ᠮᠠᠨ ᠤ ᠤᠯᠤᠰ ᠤᠨ 5G ᠰᠦᠯᠵᠢᠶᠡᠨ ᠤ ᠰᠠᠭᠤᠷᠢ ᠥᠷᠲᠡᠭᠡᠨ ᠤ ᠲᠤᠭ᠎ᠠ 337.7 ᠲᠦᠮᠡ ᠳᠤ ᠬᠦᠷᠴᠡᠢ
ᠨᠡᠶᠢᠲᠡᠯᠡᠭᠰᠡᠨ ᠴᠠᠭ᠄
2024/1/26
       ᠠᠵᠤ ᠦᠢᠯᠡᠳᠪᠦᠷᠢ ᠪᠣᠯᠣᠨ ᠴᠢᠮᠡᠭᠡ ᠵᠠᠩᠭᠢᠴᠢᠯᠠᠯᠲᠠ ᠶᠢᠨ ᠶᠠᠮᠤᠨ ᠤ ᠰᠡᠬᠦᠯ ᠤᠨ ᠦᠶ᠎ᠡ ᠳᠤ ᠨᠡᠶᠢᠲᠡᠯᠡᠭᠰᠡᠨ ᠲᠤᠭ᠎ᠠ ᠪᠠᠷᠢᠮᠲᠠ ᠠᠴᠠ ᠦᠵᠡᠪᠡᠯ᠂ 2023 ᠣᠨ ᠤ ᠰᠡᠭᠦᠯᠴᠢ ᠪᠤᠯᠳᠠᠯ᠎ᠠ ᠮᠠᠨ ᠤ ᠤᠯᠤᠰ 5G ᠰᠦᠯᠵᠢᠶᠡᠨ ᠤ ᠰᠠᠭᠤᠷᠢ ᠥᠷᠳᠡᠭᠡ ᠶᠢ ᠨᠡᠶᠢᠳᠡ 337 ᠲᠦᠮᠡ 7000 ᠰᠠᠭᠤᠷᠢ ᠪᠠᠶᠢᠭᠤᠯᠵᠤ᠂ GBE ᠤᠨ ᠰᠦᠯᠵᠢᠶᠡᠨ ᠤ ᠦᠢᠯᠡᠴᠢᠯᠡᠭᠡ ᠬᠠᠩᠭᠠᠬᠤ ᠴᠢᠳᠠᠪᠤᠷᠢ ᠲᠠᠢ ᠰᠦᠯᠵᠢᠶᠡᠨ ᠤ ᠦᠵᠦᠭᠦᠷ ᠤᠨ ᠲᠤᠭ᠎ᠠ 2302 ᠲᠦᠮᠡ ᠳᠤ ᠬᠥᠷᠥᠭᠰᠡᠨ ᠪᠠᠶᠢᠨ᠎ᠠ᠃ ᠪᠥᠬᠦ ᠤᠯᠤᠰ ᠤᠨ ᠵᠠᠰᠠᠭ ᠵᠠᠬᠢᠷᠭᠠᠨ ᠤ ᠭᠠᠴᠠᠭ᠎ᠠ ᠲᠤᠰᠬᠤᠨ ᠳᠤ 5G ᠰᠦᠯᠵᠢᠶ᠎ᠡ ᠨᠡᠪᠲᠡᠷᠡᠭᠰᠡᠨ ᠨᠤᠷᠮ᠎ᠠ ᠵᠠᠭᠤᠨ ᠤ 80 ᠶᠢ ᠳᠠᠪᠠᠵᠤ᠂ 5G ᠰᠦᠯᠵᠢᠶ᠎ᠡ ᠲᠠᠢ ᠭᠠᠷ ᠤᠲᠠᠰᠤᠨ ᠤ ᠬᠡᠷᠡᠭᠯᠡᠭᠴᠢᠳ ᠤᠨ ᠲᠤᠭ᠎ᠠ 8 ᠳ᠋ᠥᠩᠰᠢᠭᠤᠷ 500 ᠲᠦᠮᠡ ᠳᠤ ᠬᠦᠷᠴᠦ᠂ ᠪᠥᠬᠦ ᠵᠦᠢᠯ ᠢ ᠬᠤᠯᠪᠣᠭᠰᠠᠨ ᠰᠦᠯᠵᠢᠶᠡᠨ ᠤ ᠰᠠᠭᠤᠷᠢ ᠲᠠᠰᠣᠷᠠᠯᠳᠠ ᠦᠭᠡᠢ ᠪᠠᠬᠢᠵᠢᠵᠦ᠂ 5G ᠰᠦᠯᠵᠢᠶ᠎ᠡ ᠶᠢ ᠠᠵᠤ ᠦᠢᠯᠡᠳᠪᠦᠷᠢ᠂ ᠠᠭᠤᠯᠠ ᠠᠭᠤᠷᠬᠠᠢ᠂ ᠴᠠᠬᠢᠯᠭᠠᠨ ᠡᠷᠴᠢᠮ ᠬᠦᠴᠦ᠂ ᠭᠠᠷᠠᠮ᠂  ᠡᠮᠴᠢᠯᠡᠭᠡ ᠵᠡᠷᠭᠡ ᠠᠵᠢᠯ ᠲᠥᠷᠥᠯ ᠳᠤ ᠭᠦᠨᠵᠡᠭᠡᠢ ᠠᠰᠢᠭᠯᠠᠵᠤ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠷᠠᠳᠢᠣ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号