ᠦᠨ᠎ᠡ ᠲᠥᠯᠥᠪᠦᠷᠢ ᠦᠭᠡᠢ ᠪᠠᠷ ᠴᠢᠰᠤ ᠬᠠᠨᠳᠢᠪᠯᠡᠬᠰᠠᠳ ᠢ ᠤᠷᠮᠠᠰᠢᠭᠤᠯᠤᠨ ᠱᠠᠩᠨᠠᠨ᠎ᠠ
ᠨᠡᠶᠢᠲᠡᠯᠡᠭᠰᠡᠨ ᠴᠠᠭ᠄
2024/1/12
     1 ᠰᠠᠷ᠎ᠠ ᠶᠢᠨ 8 ᠤ ᠡᠳᠦᠷ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠲᠥᠪ ᠤᠨ ᠤᠬᠠᠭᠤᠯᠬᠤ ᠬᠡᠯᠲᠡᠰ ᠵᠡᠷᠭᠡ ᠵᠢᠷᠭᠤᠭᠠᠨ ᠰᠠᠯᠠᠭ᠎ᠠ ᠮᠥᠴᠢᠷ ᠮᠡᠳᠡᠭᠳᠡᠯ ᠪᠠᠭᠤᠯᠭᠠᠵᠤ᠂ ᠦᠨ᠎ᠡ ᠲᠥᠯᠥᠪᠦᠷᠢ ᠦᠭᠡᠢ ᠪᠠᠷ ᠴᠢᠰᠤ ᠬᠠᠨᠳᠢᠪᠯᠡᠬᠰᠠᠳ ᠢ ᠤᠷᠮᠠᠰᠢᠭᠤᠯᠤᠨ ᠱᠠᠩᠨᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠵᠠᠢ᠃      ︽ᠮᠡᠳᠡᠭᠳᠡᠯ︾ ᠳᠤ᠂ ︽ᠪᠦᠭᠦ ᠤᠯᠤᠰ ᠤᠨ ᠦᠨ᠎ᠡ ᠲᠥᠯᠥᠪᠦᠷᠢ ᠦᠭᠡᠢ ᠪᠠᠷ ᠴᠢᠰᠤ ᠬᠠᠨᠳᠢᠪᠯᠡᠬᠰᠠᠳ ᠢ ᠬᠥᠬᠢᠭᠦᠯᠦᠨ ᠱᠠᠩᠨᠠᠬᠤ ᠠᠷᠭ᠎ᠠ ︵2022 ᠣᠨ ᠤ ᠬᠡᠪᠯᠡᠯ︶︾ ᠳᠤ ᠳᠤᠷᠠᠳᠤᠭᠰᠠᠨ ᠦᠨ᠎ᠡ ᠲᠥᠯᠥᠪᠦᠷᠢ ᠦᠭᠡᠢ ᠪᠠᠷ ᠴᠢᠰᠤ ᠬᠠᠨᠳᠢᠪᠯᠡᠵᠤ ᠬᠤᠪᠢ ᠨᠡᠮᠡᠷᠢ ᠦᠵᠡᠭᠦᠯᠦᠭᠰᠡᠨ ᠱᠠᠩᠨᠠᠯ ᠤᠨ ᠨᠠᠰᠤᠨ ᠲᠤᠷᠰᠢᠲᠠ ᠶᠢᠨ ᠢᠷᠠᠭᠤ ᠠᠯᠳᠠᠷ ᠤᠨ ᠱᠠᠩᠨᠠᠯ ᠬᠦᠷᠲᠡᠭᠰᠡᠳ ᠢ ᠦᠷᠭᠦᠯᠵᠢᠯᠡᠨ ᠦᠨ᠎ᠡ ᠲᠥᠯᠥᠪᠦᠷᠢ ᠦᠭᠡᠢ ᠪᠠᠷ ᠴᠢᠰᠤ ᠬᠠᠨᠳᠢᠪᠯᠡᠵᠤ ᠬᠤᠪᠢ ᠨᠡᠮᠡᠷᠢ ᠦᠵᠡᠭᠦᠯᠦᠭᠰᠡᠨ ᠱᠠᠩᠨᠠᠯ ᠤᠨ ᠪᠤᠰᠤᠳ ᠱᠠᠩᠨᠠᠯ ︵ᠬᠦᠷᠡᠯ ᠱᠠᠩᠨᠠᠯ᠂ ᠮᠥᠩᠭᠦᠨ ᠱᠠᠩᠨᠠᠯ᠂ ᠠᠯᠲᠠᠨ ᠱᠠᠩᠨᠠᠯ︶ ᠳᠤ ᠮᠡᠳᠡᠭᠦᠯᠵᠦ ᠪᠣᠯᠣᠨ᠎ᠠ ᠭᠡᠵᠦ ᠲᠣᠳᠣᠷᠬᠠᠶᠢᠯᠠᠪᠠ᠃ ᠡᠭᠦᠨ ᠠᠴᠠ ᠭᠠᠳᠠᠨ᠎ᠠ᠂ ᠡᠯ᠎ᠡ ᠭᠠᠵᠠᠷ ᠤᠨ ᠬᠢᠨ ᠤ ᠦᠨ᠎ᠡ ᠲᠥᠯᠥᠪᠦᠷᠢ ᠦᠭᠡᠢ ᠪᠠᠷ ᠴᠢᠰᠤ ᠬᠠᠨᠳᠢᠪᠯᠡᠬᠤ ᠠᠵᠢᠯ ᠥᠷᠨᠢᠭᠦᠯᠦᠭᠰᠡᠨ ᠪᠠᠶᠢᠳᠠᠯ ᠢᠶᠠᠨ ᠡᠯ᠎ᠡ ᠭᠠᠵᠠᠷ ᠤᠨ ᠣᠶᠤᠨ ᠤ ᠪᠣᠯᠪᠠᠰᠤᠨ ᠤ ᠪᠠᠶᠢᠭᠤᠯᠤᠯᠲᠠ᠂ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ᠂ ᠪᠣᠯᠪᠠᠰᠤᠨ ᠨᠢᠭᠡᠴᠢ ᠶᠢ ᠰᠢᠯᠭᠠᠷᠠᠭᠤᠯᠬᠤ ᠵᠡᠷᠭᠡ ᠬᠢᠨᠠᠨ ᠰᠢᠯᠭᠠᠬᠤ ᠠᠭᠤᠯᠭ᠎ᠠ ᠳᠤ ᠣᠷᠣᠭᠤᠯᠬᠤ ᠶᠢ ᠵᠣᠷᠢᠭᠵᠢᠭᠤᠯᠤᠨ᠎ᠠ᠃ ᠦᠨ᠎ᠡ ᠲᠥᠯᠥᠪᠦᠷᠢ ᠦᠭᠡᠢ ᠪᠠᠷ ᠴᠢᠰᠤ ᠬᠠᠨᠳᠢᠪᠯᠡᠬᠤ ᠠᠵᠢᠯ ᠢ ᠥᠷᠨᠢᠭᠦᠯᠬᠦ ᠳᠤ ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ ᠬᠤᠪᠢ ᠬᠥᠮᠥᠨ ᠢ ᠰᠢᠯᠢᠳᠡᠭ ᠪᠠ ᠲᠡᠷᠢᠭᠦᠨ ᠤ ᠬᠢ ᠶᠢ ᠰᠢᠯᠭᠠᠷᠠᠭᠤᠯᠬᠤ ᠳᠤ ᠡᠩ ᠲᠡᠷᠢᠭᠦᠨ ᠳᠤ ᠪᠣᠳᠣᠯᠬᠢᠯᠠᠬᠤ ᠬᠡᠷᠡᠭᠲᠡᠢ ᠭᠡᠪᠡ᠃      ︽ᠮᠡᠳᠡᠭᠳᠡᠯ︾ ᠳᠤ ᠦᠨ᠎ᠡ ᠲᠥᠯᠥᠪᠦᠷᠢ ᠦᠭᠡᠢ ᠪᠠᠷ ᠴᠢᠰᠤ ᠬᠠᠨᠳᠢᠪᠯᠡᠬᠰᠠᠳ ᠢ ᠤᠷᠮᠠᠰᠢᠭᠤᠯᠤᠨ ᠵᠣᠷᠢᠭᠵᠢᠭᠤᠯᠬᠤ ᠠᠷᠭ᠎ᠠ ᠬᠡᠮᠵᠢᠶ᠎ᠡ ᠶᠢ ᠢᠳᠡᠪᠬᠢᠲᠡᠢ ᠰᠦᠪᠡᠭᠴᠢᠯᠡᠨ ᠲᠡᠭᠦᠯᠳᠡᠷᠵᠢᠭᠦᠯᠬᠦ ᠶᠢ ᠰᠠᠨᠠᠭᠠᠴᠢᠯᠠᠪᠠ᠃      ᠤᠷᠮᠠᠰᠢᠭᠤᠯᠬᠤ ᠠᠷᠭ᠎ᠠ ᠬᠡᠮᠵᠢᠶ᠎ᠡ ᠳᠤ᠄      ᠨᠢᠭᠡ᠂ ᠡᠯ᠎ᠡ ᠭᠠᠵᠠᠷ ᠤᠨ ᠬᠢᠨ ᠤ ︽ᠭᠤᠷᠪᠠ ᠶᠢ ᠬᠡᠯᠲᠦᠷᠢᠭᠦᠯᠬᠦ︾ ᠲᠥᠷᠥ ᠶᠢᠨ ᠪᠣᠳᠣᠯᠭ᠎ᠠ ︵ᠲᠤᠬᠠᠶᠢᠯᠠᠪᠠᠯ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠲᠥᠬᠦᠭᠡᠷᠦᠮᠵᠢ ᠳᠤ ᠰᠦᠢᠳᠬᠡᠯ ᠲᠤᠰᠢᠶᠠᠬᠤ ᠦᠭᠡᠢ ᠪᠠᠷ ᠰᠠᠭᠤᠬᠤ᠂ ᠵᠠᠰᠠᠭ ᠤᠨ ᠣᠷᠳᠣᠨ ᠠᠴᠠ ᠪᠡᠯᠡ ᠣᠷᠣᠭᠤᠯᠵᠤ ᠭᠤᠣᠯᠴᠢᠯᠠᠨ ᠡᠷᠭᠢᠯᠡᠭᠰᠡᠨ ᠴᠡᠴᠡᠷᠯᠢᠭ ᠲᠤ ᠰᠦᠢᠳᠬᠡᠯ ᠲᠤᠰᠢᠶᠠᠬᠤ ᠦᠭᠡᠢ ᠪᠠᠷ ᠲᠣᠭᠤᠷᠢᠬᠤ ᠪᠠ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠡᠩ ᠤᠨ ᠡᠭᠦᠳᠡᠨ ᠡᠮᠨᠡᠯᠭᠡ ᠶᠢᠨ ᠣᠨᠣᠰᠢᠯᠠᠨ ᠪᠠᠶᠢᠴᠠᠭᠠᠬᠤ ᠰᠦᠢᠳᠬᠡᠯ ᠢ ᠬᠡᠯᠲᠦᠷᠢᠭᠦᠯᠬᠦ︶ ᠶᠢ ᠠᠬᠢᠭᠤᠯᠬᠤ ᠶᠢ ᠵᠣᠷᠢᠭᠵᠢᠭᠤᠯᠪᠠ᠃      ᠬᠤᠶᠠᠷ᠂ ᠦᠨ᠎ᠡ ᠲᠥᠯᠥᠪᠦᠷᠢ ᠦᠭᠡᠢ ᠪᠠᠷ ᠴᠢᠰᠤ ᠬᠠᠨᠳᠢᠪᠯᠡᠬᠰᠠᠳ ᠤᠨ ︽ᠴᠢᠰᠤ ᠬᠡᠷᠡᠭᠯᠡᠬᠦ ᠵᠠᠷᠤᠳᠠᠯ ᠢ ᠬᠠᠰᠤᠵᠤ ᠬᠡᠯᠲᠦᠷᠢᠭᠦᠯᠬᠦ᠂ ᠨᠢᠭᠡ ᠤᠳᠠᠭ᠎ᠠ ᠴᠤ ᠢᠯᠡᠭᠦᠦ ᠭᠦᠶᠦᠯᠭᠡᠬᠦ ᠦᠭᠡᠢ︾ ᠪᠠᠶᠢᠬᠤ ᠶᠢ ᠵᠣᠷᠢᠭᠵᠢᠭᠤᠯᠪᠠ᠃      ᠭᠤᠷᠪᠠ᠂ ᠡᠯ᠎ᠡ ᠭᠠᠵᠠᠷ ᠤᠨ ᠬᠢᠨ ᠢ ᠵᠣᠷᠢᠭᠵᠢᠭᠤᠯᠤᠨ ᠤᠷᠮᠠᠰᠢᠭᠤᠯᠬᠤ ᠠᠷᠭ᠎ᠠ ᠬᠡᠮᠵᠢᠶ᠎ᠡ ᠶᠢ ᠢᠳᠡᠪᠬᠢᠲᠡᠢ ᠪᠠᠷ ᠬᠠᠶᠢᠨ ᠰᠦᠪᠡᠭᠴᠢᠯᠡᠬᠦ ᠶᠢ ᠵᠣᠷᠢᠭᠵᠢᠭᠤᠯᠪᠠ᠃      ᠳᠥᠷᠪᠡ᠂ ᠵᠠᠯᠠᠭᠤ ᠬᠥᠮᠥᠰ ᠤᠨ ᠦᠨ᠎ᠡ ᠲᠥᠯᠥᠪᠦᠷᠢ ᠦᠭᠡᠢ ᠪᠠᠷ ᠴᠢᠰᠤ ᠬᠠᠨᠳᠢᠪᠯᠡᠬᠤ ᠳᠤ ᠣᠷᠤᠯᠴᠠᠬᠤ ᠶᠢ ᠵᠣᠷᠢᠭᠵᠢᠭᠤᠯᠪᠠ᠃ ᠵᠠᠯᠠᠭᠤᠴᠤᠳ ᠤᠨ ᠣᠨᠴᠠᠯᠢᠭ ᠲᠤ ᠴᠢᠭᠯᠡᠭᠦᠯᠦᠨ᠂ ᠥᠪᠡᠷᠮᠢᠴᠡ ᠣᠨᠴᠠᠯᠢᠭ ᠲᠠᠢ ᠭᠤᠣᠯ ᠰᠡᠳᠦᠪᠲᠦ ᠴᠢᠰᠤ ᠬᠠᠨᠳᠢᠪᠯᠡᠬᠤ ᠠᠵᠢᠯᠯᠠᠭ᠎ᠠ ᠥᠷᠨᠢᠭᠦᠯᠵᠦ᠂ ᠵᠠᠯᠠᠭᠤᠴᠤᠳ ᠤᠨ ᠠᠩᠬᠠᠷᠤᠯ ᠢ ᠲᠠᠲᠠᠬᠤ ᠪᠠᠷ ᠴᠢᠷᠮᠠᠶᠢᠬᠤ ᠬᠡᠷᠡᠭᠲᠡᠢ᠃      ᠲᠠᠪᠤ᠂ ᠦᠨ᠎ᠡ ᠲᠥᠯᠥᠪᠦᠷᠢ ᠦᠭᠡᠢ ᠪᠠᠷ ᠴᠢᠰᠤ ᠬᠠᠨᠳᠢᠪᠯᠠᠬᠰᠠᠳ ᠪᠠ ᠲᠡᠳᠡᠠ ᠤ ᠲᠦᠷᠦᠯ ᠰᠡᠳᠦᠠ ᠳᠤ ᠤᠷᠢᠳᠠᠪᠠᠷ ᠴᠢᠰᠤ ᠶᠡᠭᠦᠯᠡᠨ᠎ᠡ᠃ ᠪᠠᠴᠢᠮ ᠲᠦᠭᠰᠢᠭᠦᠷᠢᠲᠡᠢ ᠬᠦᠨᠳᠦ ᠡᠪᠡᠳᠴᠢᠲᠡᠨ ᠪᠠ ᠵᠢᠷᠮᠦᠰᠦᠨ᠂ ᠬᠥᠩᠭᠡᠵᠢᠭᠰᠡᠨ ᠡᠮᠡᠭᠲᠡᠢ ᠵᠡᠷᠭᠡ ᠭᠤᠣᠯᠳᠠᠯᠭ᠎ᠠ ᠲᠠᠢ ᠬᠥᠮᠥᠰ ᠤᠨ ᠴᠢᠰᠤ ᠬᠡᠷᠡᠭᠯᠡᠬᠦ ᠶᠢ ᠪᠠᠲᠤᠯᠠᠭᠰᠠᠨ ᠤᠷᠢᠲᠠᠯ ᠳᠣᠣᠷ᠎ᠠ᠂ ᠲᠦᠷᠭᠡᠨ ᠪᠤᠰᠤ ᠡᠮᠨᠡᠭᠦᠯᠦᠭᠰᠡᠨ ᠡᠪᠡᠳᠴᠢᠲᠡᠨ ᠤ ᠠᠳᠠᠯᠢ ᠡᠮᠴᠢᠯᠡᠭᠡᠨ ᠤ ᠪᠠᠶᠢᠳᠠᠯ ᠳᠣᠣᠷ᠎ᠠ ᠦᠨ᠎ᠡ ᠲᠥᠯᠥᠪᠦᠷᠢ ᠦᠭᠡᠢ ᠪᠠᠷ ᠴᠢᠰᠤ ᠬᠠᠨᠳᠢᠪᠯᠠᠬᠰᠠᠳ ᠵᠢᠴᠢ ᠲᠡᠳᠡᠨ ᠤ ᠲᠥᠷᠥᠯ ᠰᠠᠳᠤᠨ ᠳᠤᠨᠢ ᠤᠷᠢᠳᠠᠪᠠᠷ ᠴᠢᠰᠤ ᠶᠡᠭᠦᠯᠡᠵᠦ ᠪᠣᠯᠣᠨ᠎ᠠ᠃      ᠢᠷᠡᠯᠲᠡ᠄ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠰᠦᠯᠵᠢᠶ᠎ᠡ᠂ ᠠᠷᠠᠳ ᠤᠨ ᠡᠳᠦᠷ ᠤᠨ ᠰᠣᠨᠢᠨ᠂ ᠲᠥᠪ ᠲᠧᠯᠸᠢᠰ ᠤᠨ ᠰᠣᠨᠢᠨ ᠮᠡᠳᠡᠭᠡ ᠰᠢᠯᠵᠢᠶ᠎ᠡ
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号