| | ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ | ᠣᠶᠢᠯᠠᠭᠠᠭᠰᠠᠨ ᠢᠶᠠᠷ᠂ 2023 ᠣᠨ ᠳᠤ ᠮᠠᠨ ᠤ ᠣᠷᠣᠨ 3155 ᠴᠢᠬᠤᠯᠠ ᠶᠡᠭᠡ ᠲᠦᠷᠦᠯ ᠵᠦᠢᠯ ᠢ | ᠬᠡᠷᠡᠭᠵᠢᠭᠦᠯᠵᠦ᠂ 8259 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠤᠯᠳᠠ ᠶᠢ ᠪᠡᠶᠡᠯᠡᠭᠦᠯᠦᠨ᠂ 2022 ᠣᠨ | ᠤ ᠬᠢ ᠠᠴᠠ 1923 ᠳ᠋ᠦᠩᠰᠢᠭᠤᠷ ᠲᠥᠭᠦᠷᠢᠭ ᠨᠡᠮᠡᠭᠳᠡᠵᠦ᠂ 30.4% ᠪᠠᠷ ᠨᠡᠮᠡᠭᠳᠡᠵᠡᠢ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠪᠠᠷ᠂ 2023 ᠣᠨ ᠳᠤ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠬᠢᠨ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠡᠷᠴᠢᠮᠲᠡᠢ ᠠᠳᠬᠤᠵᠤ᠂ ᠪᠦᠭᠦ | ᠣᠷᠣᠨ ᠤ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠳᠠᠪᠠᠭᠤᠯᠤᠨ | ᠪᠡᠶᠡᠯᠡᠭᠦᠯᠦᠭᠰᠡᠨ ᠪᠠᠶᠢᠨ᠎ᠠ᠃ ᠡᠨᠡ ᠬᠦ ᠶᠠᠪᠤᠴᠠ ᠳᠤ ᠮᠠᠨ ᠤ ᠣᠷᠣᠨ ᠵᠢᠯ ᠤᠨ ᠡᠬᠢᠨ ᠳᠤ ᠪᠠᠶᠢᠷᠢᠯᠠᠭᠤᠯᠬᠤ᠂ ᠪᠠᠷᠢᠯᠭ᠎ᠠ | ᠡᠬᠢᠯᠡᠬᠦ ᠤᠯᠠᠷᠢᠯ ᠳᠤ ᠳᠠᠶᠢᠴᠢᠯᠠᠯᠲᠠ ᠬᠢᠬᠦ᠂ ᠴᠠᠭ ᠲᠤᠬᠠᠢ ᠳᠤᠨᠢ ᠲᠤᠰᠬᠠᠢ ᠵᠣᠬᠢᠴᠠᠭᠤᠯᠬᠤ ᠵᠡᠷᠭᠡ ᠠᠵᠢᠯ ᠢ | ᠠᠬᠢᠭᠤᠯᠬᠤ ᠲᠣᠭᠲᠠᠴᠠ᠂ ᠲᠢᠩᠬᠢᠮ ᠤᠨ ᠬᠤᠭᠤᠷᠤᠨᠳᠤᠭᠢ ᠬᠠᠮᠲᠤᠷᠠᠭᠰᠠᠨ ᠬᠤᠷᠠᠯ᠂ ᠴᠢᠬᠤᠯᠠ ᠶᠡᠭᠡ ᠲᠦᠷᠦᠯ | ᠵᠦᠢᠯ ᠢ ᠭᠤᠷᠪᠠᠨ ᠱᠠᠲᠤᠨ ᠤ ᠤᠳᠤᠷᠢᠳᠤᠯᠭ᠎ᠠ ᠳᠠᠭᠠᠭᠠᠴᠢᠯᠠᠨ ᠬᠠᠷᠢᠭᠤᠴᠠᠬᠤ᠂ ᠡᠮᠦᠨᠡᠬᠢ ᠬᠤᠭᠤᠴᠠᠭᠠᠨ ᠤ | ᠭᠠᠷᠳᠠᠮ ᠢ ᠭᠤᠷᠪᠠᠨ ᠱᠠᠲᠤᠨ ᠤ ᠰᠠᠯᠠᠭ᠎ᠠ ᠮᠥᠴᠢᠷ ᠳᠠᠭᠠᠭᠠᠴᠢᠯᠠᠨ ᠬᠠᠷᠢᠭᠤᠴᠠᠬᠤ ᠵᠡᠷᠭᠡ ᠠᠵᠢᠯ ᠢ ᠵᠣᠬᠢᠴᠠᠭᠤᠯᠬᠤ | ᠲᠣᠭᠲᠠᠴᠠ᠂ ᠴᠢᠬᠤᠯᠠ ᠶᠡᠭᠡ ᠲᠦᠷᠦᠯ ᠵᠦᠢᠯ ᠢ ᠨᠠᠷᠢᠯᠢᠭ ᠲᠣᠬᠢᠷᠠᠭᠤᠯᠤᠨ᠂ ᠪᠦᠭᠦ ᠦᠶᠡᠯᠡᠯ ᠤᠨ ᠬᠤᠭᠤᠴᠠᠭ᠎ᠠ ᠪᠠᠷ | ᠬᠠᠮᠢᠶᠠᠷᠬᠤ ᠵᠡᠷᠭᠡ ᠠᠵᠢᠯ ᠢ ᠲᠣᠬᠢᠷᠠᠭᠤᠯᠬᠤ ᠲᠣᠭᠲᠠᠴᠠ ᠮᠡᠲᠦ ᠶᠢᠨ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠬᠤ ᠰᠢᠨᠵᠢᠯᠡᠬᠦ ᠤᠬᠠᠭᠠᠨᠴᠢ ᠪᠥᠭᠡᠳ ᠪᠦᠲᠦᠮᠵᠢᠳᠠᠢ ᠠᠵᠢᠯ ᠤᠨ ᠲᠣᠭᠲᠠᠴᠠ ᠶᠢ | ᠪᠦᠷᠢᠯᠳᠦᠭᠦᠯᠪᠡ᠃ ᠡᠭᠦᠨ ᠤ ᠵᠡᠷᠭᠡ ᠪᠠᠷ ᠪᠦᠭᠦ ᠣᠷᠣᠨ ᠳᠤ ᠵᠢᠳᠬᠦᠯ ᠴᠢᠷᠮᠠᠶᠢᠯᠭ᠎ᠠ ᠲᠠᠢ᠂ ᠦᠨᠡᠨ ᠬᠦ ᠠᠳᠬᠤᠵᠤ | ᠪᠣᠳᠠᠲᠠᠢ ᠠᠵᠢᠯᠯᠠᠳᠠᠭ᠂ ᠬᠦᠨᠳᠦ ᠡᠭᠦᠷᠭᠡ ᠶᠢ ᠡᠭᠦᠷᠭᠡᠯᠡᠵᠦ ᠳᠡᠶᠢᠯᠳᠡᠭ ᠨᠢᠭᠡ ᠪᠦᠯᠦᠭ ᠪᠡᠯᠡ ᠤᠷᠤᠭᠤᠯᠤᠯᠳᠠ ᠶᠢᠨ | ᠠᠵᠢᠯ ᠤᠨ ᠡᠩᠨᠡᠭᠡ ᠶᠢ ᠬᠥᠮᠥᠵᠢᠭᠦᠯᠦᠨ᠂ 2023 ᠣᠨ ᠤ 1 - 11 ᠰᠠᠷ᠎ᠠ ᠳᠤ ᠪᠦᠭᠦ ᠣᠷᠣᠨ ᠤ ᠲᠣᠭᠲᠠᠮᠠᠯ | ᠬᠥᠷᠥᠩᠭᠡ ᠶᠢᠨ ᠪᠡᠯᠡ ᠤᠷᠤᠭᠤᠯᠤᠯᠳᠠ 21.9% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠪᠠᠷ ᠪᠦᠭᠦ | ᠤᠯᠤᠰ ᠲᠤ ᠬᠤᠶᠠᠳᠤᠭᠠᠷ ᠲᠤ ᠵᠢᠭᠰᠠᠨ᠂ ᠪᠦᠭᠦ ᠣᠷᠣᠨ ᠤ ᠪᠡᠯᠡ ᠤᠷᠤᠭᠤᠯᠤᠯᠳᠠ ᠶᠢᠨ ᠠᠵᠢᠯ ᠤᠨ ᠰᠢᠨ᠎ᠡ ᠪᠠᠶᠢᠳᠠᠯ ᠢ | ᠡᠭᠦᠳᠪᠡ᠃ | 2024 ᠣᠨ ᠳᠤ ᠮᠠᠨ ᠤ ᠣᠷᠣᠨ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠥᠪᠥᠷ ᠮᠣᠩᠭᠤᠯ ᠤᠨ ᠴᠢᠨᠠᠷ | ᠰᠠᠶᠢᠲᠠᠢ ᠬᠥᠭᠵᠢᠯᠲᠡ ᠶᠢ ᠳᠡᠮᠵᠢᠬᠦ ᠰᠠᠨᠠᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠦᠭᠦ ᠲᠠᠯ᠎ᠠ ᠪᠠᠷ ᠪᠡᠶᠡᠯᠡᠭᠦᠯᠵᠦ᠂ | ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠠᠷ ᠲᠤᠯᠭᠠᠭᠤᠷᠢᠯᠠᠯ ᠪᠣᠯᠭᠠᠨ 3000 ᠭᠠᠷᠤᠢ ᠴᠢᠬᠤᠯᠠ ᠶᠡᠭᠡ | ᠲᠦᠷᠦᠯ ᠵᠦᠢᠯ ᠢ ᠬᠡᠷᠡᠭᠵᠢᠭᠦᠯᠦᠨ᠂ ᠲᠤᠰ ᠵᠢᠯ ᠳᠡᠭᠡᠨ 9000 ᠳ᠋ᠦᠩᠰᠢᠭᠤᠷ ᠲᠥᠭᠦᠷᠢᠭ ᠣᠷᠴᠢᠮ ᠤᠨ ᠪᠡᠯᠡ | ᠤᠷᠤᠭᠤᠯᠤᠯᠳᠠ ᠶᠢ ᠪᠡᠶᠡᠯᠡᠭᠦᠯᠬᠦ ᠪᠠᠷ ᠲᠥᠯᠥᠪᠯᠡᠵᠦ ᠪᠠᠶᠢᠨ᠎ᠠ᠃ |