ᠬᠥᠬᠡᠬᠤᠲᠠ ᠶᠢᠨ ᠰᠢᠨ᠎ᠡ ᠤᠨ ᠢ ᠤᠭᠳᠤᠬᠤ ᠠᠷᠠᠳ ᠲᠤ ᠠᠰᠢᠭ ᠬᠦᠷᠲᠡᠭᠡᠬᠦ ᠬᠡᠷᠡᠭᠯᠡᠭᠡᠨ ᠤ ᠤᠯᠠᠷᠢᠯ ᠤᠨ ᠠᠵᠢᠯᠯᠠᠭ᠎ᠠ ᠬᠦᠭᠵᠢᠶᠠᠨᠳᠡᠢ ᠶᠠᠪᠤᠭᠳᠠᠵᠤ ᠪᠤᠢ
ᠨᠡᠶᠢᠲᠡᠯᠡᠭᠰᠡᠨ ᠴᠠᠭ᠄
2024/1/26
     ︽ᠵᠤᠭ᠎ᠠ ᠴᠡᠩᠭᠡᠯᠳᠦ ᠬᠡᠷᠡᠭᠯᠡᠭᠡ · ᠬᠥᠬᠡᠬᠤᠲᠠ ᠶᠢᠨ 2024 ᠣᠨ ᠤ ᠰᠢᠨ᠎ᠡ ᠣᠨ ᠢᠶᠠᠨ ᠤᠭᠳᠤᠬᠤ ᠠᠷᠠᠳ ᠲᠤ ᠠᠰᠢᠭ ᠬᠦᠷᠲᠡᠭᠡᠬᠦ ᠬᠡᠷᠡᠭᠯᠡᠭᠡᠨ ᠤ  ᠤᠯᠠᠷᠢᠯ︾ ᠤᠨ ᠠᠵᠢᠯᠯᠠᠭ᠎ᠠ 2023 ᠤᠨ ᠤ 12 ᠰᠠᠷ᠎ᠠ ᠶᠢᠨ 22 ᠤᠨ ᠡᠳᠦᠷ ᠡᠬᠢᠯᠡᠵᠦ᠂ ᠪᠥᠬᠦ ᠬᠤᠲᠠ ᠶᠢᠨ ᠠᠷᠠᠳ ᠤᠨ ᠥᠯᠵᠡᠶ ᠪᠡᠯᠭᠡ ᠲᠠᠢ ᠰᠢᠨ᠎ᠠ  ᠵᠢᠯ ᠴᠠᠭᠠᠨ ᠰᠠᠷ᠎ᠠ ᠪᠠᠨ ᠪᠠᠶᠠᠷ ᠬᠥᠷ ᠲᠠᠢ ᠥᠩᠭᠡᠷᠡᠭᠦᠯᠬᠦ ᠳᠤ ᠵᠤᠷᠢᠭᠤᠯᠤᠨ᠂ ᠠᠷᠠᠳ ᠲᠤ ᠠᠰᠢᠭ ᠬᠦᠷᠲᠡᠭᠡᠬᠦ ᠬᠡᠷᠡᠭᠯᠡᠭᠡᠨ ᠤ ᠲᠡᠮᠳᠡᠭᠲᠦ ᠲᠠᠷᠬᠠᠭᠠᠬᠤ᠂ 8  ᠭᠤᠤᠯ ᠰᠡᠳᠦᠪᠲᠦ ᠠᠵᠢᠯᠯᠠᠭ᠎ᠠ ᠪᠠ ᠤᠯᠠᠨ ᠲᠠᠯᠠᠪᠤᠷ ᠭᠠᠵᠠᠷ ᠣᠷᠣᠨ ᠤ ᠤᠨᠴᠠᠯᠢᠬᠳᠤ ᠠᠵᠢᠯᠯᠠᠭ᠎ᠠ ᠦᠷᠨᠢᠬᠦᠯᠬᠦ ᠪᠠᠷ ᠪᠠᠶᠢᠨ᠎ᠠ᠃            ᠣᠶᠢᠯᠠᠭᠠᠭᠰᠠᠨ ᠢᠶᠠᠷ᠂ ᠬᠦᠬᠡᠬᠤᠳᠠ 2023 ᠣᠨ ᠤ 12 ᠰᠠᠷ᠎ᠠ ᠶᠢᠨ 23 ᠠᠴᠠ 2024 ᠣᠨ ᠤ 2 ᠰᠠᠷ᠎ᠠ ᠶᠢᠨ 24 ᠤ ᠡᠳᠦᠷ ᠪᠤᠯᠳᠠᠯ᠎ᠠ᠂  ᠵᠠᠰᠠᠭ ᠤᠨ ᠣᠷᠳᠣᠨ᠂ ᠬᠤᠳᠠᠯᠳᠤᠭᠠᠴᠢᠨ᠂ ᠪᠠᠩᠬᠢ ᠬᠠᠮᠲᠤᠷᠠᠨ ᠪᠠᠯᠠ ᠮᠦᠩᠬᠦ ᠭᠠᠷᠭᠠᠨ ᠰᠢᠨ᠎ᠡ ᠤᠨ᠂ ᠴᠠᠭᠠᠨ ᠰᠠᠷ᠎ᠠ᠂ ᠥᠯᠵᠡᠶᠢᠲᠦ ᠪᠠᠶᠠᠷ ᠵᠡᠷᠭᠡ  ᠪᠠᠶᠠᠷ ᠤᠨ ᠡᠳᠦᠷ ᠢᠶᠠᠷ ᠵᠠᠩᠭᠢᠯᠠᠭ᠎ᠠ ᠪᠣᠯᠭᠠᠵᠤ᠂ ᠭᠤᠤᠯᠳᠠᠭᠤ ᠪᠦᠷᠢᠨ ᠪᠠᠷᠠᠭ᠎ᠠ᠂ ᠢᠳᠡᠭᠡᠨ ᠤᠮᠳᠠᠭᠠᠨ ᠪᠠ ᠬᠡᠷ ᠤᠨ ᠴᠠᠬᠢᠯᠭᠠᠨ ᠬᠡᠷᠡᠭᠰᠡᠯ ᠵᠡᠷᠭᠡ ᠬᠡᠷᠡᠭᠯᠡᠭᠡᠨ ᠤ  ᠬᠦᠷᠢᠶᠡᠨ ᠳᠤ 3 ᠡᠭᠡᠯᠵᠢ ᠶᠢᠨ ᠬᠡᠷᠡᠭᠯᠡᠬᠡᠨ ᠤ ᠳᠡᠮᠳᠡᠭᠳᠦ ᠲᠠᠷᠬᠠᠭᠠᠨ᠎ᠠ︔ 2023 ᠤᠨ ᠤ 12 ᠰᠠᠷ᠎ᠠ ᠶᠢᠨ 22 ᠠᠴᠠ 2024 ᠤᠨ ᠤ 2 ᠰᠠᠷ᠎ᠠ ᠶᠢᠨ  29 ᠪᠤᠯᠳᠠᠯ᠎ᠠ᠂ ︽ᠤᠮᠠᠷᠠᠲᠤ ᠬᠢᠯᠢ ᠶᠢᠨ ᠦᠳᠡᠰᠢ ᠶᠢᠨ ᠬᠢᠯᠪᠠᠭ᠎ᠠ · ᠰᠢᠨᠬᠤᠸᠠ ᠠᠭᠤᠳᠠᠮ ᠲᠠᠯᠠᠪᠠᠶ ᠳᠤ ᠰᠢᠨ᠎ᠡ ᠤᠨ ᠢᠶᠠᠨ ᠤᠭᠲᠤᠬᠤ︾ ᠭᠤᠤᠯ ᠰᠡᠳᠦᠪᠲᠦ  ᠬᠡᠷᠡᠭᠯᠡᠭᠡ ᠶᠢ ᠠᠬᠢᠭᠤᠯᠬᠤ ᠰᠢᠷᠢᠰ ᠠᠵᠢᠯᠯᠠᠭ᠎ᠠ᠂ ︽ᠰᠡᠳᠭᠢᠯ ᠳᠣᠭᠳᠣᠯᠤᠭᠤᠯᠤᠭᠰᠠᠨ ᠬᠥᠬᠡᠬᠤᠲᠠ · ᠴᠤᠤᠷᠢᠶ᠎ᠠ ᠳᠠᠪᠴᠠᠩ ᠤᠨ ᠰᠢᠷᠢᠰ ᠠᠵᠢᠯᠯᠠᠭ᠎ᠠ︾᠂ ︽2024 · ᠥᠪᠥᠷ ᠮᠣᠩᠭᠤᠯ ᠤᠨ ᠬᠤᠨᠢᠨ ᠮᠢᠬ᠎ᠠ ᠶᠢᠨ ᠬᠤᠳᠠᠯᠳᠤᠭ᠎ᠠ︾᠂ ︽2024 · ᠵᠠᠭᠤᠨ ᠠᠵᠤ ᠠᠬᠤᠶᠢᠯᠠᠯ ᠮᠢᠩᠭᠠᠨ ᠳᠡᠯᠭᠡᠭᠦᠷ ᠲᠣᠮᠣ  ᠬᠡᠪᠴᠢᠶᠡᠨ ᠤ ᠪᠣᠷᠣᠯᠠᠭᠤᠯᠭ᠎ᠠ ᠬᠢᠬᠦ︾᠂ ︽2024 · ᠰᠦᠯᠵᠢᠶᠡᠨ ᠳᠠᠬᠢ ᠬᠥᠬᠡᠬᠤᠲᠠ ᠶᠢᠨ ᠰᠢᠨ᠎ᠠ ᠶᠢᠨ ᠪᠠᠷᠠᠭ᠎ᠠ︾᠂ ︽ᠳᠣᠯᠣᠳᠤᠭᠠᠷ ᠬᠤᠭᠤᠴᠠᠭᠠᠨ ᠤ  ᠬᠥᠬᠡᠬᠤᠲᠠ ᠶᠢᠨ ᠰᠢᠨ᠎ᠠ ᠶᠢᠨ ᠪᠠᠷᠠᠭ᠎ᠠ ᠶᠢᠨ ᠦᠵᠡᠰᠭᠦᠯᠡᠩ︾᠂ ︽2024 · ᠬᠥᠬᠡᠬᠤᠲᠠ ᠶᠢᠨ ᠴᠠᠭᠠᠨ ᠰᠠᠷ᠎ᠠ ᠶᠢᠨ ᠠᠮᠲᠠᠲᠤ ᠢᠳᠡᠭᠡ︾᠂ ︽ᠳᠣᠯᠣᠳᠤᠭᠠᠷ  ᠬᠤᠭᠤᠴᠠᠭᠠᠨ ᠤ ᠥᠪᠥᠷ ᠮᠣᠩᠭᠤᠯ ᠤᠨ ᠪᠣᠳᠠᠰ ᠤᠨ ᠪᠤᠰᠤ ᠰᠣᠶᠣᠯ ᠤᠨ ᠥᠪ ᠤᠨ ᠰᠢᠨ᠎ᠠ ᠶᠢᠨ ᠪᠠᠷᠠᠭ᠎ᠠ︾ ᠵᠡᠷᠭᠡ ᠶᠡᠭᠡ 8 ᠠᠵᠢᠯᠯᠠᠭ᠎ᠠ ᠶᠠᠪᠤᠭᠳᠠᠭᠤᠯᠬᠤ  ᠪᠤᠯᠤᠨ᠎ᠠ᠃            ᠬᠦᠬᠡᠬᠤᠳᠠ ᠶᠢᠨ ᠡᠯ᠎ᠡ ᠬᠤᠰᠢᠭᠤ ᠰᠢᠶᠠᠨ ᠲᠣᠭᠤᠷᠢᠭ ᠨᠢ ᠰᠢᠨ᠎ᠡ ᠤᠨ᠂ ᠴᠠᠭᠠᠨ ᠰᠠᠷ᠎ᠠ ᠪᠠ ᠥᠯᠵᠡᠶᠢᠲᠦ ᠪᠠᠶᠠᠷ ᠤᠨ ᠬᠤᠭᠤᠴᠠᠭᠠᠨ ᠳᠤ  ᠬᠤᠳᠠᠯᠳᠤᠭᠠᠨ ᠤ ᠲᠣᠭᠤᠷᠢᠭ᠂ ᠣᠨᠴᠠᠯᠢᠭᠲᠤ ᠵᠡᠭᠡᠯᠢ ᠲᠣᠭᠤᠷᠢᠭ᠂ ᠦᠵᠡᠮᠵᠢ ᠶᠢᠨ ᠣᠷᠣᠨ᠂ ᠰᠣᠶᠣᠯ ᠲᠠᠮᠢᠷ ᠵᠤᠭ᠎ᠠ ᠴᠡᠩᠭᠡᠯ᠂ ᠰᠦᠯᠵᠢᠶᠡᠨ ᠤ ᠬᠠᠯᠠᠮᠰᠢᠯ  ᠭᠠᠵᠠᠷ ᠲᠤ ᠰᠣᠶᠣᠯ ᠵᠢᠭᠤᠯᠴᠢᠯᠠᠯ ᠪᠠ ᠬᠤᠳᠠᠯᠳᠤᠭᠠᠨ ᠤ ᠭᠦᠨᠵᠡᠭᠡᠶ ᠠᠭᠤᠰᠤᠯᠴᠠᠯ ᠢ ᠠᠬᠢᠭᠤᠯᠵᠤ᠂ ᠤᠨᠴᠠᠯᠢᠬᠳᠦ ᠬᠤᠳᠠᠯᠳᠤᠭᠠᠨ ᠤ ᠲᠤᠭᠤᠷᠢᠭ᠂  ᠣᠨᠴᠠᠯᠢᠭᠲᠤ ᠵᠡᠭᠡᠯᠢ᠂ ᠦᠳᠡᠰᠢ ᠶᠢᠨ ᠵᠢᠭᠤᠯᠴᠢᠯᠠᠯ᠂ ᠴᠠᠭ ᠤᠨ ᠦᠩᠭᠡᠳᠦ ᠴᠡᠩᠬᠡᠬᠦᠨ᠂ ᠮᠥᠰᠥ ᠴᠠᠰᠤᠨ ᠤ ᠬᠥᠳᠡᠯᠭᠡᠭᠡᠨ ᠵᠡᠷᠭᠡ ᠣᠯᠠᠨ ᠡᠰᠢᠵᠢᠭᠰᠡᠨ ᠭᠠᠵᠠᠷ  ᠣᠷᠣᠨ ᠤ ᠣᠨᠴᠠᠯᠢᠭᠲᠤ ᠰᠢᠷᠢᠰ ᠠᠵᠢᠯᠯᠠᠭ᠎ᠠ ᠦᠷᠨᠢᠬᠦᠯᠵᠦ᠂ ᠤᠯᠠᠨ ᠲᠦᠮᠡᠨ ᠳᠤ ᠢᠳᠡᠭᠡᠨ ᠤᠮᠳᠠᠭᠠᠨ ᠨᠠᠭᠠᠳᠤᠮ ᠴᠡᠩᠭᠡᠬᠦᠨ ᠤ ᠦᠪᠡᠳᠡᠭᠰᠢ ᠨᠠᠶᠢᠷ ᠢ  ᠡᠳ᠋ᠯᠡᠭᠦᠯᠬᠦ ᠪᠠᠷ ᠪᠤᠢ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号