1 ᠰᠠᠷ᠎ᠠ ᠶᠢᠨ 12 ᠤᠨ ᠡᠳᠦᠷ ᠠᠴᠠ ᠡᠬᠢᠯᠡᠨ ᠴᠠᠭᠠᠨ ᠰᠠᠷ᠎ᠠ ᠶᠢᠨ ᠵᠥᠭᠡᠭᠡᠪᠦᠷᠢ ᠶᠢᠨ ᠠᠩᠬᠠᠨ ᠤ ᠡᠳᠦᠷ ᠤᠨ ᠭᠠᠯᠲᠤ ᠲᠡᠷᠭᠡᠨ ᠤ ᠪᠢᠯᠧᠲ ᠢ ᠬᠤᠳᠠᠯᠳᠤᠨ᠎ᠠ
ᠨᠡᠶᠢᠲᠡᠯᠡᠭᠰᠡᠨ ᠴᠠᠭ᠄
2024/1/12
     2024 ᠣᠨ ᠤ ᠴᠠᠭᠠᠨ ᠰᠠᠷ᠎ᠠ ᠶᠢᠨ ᠵᠥᠭᠡᠭᠡᠪᠦᠷᠢ ᠨᠢ 1 ᠰᠠᠷ᠎ᠠ ᠶᠢᠨ 26 ᠤ ᠡᠳᠦᠷ ᠠᠴᠠ ᠡᠬᠢᠯᠡᠵᠦ᠂ 3 ᠰᠠᠷ᠎ᠠ ᠶᠢᠨ 5 ᠤ ᠡᠳᠦᠷ ᠳᠠᠭᠤᠰᠤᠨ᠎ᠠ᠂ ᠨᠡᠶᠢᠲᠡ 40 ᠡᠳᠦᠷ ᠪᠣᠯᠣᠨ᠎ᠠ᠃ 2024 ᠣᠨ ᠤ ᠴᠠᠭᠠᠨ ᠰᠠᠷ᠎ᠠ ᠶᠢᠨ ᠵᠥᠭᠡᠭᠡᠪᠦᠷᠢ ᠶᠢᠨ ᠠᠩᠬᠠᠨ ᠤ ᠡᠳᠦᠷ ︵1 ᠰᠠᠷ᠎ᠠ ᠶᠢᠨ 26 ᠤ ᠡᠳᠦᠷ︶ ᠤᠨ ᠲᠡᠷᠭᠡᠨ ᠪᠢᠯᠧᠲ ᠢ 1 ᠰᠠᠷ᠎ᠠ ᠶᠢᠨ 12 ᠤᠨ ᠡᠳᠦᠷ ᠠᠴᠠ ᠡᠬᠢᠯᠡᠵᠦ ᠬᠤᠳᠠᠯᠳᠤᠨ᠎ᠠ᠂ ᠪᠢᠯᠧᠲ ᠬᠤᠳᠠᠯᠳᠤᠨ ᠠᠪᠬᠤ ᠴᠢᠬᠤᠯᠠᠲᠠᠢ ᠠᠶᠠᠨᠴᠢᠳ ᠳᠤᠮᠳᠠᠳᠤ ᠤᠯᠤᠰ ᠤᠨ ᠲᠡᠮᠦᠷ ᠵᠠᠮ ᠤᠨ 12306 ᠰᠦᠯᠵᠢᠶ᠎ᠡ᠂ ︽ᠲᠡᠮᠦᠷ ᠵᠠᠮ ᠤᠨ 12306︾ ᠰᠢᠯᠵᠢᠶ᠎ᠡ ᠠᠴᠠ ᠨᠠᠷᠢᠨ ᠪᠠᠶᠢᠳᠠᠯ ᠪᠠ ᠪᠢᠯᠧᠲ ᠠᠪᠬᠤ ᠴᠠᠭ ᠢ ᠣᠶᠢᠯᠠᠭᠠᠵᠤ ᠪᠣᠯᠣᠨ᠎ᠠ᠃ ᠲᠦᠷᠦᠭᠦᠬᠡᠨ᠂ ︽ᠲᠡᠮᠦᠷ ᠵᠠᠮ ᠤᠨ 12306︾ ᠰᠢᠯᠵᠢᠶ᠎ᠡ ᠳᠤ ᠪᠢᠯᠧᠲ ᠬᠤᠳᠠᠯᠳᠤᠨ ᠠᠪᠬᠤ ᠬᠡᠷᠡᠭᠴᠡᠭᠡ ᠶᠢ ᠤᠷᠢᠳᠴᠢᠯᠠᠨ ᠲᠠᠭᠯᠠᠬᠤ ᠪᠠ ᠭᠠᠯᠲᠤ ᠲᠡᠷᠭᠡᠨ ᠤ ᠪᠢᠯᠧᠲ ᠢ ᠡᠬᠢᠯᠡᠵᠦ ᠬᠤᠳᠠᠯᠳᠤᠬᠤ ᠶᠢ ᠰᠠᠨᠠᠭᠤᠯᠬᠤ ᠭᠡᠬᠦ ᠬᠤᠶᠠᠷ ᠵᠦᠢᠯ ᠤᠨ ᠰᠢᠨ᠎ᠡ ᠴᠢᠳᠠᠮᠵᠢ ᠶᠢ ᠡᠬᠢᠯᠡᠵᠦ ᠬᠡᠷᠡᠭᠵᠢᠭᠦᠯᠵᠦ᠂ ᠠᠶᠠᠨᠴᠢᠳ ᠪᠢᠯᠧᠲ ᠬᠤᠳᠠᠯᠳᠤᠨ ᠠᠪᠬᠤ ᠳᠤ ᠨᠠᠩ ᠳᠥᠭᠦᠮ ᠳᠥᠲᠡ ᠪᠤᠯᠬᠤ ᠪᠣᠯᠣᠨ᠎ᠠ᠃      2024 ᠣᠨ ᠤ ᠴᠠᠭᠠᠨ ᠰᠠᠷ᠎ᠠ ᠶᠢᠨ ᠬᠠᠤᠯᠢ ᠪᠠᠷ ᠲᠣᠭᠲᠠᠭᠠᠭᠰᠠᠨ ᠠᠮᠠᠷᠠᠯᠲᠠ ᠶᠢᠨ ᠬᠤᠭᠤᠴᠠᠭ᠎ᠠ ᠨᠢ 2024 ᠣᠨ ᠤ 2 ᠰᠠᠷ᠎ᠠ ᠶᠢᠨ 10 ᠤ ᠡᠳᠦᠷ ᠠᠴᠠ 2 ᠰᠠᠷ᠎ᠠ ᠶᠢᠨ 17 ᠤ ᠡᠳᠦᠷ ᠭᠦᠷᠳᠡᠯ᠎ᠡ ᠪᠣᠯᠣᠨ᠎ᠠ᠃ ᠭᠠᠯᠲᠤ ᠲᠡᠷᠭᠡᠨ ᠤ ᠪᠢᠯᠧᠲ ᠢ 15 ᠡᠳᠦᠷ ᠤᠨ ᠡᠮᠦᠨ᠎ᠡ ᠡᠬᠢᠯᠡᠵᠦ ᠬᠤᠳᠠᠯᠳᠤᠨ᠎ᠠ᠃      ᠢᠷᠡᠯᠲᠡ᠄ ᠲᠥᠪ ᠲᠧᠯᠸᠢᠰ ᠤᠨ ᠰᠣᠨᠢᠨ ᠮᠡᠳᠡᠭᠡ
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号