ᠬᠥᠬᠡᠬᠤᠲᠠ ᠶᠢᠨ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2023 ᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠪᠠᠶᠢᠳᠠᠯ ᠤᠨ ᠲᠤᠬᠠᠢ ᠮᠡᠳᠡᠭᠦᠯᠦᠯᠲᠡ
ᠨᠡᠶᠢᠲᠡᠯᠡᠭᠰᠡᠨ ᠴᠠᠭ᠄
2024/1/26
      2023 ᠣᠨ ᠠᠴᠠ ᠨᠠᠰᠢ᠂ ᠰᠠᠶᠢᠬᠠᠨ ᠲᠣᠭᠤᠷᠢᠭ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠰᠢᠨ᠎ᠡ ᠠᠬᠢᠴᠠ᠂ ᠰᠢᠨ᠎ᠡ ᠦᠷ᠎ᠡ ᠪᠦᠲᠦᠮᠵᠢ ᠣᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠪᠠ᠃ ᠡᠳᠦᠭᠡ ᠬᠤᠯᠪᠣᠭᠳᠠᠯ ᠪᠦᠬᠦᠢ ᠪᠠᠶᠢᠳᠠᠯ ᠢ ᠳᠣᠣᠷᠠᠬᠢ ᠮᠡᠲᠦ ᠮᠡᠳᠡᠭᠦᠯᠦᠶ᠎ᠡ᠄      ᠨᠢᠭᠡ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠪᠠᠷ ᠬᠠᠤᠯᠢᠵᠢᠯ ᠤᠨ ᠰᠠᠶᠢᠬᠠᠨ ᠪᠠᠶᠢᠭᠤᠯᠤᠯᠲᠠ ᠶᠢ ᠦᠷᠭᠦᠯᠵᠢᠯᠡᠨ ᠬᠥᠲᠥᠯᠥᠨ ᠳᠠᠭᠠᠭᠤᠯᠬᠤ ᠶᠢ ᠪᠠᠷᠢᠮᠲᠠᠯᠠᠬᠤ ᠬᠡᠷᠡᠭᠲᠡᠢ            ︵ᠨᠢᠭᠡ︶ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠭᠠᠵᠠᠷ ᠣᠷᠣᠨ ᠢ ᠠᠮᠵᠢᠯᠲᠠ ᠲᠠᠢ ᠪᠠᠶᠢᠭᠤᠯᠪᠠ            ᠨᠢᠭᠡ ᠳᠤ᠂ ᠥᠨᠳᠥᠷ ᠲᠦᠪᠰᠢᠨ ᠢᠶᠠᠷ ᠠᠬᠢᠭᠤᠯᠵᠤ᠂ ᠥᠨᠳᠥᠷ ᠪᠦᠲᠦᠮᠵᠢᠲᠡᠢ ᠪᠠᠷ ᠨᠠᠶᠢᠳᠠᠪᠤᠷᠢᠵᠢᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠭᠤᠣᠯ ᠤᠳᠤᠷᠢᠳᠤᠯᠭ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠡᠶ᠎ᠡ ᠪᠠᠷ ᠢᠶᠠᠨ ᠪᠠᠶᠢᠷᠢᠯᠠᠭᠤᠯᠵᠤ᠂ ᠪᠡᠶ᠎ᠡ ᠪᠠᠷ ᠢᠶᠠᠨ ᠠᠷᠭ᠎ᠠ ᠤᠬᠠᠭᠠᠨ ᠰᠦᠪᠡᠭᠴᠢᠯᠡᠵᠦ᠂ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠡᠮᠦᠨ᠎ᠡ ᠨᠢ ᠵᠢᠯᠤᠭᠤᠳᠴᠤ᠂ ᠨᠢᠭᠲᠠ ᠲᠣᠬᠢᠷᠠᠭᠤᠯᠵᠤ᠂ ᠳᠡᠭᠡᠳᠦ ᠳᠣᠣᠷᠠᠳᠤ ᠱᠠᠲᠤ ᠪᠠᠷ ᠢᠶᠠᠨ ᠬᠤᠯᠪᠤᠭᠠᠯᠠᠨ ᠬᠥᠳᠡᠯᠦᠯᠴᠡᠭᠰᠡᠨ᠂ ᠵᠡᠷᠭᠡᠪᠡᠷ ᠴᠤᠤᠷᠢᠶᠠᠲᠤᠭᠰᠠᠨ ᠠᠵᠢᠯ ᠤᠨ ᠪᠠᠶᠢᠷᠢᠰᠢᠯ ᠢ ᠦᠨᠡᠨᠬᠦ ᠪᠤᠢ ᠪᠣᠯᠭᠠᠨ᠎ᠠ᠃ ᠠᠵᠢᠯ ᠤᠨ ᠲᠤᠰᠬᠠᠢ ᠠᠩᠭᠢ ᠶᠢ ᠴᠠᠭ ᠲᠤᠬᠠᠢ ᠳᠤᠨᠢ ᠪᠠᠶᠢᠭᠤᠯᠵᠤ᠂ ᠡᠭᠦᠷᠭᠡ ᠶᠢᠨ ᠭᠦᠢᠴᠡᠳᠬᠡᠯ ᠲᠤᠭ᠎ᠠ ᠶᠢ ᠨᠠᠷᠢᠯᠢᠭᠵᠢᠭᠤᠯᠤᠨ ᠵᠠᠳᠠᠯᠵᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠡᠭᠦᠳᠦᠨ ᠪᠠᠶᠢᠭᠤᠯᠬᠤ ᠭᠦᠢᠴᠡᠳᠬᠡᠯ ᠲᠤᠭ᠎ᠠ ᠶᠢᠨ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ ᠬᠤᠶᠠᠷ ᠲᠤ᠂ ᠤᠬᠠᠭᠤᠯᠭ᠎ᠠ ᠪᠠᠨ ᠴᠢᠩᠭᠠᠳᠬᠠᠵᠤ᠂ ᠠᠭᠤᠷ ᠠᠮᠢᠰᠬᠤᠯ ᠢ ᠪᠣᠶ ᠪᠣᠯᠭᠠᠪᠠ᠃ ᠤᠬᠠᠭᠤᠯᠭ᠎ᠠ ᠶᠢᠨ ᠲᠤᠰᠬᠠᠢ ᠪᠤᠯᠤᠩ ᠭᠠᠷᠭᠠᠵᠤ᠂ ᠡᠭᠦᠳᠦᠨ ᠪᠠᠶᠢᠭᠤᠯᠤᠭᠰᠠᠨ ᠪᠠᠶᠢᠳᠠᠯ ᠢ ᠮᠡᠳᠡᠭᠡᠯᠡᠵᠦ᠂ ᠤᠬᠠᠭᠤᠯᠭ᠎ᠠ ᠶᠢᠨ ᠹᠢᠯᠢᠮ ᠵᠢᠴᠢ ᠤᠬᠠᠭᠤᠯᠭ᠎ᠠ ᠶᠢᠨ ᠳᠡᠪᠲᠡᠷ ᠵᠣᠬᠢᠶᠠᠵᠤ᠂ ᠬᠥᠮᠥᠨ ᠪᠦᠬᠦᠨ ᠮᠡᠳᠡᠬᠦ᠂ ᠬᠥᠮᠥᠨ ᠪᠦᠬᠦᠨ ᠳᠡᠮᠵᠢᠬᠦ᠂ ᠬᠥᠮᠥᠨ ᠪᠦᠬᠦᠨ ᠣᠷᠣᠯᠴᠠᠬᠤ ᠭᠦᠨ ᠵᠤᠵᠠᠭᠠᠨ ᠠᠭᠤᠷ ᠠᠮᠢᠰᠬᠤᠯ ᠢ ᠬᠦᠴᠦᠯᠡᠨ ᠪᠣᠶ ᠪᠣᠯᠭᠠᠨ᠎ᠠ᠃ 11 ᠰᠠᠷ᠎ᠠ ᠶᠢᠨ 1 ᠤ ᠡᠳᠦᠷ᠂ ᠮᠠᠨ ᠤ ᠲᠣᠭᠤᠷᠢᠭ ᠥᠪᠡᠷᠲᠡᠭᠡᠨ ᠵᠠᠰᠠᠬᠤ ᠣᠷᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠭᠠᠵᠠᠷ ᠣᠷᠣᠨ ᠢᠶᠠᠷ ᠵᠢᠩᠬᠢᠨᠢ ᠪᠠᠷ ᠨᠡᠷᠡᠶᠢᠳᠦᠭᠳᠡᠪᠡ᠃            ︵ᠬᠤᠶᠠᠷ︶ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠢ          ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠪᠠ ᠤᠷᠳᠤ ᠬᠤᠭᠤᠴᠠᠭᠠᠨ ᠤ ᠪᠠᠶᠢᠯᠳᠤᠬᠤ ᠪᠣᠳᠣᠯᠭ᠎ᠠ ᠶᠢᠨ ᠡᠭᠦᠷᠭᠡ ᠪᠣᠯᠭᠠᠬᠤ ᠶᠢ ᠪᠠᠷᠢᠮᠲᠠᠯᠠᠵᠤ᠂ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ᠲᠦᠷᠦᠭᠦᠯᠡᠨ ᠪᠠᠶᠢᠩᠭᠤ ᠶᠢᠨ ᠴᠢᠨᠠᠷᠲᠠᠢ ᠬᠠᠮᠲᠤ ᠪᠠᠷ ᠰᠤᠷᠤᠯᠴᠠᠵᠤ ᠰᠤᠳᠤᠯᠤᠨ ᠶᠠᠷᠢᠯᠴᠠᠬᠤ ᠶᠢ ᠪᠡᠶᠡᠯᠡᠭᠦᠯᠪᠡ᠃ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠭᠤᠣᠯ ᠴᠣᠭᠴᠠ ᠶᠢᠨ ᠠᠩᠭᠢ ᠪᠠ ᠨᠠᠮ ᠤᠨ ᠭᠡᠰᠢᠭᠦᠨ ᠺᠠᠳ᠋ᠷᠴᠤᠳ ᠤᠨ ᠬᠥᠮᠦᠵᠢᠯ ᠪᠣᠯᠪᠠᠰᠤᠷᠠᠭᠤᠯᠤᠯ ᠤᠨ ᠴᠢᠬᠤᠯᠠ ᠠᠭᠤᠯᠭ᠎ᠠ ᠳᠤ ᠣᠷᠣᠭᠤᠯᠬᠤ ᠬᠡᠷᠡᠭᠲᠡᠢ᠃ 5 ᠰᠠᠷ᠎ᠠ ᠶᠢᠨ 31 ᠤ ᠡᠳᠦᠷ ᠠᠴᠠ 6 ᠰᠠᠷ᠎ᠠ ᠶᠢᠨ 2 ᠤᠨ ᠡᠳᠦᠷ ᠪᠣᠯᠲᠠᠯ᠎ᠠ᠂ ᠰᠠᠶᠢᠬᠠᠨ ᠲᠣᠭᠤᠷᠢᠭ ᠤᠨ ᠬᠠᠤᠯᠢ ᠪᠠᠷ ᠵᠠᠰᠠᠬᠤ ᠣᠨᠣᠯ ᠤᠨ ᠰᠤᠷᠤᠯᠴᠠᠯᠭ᠎ᠠ ᠶᠢ ᠴᠢᠩᠭᠠᠳᠬᠠᠵᠤ ᠬᠠᠤᠯᠢ ᠶᠣᠰᠣᠭᠠᠷ ᠵᠠᠰᠠᠭ ᠶᠠᠪᠤᠭᠤᠯᠬᠤ ᠬᠢᠷᠢ ᠬᠡᠮᠵᠢᠶ᠎ᠡ ᠪᠠᠨ ᠳᠡᠭᠡᠭᠰᠢᠯᠡᠭᠦᠯᠬᠦ ᠪᠣᠳᠠᠲᠤ ᠶᠠᠪᠤᠳᠠᠯ ᠤᠨ ᠪᠣᠯᠪᠠᠰᠤᠷᠠᠯ ᠤᠨ ᠠᠩᠭᠢ ᠶᠢ ᠡᠷᠭᠢᠯᠡᠵᠦ᠂ ᠪᠥᠬᠦ ᠲᠣᠭᠤᠷᠢᠭ ᠤᠨ 300 ᠭᠠᠷᠤᠢ ᠤᠳᠤᠷᠢᠳᠬᠤ ᠺᠠᠳ᠋ᠷ ᠲᠤ ᠪᠣᠯᠪᠠᠰᠤᠷᠠᠭᠤᠯᠤᠯ ᠬᠢᠪᠡ᠃            ︵ᠭᠤᠷᠪᠠ︶︽ᠵᠠᠩᠭᠢᠯᠠᠭ᠎ᠠ ᠶᠢᠨ ᠴᠥᠭᠡᠨ ᠲᠣᠭᠠᠲᠠᠨ︾ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠳᠠᠬᠢ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠤᠨ᠎ᠠ            ᠨᠢᠭᠡ ᠳᠤ᠂ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠨᠠᠮ ᠤᠨ ᠤᠳᠤᠷᠢᠳᠤᠯᠭ᠎ᠠ ᠶᠢ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠪᠦᠬᠦ ᠲᠠᠯ᠎ᠠ ᠳᠤ ᠲᠤᠤᠱᠯᠠᠭᠤᠯᠬᠤ ᠶᠢ ᠪᠠᠷᠢᠮᠲᠠᠯᠠᠵᠤ᠂ ︽ᠰᠠᠶᠢᠬᠠᠨ ᠲᠣᠭᠤᠷᠢᠭ ᠤᠨ 2023 ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠲᠥᠯᠥᠪᠯᠡᠭᠡ︾ ᠶᠢ ᠰᠤᠳᠤᠯᠤᠨ ᠲᠣᠭᠲᠠᠭᠠᠵᠤ᠂ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ ᠭᠤᠣᠯ ᠬᠠᠷᠢᠭᠤᠴᠠᠯᠭᠠᠲᠠᠨ ᠨᠢᠭᠡᠳᠦᠭᠡᠷ ᠬᠠᠷᠢᠭᠤᠴᠠᠯᠭᠠᠲᠠᠨ ᠤ ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠵᠦ᠂ ᠤᠷᠢᠳ ᠬᠤᠵᠢᠳ ᠪᠦᠬᠦ ᠲᠠᠯ᠎ᠠ ᠪᠠᠷ ᠬᠠᠤᠯᠢ ᠪᠠᠷ ᠣᠷᠣᠨ ᠢᠶᠠᠨ ᠵᠠᠰᠠᠬᠤ ᠬᠤᠷᠠᠯ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠶᠢ ᠠᠬᠢᠭᠤᠯᠬᠤ ᠬᠤᠷᠠᠯ ᠵᠡᠷᠭᠡ ᠠᠵᠢᠯ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠢ ᠲᠥᠯᠥᠪᠵᠢᠭᠦᠯᠦᠨ ᠠᠬᠢᠭᠤᠯᠪᠠ᠃ ᠬᠤᠶᠠᠷ ᠲᠤ᠂ ᠡᠯ᠎ᠡ ᠪᠠᠯᠭᠠᠰᠤ ︵ᠵᠡᠭᠡᠯᠢ ᠭᠤᠳᠤᠮᠵᠢ︶ ᠶᠢᠨ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠤᠳᠤᠷᠢᠳᠬᠤ ᠪᠠᠶᠢᠭᠤᠯᠤᠯ ᠪᠠ ᠠᠵᠢᠯ ᠤᠨ ᠲᠣᠭᠲᠠᠴᠠ ᠶᠢ ᠪᠠᠶᠢᠭᠤᠯᠵᠤ᠂ ᠬᠠᠤᠯᠢ ᠶᠣᠰᠣᠭᠠᠷ ᠪᠠᠯᠭᠠᠰᠤ ︵ᠵᠡᠭᠡᠯᠢ ᠭᠤᠳᠤᠮᠵᠢ︶ ᠶᠢᠨ ᠵᠥᠪᠯᠡᠯ ᠢ ᠪᠠᠶᠢᠭᠤᠯᠵᠤ᠂ ︽ᠵᠠᠩᠭᠢᠯᠠᠭ᠎ᠠ ᠶᠢᠨ ᠴᠥᠭᠡᠨ ᠲᠣᠭᠠᠲᠠᠨ︾ ᠤ ᠬᠥᠲᠥᠯᠥᠨ ᠳᠠᠭᠠᠭᠤᠯᠬᠤ ᠦᠢᠯᠡᠳᠦᠯ ᠢ ᠢᠳᠡᠪᠬᠢᠲᠡᠢ ᠪᠠᠳᠠᠷᠠᠭᠤᠯᠤᠨ᠎ᠠ᠃      ᠬᠤᠶᠠᠷ᠂ ᠡᠭᠦᠷᠭᠡ ᠴᠢᠳᠠᠪᠤᠷᠢ ᠪᠠᠨ ᠬᠤᠪᠢᠷᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠭᠵᠢᠯᠲᠡ ᠶᠢᠨ ᠶᠡᠭᠡ ᠲᠠᠯ᠎ᠠ ᠳᠤ ᠢᠳᠡᠪᠬᠢᠲᠡᠢ ᠦᠢᠯᠡᠴᠢᠯᠡᠬᠦ ᠬᠡᠷᠡᠭᠲᠡᠢ          ︵ᠨᠢᠭᠡ︶ᠴᠢᠨᠠᠷ ᠰᠠᠶᠢᠲᠠᠢ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠪᠠᠶᠢᠭᠤᠯᠬᠤ ᠬᠡᠷᠡᠭᠲᠡᠢ          ᠨᠢᠭᠡ ᠳᠤ ᠠᠵᠤ ᠠᠬᠤᠶᠢᠯᠠᠯ ᠤᠨ ᠳᠠᠩᠰᠠᠯᠠᠭᠤᠯᠬᠤ ᠶᠢ ᠳᠥᠭᠦᠮᠴᠢᠯᠡᠬᠦ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ᠃ ᠠᠵᠤ ᠠᠬᠤᠶᠢᠯᠠᠯ ᠳᠤ ︽ᠨᠢᠭᠡ ᠥᠷᠲᠡᠭᠡ ᠮᠠᠶ᠋ᠢᠭ ᠤᠨ ᠦᠢᠯᠡᠴᠢᠯᠡᠭᠡᠨ ᠤ ᠲᠤᠰᠬᠠᠢ ᠲᠣᠭᠤᠷᠢᠭ︾ ᠭᠠᠷᠭᠠᠵᠤ᠂ ᠠᠵᠤ ᠠᠬᠤᠶᠢᠯᠠᠯ ᠢ 0.5 ᠠᠵᠢᠯᠯᠠᠬᠤ ᠡᠳᠦᠷ ᠨᠡᠭᠡᠭᠡᠨ ᠡᠷᠬᠢᠯᠡᠬᠦ ᠶᠢ ᠪᠡᠶᠡᠯᠡᠭᠦᠯᠵᠦ᠂ ᠲᠣᠭᠲᠠᠭᠠᠭᠰᠠᠨ ᠴᠠᠭ ᠤᠨ ᠬᠢᠵᠠᠭᠠᠷ ᠤᠨ ᠱᠠᠭᠠᠷᠳᠠᠯᠭ᠎ᠠ ᠠᠴᠠ 87.5% ᠪᠠᠷ ᠪᠣᠭᠤᠨᠢᠰᠬᠠᠪᠠ᠃ ᠪᠥᠬᠦ ᠶᠠᠪᠤᠴᠠ ᠳᠤ ᠴᠠᠭᠠᠰᠤ ᠬᠡᠷᠡᠭᠯᠡᠬᠦ ᠦᠭᠡᠢ᠂ ᠡᠯᠧᠺᠲᠷᠤᠨᠴᠢᠯᠠᠨ ᠳᠡᠩᠰᠡᠯᠡᠨ ᠲᠡᠮᠳᠡᠭᠯᠡᠬᠦ ᠶᠢ ᠪᠡᠶᠡᠯᠡᠭᠦᠯᠵᠦ᠂ ᠡᠯᠧᠺᠲᠷᠣᠨ ᠦᠨᠡᠮᠯᠡᠯ ᠤᠨ ᠬᠡᠷᠡᠭᠯᠡᠯᠲᠡ ᠶᠢ ᠬᠦᠴᠦᠯᠡᠨ ᠠᠬᠢᠭᠤᠯᠤᠨ᠎ᠠ᠃ ᠵᠠᠰᠠᠭ ᠤᠨ ᠣᠷᠳᠣᠨ ᠬᠠᠭᠤᠳᠠᠰᠤ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠰᠢᠨ᠎ᠡ ᠠᠵᠤ ᠠᠬᠤᠶᠢᠯᠠᠯ ᠡᠷᠬᠢᠯᠡᠬᠦ ᠳᠤ ᠦᠨ᠎ᠡ ᠲᠥᠯᠥᠪᠦᠷᠢ ᠦᠭᠡᠢ ᠪᠠᠷ ᠲᠠᠮᠠᠭ᠎ᠠ ᠰᠡᠶᠢᠯᠬᠦ᠂ ᠰᠦᠢᠳᠬᠡᠯ ᠬᠤᠷᠢᠶᠠᠬᠤ ᠦᠭᠡᠢ ᠪᠠᠷ ᠰᠢᠤᠳᠠᠨ ᠢᠶᠠᠷ ᠢᠯᠡᠭᠡᠬᠦ ᠵᠡᠷᠭᠡ ᠦᠢᠯᠡᠴᠢᠯᠡᠭᠡ ᠬᠠᠩᠭᠠᠵᠤ᠂ ᠠᠵᠤ ᠠᠬᠤᠶᠢᠯᠠᠯ ᠤᠨ ᠳᠦᠷᠢᠮ ᠤᠨ ᠴᠢᠨᠠᠷᠲᠠᠢ ᠠᠷᠠᠯᠵᠢᠶᠠᠨ ᠤ ᠥᠪᠡᠷ ᠤᠨ ᠥᠷᠲᠡᠭ ᠢ ᠦᠨᠡᠨᠬᠦ ᠪᠠᠭᠤᠷᠠᠭᠤᠯᠤᠨ᠎ᠠ᠃ ᠠᠵᠤ ᠠᠬᠤᠶᠢᠯᠠᠯ ᠤᠨ ᠬᠦᠴᠦᠨ ᠦᠭᠡᠢ ᠪᠣᠯᠭᠠᠬᠤ ᠶᠢ ︽ᠳᠦᠷᠢᠮ ᠶᠣᠰᠣᠭᠠᠷ ᠬᠠᠮᠲᠤᠷᠠᠨ ᠡᠷᠭᠢᠯᠡᠬᠦ᠂ ᠪᠠᠩᠬᠢ ᠶᠢᠨ ᠦᠨᠡᠮᠯᠡᠯ ᠢᠶᠠᠷ ᠬᠤᠯᠪᠤᠭᠠᠯᠠᠨ ᠡᠷᠭᠢᠯᠡᠬᠦ᠂ ᠭᠡᠷᠡᠴᠢ ᠦᠨᠡᠮᠯᠡᠯ ᠢ ᠬᠠᠮᠲᠤᠷᠠᠨ ᠡᠷᠭᠢᠯᠡᠬᠦ︾ ᠥᠭᠡᠷᠡᠴᠢᠯᠡᠯᠲᠡ ᠶᠢ ᠬᠡᠷᠡᠭᠵᠢᠭᠦᠯᠵᠦ᠂ ᠺᠣᠮᠫᠠᠨᠢ ᠶᠢᠨ 1 ᠠᠵᠢᠯᠯᠠᠬᠤ ᠡᠳᠦᠷ ᠤᠨ ᠳᠣᠲᠣᠷ᠎ᠠ ᠭᠦᠢᠴᠡᠳᠬᠡᠬᠦ ᠶᠢ ᠲᠥᠬᠦᠮ ᠬᠦᠴᠦᠨ ᠦᠭᠡᠢ ᠪᠣᠯᠭᠠᠵᠤ᠂ ᠭᠡᠷᠡᠴᠢ ᠦᠨᠡᠮᠯᠡᠯ ᠢ ᠬᠦᠴᠦᠨ ᠦᠭᠡᠢ ᠪᠣᠯᠭᠠᠬᠤ ᠶᠢ ᠰᠠᠯᠠᠭ᠎ᠠ ᠮᠥᠴᠢᠷ ᠠᠯᠤᠰᠯᠠᠨ ᠨᠢᠭᠡ ᠯᠡ ᠤᠳᠠᠭ᠎ᠠ ᠳᠤ ᠭᠦᠢᠴᠡᠳᠬᠡᠬᠦ ᠶᠢ ᠪᠡᠶᠡᠯᠡᠭᠦᠯᠦᠨ᠎ᠡ᠃ ᠬᠤᠶᠠᠷ ᠲᠤ᠂ ︽ᠦᠨᠡᠮᠯᠡᠯ ᠪᠠ ᠭᠡᠷᠡᠴᠢ ᠶᠢ ᠰᠠᠯᠭᠠᠬᠤ︾ ᠥᠭᠡᠷᠡᠴᠢᠯᠡᠯᠲᠡ ᠶᠢᠨ ᠠᠵᠢᠯ ᠢ ᠪᠦᠬᠦ ᠬᠦᠴᠦᠨ ᠢᠶᠠᠷ ᠢᠶᠠᠨ ᠬᠡᠷᠡᠭᠵᠢᠭᠦᠯᠦᠨ᠎ᠡ᠃ ︽ᠦᠨᠡᠮᠯᠡᠯ︾᠂ ︽ᠦᠨᠡᠮᠯᠡᠯ︾ ᠤᠨ ᠴᠢᠳᠠᠮᠵᠢ ᠶᠢ ᠪᠦᠲᠦᠮᠵᠢᠲᠡᠶ ᠪᠠᠷ ᠢᠯᠭᠠᠵᠤ᠂ ᠬᠢᠨᠠᠨ ᠵᠥᠪᠰᠢᠶᠡᠷᠡᠵᠦ ᠦᠨᠡᠮᠯᠡᠯ ᠣᠯᠭᠤᠬᠤ ᠶᠢ ᠠᠯᠢ ᠴᠢᠳᠠᠬᠤ ᠪᠠᠷ ᠪᠠᠭᠠᠰᠬᠠᠵᠤ᠂ ᠠᠵᠤ ᠠᠬᠤᠶᠢᠯᠠᠯ ᠤᠨ ᠦᠨᠡᠮᠯᠡᠯ ᠠᠪᠬᠤ ᠳᠤ ᠬᠡᠷᠡᠭᠰᠡᠬᠦ ᠴᠠᠭ ᠢ ᠪᠣᠭᠤᠨᠢᠰᠬᠠᠨ᠎ᠠ᠃ ︽ᠨᠢᠭᠡ ᠯᠡ ᠤᠳᠠᠭ᠎ᠠ ᠳᠤ ᠭᠦᠢᠴᠡᠳᠬᠡᠬᠦ︾ ᠦᠢᠯᠡᠴᠢᠯᠡᠭᠡᠨ ᠤ ᠵᠠᠭᠪᠤᠷ ᠢ ᠬᠡᠷᠡᠭᠵᠢᠭᠦᠯᠵᠦ᠂ ᠡᠵᠡᠩᠨᠡᠯᠲᠡ ᠶᠢᠨ ᠦᠨᠡᠮᠯᠡᠯ ᠪᠠ ᠵᠥᠪᠰᠢᠶᠡᠷᠡᠯ ᠤᠨ ᠦᠨᠡᠮᠯᠡᠯ ᠢ ᠣᠷᠭᠠᠨᠢᠭ ᠢᠶᠠᠷ ᠡᠮᠬᠢᠯᠡᠨ ᠨᠡᠶᠢᠯᠡᠭᠦᠯᠬᠦ ᠶᠢ ᠲᠦᠷᠭᠡᠳᠬᠡᠨ ᠪᠡᠶᠡᠯᠡᠭᠦᠯᠵᠦ᠂ ᠦᠨᠡᠮᠯᠡᠯ ᠤᠨ ᠬᠠᠮᠲᠤᠷᠠᠨ ᠬᠢᠨᠠᠵᠤ ᠬᠠᠮᠲᠤᠷᠠᠨ ᠭᠦᠢᠴᠡᠳᠬᠡᠬᠦ ᠶᠢ ᠪᠡᠶᠡᠯᠡᠭᠦᠯᠦᠨ᠎ᠡ᠃ ᠭᠤᠷᠪᠠ ᠳᠤ᠂ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠠᠵᠢᠯ ᠢ ᠴᠢᠩᠭᠠᠳᠬᠠᠨ᠎ᠠ᠃ ᠰᠠᠶᠢᠬᠠᠨ ᠲᠣᠭᠤᠷᠢᠭ ᠨᠢ ᠪᠥᠬᠦ ᠬᠤᠲᠠ ᠶᠢᠨ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠲᠤᠷᠰᠢᠯᠲᠠ ᠶᠢᠨ ᠭᠠᠵᠠᠷ ᠣᠷᠣᠨ ᠪᠣᠯᠤᠭᠰᠠᠨ ᠤ ᠬᠤᠪᠢ ᠳᠤ᠂ ᠲᠣᠭᠤᠷᠢᠭ ᠤᠨ ᠲᠣᠰ ᠱᠠᠲᠤ ᠨᠢ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠵᠦᠢᠯᠡᠰ ᠢ 1098 ᠵᠦᠢᠯ ᠪᠡᠶᠡᠯᠡᠭᠦᠯᠵᠦ᠂ ︽ᠪᠥᠬᠦ ᠶᠠᠪᠤᠴᠠ ᠶᠢ ᠰᠦᠯᠵᠢᠶ᠎ᠡ ᠪᠠᠷ ᠭᠦᠢᠴᠡᠳᠬᠡᠬᠦ︾ ᠵᠦᠢᠯᠡᠰ ᠢ 1097 ᠵᠦᠢᠯ ᠪᠡᠶᠡᠯᠡᠭᠦᠯᠵᠦ᠂ ᠪᠥᠬᠦ ᠶᠠᠪᠤᠴᠠ ᠶᠢ ᠰᠦᠯᠵᠢᠶ᠎ᠡ ᠪᠠᠷ ᠭᠦᠢᠴᠡᠳᠬᠡᠬᠦ ︵Ⅳ ᠲᠠᠰ︶ ᠶᠢᠨ ᠬᠠᠷᠢᠴᠠᠯ ᠨᠢ 99.28% ᠪᠠᠶᠢᠵᠤ᠂ ᠳᠠᠷᠤᠢ ᠭᠦᠢᠴᠡᠳᠬᠡᠭᠰᠡᠨ ᠵᠦᠢᠯ ᠤᠨ ᠬᠠᠷᠢᠴᠠᠯ ᠤᠨ ᠨᠣᠷᠮ᠎ᠠ ᠨᠢ 59.35 % ᠳᠤ ᠬᠦᠷᠴᠡᠢ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ᠠᠯᠠᠭᠠᠨ ᠳᠡᠭᠡᠷ᠎ᠡ ᠭᠦᠢᠴᠡᠳᠬᠡᠬᠦ︾ ᠶᠢ ᠠᠬᠢᠭᠤᠯᠵᠤ᠂ ᠣᠳᠣᠬᠠᠨ ᠳᠤ ᠨᠡᠶᠢᠲᠡ 948 ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ᠮᠥᠩᠬᠡ ᠰᠤᠪᠠᠭ︾ ᠢᠶᠠᠷ ᠳᠠᠮᠵᠢᠭᠤᠯᠤᠨ ᠠᠯᠠᠭᠠᠨ ᠳᠡᠭᠡᠷ᠎ᠡ ᠭᠦᠢᠴᠡᠳᠬᠡᠬᠦ ᠶᠢ ᠪᠡᠶᠡᠯᠡᠭᠦᠯᠵᠦ᠂ 85.25% ᠶᠢ ᠡᠵᠡᠯᠡᠵᠦ ᠪᠣᠯᠣᠨ᠎ᠠ᠃ ᠳᠥᠷᠪᠡ ᠳᠤ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠨᠠᠷᠢᠨ ᠬᠠᠭᠤᠳᠠᠰᠤ ᠶᠢᠨ ᠬᠠᠮᠢᠶᠠᠷᠤᠯᠲᠠ ᠶᠢᠨ ᠲᠠᠯ᠎ᠠ ᠪᠠᠷ᠂ ︽ᠰᠠᠶᠢᠬᠠᠨ ᠲᠣᠭᠤᠷᠢᠭ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ︵2023 ᠣᠨ ᠤ ᠬᠡᠪᠯᠡᠯ︶︾ ᠶᠢ ᠨᠠᠶᠢᠷᠠᠭᠤᠯᠤᠨ ᠲᠠᠷᠬᠠᠭᠠᠵᠤ᠂ ᠵᠠᠰᠠᠭ ᠵᠠᠬᠢᠷᠭᠠᠨ ᠤ ᠡᠷᠬᠡ ᠶᠢᠨ ᠵᠢᠷᠤᠮᠵᠢᠯ ᠲᠠᠢ ᠠᠵᠢᠯᠯᠠᠭᠠᠨ ᠢ ᠦᠨᠡᠨ ᠬᠦ ᠠᠬᠢᠭᠤᠯᠪᠠ᠃      ︵ᠬᠤᠶᠠᠷ︶ᠵᠠᠰᠠᠭ ᠢ ᠴᠤᠮᠬᠠᠳᠬᠠᠵᠤ ᠡᠷᠬᠡ ᠶᠢ ᠲᠠᠯᠪᠢᠬᠤ ᠶᠢ ᠲᠠᠰᠤᠷᠠᠯᠲᠠ ᠦᠭᠡᠢ ᠠᠬᠢᠭᠤᠯᠪᠠ            ᠡᠷᠬᠡ ᠬᠠᠷᠢᠭᠤᠴᠠᠯᠭ᠎ᠠ ᠶᠢᠨ ᠲᠣᠳᠣᠷᠬᠠᠢ ᠬᠠᠭᠤᠳᠠᠰᠤ ᠶᠢ 3973 ᠵᠦᠢᠯ ᠬᠥᠳᠡᠯᠦᠩᠭᠦᠢ ᠪᠠᠷ ᠲᠣᠬᠢᠷᠠᠭᠤᠯᠪᠠ᠂ ᠡᠭᠦᠨ ᠳᠤ ᠭᠤᠶᠤᠴᠢᠯᠠᠭᠰᠠᠨ ᠵᠢᠷᠭᠤᠭᠠᠨ ᠲᠥᠷᠥᠯ ᠤᠨ ᠡᠷᠬᠡ ᠶᠢᠨ ᠵᠦᠢᠯᠡᠰ 302 ᠵᠦᠢᠯ ᠪᠠᠶᠢᠵᠤ᠂ ᠡᠷᠬᠡ ᠲᠤᠰᠢᠶᠠᠯ ᠤᠨ ᠶᠣᠰᠣᠭᠠᠷ 3671 ᠵᠦᠢᠯ ᠪᠠᠶᠢᠨ᠎ᠠ︔ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ 274 ᠵᠦᠢᠯ ᠢ ᠡᠮᠬᠢᠯᠡᠪᠡ᠃ ᠬᠤᠲᠠ ᠶᠢᠨ ᠱᠠᠲᠤᠨ ᠤ ᠡᠯ᠎ᠡ ᠰᠠᠯᠠᠭ᠎ᠠ ᠮᠥᠴᠢᠷ ᠤᠨ ᠪᠠᠭᠤᠯᠭᠠᠭᠰᠠᠨ 92 ᠵᠦᠢᠯ ᠤᠨ ᠭᠠᠳᠠᠨᠠᠬᠢ ᠵᠦᠢᠯᠡᠰ ᠢ ᠰᠠᠨᠠᠭᠠᠴᠢᠯᠠᠭ᠎ᠠ ᠠᠴᠠ ᠪᠠᠨ ᠬᠦᠯᠢᠶᠡᠨ ᠠᠪᠴᠤ᠂ ᠡᠷᠬᠡ ᠶᠢ ᠬᠠᠰᠤᠵᠤ ᠵᠠᠰᠠᠭ ᠵᠠᠬᠢᠷᠭᠠᠨ ᠤ ᠡᠷᠬᠡ ᠶᠢᠨ ᠬᠦᠴᠦᠨ ᠵᠢᠴᠢ ᠣᠯᠠᠨ ᠨᠡᠶᠢᠲᠡ ᠶᠢᠨ ᠦᠢᠯᠡᠴᠢᠯᠡᠭᠡᠨ ᠤ 77 ᠵᠦᠢᠯ ᠢ ᠡᠷᠬᠡ ᠶᠢ ᠳᠣᠷᠣᠭᠰᠢ ᠪᠠᠭᠤᠯᠭᠠᠵᠤ᠂ ᠡᠷᠬᠡ ᠶᠢ ᠬᠠᠰᠤᠵᠤ ᠡᠷᠬᠡ ᠶᠢ ᠲᠠᠯᠪᠢᠬᠤ ︽ᠠᠯᠲᠠᠨ ᠤ ᠠᠭᠤᠯᠤᠭᠳᠠᠴᠠ︾ ᠶᠢ ᠦᠨᠡᠨᠬᠦ ᠳᠡᠭᠡᠭᠰᠢᠯᠡᠭᠦᠯᠪᠡ᠃      ᠭᠤᠷᠪᠠ᠂ ᠰᠠᠶᠢᠨ ᠬᠠᠤᠯᠢ ᠪᠠᠷ ᠰᠠᠶᠢᠲᠤᠷ ᠵᠠᠰᠠᠬᠤ ᠶᠢ ᠪᠠᠷᠢᠮᠲᠠᠯᠠᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠳᠦᠷᠢᠮ ᠤᠨ ᠰᠢᠰᠲ᠋ᠧᠮ ᠢ ᠨᠡᠩ ᠲᠡᠭᠦᠯᠳᠡᠷᠵᠢᠭᠦᠯᠦᠨ᠎ᠡ            ︵ᠨᠢᠭᠡ︶ᠰᠢᠨᠵᠢᠯᠡᠬᠦ ᠤᠬᠠᠭᠠᠨᠴᠢ ᠠᠷᠠᠳᠴᠢᠯᠠᠯ ᠢᠶᠠᠷ ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠪᠠᠷᠢᠮᠲᠠᠯᠠᠨ᠎ᠠ᠃           ᠨᠢᠭᠡ ᠳᠤ᠂ ᠳᠡᠭᠡᠷ᠎ᠡ ᠵᠢᠯ ᠤᠨ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠦᠢᠯᠡᠰ ᠤᠨ ᠭᠠᠷᠴᠠᠭ ᠢ ᠨᠠᠶᠢᠷᠠᠭᠤᠯᠤᠨ ᠵᠣᠬᠢᠶᠠᠵᠤ ᠨᠡᠶᠢᠲᠡᠯᠡᠪᠡ᠃ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠰᠢᠢᠳᠪᠦᠷᠢᠲᠦ ᠪᠣᠳᠣᠯᠭ᠎ᠠ ᠶᠢ ᠳᠠᠭᠠᠭᠠᠨ ᠠᠪᠴᠤ ᠭᠦᠢᠴᠡᠳᠬᠡᠬᠦ ᠨᠢᠭᠡᠴᠡ ᠶᠢᠨ ᠬᠠᠩᠭᠠᠭᠰᠠᠨ ᠮᠠᠲ᠋ᠧᠷᠢᠶᠠᠯ ᠳᠤ ᠬᠠᠤᠯᠢ ᠲᠣᠭᠲᠠᠭᠠᠯ ᠶᠣᠰᠣᠭᠠᠷ ᠬᠠᠤᠯᠢ ᠶᠣᠰᠣᠨ ᠤ ᠴᠢᠨᠠᠷᠲᠠᠢ ᠬᠢᠨᠠᠨ ᠪᠠᠶᠢᠴᠠᠭᠠᠯᠲᠠ ᠬᠢᠨ᠎ᠡ᠃ ᠬᠤᠶᠠᠷ ᠲᠤ᠂ ᠲᠤᠰᠬᠠᠢ ᠮᠡᠷᠭᠡᠵᠢᠯᠲᠡᠨ ᠢᠶᠠᠷ ᠨᠤᠲᠠᠯᠠᠭᠤᠯᠬᠤ ᠪᠠ ᠠᠶᠤᠯ ᠲᠦᠭᠰᠢᠭᠦᠷᠢ ᠶᠢ ᠦᠨᠡᠯᠡᠨ ᠵᠢᠱᠢᠬᠦ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠳᠠᠭᠠᠭᠠᠵᠤ ᠭᠦᠢᠴᠡᠳᠬᠡᠬᠦ ᠨᠢᠭᠡᠴᠡ ᠶᠢᠨ ᠲᠤᠰᠬᠠᠢ ᠮᠡᠷᠭᠡᠵᠢᠯ ᠤᠨ ᠴᠢᠨᠠᠷ᠂ ᠮᠡᠷᠭᠡᠵᠢᠯ ᠤᠨ ᠴᠢᠨᠠᠷ ᠢᠶᠠᠷ ᠨᠡᠯᠢᠶᠡᠳ ᠴᠢᠩᠭ᠎ᠠ ᠰᠢᠢᠳᠪᠦᠷᠢᠲᠦ ᠪᠣᠳᠣᠯᠭ᠎ᠠ ᠶᠢᠨ ᠵᠦᠢᠯᠡᠰ ᠲᠤ ᠲᠤᠰᠬᠠᠢ ᠮᠡᠷᠭᠡᠵᠢᠯᠲᠡᠨ᠂ ᠲᠤᠰᠬᠠᠢ ᠪᠠᠶᠢᠭᠤᠯᠤᠮᠵᠢ ᠶᠢ ᠢᠳᠡᠪᠬᠢᠲᠡᠢ ᠵᠣᠬᠢᠶᠠᠨ ᠪᠠᠶᠢᠭᠤᠯᠤᠨ ᠨᠤᠲᠠᠯᠠᠯᠲᠠ ᠬᠢᠬᠦ ᠶᠢ ᠠᠬᠢᠭᠤᠯᠬᠤ ᠬᠡᠷᠡᠭᠲᠡᠢ᠃ ᠭᠤᠷᠪᠠ ᠳᠤ ᠬᠠᠤᠯᠢ ᠴᠠᠭᠠᠵᠠ ᠶᠢᠨ ᠵᠥᠪᠯᠡᠭᠴᠢ᠂ ᠠᠯᠪᠠᠨ ᠲᠤᠰᠢᠶᠠᠯᠲᠤ ᠬᠠᠤᠯᠢᠴᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠬᠤ ᠶᠢ ᠠᠬᠢᠭᠤᠯᠤᠨ᠎ᠠ᠃ ᠪᠦᠬᠦ ᠲᠣᠭᠤᠷᠢᠭ ᠤᠨ ᠨᠠᠮ ᠵᠠᠰᠠᠭ ᠤᠨ ᠪᠠᠶᠢᠭᠤᠯᠭ᠎ᠠ ᠶᠢᠨ ᠡᠯ᠎ᠡ ᠰᠠᠯᠠᠭ᠎ᠠ ᠮᠥᠴᠢᠷ ᠤᠳ ᠬᠠᠤᠯᠢ ᠴᠠᠭᠠᠵᠠ ᠶᠢᠨ ᠵᠥᠪᠯᠡᠭᠴᠢ ᠤᠷᠢᠵᠤ ᠬᠡᠷᠡᠭᠯᠡᠬᠦ ᠶᠢ ᠪᠦᠬᠦᠨ ᠢ ᠬᠠᠮᠤᠷᠴᠤ᠂ ᠳᠠᠩᠰᠠᠯᠠᠭᠤᠯᠤᠭᠰᠠᠨ ᠠᠯᠪᠠᠨ ᠲᠤᠰᠢᠶᠠᠯᠲᠤ ᠬᠠᠤᠯᠢᠴᠢ 6 ᠬᠥᠮᠥᠨ ᠪᠠᠶᠢᠵᠤ᠂ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠲᠥᠷᠥᠯ ᠵᠦᠢᠯ ᠤᠨ ᠭᠡᠷ᠎ᠡ ᠲᠣᠭᠲᠠᠬᠤ ᠵᠡᠷᠭᠡ ᠳᠤ 200 ᠭᠠᠷᠤᠢ ᠬᠠᠤᠯᠢ ᠴᠠᠭᠠᠵᠠ ᠶᠢᠨ ᠰᠠᠨᠠᠯ ᠬᠠᠩᠭᠠᠪᠠ᠃           ︵ᠬᠤᠶᠠᠷ︶ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ          ᠨᠢᠭᠡ ᠳᠤ᠂ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠬᠠᠷᠭᠤᠭᠤᠯᠬᠤ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ︽ᠬᠥᠬᠡᠬᠤᠲᠠ ᠶᠢᠨ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠠᠵᠢᠯ ᠤᠨ ᠲᠣᠭᠲᠠᠭᠠᠯ︾ ᠢ ᠲᠣᠭᠲᠠᠭᠠᠵᠤ᠂ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠣᠭᠲᠠᠭᠠᠬᠤ ᠭᠤᠣᠯ ᠴᠣᠭᠴᠠ ᠶᠢ ᠲᠣᠳᠣᠷᠬᠠᠶᠢᠯᠠᠵᠤ᠂ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠣᠭᠲᠠᠭᠠᠬᠤ ᠪᠠ ᠬᠢᠨᠠᠨ ᠬᠠᠷᠭᠤᠭᠤᠯᠬᠤ ᠲᠠᠰ ᠳᠠᠷᠠᠭᠠᠯᠠᠯ ᠢ ᠴᠢᠩᠭ᠎ᠠ ᠭᠦᠢᠴᠡᠳᠬᠡᠪᠡ᠃ ᠬᠤᠶᠠᠷ ᠲᠤ ︽ᠬᠤᠣᠰ ᠬᠢᠨᠠᠯᠲᠠ︾ ᠶᠢᠨ ᠳᠦᠷᠢᠮ ᠢ ᠪᠠᠷᠢᠮᠲᠠᠯᠠᠨ᠎ᠠ᠂ ᠲᠤᠬᠠᠶᠢᠯᠠᠪᠠᠯ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠣᠭᠲᠠᠭᠠᠬᠤ ᠨᠢᠭᠡᠴᠢ ᠪᠠ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠶᠢᠨ ᠳᠠᠪᠬᠤᠷ ᠬᠢᠨᠠᠨ ᠪᠠᠶᠢᠴᠠᠭᠠᠯᠲᠠ ᠬᠢᠵᠦ᠂ ᠬᠡᠯᠪᠡᠷᠢ ᠶᠢᠨ ᠬᠢᠨᠠᠨ ᠪᠠᠶᠢᠴᠠᠭᠠᠯᠲᠠ ᠪᠠ ᠲᠤᠰᠬᠠᠢ ᠮᠡᠷᠭᠡᠵᠢᠯ ᠤᠨ ᠬᠢᠨᠠᠨ ᠪᠠᠶᠢᠴᠠᠭᠠᠯᠲᠠ ᠶᠢ ᠬᠠᠷᠢᠯᠴᠠᠨ ᠤᠶᠠᠯᠳᠤᠭᠤᠯᠤᠨ᠎ᠠ᠃ ᠭᠤᠷᠪᠠ ᠳᠤ᠂ ᠳᠠᠩᠰᠠᠯᠠᠭᠤᠯᠬᠤ ᠠᠵᠢᠯ ᠤᠨ ᠵᠢᠷᠤᠮᠵᠢᠭᠤᠯᠤᠯᠲᠠ ᠶᠢ ᠴᠢᠩᠭᠠᠳᠬᠠᠵᠤ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠣᠯᠣᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠮᠡᠳᠡᠭᠦᠯᠦᠨ ᠳᠠᠩᠰᠠᠯᠠᠭᠤᠯᠤᠭᠰᠠᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠳᠡᠩᠰᠡᠯᠡᠨ ᠲᠡᠮᠳᠡᠭᠯᠡᠵᠦ᠂ ᠳᠠᠩᠰᠠᠯᠠᠭᠤᠯᠤᠭᠰᠠᠨ ᠮᠡᠳᠡᠭᠦᠯᠦᠯᠲᠡ ᠶᠢᠨ ᠵᠠᠭᠪᠤᠷ ᠪᠣᠯᠣᠨ ᠲᠣᠭᠲᠠᠭᠠᠭᠰᠠᠨ ᠲᠣᠳᠣᠷᠬᠠᠶᠢᠯᠠᠯᠲᠠ ᠵᠡᠷᠭᠡ ᠳᠠᠩᠰᠠᠯᠠᠭᠤᠯᠬᠤ ᠮᠠᠲ᠋ᠧᠷᠢᠶᠠᠯ ᠤᠨ ᠠᠭᠤᠯᠭ᠎ᠠ ᠶᠢᠨ ᠬᠡᠪ ᠵᠠᠭᠪᠤᠷ ᠢ ᠨᠢᠭᠡᠳᠦᠯᠲᠡᠢ ᠪᠣᠯᠭᠠᠵᠤ᠂ ᠳᠡᠩᠰᠡᠯᠡᠵᠦ ᠬᠢᠨᠠᠨ ᠪᠠᠶᠢᠴᠠᠭᠠᠬᠤ ᠡᠬᠡ ᠲᠠᠩᠰᠠ ᠶᠢᠨ ᠮᠠᠲ᠋ᠧᠷᠢᠶᠠᠯ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠪᠠ᠃      ᠳᠥᠷᠪᠡ᠂ ᠳᠦᠷᠢᠮ ᠤᠨ ᠰᠢᠰᠲ᠋ᠧᠮ ᠢ ᠲᠡᠭᠦᠯᠳᠡᠷᠵᠢᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠪᠠᠶᠢᠭᠤᠯᠤᠯᠲᠠ ᠶᠢ ᠭᠦᠨᠵᠡᠭᠡᠢ ᠠᠬᠢᠭᠤᠯᠪᠠ᠃        ︵ᠨᠢᠭᠡ︶ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠲᠠᠰᠤᠷᠠᠯᠲᠠ ᠦᠭᠡᠢ ᠴᠢᠩᠭᠡᠳ᠋ᠭᠠᠨ᠎ᠠ᠃           ᠨᠢᠭᠡ ᠳᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠷᠪᠠᠨ ᠵᠦᠢᠯ ᠤᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠬᠠᠤᠯᠢ ᠬᠡᠷᠡᠭᠵᠢᠭᠦᠯᠬᠦ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠭᠰᠡᠨ ᠬᠡᠷᠡᠭ ᠤᠨ ᠡᠪᠬᠡᠮᠡᠯ ᠢ ᠦᠨᠡᠯᠡᠨ ᠪᠠᠶᠢᠴᠠᠭᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠥᠬᠦ ᠲᠣᠭᠤᠷᠢᠭ ᠤᠨ ᠡᠯ᠎ᠡ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠭ᠎ᠠ ᠶᠢᠨ 2022 ᠣᠨ ᠠᠴᠠ ᠨᠠᠰᠢ ᠭᠠᠷᠭᠠᠭᠰᠠᠨ ᠵᠠᠰᠠᠭ ᠵᠠᠬᠢᠷᠭᠠᠨ ᠤ ᠰᠢᠳᠬᠡᠯ ᠤᠨ ᠬᠡᠷᠡᠭ ᠢ 132 ᠬᠤᠪᠢ ᠲᠣᠬᠢᠶᠠᠯᠳᠤᠯ ᠢᠶᠠᠷ ᠰᠣᠩᠭᠤᠨ ᠠᠪᠤᠭᠠᠳ ᠪᠥᠬᠦ ᠲᠠᠯ᠎ᠠ ᠪᠠᠷ ᠦᠨᠡᠯᠡᠨ ᠪᠠᠶᠢᠴᠠᠭᠠᠨ᠎ᠠ᠃ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠣᠲᠣ ᠪᠣᠯᠲᠠᠯ᠎ᠠ 125 ᠵᠦᠢᠯ ᠤᠨ ᠲᠣᠭᠤᠷᠢᠭ ᠤᠨ ᠲᠣᠰ ᠱᠠᠲᠤᠨ ᠤ ᠪᠢᠴᠢᠭ ᠮᠠᠲ᠋ᠧᠷᠢᠶᠠᠯ ᠳᠤ ᠤᠷᠢᠳᠠᠴᠢ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠬᠢᠭᠰᠡᠨ ᠪᠥᠭᠡᠳ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠭᠰᠠᠨ ᠰᠠᠨᠠᠯ ᠤᠨ ᠪᠢᠴᠢᠭ ᠭᠠᠷᠭᠠᠵᠠᠢ᠃ ᠬᠤᠶᠠᠷ ᠲᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠦᠨᠡᠮᠯᠡᠯ ᠢᠶᠠᠷ ᠠᠵᠢᠯ ᠤᠨ ᠪᠠᠶᠢᠷᠢ ᠳᠤ ᠭᠠᠷᠬᠤ ᠪᠠ ᠬᠢᠷᠢ ᠭᠡᠮ ᠤᠨ ᠬᠠᠮᠢᠶᠠᠷᠤᠯᠲᠠ ᠶᠢᠨ ᠳᠦᠷᠢᠮ  ᠢ ᠪᠦᠬᠦ ᠲᠠᠯ᠎ᠠ ᠪᠠᠷ ᠬᠡᠷᠡᠭᠵᠢᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠬᠢᠷᠢ ᠭᠡᠮ ᠤᠨ ᠰᠢᠯᠭᠠᠯᠲᠠ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠢᠨ᠎ᠡ ᠬᠡᠪᠯᠡᠯ ᠤᠨ ᠦᠨᠡᠮᠯᠡᠯ ᠵᠢᠴᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢᠨ ᠬᠢᠨᠠᠯᠲᠠ ᠲᠠᠯᠪᠢᠬᠤ ᠦᠨᠡᠮᠯᠡᠯ  ᠢ ᠰᠣᠯᠢᠵᠤ ᠣᠯᠭᠤᠬᠤ ᠠᠵᠢᠯ  ᠢ ᠵᠣᠬᠢᠶᠠᠨ ᠪᠠᠶᠢᠭᠤᠯᠤᠨ ᠥᠷᠨᠢᠭᠦᠯᠬᠦ ᠶᠢᠨ ᠬᠠᠮᠲᠤ᠂ ᠪᠤᠴᠠᠭᠠᠵᠤ ᠠᠪᠬᠤ ᠠᠵᠢᠯᠲᠠᠨ ᠤ ᠬᠢᠷᠢ ᠭᠡᠮ  ᠢ ᠬᠦᠴᠦᠨ ᠦᠭᠡᠢ ᠪᠣᠯᠭᠠᠬᠤ᠂ ᠬᠦᠴᠦᠨ ᠦᠭᠡᠢ ᠪᠣᠯᠭᠠᠵᠤ ᠡᠭᠡᠭᠦᠯᠦᠨ ᠠᠪᠴᠢᠷᠠᠬᠤ ᠵᠡᠷᠭᠡ ᠦᠨᠡᠮᠯᠡᠯ ᠤᠨ ᠬᠠᠮᠢᠶᠠᠷᠤᠯᠲᠠ ᠶᠢᠨ ᠠᠵᠢᠯ  ᠢ ᠰᠠᠶᠢᠲᠤᠷ ᠬᠢᠬᠦ ᠬᠡᠷᠡᠭᠲᠡᠢ᠃      ︵ᠬᠤᠶᠠᠷ︶ᠵᠠᠮ ᠬᠠᠷᠢᠯᠴᠠᠭᠠᠨ ᠤ ᠠᠮᠤᠷ ᠲᠦᠪᠱᠢᠨ ᠪᠣᠯᠣᠨ ᠵᠠᠮ ᠲᠡᠭᠡᠭᠡᠪᠦᠷᠢ ᠶᠢᠨ ᠬᠠᠤᠯᠢ ᠬᠡᠷᠡᠭᠵᠢᠭᠦᠯᠬᠦ ᠬᠦᠷᠢᠶ᠎ᠡ ᠶᠢ ᠲᠤᠰᠭᠠᠢ ᠵᠦᠢᠯ ᠢᠶᠠᠷ ᠴᠡᠭᠴᠡᠯᠡᠨ ᠵᠠᠰᠠᠬᠤ ᠶᠢ ᠲᠦᠯᠬᠢᠨ ᠠᠬᠢᠭᠤᠯᠤᠨ᠎ᠠ            ᠨᠢᠭᠡ ᠳᠤ᠂ ᠵᠣᠬᠢᠶᠠᠨ ᠪᠠᠶᠢᠭᠤᠯᠤᠯᠲᠠ ᠶᠢᠨ ᠨᠢᠭᠡᠳᠦᠯᠲᠡᠢ ᠲᠥᠯᠦᠪᠵᠢᠭᠦᠯᠭᠡ ᠶᠢ ᠴᠢᠩᠭᠠᠳᠬᠠᠨ᠎ᠠ᠃ ᠲᠤᠰᠬᠠᠢ ᠲᠥᠰᠥᠯ ᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ᠲᠤᠰᠬᠠᠢ ᠴᠡᠭᠴᠡᠯᠡᠨ ᠵᠠᠰᠠᠬᠤ ᠠᠵᠢᠯ ᠢ ᠠᠬᠢᠭᠤᠯᠬᠤ ᠬᠤᠷᠠᠯ ᠢ ᠬᠤᠷᠠᠯᠳᠤᠭᠤᠯᠵᠤ᠂ ᠤᠳᠤᠷᠢᠳᠬᠤ ᠳᠤᠭᠤᠶᠢᠯᠠᠩ᠂ ᠠᠵᠢᠯ ᠤᠨ ᠲᠤᠰᠬᠠᠢ ᠠᠩᠭᠢ ᠶᠢ ᠪᠠᠶᠢᠭᠤᠯᠪᠠ᠃ ᠬᠤᠶᠠᠷ ᠲᠤ᠂ ᠤᠬᠠᠭᠤᠯᠭ᠎ᠠ ᠶᠢ ᠥᠷᠭᠡᠨ ᠢᠶᠠᠷ ᠥᠷᠨᠢᠭᠦᠯᠵᠦ᠂ ᠲᠤᠰᠬᠠᠢ ᠠᠵᠢᠯᠯᠠᠭ᠎ᠠ ᠶᠢ ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠦᠨ᠂ ᠠᠰᠠᠭᠤᠳᠠᠯ ᠤᠨ ᠰᠦᠪᠡᠭᠴᠢ ᠶᠢ ᠢᠯᠡ ᠪᠠᠷ ᠴᠤᠭᠯᠠᠭᠤᠯᠬᠤ ᠬᠡᠷᠡᠭᠲᠡᠢ᠃ ᠭᠤᠷᠪᠠ ᠳᠤ᠂ ᠵᠠᠰᠠᠭ ᠵᠠᠬᠢᠷᠭᠠᠨ ᠤ ᠰᠢᠢᠳᠬᠡᠯ ᠤᠨ ᠬᠡᠷᠡᠭ ᠤᠨ ᠡᠪᠬᠡᠮᠡᠯ ᠢ ᠦᠨᠡᠯᠡᠨ ᠪᠠᠶᠢᠴᠠᠭᠠᠬᠤ ᠠᠵᠢᠯᠯᠠᠭ᠎ᠠ ᠶᠢ ᠥᠷᠨᠢᠭᠦᠯᠪᠡ᠃ ᠲᠣᠭᠤᠷᠢᠭ ᠤᠨ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠤᠨ ᠬᠠᠤᠯᠢ ᠬᠡᠷᠡᠭᠵᠢᠭᠦᠯᠬᠦ ᠲᠣᠪᠣᠶᠢᠮ᠎ᠠ ᠠᠰᠠᠭᠤᠳᠠᠯ ᠢ ᠶᠡᠬᠡᠪᠡᠷ ᠵᠢᠭᠰᠠᠭᠠᠨ ᠪᠠᠶᠢᠴᠠᠭᠠᠬᠤ ᠶᠢ ᠠᠬᠢᠭᠤᠯᠵᠤ᠂ ᠲᠣᠰ ᠭᠠᠵᠠᠷ ᠣᠷᠣᠨ ᠲᠣᠰ ᠰᠢᠰᠲ᠋ᠧᠮ ᠤᠨ ᠲᠣᠪᠣᠶᠢᠮ᠎ᠠ ᠠᠰᠠᠭᠤᠳᠠᠯ ᠢ ᠭᠦᠨᠵᠡᠭᠡᠢ ᠪᠠᠶᠢᠴᠠᠭᠠᠨ ᠡᠷᠢᠬᠦ ᠶᠢ ᠠᠬᠢᠭᠤᠯᠤᠨ᠎ᠠ᠃            ᠲᠠᠪᠤ᠂ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠪᠦᠲᠦᠮᠵᠢᠲᠡᠶ ᠪᠠᠷ ᠠᠷᠢᠯᠭᠠᠵᠤ᠂ ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠮᠵᠢ ᠶᠢ ᠦᠷᠭᠦᠯᠵᠢᠯᠡᠨ ᠨᠡᠮᠡᠭᠳᠡᠭᠦᠯᠬᠦ ᠶᠢ ᠲᠦᠯᠬᠢᠨ ᠠᠬᠢᠭᠤᠯᠤᠨ᠎ᠠ      ︵ᠨᠢᠭᠡ︶ᠡᠬᠢ ᠡᠭᠦᠰᠦᠯ ᠠᠴᠠ ᠨᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠬᠤ ᠬᠡᠷᠡᠭᠲᠡᠢ᠃            ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠮᠠᠨ ᠤ ᠲᠣᠭᠤᠷᠢᠭ ᠨᠡᠶᠢᠲᠡ 247 ᠡᠶᠡᠳᠡᠭᠦᠯᠬᠦ ᠵᠣᠬᠢᠶᠠᠨ ᠪᠠᠶᠢᠭᠤᠯᠤᠯᠲᠠ᠂ 721 ᠡᠶᠡᠳᠡᠭᠦᠯᠦᠭᠴᠢ ᠪᠠᠶᠢᠭᠤᠯᠵᠤ᠂ ᠰᠠᠷ᠎ᠠ ᠪᠦᠷᠢ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠵᠦ᠂ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠲᠣᠰᠬᠤᠨ ︵ᠰᠠᠭᠤᠭᠠᠯᠢ ᠠᠷᠠᠳ︶ ᠤ ᠵᠥᠪᠯᠡᠯ ᠤᠨ ᠠᠷᠠᠳ ᠤᠨ ᠡᠶᠡᠳᠡᠭᠦᠯᠬᠦ ᠵᠥᠪᠯᠡᠯ ᠤᠨ ᠭᠤᠷᠪᠠᠨ ᠱᠠᠲᠤᠨ ᠤ ᠲᠣᠣᠷ ᠰᠦᠯᠵᠢᠶ᠎ᠡ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠪᠡ᠃ ᠪᠠᠶᠠᠨᠬᠠᠤᠯᠢ ᠴᠠᠭᠠᠵᠠ ᠶᠢᠨ ᠰᠠᠯᠪᠤᠷᠢ ᠶᠢ︽ᠯᠢᠦ ᠤᠳᠠ ᠠᠷᠠᠳ ᠤᠨ ᠡᠶᠡᠳᠡᠭᠦᠯᠭᠡ ᠶᠢᠨ ᠲᠠᠰᠤᠭ︾᠂ ᠵᠤᠤ ᠤᠳᠠ ᠵᠠᠮ ᠤᠨ ᠬᠠᠤᠯᠢ ᠴᠠᠭᠠᠵᠠ ᠶᠢᠨ ᠰᠠᠯᠪᠤᠷᠢ︾ ᠶᠢ ᠪᠠᠶᠢᠭᠤᠯᠵᠤ᠂︽ᠪᠠᠭ᠎ᠠ ᠶᠠᠪᠤᠳᠠᠯ ᠢ ᠲᠣᠰᠬᠤᠨ ᠠᠴᠠ ᠭᠠᠷᠭᠠᠬᠤ ᠦᠭᠡᠢ᠂ ᠶᠡᠭᠡ ᠶᠠᠪᠤᠳᠠᠯ ᠢ ᠪᠠᠯᠭᠠᠰᠤᠨ ᠠᠴᠠ ᠭᠠᠷᠭᠠᠬᠤ ᠦᠭᠡᠢ᠂ ᠵᠥᠷᠢᠴᠡᠯ ᠢ ᠳᠡᠭᠡᠭᠰᠢ ᠲᠤᠰᠢᠶᠠᠬᠤ ᠦᠭᠡᠢ︾ ᠪᠠᠶᠢᠬᠤ ᠶᠢ ᠴᠢᠷᠮᠠᠶᠢᠨ ᠪᠡᠶᠡᠯᠡᠭᠦᠯᠪᠡ︔ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ 1 ᠲᠥᠪ᠂ 12 ᠥᠷᠲᠡᠭᠡ᠂ 211 ᠲᠠᠰᠤᠭ ᠤᠨ ᠪᠠᠶᠢᠭᠤᠯᠤᠯᠲᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠬᠤᠯᠪᠣᠭᠳᠠᠯ ᠪᠦᠬᠦᠢ ᠳᠦᠷᠢᠮ ᠢ ᠰᠢᠨᠡᠳᠬᠡᠵᠦ᠂ ᠠᠵᠢᠯ ᠤᠨ ᠡᠩᠨᠡᠭᠡ ᠶᠢ ᠲᠡᠭᠦᠯᠳᠡᠷᠵᠢᠭᠦᠯᠪᠡ᠃ ᠪᠥᠬᠦ ᠲᠣᠭᠤᠷᠢᠭ ᠤᠨ 68 ᠨᠡᠷ᠎ᠡ ᠳᠠᠩᠰᠠᠯᠠᠭᠤᠯᠤᠭᠰᠠᠨ ᠬᠠᠤᠯᠢᠴᠢ ᠨᠢ ᠬᠠᠤᠯᠢ ᠴᠠᠭᠠᠵᠠ ᠶᠢᠨ ᠬᠠᠪᠰᠤᠷᠤᠯᠴᠠᠭ᠎ᠠ ᠪᠠᠶᠢᠭᠤᠯᠤᠨ ᠬᠠᠪᠰᠤᠷᠤᠨ ᠲᠡᠳᠬᠦᠬᠦ᠂ ︽ᠮᠢᠩᠭᠠᠨ ᠬᠠᠤᠯᠢᠴᠢ ᠶᠢ ᠬᠥᠳᠡᠭᠡ ᠲᠣᠰᠬᠤᠨ ᠳᠤ ᠣᠷᠣᠭᠤᠯᠬᠤ︾ ᠵᠡᠷᠭᠡ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠪᠡ᠃ ᠣᠲᠣ ᠪᠣᠯᠲᠠᠯ᠎ᠠ᠂ ᠪᠥᠬᠦ ᠲᠣᠭᠤᠷᠢᠭ ᠤᠨ ᠭᠤᠷᠪᠠᠨ ᠱᠠᠲᠤᠨ ᠤ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠪᠣᠳᠠᠲᠤ ᠴᠣᠭᠴᠠ ᠶᠢᠨ ᠲᠠᠪᠴᠠᠩ ᠨᠢ ᠬᠠᠤᠯᠢ ᠴᠠᠭᠠᠵᠠ ᠶᠢᠨ ᠯᠠᠪᠯᠠᠭ᠎ᠠ ᠳᠤ ᠨᠡᠶᠢᠲᠡ 1278 ᠬᠥᠮᠥᠨ ᠤᠳᠠᠭ᠎ᠠ ᠬᠠᠷᠢᠭᠤᠯᠲᠠ ᠥᠭᠴᠦ᠂ 91 ᠬᠤᠪᠢ ᠠᠯᠪᠠᠨ ᠭᠡᠷᠡᠴᠢᠯᠡᠭᠡ ᠬᠢᠵᠦ᠂ ᠡᠯ᠎ᠡ ᠲᠥᠷᠥᠯ ᠤᠨ ᠵᠢᠭᠤᠷᠠᠯᠳᠤᠭᠠᠨ ᠢ 505 ᠬᠤᠪᠢ ᠡᠶᠡᠳᠡᠭᠦᠯᠦᠨ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠡᠯ᠎ᠡ ᠲᠥᠷᠥᠯ ᠤᠨ ᠬᠠᠤᠯᠢ ᠪᠠᠷ ᠵᠠᠰᠠᠬᠤ ᠲᠠᠶᠢᠯᠤᠮᠵᠢ ᠶᠢ 40 ᠲᠠᠯᠠᠪᠤᠷ ᠤᠳᠠᠭ᠎ᠠ ᠬᠢᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠵᠡᠷᠭᠡ ᠳᠤ 90 ᠤᠳᠠᠭ᠎ᠠ ᠬᠠᠤᠯᠢ ᠪᠠᠷ ᠵᠠᠰᠠᠬᠤ ᠪᠡᠶ᠎ᠡ ᠶᠢᠨ ᠪᠠᠶᠢᠴᠠᠭᠠᠯᠲᠠ ᠥᠷᠨᠢᠭᠦᠯᠪᠡ᠃      ︵ᠬᠤᠶᠠᠷ︶ᠵᠠᠰᠠᠭ ᠵᠠᠬᠢᠷᠭᠠᠨ ᠤ ᠳᠡᠬᠢᠨ ᠵᠥᠪᠯᠡᠵᠦ ᠵᠠᠰᠠᠭ ᠵᠠᠬᠢᠷᠭᠠᠨ ᠤ ᠮᠠᠷᠭᠤᠯᠳᠤᠭᠠᠨ ᠢ ᠠᠷᠢᠯᠭᠠᠬᠤ ᠭᠤᠣᠯ ᠠᠷᠭ᠎ᠠ ᠵᠠᠮ ᠤᠨ ᠦᠢᠯᠡᠳᠦᠯ ᠢ ᠪᠦᠲᠦᠮᠵᠢᠲᠡᠢ ᠪᠠᠳᠠᠷᠠᠭᠤᠯᠤᠨ᠎ᠠ᠃            ᠰᠠᠶᠢᠬᠠᠨ ᠲᠣᠭᠤᠷᠢᠭ ᠤᠨ ᠵᠠᠰᠠᠭ ᠵᠠᠬᠢᠷᠭᠠᠨ ᠤ ᠳᠠᠬᠢᠨ ᠵᠥᠪᠯᠡᠬᠦ ᠵᠥᠪᠯᠡᠯ ᠢ ᠪᠠᠶᠢᠭᠤᠯᠵᠤ᠂ ᠪᠦᠬᠦ ᠬᠤᠲᠠ ᠶᠢᠨ ᠠᠩᠬᠠᠳᠠᠭᠴᠢ ᠵᠠᠰᠠᠭ ᠵᠠᠬᠢᠷᠭᠠᠨ ᠤ ᠳᠠᠬᠢᠨ ᠵᠥᠪᠯᠡᠬᠦ ︽ᠳᠥᠷᠪᠡᠨ ᠲᠠᠰᠤᠭ ᠢ ᠰᠠᠯᠭᠠᠬᠤ︾ ᠪᠠᠷᠢᠮᠵᠢᠶᠠᠵᠢᠭᠰᠠᠨ ᠪᠦᠲᠦᠭᠡᠨ ᠪᠠᠶᠢᠭᠤᠯᠤᠯᠲᠠ ᠶᠢᠨ ᠭᠠᠵᠠᠷ ᠣᠷᠣᠨ ᠢ ᠪᠠᠶᠢᠭᠤᠯᠤᠨ᠎ᠠ᠃ 2021 ᠣᠨ ᠤ 1 ᠳ᠋ᠦ᠋ᠭᠡᠷ ᠰᠠᠷ᠎ᠠ ᠶᠢᠨ ᠲᠤᠷᠰᠢᠯᠲᠠ ᠶᠢᠨ ᠠᠵᠢᠯ ᠢ ᠥᠷᠨᠢᠭᠦᠯᠦᠭᠰᠡᠨ ᠠᠴᠠ ᠣᠲᠣ ᠪᠣᠯᠲᠠᠯ᠎ᠠ᠂ ᠨᠡᠶᠢᠲᠡ 181 ᠵᠠᠰᠠᠭ ᠵᠠᠬᠢᠷᠭᠠᠨ ᠤ ᠳᠠᠬᠢᠨ ᠵᠥᠪᠯᠡᠬᠦ ᠬᠡᠷᠡᠭ ᠢ ᠭᠥᠯᠢᠶᠡᠨ ᠠᠪᠴᠤ᠂ 170 ᠬᠡᠷᠡᠭ ᠢ ᠰᠢᠭᠦᠨ ᠳᠠᠭᠤᠰᠬᠠᠪᠠ᠃ ᠡᠯ᠎ᠡ ᠬᠠᠤᠯᠢ ᠴᠠᠭᠠᠵᠠ ᠶᠢᠨ ᠭᠠᠵᠠᠷ ᠲᠤ ᠣᠷᠣᠯᠠᠨ ᠭᠦᠢᠴᠡᠳᠬᠡᠬᠦ ᠴᠡᠭ ᠪᠠᠶᠢᠭᠤᠯᠵᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠣᠷᠣᠯᠠᠨ ᠭᠦᠢᠴᠡᠳᠬᠡᠬᠦ ᠴᠡᠭ ᠢ ᠪᠦᠷᠢᠨ ᠪᠦᠷᠬᠦᠭᠦᠯᠬᠦ ᠶᠢ ᠪᠡᠶᠡᠯᠡᠭᠦᠯᠦᠨ᠎ᠡ᠃ ︽ᠭᠠᠷᠠᠭ ᠤᠨ ᠰᠠᠨᠠᠭᠤᠯᠤᠮᠵᠢ︾᠂ ︽ᠰᠠᠷ᠎ᠠ ᠶᠢᠨ ᠮᠡᠳᠡᠭᠡᠯᠡᠯ︾ ᠤᠨ ᠳᠦᠷᠢᠮ ᠢ ᠬᠡᠷᠡᠭᠵᠢᠭᠦᠯᠵᠦ᠂ 3 ᠵᠢᠯ ᠳᠠᠷᠠᠭᠠᠯᠠᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠵᠤ ᠵᠠᠷᠭᠤ ᠬᠦᠯᠢᠶᠡᠬᠦ ᠨᠣᠷᠮ᠎ᠠ ᠶᠢ 100% ᠳᠤ ᠬᠦᠷᠦᠭᠦᠯᠦᠨ᠎ᠡ᠃      ︵ᠭᠤᠷᠪᠠ︶ᠬᠠᠤᠯᠢ ᠪᠠᠷ ᠵᠠᠰᠠᠬᠤ ᠤᠬᠠᠭᠤᠯᠭ᠎ᠠ ᠶᠢᠨ ᠰᠢᠨ᠎ᠡ ᠰᠢᠪᠲᠤᠯᠤᠯᠲᠠ ᠶᠢ ᠪᠡᠶᠡᠯᠡᠭᠦᠯᠬᠦ ᠬᠡᠷᠡᠭᠲᠡᠢ          ᠬᠤᠷᠴᠠ ᠴᠢᠳᠠᠮᠠᠭᠠᠢ ᠬᠦᠴᠦᠨ ᠢ ᠲᠠᠲᠠᠵᠤ᠂ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ ᠠᠵᠢᠯ ᠤᠨ ᠭᠤᠣᠯᠯᠠᠭᠴᠢ ᠡᠩᠨᠡᠭᠡ ᠶᠢ ᠵᠣᠬᠢᠶᠠᠨ ᠪᠠᠶᠢᠭᠤᠯᠵᠤ᠂ ᠬᠠᠤᠯᠢ ᠲᠦᠭᠡᠮᠡᠯᠵᠢᠭᠦᠯᠬᠦ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢ ᠪᠠᠶᠢᠭᠤᠯᠤᠨ᠂ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠯᠧᠺᠲ᠋ᠣᠷ ᠤᠨ ᠪᠦᠯᠬᠦᠮ ᠢ ᠪᠠᠶᠢᠭᠤᠯᠵᠤ᠂ ᠬᠥᠳᠡᠭᠡ ᠲᠣᠰᠬᠤᠨ ︵ᠨᠡᠶᠢᠭᠡᠮ ᠲᠣᠭᠤᠷᠢᠭ︶ ᠤ ︽ᠬᠠᠤᠯᠢ ᠴᠠᠭᠠᠵᠠ ᠶᠢᠨ ᠮᠡᠷᠭᠡᠨ ᠬᠥᠮᠥᠨ︾ ᠢ ᠬᠥᠮᠥᠵᠢᠭᠦᠯᠵᠦ᠂ ᠴᠢᠬᠤᠯᠠ ᠣᠨᠴᠠᠭᠠᠶ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠠᠰᠢᠭᠯᠠᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠬᠠᠤᠯᠢ ᠲᠦᠭᠡᠮᠡᠯᠵᠢᠭᠦᠯᠬᠦ ᠰᠢᠨ᠎ᠡ ᠪᠠᠶᠢᠷᠢᠰᠢᠯ ᠢ ᠪᠣᠶ ᠪᠣᠯᠭᠠᠨ᠎ᠠ︔ ︽ᠰᠠᠶᠢᠬᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠬᠢᠭᠡᠳ ᠰᠠᠶᠢᠬᠠᠨ ᠲᠣᠭᠤᠷᠢᠭ ᠤᠨ ᠤᠯᠠᠭᠠᠨᠮᠥ᠋ᠴᠢᠷ ︽ᠬᠠᠤᠯᠢ ᠪᠠᠷ ᠵᠠᠰᠠᠬᠤ ᠤᠯᠠᠭᠠᠨᠮᠥ᠋ᠴᠢᠷ︾ ᠤᠨ ᠨᠠᠷᠠᠲᠤ ᠲᠡᠮᠳᠡᠭᠲᠦ ᠶᠢ ᠬᠠᠮᠲᠤ ᠪᠠᠷ ᠪᠠᠶᠢᠭᠤᠯᠬᠤ ᠬᠠᠮᠲᠤᠷᠠᠯᠴᠠᠭᠠᠨ ᠤ ᠰᠠᠨᠠᠮᠵᠢ ᠶᠢᠨ ᠪᠢᠴᠢᠭ︾ ᠲᠤ ᠭᠠᠷ ᠤᠨ ᠥᠰᠥᠭ ᠵᠢᠷᠤᠵᠤ᠂ ᠬᠠᠤᠯᠢ ᠪᠠᠷ ᠵᠠᠰᠠᠬᠤ ᠤᠬᠠᠭᠤᠯᠭ᠎ᠠ ᠬᠢᠭᠡᠳ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠶᠢ ᠠᠭᠤᠰᠤᠯᠴᠠᠭᠤᠯᠤᠨ᠂ ︽ᠬᠠᠤᠯᠢ ᠪᠠᠷ ᠵᠠᠰᠠᠬᠤ ᠤᠯᠠᠭᠠᠨᠮᠥ᠋ᠴᠢᠷ︾ ᠭᠡᠬᠦ ᠡᠨᠡ ᠬᠦ ᠨᠠᠷᠠᠲᠤ ᠲᠡᠮᠳᠡᠭᠲᠦ ᠶᠢ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ︽ᠠᠯᠲᠠᠨ ᠦᠰᠦᠭᠲᠦ ᠫᠠᠶᠢᠰᠠ︾ ᠪᠣᠯᠭᠠᠬᠤ ᠶᠢ ᠠᠬᠢᠭᠤᠯᠪᠠ᠃          ᠮᠠᠨ ᠤ ᠲᠣᠭᠤᠷᠢᠭ ᠤᠨ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠠᠵᠢᠯ ᠢᠳᠡᠪᠬᠢᠲᠡᠢ ᠦᠷ᠎ᠡ ᠪᠦᠲᠦᠮᠵᠢ ᠣᠯᠣᠭᠰᠠᠨ ᠪᠣᠯᠪᠠᠴᠤ ᠮᠥᠨ ᠬᠦ ᠠᠰᠠᠭᠤᠳᠠᠯ ᠵᠢᠴᠢ ᠬᠦᠷᠦᠯᠴᠡᠬᠦ ᠦᠭᠡᠢ ᠲᠠᠯ᠎ᠠ ᠣᠷᠣᠰᠢᠵᠤ ᠪᠠᠶᠢᠨ᠎ᠠ᠄ ᠨᠢᠭᠡ ᠳᠤ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠬᠠᠤᠯᠢ ᠪᠠᠷ ᠵᠠᠰᠠᠬᠤ ᠰᠡᠳᠬᠢᠬᠦᠢ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢᠶᠠᠷ ᠵᠥᠷᠢᠴᠡᠯ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ᠃ ᠬᠤᠶᠠᠷ ᠲᠤ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠨᠢ ᠨᠠᠶᠢᠳᠠᠪᠤᠷᠢᠵᠢᠭᠤᠯᠤᠯᠲᠠ ᠶᠢ ᠴᠢᠩᠭᠠᠳᠬᠠᠬᠤ ᠴᠢᠬᠤᠯᠠᠲᠠᠢ ᠪᠠᠶᠢᠨ᠎ᠠ᠃ ᠭᠤᠷᠪᠠ ᠳᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠨᠢᠭᠡᠴᠢ ᠳᠤ ᠬᠠᠤᠯᠢ ᠬᠡᠷᠡᠭᠵᠢᠭᠦᠯᠦᠭᠰᠡᠨ ᠨᠢ ᠵᠢᠷᠤᠮᠵᠢᠯ ᠦᠭᠡᠢ ᠪᠠ ᠬᠠᠤᠯᠢ ᠬᠡᠷᠡᠭᠵᠢᠭᠦᠯᠬᠦ ᠪᠣᠯᠪᠠᠰᠤᠷᠠᠭᠤᠯᠤᠯ ᠤᠨ ᠡᠷᠴᠢᠮ ᠨᠢ ᠬᠦᠷᠦᠯᠴᠡᠬᠦ ᠦᠭᠡᠢ ᠵᠡᠷᠭᠡ ᠠᠰᠠᠭᠤᠳᠠᠯ ᠣᠷᠣᠰᠢᠵᠤ ᠪᠠᠶᠢᠨ᠎ᠠ᠃ 2024 ᠣᠨ ᠳᠤ᠂ ᠮᠠᠨ ᠤ ᠲᠣᠭᠤᠷᠢᠭ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠦᠷᠭᠦᠯᠵᠢᠯᠡᠨ ᠪᠣᠳᠠᠲᠠᠢ ᠠᠳᠬᠤᠵᠤ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠦᠷᠢᠮ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠴᠢᠩᠭ᠎ᠠ ᠵᠢᠷᠤᠮᠵᠢᠭᠤᠯᠬᠤ ᠲᠠᠯ᠎ᠠ ᠪᠠᠷ ᠲᠠᠰᠤᠷᠠᠯᠲᠠ ᠦᠭᠡᠢ ᠰᠡᠳᠬᠢᠯ ᠲᠠᠯᠪᠢᠨ ᠬᠦᠴᠦ ᠣᠷᠣᠭᠤᠯᠵᠤ᠂ ᠠᠮᠤᠷ ᠠᠮᠤᠭᠤᠯᠠᠩ ᠰᠠᠶᠢᠬᠠᠨ᠂ᠬᠠᠤᠯᠢᠵᠢᠯ ᠤᠨ ᠰᠠᠶᠢᠬᠠᠨ ᠪᠠᠶᠢᠭᠤᠯᠤᠯᠲᠠ ᠶᠢ ᠲᠠᠬᠢᠨ ᠰᠢᠨ᠎ᠡ ᠱᠠᠲᠤᠨ ᠳᠤ ᠭᠠᠷᠭᠠᠵᠤ᠂ ᠲᠠᠬᠢᠨ ᠰᠢᠨ᠎ᠡ ᠲᠦᠪᠰᠢᠨ ᠳᠤ ᠭᠠᠷᠭᠠᠬᠤ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ ᠭᠡᠵᠡᠢ᠃            ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ  ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号