| | | ᠵᠣᠴᠢᠨ᠄ ᠬᠥᠬᠡᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠳᠥᠷᠪᠡᠳᠦᠭᠡᠷ ᠳᠡᠰ ᠤᠨ | ᠪᠠᠶᠢᠴᠠᠭᠠᠨ ᠰᠤᠳᠤᠯᠤᠭᠴᠢ ᠯᠢᠦ ᠬᠤᠩ ᠯᠦᠩ᠂ ᠠᠮᠤ ᠪᠤᠳᠠᠭᠠᠨ ᠤ ᠨᠥᠭᠡᠴᠡᠯᠡᠯᠲᠡ ᠶᠢᠨ ᠰᠠᠯᠠᠭ᠎ᠠ ᠶᠢᠨ ᠦ᠋ ᠭᠠᠩ | ᠵᠤ᠋᠂ ᠠᠮᠤ ᠪᠤᠳᠠᠭᠠᠨ ᠤ ᠲᠣᠬᠢᠷᠠᠭᠤᠯᠤᠯᠲᠠ ᠡᠵᠡᠮᠳᠡᠯ ᠤᠨ ᠰᠠᠯᠠᠭ᠎ᠠ ᠶᠢᠨ ᠧᠦ ᠶᠠᠩ ᠵᠢᠶᠦ᠋ᠨ᠂ ᠠᠮᠤ ᠪᠤᠳᠠᠭᠠᠨ ᠤ | ᠲᠥᠯᠦᠪᠵᠢᠭᠦᠯᠭᠡ ᠪᠠ ᠠᠵᠤ ᠦᠢᠯᠡᠰ ᠤᠨ ᠬᠥᠭᠵᠢᠯᠲᠡ ᠶᠢᠨ ᠰᠠᠯᠠᠭ᠎ᠠ ᠶᠢᠨ ᠭᠤᠤ ᠶᠠᠩ᠂ ᠠᠮᠤ ᠪᠤᠳᠠᠭᠠᠨ ᠤ | ᠬᠢᠨᠠᠯᠲᠠ ᠪᠠᠶᠢᠴᠠᠭᠠᠯᠲᠠ ᠶᠢᠨ ᠰᠠᠯᠠᠭ᠎ᠠ ᠶᠢᠨ ᠸᠠᠩ ᠬᠠᠨ ᠮᠧᠩ | ᠬᠠᠮᠢᠶᠠᠷᠤᠭᠴᠢ᠄ | ᠲᠣᠰ ᠤᠳᠠᠭᠠᠨ ᠤ ᠰᠣᠷᠪᠤᠯᠵᠢᠯᠠᠭ᠎ᠠ ᠪᠣᠯ ᠬᠥᠬᠡᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ ᠬᠢᠭᠡᠳ | ᠬᠥᠬᠡᠬᠤᠲᠠ ᠶᠢᠨ ᠷᠠᠳᠢᠣ᠋ ᠲᠧᠯᠸᠢᠰ ᠬᠤᠷᠢᠶ᠎ᠠ ᠶᠢᠨ ᠤᠳᠬ᠎ᠠ ᠤᠷᠠᠯᠢᠭ ᠤᠨ ᠷᠠᠳᠢᠣ᠋ ᠶᠢᠨ ᠬᠠᠮᠲᠤᠷᠠᠭᠰᠠᠨ ᠲᠤᠰᠬᠠᠢ | ᠰᠣᠷᠪᠤᠯᠵᠢᠯᠠᠭ᠎ᠠ ᠪᠣᠯᠣᠨ᠎ᠠ᠂ ᠰᠦᠯᠵᠢᠶᠡᠨ ᠠᠨᠳᠠ ᠨᠠᠷ ᠰᠦᠯᠵᠢᠶᠡᠨ ᠳᠡᠭᠡᠷ᠎ᠡ ᠦᠭᠡ ᠦᠯᠡᠳᠡᠭᠡᠵᠦ ᠵᠣᠴᠢᠳ ᠲᠠᠢ | ᠦᠵᠡᠯ ᠪᠤᠳᠤᠯ ᠢᠶᠠᠨ ᠰᠣᠯᠢᠯᠴᠠᠵᠤ ᠪᠣᠯᠣᠨ᠎ᠠ᠂ ᠰᠦᠯᠵᠢᠶᠡᠨ ᠠᠨᠳᠠ ᠨᠠᠷ ᠤᠨ ᠢᠳᠡᠪᠬᠢᠲᠡᠢ ᠣᠷᠤᠯᠴᠠᠬᠤ ᠶᠢ | ᠪᠠᠶᠠᠷᠯᠠᠨ ᠤᠭᠲᠤᠵᠤ ᠪᠠᠶᠢᠨ᠎ᠠ᠃ | ᠬᠥᠲᠥᠯᠥᠭᠴᠢ᠄ | ︽ᠤᠯᠤᠰ ᠠᠷᠠᠳ ᠢᠶᠠᠷ ᠦᠨᠳᠦᠰᠦ ᠪᠣᠯᠭᠠᠵᠤ᠂ ᠠᠷᠠᠳ ᠢᠷᠭᠡᠳ ᠠᠮᠤ ᠪᠤᠳᠠᠭ᠎ᠠ ᠪᠠᠷ ᠠᠮᠢ ᠪᠠᠨ ᠪᠣᠯᠭᠠᠨ᠎ᠠ︾ | ᠂ ᠠᠮᠤ ᠪᠤᠳᠠᠭ᠎ᠠ ᠪᠣᠯ ᠠᠷᠠᠳ ᠢᠷᠭᠡᠳ ᠤᠨ ᠬᠠᠮᠤᠭ ᠤᠨ ᠦᠨᠳᠦᠰᠦᠨ ᠠᠮᠢᠳᠤᠷᠠᠯ ᠤᠨ ᠡᠳ᠋ ᠪᠣᠳᠠᠰ ᠮᠥᠨ᠂ | ᠠᠮᠤ ᠪᠤᠳᠠᠭᠠᠨ ᠤ ᠠᠶᠤᠯᠭᠦᠢ ᠨᠢ ᠨᠡᠶᠢᠭᠡᠮ ᠤᠨ ᠡᠶ᠎ᠡ ᠵᠣᠬᠢᠴᠠᠯ᠂ ᠤᠯᠤᠰ ᠲᠦᠷᠦ ᠶᠢᠨ ᠲᠣᠭᠲᠠᠭᠤᠨ᠂ ᠠᠵᠤ | ᠠᠬᠤᠢ ᠶᠢᠨ ᠦᠷᠭᠦᠯᠵᠢᠯᠡᠬᠦ ᠬᠥᠭᠵᠢᠯᠲᠡ ᠲᠠᠢ ᠨᠢᠭᠲᠠ ᠬᠤᠯᠪᠣᠭ᠎ᠠ ᠲᠠᠢ ᠪᠠᠶᠢᠳᠠᠭ᠂ ᠮᠠᠨ ᠤ ᠬᠤᠲᠠ ᠶᠢᠨ ᠠᠮᠤ | ᠪᠤᠳᠠᠭᠠᠨ ᠤ ᠠᠶᠤᠯᠭᠦᠢ ᠶᠢᠨ ᠪᠠᠶᠢᠳᠠᠯ ᠶᠠᠮᠠᠷ ᠰᠢᠭ ᠪᠠᠶᠢᠬᠤ ᠭᠡᠳᠡᠭ ᠨᠢ ᠨᠡᠶᠢᠭᠡᠮ ᠤᠨ ᠡᠯ᠎ᠡ ᠡᠲᠡᠭᠡᠳ ᠤᠨ ᠬᠢᠨ ᠤ | ᠨᠡᠶᠢᠳᠡᠮ ᠠᠩᠬᠠᠷᠴᠤ ᠪᠠᠶᠢᠭ᠎ᠠ ᠠᠰᠠᠭᠤᠳᠠᠯ ᠪᠣᠯᠣᠨ᠎ᠠ᠃ | ᠬᠥᠲᠥᠯᠥᠭᠴᠢ᠄ | ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ︵ᠠᠮᠤ ᠪᠤᠳᠠᠭ᠎ᠠ ᠪᠠ ᠡᠳ᠋ ᠪᠣᠳᠠᠰ | ᠨᠥᠭᠡᠴᠡᠯᠡᠬᠦ ᠲᠣᠪᠴᠢᠶ᠎ᠠ︶ ᠨᠢ ᠠᠮᠤ ᠪᠤᠳᠠᠭᠠᠨ ᠤ ᠠᠵᠢᠯ ᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠪᠣᠯᠤᠭᠰᠠᠨ ᠤ | ᠬᠤᠪᠢ ᠳᠤ᠂ ᠮᠠᠨ ᠤ ᠬᠤᠲᠠ ᠶᠢᠨ ᠠᠮᠤ ᠪᠤᠳᠠᠭᠠᠨ ᠤ ᠠᠶᠤᠯᠭᠦᠢ ᠶᠢᠨ ᠶᠡᠷᠦᠩᠬᠡᠢ ᠪᠠᠶᠢᠳᠠᠯ ᠶᠠᠮᠠᠷ ᠪᠣᠢ︖ | ᠣᠶᠢᠷ᠎ᠠ ᠶᠢᠨ ᠵᠢᠯ ᠳᠤ ᠠᠮᠤ ᠪᠤᠳᠠᠭᠠᠨ ᠤ ᠠᠶᠤᠯᠭᠦᠢ ᠶᠢᠨ ᠲᠠᠯ᠎ᠠ ᠪᠠᠷ ᠶᠠᠮᠠᠷ ᠶᠠᠮᠠᠷ ᠠᠵᠢᠯ ᠤᠨ ᠠᠷᠭ᠎ᠠ ᠬᠡᠮᠵᠢᠶ᠎ᠡ | ᠠᠪᠤᠭᠰᠠᠨ ᠪᠣᠶ︖ | ᠯᠢᠦ ᠬᠤᠩ ᠯᠦᠩ᠄ | ᠣᠶᠢᠷ᠎ᠠ ᠶᠢᠨ ᠵᠢᠯ ᠳᠤ᠂ ᠮᠠᠨ ᠤ ᠬᠤᠲᠠ ᠶᠡᠷᠦᠩᠬᠡᠢ ᠱᠦᠵᠢ ᠰᠢ ᠶᠢᠨ ᠫᠢᠩ ᠤᠨ ᠠᠮᠤ ᠪᠤᠳᠠᠭᠠᠨ ᠤ | ᠠᠶᠤᠯᠭᠦᠢ ᠶᠢᠨ ᠲᠤᠬᠠᠢ ᠴᠢᠬᠤᠯᠠ ᠵᠢᠭᠠᠪᠤᠷᠢ᠂ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠠᠮᠤ ᠪᠤᠳᠠᠭᠠᠨ ᠤ | ᠠᠶᠤᠯᠭᠦᠢ ᠶᠢᠨ ᠶᠡᠷᠦᠩᠬᠡᠢ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠶᠣᠰᠣᠭᠠᠷ᠂ ᠠᠮᠤ ᠪᠤᠳᠠᠭᠠᠨ ᠤ ᠠᠶᠤᠯᠭᠦᠢ ᠶᠢᠨ | ᠠᠵᠢᠯ ᠤᠨ ᠤᠳᠤᠷᠢᠳᠤᠯᠭ᠎ᠠ ᠶᠢ ᠪᠥᠬᠦ ᠲᠠᠯ᠎ᠠ ᠪᠠᠷ ᠴᠢᠩᠭᠠᠷᠠᠭᠤᠯᠵᠤ᠂ ᠨᠠᠮ ᠵᠠᠰᠠᠭ ᠤᠨ ᠠᠳᠠᠯᠢ ᠬᠠᠷᠢᠭᠤᠴᠠᠯᠭ᠎ᠠ ᠶᠢ | ᠴᠢᠩᠭ᠎ᠠ ᠨᠠᠶᠢᠳᠠᠪᠤᠷᠢᠵᠢᠭᠤᠯᠤᠨ᠂ ᠠᠮᠤ ᠪᠤᠳᠠᠭᠠᠨ ᠤ ᠠᠶᠤᠯᠭᠦᠢ ᠶᠢ ᠰᠢᠯᠭᠠᠨ ᠬᠢᠨᠠᠬᠤ ᠪᠠᠷ ᠭᠠᠷᠳᠠᠴᠠ ᠪᠣᠯᠭᠠᠵᠤ᠂ | ᠡᠯ᠎ᠡ ᠬᠤᠰᠢᠭᠤ ᠰᠢᠶᠠᠨ ᠲᠣᠭᠤᠷᠢᠭ ᠢ ᠰᠢᠮᠳᠠᠭᠤᠯᠤᠨ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠵᠤ᠂ ᠠᠮᠤ ᠪᠤᠳᠠᠭᠠᠨ ᠤ ᠠᠶᠤᠯᠭᠦᠢ ᠶᠢᠨ ᠪᠠᠲᠤᠯᠠᠭ᠎ᠠ ᠶᠢᠨ ᠡᠯ᠎ᠡ ᠵᠦᠢᠯ ᠤᠨ ᠠᠵᠢᠯ ᠢ ᠯᠠᠪᠳᠠᠭᠤᠨ | ᠪᠠᠲᠤᠲᠠᠢ ᠠᠬᠢᠭᠤᠯᠵᠤ᠂ ᠠᠮᠤ ᠪᠤᠳᠠᠭᠠᠨ ᠤ ᠠᠶᠤᠯᠭᠦᠢ ᠶᠢᠨ ᠪᠠᠲᠤᠯᠠᠭ᠎ᠠ ᠶᠢᠨ ᠴᠢᠳᠠᠪᠤᠷᠢ ᠶᠢ ᠪᠥᠬᠦ ᠲᠠᠯ᠎ᠠ ᠪᠠᠷ | ᠳᠡᠭᠡᠭᠰᠢᠯᠡᠭᠦᠯᠪᠡ᠃ ᠡᠭᠦᠨ ᠳᠤ ᠭᠤᠣᠯᠳᠠᠭᠤ ᠳᠣᠣᠷᠠᠬᠢ ᠠᠷᠭ᠎ᠠ ᠬᠡᠮᠵᠢᠶ᠎ᠡ ᠨᠦᠭᠦᠳ ᠢ ᠠᠪᠴᠠᠢ᠄ ᠨᠢᠭᠡ ᠳᠤ ᠳᠦᠷᠢᠮ | ᠲᠣᠭᠲᠠᠭᠠᠯ ᠲᠣᠭᠲᠠᠭᠠᠵᠤ ᠨᠠᠶᠢᠳᠠᠪᠤᠷᠢᠵᠢᠭᠤᠯᠤᠯᠲᠠ ᠶᠢ ᠠᠳᠬᠤᠪᠠ᠃ ᠪᠢᠳᠡ ᠵᠠᠰᠠᠭ ᠤᠨ ᠣᠷᠳᠣᠨ ᠳᠤ ᠮᠡᠳᠡᠭᠦᠯᠦᠨ | ︽ᠠᠮᠤ ᠪᠤᠳᠠᠭᠠᠨ ᠤ ᠠᠶᠤᠯᠭᠦᠢ ᠶᠢᠨ ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠵᠢᠭᠦᠯᠬᠦ ᠲᠥᠰᠥᠯ︾ ︽ᠠᠮᠤ ᠪᠤᠳᠠᠭᠠᠨ ᠤ ᠠᠶᠤᠯᠭᠦᠢ ᠶᠢᠨ | ᠬᠤᠰᠢᠭᠤ ᠰᠢᠶᠠᠨ ᠤ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠤᠨ ᠬᠢᠨᠠᠨ ᠰᠢᠯᠭᠠᠬᠤ ᠠᠷᠭ᠎ᠠ︾ ᠵᠡᠷᠭᠡ | ᠳᠦᠷᠢᠮ ᠲᠣᠭᠲᠠᠭᠠᠯ ᠤᠨ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠵᠤ᠂ ᠠᠮᠤ ᠪᠤᠳᠠᠭᠠᠨᠤ ᠠᠶᠤᠯᠭᠦᠢ ᠳᠠᠬᠢ | ᠨᠠᠮ ᠵᠠᠰᠠᠭ ᠤᠨ ᠠᠳᠠᠯᠢ ᠬᠠᠷᠢᠭᠤᠴᠠᠯᠭ᠎ᠠ ᠪᠠ ᠠᠮᠤ ᠪᠤᠳᠠᠭᠠᠨ ᠤ ᠠᠶᠤᠯᠭᠦᠢ ᠶᠢᠨ ᠭᠤᠣᠯ ᠴᠣᠭᠴᠠ ᠶᠢᠨ | ᠬᠠᠷᠢᠭᠤᠴᠠᠯᠭ᠎ᠠ ᠶᠢ ᠴᠢᠩᠭᠠᠳᠬᠠᠪᠠ᠃ ᠬᠤᠶᠠᠷ ᠲᠤ ᠪᠡᠯᠡ ᠮᠥᠩᠭᠦ ᠴᠢᠷᠮᠠᠶᠢᠨ ᠣᠯᠵᠤ ᠭᠠᠷᠤᠯᠲᠠ ᠪᠠᠨ ᠨᠡᠮᠡᠭᠳᠡᠭᠦᠯᠪᠡ | ᠃ 2020 ᠣᠨ ᠠᠴᠠ ᠨᠠᠰᠢ᠂ ᠮᠠᠨ ᠤ ᠵᠥᠪᠯᠡᠯ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠲᠥᠰᠥᠪ ᠤᠨ | ᠳᠣᠲᠣᠷᠠᠬᠢ ᠪᠡᠯᠡ ᠮᠥᠩᠭᠦ ᠶᠢ ᠨᠡᠶᠢᠲᠡ 4.66 ᠳ᠋ᠦᠩᠰᠢᠭᠤᠷ ᠲᠥᠭᠦᠷᠢᠭ ᠴᠢᠷᠮᠠᠶᠢᠨ ᠣᠯᠵᠤ᠂ ᠲᠠᠷᠢᠶᠠᠯᠠᠩ ᠮᠠᠯ | ᠠᠵᠤ ᠠᠬᠤᠢ᠂ ᠤᠰᠤᠨ ᠠᠰᠢᠭᠯᠠᠯᠲᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠥᠨᠳᠥᠷ ᠪᠠᠷᠢᠮᠵᠢᠶᠠᠲᠤ ᠲᠠᠷᠢᠶᠠᠨ | ᠭᠠᠵᠠᠷ᠂ ᠲᠠᠷᠢᠶᠠᠨ ᠭᠠᠵᠠᠷ ᠤᠨ ᠤᠰᠤᠨ ᠠᠰᠢᠭᠯᠠᠯᠲᠠ᠂ ᠬᠥᠷᠥᠰᠥ ᠰᠢᠷᠣᠢ ᠶᠢ ᠰᠠᠶᠢᠵᠢᠷᠠᠭᠤᠯᠬᠤ ᠵᠡᠷᠭᠡ ᠪᠦᠲᠦᠭᠡᠨ | ᠪᠠᠶᠢᠭᠤᠯᠤᠯᠲᠠ ᠶᠢᠨ ᠢᠨᠵᠧᠨᠧᠷᠢᠩ ᠢ ᠲᠦᠯᠬᠢᠨ ᠠᠬᠢᠭᠤᠯᠪᠠ᠃ ᠭᠤᠷᠪᠠ ᠳᠤ ᠨᠥᠭᠡᠴᠡ ᠪᠠᠨ ᠪᠠᠲᠤᠳᠬᠠᠨ ᠠᠮᠤ | ᠪᠤᠳᠠᠭᠠᠨ ᠤ ᠬᠥᠮᠥᠷᠭᠡ ᠪᠠᠨ ᠰᠠᠶᠢᠨ ᠰᠠᠬᠢᠪᠠ᠃ ᠮᠠᠨ ᠤ ᠬᠤᠲᠠ ᠠᠮᠤ ᠪᠤᠳᠠᠭᠠᠨ ᠤ ᠨᠥᠭᠡᠴᠡᠯᠡᠯᠲᠡ ᠶᠢᠨ | ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠣᠷᠣᠨ ᠨᠤᠲᠤᠭ ᠤᠨ ᠠᠮᠤ ᠪᠤᠳᠠᠭᠠᠨ ᠤ ᠨᠥᠭᠡᠴᠡᠯᠡᠯᠲᠡ ᠶᠢ | ᠲᠡᠭᠦᠯᠳᠡᠷᠵᠢᠭᠦᠯᠦᠨ᠂ ᠨᠥᠭᠡᠴᠡ ᠠᠮᠤ ᠪᠤᠳᠠᠭᠠᠨ ᠤ ᠪᠠᠶᠢᠭᠤᠯᠤᠯ ᠲᠣᠭᠲᠠᠴᠠ ᠶᠢᠨ ᠪᠠᠶᠢᠭᠤᠯᠤᠯᠲᠠ ᠶᠢ | ᠲᠡᠭᠦᠯᠳᠡᠷᠵᠢᠭᠦᠯᠵᠦ᠂ ᠨᠥᠭᠡᠴᠡ ᠠᠮᠤ ᠲᠣᠰᠣ ᠶᠢ ᠡᠭᠡᠯᠵᠢᠯᠡᠨ ᠰᠣᠯᠢᠬᠤ ᠪᠠ ᠠᠮᠤ ᠪᠤᠳᠠᠭᠠᠨ ᠤ ᠨᠥᠭᠡᠴᠡᠯᠡᠯᠲᠡ ᠶᠢᠨ | ᠠᠶᠤᠯᠭᠦᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠣᠷᠣᠨ ᠤ ᠲᠥᠪ ᠤᠨ ᠠᠮᠤ ᠪᠤᠳᠠᠭᠠᠨ ᠤ ᠬᠥᠮᠥᠷᠭᠡ ᠶᠢ | ᠰᠠᠶᠢᠨ ᠰᠠᠬᠢᠪᠠ᠃ ᠳᠥᠷᠪᠡ ᠳᠤ ᠪᠠᠴᠢᠮ ᠪᠠᠶᠢᠳᠠᠯ ᠢ ᠠᠷᠭᠠᠴᠠᠵᠤ ᠬᠠᠩᠭᠠᠯᠭ᠎ᠠ ᠶᠢ ᠪᠠᠲᠤᠯᠠᠪᠠ᠃ ᠠᠮᠤ ᠪᠤᠳᠠᠭᠠᠨ ᠤ | ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠠᠮᠤ ᠲᠣᠰᠣᠨ ᠤ ᠦᠨ᠎ᠡ | ᠬᠠᠩᠰᠢ ᠶᠢ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ ᠶᠢ ᠴᠢᠩᠭᠠᠷᠠᠭᠤᠯᠤᠨ᠂ ᠪᠦᠲᠦᠭᠡᠭᠳᠡᠬᠦᠨ ᠪᠣᠯᠭᠠᠭᠰᠠᠨ | ᠠᠮᠤ ᠲᠣᠰᠣ ᠶᠢ ᠬᠥᠮᠥᠷᠭᠡᠯᠡᠨ ᠬᠠᠳᠠᠭᠠᠯᠠᠬᠤ᠂ ᠪᠠᠴᠢᠮ ᠪᠠᠶᠢᠳᠠᠯ ᠢ ᠠᠷᠭᠠᠴᠠᠭᠠᠨ ᠦᠢᠯᠡᠳᠪᠦᠷᠢᠯᠡᠵᠦ ᠡᠳ᠋ᠰᠢᠭᠦᠯᠬᠦ᠂ | ᠪᠠᠴᠢᠮ ᠪᠠᠶᠢᠳᠠᠯ ᠢ ᠠᠷᠭᠠᠴᠠᠭᠠᠨ ᠬᠠᠳᠠᠭᠠᠯᠠᠵᠤ ᠲᠡᠭᠡᠭᠡᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠪᠠᠴᠢᠮ | ᠪᠠᠶᠢᠳᠠᠯ ᠢ ᠠᠷᠭᠠᠴᠠᠭᠠᠨ ᠬᠦᠷᠭᠡᠵᠦ ᠲᠣᠬᠢᠷᠠᠭᠤᠯᠬᠤ ᠳᠤᠲᠠᠭᠤ ᠲᠠᠯ᠎ᠠ ᠪᠠᠨ ᠨᠥᠬᠦᠪᠦᠷᠢᠯᠡᠵᠦ᠂ ᠪᠠᠴᠢᠮ ᠪᠠᠶᠢᠳᠠᠯ ᠢ | ᠠᠷᠭᠠᠴᠠᠬᠤ ᠬᠠᠩᠭᠠᠯᠭ᠎ᠠ ᠶᠢᠨ ᠪᠠᠲᠤᠯᠠᠭ᠎ᠠ ᠶᠢ ᠰᠠᠶᠢᠲᠤᠷ ᠠᠳᠬᠤᠪᠠ᠃ | | | | | ᠬᠥᠲᠥᠯᠥᠭᠴᠢ᠄ | ᠠᠮᠤ ᠪᠤᠳᠠᠭᠠᠨ ᠤ ᠨᠥᠭᠡᠴᠡᠯᠡᠯᠲᠡ ᠪᠣᠯ ᠠᠮᠤ ᠪᠤᠳᠠᠭᠠᠨ ᠤ ᠠᠶᠤᠯᠭᠦᠢ ᠶᠢᠨ ᠰᠠᠭᠤᠷᠢ ᠪᠠ ᠦᠨᠳᠦᠰᠦᠨ | ᠪᠠᠲᠤᠯᠠᠭ᠎ᠠ ᠮᠥᠨ᠂ ᠤᠯᠠᠨ ᠢᠶᠠᠷ ᠢᠶᠠᠨ ᠠᠮᠤ ᠪᠤᠳᠠᠭᠠᠨ ᠤ ᠨᠥᠭᠡᠴᠡᠯᠡᠯᠲᠡ ᠶᠢᠨ ᠪᠠᠶᠢᠳᠠᠯ ᠢ ᠮᠠᠰᠢ ᠠᠩᠬᠠᠷᠴᠤ | ᠪᠠᠶᠢᠨ᠎ᠠ᠂ ᠡᠨᠡ ᠲᠠᠯ᠎ᠠ ᠶᠢᠨ ᠪᠣᠳᠠᠲᠠᠢ ᠠᠵᠢᠯ ᠤᠨ ᠪᠠᠶᠢᠳᠠᠯ ᠨᠢ ᠶᠠᠮᠠᠷ ᠪᠤᠢ︖ ᠶᠠᠮᠠᠷ ᠶᠠᠮᠠᠷ ᠠᠷᠭ᠎ᠠ ᠬᠡᠮᠵᠢᠶ᠎ᠡ | ᠠᠪᠤᠭᠰᠠᠨ ᠪᠤᠢ︖ | ᠦ᠋ ᠭᠠᠩ ᠵᠤ᠋᠄ | ᠣᠶᠢᠷ᠎ᠠ ᠶᠢᠨ ᠵᠢᠯ ᠤᠳ ᠲᠤ ᠮᠠᠨ ᠤ ᠬᠤᠲᠠ ᠠᠮᠤ ᠪᠤᠳᠠᠭᠠᠨ ᠤ ᠨᠥᠭᠡᠴᠡᠯᠡᠯᠲᠡ ᠶᠢᠨ ᠬᠠᠮᠢᠶᠠᠷᠤᠯᠲᠠ ᠶᠢ | ᠪᠥᠬᠦ ᠲᠠᠯ᠎ᠠ ᠪᠠᠷ ᠴᠢᠩᠭᠠᠳᠬᠠᠵᠤ᠂ ︽ ᠵᠠᠰᠠᠭ ᠤᠨ ᠣᠷᠳᠣᠨ ᠠᠮᠤ ᠪᠤᠳᠠᠭᠠᠨ ᠤ ᠡᠷᠬᠡ ᠶᠢ ᠡᠵᠡᠮᠳᠡᠵᠦ᠂ ᠰᠠᠯᠠᠭ᠎ᠠ | ᠮᠥᠴᠢᠷ ᠪᠥᠬᠦ ᠲᠠᠯ᠎ᠠ ᠪᠠᠷ ᠬᠢᠨᠠᠨ ᠬᠠᠮᠢᠶᠠᠷᠴᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠳᠠᠭᠠᠭᠠᠨ | ᠬᠠᠳᠠᠭᠠᠯᠠᠨ ᠡᠵᠡᠩᠨᠡᠵᠦ᠂ ᠦᠨ᠎ᠡ ᠶᠢᠨ ᠵᠥᠷᠢᠶ᠎ᠡ ᠶᠢ ᠡᠳ᠋ ᠤᠨ ᠵᠠᠰᠠᠭ ᠠᠴᠠ ᠪᠠᠲᠤᠯᠠᠬᠤ︾ ᠬᠥᠬᠡᠬᠤᠲᠠ ᠶᠢᠨ ᠠᠮᠤ | ᠪᠤᠳᠠᠭᠠᠨ ᠤ ᠨᠥᠭᠡᠴᠡᠯᠡᠯᠲᠡ ᠶᠢᠨ ᠬᠠᠮᠢᠶᠠᠷᠤᠯᠲᠠ ᠶᠢᠨ ᠵᠠᠭᠪᠤᠷ ᠢ ᠠᠯᠬᠤᠮ ᠠᠯᠬᠤᠮ ᠢᠶᠠᠷ ᠰᠦᠪᠡᠭᠴᠢᠯᠡᠨ ᠭᠠᠷᠭᠠᠵᠤ | ᠂ ︽ᠭᠤᠷᠪᠠᠨ ᠡᠷᠬᠡᠪᠰᠢ︾ ᠪᠠ ︽ᠨᠢᠭᠡ ᠪᠠᠲᠤᠯᠠᠭ᠎ᠠ︾ ᠪᠠᠷ ᠭᠤᠣᠯᠳᠠᠯᠭ᠎ᠠ ᠪᠣᠯᠭᠠᠨ᠂ ᠠᠮᠤ ᠪᠤᠳᠠᠭᠠᠨ ᠤ | ᠨᠥᠭᠡᠴᠡᠯᠡᠯᠲᠡ ᠶᠢᠨ ᠴᠢᠳᠠᠪᠤᠷᠢ ᠶᠢ ᠪᠦᠬᠦ ᠲᠠᠯ᠎ᠠ ᠪᠠᠷ ᠪᠦᠲᠦᠮᠵᠢᠲᠡᠶ ᠳᠡᠭᠡᠭᠰᠢᠯᠡᠭᠦᠯᠪᠡ᠃ ︽ᠭᠤᠷᠪᠠᠨ ᠡᠷᠬᠡᠪᠰᠢ︾ | ᠄ ᠠᠮᠤ ᠪᠤᠳᠠᠭᠠᠨ ᠤ ᠡᠷᠬᠡ ᠶᠢ ᠡᠷᠬᠡᠪᠰᠢ ᠵᠠᠰᠠᠭ ᠤᠨ ᠣᠷᠳᠣᠨ ᠤ ᠭᠠᠷ ᠲᠤ ᠪᠠᠲᠤ ᠡᠵᠡᠮᠳᠡᠬᠦ᠂ ᠠᠮᠤ ᠪᠤᠳᠠᠭ᠎ᠠ᠂ | ᠡᠳ᠋ ᠤᠨ ᠵᠠᠰᠠᠭ᠂ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ ᠵᠡᠷᠭᠡ ᠭᠤᠣᠯᠯᠠᠨ ᠬᠠᠮᠢᠶᠠᠷᠬᠤ ᠰᠠᠯᠠᠭ᠎ᠠ | ᠮᠥᠴᠢᠷ ᠡᠷᠬᠡᠪᠰᠢ ᠰᠠᠶᠢᠲᠤᠷ ᠬᠢᠨᠠᠨ ᠬᠠᠮᠢᠶᠠᠷᠬᠤ᠂ ᠠᠮᠤ ᠪᠤᠳᠠᠭᠠᠨ ᠤ ᠨᠥᠭᠡᠴᠡ ᠶᠢ ᠡᠷᠬᠡᠪᠰᠢ ᠤᠯᠤᠰ ᠤᠨ | ᠥᠮᠴᠢᠯᠡᠯ ᠤᠨ ᠠᠵᠤ ᠠᠬᠤᠶᠢᠯᠠᠯ ᠳᠤ ᠲᠤᠰᠢᠶᠠᠨ ᠡᠵᠡᠩᠨᠡᠭᠦᠯᠬᠦ︔ ︽ᠨᠢᠭᠡ ᠪᠠᠲᠤᠯᠠᠭ᠎ᠠ︾᠄ ᠡᠭᠡᠯᠵᠢᠯᠡᠭᠦᠯᠦᠨ | ᠰᠣᠯᠢᠬᠤ ᠦᠨ᠎ᠡ ᠬᠠᠩᠰᠢ ᠶᠢᠨ ᠵᠥᠷᠢᠶ᠎ᠡ ᠶᠢ ᠡᠳ᠋ ᠤᠨ ᠵᠠᠰᠠᠭ ᠠᠴᠠ ᠪᠠᠲᠤᠯᠠᠬᠤ᠃ ᠡᠭᠦᠨ ᠤ ᠵᠡᠷᠭᠡᠴᠡᠭᠡᠪᠡᠷ | ᠳᠣᠣᠷᠠᠬᠢ ᠮᠡᠲᠦ ᠪᠦᠲᠦᠮᠵᠢᠲᠡᠶ ᠠᠷᠭ᠎ᠠ ᠬᠡᠮᠵᠢᠶ᠎ᠡ ᠨᠦᠭᠦᠳ ᠢ ᠠᠪᠴᠠᠢ᠄ ᠨᠢᠭᠡ ᠳᠤ ᠨᠥᠭᠡᠴᠡᠯᠡᠬᠦ ᠬᠡᠮᠵᠢᠶ᠎ᠡ ᠶᠢ | ᠬᠥᠳᠡᠯᠦᠩᠭᠦᠢ ᠪᠠᠷ ᠲᠣᠬᠢᠷᠠᠭᠤᠯᠬᠤ ᠲᠣᠭᠲᠠᠴᠠ᠃ ᠬᠤᠶᠠᠷ ᠲᠤ ᠨᠥᠭᠡᠴᠡ ᠶᠢ ᠡᠭᠡᠯᠵᠢᠯᠡᠭᠦᠯᠦᠨ ᠰᠣᠯᠢᠬᠤ | ᠲᠣᠭᠲᠠᠴᠠ ᠶᠢ ᠲᠡᠭᠦᠯᠳᠡᠷᠵᠢᠭᠦᠯᠪᠡ᠃ ᠭᠤᠷᠪᠠ ᠳᠤ ᠠᠮᠤ ᠲᠣᠰᠣ ᠨᠥᠭᠡᠴᠡᠯᠡᠬᠦ ᠪᠥᠬᠦ ᠶᠠᠪᠤᠴᠠ ᠶᠢᠨ ᠮᠡᠳᠡᠭᠡ | ᠵᠠᠩᠭᠢᠵᠢᠯᠲᠠ ᠶᠢᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠪᠠ᠃ | ᠬᠥᠲᠥᠯᠥᠭᠴᠢ᠄ | ᠮᠠᠨ ᠤ ᠬᠤᠲᠠ ᠶᠢᠨ ᠠᠮᠤ ᠪᠤᠳᠠᠭᠠᠨ ᠤ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮ ᠤᠨ ᠪᠠᠶᠢᠭᠤᠯᠤᠯᠲᠠ ᠶᠢᠨ | ᠲᠠᠯ᠎ᠠ ᠪᠠᠷ ᠬᠢ ᠠᠵᠢᠯ ᠤᠨ ᠪᠠᠶᠢᠳᠠᠯ ᠢ ᠲᠠᠨᠢᠯᠴᠠᠭᠤᠯᠵᠤ ᠥᠭᠭᠦᠨ᠎ᠡ ᠦᠦ︖ ᠶᠠᠮᠠᠷ ᠶᠠᠮᠠᠷ ᠠᠷᠭ᠎ᠠ ᠬᠡᠮᠵᠢᠶ᠎ᠡ | ᠠᠪᠤᠭᠰᠠᠨ ᠪᠤᠢ︖ | ᠧᠦ ᠶᠠᠩ ᠵᠢᠶᠦ᠋ᠨ᠄ | ᠣᠶᠢᠷ᠎ᠠ ᠶᠢᠨ ᠵᠢᠯ ᠤᠳ ᠲᠤ᠂ ᠮᠠᠨ ᠤ ᠬᠤᠲᠠ ᠠᠮᠤ ᠪᠤᠳᠠᠭᠠᠨ ᠤ ᠪᠠᠴᠢᠮ ᠪᠠᠶᠢᠳᠠᠯ ᠢ ᠠᠷᠭᠠᠴᠠᠬᠤ | ᠰᠢᠰᠲ᠋ᠧᠮᠵᠢ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠡᠯ᠎ᠡ ᠵᠦᠢᠯ ᠤᠨ ᠠᠵᠢᠯ ᠢᠶᠠᠨ ᠲᠦᠷᠭᠡᠨ | ᠬᠥᠭᠵᠢᠭᠦᠯᠵᠦ᠂ ᠭᠤᠣᠯᠳᠠᠭᠤ ᠳᠣᠣᠷᠠᠬᠢ ᠠᠷᠭ᠎ᠠ ᠬᠡᠮᠵᠢᠶ᠎ᠡ ᠨᠦᠭᠦᠳ ᠢ ᠠᠪᠤᠭᠰᠠᠨ ᠪᠠᠶᠢᠨ᠎ᠠ᠄ ᠨᠢᠭᠡ ᠳᠤ | ᠳᠦᠷᠢᠮ ᠤᠨ ᠪᠠᠶᠢᠭᠤᠯᠤᠯᠲᠠ ᠶᠢᠨ ︽ᠬᠠᠮᠲᠤᠷᠠᠭᠤᠯᠤᠭᠰᠠᠨ ᠠᠷᠭ᠎ᠠ ᠬᠡᠮᠵᠢᠶ᠎ᠡ︾ ᠶᠢ ᠬᠡᠷᠡᠭᠯᠡᠪᠡ᠃ ︽ᠠᠮᠤ | ᠪᠤᠳᠠᠭᠠᠨ ᠤ ᠠᠶ᠋ᠯᠤᠭᠦᠢ ᠶᠢᠨ ᠪᠠᠲᠤᠯᠠᠭ᠎ᠠ ᠶᠢᠨ ᠬᠡᠷᠡᠭᠵᠢᠭᠦᠯᠬᠦ ᠲᠥᠰᠥᠯ︾ ︽ᠠᠮᠤ ᠪᠤᠳᠠᠭᠠᠨ ᠤ ᠪᠠᠴᠢᠮ ᠪᠠᠶᠢᠳᠠᠯ ᠢ | ᠠᠷᠭᠠᠴᠠᠬᠤ ᠪᠡᠯᠡᠳᠬᠡᠯ ᠲᠥᠰᠥᠯ ᠢ ᠬᠡᠷᠡᠭᠵᠢᠭᠦᠯᠬᠦ ᠨᠠᠷᠢᠨ ᠳᠦᠷᠢᠮ︾ ︽ ᠠᠮᠤ ᠪᠤᠳᠠᠭᠠᠨ ᠤ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ ᠶᠢᠨ ᠳᠦᠷᠢᠮ ᠤᠨ ᠡᠮᠬᠢᠳᠬᠡᠯ︾᠂ ᠡᠯ᠎ᠡ ᠬᠤᠰᠢᠭᠤ ᠰᠢᠶᠠᠨ ᠲᠣᠭᠤᠷᠢᠭ ᠵᠢᠴᠢ | ᠭᠤᠣᠯᠳᠠᠯᠭ᠎ᠠ ᠲᠠᠢ ᠪᠠᠴᠢᠮ ᠪᠠᠶᠢᠳᠠᠯ ᠢ ᠠᠷᠭᠠᠴᠠᠬᠤ ᠠᠵᠤ ᠠᠬᠤᠶᠢᠯᠠᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ | ᠲᠥᠰᠥᠯ ᠵᠡᠷᠭᠡ ᠠᠯᠢ ᠣᠯᠠᠨ ᠳᠦᠷᠢᠮ ᠤᠨ ᠪᠠᠶᠢᠭᠤᠯᠤᠯᠲᠠ ᠪᠠᠷ ᠭᠤᠣᠯ ᠪᠣᠯᠭᠠᠵᠤ᠂ ᠪᠠᠴᠢᠮ ᠪᠠᠶᠢᠳᠠᠯ ᠢ | ᠠᠷᠭᠠᠴᠠᠬᠤ ᠲᠣᠣᠷ ᠰᠦᠯᠵᠢᠶ᠎ᠡ ᠶᠢ ᠴᠢᠩᠭᠠᠳᠬᠠᠬᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ | ᠪᠠᠴᠢᠮ ᠪᠠᠶᠢᠳᠠᠯ ᠢ ᠠᠷᠭᠠᠴᠠᠬᠤ ᠬᠠᠩᠭᠠᠯᠭ᠎ᠠ ᠶᠢᠨ ᠠᠷᠭ᠎ᠠ ᠵᠠᠮ ᠢ ᠥᠷᠭᠡᠳᠬᠡᠬᠦ᠂ ᠪᠠᠴᠢᠮ ᠪᠠᠶᠢᠳᠠᠯ ᠢ ᠠᠷᠭᠠᠴᠠᠬᠤ | ᠡᠩᠨᠡᠭᠡ ᠶᠢ ᠲᠡᠭᠦᠯᠳᠡᠷᠵᠢᠭᠦᠯᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ ᠮᠠᠨ ᠤ ᠬᠤᠲᠠ ᠶᠢᠨ ᠪᠠᠴᠢᠮ ᠪᠠᠶᠢᠳᠠᠯ ᠢ | ᠠᠷᠭᠠᠴᠠᠬᠤ ᠪᠠᠲᠤᠯᠠᠭ᠎ᠠ ᠶᠢᠨ ᠴᠢᠳᠠᠪᠤᠷᠢ ᠶᠢ ᠲᠠᠰᠤᠷᠠᠯᠲᠠ ᠦᠭᠡᠢᠲ᠋ᠡᠭᠡᠭᠰᠢᠯᠡᠭᠦᠯᠪᠡ᠃ ᠬᠤᠶᠠᠷ ᠲᠤ ᠠᠮᠤ ᠪᠤᠳᠠᠭᠠᠨ ᠤ | ᠪᠠᠴᠢᠮ ᠪᠠᠶᠢᠳᠠᠯ ᠢ ᠠᠷᠭᠠᠴᠠᠬᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠪᠠ᠃ ᠪᠥᠬᠦ ᠬᠤᠲᠠ ᠳᠤ ᠠᠮᠤ | ᠲᠣᠰᠣᠨ ᠤ ᠪᠠᠴᠢᠮ ᠪᠠᠶᠢᠳᠠᠯ ᠳᠠᠬᠢ ᠬᠠᠩᠭᠠᠯᠭ᠎ᠠ᠂ ᠡᠳ᠋ᠰᠢᠭᠦᠯᠬᠦ᠂ ᠬᠠᠳᠠᠭᠠᠯᠠᠵᠤ ᠵᠥᠭᠡᠭᠡᠪᠦᠷᠢᠯᠡᠬᠦ᠂ ᠲᠣᠬᠢᠷᠠᠭᠤᠯᠤᠨ | ᠬᠦᠷᠭᠡᠬᠦ᠂ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠲᠥᠪ ᠢ ᠪᠠᠭᠲᠠᠭᠠᠭᠰᠠᠨ ᠠᠮᠤ ᠲᠣᠰᠣᠨ ᠤ ᠪᠠᠴᠢᠮ | ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠲᠣᠣᠷ ᠴᠡᠭ 177᠂ ᠠᠮᠤ ᠲᠣᠰᠣᠨ ᠤ ᠦᠨ᠎ᠡ ᠬᠠᠩᠰᠢ ᠶᠢ | ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ ᠴᠡᠭ 17 ᠶᠢ ᠲᠣᠭᠲᠠᠭᠠᠪᠠ᠃ ᠭᠤᠷᠪᠠ ᠳᠤ ᠡᠳ᠋ ᠤᠨ ᠵᠠᠰᠠᠭ ᠤᠨ | ᠪᠡᠯᠡ ᠮᠥᠩᠭᠦ ᠶᠢᠨ ᠣᠷᠣᠭᠤᠯᠤᠯᠲᠠ ᠶᠢ ᠨᠡᠮᠡᠭᠳᠡᠭᠦᠯᠪᠡ᠃ ᠣᠶᠢᠷ᠎ᠠ ᠶᠢᠨ ᠵᠢᠯ ᠳᠤ᠂ ᠮᠠᠨ ᠤ ᠬᠤᠲᠠ ᠡᠳ᠋ ᠤᠨ | ᠵᠠᠰᠠᠭ ᠤᠨ ᠪᠡᠯᠡ ᠮᠥᠩᠭᠦ ᠪᠠᠴᠢᠮ ᠪᠠᠶᠢᠭ᠎ᠠ ᠪᠠᠶᠢᠳᠠᠯ ᠳᠣᠣᠷ᠎ᠠ᠂ ᠠᠮᠤ ᠪᠤᠳᠠᠭᠠᠨ ᠤ ᠪᠠᠴᠢᠮ ᠪᠠᠶᠢᠳᠠᠯ ᠢ ᠠᠷᠭᠠᠴᠠᠬᠤ | ᠪᠠᠲᠤᠯᠠᠭ᠎ᠠ ᠶᠢᠨ ᠪᠡᠯᠡ ᠮᠥᠩᠭᠦ ᠶᠢᠨ ᠣᠷᠣᠭᠤᠯᠤᠯᠲᠠ ᠶᠢᠨ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠵᠤ᠂ | ᠬᠤᠲᠠ ᠶᠢᠨ ᠲᠣᠰ ᠱᠠᠲᠤᠨ ᠠᠴᠠ 4000 ᠲᠦᠮᠡᠨ ᠲᠥᠭᠦᠷᠢᠭ ᠭᠠᠷᠭᠠᠵᠤ᠂ ᠴᠡᠷᠢᠭ ᠠᠷᠠᠳ ᠤᠨ ᠬᠡᠷᠡᠭᠯᠡᠭᠡ ᠶᠢ | ᠠᠭᠤᠰᠤᠯᠴᠠᠭᠤᠯᠤᠭᠰᠠᠨ ᠴᠡᠷᠢᠭ ᠤᠨ ᠠᠮᠤ ᠪᠤᠳᠠᠭᠠᠨ ᠤ ᠪᠠᠲᠤᠯᠠᠭ᠎ᠠ ᠶᠢᠨ ᠰᠠᠭᠤᠷᠢᠨ ᠭᠠᠵᠠᠷ᠂ ᠠᠮᠤ ᠪᠤᠳᠠᠭᠠᠨ ᠤ | ᠠᠶᠤᠯᠭᠦᠢ ᠶᠢᠨ ᠪᠠᠲᠤᠯᠠᠭ᠎ᠠ ᠶᠢᠨ ᠲᠤᠰᠬᠠᠢ ᠪᠡᠯᠡ ᠮᠥᠩᠭᠦ᠂ ᠠᠮᠤ ᠪᠤᠳᠠᠭᠠᠨ ᠤ ᠪᠠᠴᠢᠮ ᠪᠠᠶᠢᠳᠠᠯ ᠢ ᠠᠷᠭᠠᠴᠠᠬᠤ | ᠬᠥᠮᠥᠷᠭᠡᠯᠡᠬᠦ ᠲᠥᠬᠦᠭᠡᠷᠦᠮᠵᠢ ᠶᠢ ᠰᠡᠯᠪᠢᠨ ᠵᠠᠰᠠᠵᠤ ᠥᠭᠡᠷᠡᠴᠢᠯᠡᠬᠦ ᠵᠡᠷᠭᠡ ᠲᠥᠷᠥᠯ ᠵᠦᠢᠯ ᠤᠨ ᠪᠡᠯᠡ ᠮᠥᠩᠭᠦ ᠶᠢ | ᠳᠡᠮᠵᠢᠬᠦ ᠳᠤ ᠬᠡᠷᠡᠭᠯᠡᠪᠡ︔ 2021 ᠣᠨ ᠳᠤ ᠬᠤᠲᠠ ᠶᠢᠨ ᠲᠣᠰ ᠱᠠᠲᠤᠨ ᠠᠴᠠ ᠠᠮᠤ ᠪᠤᠳᠠᠭᠠᠨ ᠤ ᠠᠰᠢᠭ | ᠰᠦᠢᠳᠬᠡᠯ ᠤᠨ ᠨᠥᠬᠦᠪᠦᠷᠢ ᠪᠠ ᠡᠭᠡᠯᠵᠢᠯᠡᠭᠦᠯᠦᠨ ᠰᠣᠯᠢᠬᠤ ᠦᠨ᠎ᠡ ᠶᠢᠨ ᠵᠥᠷᠢᠶ᠎ᠡ ᠶᠢ ᠨᠥᠬᠦᠪᠦᠷᠢᠯᠡᠬᠦ ᠡᠳ᠋ ᠤᠨ | ᠵᠠᠰᠠᠭ ᠤᠨ ᠲᠥᠰᠥᠪ ᠤᠨ ᠪᠡᠯᠡ ᠮᠥᠩᠭᠦ ᠳᠤ 4800 ᠲᠦᠮᠡᠨ ᠲᠥᠭᠦᠷᠢᠭ ᠣᠷᠣᠭᠤᠯᠵᠤ᠂ 2022 ᠣᠨ ᠳᠤ | 5000 ᠲᠦᠮᠡᠨ ᠲᠥᠭᠦᠷᠢᠭ ᠬᠦᠷᠪᠡ᠃ ᠳᠥᠷᠪᠡ ᠳᠤ ᠠᠮᠤ ᠪᠤᠳᠠᠭ᠎ᠠ ᠲᠣᠰᠣ ᠡᠳ᠋ ᠪᠣᠳᠠᠰ ᠤᠨ ᠬᠠᠩᠭᠠᠯᠭ᠎ᠠ ᠶᠢᠨ | ᠬᠡᠯᠬᠢᠶ᠎ᠡ ᠶᠢ ᠪᠠᠲᠤᠳᠬᠠᠪᠠ᠃ ᠲᠠᠪᠤ ᠳᠤ ᠠᠵᠢᠯ ᠤᠳ ᠢᠶᠠᠨ ᠤᠷᠢᠳᠴᠢᠯᠠᠨ ᠬᠢᠪᠡ᠃ 2023 ᠣᠨ ᠳᠤ ᠮᠠᠨ ᠤ | ᠬᠤᠲᠠ ᠲᠥᠷᠥᠯ ᠵᠦᠢᠯ ᠤᠨ ᠪᠡᠯᠡ ᠮᠥᠩᠭᠦ ᠶᠢᠨ ᠲᠠᠯ᠎ᠠ ᠪᠠᠷ ᠪᠠᠴᠢᠮ ᠪᠠᠶᠢᠳᠠᠯ ᠢ ᠠᠷᠭᠠᠴᠠᠬᠤ ᠵᠣᠬᠢᠶᠠᠨ | ᠪᠠᠶᠢᠭᠤᠯᠤᠯᠲᠠ ᠶᠢᠨ ᠰᠢᠰᠲ᠋ᠧᠮᠵᠢ ᠶᠢᠨ ᠪᠠᠶᠢᠭᠤᠯᠤᠯᠲᠠ ᠳᠤ ᠢᠯᠡᠭᠦᠬᠡᠨ ᠬᠡᠯᠪᠡᠶᠢᠯᠭᠡᠵᠦ᠂ ᠪᠠᠴᠢᠮ ᠪᠠᠶᠢᠳᠠᠯ ᠢ | ᠠᠷᠭᠠᠴᠠᠬᠤ ᠲᠡᠭᠡᠭᠡᠪᠦᠷᠢ ᠶᠢᠨ ᠲᠡᠷᠭᠡ ᠬᠥᠰᠬᠡ ᠪᠠ ᠠᠦ᠋ᠲ᠋ᠣᠴᠢᠯᠠᠭᠰᠠᠨ ᠠᠴᠢᠶᠠᠯᠠᠵᠤ ᠪᠠᠭᠤᠯᠭᠠᠬᠤ ᠲᠥᠬᠦᠭᠡᠷᠦᠮᠵᠢ | ᠬᠦᠷᠦᠯᠴᠡᠬᠦ ᠦᠭᠡᠢ ᠪᠠᠶᠢᠬᠤ ᠵᠡᠷᠭᠡ ᠲᠠᠯ᠎ᠠ ᠶᠢᠨ ᠠᠰᠠᠭᠤᠳᠠᠯ ᠢ ᠭᠤᠣᠯᠳᠠᠯᠭ᠎ᠠ ᠲᠠᠢ ᠰᠢᠢᠳᠪᠦᠷᠢᠯᠡᠵᠦ᠂ ᠠᠮᠤ ᠪᠤᠳᠠᠭ᠎ᠠ | ᠪᠠ ᠡᠳ᠋ ᠪᠣᠳᠠᠰ ᠤᠨ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠠᠵᠢᠯ ᠤᠨ ᠳᠤᠲᠠᠭᠤᠳᠠᠯ ᠢ | ᠨᠥᠬᠦᠪᠦᠷᠢᠯᠡᠬᠦ ᠪᠠᠷ ᠲᠥᠯᠥᠪᠯᠡᠵᠦ ᠪᠠᠶᠢᠷᠢᠯᠠᠭᠤᠯᠪᠠ᠃ ᠬᠤᠲᠠ ᠶᠢᠨ ᠠᠮᠤ ᠪᠤᠳᠠᠭ᠎ᠠ ᠲᠣᠰᠣ ᠬᠤᠳᠠᠯᠳᠤᠨ ᠠᠪᠴᠤ | ᠨᠥᠭᠡᠴᠡᠯᠡᠬᠦ ᠺᠣᠮᠫᠠᠨᠢᠶᠢᠨ ᠬᠤᠲᠠ ᠶᠢᠨ ᠠᠮᠤ ᠪᠤᠳᠠᠭᠠᠨ ᠤ ᠪᠠᠴᠢᠮ ᠪᠠᠶᠢᠳᠠᠯ ᠢ ᠠᠷᠭᠠᠴᠠᠬᠤ | ᠪᠠᠲᠤᠯᠠᠭ᠎ᠠ ᠵᠢᠨᠭᠠᠪᠰᠢᠭᠠᠢ ᠠᠩᠭᠢ ᠶᠢ ᠪᠡᠯᠡᠳᠬᠡᠨ ᠪᠠᠶᠢᠭᠤᠯᠬᠤ ᠶᠢ ᠠᠬᠢᠭᠤᠯᠵᠤ᠂ ᠠᠮᠤ ᠪᠤᠳᠠᠭᠠᠨᠤ ᠪᠠᠴᠢᠮ | ᠪᠠᠶᠢᠳᠠᠯ ᠢ ᠠᠷᠭᠠᠴᠠᠨ ᠲᠣᠬᠢᠷᠠᠭᠤᠯᠤᠨ ᠬᠦᠷᠭᠡᠬᠦ᠂ ᠭᠠᠯ ᠰᠡᠷᠭᠡᠶᠢᠯᠡᠬᠦ ᠦᠶᠡᠷ ᠢ ᠰᠡᠷᠭᠡᠶᠢᠯᠡᠬᠦ᠂ ᠡᠳ᠋ ᠪᠣᠳᠠᠰ ᠤᠨ | ᠬᠠᠮᠢᠶᠠᠷᠤᠯᠲᠠ ᠬᠠᠮᠠᠭᠠᠯᠠᠯᠲᠠ ᠳᠤ ᠲᠤᠰᠬᠠᠢ ᠳᠡᠮᠵᠢᠯᠭᠡ ᠬᠠᠩᠭᠠᠨ᠎ᠠ᠃ | ᠬᠥᠲᠥᠯᠥᠭᠴᠢ᠄ | ᠮᠠᠨ ᠤ ᠬᠤᠲᠠ ᠶᠢᠨ ᠠᠮᠤ ᠪᠤᠳᠠᠭᠠᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ | ᠲᠠᠯ᠎ᠠ ᠪᠠᠷ ᠶᠠᠮᠠᠷ ᠶᠠᠮᠠᠷ ᠠᠵᠢᠯ ᠥᠷᠨᠢᠭᠦᠯᠦᠭᠰᠡᠨ ᠪᠤᠢ᠂ ᠲᠠᠷᠠᠭᠠᠴᠢ ᠶᠢᠨ ᠠᠯᠬᠤᠮ ᠳᠤ ᠶᠠᠮᠠᠷ ᠶᠠᠮᠠᠷ ᠠᠷᠭ᠎ᠠ ᠬᠡᠮᠵᠢᠶ᠎ᠡ | ᠠᠪᠬᠤ ᠪᠣᠶ︖ | ᠭᠤᠸ ᠶᠠᠩ᠄ | ᠣᠶᠢᠷ᠎ᠠ ᠶᠢᠨ ᠵᠢᠯ ᠤᠳ ᠲᠤ ᠮᠠᠨ ᠤ ᠬᠤᠲᠠ ᠠᠮᠤ ᠪᠤᠳᠠᠭᠠᠨ ᠤ ᠠᠵᠤ ᠦᠢᠯᠡᠰ ᠤᠨ ᠬᠥᠭᠵᠢᠯᠲᠡ ᠳᠤ | ᠠᠩᠬᠠᠷᠤᠯ ᠢᠶᠠᠨ ᠲᠥᠪᠯᠡᠷᠡᠭᠦᠯᠵᠦ᠂ ᠠᠮᠤ ᠪᠤᠳᠠᠭᠠᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ | ᠳᠣᠣᠷᠠᠬᠢ ᠠᠷᠭ᠎ᠠ ᠬᠡᠮᠵᠢᠶ᠎ᠡ ᠨᠦᠭᠦᠳ ᠢ ᠠᠪᠤᠭᠰᠠᠨ ᠪᠠᠶᠢᠨ᠎ᠠ᠄ ᠨᠢᠭᠡ ᠳᠤ ᠴᠢᠨᠠᠷ ᠰᠠᠶᠢᠲᠠᠢ ᠠᠮᠤ ᠪᠤᠳᠠᠭᠠᠨ ᠤ | ᠢᠨᠵᠧᠨᠧᠷᠢᠩ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠬᠡᠷᠡᠭᠵᠢᠭᠦᠯᠪᠡ᠃ ︽︿ᠠᠷᠪᠠᠨ | ᠳᠥᠷᠪᠡᠳᠦᠭᠡᠷ ᠲᠠᠪᠤᠨ ᠵᠢᠯ﹀ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠴᠢᠨᠠᠷ ᠰᠠᠶᠢᠲᠠᠢ ᠠᠮᠤ ᠪᠤᠳᠠᠭᠠᠨ ᠤ | ᠢᠨᠵᠧᠨᠧᠷᠢᠩ ᠢ ᠭᠦᠨᠵᠡᠭᠡᠢ ᠠᠬᠢᠭᠤᠯᠬᠤ ᠶᠡᠷᠦᠩᠬᠡᠢ ᠬᠡᠷᠡᠭᠵᠢᠭᠦᠯᠬᠦ ᠲᠥᠰᠥᠯ︾ ᠢ ᠰᠤᠳᠤᠯᠤᠨ ᠲᠣᠭᠲᠠᠭᠠᠵᠤ᠂ | ᠴᠢᠨᠠᠷ ᠰᠠᠶᠢᠲᠠᠢ ᠠᠮᠤ ᠪᠤᠳᠠᠭᠠᠨ ᠤ ᠢᠨᠵᠧᠨᠧᠷᠢᠩ ᠤᠨ ︽ᠲᠠᠪᠤᠨ ᠰᠢᠯᠢᠳᠡᠭ ᠢ ᠬᠤᠯᠪᠣᠯᠳᠤᠭᠤᠯᠬᠤ︾ ︽ᠭᠤᠷᠪᠠᠨ | ᠬᠡᠯᠬᠢᠶ᠎ᠡ ᠶᠢ ᠬᠠᠮᠵᠢᠯᠴᠠᠭᠤᠯᠬᠤ︾ ︽ᠵᠢᠷᠭᠤᠭᠠᠨ ᠶᠡᠭᠡ ᠳᠡᠭᠡᠭᠰᠢᠯᠡᠭᠦᠯᠬᠦ ᠠᠵᠢᠯᠯᠠᠭ᠎ᠠ︾ ᠶᠢ ᠭᠤᠣᠯᠳᠠᠯᠭ᠎ᠠ ᠲᠠᠢ | ᠰᠠᠶᠢᠲᠤᠷ ᠠᠳᠬᠤᠵᠤ᠂ ᠲᠥᠪ ᠤᠨ ᠨᠥᠬᠦᠪᠦᠷᠢ ᠮᠥᠩᠭᠦ 8767 ᠲᠦᠮᠡᠨ ᠲᠥᠭᠦᠷᠢᠭ ᠢ ᠲᠡᠮᠡᠴᠡᠨ ᠣᠯᠵᠤ᠂ ᠠᠮᠤ | ᠲᠣᠰᠣ ᠶᠢ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠲᠥᠬᠦᠭᠡᠷᠦᠮᠵᠢ ᠶᠢ 150 ᠭᠠᠷᠤᠢ ᠬᠤᠳᠠᠯᠳᠤᠨ ᠠᠪᠴᠤ᠂ | ᠠᠮᠤ ᠪᠤᠳᠠᠭ᠎ᠠ ᠦᠢᠯᠡᠳᠪᠦᠷᠢᠯᠡᠭᠰᠡᠨ ᠤ ᠳᠠᠷᠠᠭᠠᠬᠢ ᠦᠢᠯᠡᠴᠢᠯᠡᠭᠡᠨ ᠤ ᠲᠥᠪ ᠢ 40᠂ ︽ᠰᠠᠶᠢᠨ ᠠᠮᠤ ᠪᠤᠳᠠᠭ᠎ᠠ | ᠲᠣᠰᠣ︾ ᠶᠢᠨ ᠵᠢᠱᠢᠶ᠎ᠡ ᠦᠵᠡᠭᠦᠯᠬᠦ ᠠᠵᠤ ᠠᠬᠤᠶᠢᠯᠠᠯ ᠢ 25᠂ ︽ᠰᠠᠶᠢᠨ ᠠᠮᠤ ᠪᠤᠳᠠᠭ᠎ᠠ ᠲᠣᠰᠣ︾ ᠶᠢᠨ | ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠠᠪᠴᠠᠩ ᠢ 1᠂ ︽ᠰᠠᠶᠢᠨ ᠠᠮᠤ ᠪᠤᠳᠠᠭ᠎ᠠ ᠲᠣᠰᠣ︾ ᠶᠢᠨ | ᠪᠦᠲᠦᠭᠡᠭᠳᠡᠬᠦᠨ ᠢ 11 ᠪᠠᠶᠢᠭᠤᠯᠵᠤ᠂ ᠠᠮᠤ ᠪᠤᠳᠠᠭ᠎ᠠ ᠲᠣᠰᠣᠨ ᠤ ᠲᠦᠷᠦᠯ ᠲᠡᠮᠳᠡᠭ ᠤᠨ ᠪᠠᠶᠢᠭᠤᠯᠤᠯᠲᠠ ᠶᠢ | ᠦᠨᠡᠨ ᠬᠦ ᠴᠢᠩᠭᠠᠳᠬᠠᠵᠤ᠂ ᠤᠯᠠᠨ ᠭᠠᠵᠠᠷ ᠣᠷᠣᠨ ᠤ ᠨᠡᠷᠡᠳᠤ ᠲᠦᠷᠦᠯ ᠲᠡᠮᠳᠡᠭ ᠢ ᠪᠣᠶᠢᠵᠢᠭᠤᠯᠤᠨ᠂ ᠠᠮᠤ | ᠪᠤᠳᠠᠭᠠᠨ ᠤ ᠪᠦᠬᠦ ᠠᠵᠤ ᠦᠢᠯᠡᠰ ᠤᠨ ᠬᠡᠯᠬᠢᠶ᠎ᠡ ᠶᠢᠨ ᠪᠥᠭᠡᠮᠨᠡᠷᠡᠨ ᠬᠥᠭᠵᠢᠬᠦ ᠶᠢ ᠲᠦᠯᠬᠢᠨ ᠠᠬᠢᠭᠤᠯᠪᠠ᠃ | ᠬᠤᠶᠠᠷ ᠲᠤ ᠠᠮᠤ ᠪᠤᠳᠠᠭᠠᠨ ᠤ ᠦᠢᠯᠡᠳᠪᠦᠷᠢᠯᠡᠯ ᠪᠣᠷᠤᠯᠠᠭᠤᠯᠭ᠎ᠠ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠪᠡ᠃ | ︽ᠵᠠᠰᠠᠭ ᠤᠨ ᠣᠷᠳᠣᠨ ᠲᠠᠪᠴᠠᠩ ᠪᠠᠶᠢᠭᠤᠯᠵᠤ᠂ ᠠᠵᠤ ᠠᠬᠤᠶᠢᠯᠠᠯ ᠰᠢ ᠳᠠᠭᠤᠯᠠᠬᠤ︾ ᠠᠵᠢᠯ ᠢ ᠰᠠᠶᠢᠲᠤᠷ ᠬᠢᠵᠦ᠂ | ᠴᠢᠨᠠᠷ ᠰᠠᠶᠢᠲᠠᠢ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠪᠥᠬᠦ ᠤᠯᠤᠰ ᠤᠨ ᠠᠮᠤ ᠪᠤᠳᠠᠭᠠᠨ ᠤ ᠠᠷᠠᠯᠵᠢᠶ᠎ᠠ ᠶᠢᠨ | ᠶᠡᠭᠡ ᠬᠤᠷᠠᠯ ᠳᠤ ᠢᠳᠡᠪᠬᠢᠲᠡᠢ ᠣᠷᠣᠯᠴᠠᠭᠤᠯᠵᠤ᠂ ᠦᠢᠯᠡᠳᠪᠦᠷᠢᠯᠡᠯ ᠪᠣᠷᠤᠯᠠᠭᠤᠯᠭ᠎ᠠ ᠶᠢ ᠵᠣᠯᠭᠠᠭᠤᠯᠬᠤ ᠶᠢ | ᠴᠢᠩᠭᠠᠳᠬᠠᠨ᠂ ᠬᠤᠳᠠᠯᠳᠤᠨ ᠠᠪᠬᠤ ᠪᠠ ᠪᠣᠷᠣᠯᠠᠭᠤᠯᠬᠤ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠮᠠᠨ ᠤ | ᠬᠤᠲᠠ ᠶᠢᠨ ᠰᠠᠶᠢᠨ ᠠᠮᠤ ᠪᠤᠳᠠᠭ᠎ᠠ ᠲᠣᠰᠣᠨ ᠤ ᠪᠣᠷᠤᠯᠠᠭᠤᠯᠭ᠎ᠠ ᠶᠢ ᠥᠷᠭᠡᠳᠬᠡᠨ᠂ ᠠᠮᠤ ᠪᠤᠳᠠᠭ᠎ᠠ ᠲᠣᠰᠣᠨ ᠤ | ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠪᠠ᠃ ᠭᠤᠷᠪᠠ ᠳᠤ ᠠᠮᠤ ᠪᠤᠳᠠᠭᠠᠨ ᠤ ᠬᠦᠷᠢᠶᠡᠨ ᠳᠠᠬᠢ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠰᠠᠶᠢᠲᠤᠷ ᠬᠢᠪᠡ᠃ ᠳᠥᠷᠪᠡ ᠳᠤ ᠠᠮᠤ ᠪᠤᠳᠠᠭᠠᠨ ᠤ | ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ | ᠢᠳᠡᠪᠬᠢᠲᠡᠢ ᠠᠬᠢᠭᠤᠯᠪᠠ᠃ | ᠬᠥᠲᠥᠯᠥᠭᠴᠢ᠄ | ᠣᠳᠣᠬᠠᠨ ᠳᠤ ᠮᠠᠨ ᠤ ᠬᠤᠲᠠ ᠶᠢᠨ ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠬᠤ ᠠᠵᠢᠯ ᠶᠠᠭ | ᠶᠠᠪᠤᠭᠳᠠᠵᠤ ᠪᠠᠶᠢᠨ᠎ᠠ᠂ ᠮᠠᠨ ᠤ ᠬᠤᠲᠠ ᠶᠢᠨ ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠬᠤ ᠠᠵᠢᠯ ᠤᠨ | ᠠᠬᠢᠴᠠ ᠶᠢᠨ ᠪᠠᠶᠢᠳᠠᠯ ᠢ ᠲᠠᠨᠢᠯᠴᠠᠭᠤᠯᠤᠭᠠᠳ ᠥᠭᠭᠦᠨ᠎ᠡ ᠦᠦ︖ | ᠧᠦ ᠶᠠᠩ ᠵᠢᠶᠦ᠋ᠨ᠄ | 2022 ᠣᠨ ᠳᠤ ᠮᠠᠨ ᠤ ᠬᠤᠲᠠ ᠶᠢᠨ ᠠᠮᠤ ᠪᠤᠳᠠᠭᠠᠨ ᠤ ᠳᠠᠷᠢᠬᠤ ᠲᠠᠯᠠᠪᠠᠶ 501.7 ᠲᠦᠮᠡᠨ ᠮᠦ᠂ | ᠡᠷᠳᠡᠨᠢ ᠰᠢᠰᠢ ᠶᠢᠨ ᠳᠠᠷᠢᠬᠤ ᠲᠠᠯᠠᠪᠠᠶ 359. 1 ᠲᠦᠮᠡᠨ ᠮᠦ᠃ ᠪᠥᠬᠦ ᠬᠤᠲᠠ ᠶᠢᠨ ᠠᠮᠤ ᠪᠤᠳᠠᠭᠠᠨ ᠤ ᠶᠡᠷᠦᠩᠬᠡᠢ | ᠤᠨᠠᠯᠲᠠ 183 ᠲᠦᠮᠡᠨ ᠲᠣᠨ ᠬᠦᠷᠴᠦ᠂ ᠡᠭᠦᠨ ᠳᠤ ᠡᠷᠳᠡᠨᠢ ᠰᠢᠰᠢ ᠶᠢᠨ ᠶᠡᠷᠦᠩᠬᠡᠢ ᠤᠨᠠᠯᠲᠠ 155.8 ᠲᠦᠮᠡᠨ | ᠲᠣᠨ᠂ ᠰᠢᠷ᠎ᠠ ᠪᠤᠷᠴᠠᠭ ᠤᠨ ᠭᠠᠷᠤᠯᠲᠠ 1.7 ᠲᠦᠮᠡᠨ ᠲᠣᠨ ᠳᠤ ᠬᠦᠷᠴᠡᠢ᠃ ᠮᠠᠨ ᠤ ᠵᠥᠪᠯᠡᠯ ︽2022 | ᠣᠨ ᠤ ᠪᠥᠬᠦ ᠬᠤᠲᠠ ᠶᠢᠨ ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠬᠤ ᠠᠵᠢᠯ ᠢ ᠰᠠᠶᠢᠲᠤᠷ ᠬᠢᠬᠦ ᠲᠤᠬᠠᠢ | ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠲᠣᠰ ᠭᠠᠵᠠᠷ ᠤᠨ ᠨᠠᠷᠢᠯᠢᠭ ᠡᠳ᠋ᠰᠢᠭᠦᠯᠬᠦ᠂ ᠲᠡᠵᠢᠭᠡᠯ ᠪᠣᠷᠳᠤᠭ᠎ᠠ ᠶᠢᠨ | ᠠᠵᠤ ᠠᠬᠤᠶᠢᠯᠠᠯ᠂ ᠠᠮᠤ ᠪᠤᠳᠠᠭ᠎ᠠ ᠬᠤᠳᠠᠯᠳᠤᠨ ᠠᠪᠴᠤ ᠨᠥᠭᠡᠴᠡᠯᠡᠬᠦ ᠠᠵᠤ ᠠᠬᠤᠶᠢᠯᠠᠯ ᠣᠯᠠᠨ ᠪᠠᠶᠢᠬᠤ | ᠳᠠᠪᠠᠭᠤᠯᠢᠭ ᠢ ᠪᠠᠳᠠᠷᠠᠭᠤᠯᠤᠨ᠂ ᠵᠠᠬ᠎ᠠ ᠳᠡᠯᠭᠡᠭᠦᠷ ᠤᠨ ᠣᠯᠠᠨ ᠶᠠᠩᠵᠤ ᠪᠠᠷ ᠬᠤᠳᠠᠯᠳᠤᠨ ᠠᠪᠬᠤ ᠶᠢ ᠢᠳᠡᠪᠬᠢᠲᠡᠢ | ᠥᠷᠨᠢᠭᠦᠯᠵᠦ᠂ ᠨᠠᠮᠤᠷ ᠤᠨ ᠬᠤᠷᠢᠶᠠᠯᠲᠠ ᠶᠢᠨ ᠬᠤᠳᠠᠯᠳᠤᠨ ᠠᠪᠬᠤ ᠬᠤᠭᠤᠴᠠᠭᠠᠨ ᠳᠤ᠂ ᠪᠥᠬᠦ ᠬᠤᠲᠠ ᠶᠢᠨ ᠡᠯ᠎ᠡ | ᠲᠥᠷᠥᠯ ᠤᠨ ᠠᠵᠤ ᠠᠬᠤᠶᠢᠯᠠᠯ ᠠᠮᠤ ᠪᠤᠳᠠᠭ᠎ᠠ ᠬᠤᠳᠠᠯᠳᠤᠨ ᠠᠪᠬᠤ ᠳᠤ 28.27 ᠳ᠋ᠦᠩᠰᠢᠭᠤᠷ ᠲᠥᠭᠦᠷᠢᠭ ᠤᠨ | ᠪᠡᠯᠡ ᠮᠥᠩᠭᠦ ︵ᠡᠭᠦᠨ ᠳᠤ᠂ ᠲᠥᠷᠥ ᠶᠢᠨ ᠪᠣᠳᠣᠯᠭ᠎ᠠ ᠶᠢᠨ ᠴᠢᠨᠠᠷᠲᠠᠢ ᠠᠵᠤ ᠠᠬᠤᠶᠢᠯᠠᠯ ᠤᠨ ᠪᠡᠯᠡ ᠮᠥᠩᠭᠦ 1.3 | ᠳ᠋ᠦᠩᠰᠢᠭᠤᠷ ᠲᠥᠭᠦᠷᠢᠭ︶ ᠪᠡᠯᠡᠳᠬᠡᠪᠡ᠃ | ᠬᠥᠲᠥᠯᠥᠭᠴᠢ᠄ | ᠡᠭᠡᠯ ᠢᠷᠭᠡᠳ᠂ ᠲᠠᠷᠢᠶᠠᠴᠢᠳ ᠠᠮᠤ ᠪᠤᠳᠠᠭ᠎ᠠ ᠬᠤᠳᠠᠯᠳᠤᠬᠤ ᠶᠠᠪᠤᠴᠠ ᠳᠤ ᠶᠠᠮᠠᠷ ᠨᠢᠭᠡᠨ ᠠᠰᠠᠭᠤᠳᠠᠯ | ᠭᠠᠷᠪᠠᠯ ᠶᠠᠮᠠᠷ ᠠᠷᠭ᠎ᠠ ᠵᠠᠮ ᠢᠶᠠᠷ ᠲᠤᠰᠬᠠᠬᠤ ᠶᠣᠰᠣᠲᠠᠢ ᠪᠤᠶ ᠭᠡᠳᠡᠭ ᠢ ᠰᠦᠯᠵᠢᠶᠡᠨ ᠨᠠᠶᠢᠵᠠ ᠨᠠᠷ ᠠᠩᠬᠠᠷᠴᠤ | ᠪᠠᠶᠢᠨ᠎ᠠ᠃ | ᠸᠠᠩ ᠬᠠᠨ ᠮᠧᠩ᠄ | 12325 ᠢᠯᠡᠴᠢᠯᠡᠨ ᠮᠡᠳᠡᠭᠦᠯᠬᠦ ᠬᠠᠯᠠᠮᠰᠢᠯ ᠤᠲᠠᠰᠤ ᠪᠠᠷ ᠲᠤᠰᠬᠠᠵᠤ ᠪᠣᠯᠣᠨ᠎ᠠ᠃ ᠤᠯᠤᠰ ᠤᠨ ᠠᠮᠤ | ᠪᠤᠳᠠᠭ᠎ᠠ ᠪᠠ ᠡᠳ᠋ ᠪᠣᠳᠠᠰ ᠤᠨ ᠨᠥᠭᠡᠴᠡᠯᠡᠯᠲᠡ ᠶᠢᠨ ᠲᠣᠪᠴᠢᠶ᠎ᠠ ᠠᠴᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ | ᠬᠠᠮᠲᠤᠷᠠᠨ 12325 ᠢᠯᠡᠴᠢᠯᠡᠨ ᠮᠡᠳᠡᠭᠦᠯᠬᠦ ᠬᠠᠯᠠᠮᠰᠢᠯ ᠤᠲᠠᠰᠤ ᠶᠢ ᠡᠷᠬᠢᠯᠡᠭᠰᠡᠨ ᠨᠢ ᠳᠠᠷᠤᠢ ᠲᠠᠷᠢᠶᠠᠴᠢᠨ᠂ | ᠠᠮᠤ ᠪᠤᠳᠠᠭ᠎ᠠ ᠬᠤᠳᠠᠯᠳᠤᠨ ᠠᠪᠬᠤ ᠪᠠ ᠪᠣᠷᠣᠯᠠᠭᠤᠯᠬᠤ ᠡᠯ᠎ᠡ ᠲᠦᠷᠦᠯ ᠤᠨ ᠠᠵᠤ ᠠᠬᠤᠶᠢᠯᠠᠯ | ᠪᠣᠯᠣᠨᠬᠡᠷᠡᠭᠯᠡᠭᠴᠢᠳ ᠢ ᠪᠠᠭᠲᠠᠭᠠᠭᠰᠠᠨ ᠥᠷᠭᠡᠨ ᠤᠯᠠᠨ ᠠᠷᠠᠳ ᠲᠦᠮᠡᠨ ᠤ ᠬᠠᠤᠯᠢ ᠶᠣᠰᠣᠨ ᠤ ᠡᠷᠬᠡ ᠠᠰᠢᠭ ᠢ | ᠬᠠᠮᠠᠭᠠᠯᠠᠬᠤ ᠶᠢᠨ ᠲᠥᠯᠥᠭᠡ ᠶᠤᠮ᠃ ᠣᠯᠠᠨ ᠢᠶᠠᠷ ᠢᠶᠠᠨ ᠬᠡᠷᠪᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ | ᠠᠵᠢᠯᠯᠠᠭ᠎ᠠ ᠳᠤ ᠲᠣᠬᠢᠶᠠᠯᠳᠤᠵᠤ᠂ ᠬᠡᠷᠡᠭᠯᠡᠭᠴᠢᠳ᠂ ᠠᠮᠤ ᠪᠤᠳᠠᠭ᠎ᠠ ᠳᠠᠷᠢᠬᠤ ᠲᠠᠷᠢᠶᠠᠴᠢᠳ ᠤᠨ ᠠᠰᠢᠭ ᠲᠤᠰᠠᠶᠢ | ᠬᠤᠬᠢᠷᠠᠭᠤᠯᠤᠭᠰᠠᠨ ᠪᠠᠶᠢᠳᠠᠯ ᠭᠠᠷᠪᠠᠯ᠂ ᠴᠠᠭ ᠲᠤᠬᠠᠢ ᠳᠤᠨᠢ 12325 ᠤᠨ ᠪᠥᠬᠦ ᠤᠯᠤᠰ ᠤᠨ ᠢᠯᠡᠴᠢᠯᠡᠨ | ᠮᠡᠳᠡᠭᠦᠯᠬᠦ ᠬᠠᠯᠠᠮᠰᠢᠯ ᠤᠲᠠᠰᠤ ᠪᠠᠷ ᠢᠯᠡᠴᠢᠯᠡᠨ ᠮᠡᠳᠡᠭᠦᠯᠵᠦ ᠪᠣᠯᠣᠨ᠎ᠠ᠂ ᠢᠯᠡᠴᠢᠯᠡᠨ ᠮᠡᠳᠡᠭᠦᠯᠦᠭᠰᠡᠨ ᠢ | ᠣᠯᠣᠭᠰᠠᠨ ᠤ ᠳᠠᠷᠠᠭ᠎ᠠ ᠪᠢᠳᠡ ᠯᠠᠪᠲᠠᠢ ᠪᠠᠶᠢᠴᠠᠭᠠᠵᠤ ᠲᠤᠶᠢᠯᠪᠤᠷᠢᠲᠠᠢ ᠪᠠᠶᠢᠴᠠᠭᠠᠵᠤ᠂ ᠬᠠᠮᠤᠭ ᠡᠴᠦᠰ ᠲᠤ | ᠢᠯᠡᠴᠢᠯᠡᠨ ᠮᠡᠳᠡᠭᠦᠯᠦᠭᠰᠡᠳ ᠲᠤ ᠲᠣᠳᠣᠷᠬᠠᠢ ᠬᠠᠷᠢᠭᠤᠯᠲᠠ ᠥᠭᠭᠦᠨ᠎ᠡ᠃ | ᠬᠥᠲᠥᠯᠥᠭᠴᠢ᠄ | ᠡᠨᠡ ᠵᠢᠯ ᠤᠨ ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠬᠤ ᠶᠠᠪᠤᠴᠠ ᠳᠤ ᠪᠢᠳᠡ ᠬᠢᠨᠠᠯᠲᠠ | ᠬᠠᠮᠢᠶᠠᠷᠤᠯᠲᠠ ᠪᠠᠨ ᠬᠡᠷᠬᠢᠨ ᠴᠢᠩᠭᠠᠳᠬᠠᠭᠰᠠᠨ ᠪᠤᠢ︖ | ᠯᠢᠦ ᠬᠤᠩ ᠯᠦᠩ᠄ | ᠪᠢᠳᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠲᠣᠭᠲᠠᠭᠰᠠᠨ ᠬᠤᠭᠤᠴᠠᠭ᠎ᠠ ᠲᠠᠢ ᠪᠠᠷ ᠪᠠᠶᠢᠴᠠᠭᠠᠯᠲᠠ | ᠥᠷᠨᠢᠭᠦᠯᠦᠨ᠎ᠡ᠂ ᠡᠭᠦᠨ ᠳᠤ ︽ᠳᠥᠷᠪᠡᠨ ᠦᠭᠡᠢ ᠬᠤᠶᠠᠷ ᠰᠢᠭᠤᠳ︾ ︽ᠬᠤᠶᠠᠷ ᠢ ᠰᠤᠭᠤᠴᠢᠵᠤ᠂ ᠨᠢᠭᠡ ᠶᠢ | ᠢᠯᠡ ᠪᠣᠯᠭᠠᠬᠤ︾ ᠵᠡᠷᠭᠡ ᠠᠵᠢᠯ ᠤᠨ ᠠᠷᠭ᠎ᠠ ᠶᠢ ᠨᠠᠷᠢᠯᠢᠭ ᠣᠨᠣᠴᠢᠲᠠᠢ ᠪᠠᠷ ᠬᠡᠷᠡᠭᠯᠡᠬᠦ ᠶᠢ ᠪᠠᠭᠲᠠᠭᠠᠨ᠎ᠠ᠂ ᠪᠠᠰᠠ | ᠰᠠᠶ᠋ᠢᠬᠠᠨ ᠳᠤᠷᠠᠳᠤᠭᠰᠠᠨ 12325 ᠢᠯᠡᠴᠢᠯᠡᠨ ᠮᠡᠳᠡᠭᠦᠯᠬᠦ ᠬᠠᠯᠠᠭᠤᠨ ᠤᠲᠠᠰᠤ ᠪᠠ ᠡᠯ᠎ᠡ ᠲᠥᠷᠥᠯ ᠤᠨ ᠲᠤᠰᠬᠠᠢ | ᠲᠥᠷᠥᠯ ᠤᠨ ᠪᠠᠶᠢᠴᠠᠭᠠᠯᠲᠠ ᠶᠢ ᠪᠠᠭᠲᠠᠭᠠᠨ᠎ᠠ᠃ ᠬᠤᠳᠠᠯᠳᠤᠨ ᠠᠪᠬᠤ ᠠᠵᠤ ᠠᠬᠤᠶᠢᠯᠠᠯ ᠬᠤᠳᠠᠯᠳᠤᠨ ᠠᠪᠬᠤ | ᠭᠠᠵᠠᠷ ᠲᠠᠭᠠᠨ ᠬᠤᠳᠠᠯᠳᠤᠨ ᠠᠪᠬᠤ ᠠᠮᠤ ᠪᠤᠳᠠᠭᠠᠨ ᠤ ᠲᠦᠷᠦᠯ ᠵᠦᠢᠯ᠂ ᠶᠠᠰᠤ ᠴᠢᠨᠠᠷ ᠤᠨ ᠪᠠᠷᠢᠮᠵᠢᠶ᠎ᠠ᠂ | ᠬᠡᠮᠵᠢᠶ᠎ᠡ ︵ᠦᠨ᠎ᠡ ᠬᠠᠩᠰᠢ︶ ᠶᠢ ᠨᠤᠭᠤᠯᠵᠤ ᠪᠣᠳᠣᠬᠤ ᠳᠦᠷᠢᠮ ᠵᠡᠷᠭᠡ ᠬᠤᠯᠪᠣᠭᠳᠠᠯ ᠪᠦᠬᠦᠢ ᠮᠡᠳᠡᠭᠡ ᠵᠠᠩᠭᠢ ᠶᠢ | ᠢᠯᠡ ᠨᠡᠶᠢᠲᠡᠯᠡᠭᠰᠡᠨ ᠡᠰᠡᠬᠦ᠂ ᠲᠡᠰ ᠢ ᠨᠢ ᠳᠠᠷᠤᠵᠤ ᠦᠨ᠎ᠡ ᠶᠢ ᠨᠢ ᠪᠠᠭᠤᠷᠠᠭᠤᠯᠬᠤ᠂ ᠵᠢᠩ ᠢ ᠨᠢ ᠬᠠᠰᠤᠬᠤ᠂ ᠠᠮᠤ | ᠪᠤᠳᠠᠭ᠎ᠠ ᠬᠤᠳᠠᠯᠳᠤᠬᠤ ᠵᠣᠭᠤᠰ ᠢ ᠥᠷᠢᠲᠦᠬᠦ ᠵᠡᠷᠭᠡ ᠲᠠᠷᠢᠶᠠᠴᠢᠳ ᠢ ᠬᠤᠣᠷᠯᠠᠵᠤ ᠬᠤᠬᠢᠷᠠᠭᠤᠯᠤᠭᠰᠠᠨ ᠦᠢᠯᠡ | ᠠᠵᠢᠯᠯᠠᠭ᠎ᠠ ᠣᠷᠣᠰᠢᠵᠤ ᠪᠠᠶᠢᠬᠤ ᠡᠰᠡᠬᠦ ᠵᠡᠷᠭᠡ ᠶᠢ ᠭᠤᠣᠯᠳᠠᠯᠭ᠎ᠠ ᠲᠠᠢ ᠠᠩᠬᠠᠷᠴᠤ᠂ ᠨᠠᠮᠤᠷ ᠤᠨ ᠠᠮᠤ ᠪᠤᠳᠠᠭ᠎ᠠ | ᠬᠤᠳᠠᠯᠳᠤᠨ ᠠᠪᠬᠤ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠦᠨᠡᠨ ᠬᠦ ᠪᠠᠲᠤᠯᠠᠵᠤ᠂ ᠠᠮᠤ ᠪᠤᠳᠠᠭ᠎ᠠ ᠲᠠᠷᠢᠬᠤ | ᠲᠠᠷᠢᠶᠠᠴᠢᠳ ᠤᠨ ᠠᠰᠢᠭ ᠲᠤᠰᠠ ᠶᠢ ᠬᠠᠮᠠᠭᠠᠯᠠᠨ᠎ᠠ᠃ | ᠬᠠᠮᠢᠶᠠᠷᠤᠭᠴᠢ᠄ | ᠬᠥᠬᠡᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠳᠥᠷᠪᠡᠳᠦᠭᠡᠷ ᠳᠡᠰ ᠤᠨ | ᠪᠠᠶᠢᠴᠠᠭᠠᠨᠰᠤᠳᠤᠯᠤᠭᠴᠢ ᠯᠢᠦ ᠬᠤᠩ ᠯᠦᠩ᠂ ᠠᠮᠤ ᠪᠤᠳᠠᠭᠠᠨ ᠤ ᠨᠥᠭᠡᠴᠡᠯᠡᠯᠲᠡ ᠶᠢᠨ ᠰᠠᠯᠠᠭ᠎ᠠ ᠶᠢᠨ ᠦ᠋ ᠭᠠᠩ ᠵᠤ᠋ | ᠂ ᠠᠮᠤ ᠪᠤᠳᠠᠭᠠᠨ ᠤ ᠲᠣᠬᠢᠷᠠᠭᠤᠯᠤᠯᠲᠠ ᠡᠵᠡᠮᠳᠡᠯ ᠤᠨ ᠰᠠᠯᠠᠭ᠎ᠠ ᠵᠢᠨᠧᠦ ᠶᠠᠩ ᠵᠢᠶᠦ᠋ᠨ᠂ ᠠᠮᠤ | ᠪᠤᠳᠠᠭᠠᠨ ᠤᠲ᠋ᠥ᠋ᠯᠦᠪᠵᠢᠭᠦᠯᠭᠡ ᠪᠠ ᠠᠵᠤ ᠦᠢᠯᠡᠰ ᠤᠨ ᠬᠥᠭᠵᠢᠯᠲᠡ ᠶᠢᠨ ᠰᠠᠯᠠᠭ᠎ᠠ ᠵᠢᠨᠭᠤᠤ ᠶᠠᠩ᠂ ᠠᠮᠤ | ᠪᠤᠳᠠᠭᠠᠨ ᠤ ᠬᠢᠨᠠᠯᠲᠠ ᠪᠠᠶᠢᠴᠠᠭᠠᠯᠲᠠ ᠶᠢᠨ ᠰᠠᠯᠠᠭ᠎ᠠ ᠶᠢᠨ ᠸᠠᠩ ᠬᠠᠨ ᠮᠧᠩ ᠨᠠᠷ ᠲᠤ ᠲᠠᠯᠠᠷᠬᠠᠵᠤ ᠪᠠᠶᠢᠨ᠎ᠠ᠂ | ᠰᠦᠯᠵᠢᠶᠡᠨ ᠤ ᠨᠠᠶᠢᠵᠠ ᠨᠠᠷ ᠤᠨ ᠠᠩᠬᠠᠷᠤᠯ ᠲᠠᠯᠪᠢᠵᠤ ᠣᠷᠣᠯᠴᠠᠭᠰᠠᠨ ᠳᠤ ᠲᠠᠯᠠᠷᠬᠠᠵᠤ ᠪᠠᠶᠢᠨ᠎ᠠ᠂ ᠲᠣᠰ | ᠬᠤᠭᠤᠴᠠᠭᠠᠨ ᠤ ᠰᠣᠷᠪᠤᠯᠵᠢᠯᠠᠭ᠎ᠠ ᠠᠳᠡ ᠬᠦᠷᠦᠭᠡᠳ ᠲᠡᠭᠦᠰᠦᠯ᠎ᠡ᠂ ᠲᠠᠯᠠᠷᠬᠠᠯ᠎ᠠ᠃ | |