ᠰᠠᠶᠢᠬᠠᠨ ᠲᠣᠭᠤᠷᠢᠭ 2023 ᠣᠨ ᠤ ᠲᠤᠤᠷᠴᠢᠯᠠᠭᠰᠠᠨ ᠦᠢᠯᠡᠴᠢᠯᠡᠭᠡᠨ ᠤ ᠬᠠᠮᠢᠶᠠᠷᠤᠯᠲᠠ ᠶᠢᠨ ᠠᠵᠢᠯ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/1/29
     ᠦᠨᠳᠦᠰᠦᠨ ᠱᠠᠲᠤᠨ ᠤ ᠨᠠᠷᠢᠯᠢᠭᠵᠢᠭᠤᠯᠤᠨ ᠵᠠᠰᠠᠬᠤ᠂ ᠨᠠᠷᠢᠯᠢᠭ ᠣᠨᠣᠴᠠᠵᠢᠭᠤᠯᠬᠤ ᠦᠢᠯᠡᠴᠢᠯᠡᠭᠡᠨ ᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠦᠯᠵᠢᠶᠡᠨ ᠤ ᠠᠵᠢᠯᠲᠠᠨ ᠤ ᠡᠩᠨᠡᠭᠡ ᠶᠢᠨ ᠠᠵᠢᠯ ᠤᠨ ᠢᠳᠡᠪᠬᠢᠵᠢᠯ  ᠪᠠ ᠰᠠᠨᠠᠭᠠᠴᠢᠯᠠᠭᠠᠲᠤ ᠴᠢᠨᠠᠷ ᠢ  ᠨᠠᠩ ᠰᠠᠶᠢᠨ ᠬᠥᠭᠵᠢᠭᠡᠬᠦ ᠶᠢᠨ ᠲᠥᠯᠥᠭᠡ᠂ 1 ᠳ᠋ᠦ᠋ᠭᠡᠷ ᠰᠠᠷ᠎ᠠ ᠶᠢᠨ 24 ᠤ ᠡᠳᠦᠷ᠂ ᠰᠠᠶᠢᠬᠠᠨ ᠲᠣᠭᠤᠷᠢᠭ ᠤᠨ 2023 ᠣᠨ ᠤ ᠰᠦᠯᠵᠢᠶᠡᠨ ᠤ ᠦᠢᠯᠡᠴᠢᠯᠡᠭᠡᠨ ᠤ ᠬᠠᠮᠢᠶᠠᠷᠤᠯᠲᠠ ᠶᠢᠨ ᠠᠵᠢᠯ ᠤᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠬᠤᠷᠠᠯᠳᠤᠪᠠ᠃  ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠫᠠᠨ ᠵᠢᠶᠠᠨ ᠵᠢᠶᠦ᠋ᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃
      ᠬᠤᠷᠠᠯ ᠳᠡᠭᠡᠷ᠎ᠡ᠂ ᠬᠥᠬᠡᠬᠤᠲᠠ ᠶᠢᠨ ᠨᠠᠮ ᠤᠨ ᠬᠤᠷᠢᠶ᠎ᠠ ᠶᠢᠨ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ︽2023 ᠣᠨ ᠤ ᠲᠤᠤᠷᠴᠢᠯᠠᠭᠰᠠᠨ ᠦᠢᠯᠡᠴᠢᠯᠡᠭᠡᠨ ᠤ ᠬᠠᠮᠢᠶᠠᠷᠤᠯᠲᠠ ᠶᠢᠨ ᠰᠢᠯᠢᠳᠡᠭ ᠬᠠᠮᠲᠤ ᠪᠠ ᠰᠢᠯᠢᠳᠡᠭ ᠲᠤᠰᠬᠠᠢ ᠲᠤᠰᠢᠶᠠᠯᠲᠤ ᠰᠦᠯᠵᠢᠶᠡᠨ ᠤ ᠠᠵᠢᠯᠲᠠᠨ ᠢ ᠬᠥᠬᠢᠭᠦᠯᠦᠨ ᠰᠠᠶᠢᠰᠢᠶᠠᠬᠤ ᠲᠤᠬᠠᠢ ᠮᠡᠳᠡᠭᠳᠡᠯ︾᠂ ᠰᠠᠶᠢᠬᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ︽2023 ᠣᠨ ᠤ ᠲᠤᠤᠷᠴᠢᠯᠠᠭᠰᠠᠨ ᠦᠢᠯᠡᠴᠢᠯᠡᠭᠡᠨ ᠤ ᠬᠠᠮᠢᠶᠠᠷᠤᠯᠲᠠ ᠶᠢᠨ ᠠᠵᠢᠯ ᠤᠨ ᠲᠡᠷᠢᠭᠦᠨ ᠤ ᠬᠠᠮᠲᠤ ᠪᠠ ᠰᠢᠯᠢᠳᠡᠭ ᠬᠤᠪᠢ ᠬᠥᠮᠥᠨ ᠢ ᠬᠥᠬᠢᠭᠦᠯᠦᠨ ᠰᠠᠶᠢᠰᠢᠶᠠᠬᠤ ᠲᠤᠬᠠᠢ ᠲᠣᠭᠲᠠᠭᠠᠯ︾ ᠢ ᠤᠩᠰᠢᠨ ᠨᠡᠶᠢᠲᠡᠯᠡᠪᠡ︔ ᠬᠥᠬᠢᠭᠦᠯᠦᠯ ᠭᠥᠷᠳᠡᠭᠰᠡᠨ ᠭᠠᠵᠠᠷ ᠣᠷᠣᠨ ᠪᠠ ᠬᠥᠮᠥᠰ ᠤᠨ ᠨᠡᠷᠡᠰ  ᠢ ᠤᠩᠰᠢᠨ ᠨᠡᠶᠢᠲᠡᠯᠡᠭᠰᠡᠨ ᠪᠥᠭᠡᠳ ᠬᠤᠲᠠ  ᠶᠢᠨ ᠱᠠᠲᠤᠨ ᠤ ᠪᠠ ᠲᠣᠭᠤᠷᠢᠭ ᠤᠨ ᠱᠠᠲᠤᠨ ᠤ ᠲᠡᠷᠢᠭᠦᠨ ᠤ ᠬᠠᠮᠲᠤ  ᠶᠢᠨ ᠲᠥᠯᠥᠭᠡᠯᠡᠭᠴᠢ᠂ ᠰᠢᠯᠢᠳᠡᠭ ᠰᠦᠯᠵᠢᠶᠡᠨ ᠤ ᠠᠵᠢᠯᠲᠠᠨ ᠤ ᠲᠥᠯᠥᠭᠡᠯᠡᠭᠴᠢ ᠳᠤ ᠱᠠᠩᠨᠠᠯ ᠭᠠᠷᠳᠠᠭᠤᠯᠪᠠ︔ ᠰᠢᠯᠢᠳᠡᠭ ᠵᠡᠭᠡᠯᠢ ᠭᠤᠳᠤᠮᠵᠢ᠂ ᠨᠡᠶᠢᠭᠡᠮ ᠲᠣᠭᠤᠷᠢᠭ᠂ ᠰᠦᠯᠵᠢᠶᠡᠨ ᠤ ᠠᠵᠢᠯᠲᠠᠨ ᠤ ᠲᠥᠯᠥᠭᠡᠯᠡᠭᠴᠢ ᠶᠠᠷᠢᠶ᠎ᠠ ᠲᠠᠯᠪᠢᠪᠠ᠃
     ᠬᠤᠷᠠᠯ ᠠᠴᠠ᠂ ᠡᠯ᠎ᠡ ᠪᠠᠯᠭᠠᠰᠤ ︵ᠵᠡᠭᠡᠯᠢ ᠭᠤᠳᠤᠮᠵᠢ︶᠂ ᠲᠣᠰᠬᠤᠨ ︵ᠨᠡᠶᠢᠭᠡᠮ ᠲᠣᠭᠤᠷᠢᠭ︶ ᠤ ᠬᠢᠨ ᠲᠣᠣᠷᠵᠢᠯᠲᠠ ᠶᠢᠨ ᠰᠠᠭᠤᠷᠢ ᠶᠢ ᠪᠠᠬᠢᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠨᠠᠮ ᠤᠨ ᠪᠠᠶᠢᠭᠤᠯᠤᠯᠲᠠ ᠪᠠᠷ ᠵᠢᠯᠣᠭᠤᠳᠤᠮᠵᠢ ᠪᠣᠯᠭᠠᠵᠤ᠂ ᠤᠯᠠᠨ ᠲᠦᠮᠡᠨ ᠤ ᠥᠪᠡᠷᠲᠡᠭᠡᠨ ᠵᠠᠰᠠᠬᠤ ᠪᠠᠷ ᠭᠤᠣᠯ ᠪᠣᠯᠭᠠᠵᠤ᠂ ᠲᠣᠣᠷᠵᠢᠯ ᠤᠨ ᠬᠠᠮᠢᠶᠠᠷᠤᠯᠲᠠ ᠪᠠᠷ ᠭᠤᠣᠯ ᠵᠢᠭᠰᠠᠭᠠᠯ ᠤᠨ ᠭᠠᠵᠠᠷ ᠪᠣᠯᠭᠠᠵᠤ᠂ ᠲᠣᠣᠷᠵᠢᠯ ᠤᠨ ᠠᠵᠢᠯ ᠢ ᠨᠠᠷᠢᠯᠢᠭ ᠪᠣᠳᠠᠲᠠᠶᠢᠵᠢᠭᠤᠯᠵᠤ᠂ ᠬᠠᠷᠢᠶ᠎ᠠ ᠣᠷᠣᠨ ᠤ ᠤᠯᠠᠨ ᠲᠦᠮᠡᠨ ᠤ ᠵᠣᠯ ᠵᠢᠷᠭᠠᠯᠲᠤ ᠲᠥᠷᠥᠭᠳᠡᠯ ᠪᠣᠯᠣᠨ ᠠᠮᠤᠷ ᠲᠦᠪᠰᠢᠨ ᠤ ᠲᠥᠷᠥᠭᠳᠡᠯ ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ᠃ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠴᠢᠭᠭᠠᠳᠬᠠᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠬᠦᠴᠦᠷᠬᠡᠭ ᠶᠡᠭᠡ ᠬᠠᠮᠲᠤᠷᠠᠯ ᠬᠦᠴᠦᠨ ᠢ ᠨᠢᠭᠲᠠᠷᠠᠭᠤᠯᠬᠤ ᠬᠡᠷᠡᠭᠲᠡᠢ︔ ︽ᠬᠠᠮᠢᠶᠠᠷᠤᠯᠲᠠ ᠶᠢᠨ ᠲᠣᠣᠷᠵᠢᠯ ᠢ ᠨᠠᠷᠢᠨ ᠬᠢᠨᠠᠮᠠᠭᠠᠢ ᠭᠦᠢᠴᠡᠳᠬᠡᠵᠦ᠂ ᠤᠯᠠᠨ ᠲᠦᠮᠡᠨ ᠳᠤ ᠦᠢᠯᠡᠴᠢᠯᠡᠬᠦ︾ ᠡᠭᠦᠷᠭᠡ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠭᠦᠢᠴᠡᠳᠬᠡᠵᠦ᠂ ᠤᠯᠠᠨ ᠲᠦᠮᠡᠨ ᠢ ᠪᠠᠶᠢᠩᠭᠤᠵᠢᠭᠤᠯᠤᠨ ᠵᠣᠬᠢᠶᠠᠨ ᠪᠠᠶᠢᠭᠤᠯᠵᠤ ᠲᠣᠣᠷᠵᠢᠯ ᠤᠨ ᠠᠵᠢᠯᠯᠠᠭ᠎ᠠ ᠶᠢ ᠥᠷᠨᠢᠭᠦᠯᠵᠦ᠂ ᠰᠠᠭᠤᠭᠠᠯᠢ ᠠᠷᠠᠳ ᠤᠨ ᠥᠪᠡᠷᠲᠡᠭᠡᠨ ᠵᠠᠰᠠᠬᠤ ᠶᠢ ᠰᠠᠶᠢᠲᠤᠷ ᠠᠳᠭᠤᠨ᠂ ᠠᠵᠢᠯ ᠤᠨ ᠳᠦᠷᠢᠮ ᠢ ᠰᠢᠯᠤᠭᠤᠳᠬᠠᠵᠤ᠂ ᠰᠦᠯᠵᠢᠶᠡᠨ ᠤ ᠠᠵᠢᠯᠲᠠᠨ ᠤ ᠦᠨᠡᠨ ᠠᠵᠢᠯ ᠬᠢᠬᠦ ᠶᠢ ᠵᠣᠷᠢᠭᠵᠢᠭᠤᠯᠤᠨ᠎ᠠ᠃ ᠨᠠᠷᠢᠯᠢᠭ ᠣᠨᠣᠴᠠᠲᠠᠢ ᠦᠢᠯᠡᠴᠢᠯᠡᠭᠡ ᠶᠢ ᠴᠢᠭᠭᠠᠳᠬᠠᠵᠦ᠂ ᠰᠦᠯᠵᠢᠶᠡᠨ ᠤ ᠠᠵᠢᠯᠲᠠᠨ ᠤ ᠠᠵᠢᠯ ᠤᠨ ᠳᠠᠷᠤᠭᠠᠰᠤ ᠶᠢ ᠬᠥᠩᠭᠡᠷᠡᠭᠦᠯᠵᠦ᠂ ᠰᠦᠯᠵᠢᠶᠡᠨ ᠤ ᠠᠵᠢᠯ ᠢ ᠪᠣᠳᠠᠲᠠᠶᠢᠵᠢᠭᠤᠯᠬᠤ᠂ ᠨᠠᠷᠢᠯᠢᠭᠵᠢᠭᠤᠯᠬᠤ᠂ ᠰᠠᠶᠢᠲᠤᠷ ᠬᠢᠬᠦ ᠡᠭᠦᠷᠭᠡᠲᠦ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠶᠢ ᠴᠢᠩᠭᠠᠳᠬᠠᠵᠤ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠴᠠᠭ ᠲᠤᠬᠠᠢ ᠳᠤᠨᠢ ᠰᠢᠢᠳᠪᠦᠷᠢᠯᠡᠨ᠎ᠡ᠃
     ᠬᠤᠷᠠᠯ ᠠᠴᠠ᠂ ᠪᠦᠬᠦ ᠲᠣᠭᠤᠷᠢᠭ ᠤᠨ ᠥᠷᠭᠡᠨ ᠤᠯᠠᠨ ᠰᠦᠯᠵᠢᠶᠡᠨ ᠤ ᠠᠵᠢᠯᠲᠠᠳ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠡᠮᠯᠡᠭᠦ ᠬᠡᠷᠡᠭᠲᠡᠢ ᠭᠡᠵᠦ ᠱᠠᠭᠠᠷᠳᠠᠪᠠ  ᠃ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ︽ᠪᠦᠬᠦ ᠰᠡᠳᠬᠢᠯ ᠪᠦᠬᠦ ᠵᠣᠷᠢᠭ ᠢᠶᠠᠷ ᠠᠷᠠᠳ ᠲᠦᠮᠡᠨ ᠳᠤ ᠦᠢᠯᠡᠴᠢᠯᠡᠬᠦ︾ ᠵᠣᠷᠢᠯᠲᠠ ᠶᠢ ᠪᠠᠲᠤ ᠪᠤᠢ ᠪᠣᠯᠭᠠᠵᠤ᠂ ᠤᠯᠠᠨ ᠲᠦᠮᠡᠨ ᠤ ᠪᠤᠬᠢᠨᠢᠳᠤᠯ ᠲᠠᠢ ᠶᠠᠪᠤᠳᠠᠯ᠂ ᠰᠡᠳᠬᠢᠯ ᠤᠨ ᠵᠣᠪᠠᠨᠢᠯ ᠲᠠᠢ ᠶᠠᠪᠤᠳᠠᠯ ᠢ ᠨᠠᠷᠢᠨ ᠨᠢᠮᠪᠠᠢ ᠬᠢᠵᠦ᠂ ᠪᠣᠳᠠᠲᠠᠢ ᠪᠠᠷ ᠬᠢᠵᠦ᠂ ᠥᠷᠭᠡᠨ ᠤᠯᠠᠨ ᠲᠦᠮᠡᠨ ᠢ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠢ ᠬᠥᠮᠥᠵᠢᠭᠦᠯᠦᠨ᠂  ᠠᠵᠢᠯ ᠤᠨ ᠪᠠᠶᠢᠷᠢ ᠪᠠᠨ ᠬᠠᠶᠢᠷᠠᠯᠠᠨ ᠠᠵᠢᠯ ᠦᠢᠯᠡᠰ ᠢᠶᠠᠨ ᠳᠡᠭᠡᠳᠦᠯᠡᠵᠦ ᠬᠤᠪᠢ ᠨᠡᠮᠡᠷᠢ ᠦᠵᠡᠭᠦᠯᠬᠦ ᠶᠢ ᠡᠷᠬᠡᠮᠯᠡᠨ᠂ ᠥᠪᠡᠷ  ᠢ ᠪᠠᠨ ᠦᠷᠡᠭᠳᠡᠭᠦᠯᠵᠦ᠂ ᠶᠡᠭᠡ ᠲᠠᠯ᠎ᠠ  ᠶᠢ ᠬᠠᠷᠠᠭᠠᠯᠵᠠᠨ᠂ ᠯᠠᠪᠳᠠᠭᠤᠨ ᠲᠣᠭᠲᠠᠭᠤᠨ ᠰᠢᠷᠭᠠᠭᠤ ᠬᠠᠲᠠᠭᠤᠵᠢᠯᠲᠠᠢ ᠠᠵᠢᠯᠯᠠᠵᠤ ᠂ ᠥᠪᠡᠷ ᠤᠨ ︽ᠵᠦᠳᠡᠷᠡᠯ ᠤᠨ ᠢᠯᠡᠳᠬᠡᠭᠴᠢ ᠶᠢᠨ ᠵᠢᠭᠠᠯᠲᠠ ᠲᠤᠭ᠎ᠠ︾ ᠪᠠᠷ ᠣᠯᠠᠨ ᠲᠦᠮᠡᠨ ᠤ ︽ᠵᠣᠯ ᠵᠢᠷᠭᠠᠯ ᠤᠨ ᠵᠢᠭᠠᠯᠲᠠ ᠲᠤᠭ᠎ᠠ︾  ᠳᠤ ᠦᠢᠯᠡᠴᠢᠯᠡᠨ᠎ᠡ᠃ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠨ᠂ ᠰᠢᠨ᠎ᠡ ᠴᠠᠭ ᠦᠶ᠎ᠡ ᠶᠢᠨ ︽ᠹᠥ᠋ᠩᠴᠢᠶᠤᠤ ᠶᠢᠨ ᠲᠤᠷᠰᠢᠯᠭ᠎ᠠ︾ ᠶᠢ ᠪᠠᠳᠠᠷᠠᠭᠤᠯᠵᠤ᠂ ᠴᠤᠭ ᠪᠠᠳᠠᠷᠠᠩᠭᠤᠢ ᠳᠦᠷᠢ ᠲᠥᠷᠬᠦ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ ᠠᠮᠤᠷ ᠠᠮᠤᠭᠤᠯᠠᠩ ᠤᠨ ᠪᠠᠶᠢᠭᠤᠯᠤᠯᠲᠠ ᠪᠣᠯᠣᠨ ᠨᠡᠶᠢᠭᠡᠮ ᠤᠨ ᠵᠠᠰᠠᠯᠲᠠ ᠳᠤ ᠣᠷᠣᠯᠴᠠᠵᠤ᠂ ᠮᠡᠳᠡᠭᠡ ᠵᠠᠩᠭᠢᠴᠢ᠂ ᠤᠬᠠᠭᠤᠯᠤᠭᠴᠢ᠂ ᠦᠢᠯᠡᠴᠢᠯᠡᠭᠴᠢ᠂ ᠪᠠᠶᠢᠯᠳᠤᠭᠴᠢ ᠶᠢᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ︽ᠬᠠᠮᠤᠭ ᠤᠨ ᠰᠠᠶᠢᠨ  ᠰᠠᠶᠢᠬᠠᠨ ᠲᠣᠭᠤᠷᠢᠭ︾ ᠢ ᠪᠦᠲᠦᠭᠡᠨ ᠪᠠᠶᠢᠭᠤᠯᠬᠤ ᠳᠤ  ᠬᠦᠴᠦᠨ ᠴᠢᠳᠠᠯ ᠢᠶᠠᠨ ᠡᠷᠭᠦᠨ᠎ᠡ᠃       ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号