ᠰᠠᠶᠢᠬᠠᠨ ᠲᠣᠭᠤᠷᠢᠭ᠄ ᠰᠠᠭᠤᠭᠠᠯᠢ ᠠᠷᠠᠳ ᠤᠨ ᠳᠤᠯᠠᠭᠠᠨ ᠪᠦᠯᠢᠶᠡᠨ ᠡᠪᠦᠯᠵᠢᠬᠦ ᠶᠢ ᠪᠠᠲᠤᠯᠠᠨ᠎ᠠ
ᠨᠡᠶᠢᠲᠡᠯᠡᠭᠰᠡᠨ ᠴᠠᠭ᠄
2024/1/2
   ᠰᠠᠭᠤᠭᠠᠯᠢ ᠠᠷᠠᠳ ᠤᠨ ᠳᠤᠯᠠᠭᠠᠨ ᠪᠦᠯᠢᠶᠡᠨ ᠡᠪᠦᠯᠵᠢᠬᠦ ᠶᠢ ᠪᠠᠲᠤᠯᠠᠬᠤ ᠶᠢᠨ ᠲᠥᠯᠥᠭᠡ᠂ ᠣᠶᠢᠷ᠎ᠠ ᠳᠤ᠂ ᠰᠠᠶᠢᠬᠠᠨ ᠲᠣᠭᠤᠷᠢᠭ ᠤᠨ ᠡᠯ᠎ᠡ ᠭᠠᠵᠠᠷ ᠣᠷᠣᠨ ᠳᠤ ︽ᠠᠷᠠᠳ ᠤᠨ ᠬᠠᠯᠠᠭᠤᠨ ᠳᠤᠯᠠᠭᠠᠨ ᠢ ᠠᠰᠠᠭᠤᠬᠤ︾ ᠠᠵᠢᠯᠯᠠᠭ᠎ᠠ ᠥᠷᠨᠢᠭᠦᠯᠵᠦ᠂ ᠠᠵᠢᠯᠲᠠᠳ ᠲᠤᠰᠬᠠᠢ ᠮᠡᠷᠭᠡᠵᠢᠯ ᠤᠨ ᠳᠤᠯᠠᠭᠠᠨ ᠬᠡᠮᠵᠢᠬᠦ ᠫᠤᠤ᠂ ᠤᠷᠤᠰᠬᠠᠯ ᠤᠨ ᠬᠡᠮᠵᠢᠭᠦᠷ ᠪᠠ ᠢᠯᠴᠢ ᠶᠢᠨ ᠳᠦᠷᠰᠦ ᠪᠦᠲᠦᠭᠡᠬᠦ ᠬᠡᠮᠵᠢᠭᠦᠷᠯᠢᠭ ᠢ ᠠᠪᠴᠤ᠂ ᠭᠡᠷ ᠡᠷᠦᠬᠡ ᠳᠤ ᠬᠦᠷᠴᠦ ᠢᠯᠴᠢ ᠬᠠᠩᠭᠠᠬᠤ ᠦᠢᠯᠡᠴᠢᠯᠡᠭᠡ ᠬᠢᠵᠦ᠂ ᠲᠠᠶᠢᠯᠪᠤᠷᠢᠯᠠᠬᠤ ᠪᠠ ᠬᠠᠷᠢᠭᠤᠯᠬᠤ ᠠᠵᠢᠯ ᠢ ᠨᠠᠷᠢᠨ ᠨᠢᠮᠪᠠᠢ ᠬᠢᠭᠰᠡᠨ ᠪᠥᠭᠡᠳ ᠰᠠᠭᠤᠭᠠᠯᠢ ᠠᠷᠠᠳ ᠲᠤ ᠱᠦᠭᠦᠭᠦᠷ ᠢ ᠤᠬᠢᠶᠠᠬᠤ᠂ ᠭᠡᠷ ᠡᠷᠦᠬᠡ ᠳᠤ ᠣᠷᠣᠬᠤ ᠪᠥᠮᠪᠥᠭᠡᠨ ᠨᠡᠭᠡᠯᠡᠭᠡᠢ ᠶᠢ ᠰᠣᠯᠢᠬᠤ ᠵᠢᠴᠢ ᠪᠢᠲᠡᠭᠦᠮᠵᠢᠯᠡᠬᠦ ᠬᠠᠭᠤᠳᠠᠰᠤ᠂ ᠰᠠᠯᠬᠢ ᠬᠠᠯᠬᠠᠯᠠᠬᠤ ᠬᠥᠰᠢᠭᠡ ᠨᠠᠭᠠᠬᠤ ᠵᠡᠷᠭᠡ ᠳᠤᠯᠠᠭᠠᠨ ᠢ ᠬᠠᠮᠠᠭᠠᠯᠠᠬᠤ ᠦᠢᠯᠡᠴᠢᠯᠡᠭᠡ ᠶᠢ ᠦᠨ᠎ᠡ ᠲᠥᠯᠥᠪᠦᠷᠢ ᠦᠭᠡᠢ ᠪᠠᠷ ᠬᠠᠩᠭᠠᠵᠤ ᠪᠠᠶᠢᠨ᠎ᠠ᠃
    ᠳ᠋ᠦᠩ ᠸᠠ ᠶᠣᠣ ᠨᠡᠶᠢᠭᠡᠮ ᠲᠣᠭᠤᠷᠢᠭ ᠲᠤ ᠬᠠᠶᠢᠷ᠎ᠠ ᠬᠠᠯᠠᠮᠵᠢ ᠬᠦᠷᠭᠡᠪᠡ        ᠰᠠᠭᠤᠭᠠᠯᠢ ᠠᠷᠠᠳ ᠤᠨ ᠳᠤᠯᠠᠭᠠᠮᠵᠢ ᠵᠢᠨ‌‍ᠰᠣᠷᠢᠨᠵᠢᠨ ᠺᠠᠷᠲ ᠢ ᠤᠬᠢᠶᠠᠭᠰᠠᠨ ᠦᠭᠡᠢ ᠠᠴᠠ ᠪᠣᠯᠵᠤ᠂ ᠤᠰᠤᠨ ᠤ ᠤᠷᠤᠰᠬᠠᠯ ᠡᠷᠭᠢᠯᠳᠦᠬᠦ ᠪᠠᠨ ᠪᠣᠯᠢᠵᠤ᠂ ᠳᠤᠯᠠᠭᠠᠮᠵᠢ ᠶᠢᠨ ᠬᠤᠭᠤᠯᠠᠢ ᠬᠥᠯᠳᠡᠵᠦ᠂ ᠬᠥᠯᠥᠨ ᠡᠮᠦᠨ᠎ᠡ ᠵᠠᠮ ᠤᠨ ᠣᠷᠣᠨ ᠪᠦᠰᠡ ᠶᠢᠨ ᠦᠢᠯᠡᠴᠢᠯᠡᠭᠡᠨ ᠤ ᠲᠥᠪ ᠤᠨ ᠳ᠋ᠦᠩ ᠸᠠ ᠶᠣᠣ ᠨᠡᠶᠢᠭᠡᠮ ᠲᠣᠭᠤᠷᠢᠭ ᠤᠨ ᠰᠦᠯᠵᠢᠶᠡᠨ ᠤ ᠠᠵᠢᠯᠲᠠᠨ ᠴᠧᠩ ᠹᠠ ᠳ᠋ᠦᠩ ᠸᠠ ᠶᠣᠣ ᠶᠢᠨ ᠬᠠᠯᠠᠭᠠᠯᠲᠠ ᠶᠢᠨ ᠥᠷᠲᠡᠭᠡ ᠲᠠᠢ ᠬᠠᠷᠢᠯᠴᠠᠵᠤ᠂ ᠰᠡᠯᠪᠢᠨ ᠵᠠᠰᠠᠬᠤ ᠠᠵᠢᠯᠴᠢᠨ ᠤ ᠭᠡᠷ ᠲᠤᠨᠢ ᠬᠦᠷᠴᠦ ᠵᠠᠰᠠᠬᠤ ᠳᠤ ᠲᠥᠬᠦᠮ ᠪᠣᠯᠭᠠᠬᠤ ᠶᠢᠨ ᠬᠠᠮᠲᠤ ᠰᠡᠯᠪᠢᠨ ᠵᠠᠰᠠᠬᠤ ᠠᠵᠢᠯᠴᠢᠨ ᠢ ᠢᠳᠡᠪᠬᠢᠲᠡᠢ ᠬᠠᠪᠰᠤᠷᠤᠨ ᠲᠤᠬᠠᠢ ᠶᠢᠨ ᠭᠠᠵᠠᠷ ᠲᠤᠨᠢ ᠪᠠᠶᠢᠴᠠᠭᠠᠯᠲᠠ ᠬᠢᠵᠦ᠂ ᠬᠠᠯᠠᠭᠠᠨ ᠨᠠᠪᠲᠠᠷᠡᠭᠦᠯᠵᠦ᠂ ᠰᠠᠭᠤᠭᠠᠯᠢ ᠠᠷᠠᠳ ᠤᠨ ᠤᠷᠮ᠎ᠠ ᠰᠡᠳᠬᠢᠯᠭᠡ ᠶᠢ ᠲᠠᠶᠢᠳᠬᠤᠷᠠᠭᠤᠯᠤᠨ᠂ ᠵᠠᠪᠳᠤᠨ ᠵᠠᠰᠠᠬᠤ ᠠᠬᠢᠴᠠ ᠶᠢ ᠴᠠᠭ ᠲᠤᠬᠠᠢ  ᠳᠤᠨᠢ ᠮᠡᠳᠡᠭᠳᠡᠨ᠎ᠡ᠃
   ᠤᠯᠠᠭᠠᠨ ᠨᠡᠶᠢᠭᠡᠮ ᠲᠣᠭᠤᠷᠢᠭ ᠲᠤ ᠬᠠᠶᠢᠷ᠎ᠠ ᠬᠠᠯᠠᠮᠵᠢ ᠬᠦᠷᠭᠡᠪᠡ        ᠶᠡᠭᠡ ᠰᠤᠷᠭᠠᠭᠤᠯᠢ ᠶᠢᠨ ᠵᠡᠭᠦᠨ ᠵᠠᠮ ᠤᠨ ᠵᠡᠭᠡᠯᠢ ᠶᠢᠨ ᠤᠯᠠᠭᠠᠨ ᠨᠡᠶᠢᠭᠡᠮ ᠲᠣᠭᠤᠷᠢᠭ ᠤᠨ ᠰᠦᠯᠵᠢᠶᠡᠨ ᠤ ᠠᠵᠢᠯᠲᠠᠨ ᠳ᠋ᠤᠸᠠᠨ ᠠᠨᠢᠶ᠎ᠠ ᠶᠢᠨ ᠭᠡᠷ ᠲᠤ ᠬᠦᠷᠴᠦ᠂ ᠳᠤᠯᠠᠭᠠᠯᠭ᠎ᠠ ᠶᠢᠨ ᠬᠤᠭᠤᠯᠠᠢ ᠶᠢᠨ ᠬᠠᠯᠠᠭᠤᠨ ᠤ ᠬᠡᠮᠵᠢᠶ᠎ᠡ ᠶᠢ ᠰᠢᠯᠭᠠᠵᠤ᠂ ᠴᠣᠩᠬᠤᠨ ᠤ ᠪᠢᠲᠡᠭᠦᠮᠵᠢᠯᠡᠭᠰᠡᠨ ᠪᠠᠶᠢᠳᠠᠯ ᠢ ᠪᠠᠶᠢᠴᠠᠭᠠᠨ ᠦᠵᠡᠵᠦ᠂ ᠨᠡᠭᠡᠯᠡᠭᠡᠢ ᠪᠣᠯᠣᠨ ᠳᠤᠯᠠᠭᠠᠯᠭ᠎ᠠ ᠶᠢᠨ ᠬᠤᠭᠤᠯᠠᠢ ᠶᠢ ᠬᠡᠪ ᠢᠶᠠᠷ ᠬᠡᠷᠡᠭᠯᠡᠵᠦ ᠪᠣᠯᠬᠤ ᠡᠰᠡᠬᠦ ᠶᠢ ᠪᠠᠶᠢᠴᠠᠭᠠᠨ ᠲᠣᠬᠢᠷᠠᠭᠤᠯᠬᠤ ᠶᠢᠨ ᠬᠠᠮᠲᠤ᠂ ᠳᠤᠯᠠᠭᠠᠨ ᠠᠭᠠᠷ ᠢ ᠴᠠᠭ ᠲᠤᠬᠠᠢ ᠳᠤᠨᠢ ᠨᠡᠶᠢᠭᠡᠮ ᠲᠣᠭᠤᠷᠢᠭ ᠲᠠᠢ ᠬᠠᠷᠢᠯᠴᠠᠵᠤ ᠰᠢᠢᠳᠪᠦᠷᠢᠯᠡᠬᠦ ᠬᠡᠷᠡᠭᠲᠡᠢ ᠭᠡᠵᠦ ᠳ᠋ᠤᠸᠠᠨ ᠠᠨᠢᠶ᠎ᠠ ᠳᠤ ᠰᠠᠨᠠᠭᠤᠯᠵᠤ᠂ ᠴᠠᠬᠢᠯᠭᠠᠨ ᠬᠡᠷᠡᠭᠰᠡᠯ ᠪᠣᠯᠣᠨ ᠰᠢᠲᠠᠮᠠᠬᠠᠢ ᠬᠡᠢ ᠶᠢ ᠠᠮᠤᠷ ᠲᠦᠪᠰᠢᠨ ᠢᠶᠠᠷ ᠬᠡᠷᠡᠭᠯᠡᠬᠦ ᠶᠢ ᠰᠠᠨᠠᠭᠤᠯᠵᠤ᠂ ᠬᠠᠷᠢᠶᠠᠲᠤ ᠣᠷᠣᠨ ᠤ ᠭᠠᠭᠴᠠᠭᠠᠷ ᠰᠠᠭᠤᠭ᠎ᠠ ᠨᠠᠰᠤᠲᠠᠳ ᠤᠨ ᠠᠮᠤᠷ ᠲᠦᠪᠰᠢᠨ᠂ ᠳᠤᠯᠠᠭᠠᠨ ᠪᠦᠯᠢᠶᠡᠨ ᠡᠪᠦᠯ ᠢ ᠥᠩᠭᠡᠷᠡᠭᠦᠯᠬᠦ ᠶᠢ ᠪᠠᠳᠤᠯᠠᠨ᠎ᠠ ᠭᠡᠵᠡᠢ᠃
   ᠪᠠᠶᠠᠨ ᠵᠡᠭᠡᠯᠢ ᠶᠢᠨ ᠡᠯ᠎ᠡ ᠨᠡᠶᠢᠭᠡᠮ ᠲᠣᠭᠤᠷᠢᠭ ᠲᠤ ᠬᠠᠶᠢᠷ᠎ᠠ ᠬᠠᠯᠠᠮᠵᠢ ᠬᠦᠷᠭᠡᠨ᠎ᠡ    ᠳᠤᠯᠠᠭᠠᠯᠠᠭ᠎ᠠ ᠶᠢᠨ ᠦᠷ᠎ᠡ ᠪᠦᠲᠦᠮᠵᠢ ᠶᠢ ᠪᠠᠲᠤᠯᠠᠬᠤ ᠶᠢᠨ ᠲᠥᠯᠥᠭᠡ᠂ ᠪᠠᠶᠠᠨ ᠵᠡᠭᠡᠯᠢ ᠭᠤᠳᠤᠮᠵᠢ ᠶᠢᠨ ᠡᠯ᠎ᠡ ᠲᠣᠰᠬᠤᠨ︵ᠨᠡᠶᠢᠭᠡᠮ ᠲᠣᠭᠤᠷᠢᠭ︶ ‍ᠤᠨ‌ᠠᠵᠢᠯᠲᠠᠳ ᠬᠠᠷᠢᠶ᠎ᠠ ᠣᠷᠣᠨ ᠤ ᠳᠤᠯᠠᠭᠠᠯᠠᠭ᠎ᠠ ᠶᠢᠨ ᠠᠵᠤ ᠠᠬᠤᠶᠢᠯᠠᠯ ᠲᠠᠢ ᠢᠳᠡᠪᠬᠢᠲᠡᠢ ᠵᠣᠯᠭᠠᠭᠤᠯᠵᠤ᠂ ᠰᠠᠭᠤᠭᠠᠯᠢ ᠠᠷᠠᠳ ᠤᠨ ᠭᠡᠷ ᠲᠤ ᠭᠦᠨᠵᠡᠭᠡᠶᠢᠷᠡᠵᠦ᠂ ᠤᠯᠠᠨ ᠵᠦᠢᠯ ᠤᠨ ᠬᠡᠯᠪᠡᠷᠢ ᠪᠠᠷ ᠰᠠᠭᠤᠭᠠᠯᠢ ᠠᠷᠠᠳ ᠤᠨ ᠭᠡᠷ ᠳᠣᠲᠣᠷᠠᠬᠢ ᠳᠤᠯᠠᠭᠠᠨ ᠤ ᠬᠡᠮᠵᠢᠶ᠎ᠡ᠂ ᠳᠤᠯᠠᠭᠠᠯᠠᠭ᠎ᠠ ᠶᠢᠨ ᠬᠡᠯᠪᠡᠷᠢ᠂ ᠳᠤᠯᠠᠭᠠᠯᠠᠭ᠎ᠠ ᠶᠢᠨ ᠰᠦᠢᠳᠬᠡᠯ ᠲᠤᠰᠢᠶᠠᠬᠤ ᠵᠡᠷᠭᠡ ᠠᠰᠠᠭᠤᠳᠠᠯ ᠳᠤ ᠬᠠᠷᠢᠭᠤᠯᠲᠠ ᠥᠭᠴᠡᠢ᠃ ᠡᠯ᠎ᠡ ᠲᠣᠰᠬᠤᠨ ᠤ ᠬᠤᠶᠠᠷ ᠵᠥᠪᠯᠡᠯ ᠤᠨ ᠠᠵᠢᠯᠲᠠᠳ ︽ᠨᠡᠭᠦᠷᠡᠰᠦ ᠶᠢ ᠰᠢᠲᠠᠮᠠᠬᠠᠢ ᠬᠡᠢ ᠪᠣᠯᠭᠠᠨ ᠥᠭᠡᠷᠡᠴᠢᠯᠡᠬᠦ︾ ᠳᠤᠯᠠᠭᠠᠯᠠᠭ᠎ᠠ ᠶᠢᠨ ᠬᠡᠷᠡᠭᠯᠡᠭᠴᠢᠳ ᠤᠨ ᠠᠮᠤᠷ ᠲᠦᠪᠰᠢᠨ ᠢᠶᠠᠷ ᠰᠢᠲᠠᠮᠠᠬᠠᠢ ᠬᠡᠢ ᠬᠡᠷᠡᠭᠯᠡᠬᠦ ᠣᠷᠴᠢᠨ ᠲᠣᠭᠤᠷᠢᠨ ᠢ ᠭᠤᠣᠯᠳᠠᠯᠭ᠎ᠠ ᠲᠠᠢ ᠪᠠᠶᠢᠴᠠᠭᠠᠵᠤ᠂ ᠰᠢᠲᠠᠮᠠᠬᠠᠢ ᠬᠡᠢ ᠶᠢᠨ ᠲᠥᠬᠦᠭᠡᠷᠦᠮᠵᠢ ᠪᠢᠲᠡᠭᠦᠮᠵᠢᠯᠡᠭᠰᠡᠨ ᠡᠰᠡᠬᠦ᠂ ᠠᠭᠠᠷ ᠤᠨ ᠳᠠᠷᠤᠯᠲᠠ ᠲᠣᠭᠲᠠᠭᠤᠨ ᠪᠠᠶᠢᠬᠤ ᠡᠰᠡᠬᠦ᠂ ᠰᠢᠲᠠᠮᠠᠬᠠᠢ ᠬᠡᠢ ᠶᠢᠨ ᠬᠡᠮᠵᠢᠭᠦᠷ ᠤᠨ ᠠᠵᠢᠯᠯᠠᠭᠠᠨ ᠬᠡᠪ ᠤᠨ ᠪᠠᠶᠢᠬᠤ ᠡᠰᠡᠬᠦ᠂ ᠵᠠᠯᠭᠠᠭᠠᠰᠤ ᠶᠢᠨ ᠬᠡᠰᠡᠭ ᠲᠤ ᠰᠢᠲᠠᠮᠠᠬᠠᠢ ᠬᠡᠢ ᠭᠤᠭᠤᠵᠢᠵᠤ ᠪᠠᠶᠢᠬᠤ ᠡᠰᠡᠬᠦ᠂ ᠤᠲᠤᠭᠠᠨ ᠤ ᠬᠤᠭᠤᠯᠠᠢ ᠪᠠᠷ ᠰᠢᠲᠠᠮᠠᠬᠠᠢ ᠬᠡᠢ ᠭᠠᠳᠠᠭᠰᠢᠯᠠᠭᠤᠯᠵᠤ ᠪᠠᠶᠢᠬᠤ ᠡᠰᠡᠬᠦ ᠵᠡᠷᠭᠡ ᠶᠢ ᠭᠤᠣᠯᠳᠠᠯᠭ᠎ᠠ ᠲᠠᠢ ᠪᠠᠶᠢᠴᠠᠭᠠᠨ ᠦᠵᠡᠬᠦ ᠶᠢᠨ ᠬᠠᠮᠲᠤ ᠰᠢᠲᠠᠮᠠᠬᠠᠢ ᠬᠡᠢ ᠶᠢ ᠠᠷᠪᠢᠯᠠᠨ ᠬᠡᠷᠡᠭᠯᠡᠬᠦ ᠪᠠ ᠭᠤᠭᠤᠵᠢᠭᠤᠯᠵᠤ ᠪᠠᠶᠢᠬᠤ ᠶᠢ ᠰᠢᠢᠳᠪᠦᠷᠢᠯᠡᠬᠦ ᠵᠡᠷᠭᠡ ᠶᠡᠷᠦ ᠶᠢᠨ ᠮᠡᠳᠡᠯᠭᠡ ᠶᠢ ᠤᠬᠠᠭᠤᠯᠪᠠ᠃ ᠲᠣᠭᠤᠷᠢᠨ ᠪᠠᠶᠢᠴᠠᠭᠠᠬᠤ ᠶᠠᠪᠤᠴᠠ ᠳᠤ᠂ ᠬᠡᠷᠪᠡ ᠳᠤᠯᠠᠭᠠᠨ ᠤ ᠬᠡᠮᠵᠢᠶ᠎ᠡ ᠪᠠᠷᠢᠮᠵᠢᠶ᠎ᠠ ᠳᠤ ᠬᠦᠷᠬᠦ ᠦᠭᠡᠢ᠂ ᠳᠠᠮᠵᠢᠭᠤᠯᠬᠤ ᠬᠤᠭᠤᠯᠠᠢ ᠶᠢᠨ ᠭᠤᠭᠤᠵᠢᠬᠤ ᠵᠡᠷᠭᠡ ᠠᠰᠠᠭᠤᠳᠠᠯ ᠢ ᠣᠯᠵᠤ ᠮᠡᠳᠡᠪᠡᠯ᠂ ᠠᠵᠢᠯᠲᠠᠳ ᠲᠡᠷᠡ ᠳᠠᠷᠤᠢ ᠳᠤᠨᠢ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠢ᠃
   ᠱᠠᠨ ᠳ᠋ᠠᠨ ᠨᠡᠶᠢᠭᠡᠮ ᠲᠣᠭᠤᠷᠢᠭ ᠲᠤ ᠬᠠᠶᠢᠷ᠎ᠠ ᠬᠠᠯᠠᠮᠵᠢ ᠬᠦᠷᠭᠡᠨ᠎ᠡ    ᠠᠷᠠᠳ ᠤᠨ ᠵᠠᠮ ᠤᠨ ᠵᠡᠭᠡᠯᠢ ᠭᠤᠳᠤᠮᠵᠢ ᠶᠢᠨ ᠱᠠᠨᠳᠠᠨ ᠨᠡᠶᠢᠭᠡᠮ ᠲᠣᠭᠤᠷᠢᠭ ᠤᠨ ᠰᠦᠯᠵᠢᠶᠡᠨ ᠤ ᠠᠵᠢᠯᠲᠠᠨ ᠡᠷᠦᠬᠡ ᠳᠤ ᠬᠦᠷᠴᠦ ᠰᠤᠷᠪᠤᠯᠵᠢᠯᠠᠬᠤ ᠶᠠᠪᠤᠴᠠ ᠳᠠᠭᠠᠨ᠂ ᠨᠡᠭᠡᠯᠡᠭᠡᠢ ᠳᠤ ᠬᠡᠢ ᠲᠠᠯᠪᠢᠭᠰᠠᠨ ᠦᠭᠡᠢ᠂ ᠱᠦᠭᠦᠭᠦᠷ ᠪᠥᠭᠯᠡᠷᠡᠭᠰᠡᠨ ᠵᠡᠷᠭᠡ ᠲᠥᠬᠦᠮ ᠠᠰᠠᠭᠤᠳᠠᠯ ᠢ ᠰᠢᠭᠤᠳ ᠰᠢᠢᠳᠪᠦᠷᠢᠯᠡᠵᠦ᠂ ᠰᠢᠯᠲᠠᠭᠠᠨ ᠨᠢ ᠲᠣᠳᠣᠷᠬᠠᠢ ᠦᠭᠡᠢ ᠳᠤᠯᠠᠭᠠᠮᠵᠢ ᠶᠢᠨ ᠬᠠᠯᠠᠭᠤᠨ ᠦᠭᠡᠢ ᠠᠰᠠᠭᠤᠳᠠᠯ ᠢ ᠨᠡᠶᠢᠭᠡᠮ ᠲᠣᠭᠤᠷᠢᠭ ᠤᠨ ᠢᠯᠴᠢ ᠶᠢᠨ ᠬᠦᠴᠦᠨ ᠤ ᠺᠣᠮᠫᠠᠨᠢ ᠵᠢᠴᠢ ᠳᠤᠯᠠᠭᠠᠮᠵᠢ ᠶᠢᠨ ᠰᠡᠯᠪᠢᠨ ᠵᠠᠰᠠᠬᠤ ᠠᠵᠢᠯᠲᠠᠨ ᠲᠠᠢ ᠬᠠᠷᠢᠯᠴᠠᠵᠤ᠂ ᠵᠣᠬᠢᠴᠠᠭᠤᠯᠤᠨ ᠨᠡᠪᠲᠡᠷᠡᠯᠴᠡᠵᠦ ᠰᠢᠢᠳᠪᠦᠷᠢᠯᠡᠨ᠎ᠡ᠃
   ᠲᠠᠷᠢᠶᠠᠯᠠᠩ ᠤᠨ ᠶᠡᠭᠡ ᠰᠤᠷᠭᠠᠭᠤᠯᠢ ᠶᠢᠨ ᠵᠡᠭᠦᠨ ᠲᠣᠭᠤᠷᠢᠭ ᠨᠡᠶᠢᠭᠡᠮ ᠲᠣᠭᠤᠷᠢᠭ ᠲᠤ ᠬᠠᠶᠢᠷ᠎ᠠ ᠬᠠᠯᠠᠮᠵᠢ ᠬᠦᠷᠭᠡᠨ᠎ᠡ    ᠶᠡᠭᠡ ᠰᠤᠷᠭᠠᠭᠤᠯᠢ ᠶᠢᠨ ᠵᠡᠭᠦᠨ ᠵᠠᠮ ᠤᠨ ᠵᠡᠭᠡᠯᠢ ᠭᠤᠳᠤᠮᠵᠢ ᠶᠢᠨ ᠬᠥᠳᠡᠭᠡ ᠲᠣᠰᠬᠤᠨ ᠤ ᠳ᠋ᠠ ᠳ᠋ᠦᠩ ᠨᠡᠶᠢᠭᠡᠮ ᠲᠣᠭᠤᠷᠢᠭ ᠤᠨ ᠰᠦᠯᠵᠢᠶᠡᠨ ᠤ ᠠᠵᠢᠯᠲᠠᠨ ᠡᠷᠦᠬᠡ ᠳᠤ ᠬᠦᠷᠴᠦ ᠰᠤᠷᠪᠤᠯᠵᠢᠯᠠᠬᠤ ᠪᠠᠷ ᠳᠠᠮᠵᠢᠭᠤᠯᠤᠨ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠢᠯᠴᠢ ᠬᠠᠩᠭᠠᠵᠤ ᠪᠠᠶᠢᠭ᠎ᠠ ᠪᠠᠶᠢᠳᠠᠯ ᠢ ᠣᠶᠢᠯᠠᠭᠠᠵᠤ᠂ ᠲᠡᠳᠡᠨ ᠢ ᠬᠥᠲᠥᠯᠥᠨ ᠵᠢᠯᠤᠭᠤᠳᠴᠤ ᠠᠮᠤᠷ ᠲᠦᠪᠰᠢᠨ ᠢᠶᠠᠷ ᠢᠯᠴᠢ ᠬᠠᠩᠭᠠᠵᠤ ᠪᠠᠶᠢᠭ᠎ᠠ ᠪᠠᠶᠢᠳᠠᠯ ᠢ ᠥᠪᠡᠷ ᠢᠶᠠᠨ ᠪᠠᠶᠢᠴᠠᠭᠠᠬᠤ ᠠᠵᠢᠯ ᠢ ᠰᠠᠶᠢᠲᠤᠷ ᠬᠢᠯᠭᠡᠵᠦ᠂ ᠰᠠᠭᠤᠭᠠᠯᠢ ᠠᠷᠠᠳ ᠲᠤ ᠳᠤᠯᠠᠭᠠᠯᠠᠭ᠎ᠠ ᠬᠠᠯᠠᠭᠤᠨ ᠦᠭᠡᠢ ᠪᠠᠶᠢᠳᠠᠯ ᠲᠣᠬᠢᠶᠠᠯᠳᠤᠪᠠᠯ ᠴᠠᠭ ᠲᠤᠬᠠᠢ ᠳᠤᠨᠢ ᠮᠡᠳᠡᠭᠦᠯᠦᠨ ᠵᠠᠰᠠᠭᠤᠯᠵᠤ᠂ ᠬᠡᠮ ᠰᠣᠭᠤᠭ ᠲᠠᠢ ᠪᠣᠯ ᠡᠷᠲᠡ ᠰᠢᠢᠳᠪᠦᠷᠢᠯᠡᠬᠦ ᠶᠢ ᠦᠨᠡᠨ ᠬᠦ ᠪᠡᠶᠡᠯᠡᠭᠦᠯᠵᠦ᠂ ᠡᠪᠦᠯ ᠤᠨ ᠤᠯᠠᠷᠢᠯ ᠤᠨ ᠢᠯᠴᠢ ᠬᠠᠩᠭᠠᠬᠤ ᠳᠤ ︽ᠠᠰᠠᠭᠤᠳᠠᠯ ᠦᠭᠡᠢ︾ ᠪᠠᠶᠢᠬᠤ ᠶᠢ ᠪᠠᠲᠤᠯᠠᠵᠤ᠂ ᠡᠷᠦᠬᠡ ᠪᠦᠷᠢ ᠶᠢᠨ ᠰᠠᠭᠤᠭᠠᠯᠢ ᠠᠷᠠᠳ ᠢ  ᠵᠠᠬᠢᠭᠰᠠᠨ ᠪᠠᠶᠢᠨ᠎ᠠ᠃          ᠵᠠᠯᠭᠠᠭᠠᠳ ᠰᠠᠶᠢᠬᠠᠨ ᠲᠣᠭᠤᠷᠢᠭ ᠤᠨ ᠡᠯ᠎ᠡ ᠭᠠᠵᠠᠷ ᠣᠷᠣᠨ ᠤ ᠬᠢᠨ ᠦᠷᠭᠦᠯᠵᠢᠯᠡᠨ ᠬᠠᠷᠢᠶ᠎ᠠ ᠲᠣᠭᠤᠷᠢᠭ ᠤᠨ ᠰᠠᠭᠤᠭᠠᠯᠢ ᠠᠷᠠᠳ ᠢᠶᠠᠷ ᠬᠦᠷᠴᠦ᠂ ︽ᠠᠷᠠᠳ ᠤᠨ ᠬᠠᠯᠠᠭᠤᠨ ᠳᠤᠯᠠᠭᠠᠨ ᠤ ᠠᠰᠠᠭᠤᠳᠠᠯ ᠢ ᠠᠰᠠᠭᠤᠬᠤ︾ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠢᠯᠴᠢ ᠬᠠᠩᠭᠠᠬᠤ ᠨᠢᠭᠡᠴᠡ ᠯᠦᠭᠡ ᠶᠢᠨ ᠬᠠᠷᠢᠯᠴᠠᠭ᠎ᠠ ᠪᠠᠨ ᠴᠢᠩᠭᠠᠳᠬᠠᠵᠤ᠂ ᠰᠠᠭᠤᠭᠠᠯᠢ ᠠᠷᠠᠳ ᠤᠨ ᠬᠦᠰᠡᠯ ᠱᠠᠭᠠᠷᠳᠠᠯᠭ᠎ᠠ ᠳᠤ ᠴᠠᠭ ᠲᠤᠬᠠᠢ ᠳᠤᠨᠢ ᠬᠠᠷᠢᠭᠤ ᠥᠭᠴᠦ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠬᠠᠷᠢᠶ᠎ᠠ ᠲᠣᠭᠤᠷᠢᠭ ᠤᠨ ᠰᠠᠭᠤᠭᠠᠯᠢ ᠠᠷᠠᠳ ᠤᠨ ᠳᠤᠯᠠᠭᠠᠨ ᠪᠦᠯᠢᠶᠡᠨ ᠡᠪᠦᠯᠵᠢᠬᠦ ᠶᠢ ᠪᠠᠲᠤᠯᠠᠨ᠎ᠠ᠃        ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号