ᠮᠠᠨ ᠤ ᠬᠤᠲᠠ ᠬᠤᠰᠢᠭᠤ ᠰᠢᠶᠠᠨ ᠲᠣᠭᠤᠷᠢᠭ ᠲᠤ ᠲᠤᠰᠠᠯᠠᠮᠵᠢ ᠶᠢᠨ ᠪᠡᠯᠡ ᠮᠥᠩᠭᠦ 271.80 ᠲᠦᠮᠡᠨ ᠲᠥᠭᠦᠷᠢᠭ ᠪᠠᠭᠤᠯᠭᠠᠵᠤ  ᠡᠩ ᠤᠨ ᠳᠡᠭᠡᠳᠦ ᠰᠤᠷᠭᠠᠭᠤᠯᠢ ᠶᠢᠨ ᠭᠡᠷ ᠪᠦᠯᠢ ᠶᠢᠨ ᠠᠵᠤ ᠠᠬᠤᠢ ᠨᠢ ᠬᠦᠴᠢᠷᠳᠡᠯᠲᠡᠢ 465 ᠰᠣᠷᠣᠭᠴᠢ ᠲᠤᠰᠠᠯᠠᠮᠵᠢ ᠬᠦᠷᠲᠡᠪᠡ
ᠨᠡᠶᠢᠲᠡᠯᠡᠭᠰᠡᠨ ᠴᠠᠭ᠄
2024/1/2
       ︵ᠰᠤᠷᠪᠤᠯᠵᠢᠯᠠᠭᠴᠢ ᠰᠥᠩ ᠰᠢᠶᠠᠩ ᠬᠤᠸᠠ︶ ︽ᠡᠩ ᠤᠨ ᠳᠡᠭᠡᠳᠦ ᠰᠤᠷᠭᠠᠭᠤᠯᠢ ᠶᠢᠨ ᠭᠡᠷ ᠪᠦᠯᠢ ᠶᠢᠨ ᠠᠵᠤ ᠠᠬᠤᠢ ᠨᠢ ᠬᠦᠴᠢᠷᠳᠡᠯᠲᠡᠢ ᠰᠤᠷᠤᠭᠴᠢ ᠶᠢᠨ  ᠰᠤᠷᠭᠠᠭᠤᠯᠢ ᠳᠤ ᠣᠷᠣᠬᠤ ᠶᠢ ᠲᠤᠰᠠᠯᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ  ᠲᠢᠩᠬᠢᠮ ᠡᠳ᠋ ᠤᠨ ᠵᠠᠰᠠᠭ ᠤᠨ ᠲᠢᠩᠬᠢᠮ ᠠᠷᠠᠳ ᠤᠨ ᠶᠠᠪᠤᠳᠠᠯ ᠤᠨ ᠲᠢᠩᠬᠢᠮ ᠶᠠᠳᠠᠭᠤ ᠶᠢ ᠲᠡᠳᠬᠦᠬᠦ ᠠᠯᠪᠠᠨ ᠭᠡᠷ ᠤᠨ ᠰᠠᠨᠠᠯ︾ ᠪᠠ ︽ᠭᠡᠷ ᠪᠦᠯᠢ ᠶᠢᠨ ᠠᠵᠤ ᠠᠬᠤᠢ ᠨᠢ  ᠬᠦᠴᠢᠷᠳᠡᠯᠲᠡᠢ ᠣᠶᠤᠲᠠᠳ ᠢ ᠵᠠᠰᠠᠭ ᠤᠨ ᠣᠷᠳᠣᠨ ᠠᠴᠠ ᠲᠤᠰᠠᠯᠠᠬᠤ ᠠᠵᠢᠯ ᠢ ᠰᠠᠶᠢᠲᠤᠷ ᠬᠢᠬᠦ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ  ᠲᠢᠩᠬᠢᠮ ᠤᠨ ᠮᠡᠳᠡᠭᠳᠡᠯ︾ ᠤᠨ ᠵᠣᠷᠢᠭ ᠰᠠᠨᠠᠭ᠎ᠠ ᠶᠢ ᠦᠨᠳᠦᠰᠦᠯᠡᠨ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠬᠤᠪᠢᠶᠠᠷᠢᠯᠠᠬᠤ ᠰᠠᠨᠠᠯ ᠢᠶᠠᠷ᠂ ᠣᠶᠢᠷ᠎ᠠ ᠳᠤ᠂  ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ ᠡᠯ᠎ᠡ ᠬᠤᠰᠢᠭᠤ ᠰᠢᠶᠠᠨ ᠲᠣᠭᠤᠷᠢᠭ ᠲᠤ 271.80 ᠲᠦᠮᠡᠨ ᠲᠥᠭᠦᠷᠢᠭ ᠤᠨ ᠲᠤᠰᠠᠯᠠᠮᠵᠢ ᠶᠢᠨ ᠪᠡᠯᠡ ᠮᠥᠩᠭᠦ ᠪᠠᠭᠤᠯᠭᠠᠵᠤ᠂  2023 ᠣᠨ ᠤ ᠡᠩ ᠤᠨ ᠳᠡᠭᠡᠳᠦ ᠰᠤᠷᠭᠠᠭᠤᠯᠢ ᠶᠢᠨ ᠭᠡᠷ ᠪᠦᠯᠢ ᠶᠢᠨ ᠠᠵᠤ ᠠᠬᠤᠢ ᠨᠢ ᠬᠦᠴᠢᠷᠳᠡᠯᠲᠡᠢ 465 ᠰᠣᠷᠣᠭᠴᠢ ᠶᠢᠨ ᠰᠤᠷᠭᠠᠭᠤᠯᠢ ᠳᠤ ᠣᠷᠣᠬᠤ ᠳᠤ ᠲᠤᠰᠠᠯᠠᠮᠵᠢ  ᠦᠵᠡᠭᠦᠯᠪᠡ᠃            2023 ᠣᠨ ᠤ ᠡᠩ ᠤᠨ ᠳᠡᠭᠡᠳᠦ ᠰᠤᠷᠭᠠᠭᠤᠯᠢ ᠶᠢᠨ ᠭᠡᠷ ᠪᠦᠯᠢ ᠶᠢᠨ ᠠᠵᠤ ᠠᠬᠤᠢ ᠨᠢ ᠬᠦᠴᠢᠷᠳᠡᠯᠲᠡᠢ ᠰᠤᠷᠤᠭᠴᠢ ᠶᠢ ᠲᠤᠰᠠᠯᠠᠬᠤ ᠠᠵᠢᠯ ᠢ ᠰᠠᠶᠢᠲᠤᠷ ᠬᠢᠬᠦ ᠶᠢᠨ  ᠲᠥᠯᠥᠭᠡ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ ᠡᠯ᠎ᠡ ᠬᠤᠰᠢᠭᠤ ᠰᠢᠶᠠᠨ ᠲᠣᠭᠤᠷᠢᠭ ᠤᠨ ᠡᠳ᠋ ᠤᠨ ᠵᠠᠰᠠᠭ ᠤᠨ ᠰᠠᠯᠠᠭ᠎ᠠ ᠮᠥᠴᠢᠷ ᠢ ᠪᠡᠯᠡ ᠮᠥᠩᠭᠦ ᠰᠠᠯᠭᠠᠨ  ᠥᠭᠬᠦ ᠠᠬᠢᠴᠠ ᠪᠠᠨ ᠲᠦᠷᠭᠡᠳᠬᠡᠵᠦ᠂ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ ᠲᠤᠰᠠᠯᠠᠬᠤ ᠪᠡᠯᠡ ᠮᠥᠩᠭᠦ ᠶᠢ ᠲᠤᠰᠠᠯᠠᠮᠵᠢ ᠭᠥᠷᠳᠡᠬᠦ ᠰᠤᠷᠤᠭᠴᠢᠳ ᠤᠨ  ᠭᠠᠷ ᠲᠤ ᠴᠠᠭ ᠲᠤᠬᠠᠢ ᠳᠤᠨᠢ ᠣᠯᠭᠤᠵᠤ᠂ ᠲᠤᠰᠠᠯᠠᠬᠤ ᠲᠥᠷᠥ ᠶᠢᠨ ᠪᠣᠳᠣᠯᠭ᠎ᠠ ᠶᠢ ᠦᠨᠡᠨᠬᠦ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ  ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号