ᠮᠠᠨ ᠤ ᠣᠷᠣᠨ ᠤ 6 ᠰᠤᠷᠭᠠᠭᠤᠯᠢ ᠵᠣᠬᠢᠶᠠᠮᠠᠯ ᠣᠶᠤᠨ ᠴᠢᠳᠠᠪᠤᠷᠢ ᠶᠢᠨ ᠰᠤᠷᠭᠠᠨ ᠬᠥᠮᠦᠵᠢᠯ ᠤᠨ ᠰᠠᠭᠤᠷᠢᠨ  ᠢᠶᠠᠷ ᠰᠣᠩᠭᠤᠭᠳᠠᠵᠠᠢ
ᠨᠡᠶᠢᠲᠡᠯᠡᠭᠰᠡᠨ ᠴᠠᠭ᠄
2024/1/18
     1 ᠰᠠᠷ᠎ᠠ ᠶᠢᠨ 11 ᠤ ᠡᠳᠦᠷ᠂ ᠰᠤᠷᠭᠠᠨ ᠬᠥᠮᠦᠵᠢᠯ ᠤᠨ ᠶᠠᠮᠤᠨ ᠠᠴᠠ ᠵᠣᠬᠢᠶᠠᠮᠠᠯ ᠣᠶᠤᠨ ᠤ ᠰᠤᠷᠭᠠᠨ ᠬᠥᠮᠦᠵᠢᠯ ᠤᠨ ᠰᠠᠭᠤᠷᠢᠨ ᠢᠶᠠᠷ ᠰᠣᠩᠭᠤᠭᠳᠠᠭᠰᠠᠨ ᠳᠤᠮᠳᠠᠳᠤ ᠪᠠᠭ᠎ᠠ ᠰᠤᠷᠭᠠᠭᠤᠯᠢ ᠶᠢᠨ ᠨᠡᠷᠡᠰ ᠢ ᠵᠠᠷᠯᠠᠨ ᠨᠡᠶᠢᠲᠡᠯᠡᠪᠡ᠂ ᠡᠭᠦᠨ ᠳᠤ ᠡᠯ᠎ᠡ ᠮᠤᠵᠢ ᠶᠢᠨ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠳᠡᠪᠰᠢᠭᠦᠯᠦᠭᠰᠡᠨ 184 ᠳᠤᠮᠳᠠᠳᠤ ᠪᠠᠭ᠎ᠠ ᠰᠤᠷᠭᠠᠭᠤᠯᠢ ᠪᠠᠭᠲᠠᠵᠠᠢ᠃      ᠮᠠᠨ ᠤ ᠣᠷᠣᠨ ᠤ ᠬᠥᠯᠥᠨ ᠪᠤᠶᠢᠷ ᠬᠤᠳᠠ ᠶᠢᠨ ᠬᠠᠶᠢᠯᠠᠷ ᠲᠣᠭᠤᠷᠢᠭ ᠤᠨ ᠨᠠᠨ ᠺᠠᠢ ᠵᠠᠮ ᠤᠨ ᠳᠤᠮᠳᠠᠳᠤ ᠰᠤᠷᠭᠠᠭᠤᠯᠢ᠂ ᠤᠯᠠᠭᠠᠨᠬᠠᠳᠠ ᠬᠤᠳᠠ ᠶᠢᠨ ᠬᠤᠩ ᠴᠢ ᠳᠤᠮᠳᠠᠳᠤ ᠰᠤᠷᠭᠠᠭᠤᠯᠢ᠂ ᠣᠷᠳᠣᠰ ᠬᠤᠳᠠ ᠶᠢᠨ ᠭᠢᠶ᠎ᠠ ᠪᠠᠭᠰᠢ ᠲᠣᠭᠤᠷᠢᠭ ᠤᠨ ᠲᠤᠷᠰᠢᠯᠲᠠ ᠶᠢᠨ ᠪᠠᠭ᠎ᠠ ᠰᠤᠷᠭᠠᠭᠤᠯᠢ᠂ ᠪᠡᠭᠡᠵᠢᠩ ᠤᠨ ᠨᠠᠢᠮᠠᠳᠤᠭᠠᠷ ᠳᠤᠮᠳᠠᠳᠤ ᠰᠤᠷᠭᠠᠭᠤᠯᠢ ᠶᠢᠨ ᠤᠯᠠᠭᠠᠨᠴᠠᠪ ᠲᠠᠬᠢ ᠬᠤᠪᠢᠶᠠᠷᠢ ᠰᠤᠷᠭᠠᠭᠤᠯᠢ᠂ ᠬᠢᠩᠭᠠᠨ ᠠᠶᠢᠮᠠᠭ ᠤᠨ ᠤᠯᠠᠭᠠᠨᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ᠂ ᠰᠢᠯᠢ ᠶᠢᠨ ᠭᠤᠣᠯ ᠠᠶᠢᠮᠠᠭ ᠤᠨ ᠮᠣᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ ᠵᠡᠷᠭᠡ 6 ᠰᠤᠷᠭᠠᠭᠤᠯᠢ ᠰᠣᠩᠭᠤᠭᠳᠠᠭᠰᠠᠨ ᠪᠠᠶᠢᠨ᠎ᠠ᠃      ᠳᠤᠮᠳᠠᠳᠤ ᠪᠠᠭ᠎ᠠ ᠰᠤᠷᠭᠠᠭᠤᠯᠢ ᠶᠢᠨ ᠵᠣᠬᠢᠶᠠᠮᠠᠯ ᠣᠶᠤᠨ ᠤ ᠰᠤᠷᠭᠠᠨ ᠬᠥᠮᠦᠵᠢᠯ ᠤᠨ ᠰᠠᠭᠤᠷᠢᠨ ᠤ ᠵᠠᠷᠯᠠᠨ ᠨᠡᠶᠢᠲᠡᠯᠡᠬᠦ ᠨᠡᠷᠡᠰ      ᠡᠳᠡᠭᠡᠷ ᠨᠡᠷᠡᠰ ᠢ 2024 ᠣᠨ ᠤ 1 ᠰᠠᠷ᠎ᠠ ᠶᠢᠨ 11 ᠤ ᠡᠳᠦᠷ ᠠᠴᠠ 17 ᠤ ᠡᠳᠦᠷ ᠪᠤᠯᠳᠠᠯ᠎ᠠ ᠵᠠᠷᠯᠠᠨ᠎ᠠ᠃ ᠡᠨᠡ ᠬᠤᠭᠤᠴᠠᠭᠠᠨ ᠳᠤ ᠵᠣᠬᠢᠶᠠᠮᠠᠯ ᠣᠶᠤᠨ ᠤ ᠰᠤᠷᠭᠠᠨ ᠬᠥᠮᠦᠵᠢᠯ ᠤᠨ ᠰᠠᠭᠤᠷᠢᠨ ᠢᠶᠠᠷ ᠰᠣᠩᠭᠤᠭᠳᠠᠭᠰᠠᠨ ᠳᠤᠮᠳᠠᠳᠤ ᠪᠠᠭ᠎ᠠ ᠰᠤᠷᠭᠠᠭᠤᠯᠢ ᠶᠢᠨ ᠲᠤᠬᠠᠢ ᠣᠨᠳᠣᠣ ᠰᠠᠨᠠᠯ ᠲᠠᠢ ᠪᠠᠶᠢᠪᠠᠯ᠂ ᠪᠢᠴᠢᠭ ᠤᠨ ᠭᠡᠯᠪᠡᠷᠢ ᠪᠠᠷ ᠵᠢᠩᠬᠢᠨᠢ ᠪᠠᠷ ᠳᠤᠷᠠᠳᠬᠤ ᠶᠢᠨ ᠬᠠᠮᠲᠤ ᠴᠢᠬᠤᠯᠠ ᠪᠦᠬᠦᠢ ᠭᠡᠷᠡᠴᠢᠯᠡᠬᠦ ᠮᠠᠲ᠋ᠧᠷᠢᠶᠠᠯ ᠬᠢᠭᠡᠳ ᠬᠤᠪᠢ ᠬᠥᠮᠥᠨ ᠤ ᠦᠨᠡᠨ ᠪᠣᠳᠠᠲᠠᠢ ᠮᠡᠳᠡᠭᠡ ᠵᠠᠩᠭᠢ᠂ ᠪᠠᠲᠤᠲᠠᠢ ᠬᠠᠷᠢᠯᠴᠠᠬᠤ ᠤᠲᠠᠰᠤ ᠪᠠ ᠬᠠᠶ᠋ᠢᠭ ᠢᠶᠠᠨ ᠬᠠᠩᠭᠠᠭᠠᠷᠠᠢ᠃      ᠹᠠᠺᠰ᠄ 010 – 66096503      ᠢᠷᠡᠯᠲᠡ᠄ ᠰᠤᠷᠭᠠᠨ ᠬᠥᠮᠦᠵᠢᠯ ᠤᠨ ᠶᠠᠮᠤᠨ ᠤ ᠰᠣᠨᠢᠨ ᠮᠡᠳᠡᠭᠡ ᠶᠢᠨ ᠠᠯᠪᠠᠨ ᠭᠡᠷ
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号