ᠤᠯᠤᠰ ᠲᠦᠷᠦ ᠶᠢᠨ ᠵᠥᠪᠯᠡᠯᠭᠡᠨ ᠤ ᠬᠥᠬᠡᠬᠤᠲᠠ ᠶᠢᠨ ᠰᠠᠶᠢᠬᠠᠨ ᠲᠣᠭᠤᠷᠢᠭ ᠤᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠬᠤᠷᠠᠯ ᠬᠤᠶᠠᠳᠤᠭᠠᠷ ᠤᠳᠠᠭ᠎ᠠ ᠶᠢᠨ ᠶᠡᠭᠡ ᠬᠤᠷᠠᠯ ᠬᠢᠪᠡ
ᠨᠡᠶᠢᠲᠡᠯᠡᠭᠰᠡᠨ ᠴᠠᠭ᠄
2024/1/15
     1 ᠳ᠋ᠦ᠋ᠭᠡᠷ ᠰᠠᠷ᠎ᠠ ᠶᠢᠨ 8 ᠤ ᠡᠳᠦᠷ ᠤᠨ ᠦᠳᠡ ᠶᠢᠨ ᠬᠤᠶᠢᠨ᠎ᠠ᠂ ᠤᠯᠤᠰ ᠲᠥᠷᠥ ᠶᠢᠨ ᠵᠥᠪᠯᠡᠯᠭᠡᠨ ᠤ ᠬᠥᠬᠡᠬᠤᠲᠠ ᠶᠢᠨ ᠰᠠᠶᠢᠬᠠᠨ ᠲᠣᠭᠤᠷᠢᠭ ᠤᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠬᠤᠷᠠᠯ ᠬᠤᠶᠠᠳᠤᠭᠠᠷ ᠤᠳᠠᠭᠠᠨ ᠤ ᠶᠡᠭᠡ ᠬᠤᠷᠠᠯ ᠬᠢᠪᠡ᠃ ᠡᠯ᠎ᠡ ᠡᠲᠡᠭᠡᠳ ᠤᠨ ᠢᠯᠭᠠᠯ᠂ ᠡᠯ᠎ᠡ ᠨᠠᠮ ᠪᠦᠯᠦᠭ ᠪᠦᠯᠬᠦᠮ ᠠᠴᠠ ᠢᠷᠡᠭᠰᠡᠨ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ 7 ᠭᠡᠰᠢᠭᠦᠨ ᠶᠡᠭᠡ ᠬᠤᠷᠠᠯ ᠳᠡᠭᠡᠷ᠎ᠡ ᠶᠠᠷᠢᠶ᠎ᠠ ᠲᠠᠯᠪᠢᠵᠤ᠂ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠪᠠ᠃ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠯᠢ ᠢᠦᠢ ᠵᠢᠶᠣᠣ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃  ᠲᠣᠭᠤᠷᠢᠭ ‍ᠤᠨ‌ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠵᠢᠶᠣᠣ ᠷᠦᠢ ᠡᡁᠸ ᠬᠤᠷᠠᠯ ᠢ ᠡᠷᠬᠢᠯᠡᠪᠡ᠃
     ᠤᠯᠤᠰ ᠲᠦᠷᠦ ᠶᠢᠨ ᠵᠥᠪᠯᠡᠯᠭᠡᠨ ᠤ ᠬᠥᠬᠡᠬᠤᠲᠠ ᠶᠢᠨ ᠰᠠᠶᠢᠬᠠᠨ ᠲᠣᠭᠤᠷᠢᠭ ᠤᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠬᠤᠷᠠᠯ ᠬᠤᠶᠠᠳᠤᠭᠠᠷ ᠤᠳᠠᠭ᠎ᠠ ᠶᠢᠨ ᠶᠡᠭᠡ ᠬᠤᠷᠠᠯ ᠬᠢᠪᠡ᠃            ᠬᠤᠷᠠᠯ ᠳᠡᠭᠡᠷ᠎ᠡ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠸᠠᠩ ᠺᠠᠢ ᠹᠧᠩ᠂ ᠯᠢ ᠱᠣᠸ ᠪᠥᠸᠧ᠂ ᠵᠣᠣ ᠷᠦᠢ ᠫᠧᠩ᠂ ᠰᠢᠦᠢ ᠵᠢᠶᠦ᠋ᠨ ᠼᠠᠢ᠂ ᠲᠢᠶᠠᠨ ᠬᠠᠢ ᠹᠧᠩ᠂ ᠶᠦᠨ ᠤᠯᠠᠭᠠᠨ᠂ ᠸᠠᠩ ᠯᠢ ᠹᠧᠨ᠂  ᠲᠣᠭᠤᠷᠢᠭ ᠤᠨ ᠨᠠᠮ ᠤᠨ ᠬᠤᠷᠢᠶ᠎ᠠ᠂  ᠲᠣᠭᠤᠷᠢᠭ ᠤᠨ ᠵᠠᠰᠠᠭ ᠤᠨ ᠣᠷᠳᠣᠨ ᠤ ᠭᠤᠣᠯ ᠠᠵᠢᠯ ᠲᠠᠢ ᠨᠢᠭᠲᠠ ᠤᠶᠠᠯᠳᠤᠭᠤᠯᠤᠨ᠂ ᠰᠠᠶᠢᠬᠠᠨ ᠲᠣᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠠᠯ᠎ᠠ ᠠᠴᠠ ᠪᠣᠳᠣᠯᠬᠢᠯᠠᠵᠤ᠂ ᠠᠵᠤ ᠦᠢᠯᠡᠰ ᠤᠨ ᠬᠥᠭᠵᠢᠯᠲᠡ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠰᠣᠶᠣᠯ ᠵᠢᠭᠤᠯᠴᠢᠯᠠᠯ ᠤᠨ ᠠᠭᠤᠰᠤᠯᠴᠠᠯ᠂ ᠰᠤᠷᠭᠠᠨ ᠬᠥᠮᠦᠵᠢᠯ ᠤᠨ ᠬᠥᠭᠵᠢᠯᠲᠡ᠂ ᠪᠡᠯᠡᠳᠭᠡᠮᠵᠢᠳᠤ ᠲᠠᠷᠢᠶᠠᠯᠠᠩ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ᠂ ᠦᠨᠳᠦᠰᠦᠨ ᠱᠠᠲᠤᠨ ᠤ ᠵᠠᠰᠠᠯᠲᠠ᠂ ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠲᠠᠯ᠎ᠠ ᠶᠢᠨ ᠠᠵᠢᠯ ᠲᠠᠢ ᠤᠶᠠᠯᠳᠤᠭᠤᠯᠤᠨ᠂ ᠦᠨᠡᠨ ᠦᠭᠡ ᠬᠡᠯᠡᠵᠦ᠂ ᠰᠠᠶᠢᠨ ᠠᠷᠭ᠎ᠠ ᠪᠣᠳᠣᠯᠭ᠎ᠠ ᠳᠡᠪᠰᠢᠭᠦᠯᠵᠦ᠂ ᠪᠣᠳᠠᠲᠠᠢ ᠠᠷᠭ᠎ᠠ ᠤᠬᠠᠭᠠᠨ ᠭᠠᠷᠭᠠᠵᠤ᠂ ᠰᠠᠨᠠᠯ ᠰᠠᠨᠠᠭᠤᠯᠭ᠎ᠠ ᠳᠤᠷᠠᠳᠴᠤ᠂ ᠮᠠᠰᠢ ᠴᠢᠩᠭ᠎ᠠ ᠬᠠᠨᠳᠤᠯᠭᠠᠲᠤ ᠴᠢᠨᠠᠷ᠂ ᠪᠦᠲᠦᠭᠡᠯᠴᠢ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠲᠠᠢ ᠪᠠᠶᠢᠵᠤ᠂ ᠤᠯᠤᠰ ᠲᠦᠷᠦ ᠶᠢᠨ ᠵᠥᠪᠯᠡᠯᠭᠡᠨ ᠤ ᠴᠢᠳᠠᠪᠤᠷᠢᠲᠠᠨ ᠴᠤᠭᠯᠠᠷᠠᠭᠰᠠᠨ᠂ ᠤᠶᠤᠨ ᠤᠬᠠᠭᠠᠨ ᠬᠤᠷᠠᠭᠰᠠᠨ ᠥᠪᠡᠷᠮᠢᠴᠡ ᠳᠠᠪᠠᠭᠤᠯᠢᠭ ᠢ ᠭᠦᠢᠴᠡᠳ ᠢᠯᠡᠷᠡᠭᠦᠯᠪᠡ᠃
     ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠶᠠᠷᠢᠶ᠎ᠠ ᠶᠢ ᠬᠢᠨᠠᠮᠠᠭᠠᠢ ᠰᠣᠨᠣᠰᠪᠠ᠃      ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠶᠠᠷᠢᠶ᠎ᠠ ᠶᠢ ᠨᠠᠷᠢᠨ ᠬᠢᠨᠠᠮᠠᠭᠠᠢ ᠰᠣᠨᠣᠰᠤᠭᠰᠠᠨ ᠤ ᠳᠠᠷᠠᠭ᠎ᠠ᠂ ᠯᠢ ᠢᠦᠢ ᠵᠢᠶᠣᠣ ᠭᠡᠰᠢᠭᠦᠳ ᠤᠨ ᠰᠠᠨᠠᠭᠤᠯᠭ᠎ᠠ ᠳᠤ ᠨᠢᠭᠡᠳ ᠨᠢᠭᠡ ᠪᠠᠷ ᠬᠠᠷᠢᠭᠤᠯᠲᠠ ᠥᠭᠴᠡᠢ᠃ ᠲᠡᠷᠡ᠂ ᠡᠯ᠎ᠡ ᠭᠡᠰᠢᠭᠦᠳ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠵᠤ ᠴᠢᠳᠠᠬᠤ ᠪᠠᠷ ᠪᠠᠷᠠᠬᠤ ᠦᠭᠡᠢ ᠪᠠᠰᠠ ᠰᠠᠶᠢᠬᠠᠨ ᠲᠣᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠪᠣᠯᠣᠨ ᠠᠷᠠᠳ ᠤᠨ ᠠᠮᠢᠳᠤᠷᠠᠯ ᠤᠨ ᠪᠣᠳᠠᠲᠤ ᠪᠠᠶᠢᠳᠠᠯ ᠲᠠᠢ ᠰᠡᠳᠬᠢᠯ ᠵᠢᠷᠦᠬᠡ ᠪᠠᠨ ᠬᠤᠯᠪᠣᠵᠤ᠂ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠬᠦᠴᠢᠷ ᠲᠦᠪᠡᠭᠲᠡᠢ ᠠᠰᠠᠭᠤᠳᠠᠯ ᠢ ᠵᠠᠳᠠᠯᠵᠤ᠂ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠪᠦᠬᠦ ᠲᠣᠭᠤᠷᠢᠭ ‍ᠤᠨ‌ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠨ ᠨᠡᠮᠡᠷᠢᠯᠡᠵᠦ᠂ ᠤᠯᠤᠰ ᠲᠦᠷᠦ ᠶᠢᠨ ᠵᠥᠪᠯᠡᠯᠭᠡᠨ ᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠵᠡᠢ ᠭᠡᠵᠦ ᠢᠯᠡᠳᠬᠡᠪᠡ᠃ 2023 ᠣᠨ ᠳᠤ᠂ ᠰᠠᠶᠢᠬᠠᠨ ᠲᠣᠭᠤᠷᠢᠭ ᠨᠢ ᠪᠦᠬᠦ ᠬᠤᠳᠠ ᠶᠢᠨ ᠠᠩᠬᠠᠳᠠᠭᠴᠢ ︽ᠮᠢᠩᠭᠠᠨ ᠳ᠋ᠦᠩᠰᠢᠭᠤᠷ ᠬᠤᠳᠠ ᠶᠢᠨ ᠲᠣᠭᠤᠷᠢᠭ︾ ᠪᠣᠯᠵᠤ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ᠂ ᠲᠣᠭᠲᠠᠭᠠᠭᠰᠠᠨ ᠠᠵᠤ ᠦᠢᠯᠡᠳᠪᠦᠷᠢ ᠶᠢᠨ ᠶᠡᠷᠦᠩᠬᠡᠢ ᠦᠷᠳᠡᠭ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ᠂ ᠡᠩ ᠤᠨ ᠤᠯᠠᠨ ᠨᠡᠶᠢᠲᠡ ᠶᠢᠨ ᠲᠥᠰᠥᠪ ᠤᠨ ᠣᠷᠣᠯᠭ᠎ᠠ ᠵᠡᠷᠭᠡ 4 ᠵᠦᠢᠯ ᠤᠨ ᠭᠦᠢᠴᠡᠳᠬᠡᠯ ᠲᠤᠭ᠎ᠠ ᠶᠢ ᠪᠦᠬᠦ ᠬᠤᠳᠠ ᠳᠤ ᠨᠢᠭᠡᠳᠦᠭᠡᠷ ᠲᠤ ᠣᠷᠣᠭᠤᠯᠪᠠ᠃ 2023 ᠣᠨ ᠢ 2021 ᠣᠨ ᠤ ᠬᠢ ᠲᠠᠢ ᠬᠠᠷᠢᠴᠠᠭᠤᠯᠪᠠᠯ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ ᠤᠨ ᠨᠡᠮᠡᠭᠳᠡᠯ ᠤᠨ ᠬᠡᠮᠵᠢᠶ᠎ᠡ 30% ᠢ ᠳᠠᠪᠠᠵᠤ᠂ ᠲᠣᠭᠲᠠᠭᠠᠭᠰᠠᠨ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠦᠷᠳᠡᠭ ᠤᠨ ᠨᠡᠮᠡᠭᠳᠡᠯ ᠤᠨ ᠬᠡᠮᠵᠢᠶ᠎ᠡ 40% ᠢ ᠳᠠᠪᠠᠵᠤ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠡᠮᠵᠢᠶ᠎ᠡ 50% ᠢ ᠳᠠᠪᠠᠵᠤ᠂ ᠶᠡᠷᠦᠩᠬᠡᠢ ᠬᠡᠮᠵᠢᠶ᠎ᠡ᠂ ᠨᠡᠮᠡᠭᠳᠡᠯ ᠤᠨ ᠬᠡᠮᠵᠢᠶ᠎ᠡ᠂ ᠶᠠᠰᠤ ᠴᠢᠨᠠᠷ ᠴᠥᠮ ᠲᠦᠷᠭᠡᠨ ᠢᠶᠠᠷ ᠲᠡᠷᠢᠭᠦᠯᠡᠬᠦ ᠶᠢ ᠪᠡᠶᠡᠯᠡᠭᠦᠯᠵᠡᠢ᠃ ᠭᠡᠰᠢᠭᠦᠳ ᠠ᠋᠂ ᠳᠠᠷᠠᠭᠠᠴᠢ ᠶᠢᠨ ᠬᠤᠷᠠᠯ ᠪᠣᠯᠣᠨ ᠬᠤᠶᠢᠰᠢᠳᠠ ᠶᠢᠨ ᠠᠵᠢᠯ ᠳᠤᠮᠳᠠ ᠪᠠᠨ ᠦᠷᠭᠦᠯᠵᠢ ᠰᠠᠨᠠᠯ ᠢᠶᠠᠨ ᠰᠣᠯᠢᠯᠴᠠᠵᠤ᠂ ᠨᠢᠭᠲᠠ ᠬᠠᠷᠢᠯᠴᠠᠵᠤ᠂ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠪᠠᠨ ᠨᠡᠩ ᠰᠠᠶᠢᠲᠤᠷ ᠨᠢᠭᠲᠠᠷᠠᠭᠤᠯᠵᠤ᠂ ᠬᠥᠭᠵᠢᠯᠲᠡ ᠶᠢᠨ ᠬᠠᠮᠲᠤᠷᠠᠯ ᠤᠨ ᠬᠦᠴᠦᠨ ᠢ ᠨᠡᠩ ᠰᠠᠶᠢᠲᠤᠷ ᠨᠢᠭᠲᠠᠷᠠᠭᠤᠯᠵᠤ᠂ ᠨᠡᠶᠢᠭᠡᠮ ᠵᠢᠷᠤᠮ ᠤᠨ ᠵᠥᠪᠯᠡᠬᠦ ᠠᠷᠠᠳᠴᠢᠯᠠᠯ ᠤᠨ ᠣᠨᠴᠠᠯᠢᠭᠲᠤ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠰᠠᠶᠢᠬᠠᠨ ᠲᠣᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠬᠠᠮᠲᠤᠪᠠᠷ ᠠᠬᠢᠭᠤᠯᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃
           ᠶᠡᠭᠡ ᠬᠤᠷᠠᠯ ᠤᠨ ᠠᠬᠤᠢ ᠲᠠᠯᠠᠪᠠᠢ ᠳᠤ ᠭᠡᠰᠢᠭᠦᠳ ᠤᠨ ᠶᠠᠷᠢᠶ᠎ᠠ ᠶᠢ ᠨᠠᠷᠢᠨ ᠬᠢᠨᠠᠮᠠᠭᠠᠢ ᠰᠣᠨᠤᠰᠴᠠᠢ         ᠯᠢ ᠢᠦᠢ ᠵᠢᠶᠣᠣ᠄ ᠳᠠᠷᠠᠭᠠᠴᠢ ᠶᠢᠨ ᠠᠯᠬᠤᠮ ᠳᠤ᠂ ᠲᠣᠭᠤᠷᠢᠭ ᠤᠨ ᠵᠠᠰᠠᠭ ᠤᠨ ᠣᠷᠳᠣᠨ ᠪᠣᠶᠦ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠳᠤᠷᠠᠳᠤᠭᠰᠠᠨ ᠬᠠᠷᠠᠯᠲᠠ ᠱᠠᠭᠠᠷᠳᠠᠯᠭ᠎ᠠ ᠳᠤ᠂  ᠲᠣᠭᠤᠷᠢᠭ ᠤᠨ ᠨᠠᠮ ᠤᠨ ᠬᠤᠷᠢᠶ᠎ᠠ ᠶᠢᠨ ᠲᠠᠪᠤᠳᠤᠭᠠᠷ ᠬᠤᠭᠤᠴᠠᠭᠠᠨ ᠤ  ᠳᠣᠯᠣᠳᠤᠭᠠᠷ ᠪᠦᠬᠦᠳᠡ ᠬᠤᠷᠠᠯ ᠵᠢᠴᠢ ᠪᠦᠬᠦ ᠲᠣᠭᠤᠷᠢᠭ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂︽ᠣᠷᠣᠨ ᠤ ᠳᠣᠲᠣᠷ᠎ᠠ ᠳᠠᠬᠢᠨ ᠣᠷᠣᠨ ᠳᠠᠪᠰᠢᠵᠤ᠂ ᠤᠯᠤᠰ ᠤᠨ ᠳᠣᠲᠣᠭᠠᠳᠤ ᠳᠤ ᠵᠠᠭᠤᠨ ᠬᠦᠴᠦᠷᠬᠡᠭ ᠢ ᠲᠡᠮᠡᠴᠡᠨ ᠣᠯᠬᠤ︾᠂ ︽ᠲᠦᠷᠪᠡᠨ ᠮᠢᠩᠭᠠᠨ ᠳ᠋ᠦᠩᠰᠢᠭᠤᠷ︾᠂ ︽ᠲᠠᠪᠤᠨ ᠨᠢᠭᠡᠳᠦᠭᠡᠷ︾ ᠬᠥᠭᠵᠢᠯᠲᠡ ᠶᠢᠨ ᠬᠠᠷᠠᠯᠲᠠ ᠲᠡᠰᠢ ᠴᠢᠷᠮᠠᠶᠢᠨ᠎ᠠ ᠭᠡᠵᠦ ᠢᠯᠡᠳᠬᠡᠪᠡ᠃ ᠡᠭᠦᠨ ᠤ ᠵᠡᠷᠭᠡ ᠳᠤ ᠪᠠᠰᠠ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ  ᠢ ᠦᠷᠭᠦᠯᠵᠢᠯᠡᠨ ᠰᠢᠯᠢᠳᠡᠭᠵᠢᠭᠦᠯᠵᠦ᠂ ︽ᠬᠤᠳᠠᠯᠳᠤᠭ᠎ᠠ  ᠶᠢ ᠴᠢᠬᠤᠯᠠᠴᠢᠯᠠᠬᠤ᠂ ᠬᠤᠳᠠᠯᠳᠤᠭ᠎ᠠ  ᠶᠢ ᠳᠣᠲᠣᠨᠣᠴᠢᠯᠠᠬᠤ᠂ ᠬᠤᠳᠠᠯᠳᠤᠭ᠎ᠠ  ᠶᠢ ᠪᠠᠶᠠᠵᠢᠭᠤᠯᠬᠤ᠂ ᠬᠤᠳᠠᠯᠳᠤᠭ᠎ᠠ  ᠶᠢ ᠠᠮᠤᠷᠵᠢᠭᠤᠯᠬᠤ᠂ ᠬᠤᠳᠠᠯᠳᠤᠭ᠎ᠠ  ᠶᠢ ᠲᠣᠭᠲᠠᠭᠤᠨ ᠪᠠᠶᠢᠯᠭᠠᠬᠤ᠂ ᠬᠤᠳᠠᠯᠳᠤᠭ᠎ᠠ  ᠶᠢ ᠴᠤᠭᠯᠠᠷᠠᠭᠤᠯᠬᠤ︾ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠳᠤ ᠬᠦᠴᠦ ᠨᠡᠮᠡᠷᠢᠯᠡᠨ᠎ᠡ᠃ ᠭᠡᠰᠢᠭᠦᠳ ᠠ᠋᠂ ︽ᠨᠠᠶᠢᠵᠠ ᠶᠢᠨ ᠲᠣᠭᠤᠷᠢᠭ︾ ᠢ ᠥᠷᠭᠡᠨ ᠢᠶᠠᠷ ᠳᠠᠶᠢᠴᠢᠯᠠᠵᠤ᠂ ᠨᠡᠶᠢᠭᠡᠮᠯᠢᠭ ᠂ ᠬᠤᠳᠠᠯᠳᠤᠭᠠᠴᠢᠳ ᠤᠨ ᠡᠪᠯᠡᠯ᠂ ᠵᠣᠬᠢᠶᠠᠨ ᠪᠠᠶᠢᠭᠤᠯᠤᠯᠲᠠ᠂ ᠪᠠᠶᠢᠭᠤᠯᠤᠮᠵᠢ ᠵᠡᠷᠭᠡ ᠬᠦᠴᠦᠨ ᠢ ᠳᠠᠶᠢᠴᠢᠯᠠᠨ᠂ ︽ᠤᠯᠤᠰ ᠲᠥᠷᠥ ᠶᠢᠨ ᠵᠥᠪᠯᠡᠯᠭᠡᠨ ᠤ ᠠᠵᠢᠯᠯᠠᠭ᠎ᠠ︾ ᠪᠠᠷ ᠪᠥᠬᠦ  ᠲᠣᠭᠤᠷᠢᠭ ᠤᠨ ᠬᠤᠳᠠᠯᠳᠤᠭᠠᠴᠢᠨ ᠤᠷᠢᠬᠤ ᠶᠡᠭᠡ ᠲᠠᠯ᠎ᠠ ᠳᠤ ᠭᠦᠨᠵᠡᠭᠡᠢ ᠠᠭᠤᠰᠤᠯᠴᠠᠬᠤ ᠶᠢ ᠬᠦᠰᠡᠵᠦ ᠪᠠᠶᠢᠨ᠎ᠠ᠃          ᠯᠢ ᠢᠦᠢ ᠵᠢᠶᠣᠣ ᠰᠠᠨᠠᠭᠤᠯᠬᠤ ᠳᠠᠭᠠᠨ᠂  ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠪᠠ ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠤᠯᠤᠰ ᠲᠦᠷᠦ ᠶᠢᠨ ᠵᠥᠪᠯᠡᠯᠭᠡ ᠬᠢᠬᠦ ᠶᠢ ᠴᠢᠩᠭᠠᠳᠬᠠᠵᠤ᠂ ᠰᠠᠶᠢᠬᠠᠨ ᠲᠣᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠥᠪ ᠤᠨ ᠠᠵᠢᠯ ᠤᠨ ᠲᠣᠭᠤᠷᠢᠨ ᠳᠤ᠂ ᠣᠨ ᠤ ᠵᠥᠪᠯᠡᠬᠦ ᠰᠡᠳᠦᠪ ᠢ ᠰᠠᠶᠢᠲᠤᠷ ᠲᠣᠬᠢᠷᠠᠭᠤᠯᠵᠤ᠂ ᠪᠠᠶᠢᠴᠠᠭᠠᠨ ᠰᠤᠳᠤᠯᠤᠯᠲᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠪᠠᠶᠢᠴᠠᠭᠠᠨ ᠰᠤᠳᠤᠯᠤᠯᠲᠠ ᠶᠢᠨ ᠬᠡᠯᠪᠡᠷᠢ ᠶᠢᠨ ᠰᠢᠨ᠎ᠡ ᠶᠢ ᠡᠭᠦᠳᠴᠦ᠂ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ᠂ ᠬᠠᠮᠲᠤᠷᠠᠭᠰᠠᠨ ᠪᠠᠶᠢᠴᠠᠭᠠᠨ ᠰᠤᠳᠤᠯᠤᠯᠲᠠ ᠵᠡᠷᠭᠡ ᠶᠢ ᠢᠳᠡᠪᠬᠢᠲᠡᠢ ᠠᠬᠢᠭᠤᠯᠵᠤ᠂ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢ ᠤᠯᠠᠷᠢᠭᠤᠯᠤᠨ ᠠᠰᠢᠭᠯᠠᠬᠤ ᠶᠢ ᠠᠬᠢᠭᠤᠯᠵᠤ᠂ ᠤᠯᠤᠰ ᠲᠦᠷᠦ ᠶᠢᠨ ᠵᠥᠪᠯᠡᠯᠭᠡ ᠬᠢᠬᠦ ᠠᠵᠢᠯ ᠢ ᠴᠢᠨᠠᠷ ᠰᠠᠶᠢᠲᠠᠢ ᠥᠷᠨᠢᠭᠦᠯᠬᠦ ᠳᠤ ᠪᠠᠲᠤ ᠪᠠᠬᠢ ᠰᠠᠭᠤᠷᠢ ᠶᠢ ᠬᠠᠮᠲᠤ ᠪᠠᠷ ᠲᠠᠯᠪᠢᠬᠤ ᠬᠡᠷᠡᠭᠲᠡᠢ᠃ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠴᠢᠩᠭᠠᠳᠬᠠᠵᠤ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠡᠭᠦᠷᠭᠡ ᠴᠢᠳᠠᠪᠤᠷᠢ ᠶᠢ ᠪᠠᠳᠠᠷᠠᠭᠤᠯᠤᠨ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠠᠷᠭ᠎ᠠ ᠵᠠᠮ ᠢ ᠥᠷᠭᠡᠳᠬᠡᠵᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢᠨ ᠬᠠᠨᠳᠤᠯᠭᠠᠲᠤ ᠴᠢᠨᠠᠷ ᠪᠠ ᠪᠣᠳᠠᠲᠤ ᠪᠦᠲᠦᠮᠵᠢᠲᠦ ᠴᠢᠨᠠᠷ ᠢ ᠴᠢᠩᠭᠠᠳᠬᠠᠵᠤ᠂ ᠠᠷᠠᠳ ᠤᠯᠠᠨ ᠤ ᠬᠠᠤᠯᠢ ᠶᠣᠰᠣᠨ‌‍ᠤ ᠡᠷᠬᠡ ᠠᠰᠢᠭ ᠪᠠ ᠠᠰᠢᠭ ᠲᠤᠰᠠ ᠶᠢᠨ ᠬᠦᠰᠡᠯ ᠱᠠᠭᠠᠷᠳᠠᠯᠭ᠎ᠠ ᠶᠢ ᠦᠨᠡᠨ ᠬᠦ ᠪᠠᠲᠤᠯᠠᠬᠤ ᠬᠡᠷᠡᠭᠲᠡᠢ᠃ ᠬᠥᠭᠦᠷᠭᠡ ᠬᠤᠯᠪᠣᠭᠠᠰᠤ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠠᠷᠠᠳ ᠤᠨ ᠰᠠᠨᠠᠭ᠎ᠠ ᠶᠢ ᠥᠷᠭᠡᠨ ᠢᠶᠠᠷ ᠴᠤᠭᠯᠠᠭᠤᠯᠤᠨ᠂ ᠠᠷᠠᠳ ᠤᠨ ᠪᠠᠶᠢᠳᠠᠯ ᠢ ᠲᠤᠰᠬᠠᠵᠤ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠪᠠ ᠰᠡᠳᠬᠢᠯ ᠤᠨ ᠲᠠᠭᠤᠨ ᠢ ᠴᠠᠭ ᠲᠤᠬᠠᠢ ᠳᠤᠨᠢ ᠲᠣᠭᠤᠷᠢᠭ ᠤᠨ ᠵᠠᠰᠠᠭ ᠤᠨ ᠣᠷᠳᠣᠨ ᠳᠤ ᠳᠠᠮᠵᠢᠭᠤᠯᠬᠤ ᠬᠡᠷᠡᠭᠲᠡᠢ᠃ ᠵᠠᠰᠠᠭ ᠤᠨ ᠶᠠᠪᠤᠳᠠᠯ ᠳᠤ ᠣᠷᠣᠯᠴᠠᠨ ᠲᠦᠷᠦ ᠶᠢᠨ ᠶᠠᠪᠤᠳᠠᠯ ᠢ ᠵᠥᠪᠯᠡᠬᠦ ᠶᠢ ᠰᠠᠶᠢᠲᠤᠷ ᠬᠢᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠭᠤᠣᠯ ᠠᠵᠢᠯ ᠪᠣᠯᠣᠨ ᠰᠠᠶᠢᠬᠠᠨ ᠲᠣᠭᠤᠷᠢᠭ ᠤᠨ ᠬᠥᠭᠵᠢᠯᠲᠡ ᠶᠢᠨ ᠴᠢᠬᠤᠯᠠ ᠶᠡᠭᠡ ᠵᠥᠪᠯᠡᠬᠦ ᠰᠡᠳᠦᠪ ᠤᠨ ᠲᠣᠭᠤᠷᠢᠨ ᠳᠤ᠂ ᠪᠣᠳᠠᠲᠠᠢ ᠳᠤ ᠰᠠᠭᠤᠷᠢᠯᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠯᠠᠮᠰᠢᠯ ᠠᠰᠠᠭᠤᠳᠠᠯ ᠪᠣᠯᠣᠨ ᠡᠪᠡᠷᠰᠢᠶᠡᠯ ᠲᠠᠢ ᠠᠰᠠᠭᠤᠳᠠᠯ ᠢ ᠭᠦᠨᠵᠡᠭᠡᠢ ᠪᠠᠶᠢᠴᠠᠭᠠᠨ ᠰᠤᠳᠤᠯᠵᠤ᠂ ᠴᠢᠨᠠᠷ ᠰᠠᠶᠢᠲᠠᠢ ᠰᠠᠨᠠᠯ ᠳᠤᠷᠠᠳᠤᠯᠭ᠎ᠠ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠪᠣᠯᠣᠨ ᠬᠤᠯᠪᠣᠭᠳᠠᠯ ᠪᠦᠬᠦᠢ ᠰᠠᠨᠠᠭᠤᠯᠭ᠎ᠠ ᠶᠢ ᠳᠡᠪᠰᠢᠭᠦᠯᠵᠦ᠂ ᠰᠠᠨᠠᠯ ᠳᠤᠷᠠᠳᠤᠯᠭ᠎ᠠ ᠳᠤᠷᠠᠳᠴᠤ  ᠪᠥᠭᠡᠳ ᠪᠦᠲᠦᠮᠵᠢᠲᠡᠢ ᠪᠠᠶᠢᠬᠤ ᠪᠠᠷ ᠴᠢᠷᠮᠠᠶᠢᠵᠤ᠂ ᠰᠠᠶᠢᠬᠠᠨ ᠲᠣᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠪᠣᠳᠠᠲᠠᠢ ᠶᠢ ᠡᠷᠬᠢᠮᠯᠡᠬᠦ ᠠᠷᠭ᠎ᠠ ᠪᠣᠳᠣᠯᠭ᠎ᠠ ᠶᠢ ᠢᠯᠡᠭᠦᠬᠡᠨ ᠰᠦᠪᠡᠭᠴᠢᠯᠡᠬᠦ ᠪᠠᠷ ᠴᠢᠷᠮᠠᠶᠢᠬᠤ ᠬᠡᠷᠡᠭᠲᠡᠢ᠃            ᠢᠷᠡᠯᠲᠡ᠄  ᠰᠠᠶᠢᠬᠠᠨ ᠲᠣᠭᠤᠷᠢᠭ ᠤᠨ ᠠᠷᠠᠳ  ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号