ᠬᠥᠬᠡᠬᠤᠲᠠ ᠶᠢᠨ ᠰᠠᠶᠢᠬᠠᠨ ᠲᠣᠭᠤᠷᠢᠭ ᠤᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠠᠮᠵᠢᠯᠲᠠ ᠲᠠᠢ ᠲᠡᠭᠦᠰᠪᠡ
ᠨᠡᠶᠢᠲᠡᠯᠡᠭᠰᠡᠨ ᠴᠠᠭ᠄
2024/1/15
     1 ᠰᠠᠷ᠎ᠠ ᠶᠢᠨ 11 ᠤ ᠦᠳᠡ ᠶᠢᠨ ᠡᠮᠦᠨ᠎ᠡ᠂ ᠬᠥᠬᠡᠬᠤᠲᠠ ᠶᠢᠨ ᠰᠠᠶᠢᠬᠠᠨ ᠲᠣᠭᠤᠷᠢᠭ ᠤᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠡᠯ᠎ᠡ ᠵᠦᠢᠯ ᠤᠨ ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠠᠮᠵᠢᠯᠲᠠ ᠲᠠᠢ ᠲᠡᠭᠦᠰᠪᠡ᠃
     ᠬᠥᠬᠡᠬᠤᠲᠠ ᠶᠢᠨ ᠰᠠᠶᠢᠬᠠᠨ ᠲᠣᠭᠤᠷᠢᠭ ᠤᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠠᠮᠵᠢᠯᠲᠠ ᠲᠠᠢ ᠲᠡᠭᠦᠰᠪᠡ᠃              ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠵᠢᠶᠣᠣ ᠶᠠᠨ ᠬᠤᠩ ᠲᠡᠭᠦᠰᠬᠦ ᠶᠡᠭᠡ ᠬᠤᠷᠠᠯ ᠢ ᠡᠷᠬᠢᠯᠡᠬᠦ ᠶᠢᠨ ᠬᠠᠮᠲᠤ ᠶᠠᠷᠢᠶ᠎ᠠ ᠲᠠᠯᠪᠢᠵᠠᠢ᠃      ᠬᠤᠷᠠᠯ ᠠᠴᠠ ᠬᠠᠤᠯᠢ ᠶᠣᠰᠣᠭᠠᠷ ᠯᠢᠦ ᠶᠤᠸᠠᠢ ᠪᠢᠨ᠂ ᠵᠠᠩ ᠢ ᠨᠢᠩ ᠢ ᠰᠠᠶᠢᠬᠠᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠪᠠᠷ ᠰᠣᠩᠭᠤᠵᠤ᠂ ᠴᠢᠶᠣᠤ ᠸᠠᠨ ᠯᠢᠩ ᠢ ᠰᠠᠶᠢᠬᠠᠨ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠪᠠᠷ ᠰᠣᠩᠭᠤᠪᠠ᠃ ᠬᠤᠷᠠᠯ ᠠᠴᠠ ᠪᠢᠯᠧᠲ ᠥᠭᠴᠦ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2024 ᠣᠨ ᠳᠤ ᠬᠡᠷᠡᠭᠵᠢᠭᠦᠯᠦᠭᠰᠡᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠪᠠᠲᠤᠯᠠᠵᠤ᠂ ᠰᠠᠶᠢᠬᠠᠨ ᠲᠣᠭᠤᠷᠢᠭ ᠤᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠪᠠᠲᠤᠯᠠᠵᠤ  ᠲᠣᠭᠤᠷᠢᠭ ᠤᠨ 2023 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠭᠦᠢᠴᠡᠳᠬᠡᠭᠰᠡᠨ ᠪᠠᠶᠢᠳᠠᠯ ᠬᠢᠭᠡᠳ 2024 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ᠂  ᠲᠣᠭᠤᠷᠢᠭ ᠤᠨ 2023 ᠣᠨ ᠤ ᠡᠳ᠋ ᠤᠨ ᠵᠠᠰᠠᠭ ᠤᠨ ᠲᠥᠰᠥᠪ ᠢ ᠭᠦᠢᠴᠡᠳᠬᠡᠭᠰᠡᠨ ᠪᠠᠶᠢᠳᠠᠯ ᠪᠠ 2024 ᠣᠨ ᠤ ᠡᠳ᠋ ᠤᠨ ᠵᠠᠰᠠᠭ ᠤᠨ ᠲᠥᠰᠥᠪ᠂ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ᠂  ᠲᠣᠭᠤᠷᠢᠭ ᠤᠨ ᠠᠷᠠᠳ ᠤᠨ ᠰᠢᠭᠦᠬᠦ ᠬᠤᠷᠢᠶᠠᠨ ᠤ ᠠᠵᠢᠯ ᠤᠨ ᠮᠡᠳᠡᠭᠦᠯᠦᠯᠲᠡ ᠵᠢᠴᠢ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ ᠶᠢᠨ ᠰᠢᠢᠳᠪᠦᠷᠢ ᠬᠢᠵᠡᠢ᠃      ᠬᠤᠷᠠᠯ ᠠᠴᠠ᠂ 2024 ᠣᠨ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠤᠢ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢ ᠬᠡᠷᠡᠭᠵᠢᠭᠦᠯᠬᠦ ᠵᠠᠩᠭᠢᠯᠠᠭ᠎ᠠ ᠶᠢᠨ ᠨᠢᠭᠡ ᠵᠢᠯ ᠪᠣᠯᠣᠨ᠎ᠠ᠂ ᠮᠥᠨᠴᠦ ᠪᠦᠬᠦ ᠲᠣᠭᠤᠷᠢᠭ ᠤᠨ ᠲᠡᠷᠢᠭᠦᠨ ᠳᠤ ᠣᠷᠣᠬᠤ ᠪᠠᠷ ᠴᠢᠷᠮᠠᠶᠢᠬᠤ᠂ ᠳᠠᠪᠠᠵᠤ ᠭᠠᠷᠬᠤ ᠶᠢ ᠬᠥᠭᠡᠭᠡᠴᠡᠯᠳᠦᠬᠦ ᠵᠠᠩᠭᠢᠯᠠᠭ᠎ᠠ ᠶᠢᠨ ᠵᠢᠯ ᠪᠣᠯᠣᠨ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ᠂ ᠡᠭᠦᠷᠭᠡ ᠬᠦᠨᠳᠦ ᠵᠠᠮ ᠬᠤᠯᠠ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠡᠷᠡᠰ ᠭᠤᠶᠢᠪᠢᠰᠢ ᠦᠭᠡᠢ ᠪᠠᠷ ᠴᠢᠭᠯᠡᠯ ᠢᠶᠠᠨ ᠲᠣᠳᠣᠷᠬᠠᠶᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠣᠯᠭᠠᠬᠤ ᠡᠨᠡᠬᠦ ᠭᠤᠣᠯ ᠰᠢᠵᠢᠮ ᠲᠠᠢ ᠨᠢᠭᠲᠠ ᠤᠶᠠᠯᠳᠤᠭᠤᠯᠤᠨ ᠠᠵᠢᠯ ᠢᠶᠠᠨ ᠥᠷᠨᠢᠭᠦᠯᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠤᠬᠠᠮᠰᠠᠷ ᠢᠶᠠᠨ ᠦᠨᠡᠨᠬᠦ ᠳᠡᠭᠡᠭᠰᠢᠯᠡᠭᠦᠯᠵᠦ᠂ ᠲᠣᠭᠤᠷᠢᠭ ᠤᠨ ᠨᠠᠮ ᠤᠨ ᠬᠤᠷᠢᠶ᠎ᠠ ᠶᠢᠨ ᠲᠤᠰᠠᠯᠠᠭᠴᠢ᠂ ︽ᠨᠢᠭᠡ ᠵᠠᠰᠠᠭ ᠤᠨ ᠣᠷᠳᠣᠨ ᠨᠢᠭᠡ ᠬᠤᠷᠢᠶ᠎ᠠ ᠬᠤᠶᠠᠷ ᠬᠤᠷᠢᠶ᠎ᠠ︾ ᠶᠢᠨ ᠠᠬᠢᠭᠤᠯᠤᠭᠴᠢ᠂ ᠠᠷᠠᠳ ᠤᠯᠠᠨ ᠤ ᠬᠠᠪᠰᠤᠷᠤᠭᠴᠢ ᠪᠣᠯᠵᠤ᠂ ᠪᠦᠬᠦ ᠲᠠᠯ᠎ᠠ ᠶᠢᠨ ᠲᠣᠭᠤᠷᠢᠨ ᠳᠤ ᠶᠡᠭᠡ ᠶᠠᠪᠤᠳᠠᠯ ᠢ ᠠᠳᠬᠤᠵᠤ᠂ ᠬᠥᠭᠵᠢᠯᠲᠡ ᠵᠢᠨ‌‍ᠲ᠋ᠣᠭᠤᠷᠢᠨ ᠳᠤ ᠴᠢᠬᠤᠯᠠ ᠶᠠᠪᠤᠳᠠᠯ ᠢ ᠱᠠᠯᠠᠪᠳᠠᠭᠤᠯᠵᠤ᠂ ᠠᠷᠠᠳ ᠤᠨ ᠠᠮᠢᠳᠤᠷᠠᠯ ᠤᠨ ᠲᠣᠭᠤᠷᠢᠨ ᠳᠤ ᠪᠣᠳᠠᠲᠠᠢ ᠶᠠᠪᠤᠳᠠᠯ ᠬᠢᠵᠦ᠂ ᠤᠯᠤᠰ ᠲᠦᠷᠦ ᠶᠢᠨ ᠴᠢᠨᠠᠷ ᠢᠶᠠᠨ ᠡᠭᠦᠷᠢᠳᠡ ᠪᠠᠲᠤᠯᠠᠬᠤ ᠲᠠᠯ᠎ᠠ ᠪᠠᠷ ᠤᠬᠠᠮᠰᠠᠷ ᠢᠶᠠᠨ ᠢᠲᠡᠭᠡᠬᠦ ᠬᠡᠷᠡᠭᠲᠡᠢ᠃ ᠦᠢᠯᠡᠴᠢᠯᠡᠭᠡ ᠶᠢ ᠴᠢᠩᠭᠠᠳᠬᠠᠬᠤ᠂ ᠪᠠᠲᠤᠯᠠᠭ᠎ᠠ ᠶᠢ ᠰᠢᠯᠢᠳᠡᠭᠵᠢᠭᠦᠯᠬᠦ ᠶᠢ ᠢᠮᠠᠭᠲᠠ ᠲᠤᠤᠱᠯᠠᠭᠤᠯᠵᠤ᠂ ᠪᠦᠬᠦ  ᠲᠣᠭᠤᠷᠢᠭ ᠤᠨ ᠠᠵᠤ ᠠᠬᠤᠢ ᠶᠢᠨ ᠠᠵᠢᠯ ᠤᠨ ᠬᠤᠷᠠᠯ ᠠᠴᠠ ᠵᠢᠭᠠᠵᠤ ᠭᠠᠷᠭᠠᠭᠰᠠᠨ ︽ᠨᠠᠢᠮᠠᠨ ᠲᠠᠯ᠎ᠠ ᠪᠠᠷ ᠬᠦᠴᠦ ᠲᠠᠯᠪᠢᠬᠤ︾᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠲᠣᠭᠲᠠᠭᠠᠭᠰᠠᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠵᠢᠴᠢ ᠨᠠᠢᠮᠠᠨ ᠭᠤᠣᠯᠳᠠᠯᠭ᠎ᠠ ᠲᠠᠢ ᠠᠵᠢᠯ ᠳᠤ ᠪᠦᠬᠦ ᠲᠠᠯ᠎ᠠ ᠪᠠᠷ ᠠᠩᠬᠠᠷᠤᠯ ᠢᠶᠠᠨ ᠲᠥᠪᠯᠡᠷᠡᠭᠦᠯᠵᠦ᠂ ᠭᠠᠷᠳᠠᠴᠠ ᠶᠢ ᠣᠨᠣᠪᠴᠢᠲᠠᠢ ᠣᠯᠵᠤ᠂ ᠤᠨᠢᠨ ᠳᠡᠭᠡᠷ᠎ᠡ ᠨᠢ ᠬᠦᠴᠦᠯᠡᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠠᠯ᠎ᠠ ᠪᠠᠷ ᠪᠦᠬᠦ ᠰᠡᠳᠬᠢᠯ ᠪᠦᠬᠦ ᠴᠢᠳᠠᠯ ᠢᠶᠠᠷ ᠢᠶᠠᠨ ᠴᠢᠷᠮᠠᠶᠢᠬᠤ ᠬᠡᠷᠡᠭᠲᠡᠢ᠃ ᠪᠦᠬᠦ ᠬᠦᠴᠦᠨ ᠢᠶᠠᠷ ᠢᠶᠠᠨ ᠠᠷᠠᠳ ᠤᠨ ᠠᠮᠢᠳᠤᠷᠠᠯ ᠢ ᠰᠤᠷᠪᠤᠯᠵᠢᠯᠠᠵᠤ᠂ ᠬᠠᠯᠠᠭᠤᠨ ᠬᠦᠢᠲᠡᠨ ᠢ ᠠᠰᠠᠭᠤᠵᠤ᠂ ᠨᠠᠮ ᠪᠣᠯᠣᠨ ᠤᠯᠤᠰ ᠤᠨ ᠠᠷᠠᠳ ᠤᠯᠠᠨ ᠲᠠᠢ ᠬᠠᠷᠢᠯᠴᠠᠬᠤ ᠬᠥᠭᠦᠷᠭᠡ ᠪᠣᠯᠵᠤ᠂ ᠠᠷᠠᠳ ᠲᠦᠮᠡᠨ ᠤ ᠬᠦᠰᠡᠯ ᠡᠷᠡᠮᠡᠯᠵᠡᠯ ᠳᠤ ᠬᠠᠷᠢᠭᠤ ᠥᠭᠴᠦ᠂ ᠠᠷᠠᠳ ᠤᠨ ᠠᠮᠢᠳᠤᠷᠠᠯ ᠤᠨ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠬᠦ ᠶᠢ ᠠᠬᠢᠭᠤᠯᠵᠤ᠂ ᠠᠷᠠᠳ ᠤᠨ ᠠᠮᠢᠳᠤᠷᠠᠯ ᠤᠨ ᠢᠨᠵᠧᠨᠧᠷᠢᠩ ᠢ ᠲᠦᠷᠭᠡᠨ ᠬᠡᠷᠡᠭᠵᠢᠭᠦᠯᠵᠦ᠂ ᠲᠥᠯᠥᠭᠡᠯᠡᠭᠴᠢ ᠶᠢᠨ ᠳᠦᠷᠢ ᠶᠢ ᠲᠠᠶᠢᠯᠪᠤᠷᠢᠯᠠᠬᠤ ᠲᠠᠯ᠎ᠠ ᠪᠠᠷ ᠴᠢᠳᠠᠮᠠᠭᠠᠢ ᠪᠠᠷ ᠡᠬᠢᠯᠡᠵᠦ ᠴᠢᠳᠠᠮᠠᠭᠠᠢ ᠪᠠᠷ ᠪᠦᠲᠦᠭᠡᠬᠦ ᠬᠡᠷᠡᠭᠲᠡᠢ᠃ ᠢᠮᠠᠭᠲᠠ ᠶᠠᠰᠤ ᠴᠢᠨᠠᠷ ᠢ ᠳᠡᠭᠡᠭᠰᠢᠯᠡᠭᠦᠯᠵᠦ᠂ ᠰᠢᠪᠲᠤᠯᠤᠯᠲᠠ ᠭᠠᠷᠭᠠᠬᠤ ᠶᠢ ᠪᠠᠷᠢᠮᠲᠠᠯᠠᠵᠤ᠂ ︽ᠲᠦᠷᠪᠡᠨ ᠪᠠᠶᠢᠭᠤᠯᠤᠯᠭ᠎ᠠ︾ ᠶᠢᠨ ᠪᠠᠶᠢᠭᠤᠯᠤᠯᠲᠠ ᠶᠢᠨ ᠪᠠᠶᠢᠷᠢ ᠲᠣᠭᠲᠠᠭᠠᠯᠲᠠ ᠶᠢᠨ ᠱᠠᠭᠠᠷᠳᠠᠯᠭ᠎ᠠ ᠶᠢᠨ ᠲᠣᠭᠤᠷᠢᠨ ᠳᠤ᠂ ᠤᠯᠤᠰ ᠲᠦᠷᠦ ᠶᠢᠨ ᠰᠡᠷᠭᠡᠭ ᠴᠢᠨᠠᠷ ᠢ ᠦᠨᠡᠨᠬᠦ ᠴᠢᠩᠭᠠᠳᠬᠠᠵᠤ᠂ ᠬᠢᠨᠠᠯᠲᠠ ᠶᠢᠨ ᠦᠷ᠎ᠡ ᠪᠦᠲᠦᠮᠵᠢᠲᠦ ᠴᠢᠨᠠᠷ ᠢ ᠴᠢᠩᠭᠠᠳᠬᠠᠵᠤ᠂ ᠲᠥᠯᠥᠭᠡᠯᠡᠭᠴᠢᠳ ᠤᠨ ᠰᠠᠨᠠᠭᠠᠴᠢᠯᠠᠭᠠᠲᠤ ᠴᠢᠨᠠᠷ ᠢ ᠪᠠᠳᠠᠷᠠᠭᠤᠯᠵᠤ᠂ ᠠᠵᠢᠯ ᠤᠨ ᠲᠦᠪᠰᠢᠨ ᠪᠣᠯᠣᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠲᠠᠰᠤᠷᠠᠯᠳᠡ ᠦᠭᠡᠢ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠬᠦ ᠤᠭ ᠴᠢᠨᠠᠷ ᠢᠶᠠᠨ ᠳᠠᠪᠲᠠᠨ ᠪᠣᠯᠪᠠᠰᠤᠷᠠᠭᠤᠯᠬᠤ ᠲᠠᠯ᠎ᠠ ᠪᠠᠷ ᠠᠮᠵᠢᠯᠲᠠ ᠪᠦᠲᠦᠮᠵᠢ ᠭᠠᠷᠭᠠᠬᠤ ᠬᠡᠷᠡᠭᠲᠡᠢ᠃
     ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠭᠠᠷ ᠡᠷᠭᠦᠨ ᠪᠠᠲᠤᠯᠠᠪᠠ᠃      ᠦᠨᠡᠨ ᠪᠣᠳᠠᠲᠠᠢ ᠠᠵᠢᠯᠯᠠᠬᠤ ᠪᠠᠷ ᠭᠤᠣᠯ ᠪᠣᠯᠭᠠᠬᠤ ᠬᠡᠷᠡᠭᠲᠡᠢ ᠭᠡᠵᠦ ᠬᠤᠷᠠᠯᠳᠤᠭᠠᠨ ᠠᠴᠠ ᠤᠷᠢᠶᠠᠯᠠᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠦᠬᠦ ᠲᠥᠯᠥᠭᠡᠯᠡᠭᠴᠢᠳ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠡᠷᠴᠢ ᠵᠣᠷᠢᠭ ᠢᠶᠠᠨ ᠬᠥᠪᠴᠢᠯᠡᠨ ᠡᠷᠡᠯᠬᠡᠭᠯᠡᠨ ᠤᠷᠤᠭᠰᠢᠯᠠᠵᠤ᠂ ᠡᠵᠡᠨ ᠬᠥᠮᠥᠨ ᠤ ᠤᠬᠠᠮᠰᠠᠷ᠂ ᠲᠥᠯᠥᠭᠡᠯᠡᠭᠴᠢ ᠶᠢᠨ ᠤᠬᠠᠮᠰᠠᠷ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠠᠶᠢᠬᠠᠨ ᠲᠣᠭᠤᠷᠢᠭ ᠤᠨ ᠬᠥᠭᠵᠢᠯᠲᠡ ᠶᠢ ᠥᠪᠡᠷ ᠤᠨ ᠢᠶᠠᠨ ᠶᠠᠪᠤᠳᠠᠯ ᠢᠶᠠᠷ ᠦᠵᠡᠵᠦ᠂ ᠠᠷᠠᠳ ᠤᠯᠠᠨ ᠤ ᠶᠠᠪᠤᠳᠠᠯ ᠢ ᠥᠪᠡᠷ ᠤᠨ ᠢᠶᠠᠨ ᠶᠠᠪᠤᠳᠠᠯ ᠢᠶᠠᠷ ᠦᠵᠡᠵᠦ᠂ ᠰᠠᠶᠢᠬᠠᠨ ᠲᠣᠭᠤᠷᠢᠭ ᠤᠨ ᠠᠵᠢᠯ ᠤᠨ ᠪᠠᠶᠢᠷᠢᠯᠠᠭᠤᠯᠤᠯᠲᠠ ᠪᠣᠯᠣᠨ ᠬᠥᠭᠵᠢᠯᠲᠡ ᠶᠢ ᠲᠦᠷᠭᠡᠳᠬᠡᠬᠦ᠂ ᠬᠥᠭᠵᠢᠯᠲᠡ ᠶᠢ ᠶᠡᠬᠡᠪᠡᠷ ᠠᠳᠬᠤᠬᠤ ᠢᠲᠡᠭᠡᠯ ᠵᠣᠷᠢᠭ ᠢ ᠴᠠᠭ ᠲᠤᠬᠠᠢ ᠳᠤᠨᠢ ᠲᠦᠭ ᠲᠦᠮᠡᠨ ᠠᠶᠢᠯ ᠡᠷᠦᠬᠡ ᠳᠤ ᠳᠠᠮᠵᠢᠭᠤᠯᠵᠤ᠂ ᠥᠷᠭᠡᠨ ᠤᠯᠠᠨ ᠺᠠᠳ᠋ᠷ ᠤᠯᠠᠨ ᠲᠦᠮᠡᠨ ᠢ ᠬᠥᠲᠥᠯᠥᠨ ᠳᠠᠭᠠᠭᠤᠯᠵᠤ ᠤᠶᠤᠨ ᠤᠬᠠᠭᠠᠨ ᠪᠣᠯᠣᠨ ᠬᠦᠴᠦᠨ ᠴᠢᠳᠠᠯ ᠢ ᠨᠢᠭᠲᠠᠷᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠰᠠᠶᠢᠬᠠᠨ ᠲᠣᠭᠤᠷᠢᠭ ᠤᠨ ᠰᠢᠨ᠎ᠡ ᠬᠠᠭᠤᠳᠠᠰᠤ ᠶᠢ ᠪᠢᠴᠢᠭᠯᠡᠨ᠎ᠡ᠃
     ᠰᠢᠨ᠎ᠡ ᠪᠠᠷ ᠰᠣᠩᠭᠤᠭᠳᠠᠭᠰᠠᠨ ᠬᠥᠮᠥᠰ ᠦᠨᠳᠦᠰᠦᠨ ᠬᠠᠤᠯᠢ ᠳᠤ ᠲᠠᠩᠭᠠᠷᠢᠭᠯᠠᠪᠠ᠃            ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号