ᠰᠦᠢᠳᠬᠡᠯ ᠬᠤᠷᠢᠶᠠᠬᠤ ᠦᠭᠡᠢ ᠨᠡᠶᠢᠲᠡ 9 ᠡᠳᠦᠷ ᠰᠢᠦ
ᠨᠡᠶᠢᠲᠡᠯᠡᠭᠰᠡᠨ ᠴᠠᠭ᠄
2024/1/11
     ᠵᠠᠮ ᠲᠡᠭᠡᠭᠡᠪᠦᠷᠢ ᠶᠢᠨ ᠶᠠᠮᠤᠨ ᠤ ᠨᠡᠶᠢᠲᠡᠯᠡᠭᠰᠡᠨ 2024 ᠣᠨ ᠤ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠠᠬᠢ ᠪᠠᠭ᠎ᠠ ᠭᠡᠯᠪᠡᠷᠢ ᠶᠢᠨ ᠮᠠᠰᠢᠨ ᠲᠡᠷᠭᠡ ᠠᠴᠠ ᠰᠦᠢᠳᠬᠡᠯ ᠦᠯᠦ ᠬᠤᠷᠢᠶᠠᠬᠤ ᠲᠤᠬᠠᠢ ᠮᠡᠳᠡᠭᠳᠡᠯ ᠢ ᠦᠨᠳᠦᠰᠦᠯᠡᠪᠡᠯ᠂ ᠰᠦᠢᠳᠬᠡᠯ ᠬᠤᠷᠢᠶᠠᠬᠤ ᠦᠭᠡᠢ ᠴᠠᠭ ᠨᠢ 2 ᠰᠠᠷ᠎ᠠ ᠶᠢᠨ 9 ︵ᠪᠢᠲᠡᠭᠦᠨ︶ ᠤ ᠡᠳᠦᠷ ᠤᠨ 0 ᠴᠠᠭ  ᠠᠴᠠ ᠡᠬᠢᠯᠡᠵᠦ᠂ 2 ᠰᠠᠷ᠎ᠠ ᠶᠢᠨ 17 ︵ᠴᠠᠭᠠᠨ ᠰᠠᠷ᠎ᠠ ᠶᠢᠨ ᠰᠢᠨ᠎ᠡ ᠶᠢᠨ ᠨᠠᠢᠮᠠᠨ︶ ᠤ ᠡᠳᠦᠷ ᠤᠨ 24 ᠴᠠᠭ ᠲᠤ ᠳᠠᠭᠤᠰᠤᠨ᠎ᠠ᠃      ᠰᠦᠢᠳᠬᠡᠯ ᠬᠤᠷᠢᠶᠠᠬᠤ ᠦᠭᠡᠢ ᠬᠡᠪᠴᠢᠶᠡᠨ ᠳᠤ 7 ᠰᠠᠭᠤᠳᠠᠯ ᠲᠠᠢ ᠪᠠ 7 ᠰᠠᠭᠤᠳᠠᠯ ᠠᠴᠠ ᠳᠣᠷᠣᠭᠰᠢᠬᠢ ᠪᠠᠭ᠎ᠠ ᠭᠡᠯᠪᠡᠷᠢ ᠶᠢᠨ ᠮᠠᠰᠢᠨ ᠲᠡᠷᠭᠡ ᠪᠠ ᠡᠩ ᠤᠨ ᠮᠣᠲ᠋ᠣᠷ ᠲᠡᠷᠭᠡ ᠪᠠᠭᠲᠠᠨ᠎ᠠ᠂ ᠡᠩ ᠤᠨ ᠵᠠᠰᠠᠮᠠᠯ ᠵᠠᠮ ᠳᠤ ᠲᠡᠷᠭᠡ ᠬᠥᠰᠬᠡ ᠶᠢᠨ ᠰᠦᠢᠳᠬᠡᠯ ᠬᠤᠷᠢᠶᠠᠬᠤ ᠦᠷᠲᠡᠭᠡ ᠪᠠᠷ ᠥᠩᠭᠡᠷᠡᠬᠦ ᠴᠠᠭ ᠢᠶᠠᠷ ᠪᠠᠷᠢᠮᠵᠢᠶ᠋ᠯᠠᠵᠤ᠂ ᠲᠦᠷᠭᠡᠨ ᠤ ᠵᠠᠰᠠᠮᠠᠯ ᠵᠠᠮ ᠳᠤ ᠰᠦᠢᠳᠬᠡᠯ ᠬᠤᠷᠢᠶᠠᠬᠤ ᠵᠠᠮ ᠠᠴᠠ ᠭᠠᠷᠬᠤ ᠴᠠᠭ ᠢᠶᠠᠷ ᠪᠠᠷᠢᠮᠵᠢᠶ᠎ᠠ ᠪᠣᠯᠭᠠᠨ᠎ᠠ᠃      ᠣᠨᠴᠠᠭᠠᠶᠢᠯᠠᠨ ᠰᠠᠨᠠᠭᠤᠯᠬᠤ ᠨᠢ᠂ ᠲᠦᠷᠭᠡᠨ ᠤ ᠵᠠᠰᠠᠮᠠᠯ ᠵᠠᠮ ᠢᠶᠠᠷ ᠠᠶᠠᠯᠠᠬᠤ ᠳᠤ ᠪᠠᠨ ᠬᠥᠮᠥᠨ ᠤ ᠬᠦᠴᠦ ᠪᠠᠷ ᠰᠦᠢᠳᠬᠡᠯ ᠬᠤᠷᠢᠶᠠᠵᠤ ᠪᠠᠶᠢᠭ᠎ᠠ ᠵᠠᠮ ᠢᠶᠠᠷ ᠣᠷᠣᠭᠰᠠᠨ ᠪᠣᠯ ᠪᠠᠭᠤᠬᠤ ᠳᠠᠭᠠᠨ ᠴᠦ ᠬᠥᠮᠥᠨ ᠤ ᠬᠦᠴᠦ ᠪᠠᠷ ᠰᠦᠢᠳᠬᠡᠯ ᠬᠤᠷᠢᠶᠠᠵᠤ ᠪᠠᠶᠢᠭ᠎ᠠ ᠵᠠᠮ ᠢᠶᠠᠷ ᠪᠠᠭᠤᠬᠤ ᠬᠡᠷᠡᠭᠲᠡᠢ᠂ ᠬᠠᠷᠢᠨ ETC ᠰᠢᠰᠲ᠋ᠧᠮ ᠲᠠᠢ ᠵᠠᠮ ᠢᠶᠠᠷ ᠪᠠᠭᠤᠵᠤ ᠪᠤᠯᠬᠤ ᠦᠭᠡᠢ᠃ ᠤᠴᠢᠷ ᠨᠢ ETC ᠰᠢᠰᠲ᠋ᠧᠮ ᠳᠤ ᠲᠠᠨ ᠤ ᠬᠠᠮᠢᠭ᠎ᠠ ᠠᠴᠠ ᠬᠡᠵᠢᠶ᠎ᠡ ᠭᠠᠷᠤᠭᠰᠠᠨ ᠲᠤᠬᠠᠢ ᠰᠤᠷᠠᠭ ᠵᠠᠨᠬᠭᠢ ᠪᠠᠶᠢᠬᠤ ᠦᠭᠡᠢ ᠤᠴᠢᠷ ᠠᠴᠠ ᠵᠠᠮ ᠠᠴᠠ ᠪᠠᠭᠤᠬᠤ ᠶᠢ ᠨᠥᠯᠥᠭᠡᠯᠡᠬᠦ ᠪᠣᠯᠣᠨ᠎ᠠ᠃     ᠢᠷᠡᠯᠲᠡ᠄ ᠥᠪᠥᠷ ᠮᠣᠩᠭᠤᠯ ᠤᠨ ᠥᠷᠯᠥᠭᠡ ᠶᠢᠨ ᠰᠣᠨᠢᠨ
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号