠠᠬᠤ ᠳᠤ  ᠥᠨᠴᠥᠭ ᠪᠤᠯᠤᠩ ᠦᠯᠡᠳᠡᠭᠡᠬᠦ ᠦᠭᠡᠢ᠂ ᠠᠰᠠᠭᠤᠳᠠᠯ ᠢ ᠪᠦᠬᠦᠨ ᠢ ᠲᠣᠭᠲᠠᠭᠰᠠᠨ ᠬᠤᠭᠤᠴᠠᠭᠠᠨ ᠳᠤ  ᠰᠢᠢᠳᠪᠦᠷᠢᠯᠡᠨ᠎ᠡ᠃ ︵ ᠲᠦᠷᠦᠭᠦᠯᠡᠨ ᠬᠢᠬᠦ ᠨᠢᠭᠡᠴᠡ᠄ ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ  ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠬᠤᠲᠠ ᠶᠢᠨ ᠠᠮᠢ ᠠᠬᠤᠢ  ᠣᠷᠴᠢᠨ ᠲᠣᠭᠤᠷᠢᠨ ᠤ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶            ︵ᠲᠤᠯᠤᠭ᠎ᠠ︶ ᠠᠶᠤᠯᠲᠠᠢ ᠬᠠᠶᠠᠭᠳᠠᠮᠠᠯ ᠪᠣᠳᠠᠰ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠣᠷᠴᠢᠨ  ᠲᠣᠭᠤᠷᠢᠨ ᠤ ᠲᠦᠭᠰᠢᠭᠦᠷᠢ ᠶᠢᠨ ᠲᠠᠯᠳᠠ ᠭᠡᠮ ᠢ ᠰᠡᠷᠭᠡᠶᠢᠯᠡᠨ᠎ᠡ             1. ᠨᠡᠶᠢᠲᠡᠯᠢᠭ ᠠᠶᠤᠯᠲᠠᠢ ᠬᠠᠶᠠᠭᠳᠠᠮᠠᠯ ᠪᠣᠳᠠᠰ ᠲᠤ ᠠᠩᠬᠠᠷᠤᠯ ᠢᠶᠠᠨ ᠲᠥᠪᠯᠡᠷᠡᠭᠦᠯᠵᠦ᠂ ᠠᠶᠤᠯᠲᠠᠢ  ᠬᠠᠶᠠᠭᠳᠠᠮᠠᠯ ᠪᠣᠳᠠᠰ ᠢ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠴᠢᠩᠭᠠᠳᠬᠠᠨ᠎ᠠ᠃ ᠠᠮᠢᠳᠤ ᠪᠣᠳᠠᠰ ᠤᠨ  ᠡᠮ ᠡᠮᠨᠡᠯᠭᠡ᠂ ᠴᠢᠯᠠᠭᠤᠨ ᠲᠣᠰᠣᠨ ᠤ ᠬᠢᠮᠢ ᠶᠢᠨ ᠠᠵᠤ ᠦᠢᠯᠡᠳᠪᠦᠷᠢ᠂ ᠥᠩᠭᠡᠲᠦ ᠲᠡᠮᠦᠷᠯᠢᠭ ᠬᠠᠶᠢᠯᠤᠭᠤᠯᠬᠤ  ᠠᠵᠢᠯ ᠲᠥᠷᠥᠯ ᠤᠨ ᠠᠵᠤ ᠠᠬᠤᠶᠢᠯᠠᠯ ᠢ ᠠᠯᠬᠤᠮ ᠠᠯᠬᠤᠮ ᠢᠶᠠᠷ ᠠᠯᠪᠠᠳᠠᠯᠭ᠎ᠠ ᠶᠢᠨ ᠴᠢᠨᠠᠷᠲᠠᠢ ᠠᠷᠢᠭᠤᠨ ᠴᠡᠪᠡᠷ  ᠦᠢᠯᠡᠳᠪᠦᠷᠢᠯᠡᠯ ᠤᠨ ᠬᠢᠨᠠᠨ ᠬᠠᠷᠭᠤᠭᠤᠯᠤᠯᠲᠠ ᠳᠤ ᠣᠷᠣᠭᠤᠯᠵᠤ᠂ ᠬᠠᠶᠠᠭᠳᠠᠮᠠᠯ ᠪᠠᠺᠲ᠋ᠧᠷᠢ ᠶᠢᠨ ᠰᠢᠭᠠᠷᠤ᠂  ᠬᠠᠶᠠᠭᠳᠠᠮᠠᠯ ᠬᠦᠴᠢᠯ᠂ ᠬᠥᠩᠭᠡᠨ ᠴᠠᠭᠠᠨ ᠤ ᠦᠨᠡᠰᠦ ᠵᠡᠷᠭᠡ ᠠᠶᠤᠯᠲᠠᠢ ᠬᠠᠶᠠᠭᠳᠠᠮᠠᠯ ᠪᠣᠳᠠᠰ ᠤᠨ ᠡᠭᠦᠰᠬᠦ  ᠬᠦᠴᠦᠯᠡᠴᠡ ᠶᠢ ᠪᠠᠭᠤᠷᠠᠭᠤᠯᠤᠨ᠎ᠠ᠃ ᠬᠤᠲᠠ ᠶᠢᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂  ᠡᠳ᠋ ᠤᠨ ᠵᠠᠰᠠᠭ ᠤᠨ ᠲᠣᠪᠴᠢᠶ᠎ᠠ ᠶᠢᠨ ︽︿ᠬᠥᠬᠡᠬᠤᠲᠠ ᠶᠢᠨ ᠠᠵᠤ ᠦᠢᠯᠡᠳᠪᠦᠷᠢ ᠶᠢᠨ ᠴᠢᠨᠠᠷ ᠰᠠᠶᠢᠲᠠᠢ  ᠬᠥᠭᠵᠢᠯᠲᠡ ᠶᠢᠨ ᠲᠤᠰᠬᠠᠢ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠢ  ᠮᠡᠳᠡᠭᠳᠡᠯ︾ ︵ᠬᠥᠬᠡᠬᠤᠲᠠ ᠠᠵᠤ ᠦᠢᠯᠡᠳᠪᠦᠷᠢ ᠮᠡᠳᠡᠭᠡ ᠲᠠᠷᠬᠠᠭᠠᠭᠰᠠᠨ ﹇2022﹈ 101 ᠳ᠋ᠦ᠋ᠭᠡᠷ ᠲᠣᠭᠠᠲᠤ︶  ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠪᠠᠷ ᠠᠵᠠ ᠲᠣᠬᠢᠶᠠᠯ ᠪᠣᠯᠭᠠᠵᠤ᠂ ᠬᠠᠶᠠᠭᠳᠠᠮᠠᠯ ᠪᠠᠺᠲ᠋ᠧᠷᠢ ᠶᠢᠨ  ᠰᠢᠭᠠᠷᠤ᠂ ᠬᠠᠶᠠᠭᠳᠠᠮᠠᠯ ᠬᠦᠴᠢᠯ᠂ ᠨᠠᠷᠢᠯᠢᠭ ᠨᠡᠷᠡᠯᠲᠡ ᠶᠢᠨ ᠦᠯᠡᠳᠡᠭᠳᠡᠯ ᠰᠢᠭᠠᠷᠤ ᠵᠡᠷᠭᠡ ᠠᠶᠤᠯᠲᠠᠢ ᠬᠠᠶᠠᠭᠳᠠᠮᠠᠯ  ᠪᠣᠳᠠᠰ ᠡᠭᠦᠰᠬᠦ ᠶᠢ ᠪᠠᠭᠠᠰᠬᠠᠬᠤ ᠪᠠᠷ ᠬᠠᠷᠠᠯᠲᠠ ᠪᠣᠯᠭᠠᠵᠤ᠂ ᠠᠮᠢᠳᠤ ᠪᠣᠳᠠᠰ ᠤᠨ ᠡᠮ ᠡᠮᠨᠡᠯᠭᠡ᠂ ᠴᠢᠯᠠᠭᠤᠨ  ᠲᠣᠰᠣᠨ ᠤ ᠬᠢᠮᠢ ᠶᠢᠨ ᠠᠵᠤ ᠦᠢᠯᠡᠳᠪᠦᠷᠢ᠂ ᠬᠡᠦᠷᠰᠢᠭᠦᠯᠬᠦ ᠵᠢᠴᠢ ᠼᠢᠶᠠᠨ ᠤ ᠱᠦᠯᠲᠦ ᠵᠡᠷᠭᠡ ᠬᠠᠶᠠᠭᠳᠠᠮᠠᠯ ᠪᠤᠳᠠᠰ  ᠭᠠᠷᠭᠠᠬᠤ ᠭᠤᠣᠯᠳᠠᠯᠭ᠎ᠠ ᠲᠠᠢ ᠠᠵᠢᠯ ᠲᠥᠷᠥᠯ ᠢ ᠬᠥᠲᠥᠯᠥᠨ ᠵᠢᠯᠤᠭᠤᠳᠴᠤ  ᠤᠷ᠎ᠠ ᠮᠡᠷᠭᠡᠰᠢᠯ ᠤᠨ  ᠲᠥᠬᠦᠭᠡᠷᠦᠮᠵᠢ ᠶᠢ ᠲᠠᠰ ᠳᠡᠪᠰᠢᠭᠦᠯᠦᠨ ᠥᠭᠡᠷᠡᠴᠢᠯᠡᠬᠦ ᠶᠢᠨ ᠬᠠᠮᠲᠤ ᠪᠡᠯᠡ ᠮᠥᠩᠭᠦ ᠶᠢᠨ ᠳᠡᠮᠵᠢᠯᠭᠡ ᠣᠯᠭᠤᠨ᠎ᠠ᠃  ᠴᠠᠩ ᠱᠧᠩ ᠡᠮ ᠦᠶᠯᠡᠳᠬᠦ᠂ ᠮᠧᠩ ᠯᠢᠶᠠᠨ ᠴᠢᠯᠠᠭᠤᠨ ᠲᠣᠰᠣ᠂ ᠳ᠋ᠠ ᠲᠠᠩ  ᠬᠦᠩᠭᠡᠨ ᠴᠠᠭᠠᠨ ᠴᠠᠬᠢᠯᠭᠠᠨ ᠵᠡᠷᠭᠡ  ᠥᠪᠡᠷᠲᠡᠭᠡᠨ ᠠᠰᠢᠭᠯᠠᠵᠤ ᠰᠢᠢᠳᠪᠦᠷᠢᠯᠡᠬᠦ ᠪᠡᠯᠡᠳᠬᠡᠮᠵᠢ ᠶᠢ ᠢᠵᠢ ᠪᠦᠷᠢᠳᠦᠭᠦᠯᠦᠨ ᠪᠠᠶᠢᠭᠤᠯᠤᠭᠰᠠᠨ ᠬᠠᠶᠠᠭᠳᠠᠮᠠᠯ  ᠪᠤᠳᠠᠰ ᠭᠠᠷᠭᠠᠬᠤ ᠠᠵᠤ ᠠᠬᠤᠶᠢᠯᠠᠯ᠂ ᠠᠵᠤ ᠠᠬᠤᠶᠢᠯᠠᠯ ᠤᠨ ᠳᠣᠲᠣᠭᠠᠳᠤ ᠶᠢᠨ ᠠᠶᠤᠯᠲᠠᠢ ᠬᠠᠶᠠᠭᠳᠠᠮᠠᠯ ᠪᠣᠳᠠᠰ ᠤᠨ  ᠬᠠᠮᠢᠶᠠᠷᠤᠯᠲᠠ ᠪᠠᠨ ᠴᠢᠩᠭᠠᠳᠬᠠᠨ᠂ ᠠᠶᠤᠯᠲᠠᠢ ᠬᠠᠶᠠᠭᠳᠠᠮᠠᠯ ᠪᠣᠳᠠᠰ ᠢ ᠠᠰᠢᠭᠯᠠᠵᠤ ᠰᠢᠢᠳᠪᠦᠷᠢᠯᠡᠬᠦ  ᠪᠡᠯᠡᠳᠬᠡᠮᠵᠢ ᠶᠢᠨ ᠠᠵᠢᠯᠯᠠᠭᠠᠨ ᠤ ᠲᠡᠮᠳᠡᠭᠯᠡᠯ ᠢ ᠰᠠᠶᠢᠲᠤᠷ ᠬᠢᠬᠦ ᠬᠡᠷᠡᠭᠲᠡᠢ᠃ ︵ᠲᠦᠷᠦᠭᠦᠯᠡᠨ ᠬᠢᠬᠦ ᠨᠢᠭᠡᠴᠡ᠄  ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ  ᠵᠥᠪᠯᠡᠯ︔ ᠬᠠᠷᠢᠭᠤᠴᠠᠯᠭᠠᠲᠤ ᠨᠢᠭᠡᠴᠡ᠄ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ  ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ︶             2. ᠬᠤᠷᠢᠶᠠᠵᠤ ᠲᠡᠭᠡᠭᠡᠪᠦᠷᠢᠯᠡᠬᠦ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠠᠶᠤᠯᠲᠠᠢ ᠬᠠᠶᠠᠭᠳᠠᠮᠠᠯ  ᠪᠣᠳᠠᠰ ᠢ ᠵᠢᠷᠤᠮᠵᠢᠭᠤᠨ ᠴᠤᠭᠯᠠᠭᠤᠯᠬᠤ ᠶᠢ ᠪᠠᠲᠤᠯᠠᠨ᠎ᠠ᠃ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ  ᠲᠣᠭᠤᠷᠢᠨ ᠤ ᠲᠢᠩᠬᠢᠮ ᠤᠨ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠵᠢᠭ ᠪᠢᠴᠢᠯ ᠠᠵᠤ  ᠠᠬᠤᠶᠢᠯᠠᠯ ᠤᠨ ᠠᠶᠤᠯᠲᠠᠢ ᠬᠠᠶᠠᠭᠳᠠᠮᠠᠯ ᠪᠣᠳᠠᠰ ᠢ ᠬᠤᠷᠢᠶᠠᠨ ᠴᠤᠭᠯᠠᠭᠤᠯᠬᠤ ᠲᠤᠷᠰᠢᠯᠲᠠ ᠶᠢᠨ ᠬᠡᠷᠡᠭᠵᠢᠭᠦᠯᠬᠦ  ᠲᠥᠰᠥᠯ﹀ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ︵ᠥᠪᠥᠷ ᠣᠷᠴᠢᠨ ᠠᠯᠪᠠᠨ ﹇2022﹈ 239  ᠳ᠋ᠦ᠋ᠭᠡᠷ ᠲᠣᠭᠠᠲᠤ︶ ᠢ ᠨᠠᠶᠢᠳᠠᠪᠤᠷᠢᠵᠢᠭᠤᠯᠵᠤ᠂ ᠵᠢᠵᠢᠭ ᠪᠢᠴᠢᠯ ᠠᠵᠤ ᠠᠬᠤᠶᠢᠯᠠᠯ ᠨᠡᠯᠢᠶᠡᠳ ᠲᠥᠪᠯᠡᠷᠡᠭᠰᠡᠨ ᠰᠢᠨ᠎ᠡ  ᠬᠤᠲᠠ ᠲᠣᠭᠤᠷᠢᠭ᠂ ᠰᠠᠶᠢᠬᠠᠨ ᠲᠣᠭᠤᠷᠢᠭ᠂ ᠬᠤᠷᠢᠨᠭᠡᠷ ᠰᠢᠶᠠᠨ ᠪᠠ ᠲᠦᠮᠡᠳ ᠵᠡᠭᠦᠨ ᠬᠤᠰᠢᠭᠤᠨ ᠳᠤ  ᠲᠤᠷᠰᠢᠯᠲᠠ ᠶᠢᠨ ᠨᠢᠭᠡᠴᠡ ᠶᠢ ᠨᠢᠭᠡᠳᠦᠯᠲᠡᠢ ᠲᠥᠯᠥᠪᠯᠡᠨ ᠪᠠᠶᠢᠷᠢᠰᠢᠭᠤᠯᠵᠤ᠂ ᠲᠤᠷᠰᠢᠯᠲᠠ ᠶᠢᠨ ᠨᠢᠭᠡᠴᠡ ᠶᠢᠨ  ᠴᠤᠭᠯᠠᠭᠤᠯᠬᠤ ᠲᠥᠷᠥᠯ ᠵᠦᠢᠯ ᠪᠠ ᠬᠡᠪᠴᠢᠶ᠎ᠡ ᠶᠢ ᠲᠣᠳᠣᠷᠬᠠᠶᠢᠯᠠᠵᠤ᠂ ᠣᠷᠴᠢᠨ ᠲᠣᠭᠤᠷᠢᠨ ᠤ ᠦᠨᠡᠯᠡᠯᠲᠡ ᠶᠢᠨ  ᠬᠠᠮᠢᠶᠠᠷᠤᠯᠲᠠ ᠯᠤᠭ᠎ᠠ ᠬᠤᠯᠪᠤᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠬᠤ ᠶᠢ ᠠᠬᠢᠭᠤᠯᠤᠨ᠎ᠠ᠃   ᠴᠤᠭᠯᠠᠭᠤᠯᠬᠤ ᠲᠤᠷᠰᠢᠯᠲᠠ ᠶᠢᠨ ᠨᠢᠭᠡᠴᠡ ᠨᠦᠭᠦᠳ ᠠᠶᠤᠯᠲᠠᠢ ᠬᠠᠶᠠᠭᠳᠠᠮᠠᠯ ᠪᠣᠳᠠᠰ ᠤᠨ ᠬᠠᠮᠢᠶᠠᠷᠤᠯᠲᠠ ᠶᠢᠨ  ᠲᠥᠯᠥᠪᠯᠡᠭᠡ ᠪᠠ ᠡᠬᠡ ᠲᠠᠩᠰᠠ ᠶᠢ ᠵᠢᠷᠤᠮᠵᠢᠭᠤᠯᠤᠨ ᠪᠠᠶᠢᠭᠤᠯᠬᠤ᠂ ᠠᠶᠤᠯᠲᠠᠢ ᠬᠠᠶᠠᠭᠳᠠᠮᠠᠯ ᠪᠣᠳᠠᠰ ᠤᠨ ᠮᠡᠳᠡᠭᠡ  ᠵᠠᠩᠭᠢ ᠶᠢ ᠦᠨᠡᠨ ᠮᠥᠨ ᠢᠶᠠᠷ ᠨᠢ ᠮᠡᠳᠡᠭᠦᠯᠬᠦ ᠵᠡᠷᠭᠡ ᠶᠢ ᠪᠠᠭᠲᠠᠭᠠᠭᠰᠠᠨ ᠬᠠᠶᠠᠭᠳᠠᠮᠠᠯ  ᠪᠤᠳᠠᠰ ᠭᠠᠷᠭᠠᠬᠤ ᠬᠥᠮᠥᠨ ᠤ  ᠬᠠᠷᠢᠭᠤᠴᠠᠯᠭ᠎ᠠ ᠶᠢ ᠣᠷᠣᠯᠠᠨ ᠭᠦᠢᠴᠡᠳᠬᠡᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ  ᠲᠣᠭᠤᠷᠢᠨ ᠤ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ︽︿ᠥᠪᠥᠷ ᠮᠣᠩᠭᠤᠯ ᠤᠨ  ᠥᠪᠡᠷᠲᠡᠭᠡᠨ ᠵᠠᠰᠠᠬᠤ ᠣᠷᠣᠨ ᠤ ᠬᠠᠶᠠᠭᠳᠠᠮᠠᠯ ᠬᠠᠷ᠎ᠠ ᠲᠤᠭᠤᠯᠭᠠᠨ ᠳ᠋ᠢᠶᠠᠨ ᡂᠢ ᠶᠢ ᠲᠥᠪᠯᠡᠷᠡᠭᠦᠯᠦᠨ ᠴᠤᠭᠯᠠᠭᠤᠯᠬᠤ  ᠪᠠ ᠣᠷᠣᠨ ᠪᠦᠰᠡ ᠠᠯᠤᠰᠯᠠᠨ ᠳᠠᠮᠵᠢᠭᠤᠯᠤᠨ ᠲᠡᠭᠡᠭᠡᠪᠦᠷᠢᠯᠡᠬᠦ ᠲᠤᠷᠰᠢᠯᠲᠠ ᠶᠢᠨ ᠠᠵᠢᠯ ᠤᠨ ᠬᠡᠷᠡᠭᠵᠢᠭᠦᠯᠬᠦ ᠲᠥᠰᠥᠯ  ﹀ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ︵ᠥᠪᠥᠷ ᠣᠷᠴᠢᠨ ᠠᠯᠪᠠᠨ ﹇2022﹈ 6 ᠳ᠋ᠤᠭᠠᠷ ᠲᠣᠭᠠᠲᠤ  ︶ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠨᠥᠬᠦᠴᠡᠯ ᠲᠠᠢ ᠨᠢᠭᠡᠴᠡ ᠶᠢᠨ ᠲᠤᠷᠰᠢᠯᠲᠠ ᠶᠢᠨ ᠠᠵᠢᠯ ᠳᠤ  ᠣᠷᠤᠯᠴᠠᠬᠤ ᠶᠢ ᠵᠣᠷᠢᠭᠵᠢᠭᠤᠯᠵᠤ᠂ ᠪᠣᠷᠤᠯᠠᠭᠤᠯᠭ᠎ᠠ ᠶᠢᠨ ᠲᠣᠣᠷ ᠴᠡᠭ᠂ ᠮᠠᠰᠢᠨᠲᠤ ᠲᠡᠷᠭᠡᠨ ᠤ 4S ᠳᠡᠯᠭᠡᠭᠦᠷ ᠵᠢᠴᠢ  ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠪᠣᠷᠣᠯᠠᠭᠤᠯᠬᠤ ᠴᠡᠭ ︵ᠰᠡᠯᠪᠢᠨ ᠵᠠᠰᠠᠬᠤ ᠴᠡᠭ︶ ᠲᠤ ᠲᠦᠰᠢᠭᠯᠡᠨ  ᠬᠤᠷᠢᠶᠠᠨ ᠠᠪᠬᠤ ᠲᠣᠣᠷ ᠴᠡᠭ ᠪᠠᠶᠢᠭᠤᠯᠵᠤ᠂ ᠬᠤᠷᠢᠶᠠᠨ ᠴᠤᠭᠯᠠᠭᠤᠯᠬᠤ ᠲᠣᠣᠷ ᠢ ᠲᠡᠭᠦᠯᠳᠡᠷᠵᠢᠭᠦᠯᠬᠦ ᠬᠡᠷᠡᠭᠲᠡᠢ᠃  ᠬᠠᠷ᠎ᠠ ᠲᠤᠭᠤᠯᠭᠠᠨ ᠳ᠋ᠢᠶᠠᠨ ᡂᠢ ᠶᠢᠨ ᠲᠤᠷᠰᠢᠯᠲᠠ ᠶᠢᠨ ᠨᠢᠭᠡᠴᠡ ᠠᠶᠤᠯᠲᠠᠢ ᠬᠠᠶᠠᠭᠳᠠᠮᠠᠯ ᠪᠣᠳᠠᠰ ᠢ ᠬᠤᠷᠢᠶᠠᠨ  ᠴᠤᠭᠯᠠᠭᠤᠯᠬᠤ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠢ ᠬᠠᠤᠯᠢ ᠶᠣᠰᠣᠭᠠᠷ ᠭᠤᠶᠤᠴᠢᠯᠠᠨ ᠠᠪᠴᠤ᠂ ᠬᠠᠷ᠎ᠠ  ᠲᠤᠭᠤᠯᠭᠠᠨ ᠳ᠋ᠢᠶᠠᠨ ᡂᠢ ᠶᠢ ᠬᠤᠷᠢᠶᠠᠨ ᠴᠤᠭᠯᠠᠭᠤᠯᠬᠤ᠂ ᠬᠠᠳᠠᠭᠠᠯᠠᠬᠤ ᠠᠵᠢᠯᠯᠠᠭ᠎ᠠ ᠶᠢ ᠵᠢᠷᠤᠮᠵᠢᠭᠤᠨ ᠥᠷᠨᠢᠭᠦᠯᠬᠦ  ᠬᠡᠷᠡᠭᠲᠡᠢ᠂ ᠨᠥᠬᠦᠴᠡᠯ ᠳᠤ ᠨᠡᠶᠢᠴᠡᠭᠰᠡᠨ ᠢ ᠠᠶᠤᠯᠲᠠᠢ ᠬᠠᠶᠠᠭᠳᠠᠮᠠᠯ ᠪᠣᠳᠠᠰ ᠢ ᠰᠢᠯᠵᠢᠭᠦᠯᠬᠦ᠂ ᠲᠡᠭᠡᠭᠡᠪᠦᠷᠢᠯᠡᠬᠦ  ᠱᠠᠭᠠᠷᠳᠠᠯᠭ᠎ᠠ ᠠᠴᠠ ᠬᠡᠯᠲᠦᠷᠢᠭᠦᠯᠵᠦ ᠪᠣᠯᠣᠨ᠎ᠠ᠃  ᠪᠣᠶᠢᠲᠠ ᠪᠦᠭᠯᠡᠭᠦᠦ ᠪᠥᠭᠡᠳ ᠬᠥᠮᠥᠨ ᠠᠮᠠ ᠴᠥᠭᠡᠨ ᠦᠴᠦᠸᠠᠨ  ᠰᠢᠶᠠᠨ ᠪᠠ ᠴᠢᠩ ᠱᠦᠢ ᠾᠧ ᠰᠢᠶᠠᠨ ᠳᠤ ᠬᠠᠨᠳᠤᠭᠤᠯᠤᠨ᠂ ︽ᠪᠠᠯᠭᠠᠰᠤᠨ ᠳᠡᠭᠡᠷ᠎ᠡ ᠴᠤᠭᠯᠠᠭᠤᠯᠵᠤ᠂  ᠰᠢᠶᠠᠨ ᠳᠡᠭᠡᠷ᠎ᠡ ᠬᠠᠳᠠᠭᠠᠯᠠᠵᠤ᠂ ᠬᠤᠳᠠ ᠠᠴᠠ ᠳᠠᠮᠵᠢᠭᠤᠯᠤᠨ ᠲᠡᠭᠡᠭᠡᠪᠦᠷᠢᠯᠡᠬᠦ ︾ ᠡᠮᠴᠢᠯᠡᠭᠡᠨ ᠤ ᠬᠠᠶᠠᠭᠳᠠᠮᠠᠯ  ᠪᠣᠳᠠᠰ ᠢ ᠬᠤᠷᠢᠶᠠᠨ ᠲᠡᠭᠡᠭᠡᠪᠦᠷᠢᠯᠡᠬᠦ ᠰᠢᠰᠲ᠋ᠧᠮᠵᠢ ᠶᠢ ᠪᠦᠷᠢᠨᠰᠢᠭᠦᠯᠦᠨ᠎ᠡ᠃ 2025 ᠣᠨ ᠪᠣᠯᠬᠤ ᠳᠤ᠂ ᠪᠥᠬᠦ  ᠬᠤᠲᠠ ᠶᠢᠨ ᠡᠮᠴᠢᠯᠡᠭᠡᠨ ᠤ ᠬᠠᠶᠠᠭᠳᠠᠮᠠᠯ ᠪᠣᠳᠠᠰ ᠢ ᠬᠤᠷᠢᠶᠠᠨ ᠴᠤᠭᠯᠠᠭᠤᠯᠵᠤ ᠰᠢᠯᠵᠢᠭᠦᠯᠦᠨ ᠲᠡᠭᠡᠭᠡᠪᠦᠷᠢᠯᠡᠵᠦ  ᠰᠢᠢᠳᠪᠦᠷᠢᠯᠡᠬᠦ ᠰᠢᠰᠲ᠋ᠧᠮᠵᠢ ᠶᠢ ᠬᠥᠳᠡᠭᠡ ᠲᠣᠰᠬᠤᠨ ᠤ ᠭᠠᠵᠠᠷ ᠣᠷᠣᠨ ᠳᠤ ᠪᠦᠷᠬᠦᠭᠦᠯᠬᠦ ᠪᠠᠷ ᠴᠢᠷᠮᠠᠶᠢᠵᠤ᠂  ᠡᠮᠴᠢᠯᠡᠭᠡᠨ ᠤ ᠬᠠᠶᠠᠭᠳᠠᠮᠠᠯ ᠪᠣᠳᠠᠰ ᠢ ᠬᠤᠷᠢᠶᠠᠨ ᠴᠤᠭᠯᠠᠭᠤᠯᠵᠤ ᠰᠢᠢᠳᠪᠦᠷᠢᠯᠡᠬᠦ ᠰᠢᠰᠲ᠋ᠧᠮᠵᠢ ᠶᠢᠨ ᠪᠦᠷᠬᠦᠴᠡ ᠶᠢ  100% ᠳᠤ ᠬᠦᠷᠭᠡᠨ᠎ᠡ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ  ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠡᠷᠡᠭᠦᠯ  ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶             3. ᠠᠰᠢᠭᠯᠠᠬᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠡᠮᠴᠢᠯᠡᠭᠡᠨ ᠤ  ᠬᠠᠶᠠᠭᠳᠠᠮᠠᠯ ᠪᠣᠳᠠᠰ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠥᠪᠥᠷ  ᠮᠣᠩᠭᠤᠯ ᠤᠨ ᠬᠤᠸᠠ ᠶᠢᠨ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠤᠷᠢᠶᠠᠨ  ᠠᠰᠢᠭᠯᠠᠵᠤ ᠵᠢᠯ ᠳᠤ 10 ᠲᠦᠮᠡᠨ ᠲᠣᠨ ᠳᠠᠬᠢᠯᠲᠠ ᠲᠤᠭᠤᠯᠭ᠎ᠠ ᠦᠢᠯᠡᠳᠪᠦᠷᠢᠯᠡᠬᠦ ᠲᠥᠷᠥᠯ ᠵᠦᠢᠯ᠂ ᠥᠪᠥᠷ  ᠮᠣᠩᠭᠤᠯ ᠤᠨ ᠮᠧᠩ ᠨᠧᠩ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ  ᠬᠢᠵᠠᠭᠠᠷᠲᠤ ᠺᠣᠮᠫᠠᠨᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠳᠠᠬᠢᠨ ᠠᠰᠢᠭᠯᠠᠬᠤ ᠲᠥᠷᠥᠯ  ᠵᠦᠢᠯ ᠵᠡᠷᠭᠡ ᠶᠢ ᠪᠠᠶᠢᠭᠤᠯᠵᠤ ᠳᠠᠭᠤᠰᠬᠠᠬᠤ ᠶᠢ ᠠᠬᠢᠭᠤᠯᠵᠤ᠂ ᠬᠠᠶᠠᠭᠳᠠᠮᠠᠯ ᠬᠠᠷ᠎ᠠ ᠲᠤᠭᠤᠯᠭᠠᠨ ᠳ᠋ᠢᠶᠠᠨ ᡂᠢ᠂  ᠬᠠᠶᠠᠭᠳᠠᠮᠠᠯ ᠲᠦᠷᠭᠡᠳᠬᠡᠭᠦᠷ ᠪᠠ ᠬᠠᠶᠠᠭᠳᠠᠮᠠᠯ ᠬᠦᠬᠦᠷ ᠬᠦᠴᠢᠯ ᠵᠡᠷᠭᠡ ᠠᠶᠤᠯᠲᠠᠢ ᠬᠠᠶᠠᠭᠳᠠᠮᠠᠯ ᠪᠣᠳᠠᠰ ᠢ  ᠠᠰᠢᠭᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠤᠷᠢᠨᠭᠡᠷ ᠰᠢᠶᠠᠨ ᠤ ᠡᠮᠴᠢᠯᠡᠭᠡ ᠡᠷᠡᠭᠦᠯ ᠬᠠᠮᠠᠭᠠᠯᠠᠯ ᠤᠨ  ᠪᠠᠶᠢᠭᠤᠯᠤᠮᠵᠢ ᠶᠢᠨ ᠡᠭᠡᠭᠦᠯᠦᠨ ᠬᠤᠷᠢᠶᠠᠨ ᠠᠪᠴᠤ ᠪᠣᠯᠬᠤ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ  ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠪᠥᠬᠦ ᠬᠤᠲᠠ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠰᠢᠩᠭᠡᠨ ᠶᠡᠭᠦᠯᠡᠬᠦ ᠯᠣᠩᠬᠤ ︵ᠤᠭᠤᠲᠠ︶ ᠶᠢ ᠪᠥᠬᠦ ᠬᠡᠮᠵᠢᠶ᠎ᠡ ᠪᠠᠷ ᠠᠰᠢᠭᠯᠠᠬᠤ ᠶᠢ ᠪᠡᠶᠡᠯᠡᠭᠦᠯᠦᠨ᠎ᠡ᠃ ᠬᠥᠬᠡᠬᠤᠲᠠ ᠶᠢᠨ ᠠᠶᠤᠯᠲᠠᠢ ︵ᠡᠮᠴᠢᠯᠡᠭᠡᠨ ᠤ︶ ᠬᠠᠶᠠᠭᠳᠠᠮᠠᠯ ᠪᠣᠳᠠᠰ ᠢ  ᠰᠢᠢᠳᠪᠦᠷᠢᠯᠡᠬᠦ ᠲᠥᠪ ᠤᠨ ᠪᠦᠲᠦᠭᠡᠨ ᠪᠠᠶᠢᠭᠤᠯᠤᠯᠲᠠ  ᠶᠢ ᠲᠦᠷᠭᠡᠳᠬᠡᠨ ᠠᠬᠢᠭᠤᠯᠵᠤ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠵᠦ᠂ ᠡᠮ ᠡᠮᠨᠡᠯᠭᠡ ᠶᠢᠨ ᠬᠠᠶᠠᠭᠳᠠᠮᠠᠯ  ᠪᠣᠳᠠᠰ ᠢ ᠰᠢᠢᠳᠪᠦᠷᠢᠯᠡᠬᠦ ᠰᠢᠯᠵᠢᠭᠦᠯᠵᠦ ᠪᠣᠯᠬᠤ ᠪᠡᠯᠡᠳᠬᠡᠮᠵᠢ᠂ ᠠᠶᠤᠯᠲᠠᠢ ᠬᠠᠶᠠᠭᠳᠠᠮᠠᠯ ᠪᠣᠳᠠᠰ ᠢ ᠰᠢᠲᠠᠭᠠᠬᠤ  ᠪᠡᠯᠡᠳᠬᠡᠮᠵᠢ᠂ ᠠᠮᠢᠳᠤᠷᠠᠯ ᠤᠨ ᠬᠤᠭ ᠨᠣᠪᠰᠢ ᠶᠢ ᠰᠢᠲᠠᠭᠠᠬᠤ ᠪᠡᠯᠡᠳᠬᠡᠮᠵᠢ᠂ ᠠᠵᠤ ᠦᠢᠯᠡᠳᠪᠦᠷᠢ ᠶᠢᠨ ᠵᠤᠤᠬ᠎ᠠ  ᠵᠡᠷᠭᠡ ᠶᠢ ᠬᠦᠨᠳᠦ ᠬᠡᠴᠡᠭᠦᠦ ᠬᠢᠵᠢᠭ ᠤᠨ ᠪᠠᠶᠢᠳᠠᠯ ᠵᠡᠷᠭᠡ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ  ᠰᠢᠢᠳᠪᠦᠷᠢᠯᠡᠬᠦ ᠴᠢᠳᠠᠪᠤᠷᠢ ᠶᠢᠨ ᠪᠠᠲᠤᠯᠠᠭ᠎ᠠ ᠶᠢᠨ ᠰᠢᠰᠲ᠋ᠧᠮ ᠳᠤ ᠣᠷᠣᠭᠤᠯᠵᠤ᠂ ᠬᠦᠨᠳᠦ ᠬᠡᠴᠡᠭᠦᠦ ᠬᠢᠵᠢᠭ ᠤᠨ  ᠪᠠᠶᠢᠳᠠᠯ ᠤᠨ ᠡᠮᠴᠢᠯᠡᠭᠡᠨ ᠤ ᠪᠣᠳᠠᠰ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠡᠬᠢ ᠪᠠᠶᠠᠯᠢᠭ ᠤᠨ ᠨᠠᠷᠢᠨ  ᠬᠠᠭᠤᠳᠠᠰᠤ ᠶᠢ ᠪᠠᠶᠢᠭᠤᠯᠵᠤ᠂ ᠡᠮᠴᠢᠯᠡᠭᠡᠨ ᠤ ᠬᠠᠶᠠᠭᠳᠠᠮᠠᠯ ᠪᠣᠳᠠᠰ ᠤᠨ ᠪᠠᠴᠢᠮ ᠪᠠᠶᠢᠳᠠᠯ ᠢ ᠠᠷᠭᠠᠴᠠᠨ  ᠰᠢᠢᠳᠪᠦᠷᠢᠯᠡᠬᠦ ᠠᠵᠢᠯᠯᠠᠭ᠎ᠠ ᠶᠢᠨ ᠲᠣᠭᠲᠠᠴᠠ ᠶᠢ ᠪᠦᠷᠢᠨᠰᠢᠭᠦᠯᠵᠦ᠂ ᠪᠡᠯᠡᠳᠬᠡᠮᠵᠢ ᠶᠢᠨ ᠪᠠᠴᠢᠮ ᠪᠠᠶᠢᠳᠠᠯ ᠢ   ᠠᠷᠭᠠᠴᠠᠬᠤ ᠪᠠᠶᠢᠳᠠᠯ ᠤᠨ ᠬᠠᠮᠢᠶᠠᠷᠤᠯᠲᠠ ᠶᠢᠨ ᠴᠤᠪᠤᠷᠠᠯ ᠪᠠ ᠳᠦᠷᠢᠮ ᠢ ᠲᠣᠳᠣᠷᠬᠠᠢ ᠲᠣᠭᠲᠠᠭᠠᠨ᠎ᠠ᠃ ︵ ᠲᠦᠷᠦᠭᠦᠯᠡᠨ ᠬᠢᠬᠦ ᠨᠢᠭᠡᠴᠡ᠄ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ︔ ᠬᠠᠷᠢᠭᠤᠴᠠᠯᠭᠠᠲᠤ  ᠨᠢᠭᠡᠴᠡ᠄ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠳᠠᠯᠳᠤᠭᠠᠨ ᠤ ᠶᠠᠪᠤᠳᠠᠯ ᠤᠨ  ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ︶             4. ᠬᠢᠨᠠᠯᠲᠠ ᠬᠠᠮᠢᠶᠠᠷᠤᠯᠲᠠ ᠶᠢᠨ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠡᠳᠦᠷ ᠲᠤᠲᠤᠮ ᠤᠨ  ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠠᠶᠤᠯᠲᠠᠢ ᠬᠠᠶᠠᠭᠳᠠᠮᠠᠯ ᠪᠣᠳᠠᠰ ᠢ ᠬᠠᠮᠢᠶᠠᠷᠬᠤ ᠬᠠᠷᠢᠭᠤᠴᠠᠯᠭ᠎ᠠ ᠶᠢᠨ  ᠨᠠᠷᠢᠨ ᠬᠠᠭᠤᠳᠠᠰᠤ ᠶᠢ ᠰᠤᠳᠤᠯᠤᠨ ᠲᠣᠭᠲᠠᠭᠠᠨ᠎ᠠ᠃ ᠠᠮᠢ ᠠᠬᠤᠢ ᠣᠷᠴᠢᠨ ᠲᠣᠭᠤᠷᠢᠨ᠂ ᠵᠠᠮ ᠬᠠᠷᠢᠯᠴᠠᠭ᠎ᠠ  ᠲᠡᠭᠡᠭᠡᠪᠦᠷᠢ᠂ ᠳᠣᠲᠣᠭᠠᠳᠤ ᠶᠢ ᠬᠠᠮᠠᠭᠠᠯᠠᠬᠤ ᠵᠡᠷᠭᠡ ᠰᠠᠯᠠᠭ᠎ᠠ ᠮᠥᠴᠢᠷ ᠤᠨ ᠵᠣᠬᠢᠴᠠᠯᠳᠤᠨ ᠬᠠᠮᠲᠤᠷᠠᠨ ᠬᠥᠳᠡᠯᠦᠯᠴᠡᠬᠦ  ᠪᠠ ᠬᠠᠮᠲᠤᠷᠠᠨ ᠬᠠᠤᠯᠢ ᠬᠡᠷᠡᠭᠵᠢᠭᠦᠯᠬᠦ ᠠᠵᠢᠯ ᠤᠨ ᠲᠣᠭᠲᠠᠴᠠ ᠶᠢ ᠪᠠᠶᠢᠭᠤᠯᠵᠤ᠂ ᠠᠶᠤᠯᠲᠠᠢ ᠬᠠᠶᠠᠭᠳᠠᠮᠠᠯ ᠪᠣᠳᠠᠰ ᠢ  ᠰᠢᠯᠵᠢᠭᠦᠯᠦᠨ ᠲᠡᠭᠡᠭᠡᠪᠦᠷᠢᠯᠡᠬᠦ ᠶᠠᠪᠤᠴᠠ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ︽ᠤᠮᠠᠷᠠᠲᠤ  ᠣᠷᠣᠨ ᠤ ᠠᠶᠤᠯᠲᠠᠢ ᠬᠠᠶᠠᠭᠳᠠᠮᠠᠯ ᠪᠣᠳᠠᠰ ᠢ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠵᠦ ᠬᠤᠯᠪᠣᠭᠠᠯᠠᠨ  ᠵᠠᠰᠠᠬᠤ ᠬᠠᠮᠲᠤᠷᠠᠯᠴᠠᠭᠠᠨ ᠤ ᠵᠥᠪᠯᠡᠯᠴᠡᠭᠡᠷ︾ ᠤᠨ ᠪᠣᠷᠣ ᠲᠥᠯᠥᠪ ᠤᠨ ᠳᠣᠣᠷ᠎ᠠ᠂ ᠬᠥᠬᠡᠬᠤᠲᠠ ᠶᠢᠨ ᠡᠬᠢ  ᠪᠠᠶᠠᠯᠢᠭᠵᠢᠭᠤᠯᠤᠨ ᠠᠰᠢᠭᠯᠠᠵᠤ ᠪᠣᠯᠬᠤ ᠠᠶᠤᠯᠲᠠᠢ ᠬᠠᠶᠠᠭᠳᠠᠮᠠᠯ ᠪᠣᠳᠠᠰ ᠢ ︽ᠨᠡᠷᠡᠰ ᠤᠨ ᠴᠠᠭᠠᠨ ᠲᠠᠩᠰᠠ︾ ᠳᠤ  ᠣᠷᠣᠭᠤᠯᠬᠤ ᠶᠢ ᠢᠳᠡᠪᠬᠢᠲᠡᠢ ᠪᠠᠷ ᠠᠬᠢᠭᠤᠯᠵᠤ᠂ ᠠᠶᠤᠯᠲᠠᠢ ᠬᠠᠶᠠᠭᠳᠠᠮᠠᠯ ᠪᠣᠳᠠᠰ ᠢ ᠰᠢᠯᠵᠢᠭᠦᠯᠦᠨ ᠠᠰᠢᠭᠯᠠᠬᠤ ᠶᠢ  ᠠᠬᠢᠭᠤᠯᠤᠨ᠎ᠠ᠃ ︽ᠠᠶᠤᠯᠲᠠᠢ ᠬᠠᠶᠠᠭᠳᠠᠮᠠᠯ ᠪᠣᠳᠠᠰ ᠤᠨ ᠬᠠᠮᠢᠶᠠᠷᠤᠯᠲᠠ ᠶᠢᠨ ᠲᠥᠯᠥᠪᠯᠡᠭᠡ ᠪᠠ ᠬᠠᠮᠢᠶᠠᠷᠤᠯᠲᠠ ᠶᠢᠨ  ᠡᠬᠡ ᠲᠠᠩᠰᠠ ᠲᠣᠭᠲᠠᠭᠠᠬᠤ ᠮᠡᠷᠭᠡᠵᠢᠯ ᠤᠨ ᠵᠢᠯᠤᠭᠤᠳᠬᠤ ᠳᠦᠷᠢᠮ︾ ︵HJ1259 ︱ 2022︶ ᠢ  ᠨᠠᠶᠢᠳᠠᠪᠤᠷᠢᠵᠢᠭᠤᠯᠵᠤ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠵᠢᠯᠣᠭᠤᠳᠤᠨ ᠠᠶᠤᠯᠲᠠᠢ ᠬᠠᠶᠠᠭᠳᠠᠮᠠᠯ  ᠪᠣᠳᠠᠰ ᠤᠨ ᠬᠠᠮᠢᠶᠠᠷᠤᠯᠲᠠ ᠶᠢᠨ ᠲᠥᠯᠥᠪᠯᠡᠭᠡ ᠪᠠ ᠡᠬᠡ ᠲᠠᠩᠰᠠ ᠶᠢ ᠵᠢᠷᠤᠮᠵᠢᠭᠤᠨ ᠲᠣᠭᠲᠠᠭᠠᠵᠤ᠂ ᠠᠶᠤᠯᠲᠠᠢ  ᠬᠠᠶᠠᠭᠳᠠᠮᠠᠯ ᠪᠣᠳᠠᠰ ᠤᠨ ᠮᠡᠳᠡᠭᠡ ᠵᠠᠩᠭᠢᠵᠢᠯᠲᠠ ᠶᠢᠨ ᠮᠡᠳᠡᠭᠦᠯᠬᠦ ᠠᠵᠢᠯ ᠢ ᠴᠠᠭ ᠲᠤᠬᠠᠢ ᠳᠤᠨᠢ ᠥᠷᠨᠢᠭᠦᠯᠵᠦ᠂  ᠮᠡᠳᠡᠭᠦᠯᠬᠦ ᠶᠣᠰᠣᠲᠠᠢ ᠶᠢ ᠪᠦᠬᠦᠨ ᠢ ᠮᠡᠳᠡᠭᠦᠯᠬᠦ ᠬᠡᠷᠡᠭᠲᠡᠢ᠃ ᠨᠡᠶᠢᠭᠡᠮ ᠠᠴᠠ ᠢᠷᠡᠯᠲᠡ ᠲᠠᠢ ᠠᠶᠤᠯᠲᠠᠢ ᠬᠠᠶᠠᠭᠳᠠᠮᠠᠯ  ᠪᠣᠳᠠᠰ ᠤᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠮᠠᠰᠢᠨ ᠲᠡᠷᠭᠡ ᠶᠢ ᠰᠡᠯᠪᠢᠨ ᠵᠠᠰᠠᠬᠤ  ᠪᠠ ᠵᠠᠳᠠᠯᠬᠤ ᠠᠵᠤ ᠠᠬᠤᠶᠢᠯᠠᠯ ᠤᠨ ᠬᠠᠮᠢᠶᠠᠷᠤᠯᠲᠠ ᠶᠢᠨ ᠲᠥᠯᠥᠪᠯᠡᠭᠡ ᠪᠠ ᠡᠬᠡ ᠲᠠᠩᠰᠠ ᠲᠣᠭᠲᠠᠭᠠᠬᠤ ᠶᠢ  ᠠᠬᠢᠭᠤᠯᠵᠤ᠂ ᠨᠡᠶᠢᠭᠡᠮ ᠠᠴᠠ ᠢᠷᠡᠯᠲᠡ ᠲᠠᠢ ᠠᠶᠤᠯᠲᠠᠢ ᠬᠠᠶᠠᠭᠳᠠᠮᠠᠯ ᠪᠣᠳᠠᠰ ᠤᠨ ᠬᠠᠮᠢᠶᠠᠷᠤᠯᠲᠠ ᠶᠢ ᠲᠠᠰᠤᠷᠠᠯᠲᠠ  ᠦᠭᠡᠢ ᠵᠢᠷᠤᠮᠵᠢᠭᠤᠯᠤᠨ᠎ᠠ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ  ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠮ  ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠪᠠᠴᠢᠮ ᠪᠠᠶᠢᠳᠠᠯ ᠢ  ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ  ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶             5. ᠮᠡᠳᠡᠭᠡ ᠵᠠᠩᠭᠢᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠠᠶᠤᠯᠲᠠᠢ ᠬᠠᠶᠠᠭᠳᠠᠮᠠᠯ  ᠪᠣᠳᠠᠰ ᠤᠨ ᠬᠢᠨᠠᠯᠲᠠ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠠᠶᠤᠯᠲᠠᠢ ᠬᠠᠶᠠᠭᠳᠠᠮᠠᠯ ᠪᠣᠳᠠᠰ  ᠭᠠᠷᠭᠠᠬᠤ ᠬᠡᠮᠵᠢᠶ᠎ᠡ ᠨᠢ 100 ᠲᠣᠨ ᠠᠴᠠ ᠳᠡᠭᠡᠭᠰᠢ ᠠᠵᠤ ᠠᠬᠤᠶᠢᠯᠠᠯ ᠵᠢᠴᠢ ᠠᠶᠤᠯᠲᠠᠢ ᠬᠠᠶᠠᠭᠳᠠᠮᠠᠯ ᠪᠣᠳᠠᠰ ᠤᠨ  ᠡᠵᠡᠩᠨᠡᠯᠲᠡ ᠶᠢᠨ ᠨᠢᠭᠡᠴᠡ ᠳᠤ ᠡᠯᠧᠺᠲᠷᠣᠨ ᠭᠠᠵᠠᠷ ᠵᠢᠩᠯᠡᠭᠦᠷ᠂ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ᠂  ᠡᠯᠧᠺᠲᠷᠣᠨ ᠲᠡᠮᠳᠡᠭ ᠵᠡᠷᠭᠡ ᠬᠤᠷᠠᠮᠠᠯ ᠣᠶᠤᠨᠴᠢ ᠬᠢᠨᠠᠨ ᠡᠵᠡᠮᠳᠡᠬᠦ ᠠᠷᠭ᠎ᠠ ᠪᠠᠷᠢᠯ ᠢ ᠬᠡᠷᠡᠭᠵᠢᠭᠦᠯᠬᠦ ᠶᠢᠨ ᠬᠠᠮᠲᠤ  ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠰᠠᠯᠠᠭ᠎ᠠ ᠮᠥᠴᠢᠷ ᠯᠦᠭᠡ ᠰᠦᠯᠵᠢᠶᠡᠨ ᠳᠤ ᠬᠤᠯᠪᠣᠬᠤ ᠬᠡᠷᠡᠭᠲᠡᠢ᠃ ᠪᠥᠬᠦ ᠬᠤᠲᠠ ᠶᠢᠨ ᠡᠮᠴᠢᠯᠡᠭᠡᠨ ᠤ ᠬᠠᠶᠠᠭᠳᠠᠮᠠᠯ ᠪᠣᠳᠠᠰ ᠭᠠᠷᠬᠤ ᠪᠠᠶᠢᠭᠤᠯᠤᠮᠵᠢ ᠶᠢ ᠬᠥᠬᠡᠬᠤᠲᠠ ᠶᠢᠨ ᠡᠮᠴᠢᠯᠡᠭᠡᠨ ᠤ  ᠬᠠᠶᠠᠭᠳᠠᠮᠠᠯ ᠪᠣᠳᠠᠰ ᠤᠨ ᠮᠡᠳᠡᠭᠡ ᠵᠠᠩᠭᠢᠵᠢᠯᠲᠠ ᠶᠢᠨ ᠬᠢᠨᠠᠯᠲᠠ ᠬᠠᠮᠢᠶᠠᠷᠤᠯᠲᠠ ᠶᠢᠨ ᠲᠠᠪᠴᠠᠩ ᠳᠤ ᠣᠷᠣᠭᠤᠯᠬᠤ ᠶᠢ  ᠠᠬᠢᠭᠤᠯᠵᠤ᠂ ᠡᠮᠴᠢᠯᠡᠭᠡᠨ ᠤ ᠬᠠᠶᠠᠭᠳᠠᠮᠠᠯ ᠪᠣᠳᠠᠰ ᠤᠨ ᠬᠠᠮᠢᠶᠠᠷᠤᠯᠲᠠ ᠶᠢᠨ ᠲᠤᠭ᠎ᠠ ᠪᠠᠷᠢᠮᠲᠠ ᠶᠢᠨ ᠪᠦᠷᠢᠳᠬᠡᠬᠦ  ᠪᠠᠷᠢᠮᠵᠢᠶ᠎ᠠ ᠶᠢ ᠨᠢᠭᠡᠳᠬᠡᠵᠦ᠂ ᠡᠮᠴᠢᠯᠡᠭᠡᠨ ᠤ ᠬᠠᠶᠠᠭᠳᠠᠮᠠᠯ ᠪᠣᠳᠠᠰ ᠢ ᠰᠦᠯᠵᠢᠶᠡᠨ ᠳᠡᠭᠡᠷ᠎ᠡ ᠬᠢᠨᠠᠨ ᠬᠠᠮᠢᠶᠠᠷᠬᠤ ᠶᠢ  ᠪᠡᠶᠡᠯᠡᠭᠦᠯᠵᠦ᠂ ᠬᠢᠨᠠᠯᠲᠠ ᠬᠠᠮᠢᠶᠠᠷᠤᠯᠲᠠ ᠶᠢᠨ ᠦᠢᠯᠡᠳᠦᠯ ᠢ ᠳᠡᠭᠡᠭᠰᠢᠯᠡᠭᠦᠯᠦᠨ᠎ᠡ᠃ ︵ᠲᠦᠷᠦᠭᠦᠯᠡᠨ ᠬᠢᠬᠦ ᠨᠢᠭᠡᠴᠡ᠄  ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ︔ ᠬᠠᠷᠢᠭᠤᠴᠠᠯᠭᠠᠲᠤ ᠨᠢᠭᠡᠴᠡ︔ ᠬᠤᠳᠠ ᠶᠢᠨ  ᠡᠷᠡᠭᠦᠯ ᠬᠠᠮᠠᠭᠠᠯᠠᠯ ᠡᠷᠡᠭᠦᠯ ᠮᠡᠨᠳᠤ ᠶᠢᠨ ᠵᠥᠪᠯᠡᠯ︶             ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ             ︵ᠨᠢᠭᠡ︶ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠨ᠎ᠠ             ︽ᠬᠠᠶᠠᠭᠳᠠᠮᠠᠯ ᠪᠤᠳᠠᠰ ᠦᠭᠡᠢ ᠬᠤᠳᠠ︾ ᠶᠢᠨ ᠪᠦᠲᠦᠭᠡᠨ ᠪᠠᠶᠢᠭᠤᠯᠤᠯᠲᠠ ᠶᠢ ᠰᠢ ᠶᠢᠨ ᠫᠢᠩ ᠤᠨ ᠠᠮᠢ  ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠦᠢᠯᠡᠳᠦᠯᠭᠡᠵᠢᠭᠦᠯᠬᠦ᠂ ᠠᠮᠢ ᠠᠬᠤᠢ ᠶᠢᠨ ᠪᠣᠯᠪᠠᠰᠤᠨ ᠤ  ᠪᠠᠶᠢᠭᠤᠯᠤᠯᠲᠠ ᠶᠢ ᠲᠦᠯᠬᠢᠨ ᠠᠬᠢᠭᠤᠯᠬᠤ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠡᠯ᠎ᠡ ᠬᠤᠰᠢᠭᠤ  ᠰᠢᠶᠠᠨ ᠲᠣᠭᠤᠷᠢᠭ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ  ᠪᠣᠯᠣᠨ ᠡᠯ᠎ᠡ ᠰᠠᠯᠠᠭ᠎ᠠ ᠮᠥᠴᠢᠷ ᠬᠤᠭᠤᠷᠣᠨᠳᠤ ᠪᠠᠨ ᠨᠢᠭᠡᠳᠦᠯᠲᠡᠢ ᠲᠠᠨᠢᠯᠲᠠ ᠲᠠᠢ ᠪᠣᠯᠬᠤ ᠶᠢ ᠲᠦᠯᠬᠢᠨ ᠠᠬᠢᠭᠤᠯᠵᠤ᠂  ︽ᠬᠠᠶᠠᠭᠳᠠᠮᠠᠯ ᠪᠤᠳᠠᠰ ᠦᠭᠡᠢ ᠬᠤᠳᠠ︾ ᠶᠢᠨ ᠪᠦᠲᠦᠭᠡᠨ ᠪᠠᠶᠢᠭᠤᠯᠤᠯᠲᠠ ᠶᠢ ᠬᠠᠮᠵᠢᠯᠴᠠᠨ ᠲᠦᠯᠬᠢᠨ ᠠᠬᠢᠭᠤᠯᠤᠨ᠎ᠠ᠃ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ  ᠬᠤᠲᠠ ᠶᠢᠨ ᠤᠳᠤᠷᠢᠳᠬᠤ ᠳᠤᠭᠤᠶᠢᠯᠠᠩ ᠪᠠ ︽ᠬᠠᠶᠠᠭᠳᠠᠮᠠᠯ ᠪᠤᠳᠠᠰ ᠦᠭᠡᠢ ᠬᠤᠲᠠ︾ ᠶᠢᠨ ᠪᠦᠲᠦᠭᠡᠨ  ᠪᠠᠶᠢᠭᠤᠯᠤᠯᠲᠠ ᠶᠢᠨ ᠠᠵᠢᠯ ᠢ ᠲᠦᠯᠬᠢᠨ ᠠᠬᠢᠭᠤᠯᠬᠤ ᠠᠯᠪᠠᠨ ᠭᠡᠷ ᠤᠨ ᠨᠢᠭᠡᠳᠦᠯᠲᠡᠢ ᠲᠥᠯᠥᠪᠯᠡᠨ ᠵᠣᠬᠢᠴᠠᠭᠤᠯᠬᠤ  ᠦᠢᠯᠡᠳᠦᠯ ᠢ ᠭᠦᠢᠴᠡᠳ ᠪᠠᠳᠠᠷᠠᠭᠤᠯᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠭᠦᠷᠭᠡ ᠶᠢᠨ ᠨᠠᠷᠢᠨ  ᠬᠠᠭᠤᠳᠠᠰᠤ ᠲᠠᠢ ᠬᠠᠷᠢᠴᠠᠭᠤᠯᠤᠨ ᠬᠠᠷᠢᠭᠤᠴᠠᠯᠭ᠎ᠠ ᠶᠢᠨ ᠬᠤᠪᠢᠶᠠᠷᠢᠯᠠᠯ ᠢ ᠨᠠᠶᠢᠳᠠᠪᠤᠷᠢᠵᠢᠭᠤᠯᠬᠤ ᠶᠢ ᠰᠢᠮᠳᠠᠭᠤᠯᠵᠤ᠂  ︽ᠬᠠᠶᠠᠭᠳᠠᠮᠠᠯ ᠪᠤᠳᠠᠰ ᠦᠭᠡᠢ ᠬᠤᠲᠠ︾ ᠶᠢᠨ ᠪᠦᠲᠦᠭᠡᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ  ᠯᠠᠪᠳᠠᠭᠤᠨ ᠪᠠᠲᠤᠲᠠᠢ ᠦᠷ᠎ᠡ ᠪᠦᠲᠦᠮᠵᠢᠲᠡᠶ ᠲᠦᠯᠬᠢᠨ ᠠᠬᠢᠭᠤᠯᠤᠨ᠎ᠠ᠃              ︵ᠬᠤᠶᠠᠷ︶ ᠮᠡᠷᠭᠡᠵᠢᠯ ᠤᠨ ᠳᠡᠮᠵᠢᠯᠭᠡ ᠶᠢ ᠴᠢᠩᠭᠠᠳᠬᠠᠨ᠎ᠠ              ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠣᠳᠤᠯᠭᠠᠨ ᠤ ᠬᠦᠷᠢᠶᠡᠯᠡᠩ ᠭᠠᠵᠠᠷ᠂ ᠠᠵᠢᠯ  ᠲᠥᠷᠥᠯ ᠤᠨ ᠨᠡᠶᠢᠭᠡᠮᠯᠢᠭ᠂ ᠠᠵᠤ ᠠᠬᠤᠶᠢᠯᠠᠯ ᠵᠡᠷᠭᠡ ᠭᠠᠳᠠᠭᠠᠳᠤ ᠣᠶᠤᠨ ᠤ ᠬᠥᠮᠥᠷᠭᠡ ᠶᠢᠨ ᠬᠦᠴᠦᠨ ᠢ ᠭᠦᠢᠴᠡᠳ  ᠠᠰᠢᠭᠯᠠᠨ᠂ ᠡᠯ᠎ᠡ ᠬᠦᠷᠢᠶ᠎ᠡ ᠴᠠᠷᠠᠭ᠎ᠠ ᠶᠢᠨ ᠦᠢᠯᠡᠳᠪᠦᠷᠢᠯᠡᠬᠦ ᠵᠢᠭᠠᠬᠤ ᠰᠤᠳᠤᠯᠬᠤ ᠬᠠᠮᠲᠤᠷᠠᠯᠴᠠᠭ᠎ᠠ ᠶᠢ  ᠭᠦᠨᠵᠡᠭᠡᠶᠢᠷᠡᠭᠦᠯᠵᠦ᠂ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠬᠡᠮᠵᠢᠶ᠎ᠡ ᠶᠢ  ᠪᠠᠭᠠᠰᠬᠠᠬᠤ᠂ ᠲᠠᠷᠢᠶᠠᠯᠠᠩ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ᠂  ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ᠂ ᠠᠶᠤᠯᠲᠠᠢ ᠬᠠᠶᠠᠭᠳᠠᠮᠠᠯ ᠪᠣᠳᠠᠰ ᠢ ᠠᠰᠢᠭᠯᠠᠨ  ᠰᠢᠢᠳᠪᠦᠷᠢᠯᠡᠬᠦ ᠵᠡᠷᠭᠡ ᠲᠠᠯ᠎ᠠ ᠪᠠᠷ ᠰᠢᠨ᠎ᠡ ᠮᠡᠷᠭᠡᠵᠢᠯ ᠰᠢᠨ᠎ᠡ ᠤᠷ᠎ᠠ ᠮᠡᠷᠭᠡᠰᠢᠯ ᠢ ᠰᠤᠳᠤᠯᠤᠨ ᠨᠡᠭᠡᠭᠡᠬᠦ ᠡᠷᠴᠢᠮ ᠢ  ᠴᠢᠩᠭᠠᠷᠠᠭᠤᠯᠤᠨ᠎ᠠ᠃ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠬᠦᠷᠢᠶᠡᠨ ᠳᠠᠬᠢ ᠲᠤᠰᠬᠠᠢ ᠮᠡᠷᠭᠡᠵᠢᠯ ᠤᠨ  ᠴᠢᠳᠠᠪᠤᠷᠢᠲᠠᠨ ᠤ ᠡᠩᠨᠡᠭᠡ ᠶᠢ ᠬᠥᠮᠥᠵᠢᠭᠦᠯᠵᠦ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠬᠦᠷᠢᠶᠡᠨ ᠳᠠᠬᠢ  ᠳᠡᠭᠡᠳᠦ ᠨᠠᠷᠢᠯᠢᠭ ᠣᠷᠣᠶᠢᠯᠠᠭᠰᠠᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠢᠳᠡᠪᠬᠢᠲᠡᠢ ᠪᠠᠷ ᠣᠷᠣᠭᠤᠯᠤᠨ  ᠠᠪᠴᠢᠷᠠᠵᠤ᠂ ︽ᠬᠠᠶᠠᠭᠳᠠᠮᠠᠯ ᠪᠤᠳᠠᠰ ᠦᠭᠡᠢ ᠬᠤᠳᠠ︾ ᠶᠢᠨ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠨ᠎ᠡ ᠃              ︵ᠭᠤᠷᠪᠠ︶ ᠪᠡᠯᠡ ᠮᠥᠩᠭᠦ ᠶᠢᠨ ᠪᠠᠲᠤᠯᠠᠭ᠎ᠠ ᠶᠢ ᠨᠠᠶᠢᠳᠠᠪᠤᠷᠢᠵᠢᠭᠤᠯᠤᠨ᠎ᠠ              ︽ᠬᠠᠶᠠᠭᠳᠠᠮᠠᠯ ᠪᠤᠳᠠᠰ ᠦᠭᠡᠢ ᠬᠤᠲᠠ︾ ᠶᠢᠨ ᠪᠦᠲᠦᠭᠡᠨ ᠪᠠᠶᠢᠭᠤᠯᠤᠯᠲᠠ ᠳᠠᠬᠢ ᠪᠡᠯᠡ ᠮᠥᠩᠭᠦ ᠶᠢᠨ  ᠳᠡᠮᠵᠢᠯᠭᠡ ᠶᠢ ᠴᠢᠩᠭᠠᠳᠬᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠪᠠ ᠭᠠᠵᠠᠷ ᠣᠷᠣᠨ ᠤ ︽ᠬᠠᠶᠠᠭᠳᠠᠮᠠᠯ  ᠪᠤᠳᠠᠰ  ᠦᠭᠡᠢ ᠬᠤᠲᠠ︾ ᠶᠢᠨ ᠪᠦᠲᠦᠭᠡᠨ ᠪᠠᠶᠢᠭᠤᠯᠤᠯᠲᠠ ᠶᠢᠨ ᠭᠤᠣᠯᠳᠠᠯᠭ᠎ᠠ ᠲᠠᠢ ᠡᠭᠦᠷᠭᠡ ᠶᠢ ᠡᠳ᠋ ᠤᠨ ᠵᠠᠰᠠᠭ ᠤᠨ  ᠲᠥᠰᠥᠪ ᠲᠤ ᠣᠷᠣᠭᠤᠯᠬᠤ ᠶᠢ ᠲᠦᠯᠬᠢᠨ ᠠᠬᠢᠭᠤᠯᠵᠤ᠂ ︽ᠬᠠᠶᠠᠭᠳᠠᠮᠠᠯ ᠪᠤᠳᠠᠰ ᠦᠭᠡᠢ ᠬᠤᠲᠠ︾ ᠶᠢᠨ ᠪᠦᠲᠦᠭᠡᠨ  ᠪᠠᠶᠢᠭᠤᠯᠤᠯᠲᠠ ᠶᠢᠨ ᠥᠨᠳᠥᠷ ᠪᠦᠲᠦᠮᠵᠢᠲᠡᠶ ᠪᠥᠭᠡᠳ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠨ᠎ᠠ᠃ ᠡᠳ᠋ ᠤᠨ  ᠵᠠᠰᠠᠭ ᠤᠨ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠬᠦ ᠡᠷᠴᠢᠮ ᠢ ᠴᠢᠩᠭᠠᠷᠠᠭᠤᠯᠵᠤ᠂ ᠨᠤᠨᠳᠠᠭ ᠨᠡᠭᠦᠷᠡᠰᠦᠨ ᠤ  ᠦᠨᠡᠰᠦ᠂ ᠮᠠᠯ ᠵᠢᠭᠦᠷᠲᠡᠨ ᠤ ᠢᠯᠭᠠᠳᠠᠰᠤ ᠶᠢ ᠶᠡᠷᠦᠩᠬᠡᠶᠢᠯᠡᠨ ᠠᠰᠢᠭᠯᠠᠬᠤ ᠵᠡᠷᠭᠡ ᠭᠤᠣᠯᠳᠠᠯᠭ᠎ᠠ ᠲᠠᠢ ᠬᠦᠷᠢᠶ᠎ᠡ ᠶᠢ  ᠲᠥᠪᠯᠡᠷᠡᠭᠦᠯᠦᠨ ᠳᠡᠮᠵᠢᠨ᠎ᠡ᠃ ᠭᠠᠵᠠᠷ ᠰᠢᠷᠣᠢ᠂ ᠲᠥᠯᠦᠪᠵᠢᠭᠦᠯᠭᠡ᠂ ᠮᠥᠩᠭᠦᠨ ᠭᠦᠢᠯᠭᠡᠭᠡ ᠵᠡᠷᠭᠡ ᠤᠯᠠᠨ  ᠵᠦᠢᠯ ᠤᠨ ᠲᠦᠷᠦ ᠶᠢᠨ ᠪᠣᠳᠣᠯᠭ᠎ᠠ ᠶᠢ ᠶᠡᠷᠦᠩᠬᠡᠶᠢᠯᠡᠨ ᠬᠡᠷᠡᠭᠯᠡᠵᠦ᠂ ᠪᠡᠯᠡ ᠮᠥᠩᠭᠦ ᠴᠤᠭᠯᠠᠭᠤᠯᠬᠤ ᠠᠷᠭ᠎ᠠ ᠵᠠᠮ ᠢ  ᠥᠷᠭᠡᠳᠬᠡᠨ᠂ ᠪᠡᠯᠡ ᠣᠷᠣᠭᠤᠯᠵᠤ ᠪᠡᠯᠡ ᠲᠣᠬᠢᠷᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠡᠯ᠎ᠡ ᠲᠦᠷᠦᠯ ᠤᠨ  ᠬᠥᠷᠥᠩᠭᠡ ᠶᠢᠨ ︽ᠬᠠᠶᠠᠭᠳᠠᠮᠠᠯ  ᠪᠤᠳᠠᠰ ᠦᠭᠡᠢ ᠬᠤᠳᠠ︾ ᠶᠢᠨ ᠮᠡᠷᠭᠡᠵᠢᠯ ᠤᠨ ᠰᠤᠳᠤᠯᠤᠨ ᠨᠡᠭᠡᠭᠡᠬᠦ ᠬᠦᠷᠢᠶᠡᠨ ᠳᠤ  ᠣᠷᠣᠬᠤ ᠶᠢ ᠵᠣᠷᠢᠭᠵᠢᠭᠤᠯᠤᠨ᠎ᠠ᠃              ︵ᠳᠥᠷᠪᠡ︶ ᠤᠬᠠᠭᠤᠯᠵᠤ ᠬᠥᠲᠥᠯᠥᠨ ᠳᠠᠭᠠᠭᠤᠯᠬᠤ ᠶᠢ ᠴᠢᠩᠭᠠᠳᠬᠠᠨ᠎ᠠ             ᠰᠦᠯᠵᠢᠶᠡᠨ ᠳᠡᠭᠡᠷᠡᠬᠢ ᠲᠠᠪᠴᠠᠩ ᠪᠠ ᠰᠦᠯᠵᠢᠶᠡᠨ ᠭᠠᠳᠠᠨᠠᠬᠢ ᠵᠠᠭᠤᠴᠢᠯᠠᠭᠤᠷ ᠢ ᠭᠦᠢᠴᠡᠳ ᠠᠰᠢᠭᠯᠠᠨ᠂ ᠨᠠᠮ  ᠵᠠᠰᠠᠭ ᠤᠨ ᠪᠠᠶᠢᠭᠤᠯᠭ᠎ᠠ᠂ ᠰᠤᠷᠭᠠᠭᠤᠯᠢ᠂ ᠨᠡᠶᠢᠭᠡᠮ ᠲᠣᠭᠤᠷᠢᠭ᠂ ᠠᠵᠤ ᠠᠬᠤᠶᠢᠯᠠᠯ ᠵᠡᠷᠭᠡ ᠳᠤ ᠬᠠᠨᠳᠤᠭᠤᠯᠤᠨ᠂ ︽ ᠬᠠᠶᠠᠭᠳᠠᠮᠠᠯ ᠪᠤᠳᠠᠰ ᠦᠭᠡᠢ ᠬᠤᠲᠠ︾ ᠶᠢᠨ ᠭᠤᠣᠯ ᠰᠡᠳᠦᠪᠲᠦ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠪᠥᠬᠦ  ᠲᠠᠯ᠎ᠠ ᠪᠠᠷ ᠥᠷᠨᠢᠭᠦᠯᠵᠦ᠂ ᠪᠣᠬᠢᠷᠳᠤᠯ ᠦᠭᠡᠢ ᠠᠮᠢᠳᠤᠷᠠᠯ ᠪᠠ ᠬᠡᠷᠡᠭᠯᠡᠭᠡᠨ ᠤ ᠠᠷᠭ᠎ᠠ ᠮᠠᠶ᠋ᠢᠭ ᠵᠡᠷᠭᠡ ᠬᠠᠮᠢᠶ᠎ᠠ ᠪᠦᠬᠦᠢ  ᠠᠭᠤᠯᠭ᠎ᠠ ᠶᠢ ᠤᠳᠤᠷᠢᠳᠬᠤ ᠺᠠᠳ᠋ᠷᠴᠤᠳ ᠤᠨ ᠪᠣᠯᠪᠠᠰᠤᠷᠠᠭᠤᠯᠤᠯ ᠵᠢᠴᠢ ᠬᠤᠲᠠ ᠶᠢᠨ ᠠᠷᠠᠳ ᠤᠨ ᠬᠥᠮᠦᠵᠢᠯ ᠤᠨ  ᠰᠢᠰᠲ᠋ᠧᠮᠵᠢ ᠳᠤ ᠣᠷᠣᠭᠤᠯᠤᠨ᠎ᠠ᠃ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠢᠯᠡᠴᠢᠯᠡᠬᠦ ᠡᠷᠴᠢᠮ ᠢ  ᠴᠢᠩᠭᠠᠷᠠᠭᠤᠯᠵᠤ᠂ ᠲᠡᠷᠢᠭᠦᠨ ᠤ ᠨᠡᠶᠢᠲᠡᠯᠢᠭ ᠵᠢᠱᠢᠶ᠎ᠡ ᠶᠢ ᠪᠣᠢ ᠪᠣᠯᠭᠠᠵᠤ᠂ ︽ᠬᠠᠶᠠᠭᠳᠠᠮᠠᠯ ᠪᠤᠳᠠᠰ ᠦᠭᠡᠢ ᠬᠤᠲᠠ︾  ᠶᠢᠨ ᠪᠦᠲᠦᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠨᠡᠶᠢᠭᠡᠮ ᠲᠣᠭᠤᠷᠢᠭ᠂ ᠲᠡᠷᠢᠭᠦᠨ ᠤ ᠨᠢᠭᠡᠴᠡ ᠪᠠ  ᠲᠡᠷᠢᠭᠦᠨ ᠤ ᠬᠤᠪᠢ ᠬᠥᠮᠥᠨ ᠢ ᠥᠷᠭᠡᠨ ᠢᠶᠠᠷ ᠤᠬᠠᠭᠤᠯᠵᠤ᠂ ︽ᠬᠠᠶᠠᠭᠳᠠᠮᠠᠯ ᠪᠤᠳᠠᠰ ᠦᠭᠡᠢ ᠬᠤᠲᠠ︾ ᠶᠢᠨ  ᠪᠦᠲᠦᠭᠡᠨ ᠪᠠᠶᠢᠭᠤᠯᠤᠯᠲᠠ ᠳᠤ ᠣᠯᠣᠭᠰᠠᠨ ᠲᠣᠪᠣᠶᠢᠮ᠎ᠠ ᠠᠮᠵᠢᠯᠲᠠ ᠪᠦᠲᠦᠮᠵᠢ ᠪᠠ ᠴᠢᠬᠤᠯᠠ ᠲᠤᠷᠰᠢᠯᠭ᠎ᠠ ᠶᠢ ᠪᠥᠬᠦ  ᠲᠠᠯ᠎ᠠ ᠪᠠᠷ ᠳᠡᠯᠭᠡᠨ ᠦᠵᠡᠭᠦᠯᠦᠨ᠎ᠡ᠃              ᠳᠠᠭᠠᠯᠳᠤᠭᠤᠯᠤᠯ᠄       1. ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠪᠥᠬᠦ  ᠶᠠᠪᠤᠴᠠ ᠶᠢᠨ ᠬᠦᠳᠡᠯᠭᠡᠭᠡᠨ ᠤ  ︵ᠰᠢᠯᠵᠢᠬᠦ︶ ᠬᠠᠨᠳᠤᠰᠢ ᠶᠢᠨ ᠵᠠᠳᠠᠯᠤᠯᠲᠠ ᠶᠢᠨ ᠵᠢᠷᠤᠭ           2. ᠲᠠᠷᠢᠶᠠᠯᠠᠩ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠪᠦᠬᠦ ᠶᠠᠪᠤᠴᠠ ᠶᠢᠨ ᠬᠦᠳᠡᠯᠭᠡᠭᠡᠨ ᠤ   ︵ ᠰᠢᠯᠵᠢᠬᠦ︶ ᠬᠠᠨᠳᠤᠰᠢ ᠶᠢᠨ ︵ᠴᠢᠭᠯᠡᠯ ᠤᠨ︶  ᠵᠠᠳᠠᠯᠤᠯᠲᠠ ᠶᠢᠨ ᠵᠢᠷᠤᠭ             3. ᠠᠮᠢᠳᠤᠷᠠᠯ ᠠᠴᠠ ᠢᠷᠡᠯᠲᠡ ᠲᠠᠢ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠪᠦᠬᠦ ᠶᠠᠪᠤᠴᠠ ᠶᠢᠨ  ᠬᠦᠳᠡᠯᠭᠡᠭᠡᠨ ᠤ ︵ᠰᠢᠯᠵᠢᠬᠦ︶ ᠬᠠᠨᠳᠤᠰᠢ ᠶᠢᠨ ︵ᠴᠢᠭᠯᠡᠯ ᠤᠨ︶  ᠵᠠᠳᠠᠯᠤᠯᠲᠠ ᠶᠢᠨ ᠵᠢᠷᠤᠭ            4. ᠠᠶᠤᠯᠲᠠᠢ ᠬᠠᠶᠠᠭᠳᠠᠮᠠᠯ ᠪᠣᠳᠠᠰ ᠤᠨ ᠪᠦᠬᠦ ᠶᠠᠪᠤᠴᠠ ᠶᠢᠨ ᠬᠦᠳᠡᠯᠭᠡᠭᠡᠨ ᠤ ︵ᠰᠢᠯᠵᠢᠬᠦ︶ ᠬᠠᠨᠳᠤᠰᠢ ᠶᠢᠨ  ︵ᠴᠢᠭᠯᠡᠯ ᠤᠨ︶  ᠵᠠᠳᠠᠯᠤᠯᠲᠠ ᠶᠢᠨ ᠵᠢᠷᠤᠭ              5. ᠡᠭᠦᠷᠭᠡ ᠶᠢᠨ ᠨᠠᠷᠢᠨ ᠬᠠᠭᠤᠳᠠᠰᠤ             6. ᠲᠥᠷᠥᠯ ᠵᠦᠢᠯ ᠤᠨ ᠨᠠᠷᠢᠨ ᠬᠠᠭᠤᠳᠠᠰᠤ        
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号