ᠤᠮᠠᠷᠠᠲᠤ ᠬᠢᠯᠢ ᠶᠢᠨ ᠤᠳᠬ᠎ᠠ ᠤᠷᠠᠯᠢᠭ ᠤᠨ ᠶᠠᠷᠢᠶᠠᠨ ᠤ ᠲᠠᠪᠴᠠᠩ ᠬᠥᠬᠡᠬᠤᠲᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2023/9/5
   ︵ᠰᠤᠷᠪᠤᠯᠵᠢᠯᠠᠭᠴᠢ ᠸᠠᠩ ᠵᠦᠩ ᠵᠸᠦ︶ 9 ᠳ᠋ᠤᠭᠡᠷ ᠰᠠᠷ᠎ᠠ ᠶᠢᠨ 3 ᠤ ᠡᠳᠦᠷ᠂ ᠳᠤᠮᠳᠠᠳᠤ ᠤᠯᠤᠰ ᠤᠨ ᠤᠳᠬ᠎ᠠ ᠤᠷᠠᠯᠢᠭ ᠤᠨ ᠬᠢᠨ ᠤ  ᠬᠤᠯᠪᠣᠭ᠎ᠠ ᠶᠢᠨ ᠤᠨᠤᠯ ᠰᠤᠳᠤᠯᠬᠤ ᠲᠠᠰᠤᠭ ᠠᠴᠠ ᠵᠢᠯᠤᠭᠤᠳᠴᠤ᠂ ᠥᠪᠥᠷ ᠮᠣᠩᠭᠤᠯ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠠᠴᠠ ᠭᠤᠣᠯᠯᠠᠨ  ᠡᠷᠬᠢᠯᠡᠵᠦ᠂ ᠥᠪᠥᠷ ᠮᠣᠩᠭᠤᠯ ᠤᠨ ᠤᠳᠬ᠎ᠠ ᠤᠷᠠᠯᠢᠭ ᠤᠨ ᠰᠢᠭᠦᠮᠵᠢᠯᠡᠭᠴᠢᠳ ᠤᠨ ᠨᠡᠶᠢᠭᠡᠮᠯᠢᠭ ᠠᠴᠠ ᠳᠠᠭᠠᠭᠠᠴᠢᠯᠠᠨ ᠡᠷᠬᠢᠯᠡᠭᠰᠡᠨ ᠤᠮᠠᠷᠠᠲᠤ ᠬᠢᠯᠢ ᠶᠢᠨ  ᠤᠳᠬ᠎ᠠ ᠤᠷᠠᠯᠢᠭ ᠤᠨ ᠶᠠᠷᠢᠶᠠᠨ ᠤ ᠲᠠᠪᠴᠠᠩ ᠬᠥᠬᠡᠬᠤᠲᠠ ᠳᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠭᠠᠳᠠᠭᠠᠳᠤ ᠶᠢᠨ ᠤᠳᠬ᠎ᠠ  ᠤᠷᠠᠯᠢᠭᠴᠢᠳ ᠤᠨ ᠲᠥᠯᠥᠭᠡᠯᠡᠭᠴᠢ᠂ ᠲᠤᠰᠬᠠᠢ ᠮᠡᠷᠭᠡᠵᠢᠯᠲᠡᠨ ᠡᠷᠳᠡᠮᠲᠡᠨ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠵᠢᠴᠢ ᠡᠯ᠎ᠡ  ᠠᠶᠢᠮᠠᠭ ᠬᠤᠳᠠ ᠶᠢᠨ ᠤᠳᠬ᠎ᠠ ᠤᠷᠠᠯᠢᠭ ᠤᠨ ᠠᠵᠢᠯᠲᠠᠨ ᠵᠡᠷᠭᠡ 150 ᠭᠠᠷᠤᠢ ᠬᠥᠮᠥᠨ ᠲᠤᠰ ᠤᠳᠠᠭ᠎ᠠ ᠶᠢᠨ ᠶᠠᠷᠢᠶᠠᠨ ᠤ ᠲᠠᠪᠴᠠᠩ ᠳᠤ ᠣᠷᠣᠯᠴᠠᠪᠠ᠃           ᠲᠣᠰ ᠤᠳᠠᠭᠠᠨ ᠤ ᠶᠠᠷᠢᠶᠠᠨ ᠤ ᠲᠠᠪᠴᠠᠩ ᠳᠤ ︽ᠤᠳᠬ᠎ᠠ ᠤᠷᠠᠯᠢᠭ ᠤᠨ ᠰᠣᠨᠢᠨ︾ ᠤ ᠤᠤᠯ ᠤᠨ ᠶᠡᠷᠦᠩᠬᠡᠢ ᠨᠠᠶᠢᠷᠠᠭᠤᠯᠤᠭᠴᠢ ᠯᠢᠶᠠᠩ ᠬᠤᠩ ᠶᠢᠩ᠂ ᠳᠤᠮᠳᠠᠳᠤ ᠤᠯᠤᠰ ᠤᠨ ᠤᠳᠬ᠎ᠠ ᠤᠷᠠᠯᠢᠭ ᠤᠨ ᠰᠢᠭᠦᠮᠵᠢᠯᠡᠭᠴᠢᠳ ᠤᠨ ᠨᠡᠶᠢᠭᠡᠮᠯᠢᠭ ᠤᠨ ᠳᠡᠳ᠋ ᠲᠡᠷᠢᠭᠦᠯᠡᠭᠴᠢ ᠰᠢᠶᠠᠩ ᠶᠦᠨ ᠵᠢᠦᠢ᠂ ᠳᠤᠮᠳᠠᠳᠤ ᠤᠯᠤᠰ ᠤᠨ  ᠵᠠᠭᠤᠴᠢᠯᠠᠭᠤᠷ ᠤᠨ ᠶᠡᠭᠡ ᠰᠤᠷᠭᠠᠭᠤᠯᠢ ᠶᠢᠨ ᠤᠷᠠᠯᠢᠭ ᠤᠨ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠸᠠᠩ ᠲᠢᠩ ᠰᠢᠨ ᠵᠡᠷᠭᠡ 14 ᠲᠤᠰᠬᠠᠢ ᠮᠡᠷᠭᠡᠵᠢᠯᠲᠡᠨ  ᠡᠷᠳᠡᠮᠲᠡᠨ ᠢ ᠤᠷᠢᠵᠤ ︽ᠤᠮᠠᠷᠠᠲᠤ ᠬᠢᠯᠢ ᠶᠢᠨ ᠰᠣᠶᠣᠯ︾ ᠤᠨ ᠲᠦᠷᠦᠯ ᠲᠡᠮᠳᠡᠭᠲᠦ ᠶᠢ ᠡᠭᠦᠳᠬᠦ ᠪᠠ ᠨᠡᠶᠢᠭᠡᠮ ᠵᠢᠷᠤᠮ ᠤᠨ ᠤᠳᠬ᠎ᠠ ᠤᠷᠠᠯᠢᠭ ᠢ  ᠴᠡᠴᠡᠭᠯᠡᠭᠦᠯᠦᠨ ᠬᠥᠭᠵᠢᠭᠦᠯᠬᠦ ᠶᠢᠨ ᠲᠣᠭᠤᠷᠢᠨ ᠳᠤ ᠭᠤᠣᠯ ᠵᠣᠷᠢᠯᠲᠠᠲᠤ ᠶᠠᠷᠢᠶ᠎ᠠ ᠢᠯᠡᠳᠬᠡᠯ ᠪᠠ ᠭᠤᠣᠯ ᠰᠡᠳᠦᠪᠲᠦ ᠶᠠᠷᠢᠶ᠎ᠠ ᠢᠯᠡᠳᠬᠡᠯ ᠬᠢᠯᠭᠡᠵᠡᠢ᠃ ᠶᠠᠷᠢᠶᠠᠨ ᠤ  ᠲᠠᠪᠴᠠᠩ ᠨᠢ  ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠣᠨ ᠨᠠᠮ ᠤᠨ  ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︽ᠤᠮᠠᠷᠠᠲᠤ ᠬᠢᠯᠢ ᠶᠢᠨ  ᠰᠣᠶᠣᠯ︾ ᠤᠨ  ᠲᠥᠷᠥᠯ ᠲᠡᠮᠳᠡᠭᠲᠦ ᠶᠢ ᠴᠤᠭᠴᠠᠯᠠᠬᠤ ᠲᠤᠬᠠᠢ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ  ᠥᠪᠥᠷ ᠮᠣᠩᠭᠤᠯ ᠤᠨ ᠤᠳᠬ᠎ᠠ ᠤᠷᠠᠯᠢᠭ ᠤᠨ ᠠᠵᠢᠯᠲᠠᠳ ᠤᠨ ᠴᠠᠭ ᠦᠶ᠎ᠡ ᠶᠢᠨ ᠬᠠᠷᠢᠭᠤᠴᠠᠯᠭ᠎ᠠ ᠪᠠ ᠡᠭᠦᠷᠭᠡ ᠬᠠᠷᠢᠭᠤᠴᠠᠯᠭ᠎ᠠ ᠶᠢ ᠳᠡᠯᠭᠡᠨ ᠦᠵᠡᠭᠦᠯᠵᠦ᠂  ᠤᠳᠬ᠎ᠠ ᠤᠷᠠᠯᠢᠭ ᠤᠨ ᠠᠵᠢᠯ ᠂  ︽ᠤᠮᠠᠷᠠᠲᠤ ᠬᠢᠯᠢ ᠶᠢᠨ ᠰᠣᠶᠣᠯ︾ ᠤᠨ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠬᠤ᠂ ︽ᠲᠠᠪᠤᠨ  ᠶᠡᠭᠡ ᠡᠭᠦᠷᠭᠡ︾ ᠶᠢ ᠰᠠᠶᠢᠲᠤᠷ ᠪᠡᠶᠡᠯᠡᠭᠦᠯᠬᠦ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠬᠦᠴᠦᠨ  ᠨᠡᠮᠡᠷᠢᠯᠡᠬᠦ ᠳᠤ ᠦᠵᠡᠭᠦᠯᠬᠦ ᠤᠳᠬ᠎ᠠ ᠤᠷᠠᠯᠢᠭ ᠤᠨ ᠠᠵᠢᠯ᠂ ᠤᠳᠬ᠎ᠠ ᠤᠷᠠᠯᠢᠭ ᠤᠨ ᠦᠢᠯᠡᠰ ᠤᠨ ᠥᠪᠡᠷᠮᠢᠴᠡ ᠦᠢᠯᠡᠳᠦᠯ ᠢ ᠰᠢᠨᠵᠢᠯᠡᠨ ᠶᠠᠷᠢᠯᠴᠠᠬᠤ ᠶᠢ  ᠵᠣᠷᠢᠵᠠᠢ᠃           ᠶᠠᠷᠢᠶᠠᠨ ᠤ ᠲᠠᠪᠴᠠᠩ ᠤᠨ ᠬᠢᠨ ᠪᠠᠰᠠ ᠰᠢᠯᠢᠳᠡᠭ ᠥᠭᠦᠯᠡᠯ ᠢ ᠬᠥᠬᠢᠭᠦᠯᠦᠨ ᠰᠠᠶᠢᠰᠢᠶᠠᠪᠠ᠃      
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号