ᠰᠢᠨ᠎ᠡ ᠵᠢᠯ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠠᠬᠢ ᠰᠣᠶᠣᠯ ᠵᠢᠭᠤᠯᠴᠢᠯᠠᠯ ᠤᠨ ᠶᠠᠮᠤᠨ ᠤ ᠠᠶᠠᠯᠠᠯ ᠵᠢᠭᠤᠯᠴᠢᠯᠠᠯ ᠤᠨ ᠰᠠᠨᠠᠭᠤᠯᠤᠮᠵᠢ
ᠨᠡᠶᠢᠲᠡᠯᠡᠭᠰᠡᠨ ᠴᠠᠭ᠄
2024/1/2
     2024 ᠣᠨ ᠤ ᠰᠢᠨ᠎ᠡ ᠵᠢᠯ᠂ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭ᠎ᠠ ᠤᠳᠠᠯ ᠦᠭᠡᠢ ᠬᠦᠷᠴᠦ ᠢᠷᠡᠬᠦ ᠲᠠᠰᠢᠷᠠᠮ ᠢᠶᠠᠷ ᠰᠣᠶᠣᠯ ᠪᠠ ᠵᠢᠭᠤᠯᠴᠢᠯᠠᠯ ᠤᠨ ᠶᠠᠮᠤᠨ ᠠᠴᠠ ᠰᠠᠨᠠᠭᠤᠯᠵᠤ ᠪᠠᠶᠢᠨ᠎ᠠ᠄      ᠨᠢᠭᠡ᠂ ᠡᠪᠦᠯ ᠤᠨ ᠤᠯᠠᠷᠢᠯ ᠤᠨ ᠵᠢᠭᠤᠯᠴᠢᠯᠠᠯ ᠤᠨ ᠠᠮᠤᠷ ᠲᠦᠪᠰᠢᠨ ᠤ  ᠤᠬᠠᠮᠰᠠᠷ ᠢᠶᠠᠨ ᠳᠡᠭᠡᠭᠰᠢᠯᠡᠭᠦᠯᠪᠡᠯ ᠵᠣᠬᠢᠨ᠎ᠠ᠃ ᠡᠪᠦᠯ ᠤᠨ ᠵᠢᠭᠤᠯᠴᠢᠯᠠᠯ ᠳᠤ᠂ ᠬᠦᠢᠲᠡᠨ ᠠᠭᠤᠷ ᠠᠮᠢᠰᠬᠤᠯ᠂ ᠪᠣᠷᠣᠭᠠᠨ ᠴᠠᠰᠤ᠂ ᠮᠥᠰᠥᠲᠦᠯ ᠵᠡᠷᠭᠡ ᠮᠠᠭᠤ ᠠᠭᠤᠷ ᠠᠮᠢᠰᠬᠤᠯ ᠠᠴᠠ ᠵᠠᠶᠢᠯᠠᠵᠤ᠂ ᠬᠦᠢᠲᠡᠨ ᠢ ᠰᠡᠷᠭᠡᠶᠢᠯᠡᠨ ᠳᠤᠯᠠᠭᠠᠨ ᠢ ᠪᠠᠲᠤᠯᠠᠬᠤ ᠶᠢ ᠠᠩᠬᠠᠷᠪᠠᠯ ᠵᠣᠬᠢᠨ᠎ᠠ᠃ ᠮᠠᠰᠢᠨ ᠲᠡᠷᠭᠡ ᠪᠠᠷ ᠭᠠᠳᠠᠭᠰᠢ ᠭᠠᠷᠴᠤ ᠵᠤᠭᠠᠴᠠᠬᠤ ᠳᠠᠭᠠᠨ᠂ ᠠᠮᠤᠷ ᠲᠦᠪᠰᠢᠨ ᠤ ᠪᠦᠰᠡ ᠪᠠᠨ ᠪᠦᠰᠡᠯᠡᠵᠦ᠂ ᠴᠢᠬᠤᠯᠠ ᠲᠠᠢ ᠦᠶ᠎ᠡ ᠳᠤ ᠬᠠᠯᠲᠤᠷᠢᠬᠤ ᠠᠴᠠ ᠰᠡᠷᠭᠡᠶᠢᠯᠡᠬᠦ ᠵᠡᠷᠭᠡ ᠠᠮᠤᠷ ᠲᠦᠪᠰᠢᠨ ᠤ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ ᠰᠠᠶᠢᠲᠤᠷ ᠬᠢᠬᠦ ᠬᠡᠷᠡᠭᠲᠡᠢ᠃ ᠨᠡᠭᠡᠭᠡᠨ ᠬᠥᠭᠵᠢᠭᠦᠯᠦᠭᠡᠳᠦᠢ᠂ ᠠᠮᠤᠷ ᠲᠦᠪᠰᠢᠨ ᠤ ᠪᠠᠲᠤᠯᠠᠭ᠎ᠠ ᠪᠠᠷ ᠳᠤᠲᠠᠮᠠᠭ ᠣᠷᠣᠨ ᠳᠤ ᠣᠴᠢᠬᠤ ᠦᠭᠡᠢ ᠪᠠᠶᠢᠪᠠᠯ ᠵᠣᠬᠢᠨ᠎ᠠ᠃      ᠬᠤᠶᠠᠷ᠂ ᠠᠶᠠᠨ ᠵᠠᠮ ᠢᠶᠠᠨ ᠠᠶᠤᠯ ᠦᠭᠡᠢ ᠪᠥᠭᠡᠳ‌ᠵᠦ᠋ᠢ ᠵᠣᠬᠢᠰᠲᠠᠢ ᠲᠣᠬᠢᠷᠠᠭᠤᠯᠬᠤ ᠬᠡᠷᠡᠭᠲᠡᠢ᠃ ᠵᠠᠮ ᠢᠶᠠᠷ ᠥᠩᠭᠡᠷᠡᠬᠦ ᠭᠠᠵᠠᠷ᠂ ᠵᠣᠷᠢᠭᠰᠠᠨ ᠭᠠᠵᠠᠷ ᠤᠨ ᠴᠠᠭ ᠠᠭᠤᠷ᠂ ᠵᠠᠮ ᠬᠠᠷᠢᠯᠴᠠᠭ᠎ᠠ ᠵᠢᠴᠢ ᠵᠢᠭᠤᠯᠴᠢᠯᠠᠯ ᠤᠨ ᠦᠵᠡᠮᠵᠢ ᠶᠢᠨ ᠣᠷᠣᠨ ᠤ ᠨᠡᠭᠡᠭᠡᠯᠲᠡ ᠶᠢᠨ ᠪᠠᠶᠢᠳᠠᠯ ᠪᠠ ᠡᠭᠦᠳᠡᠨ ᠪᠢᠯᠧᠲ ᠢ ᠤᠷᠢᠳᠴᠢᠯᠠᠨ ᠪᠣᠯᠵᠣᠬᠤ ᠠᠷᠭ᠎ᠠ ᠬᠡᠮᠵᠢᠶ᠎ᠡ ᠶᠢ ᠤᠷᠢᠳᠴᠢᠯᠠᠨ ᠣᠶᠢᠯᠠᠭᠠᠵᠤ᠂ ᠵᠢᠭᠤᠯᠴᠢᠯᠠᠯ ᠤᠨ ᠵᠠᠮ ᠱᠤᠭᠤᠮ ᠪᠠ ᠴᠠᠭ ᠢᠶᠠᠨ ᠵᠦᠢ ᠵᠣᠬᠢᠰᠲᠠᠢ ᠲᠣᠬᠢᠷᠠᠭᠤᠯᠵᠤ᠂ ᠠᠮᠠᠷᠠᠯᠲᠠ ᠶᠢᠨ ᠬᠤᠭᠤᠴᠠᠭᠠᠨ ᠳᠠᠬᠢ ᠠᠶᠠᠨᠴᠢᠳ ᠲᠥᠪᠯᠡᠷᠡᠵᠦ ᠬᠥᠮᠥᠨ ᠰᠢᠬᠠᠯᠴᠠᠬᠤ ᠠᠴᠠ ᠵᠠᠶᠢᠯᠠᠰᠬᠢᠬᠦ ᠬᠡᠷᠡᠭᠲᠡᠢ᠃ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠬᠠᠮᠢᠶᠠᠷᠤᠯᠲᠠ ᠶᠢᠨ ᠲᠣᠭᠲᠠᠭᠠᠯ ᠢ ᠴᠢᠩᠭ᠎ᠠ ᠵᠢᠷᠤᠮᠯᠠᠨ᠂ ᠭᠡᠨᠡᠳᠲᠡ ᠶᠢᠨ ᠬᠡᠷᠡᠭ᠂ ᠪᠠᠴᠢᠮ ᠪᠠᠶᠢᠳᠠᠯ ᠲᠣᠬᠢᠶᠠᠯᠳᠤᠪᠠᠯ ᠲᠤᠬᠠᠢ ᠶᠢᠨ ᠲᠠᠯᠠᠪᠠᠶ ᠶᠢᠨ ᠠᠵᠢᠯᠲᠠᠨ ᠤ ᠵᠠᠮᠴᠢᠯᠠᠭ᠎ᠠ ᠪᠠ ᠵᠢᠯᠣᠭᠤᠳᠤᠯᠭ᠎ᠠ ᠶᠢ ᠳᠠᠭᠠᠬᠤ ᠬᠡᠷᠡᠭᠲᠡᠢ᠃ ᠭᠡᠷ ᠤᠨ ᠭᠠᠳᠠᠨᠠᠬᠢ ᠵᠢᠭᠤᠯᠴᠢᠯᠠᠯ ᠳᠤ ᠭᠠᠯ ᠰᠡᠷᠭᠡᠶᠢᠯᠡᠬᠦ ᠶᠢ ᠠᠩᠬᠠᠷᠬᠤ ᠬᠡᠷᠡᠭᠲᠡᠢ᠃      ᠭᠤᠷᠪᠠ᠂ ᠲᠦᠭᠰᠢᠭᠦᠷᠢ ᠶᠡᠬᠡᠲᠡᠢ ᠵᠢᠭᠤᠯᠴᠢᠯᠠᠯ ᠤᠨ ᠲᠥᠷᠥᠯ ᠵᠦᠢᠯ ᠳᠤ ᠪᠣᠯᠭᠤᠮᠵᠢᠲᠠᠢ ᠣᠷᠣᠯᠴᠠᠪᠠᠯ ᠵᠣᠬᠢᠨ᠎ᠠ᠃ ᠥᠨᠳᠥᠷ ᠣᠭᠲᠠᠷᠭᠤᠢ᠂ ᠥᠨᠳᠥᠷ ᠬᠤᠷᠳᠤᠴᠠ᠂ ᠤᠰᠤᠨ ᠳᠡᠭᠡᠷ᠎ᠡ᠂ ᠭᠦᠨ ᠤᠰᠤᠨ ᠳᠤ ᠱᠤᠮᠪᠠᠭ᠋ᠤ᠂ ᠪᠠᠷᠲᠠᠭ᠎ᠠ ᠰᠢᠨᠵᠢᠯᠡᠬᠦ ᠵᠡᠷᠭᠡ ᠠᠶᠤᠯ ᠲᠦᠭᠰᠢᠭᠦᠷᠢ ᠶᠡᠬᠡᠲᠡᠢ ᠲᠥᠷᠥᠯ ᠵᠦᠢᠯ ᠳᠤ ᠪᠣᠯᠭᠤᠮᠵᠢᠲᠠᠢ ᠬᠠᠨᠳᠤᠵᠤ᠂ ᠬᠤᠪᠢ ᠬᠥᠮᠥᠨ ᠤ ᠨᠠᠰᠤ ᠵᠢᠯ᠂ ᠡᠷᠡᠭᠦᠯ ᠮᠡᠨᠳᠦ ᠵᠡᠷᠭᠡ ᠪᠠᠶᠢᠳᠠᠯ ᠢᠶᠠᠨ ᠦᠨᠳᠦᠰᠦᠯᠡᠨ ᠴᠢᠳᠠᠯ ᠤᠨ ᠢᠶᠠᠨ ᠬᠢᠷᠢ ᠪᠠᠷ ᠣᠷᠣᠯᠴᠠᠪᠠᠯ ᠵᠣᠬᠢᠨ᠎ᠠ᠃ ᠠᠮᠤᠷ ᠲᠦᠪᠰᠢᠨ ᠤ ᠲᠣᠭᠲᠠᠭᠠᠯ ᠢ ᠤᠷᠢᠳᠴᠢᠯᠠᠨ ᠣᠶᠢᠯᠠᠭᠠᠵᠤ᠂ ᠤᠬᠠᠮᠰᠠᠷ ᠠᠴᠠ ᠪᠠᠨ ᠵᠢᠷᠤᠮᠯᠠᠨ ᠰᠠᠬᠢᠵᠤ᠂ ᠲᠤᠰᠬᠠᠢ ᠮᠡᠷᠭᠡᠵᠢᠯ ᠤᠨ ᠠᠵᠢᠯᠲᠠᠨ ᠤ ᠵᠠᠮᠴᠢᠯᠠᠭ᠎ᠠ ᠪᠠ ᠵᠢᠯᠣᠭᠤᠳᠤᠯᠭ᠎ᠠ ᠶᠢ ᠳᠠᠭᠠᠵᠤ᠂ ᠥᠪᠡᠷ ᠤᠨ ᠪᠡᠶ᠎ᠡ ᠵᠢᠴᠢ ᠪᠤᠰᠤᠳ ᠤᠨ ᠠᠮᠤᠷ ᠲᠦᠪᠰᠢᠨ ᠢ ᠰᠦᠷᠳᠡᠭᠦᠯᠵᠦ ᠮᠡᠳᠡᠬᠦ ᠦᠶᠯᠡ ᠠᠵᠢᠯᠯᠠᠭ᠎ᠠ ᠶᠢ ᠬᠢᠬᠦ ᠦᠭᠡᠢ᠃      ᠳᠥᠷᠪᠡ᠂ ᠡᠷᠡᠭᠦᠯ ᠪᠣᠯᠪᠠᠰᠤᠨ ᠪᠣᠬᠢᠷᠳᠤᠯ ᠦᠭᠡᠢ ᠠᠶᠠᠯᠠᠬᠤ ᠬᠡᠷᠡᠭᠲᠡᠢ᠃ ᠠᠮᠢ ᠠᠬᠤᠢ ᠶᠢᠨ ᠣᠷᠴᠢᠨ ᠲᠣᠭᠤᠷᠢᠨ᠂ ᠲᠡᠦᠬᠡ ᠶᠢᠨ ᠳᠤᠷᠠᠰᠬᠠᠯᠲᠤ ᠵᠦᠢᠯᠡᠰ ᠡᠷᠲᠡᠨ ᠤ ᠪᠠᠭᠤᠷᠢ ᠶᠢ ᠬᠠᠮᠠᠭᠠᠯᠠᠬᠤ ᠲᠣᠭᠲᠠᠭᠠᠯ ᠢ ᠵᠢᠷᠤᠮᠯᠠᠨ᠂ ᠲᠤᠬᠠᠢ ᠶᠢᠨ ᠭᠠᠵᠠᠷ ᠤᠨ ᠵᠠᠩ ᠳᠠᠳᠬᠠᠯ ᠵᠢᠴᠢ ᠱᠠᠰᠢᠨ ᠰᠢᠲᠦᠯᠭᠡ ᠶᠢ ᠭᠦᠨᠳᠦᠳᠭᠡᠵᠦ᠂ ᠵᠢᠭᠤᠯᠴᠢᠯᠠᠯ ᠤᠨ ᠡᠮᠬᠢ ᠳᠢᠭᠯᠢᠮ ᠢ ᠬᠠᠮᠠᠭᠠᠯᠠᠨ᠂ ᠰᠢᠬᠠᠯᠳᠤᠬᠤ ᠦᠭᠡᠢ᠂ ᠪᠤᠯᠢᠶᠠᠯᠳᠤᠬᠤ ᠦᠭᠡᠢ ᠪᠠᠶᠢᠪᠠᠯ ᠵᠣᠬᠢᠨ᠎ᠠ᠃ ᠪᠤᠰᠤᠳ ᠤᠨ ᠡᠷᠬᠡ ᠠᠰᠢᠭ ᠢ ᠭᠦᠨᠳᠦᠳᠭᠡᠵᠦ᠂ ᠵᠢᠭᠤᠷᠠᠯᠳᠤᠭᠠᠨ ᠢ ᠤᠬᠠᠭᠠᠯᠢᠭ ᠢᠶᠠᠷ ᠰᠢᠢᠳᠪᠦᠷᠢᠯᠡᠨ᠎ᠡ᠃ ᠡᠷᠡᠭᠦᠯ ᠬᠠᠮᠠᠭᠠᠯᠠᠯ ᠤᠨ ᠰᠠᠶᠢᠨ ᠳᠠᠳᠬᠠᠯ ᠢ ᠪᠠᠲᠤᠯᠠᠵᠤ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠵᠤ᠂ ᠪᠣᠬᠢᠷᠳᠤᠯ ᠦᠭᠡᠢ ᠵᠤᠭᠠᠴᠠᠨ᠎ᠠ᠃            ᠢᠷᠡᠯᠲᠡ᠄ ᠲᠥᠪ ᠲᠧᠯᠸᠢᠰ ᠤᠨ ᠰᠣᠨᠢᠨ ᠮᠡᠳᠡᠭᠡᠨ ᠤ ᠰᠢᠯᠵᠢᠶ᠎ᠡ
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号