ᠭᠦᠭᠡᠬᠤᠲᠠ 847 ᠲᠤᠰᠠᠯᠠᠬᠤ ᠴᠠᠭᠳᠠᠭ᠎ᠠ ᠡᠯᠰᠡᠨ᠎ᠡ
ᠨᠡᠶᠢᠲᠡᠯᠡᠭᠰᠡᠨ ᠴᠠᠭ᠄
2024/1/2
       ᠭᠦᠭᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ 2023 ᠣᠨ ᠤ ᠨᠡᠶᠢᠭᠡᠮ ᠠᠴᠠ ᠴᠠᠭᠳᠠᠭᠠᠨ ᠤ ᠶᠠᠪᠤᠳᠠᠯ ᠤᠨ ᠲᠤᠰᠠᠯᠠᠬᠤ ᠠᠵᠢᠯᠲᠠᠨ ᠢ ᠢᠯᠡ ᠪᠠᠷ ᠡᠯᠰᠡᠬᠦ ᠠᠯᠪᠠᠨ ᠵᠠᠷᠯᠠᠯ      ᠠᠵᠢᠯ ᠤᠨ ᠬᠡᠷᠡᠭᠴᠡᠭᠡ ᠶᠢ ᠦᠨᠳᠦᠰᠦᠯᠡᠨ᠂ ᠭᠦᠭᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ 2023 ᠣᠨ ᠤ ᠨᠡᠶᠢᠭᠡᠮ ᠠᠴᠠ ᠴᠠᠭᠳᠠᠭᠠᠨ ᠤ ᠶᠠᠪᠤᠳᠠᠯ ᠤᠨ ᠲᠤᠰᠠᠯᠠᠬᠤ ᠠᠵᠢᠯᠲᠠᠨ ᠢ ᠢᠯᠡ ᠪᠠᠷ ᠡᠯᠰᠡᠬᠦ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠬᠦ ᠪᠠᠷ ᠲᠣᠭᠲᠠᠪᠠ᠃ ᠲᠣᠰ ᠤᠳᠠᠭ᠎ᠠ ᠭᠦᠭᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠡᠶᠢᠲᠡ 847 ᠴᠠᠭᠳᠠᠭᠠᠨ ᠤ ᠶᠠᠪᠤᠳᠠᠯ ᠤᠨ ᠲᠤᠰᠠᠯᠠᠬᠤ ᠠᠵᠢᠯᠲᠠᠨ ᠡᠯᠰᠡᠬᠦ ᠪᠠᠷ ᠲᠥᠯᠥᠪᠯᠡᠵᠦ ᠪᠤᠶ᠂ ᠡᠭᠦᠨ ᠳᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠰᠢᠭᠤᠳ ᠬᠠᠷᠢᠶ᠎ᠠ ᠨᠢᠭᠡᠴᠢ 410 ᠭᠦᠮᠦᠨ; ᠰᠢᠨ᠎ᠡ ᠬᠤᠳᠡ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ 103 ᠭᠦᠮᠥᠨ; ᠬᠤᠲᠣᠩ ᠠᠷᠠᠳ ᠤᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ 80 ᠭᠦᠮᠥᠨ; ᠢᠦᠶᠢᠴᠢᠤᠸᠠᠡ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ 87 ᠭᠦᠮᠦᠨ; ᠰᠠᠶᠢᠬᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ 110 ᠭᠦᠮᠥᠨ;ᠲᠦᠮᠡᠳ ᠵᠡᠭᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ 7 ᠭᠦᠮᠥᠨ; ᠲᠣᠭᠲᠠᠬᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ 50 ᠬᠥᠮᠥᠨ ᠡᠯᠰᠡᠨ᠎ᠡ᠃      ᠠᠵᠢᠯᠲᠠᠨ ᠡᠯᠰᠡᠬᠦ ᠲᠣᠪᠴᠢ ᠳᠦᠷᠢᠮ ᠵᠢᠴᠢ ᠠᠵᠢᠯᠲᠠᠨ ᠡᠯᠰᠡᠬᠦ ᠠᠵᠢᠯ ᠤᠨ ᠪᠠᠶᠢᠷᠢ ᠶᠢᠨ ᠨᠠᠷᠢᠨ ᠪᠠᠶᠢᠳᠠᠯ ᠢ 2024 ᠣᠨ ᠤ 1 ᠰᠠᠷ᠎ᠠ ᠶᠢᠨ 5 ᠤ ᠡᠳᠦᠷ ᠭᠦᠭᠡᠬᠤᠲᠠ ᠶᠢᠨ ᠠᠵᠢᠯᠲᠠᠨ ᠤ ᠶᠠᠪᠤᠳᠠᠯ ᠤᠨ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ ( www.hhpta.org.cn ) ᠳᠡᠭᠡᠷ᠎ᠡ ᠨᠡᠶᠢᠲᠡᠯᠡᠬᠦ ᠪᠠᠷ ᠪᠤᠶ᠃ ᠨᠡᠷ᠎ᠡ ᠮᠡᠳᠡᠭᠦᠯᠬᠦ ᠴᠠᠭ ᠢ 2024 ᠣᠨ ᠤ 1 ᠰᠠᠷ᠎ᠠ ᠶᠢᠨ 8 ᠤ ᠡᠳᠦᠷ ᠤᠨ 9᠄ 00 - 2024 ᠣᠨ ᠤ 1 ᠰᠠᠷ᠎ᠠ ᠶᠢᠨ 12 ᠤᠨ ᠡᠳᠦᠷ ᠤᠨ 12᠄ 00 ᠲᠤ ᠲᠣᠬᠢᠷᠠᠭᠤᠯᠬᠤ ᠪᠠᠷ ᠲᠥᠯᠥᠪᠯᠡᠵᠦ ᠪᠠᠶᠢᠨ᠎ᠠ᠂ ᠥᠷᠭᠡᠨ ᠣᠯᠠᠨ ᠰᠢᠯᠭᠠᠭᠤᠯᠤᠭᠰᠠᠳ ᠲᠣᠭᠲᠠᠭᠰᠠᠨ ᠴᠠᠭ ᠲᠤ ᠭᠦᠭᠡᠬᠤᠲᠠ ᠶᠢᠨ ᠠᠵᠢᠯᠲᠠᠨ ᠤ ᠶᠠᠪᠤᠳᠠᠯ ᠤᠨ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶᠡᠨ ᠳᠤ ᠭᠠᠷᠴᠤ ᠨᠡᠷ᠎ᠡ ᠪᠠᠨ ᠮᠡᠳᠡᠭᠦᠯᠦᠭᠡᠷᠡᠢ᠃               ᠭᠦᠭᠡᠬᠤᠲᠠ ᠶᠢᠨ  ᠳᠣᠲᠣᠭᠠᠳᠤ ᠶᠢ  ᠬᠠᠮᠠᠭᠠᠯᠠᠬᠤ  ᠪᠠᠶᠢᠭᠤᠯᠭ᠎ᠠ ᠶᠢᠨ           ᠢᠯᠡ ᠪᠠᠷ ᠠᠵᠢᠯᠲᠠᠨ ᠡᠯᠰᠡᠬᠦ ᠠᠵᠢᠯ ᠤᠨ ᠤᠳᠤᠷᠢᠳᠬᠤ ᠳᠤᠭᠤᠶᠢᠯᠠᠩ                 2023 ᠣᠨ ᠤ 12 ᠰᠠᠷ᠎ᠠ ᠶᠢᠨ 26 ᠤ ᠡᠳᠦᠷ                 ᠢᠷᠡᠯᠲᠡ᠄  ᠭᠦᠭᠡᠬᠤᠲᠠ ᠶᠢᠨ ᠠᠵᠢᠯᠲᠠᠨ ᠤ ᠶᠠᠪᠤᠳᠠᠯ ᠤᠨ ᠰᠢᠯᠭᠠᠯᠲᠠ ᠶᠢᠨ ᠲᠥᠪ
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号