ᠪᠡᠭᠡᠵᠢᠩ ᠤᠨ ᠹᠧᠩᠲ᠋ᠠᠢ ᠲᠣᠭᠤᠷᠢᠭ ᠪᠠᠭᠰᠢ ᠶᠢᠨ ᠤᠬᠤᠷᠢᠨ ᠭᠠᠷᠬᠤ ᠲᠣᠭᠲᠠᠴᠠ ᠶᠢ ᠰᠦᠪᠡᠭᠴᠢᠯᠡᠨ ᠪᠠᠶᠢᠭᠤᠯᠪᠠ
ᠨᠡᠶᠢᠲᠡᠯᠡᠭᠰᠡᠨ ᠴᠠᠭ᠄
2024/1/12
     1 ᠰᠠᠷ᠎ᠠ ᠶᠢᠨ 7 ᠤ ᠡᠳᠦᠷ᠂ ᠹᠧᠩᠲ᠋ᠠᠢ ᠶᠢᠨ ᠰᠤᠷᠭᠠᠨ ᠬᠥᠮᠦᠵᠢᠯ ᠤᠨ ᠬᠥᠭᠵᠢᠯᠲᠡ ᠶᠢᠨ ᠬᠡᠷᠡᠭ ᠡᠷᠭᠢᠯᠡᠭᠴᠢᠳ ᠤᠨ ᠬᠤᠷᠠᠯ ᠤᠨ 2024 ᠣᠨ ᠤ ᠠᠵᠢᠯ ᠤᠨ ᠬᠤᠷᠠᠯ ᠬᠤᠷᠠᠯᠳᠤᠵᠤ᠂ ᠬᠤᠷᠠᠯ ᠳᠡᠭᠡᠷ᠎ᠡ ︽ᠹᠧᠩᠲ᠋ᠠᠢ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ︿ᠲᠣᠭᠤᠷᠢᠭ ᠠᠴᠠ ᠬᠠᠮᠢᠶᠠᠷᠴᠤ ᠰᠤᠷᠭᠠᠭᠤᠯᠢ ᠠᠴᠠ ᠤᠷᠢᠬᠤ﹀ ᠬᠠᠮᠢᠶᠠᠷᠤᠯᠲᠠ ᠶᠢᠨ ᠥᠭᠡᠷᠡᠴᠢᠯᠡᠯᠲᠡ ᠶᠢᠨ ᠠᠵᠢᠯ ᠢ ᠠᠬᠢᠭᠤᠯᠬᠤ ᠲᠤᠬᠠᠢ ᠠᠷᠭ᠎ᠠ ᠬᠡᠮᠵᠢᠶ᠎ᠡ ᠨᠦᠭᠦᠳ︾ ᠲᠤ ᠲᠠᠶᠢᠯᠤᠮᠵᠢ ᠬᠢᠵᠦ᠂ 2024 ᠣᠨ ᠳᠤ ᠲᠣᠰ ᠲᠣᠭᠤᠷᠢᠭ ᠨᠢ ᠪᠠᠭᠰᠢ ᠶᠢᠨ ᠣᠨ ᠤ ᠬᠢᠨᠠᠨ ᠰᠢᠯᠭᠠᠯᠲᠠ ᠪᠠ ᠬᠢᠨᠠᠨ ᠰᠢᠯᠭᠠᠯᠲᠠ ᠶᠢᠨ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠳᠬᠠᠵᠤ᠂ ᠪᠠᠭᠰᠢ ᠶᠢᠨ ᠤᠬᠤᠷᠢᠨ ᠭᠠᠷᠬᠤ ᠲᠣᠭᠲᠠᠴᠠ ᠶᠢ ᠰᠦᠪᠡᠭᠴᠢᠯᠡᠨ ᠪᠠᠶᠢᠭᠤᠯᠬᠤ ᠪᠠᠷ ᠲᠣᠭᠲᠠᠭᠰᠠᠨ ᠢ ᠮᠡᠳᠡᠭᠳᠡᠵᠡᠢ᠃      ︽ᠴᠥᠭᠡᠨ ᠲᠣᠭᠠᠨ ᠤ ᠪᠠᠭᠰᠢ ᠳᠤ ᠠᠵᠢᠯ ᠨᠢ ︿ᠲᠡᠮᠦᠷ ᠠᠶᠠᠭ᠎ᠠ﹀ ᠭᠡᠬᠦ ᠣᠶᠢᠯᠠᠭᠠᠭᠳᠠᠬᠤᠨ ᠲᠠᠢ ᠪᠠᠶᠢᠵᠤ᠂ ᠠᠵᠢᠯ ᠢᠶᠠᠨ ᠰᠠᠶᠢᠨ ᠮᠠᠭᠤ ᠬᠢᠬᠦ ᠨᠢ ᠠᠳᠠᠯᠢᠬᠠᠨ ᠭᠡᠰᠡᠨ ᠣᠪᠣᠷ ᠲᠠᠢ᠂ ᠢᠯᠠᠩᠭᠤᠶ᠎ᠠ ᠣᠷᠣᠨ ᠲᠤᠭ᠎ᠠ ᠠᠴᠠ ᠬᠡᠲᠦᠷᠡᠭᠰᠡᠨ ᠰᠤᠷᠭᠠᠭᠤᠯᠢ ᠶᠢᠨ ᠣᠨᠴᠠ ᠵᠠᠷᠢᠮ ᠪᠠᠭᠰᠢ ᠳᠤ ︿ᠠᠵᠢᠯ ᠳᠠᠭᠠᠨ ᠬᠤᠶᠢᠷᠭᠤᠰᠢᠬᠤ﹀ ᠦᠵᠡᠭᠳᠡᠯ ᠣᠷᠣᠰᠢᠵᠤ ᠪᠠᠶᠢᠨ᠎ᠠ︾ ᠭᠡᠵᠦ ᠲᠣᠭᠤᠷᠢᠭ ᠤᠨ ᠰᠤᠷᠭᠠᠨ ᠬᠥᠮᠦᠵᠢᠯ ᠤᠨ ᠵᠥᠪᠯᠡᠯ ᠤᠨ ᠳᠡᠳ᠋ ᠡᠷᠭᠢᠯᠡᠭᠴᠢ ᠵᠠᠢ ᠬᠤᠩ ᠴᠧᠨ ᠶᠠᠷᠢᠵᠤ ᠪᠠᠶᠢᠯ᠎ᠠ᠃ ᠲᠡᠷᠡ ᠢᠯᠡᠷᠬᠡᠶᠢᠯᠡᠬᠦ ᠳᠡᠭᠡᠨ᠂ ᠤᠷᠢᠵᠤ ᠬᠡᠷᠡᠭᠯᠡᠬᠦ ᠬᠤᠭᠤᠴᠠᠭᠠᠨ ᠳᠠᠬᠢ ᠣᠨ ᠤ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠦᠭᠡᠢ ᠪᠠᠭᠰᠢ ᠶᠢ ᠤᠷᠢᠵᠤ ᠬᠡᠷᠡᠭᠯᠡᠬᠦ ᠬᠤᠭᠤᠴᠠᠭ᠎ᠠ ᠳᠠᠭᠤᠰᠤᠭᠰᠠᠨ ᠤ ᠳᠠᠷᠠᠭ᠎ᠠ ᠰᠤᠷᠭᠠᠭᠤᠯᠢ ᠠᠴᠠ ᠳᠠᠭᠢᠵᠤ ᠦᠷᠭᠦᠯᠵᠢᠯᠡᠨ ᠤᠷᠢᠵᠤ ᠬᠡᠷᠡᠭᠯᠡᠬᠦ ᠦᠭᠡᠢ ᠪᠤᠶᠤ ᠠᠵᠢᠯ ᠤᠨ ᠪᠠᠶᠢᠷᠢ ᠶᠢᠨ ᠵᠡᠷᠭᠡ ᠳᠡᠰ ᠢ  ᠨᠢ ᠪᠠᠭᠤᠷᠠᠭᠤᠯᠵᠤ᠂ ᠠᠵᠢᠯ ᠤᠨ ᠪᠠᠶᠢᠷᠢ ᠳᠤᠨᠢ ᠲᠣᠬᠢᠷᠠᠭᠤᠯᠤᠯᠲᠠ ᠬᠢᠵᠦ ᠤᠷᠢᠵᠤ ᠬᠡᠷᠡᠭᠯᠡᠵᠦ ᠪᠣᠯᠣᠨ᠎ᠠ᠃ ᠵᠣᠬᠢᠶᠠᠨ ᠪᠠᠶᠢᠭᠤᠯᠤᠯᠲᠠ ᠶᠢᠨ ᠲᠣᠬᠢᠷᠠᠭᠤᠯᠤᠯᠲᠠ ᠶᠢ ᠳᠠᠭᠠᠬᠤ ᠦᠭᠡᠢ ᠪᠤᠶᠤ ᠰᠢᠨ᠎ᠡ ᠠᠵᠢᠯ ᠤᠨ ᠪᠠᠶᠢᠷᠢ ᠳᠤ ᠲᠣᠬᠢᠷᠠᠭᠤᠯᠤᠭᠰᠠᠨ ᠤ ᠳᠠᠷᠠᠭ᠎ᠠ ᠣᠨ ᠤ ᠰᠢᠯᠭᠠᠨ ᠬᠢᠨᠠᠯᠲᠠ ᠳᠤ ᠮᠥᠨ ᠬᠦ ᠬᠢᠷᠢ ᠲᠡᠩᠴᠡᠭᠰᠡᠨ ᠦᠭᠡᠢ ᠪᠠᠶᠢᠪᠠᠯ᠂ ᠰᠤᠷᠭᠠᠭᠤᠯᠢ ᠠᠴᠠ ᠲᠣᠭᠲᠠᠭᠰᠠᠨ ᠲᠠᠰ ᠳᠠᠷᠠᠭᠠᠯᠠᠯ ᠢᠶᠠᠷ ᠤᠷᠢᠨ ᠬᠡᠷᠡᠭᠯᠡᠬᠦ ᠭᠡᠷ᠎ᠡ ᠪᠠᠨ ᠬᠦᠴᠦᠨ ᠦᠭᠡᠢ ᠪᠤᠯᠭᠠᠵᠤ ᠪᠣᠯᠣᠨ᠎ᠠ᠃ ᠲᠠᠷᠠᠭᠠᠴᠢ ᠶᠢᠨ ᠠᠯᠬᠤᠮ ᠳᠤ᠂ ᠪᠢᠳᠡ ᠣᠯᠠᠨ ᠰᠠᠯᠠᠭ᠎ᠠ ᠮᠥᠴᠢᠷ ᠲᠠᠢ ᠬᠠᠮᠲᠤᠷᠠᠨ ᠣᠷᠳᠣ ᠬᠤᠭᠤᠴᠠᠭ᠎ᠠ ᠪᠠᠷ ᠣᠷᠣᠨ ᠲᠤᠭ᠎ᠠ ᠪᠠ ᠠᠵᠢᠯ ᠤᠨ ᠪᠠᠶᠢᠷᠢ ᠳᠤ ᠦᠭᠡᠢ ᠪᠠᠶᠢᠭ᠎ᠠ ᠰᠤᠷᠭᠠᠭᠤᠯᠢ ᠶᠢᠨ ᠢᠯᠡᠭᠦᠴᠡ ᠬᠥᠮᠥᠰ ᠢ ᠬᠠᠰᠤᠵᠤ᠂ ᠰᠤᠷᠭᠠᠭᠤᠯᠢ ᠶᠢᠨ ᠣᠷᠣᠨ ᠲᠤᠭ᠎ᠠ ᠶᠢᠨ ᠳᠠᠯᠳᠠ ᠬᠦᠴᠦᠨ ᠢ ᠪᠠᠳᠠᠷᠠᠭᠤᠯᠤᠨ᠂ ᠰᠤᠷᠭᠠᠭᠤᠯᠢ  ᠶᠢᠨ ᠬᠥᠮᠥᠨ ᠨᠢ ᠠᠵᠢᠯ ᠠᠴᠠ ᠪᠠᠨ ᠢᠯᠡᠭᠦᠳᠡᠬᠦ ᠦᠵᠡᠭᠳᠡᠯ ᠢ ᠪᠠᠭᠠᠰᠬᠠᠬᠤ ᠪᠤᠶᠤ ᠵᠣᠭᠰᠣᠭᠠᠨ᠎ᠠ ᠭᠡᠵᠡᠢ᠃      ᠲᠣᠰ ᠠᠷᠭ᠎ᠠ ᠬᠡᠮᠵᠢᠶ᠎ᠡ ᠶᠢ ᠪᠠᠭᠲᠠᠭᠠᠭᠰᠠᠨ ︽ᠲᠣᠭᠤᠷᠢᠭ ᠠᠴᠠ ᠬᠠᠮᠢᠶᠠᠷᠴᠤ ᠰᠤᠷᠭᠠᠭᠤᠯᠢ ᠠᠴᠠ ᠤᠷᠢᠬᠤ︾ ᠠᠵᠢᠯ ᠤᠨ ᠥᠭᠡᠷᠡᠴᠢᠯᠡᠯᠲᠡ ᠶᠢ ᠠᠬᠢᠭᠤᠯᠬᠤ ᠠᠯᠢ ᠣᠯᠠᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠪᠣᠯᠣᠨ᠎ᠠ᠃ 2024 ᠣᠨ ᠳᠤ᠂ ᠹᠧᠩᠲ᠋ᠠᠢ ᠲᠣᠭᠤᠷᠢᠭ ᠤᠨ ᠬᠢᠨ ᠡᠯ᠎ᠡ ᠰᠤᠷᠭᠠᠭᠤᠯᠢ ᠶᠢᠨ ᠣᠷᠣᠨ ᠲᠤᠭ᠎ᠠ ᠳᠤ ᠬᠥᠳᠡᠯᠦᠩᠭᠦᠢ ᠲᠣᠬᠢᠷᠠᠭᠤᠯᠤᠯᠲᠠ ᠬᠢᠵᠦ᠂ ᠣᠷᠣᠨ ᠲᠤᠭ᠎ᠠ ᠶᠢ ᠳᠤᠮᠳᠠᠳᠤ ᠪᠠᠭ᠎ᠠ ᠰᠤᠷᠭᠠᠭᠤᠯᠢ ᠲᠡᠶᠢᠰᠢ ᠬᠡᠯᠪᠡᠶᠢᠯᠭᠡᠬᠦ ᠶᠢ ᠠᠬᠢᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠪᠠᠭᠰᠢ ᠶᠢᠨ ᠣᠷᠣᠨ ᠲᠤᠭ᠎ᠠ ᠶᠢᠨ ᠬᠡᠷᠡᠭᠴᠡᠭᠡ ᠶᠢ ᠤᠷᠢᠳ ᠢᠶᠠᠷ ᠪᠠᠲᠤᠯᠠᠨ᠎ᠠ᠃ ᠲᠣᠰ ᠬᠤᠲᠠ ᠶᠢᠨ ᠬᠢᠨᠠᠨ ᠲᠣᠭᠲᠠᠭᠠᠭᠰᠠᠨ ᠳᠤᠮᠳᠠᠳᠤ ᠪᠠᠭ᠎ᠠ ᠰᠤᠷᠭᠠᠭᠤᠯᠢ ᠶᠢᠨ ᠮᠡᠷᠭᠡᠵᠢᠯ ᠤᠨ ᠴᠣᠯᠠ ᠶᠢᠨ ᠪᠦᠲᠦᠴᠡ ᠶᠢᠨ ᠬᠠᠷᠢᠴᠠᠯ ᠪᠠ ᠲᠣᠰ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠣᠷᠣᠨ ᠲᠤᠭ᠎ᠠ ᠶᠢᠨ ᠶᠡᠷᠦᠩᠬᠡᠢ ᠬᠡᠮᠵᠢᠶ᠎ᠡ ᠶᠢ ᠦᠨᠳᠦᠰᠦᠯᠡᠨ᠂ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠬᠠᠷᠢᠶ᠎ᠠ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠳᠡᠭᠡᠳᠦ᠂ ᠳᠤᠮᠳᠠᠳᠤ᠂ ᠠᠩᠬ᠎ᠠ ᠵᠡᠷᠭᠡ ᠶᠢᠨ ᠠᠵᠢᠯ ᠤᠨ ᠪᠠᠶᠢᠷᠢ ᠶᠢᠨ ᠲᠤᠭ᠎ᠠ ᠬᠡᠮᠵᠢᠶ᠎ᠡ ᠶᠢ ᠬᠢᠨᠠᠨ ᠲᠣᠭᠲᠠᠭᠠᠬᠤ ᠶᠢᠨ ᠬᠠᠮᠲᠤ ᠶᠡᠷᠦᠩᠬᠡᠢ ᠬᠡᠮᠵᠢᠶ᠎ᠡ ᠶᠢ ᠬᠢᠵᠠᠭᠠᠷᠯᠠᠨ᠎ᠠ᠃      ᠴᠥᠭᠡᠨ ᠲᠣᠭᠠᠨ ᠤ ᠪᠠᠭᠰᠢ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠣᠯᠣᠭᠰᠠᠨ ᠤ ᠳᠠᠷᠠᠭ᠎ᠠ ︽ᠠᠵᠢᠯ ᠳᠠᠭᠠᠨ ᠬᠤᠶᠢᠷᠭᠤᠰᠢᠬᠤ︾ ᠦᠵᠡᠭᠳᠡᠯ ᠳᠤ ᠴᠢᠭᠯᠡᠭᠦᠯᠦᠨ᠂ ᠹᠧᠩᠲ᠋ᠠᠢ ᠲᠣᠭᠤᠷᠢᠭ ᠨᠢ ᠠᠵᠢᠯ ᠤᠨ ᠪᠠᠶᠢᠷᠢ ᠳᠤ ᠤᠷᠢᠵᠤ ᠬᠡᠷᠡᠭᠯᠡᠬᠦ ᠳᠦᠷᠢᠮ ᠢ ᠥᠭᠡᠷᠡᠴᠢᠯᠡᠨ ᠰᠠᠶᠢᠵᠢᠷᠠᠭᠤᠯᠵᠤ᠂ ᠰᠤᠷᠭᠠᠭᠤᠯᠢ ᠶᠢᠨ ᠬᠥᠮᠥᠨ ᠬᠡᠷᠡᠭᠯᠡᠬᠦ ᠳᠤ ᠡᠵᠡᠨ ᠮᠡᠳᠡᠬᠦ ᠡᠷᠬᠡ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠤᠨ᠂ ᠥᠷᠢᠰᠦᠯᠳᠦᠭᠡᠨ ᠢᠶᠠᠷ ᠤᠷᠢᠵᠤ ᠬᠡᠷᠡᠭᠯᠡᠬᠦ ᠳᠦᠷᠢᠮ ᠢ ᠪᠦᠭᠦ ᠲᠠᠯ᠎ᠠ ᠪᠠᠷ ᠬᠡᠷᠡᠭᠵᠢᠭᠦᠯᠵᠦ᠂ ᠥᠷᠢᠰᠦᠯᠳᠦᠭᠡᠨ ᠢᠶᠠᠷ ᠰᠢᠯᠢᠳᠡᠭ ᠢ ᠨᠢ ᠰᠣᠩᠭᠤᠬᠤ᠂ ᠳᠠᠪᠰᠢᠵᠤ ᠪᠠᠭᠤᠵᠤ ᠪᠦᠷ ᠪᠤᠯᠬᠤ ᠲᠣᠭᠲᠠᠴᠠ ᠶᠢ ᠪᠠᠶᠢᠭᠤᠯᠤᠨ᠎ᠠ᠃ ᠨᠠᠰᠤᠨ ᠤ ᠠᠮᠠᠷᠠᠯᠲᠠ ᠶᠢ ᠬᠤᠶᠢᠰᠢᠯᠠᠭᠤᠯᠬᠤ ᠲᠥᠷᠥ ᠶᠢᠨ ᠪᠣᠳᠣᠯᠭ᠎ᠠ ᠳᠤ ᠨᠡᠶᠢᠴᠡᠬᠦ 55 ᠨᠠᠰᠤᠲᠠᠢ ᠡᠮᠡᠭᠲᠡᠢ ᠪᠠᠭᠰᠢ ᠶᠢᠨ ᠭᠠᠷᠠᠭ ᠪᠦᠷᠢ ᠶᠢᠨ ᠬᠢᠴᠢᠶᠡᠯ ᠤᠨ ᠴᠠᠭ ᠨᠢ ᠱᠠᠭᠠᠷᠳᠠᠯᠭ᠎ᠠ ᠳᠤ ᠬᠦᠷᠬᠦ ᠬᠡᠷᠡᠭᠲᠡᠢ ᠪᠥᠭᠡᠳ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠠᠵᠢᠯ ᠤᠨ ᠪᠠᠶᠢᠷᠢ ᠶᠢᠨ ᠲᠣᠬᠢᠷᠠᠭᠤᠯᠤᠯᠲᠠ ᠶᠢ ᠳᠠᠭᠠᠬᠤ ᠬᠡᠷᠡᠭᠲᠡᠢ᠂ ᠬᠡᠷᠪᠡ ᠳᠡᠭᠡᠷ᠎ᠡ ᠳᠤᠷᠠᠳᠤᠭᠰᠠᠨ ᠪᠠᠷᠢᠮᠵᠢᠶ᠎ᠠ ᠳᠤ ᠬᠦᠷᠬᠦ ᠦᠭᠡᠢ ᠪᠣᠯ ᠨᠢᠭᠡ ᠪᠤᠶᠤ ᠬᠤᠶᠠᠷ ᠳᠡᠰ ᠪᠠᠭᠤᠷᠠᠭᠤᠯᠵᠤ ᠬᠡᠷᠡᠭᠯᠡᠨ᠎ᠡ᠃ ᠲᠣᠭᠤᠷᠢᠭ ᠤᠨ ᠰᠤᠷᠭᠠᠨ ᠬᠥᠮᠦᠵᠢᠯ ᠤᠨ ᠵᠥᠪᠯᠡᠯ ᠪᠠᠰᠠ ᠪᠦᠯᠦᠭᠯᠡᠯ ᠤᠨ ᠳᠣᠲᠣᠷᠠᠬᠢ ᠠᠳᠠᠯᠢ ᠪᠤᠰᠤ ᠬᠠᠤᠯᠢ ᠶᠢᠨ ᠡᠷᠬᠡᠲᠡᠨ ᠨᠢᠭᠡᠴᠢ ᠶᠢᠨ ᠬᠤᠭᠤᠷᠣᠨᠳᠤ ᠠᠵᠢᠯ ᠤᠨ ᠪᠠᠶᠢᠷᠢ ᠶᠢᠨ ᠥᠷᠢᠰᠦᠯᠳᠦᠭᠡᠨ ᠢᠶᠠᠷ ᠤᠷᠢᠵᠤ ᠬᠡᠷᠡᠭᠯᠡᠬᠦ ᠳᠦᠷᠢᠮ ᠢ ᠬᠡᠷᠡᠭᠵᠢᠭᠦᠯᠬᠦ ᠶᠢ ᠴᠢᠨᠠᠭᠰᠢᠳᠠ ᠰᠦᠪᠡᠭᠴᠢᠯᠡᠵᠦ᠂ ᠬᠥᠮᠥᠨ ᠪᠠ ᠠᠵᠢᠯ ᠤᠨ ᠪᠠᠶᠢᠷᠢ ᠶᠢᠨ ᠵᠣᠬᠢᠴᠠᠬᠤ ᠬᠡᠮᠵᠢᠶ᠎ᠡ ᠶᠢ ᠴᠢᠨᠠᠭᠰᠢᠳᠠ ᠳᠡᠭᠡᠭᠰᠢᠯᠡᠭᠦᠯᠦᠨ᠎ᠡ᠃      2024 ᠣᠨ ᠳᠤ᠂ ᠹᠧᠩᠲ᠋ᠠᠢ ᠲᠣᠭᠤᠷᠢᠭ ᠤᠨ ᠬᠢᠨ ᠪᠠᠰᠠ ᠠᠮᠵᠢᠯᠲᠠ ᠪᠦᠲᠦᠮᠵᠢ ᠶᠢᠨ ᠴᠠᠯᠢᠩ ᠤᠨ ᠬᠤᠪᠢᠶᠠᠷᠢᠯᠠᠯᠲᠠ ᠶᠢᠨ ᠳᠤᠮᠳᠠ ᠴᠢᠬᠤᠯᠠ ᠶᠡᠭᠡ ᠥᠭᠡᠷᠡᠴᠢᠯᠡᠯᠲᠡ ᠶᠢᠨ ᠴᠢᠨᠠᠷᠲᠠᠢ ᠠᠵᠢᠯ᠂ ᠰᠤᠷᠭᠠᠭᠤᠯᠢ ᠶᠢᠨ ᠭᠤᠣᠯᠳᠠᠯᠭ᠎ᠠ ᠲᠠᠢ ᠬᠦᠴᠢᠷ ᠲᠦᠪᠡᠭᠲᠡᠢ ᠠᠵᠢᠯ᠂ ᠠᠵᠢᠯ ᠤᠨ ᠪᠠᠶᠢᠷᠢ ᠡᠭᠡᠯᠵᠢᠯᠡᠭᠦᠯᠦᠨ ᠰᠣᠯᠢᠯᠴᠠᠬᠤ ᠵᠡᠷᠭᠡ ᠠᠵᠢᠯ ᠳᠤ ᠣᠷᠣᠯᠴᠠᠬᠰᠠᠨ ᠪᠠᠭᠰᠢ ᠨᠠᠷ ᠲᠡᠶᠢᠰᠢ ᠵᠣᠬᠢᠰᠲᠠᠢ ᠬᠡᠯᠪᠡᠶᠢᠯᠭᠡᠵᠦ᠂ ᠢᠯᠡᠭᠦᠦ ᠬᠥᠳᠡᠯᠮᠦᠷᠢᠯᠡᠪᠡᠯ ᠢᠯᠡᠭᠦᠦ ᠣᠯᠬᠤ᠂ ᠰᠢᠯᠢᠳᠡᠭ ᠠᠮᠵᠢᠯᠲᠠ ᠪᠦᠲᠦᠮᠵᠢ ᠭᠠᠷᠭᠠᠪᠠᠯ ᠢᠯᠡᠭᠦᠦ ᠬᠥᠯᠥᠰᠦ ᠣᠯᠭᠤᠮᠵᠢ ᠣᠯᠬᠤ ᠵᠣᠷᠢᠭᠵᠢᠭᠤᠯᠤᠯ ᠤᠨ ᠲᠣᠭᠲᠠᠴᠠ ᠶᠢ ᠪᠠᠶᠢᠭᠤᠯᠬᠤ ᠶᠢ ᠠᠬᠢᠭᠤᠯᠤᠨ᠎ᠠ᠃ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ‍ᠤᠨ‌ᠤᠷᠮᠠᠰᠢᠭᠤᠯᠬᠤ ᠤᠳᠤᠷᠢᠳᠤᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠥᠯᠥᠭᠡ᠂ ᠲᠣᠰ ᠲᠣᠭᠤᠷᠢᠭ ᠨᠢ ᠣᠷᠣᠨ‌‍ᠲ᠋ᠤᠭ᠎ᠠ ᠶᠢᠨ ᠢᠯᠡᠭᠦᠴᠡ ᠨᠢᠭᠡᠴᠢ ᠶᠢ ᠵᠣᠷᠢᠭᠵᠢᠭᠤᠯᠤᠨ ᠣᠷᠣᠨ ᠲᠤᠭ᠎ᠠ ᠪᠠᠴᠢᠮ ᠪᠠᠶᠢᠭ᠎ᠠ ᠨᠢᠭᠡᠴᠢ ᠯᠦᠭᠡ ᠪᠠᠭᠰᠢ ᠰᠣᠯᠢᠯᠴᠠᠬᠤ ᠡᠷᠴᠢᠮ ᠢᠶᠠᠨ ᠴᠢᠩᠭᠠᠷᠠᠭᠤᠯᠵᠤ᠂ ᠣᠷᠣᠨ ᠲᠤᠭ᠎ᠠ ᠶᠢᠨ ᠢᠯᠡᠭᠦᠴᠡ ᠪᠠᠶᠢᠭ᠎ᠠ ᠨᠢᠭᠡᠴᠢ ᠨᠢ 2024 ᠣᠨ ᠤ 7 ᠰᠠᠷ᠎ᠠ ᠠᠴᠠ ᠡᠮᠦᠨ᠎ᠡ ᠣᠷᠣᠨ ᠲᠤᠭ᠎ᠠ ᠠᠴᠠ ᠬᠡᠲᠦᠷᠡᠭᠰᠡᠨ ᠪᠠᠭᠰᠢ ᠶᠢ ᠭᠠᠳᠠᠭᠰᠢ ᠭᠠᠷᠭᠠᠬᠤ ᠪᠠᠷ ᠴᠢᠷᠮᠠᠶᠢᠵᠤ᠂ ᠣᠷᠣᠨ ᠲᠤᠭ᠎ᠠ ᠶᠢ ᠲᠡᠩᠴᠡᠭᠦᠷᠢ ᠲᠠᠢ ᠪᠠᠶᠢᠯᠭᠠᠨ᠎ᠠ᠃      ᠬᠤᠷᠠᠯ ᠳᠡᠭᠡᠷ᠎ᠡ᠂ ᠹᠧᠩᠲ᠋ᠠᠢ ᠲᠣᠭᠤᠷᠢᠭ ᠤᠨ ᠰᠤᠷᠭᠠᠨ ᠬᠥᠮᠦᠵᠢᠯ ᠤᠨ ᠵᠥᠪᠯᠡᠯ ᠤᠨ ᠳᠡᠳ᠋ ᠡᠷᠭᠢᠯᠡᠭᠴᠢ ᠬᠤᠤ ᠢᠦᠢ ᠸᠧᠢ ︽ᠹᠧᠩᠲ᠋ᠠᠢ ᠲᠣᠭᠤᠷᠢᠭ ᠤᠨ ᠪᠦᠯᠦᠭᠯᠡᠯᠵᠢᠭᠰᠡᠨ ᠰᠤᠷᠭᠠᠭᠤᠯᠢ ᠡᠷᠭᠢᠯᠡᠭᠦ ᠲᠤᠬᠠᠢ ᠵᠢᠯᠤᠭᠤᠳᠬᠤ ᠰᠠᠨᠠᠯ ︵ᠲᠤᠷᠰᠢᠨ ᠬᠡᠷᠡᠭᠵᠢᠭᠦᠯᠬᠦ︶︾ ᠳᠤ ᠲᠠᠶᠢᠯᠤᠮᠵᠢ ᠬᠢᠵᠡᠢ᠃ ᠢᠷᠡᠭᠡᠳᠦᠢ ᠳᠤ ᠲᠤᠰ ᠲᠣᠭᠤᠷᠢᠭ ᠤᠨ ᠰᠢᠨ᠎ᠡ ᠪᠠᠷ ᠪᠠᠶᠢᠭᠤᠯᠤᠭᠰᠠᠨ ᠰᠤᠷᠭᠠᠭᠤᠯᠢ ᠪᠦᠭᠦᠨ ᠢ ᠰᠤᠷᠭᠠᠨ ᠬᠥᠮᠦᠵᠢᠯ ᠤᠨ ᠪᠦᠯᠦᠭᠯᠡᠯ ᠤᠨ ᠬᠠᠮᠢᠶᠠᠷᠤᠯᠲᠠ ᠳᠤ ᠣᠷᠣᠭᠤᠯᠤᠨ᠎ᠠ᠃ ᠲᠣᠰ ᠲᠣᠭᠤᠷᠢᠭ ᠪᠠᠰᠠ ᠪᠦᠯᠦᠭᠯᠡᠯ ᠢᠶᠠᠷ ᠲᠣᠯᠣᠭᠠᠶᠢᠯᠠᠭᠤᠯᠤᠭᠰᠠᠨ ᠰᠤᠷᠭᠠᠭᠤᠯᠢ ᠳᠤ ᠨᠠᠩ ᠣᠯᠠᠨ ᠰᠤᠷᠭᠠᠭᠤᠯᠢ ᠡᠷᠭᠢᠯᠡᠭᠦ ᠡᠵᠡᠨ ᠮᠡᠳᠡᠬᠦ ᠡᠷᠬᠡ ᠪᠠ ᠪᠦᠯᠦᠭᠯᠡᠯ ᠤᠨ ᠬᠠᠮᠢᠶᠠᠷᠤᠯᠲᠠ ᠶᠢᠨ ᠡᠷᠬᠡ ᠣᠯᠭᠤᠵᠤ᠂ ᠰᠤᠷᠭᠠᠨ ᠬᠥᠮᠦᠵᠢᠯ ᠤᠨ ᠪᠦᠯᠦᠭᠯᠡᠯ ᠤᠨ ᠳᠣᠲᠣᠭᠠᠳᠤ ᠳᠠᠭᠠᠨ ᠣᠨᠴᠠᠭᠠᠶ ᠴᠢᠳᠠᠪᠤᠷᠢᠲᠠᠨ ᠢ ᠬᠥᠮᠥᠵᠢᠭᠦᠯᠬᠦ᠂ ᠰᠤᠷᠪᠤᠯᠵᠢᠯᠠᠨ ᠰᠤᠷᠤᠯᠴᠠᠬᠤ ᠪᠠ ᠰᠣᠯᠢᠯᠴᠠᠨ ᠰᠤᠷᠤᠯᠴᠠᠬᠤ ᠵᠡᠷᠭᠡ ᠣᠯᠠᠨ ᠵᠦᠢᠯ ᠤᠨ ᠴᠢᠳᠠᠪᠤᠷᠢᠲᠠᠨ ᠬᠥᠮᠥᠵᠢᠭᠦᠯᠬᠦ ᠠᠷᠭ᠎ᠠ ᠭᠡᠯᠪᠡᠷᠢ ᠶᠢ ᠰᠦᠪᠡᠭᠴᠢᠯᠡᠬᠦ ᠶᠢ ᠵᠣᠷᠢᠭᠵᠢᠭᠤᠯᠤᠨ᠎ᠠ᠃      ᠢᠷᠡᠯᠲᠡ᠄ ᠪᠡᠭᠡᠵᠢᠩ ᠤᠨ ᠡᠳᠦᠷ ᠤᠨ ᠰᠣᠨᠢᠨ ᠤ ᠵᠢᠷᠭᠢᠶ᠎ᠡ ᠶᠢᠨ ᠲᠠᠪᠴᠠᠩ
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号