61.5% ᠪᠠᠷ ᠨᠡᠮᠡᠭᠳᠡᠵᠦ ᠥᠪᠥᠷ ᠮᠣᠩᠭᠤᠯ ᠤᠨ ᠪᠣᠳᠠᠲᠠᠢ ᠬᠡᠷᠡᠭᠯᠡᠭᠰᠡᠨ ᠭᠠᠳᠠᠭᠠᠳᠤ ᠪᠡᠯᠡ ᠲᠤᠯᠤᠭᠠᠨ ᠵᠢᠯ ᠳᠠᠷᠠᠭᠠᠯᠠᠨ ᠨᠡᠮᠡᠭᠳᠡᠪᠡ
ᠨᠡᠶᠢᠲᠡᠯᠡᠭᠰᠡᠨ ᠴᠠᠭ᠄
2024/1/29
  2023 ᠣᠨ ᠳᠤ᠂ ᠳᠡᠯᠡᠬᠡᠢ ᠶᠢᠨ ᠠᠵᠤ ᠠᠬᠤᠢ ᠶᠢᠨ ᠰᠡᠷᠭᠦᠯᠲᠡ ᠤᠳᠠᠭᠠᠨ᠂ ᠪᠦᠭᠦ ᠪᠥᠮᠪᠥᠷᠴᠡᠭ ᠤᠨ ᠤᠯᠤᠰ ᠠᠯᠤᠰᠯᠠᠭᠰᠠᠨ ᠪᠡᠯᠡ ᠣᠷᠣᠭᠤᠯᠤᠯᠲᠠ ᠶᠢᠨ ᠬᠦᠴᠦᠨ ᠮᠡᠬᠦᠰᠳᠡᠵᠦ ᠪᠠᠶᠢᠭ᠎ᠠ ᠵᠡᠷᠭᠡ ᠬᠦᠨᠳᠦ ᠬᠡᠴᠡᠭᠦᠦ ᠪᠠᠶᠢᠳᠠᠯ ᠤᠨ ᠡᠮᠦᠨ᠎ᠡ᠂ ᠥᠪᠥᠷ ᠮᠣᠩᠭᠤᠯ ᠪᠡᠯᠡ ᠣᠷᠣᠭᠤᠯᠤᠯᠲᠠ ᠶᠢᠨ ᠣᠷᠴᠢᠨ ᠨᠥᠬᠦᠴᠡᠯ ᠢᠶᠠᠨ ᠦᠷᠭᠦᠯᠵᠢᠯᠡᠨ ᠰᠢᠯᠢᠳᠡᠭᠵᠢᠭᠦᠯᠵᠦ᠂ ᠪᠡᠯᠡ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠭᠠᠳᠠᠭᠠᠳᠤ ᠪᠡᠯᠡ ᠶᠢᠨ ᠠᠵᠢᠯ ᠤᠨ ᠬᠤᠷᠳᠤᠴᠠ ᠶᠢ ᠲᠦᠷᠭᠡᠳᠬᠡᠪᠡ - 2023 ᠣᠨ ᠳᠤ᠂ ᠪᠦᠭᠦ ᠣᠷᠣᠨ ᠤ ᠪᠣᠳᠠᠲᠠᠢ ᠬᠡᠷᠡᠭᠯᠡᠭᠰᠡᠨ ᠭᠠᠳᠠᠭᠠᠳᠤ ᠪᠡᠯᠡ 55.8 ᠳ᠋ᠦᠩᠰᠢᠭᠤᠷ ᠲᠥᠭᠦᠷᠢᠭ ᠲᠤ ᠬᠦᠷᠴᠦ᠂ 2022 ᠣᠨ ᠤ ᠬᠢ ᠠᠴᠠ 61.5% ᠪᠠᠷ ᠨᠡᠮᠡᠭᠳᠡᠵᠦ᠂ ᠨᠡᠮᠡᠭᠳᠡᠯ ᠤᠨ ᠬᠡᠮᠵᠢᠶ᠎ᠡ ᠨᠢ ᠪᠦᠭᠦ ᠤᠯᠤᠰ ᠤᠨ ᠬᠢ ᠠᠴᠠ ᠵᠠᠭᠤᠨ ᠤ ᠬᠠᠷᠢᠴᠠᠯ ᠢᠶᠠᠷ 69.5 ᠬᠤᠪᠢ ᠥᠨᠳᠥᠷ ᠪᠣᠯᠵᠠᠢ᠃ ᠪᠦᠭᠦ ᠣᠷᠣᠨ ᠤ ᠰᠢᠨ᠎ᠡ ᠪᠠᠷ ᠪᠠᠶᠢᠭᠤᠯᠤᠭᠰᠠᠨ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ 167 ᠪᠠᠶᠢᠵᠤ᠂ 2022 ᠣᠨ ᠤ ᠬᠢ ᠠᠴᠠ 3.2 ᠳᠠᠭᠢᠨ ᠨᠡᠮᠡᠭᠳᠡᠪᠡ᠃ ᠪᠣᠳᠠᠲᠠᠢ ᠬᠡᠷᠡᠭᠯᠡᠭᠰᠡᠨ ᠭᠠᠳᠠᠭᠠᠳᠤ ᠪᠡᠯᠡ ︽ᠲᠤᠯᠤᠭᠠᠨ ᠵᠢᠯ ᠳᠠᠷᠠᠭᠠᠯᠠᠨ ᠨᠡᠮᠡᠭᠳᠡᠵᠦ︾᠂ ᠬᠤᠶᠠᠷ ᠵᠢᠯ ᠳᠠᠷᠠᠭᠠᠯᠠᠨ 50% ᠠᠴᠠ ᠳᠡᠭᠡᠭᠰᠢᠬᠢ ᠨᠡᠮᠡᠭᠳᠡᠯ ᠤᠨ ᠬᠡᠮᠵᠢᠶ᠎ᠡ ᠶᠢ ᠪᠠᠲᠤᠯᠠᠪᠠ᠃         ᠭᠠᠳᠠᠭᠠᠳᠤ ᠪᠡᠯᠡ ᠨᠢ ᠨᠡᠭᠡᠭᠡᠯᠲᠡᠲᠤ ᠮᠠᠶ᠋ᠢᠭ ᠤᠨ ᠠᠵᠤ ᠠᠬᠤᠢ ᠳᠤ ᠴᠢᠬᠤᠯᠠ ᠠᠴᠢ ᠬᠤᠯᠪᠣᠭᠳᠠᠯ ᠲᠠᠢ ᠪᠠᠶᠢᠵᠤ᠂ ᠪᠦᠭᠦ ᠤᠯᠤᠰ ᠤᠨ ᠪᠠᠶᠢᠳᠠᠯ ᠢ ᠠᠵᠢᠭᠯᠠᠪᠠᠯ᠂ ᠠᠵᠤ ᠠᠬᠤᠢ ᠬᠥᠭᠵᠢᠭᠰᠡᠨ ᠭᠠᠵᠠᠷ ᠣᠷᠣᠨ ᠤ ᠠᠯᠢ ᠨᠢ ᠴᠦ ᠭᠡᠳ ᠭᠠᠳᠠᠭᠠᠳᠤ ᠪᠡᠯᠡ ᠶᠢ ᠠᠰᠢᠭᠯᠠᠬᠤ ᠠᠵᠢᠯ ᠢ ᠰᠠᠶᠢᠨ ᠬᠢᠭᠰᠡᠨ ᠭᠠᠵᠠᠷ ᠣᠷᠣᠨ ᠪᠤᠯᠬᠤ ᠶᠤᠮ᠂ ᠠᠷᠠᠯᠵᠢᠶᠠᠴᠢᠨ ᠤᠷᠢᠬᠤ ᠶᠢ ᠠᠳᠬᠤᠬᠤ ᠳᠤ ᠡᠷᠬᠡᠪᠰᠢ ᠭᠠᠳᠠᠭᠠᠳᠤ ᠪᠡᠯᠡ ᠶᠢ ᠠᠳᠬᠤᠬᠤ ᠬᠡᠷᠡᠭᠲᠡᠢ᠃      ᠭᠤᠣᠯᠳᠠᠯᠭ᠎ᠠ ᠲᠠᠢ ᠣᠷᠣᠨ ᠪᠦᠰᠡ ᠳᠤ ᠠᠩᠬᠠᠷᠤᠯ ᠢᠶᠠᠨ ᠲᠥᠪᠯᠡᠷᠡᠭᠦᠯᠦᠨ ᠬᠤᠷᠳᠤ ᠨᠡᠮᠡᠨ ᠤᠷᠤᠭᠰᠢᠯᠠᠵᠤ   ᠪᠡᠯᠡ ᠣᠷᠣᠭᠤᠯᠤᠯᠲᠠ ᠶᠢ ᠠᠬᠢᠭᠤᠯᠤᠨ ᠭᠠᠳᠠᠭᠠᠳᠤ ᠪᠡᠯᠡ ᠶᠢᠨ ᠨᠠᠶᠢᠵᠠ ᠶᠢᠨ ᠲᠣᠭᠤᠷᠢᠭ ᠢᠶᠠᠨ ᠥᠷᠭᠡᠳᠬᠡᠪᠡ         ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢ ᠢᠳᠡᠪᠬᠢᠲᠡᠢ ᠪᠠᠷ ᠲᠠᠳᠠᠨ ᠠᠪᠴᠢᠷᠠᠬᠤ ᠪᠠ ᠠᠰᠢᠭᠯᠠᠬᠤ ᠪᠣᠯ ᠥᠨᠳᠥᠷ ᠲᠦᠪᠰᠢᠨ ᠪᠦᠬᠦᠢ ᠭᠠᠳᠠᠭᠰᠢ ᠨᠡᠭᠡᠭᠡᠯᠲᠡ ᠶᠢ ᠠᠬᠢᠭᠤᠯᠵᠤ᠂ ᠨᠡᠭᠡᠭᠡᠯᠲᠡᠲᠤ ᠮᠠᠶ᠋ᠢᠭ ᠤᠨ ᠠᠵᠤ ᠠᠬᠤᠢ ᠶᠢᠨ ᠰᠢᠨ᠎ᠡ ᠪᠠᠶᠢᠭᠤᠯᠤᠮᠵᠢ ᠶᠢ ᠪᠠᠶᠢᠭᠤᠯᠬᠤ ᠶᠢᠨ ᠴᠢᠬᠤᠯᠠ ᠠᠭᠤᠯᠭ᠎ᠠ ᠮᠥᠨ᠃ ᠠᠵᠠ ᠲᠣᠭᠢᠶᠠᠯ ᠬᠥᠮᠥᠨ ᠢ ᠬᠦᠯᠢᠶᠡᠬᠦ ᠦᠭᠡᠢ᠂ ᠠᠵᠢᠯ ᠶᠠᠪᠤᠳᠠᠯ ᠬᠢᠬᠦ ᠳᠡᠭᠡᠨ ᠡᠷᠲᠡᠬᠡᠨ ᠬᠢᠬᠦ ᠬᠡᠷᠡᠭᠲᠡᠢ᠃ ᠰᠢᠨ᠎ᠡ ᠵᠢᠯ ᠤᠨ ᠡᠬᠢ ᠪᠠᠷ᠂ ᠥᠪᠥᠷ ᠮᠣᠩᠭᠤᠯ ᠤᠨ ᠭᠠᠳᠠᠭᠠᠳᠤ ᠪᠡᠯᠡ ᠶᠢᠨ ᠠᠵᠢᠯ ᠤᠨ ᠡᠩᠨᠡᠭᠡ ︽ᠪᠦᠭᠦ ᠬᠤᠷᠳᠤᠴᠠ ᠶᠢᠨ ᠵᠠᠭᠪᠤᠷ︾ ᠢ ᠡᠬᠢᠯᠡᠭᠦᠯᠵᠦ᠂ ᠭᠠᠳᠠᠭᠠᠳᠤ ᠪᠡᠯᠡ ᠶᠢᠨ ᠨᠠᠶᠢᠵᠠ ᠶᠢᠨ ᠲᠣᠭᠤᠷᠢᠭ ᠢᠶᠠᠨ ᠥᠷᠭᠡᠳᠬᠡᠬᠦ ᠶᠢᠨ ᠲᠥᠯᠥᠭᠡ ᠬᠤᠷᠳᠤ ᠨᠡᠮᠡᠨ ᠤᠷᠤᠭᠰᠢᠯᠠᠵᠤ᠂ ᠬᠦᠴᠦᠨ ᠴᠢᠳᠠᠪᠤᠷᠢ ᠬᠤᠷᠠᠮᠳᠤᠭᠤᠯᠵᠠᠢ᠃         1 ᠰᠠᠷ᠎ᠠ ᠶᠢᠨ 4 ᠠᠴᠠ 5 ᠤ ᠡᠳᠦᠷ ᠪᠤᠯᠲᠠᠯ᠎ᠠ᠂ ᠣᠷᠳᠣᠰ ᠬᠤᠲᠠ ᠰᠢᠶᠠᠩᠭᠠᠩ᠂ ᠣᠣᠮᠧᠨ ᠳᠤ ︽︿ᠬᠡᠯᠬᠢᠶ᠎ᠡ﹀ ᠳᠡᠭᠡᠷᠡᠬᠢ ᠳᠤᠯᠠᠭᠠᠨ ᠬᠤᠲᠠ ᠣᠷᠳᠣᠰ - 2024 ᠣᠷᠳᠣᠰ ︵ᠰᠢᠶᠠᠩᠭᠠᠩ︶ ᠤᠨ ᠠᠷᠠᠯᠵᠢᠶᠠᠴᠢᠨ ᠤᠷᠢᠬᠤ ᠲᠠᠨᠢᠯᠴᠠᠭᠤᠯᠭ᠎ᠠ ᠶᠢᠨ ᠬᠤᠷᠠᠯ ᠪᠠ 2024 ᠣᠷᠳᠣᠰ ︵ᠣᠣᠮᠧᠨ︶ ᠤᠨ ᠠᠷᠠᠯᠵᠢᠶᠠᠴᠢᠨ ᠤᠷᠢᠬᠤ ᠶᠠᠷᠢᠯᠴᠠᠬᠤ ᠬᠤᠷᠠᠯ︾  ᠢ ᠵᠠᠯᠭᠠᠭ᠎ᠠ ᠪᠠᠷ ᠡᠷᠭᠢᠯᠡᠵᠦ᠂ ᠰᠢᠶᠠᠩᠭᠠᠩ ᠣᠣᠮᠧᠨ ᠤ ᠡᠯ᠎ᠡ ᠡᠲᠡᠭᠡᠳ ᠤᠨ ᠬᠥᠮᠥᠰ ᠲᠤ ᠬᠥᠭᠵᠢᠯᠲᠡ ᠶᠢᠨ ᠠᠵᠠ ᠲᠣᠭᠢᠶᠠᠯ ᠢ ᠬᠠᠮᠲᠤ ᠪᠠᠷ ᠡᠳ᠋ᠯᠡᠬᠦ᠂ ᠰᠢᠨ᠎ᠡ ᠶᠢ ᠡᠭᠦᠳᠬᠦ ᠬᠥᠳᠡᠯᠭᠡᠬᠦ ᠬᠦᠴᠦᠨ ᠢ ᠬᠠᠮᠲᠤ ᠪᠠᠷ ᠲᠥᠪᠯᠡᠷᠡᠭᠦᠯᠬᠦ ᠵᠡᠷᠭᠡ 5 ᠬᠤᠪᠢ ᠤᠷᠢᠯᠭ᠎ᠠ ᠶᠢ ᠳᠡᠪᠰᠢᠭᠦᠯᠵᠦ᠂ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ︽ᠳᠡᠯᠡᠬᠡᠢ ᠶᠢᠨ ᠲᠡᠰ ᠤᠨ ᠲᠦᠷᠪᠡᠨ ᠠᠵᠤ ᠦᠢᠯᠡᠰ︾ ᠤᠨ ᠠᠷᠠᠯᠵᠢᠶᠠᠴᠢᠨ ᠤᠷᠢᠬᠤ ᠨᠠᠷᠢᠨ ᠲᠠᠩᠰᠠ ᠶᠢ ᠨᠡᠶᠢᠲᠡᠯᠡᠵᠦ᠂ ᠨᠡᠶᠢᠳᠡ 8 ᠲᠦᠷᠦᠯ ᠵᠦᠢᠯ ᠳᠤ ᠭᠠᠷ ᠤᠨ ᠦᠰᠦᠭ ᠵᠢᠷᠤᠵᠤ᠂ ᠵᠥᠪᠯᠡᠯᠴᠡᠭᠡᠷ ᠤᠨ ᠶᠡᠷᠦᠩᠬᠡᠢ ᠵᠣᠭᠤᠰᠤᠨ ᠤ ᠲᠤᠭ᠎ᠠ 126.5 ᠳ᠋ᠦᠩᠰᠢᠭᠤᠷ ᠲᠥᠭᠦᠷᠢᠭ ᠲᠤ ᠬᠦᠷᠴᠦ᠂ ᠡᠨᠧᠷᠭᠢ᠂ ᠤᠯᠠᠨ ᠤᠯᠤᠰ ᠤᠨ ᠠᠷᠠᠯᠵᠢᠶ᠎ᠠ᠂ ᠦᠨᠡᠲᠦ ᠲᠡᠮᠳᠡᠭᠲᠦ ᠶᠢᠨ ᠪᠡᠯᠡ ᠣᠷᠣᠭᠤᠯᠤᠯᠲᠠ᠂ ᠪᠠᠭ᠎ᠠ ᠨᠡᠭᠦᠷᠡᠰᠦᠲᠥ᠋ᠷᠥᠭᠴᠢᠲᠦ ᠠᠵᠤ ᠠᠬᠤᠢ ᠵᠢᠴᠢ ᠬᠤᠳᠠ ᠶᠢᠨ ᠨᠡᠭᠡᠭᠡᠨ ᠬᠥᠭᠵᠢᠭᠦᠯᠦᠯᠲᠡ ᠡᠵᠡᠩᠨᠡᠯᠲᠡ ᠵᠡᠷᠭᠡ ᠤᠯᠠᠨ ᠬᠦᠷᠢᠶᠡᠨ ᠳᠤ ᠬᠤᠯᠪᠣᠭᠳᠠᠵᠠᠢ᠃         1 ᠰᠠᠷ᠎ᠠ ᠶᠢᠨ 11 ᠤ ᠡᠳᠦᠷ᠂ ᠭᠦᠭᠡᠬᠤᠲᠠ ︵ᠵᠢᠶᠠᠩᠰᠤ︶ ᠶᠢᠨ ᠡᠳ᠋ᠰᠢᠭᠦᠯᠦᠨ ᠪᠤᠯᠪᠠᠰᠤᠷᠠᠭᠤᠯᠬᠤ ᠠᠷᠠᠯᠵᠢᠶ᠎ᠠ ᠶᠢᠨ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠲᠠᠨᠢᠯᠴᠠᠭᠤᠯᠭ᠎ᠠ ᠶᠢᠨ ᠬᠤᠷᠠᠯ ᠰᠦᠵᠧᠦ ᠳᠤ ᠶᠠᠪᠤᠭᠳᠠᠪᠠ᠃ ᠬᠤᠷᠠᠯ ᠠᠴᠠ ︽ᠭᠠᠷ ᠬᠤᠯᠪᠣᠨ ᠭᠦᠭᠡᠬᠤᠲᠠ ᠶᠢᠨ ᠤᠯᠠᠨ ᠤᠯᠤᠰ ᠤᠨ ᠡᠬᠡ ᠬᠠᠭᠤᠷᠠᠢ ᠶᠢᠨ ᠭᠠᠷᠠᠮ ᠢ ᠬᠠᠮᠲᠤ ᠪᠠᠷ ᠪᠦᠲᠦᠭᠡᠨ ᠪᠠᠶᠢᠭᠤᠯᠵᠤ᠂ ᠬᠠᠮᠲᠤᠷᠠᠯᠴᠠᠨ ᠬᠢᠯᠢ ᠠᠯᠤᠰᠯᠠᠭᠰᠠᠨ ᠪᠠᠷᠠᠭᠠᠨ ᠤ ᠭᠦᠢᠯᠭᠡᠭᠡ ᠶᠢᠨ ᠰᠢᠨ᠎ᠡ ᠵᠠᠮ ᠢ ᠬᠠᠮᠲᠤ ᠪᠠᠷ ᠡᠳ᠋ᠯᠡᠬᠦ︾ ᠶᠢᠨ ᠲᠣᠭᠤᠷᠢᠨ ᠳᠤ᠂ ᠦᠨᠡᠨ ᠰᠡᠳᠬᠢᠯ ᠤᠨ ᠶᠠᠷᠢᠯᠴᠠᠭ᠎ᠠ ᠰᠣᠯᠢᠯᠴᠠᠭ᠎ᠠ ᠶᠢ ᠭᠦᠨᠵᠡᠭᠡᠢ ᠥᠷᠨᠢᠭᠦᠯᠵᠦ᠂ ᠭᠦᠭᠡᠬᠤᠲᠠ ᠶᠢᠨ ᠳᠠᠪᠠᠭᠤᠯᠢᠭ ᠣᠨᠴᠠᠯᠢᠭ ᠵᠢᠴᠢ ᠬᠠᠮᠲᠤᠷᠠᠯᠴᠠᠭᠠᠨ ᠤ ᠦᠨᠡᠨᠴᠢ ᠰᠡᠳᠬᠢᠯ ᠢ ᠭᠦᠢᠴᠡᠳ ᠢᠯᠡᠷᠡᠭᠦᠯᠵᠦ᠂ ᠲᠤᠬᠠᠢ ᠶᠢᠨ ᠲᠠᠯᠠᠪᠤᠷ ᠲᠤ 12 ᠠᠵᠤ ᠠᠬᠤᠶᠢᠯᠠᠯ ᠲᠠᠢ ᠭᠠᠷ ᠤᠨ ᠦᠰᠦᠭ ᠵᠢᠷᠤᠪᠠ᠃         ᠴᠢᠬᠤᠯᠠ ᠶᠡᠭᠡ ᠲᠦᠷᠦᠯ ᠵᠦᠢᠯ ᠢ ᠴᠢᠩᠭ᠎ᠠ ᠠᠩᠬᠠᠷᠴᠤ ᠰᠢᠯᠢᠳᠡᠭ ᠦᠢᠯᠡᠴᠢᠯᠡᠭᠡ ᠪᠠᠷ ᠭᠠᠳᠠᠭᠠᠳᠤ ᠪᠡᠯᠡ ᠶᠢᠨ ᠠᠵᠤ ᠠᠬᠤᠶᠢᠯᠠᠯ ᠢ ᠤᠮᠠᠷᠠᠲᠤ ᠬᠢᠯᠢ ᠶᠢᠨ ᠡᠬᠡ ᠭᠠᠵᠠᠷ ᠲᠤ ᠦᠷᠭᠦᠯᠵᠢᠯᠡᠨ ᠬᠥᠭᠵᠢᠭᠦᠯᠦᠨ ᠪᠤᠵᠠᠭᠠᠶᠢᠷᠠᠭᠤᠯᠪᠠ         ︽ᠪᠦᠭᠦ ᠣᠷᠣᠨ ᠤ ᠦᠨᠳᠦᠰᠦᠨ ᠱᠠᠲᠤᠨ ᠤ ᠭᠠᠳᠠᠭᠠᠳᠤ ᠪᠡᠯᠡ ᠶᠢᠨ ᠺᠠᠳ᠋ᠷᠴᠤᠳ ᠤᠨ ᠭᠠᠳᠠᠭᠠᠳᠤ ᠪᠡᠯᠡ ᠶᠢᠨ ᠶᠡᠷᠦᠩᠬᠡᠶᠢᠯᠡᠭᠰᠡᠨ ᠬᠡᠷᠡᠭᠯᠡᠭᠡᠨ ᠤ ᠴᠢᠳᠠᠪᠤᠷᠢ ᠶᠢᠨ ᠲᠦᠪᠰᠢᠨ ᠢ ᠨᠠᠩ ᠰᠠᠶᠢᠨ ᠳᠡᠭᠡᠭᠰᠢᠯᠡᠭᠦᠯᠭᠦ ᠶᠢᠨ ᠲᠥᠯᠥᠭᠡ᠂ 2023 ᠣᠨ ᠳᠤ᠂ ᠥᠪᠥᠷ ᠮᠣᠩᠭᠤᠯ ᠭᠠᠳᠠᠭᠠᠳᠤ ᠪᠡᠯᠡ ᠶᠢᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢᠶᠠᠷ 103 ᠬᠤᠰᠢᠭᠤ ᠰᠢᠶᠠᠨ ᠲᠣᠭᠤᠷᠢᠭ ᠢ ︿ᠪᠦᠭᠦᠨ ᠢ ᠪᠦᠷᠬᠦᠭᠦᠯᠪᠡ﹀᠃ ᠪᠦᠭᠦ ᠣᠷᠣᠨ ᠤ ᠭᠠᠳᠠᠭᠠᠳᠤ ᠪᠡᠯᠡ ᠶᠢᠨ ᠠᠵᠢᠯ ᠤᠨ ᠡᠩᠨᠡᠭᠡ ᠶᠢᠨ ᠬᠠᠮᠲᠤ ᠶᠢᠨ ᠴᠢᠷᠮᠠᠶᠢᠯᠭ᠎ᠠ ᠪᠠᠷ᠂ 2023 ᠣᠨ ᠳᠤ ᠪᠣᠳᠠᠲᠠᠢ ᠬᠡᠷᠡᠭᠯᠡᠭᠰᠡᠨ ᠭᠠᠳᠠᠭᠠᠳᠤ ᠪᠡᠯᠡ 12 ᠠᠶᠢᠮᠠᠭ ᠬᠤᠲᠠ᠂ ᠲᠥᠯᠥᠪᠯᠡᠭᠡ ᠳᠤ ᠲᠤᠰᠠᠭᠠᠷ ᠵᠢᠭᠰᠠᠭᠠᠭᠰᠠᠨ 2 ᠬᠤᠲᠠ ᠪᠠ ᠤᠯᠤᠰ ᠤᠨ ᠲᠠᠰ ᠤᠨ 2 ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠲᠤ ︿ᠪᠦᠭᠦᠨ ᠢ ᠪᠦᠷᠬᠦᠭᠦᠯᠪᠡ﹀︾ ᠭᠡᠵᠦ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠭᠠᠳᠠᠭᠠᠳᠤ ᠪᠡᠯᠡ ᠶᠢᠨ ᠭᠠᠵᠠᠷ ᠤᠨ ᠳᠠᠷᠤᠭ᠎ᠠ ᠳ᠋ᠦ᠋ ᠸᠧᠢ ᠸᠧᠢ ᠲᠠᠨᠢᠯᠴᠠᠭᠤᠯᠪᠠ᠃         2024 ᠣᠨ ᠤ ᠰᠢᠨ᠎ᠡ ᠣᠨ ᠤ ᠠᠮᠠᠷᠠᠯᠲᠠ ᠥᠩᠭᠡᠷᠡᠮᠡᠭᠴᠡ᠂ ᠤᠯᠠᠭᠠᠨᠴᠠᠪ ᠬᠤᠲᠠ ᠶᠢᠨ ᠵᠢᠨᠢᠩ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠺᠠᠳ᠋ᠷ ᠴᠧᠨ ᠶᠠᠨ ᠤᠯᠠᠭᠠᠨᠴᠠᠪ ᠤᠨ ᠯᠠᠨᠸᠢᠰᠲ᠋ᠤᠨ ᠢᠳᠡᠭᠡᠨ ᠤ ᠬᠢᠵᠠᠭᠠᠷᠲᠤ ᠺᠤᠮᠫᠠᠨᠢ ᠳᠤ ᠬᠦᠷᠴᠦ ᠰᠤᠷᠪᠤᠯᠵᠢᠯᠠᠪᠠ᠃ 2023 ᠣᠨ ᠤ 9 ᠰᠠᠷ᠎ᠠ ᠳᠤ᠂ ᠲᠤᠰ ᠲᠣᠪᠴᠢᠶ᠎ᠠ ᠰᠠᠨᠠᠭᠠᠴᠢᠯᠠᠭ᠎ᠠ ᠠᠴᠠ ᠪᠠᠨ ᠡᠨᠡ ᠬᠦ ᠠᠮᠧᠷᠢᠺᠠ ᠶᠢᠨ ᠪᠡᠯᠡᠳᠤ ᠠᠵᠤ ᠠᠬᠤᠶᠢᠯᠠᠯ ᠲᠠᠢ ᠬᠤᠯᠪᠤᠭ᠎ᠠ ᠠᠪᠬᠤ ᠲᠣᠭᠲᠠᠴᠠ ᠶᠢ ᠪᠠᠶᠢᠭᠤᠯᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠳᠤᠮᠳᠠ ᠢᠯᠡᠷᠡᠭᠰᠡᠨ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠪᠡ᠃ 2023 ᠣᠨ ᠳᠤ ᠠᠵᠤ ᠠᠬᠤᠶᠢᠯᠠᠯ ᠤᠤᠯ ᠤᠨ ᠬᠡᠪᠴᠢᠶᠡᠵᠢᠯ ᠤᠨ ᠢᠶᠠᠨ ᠰᠠᠭᠤᠷᠢᠨ ᠳᠡᠭᠡᠷ᠎ᠡ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠪᠠᠨ ᠪᠠᠰᠠ 3.18 ᠳ᠋ᠦᠩᠰᠢᠭᠤᠷ ᠲᠥᠭᠦᠷᠢᠭ ᠨᠡᠮᠡᠭᠳᠡᠭᠦᠯᠪᠡ᠃         1 ᠰᠠᠷ᠎ᠠ ᠶᠢᠨ 19 ᠤ ᠡᠳᠦᠷ᠂ ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠳ᠋ᠢ ᠰᠧ ᠮᠠᠨ ᠷᠦᠨ ᠪᠠᠩ ︵ᠥᠪᠥᠷ ᠮᠣᠩᠭᠤᠯ︶ᠠᠮᠢᠳᠤ ᠪᠣᠳᠠᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠤᠮᠫᠠᠨᠢ ᠶᠢᠨ ᠦᠢᠯᠡᠳᠪᠦᠷᠢ ᠶᠢᠨ ᠲᠠᠰᠤᠭ ᠡᠮᠬᠢ ᠴᠡᠭᠴᠡ ᠲᠠᠢ ᠦᠢᠯᠡᠳᠪᠦᠷᠢᠯᠡᠵᠦ᠂ ᠺᠤᠮᠫᠠᠨᠢ ᠶᠢᠨ ᠦᠢᠯᠡᠳᠪᠦᠷᠢᠯᠡᠭᠰᠡᠨ ᠴᠠᠷᠴᠠᠮᠠᠯ ᠴᠠᠪᠠᠤ ᠪᠠ ᠲᠤᠩᠭᠠᠯᠠᠭ ᠭᠡᠯᠪᠡᠷᠢ ᠶᠢᠨ ᠲᠦᠭᠦᠬᠡᠢ ᠰᠢᠷ᠎ᠠ ᠴᠠᠪᠠᠤ ᠶᠢᠨ ᠶᠠᠰᠤ ᠴᠢᠨᠠᠷ   ᠨᠢ ᠠᠮᠢᠳᠤ ᠪᠣᠳᠠᠰ ᠤᠨ ᠴᠠᠪᠠᠤ ᠶᠢᠨ ᠬᠦᠷᠢᠶᠡᠨ ᠤ ᠲᠡᠷᠢᠭᠦᠨ ᠤ ᠲᠦᠪᠰᠢᠨ ᠳᠤ ᠭᠦᠷᠦᠭᠰᠡᠨ ᠪᠠᠶᠢᠨ᠎ᠠ᠃ ᠬᠤᠯᠠᠨᠳ᠋ ᠠᠴᠠ ᠢᠷᠡᠭᠰᠡᠨ ᠤᠯᠤᠰ ᠠᠯᠤᠰᠯᠠᠭᠰᠠᠨ ᠺᠤᠮᠫᠠᠨᠢ ᠪᠣᠯᠤᠭᠰᠠᠨ ᠤ ᠬᠤᠪᠢ ᠳᠤ᠂ ᠲᠤᠰ ᠠᠵᠤ ᠠᠬᠤᠶᠢᠯᠠᠯ 2023 ᠣᠨ ᠳᠤ ᠪᠡᠯᠡ ᠬᠥᠷᠥᠩᠭᠡ ᠨᠢ 1.331 ᠳ᠋ᠦᠩᠰᠢᠭᠤᠷ ᠲᠥᠭᠦᠷᠢᠭ ᠨᠡᠮᠡᠭᠳᠡᠵᠦ᠂ 2022 ᠣᠨ ᠤ   ᠬᠢ ᠠᠴᠠ 309.53% ᠪᠠᠷ ᠨᠡᠮᠡᠭᠳᠡᠵᠡᠢ᠃         ︽ᠭᠠᠳᠠᠭᠠᠳᠤ ᠪᠡᠯᠡ ᠶᠢ ᠨᠡᠩ ᠶᠡᠭᠡ ᠡᠷᠴᠢᠮ ᠢᠶᠠᠷ ᠲᠡᠳᠡᠨ ᠠᠪᠴᠢᠷᠠᠬᠤ ᠪᠠ ᠠᠰᠢᠭᠯᠠᠬᠤ ᠨᠢ ᠥᠪᠥᠷ ᠮᠣᠩᠭᠤᠯ ᠤᠨ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠨᠡᠩ ᠰᠠᠶᠢᠲᠤᠷ ᠪᠦᠲᠦᠭᠡᠨ ᠪᠠᠶᠢᠭᠤᠯᠬᠤ ᠳᠤ ᠠᠰᠢᠭᠲᠠᠢ ᠪᠥᠭᠡᠳ ᠥᠪᠥᠷ ᠮᠣᠩᠭᠤᠯ ᠤᠨ ᠣᠯᠠᠨ ᠤᠯᠤᠰ ᠤᠨ ᠠᠵᠤ ᠠᠬᠤᠢ ᠠᠷᠠᠯᠵᠢᠶᠠᠨ ᠤ ᠥᠨᠳᠥᠷ ᠪᠠᠷᠢᠮᠵᠢᠶᠠᠲᠤ ᠳᠦᠷᠢᠮ ᠢ ᠰᠠᠨᠠᠭᠠᠴᠢᠯᠠᠭ᠎ᠠ ᠠᠴᠠ ᠪᠠᠨ ᠲᠣᠬᠢᠷᠠᠭᠤᠯᠬᠤ ᠳᠤ ᠴᠤ ᠠᠰᠢᠭᠲᠠᠢ ᠶᠤᠮ︾᠃ ᠳ᠋ᠦ᠋ ᠸᠧᠢ ᠸᠧᠢ᠂ ᠭᠠᠳᠠᠭᠠᠳᠤ ᠪᠡᠯᠡ ᠶᠢᠨ ᠦᠨᠳᠦᠰᠦᠨ ᠪᠠᠶᠢᠳᠠᠯ ᠢ ᠪᠠᠬᠢᠵᠢᠭᠦᠯᠬᠦ ᠶᠢᠨ ᠲᠥᠯᠥᠭᠡ᠂ 2024 ᠣᠨ ᠳᠤ᠂ ᠥᠪᠥᠷ ᠮᠣᠩᠭᠤᠯ ᠭᠤᠣᠯᠳᠠᠯᠭ᠎ᠠ ᠲᠠᠢ ᠭᠠᠳᠠᠭᠠᠳᠤ ᠪᠡᠯᠡ ᠶᠢᠨ ᠠᠵᠤ ᠠᠬᠤᠶᠢᠯᠠᠯ ᠪᠣᠯᠣᠨ ᠲᠦᠷᠦᠯ ᠵᠦᠢᠯ ᠤᠨ ᠦᠢᠯᠡᠴᠢᠯᠡᠭᠡᠨ ᠤ ᠪᠠᠲᠤᠯᠠᠭ᠎ᠠ ᠶᠢ ᠦᠷᠭᠦᠯᠵᠢᠯᠡᠨ ᠴᠢᠩᠭᠠᠳᠬᠠᠵᠤ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠲᠣᠭᠤᠷᠢᠭ ᠰᠢᠷᠡᠭᠡᠨ ᠤ ᠬᠤᠷᠠᠯ ᠤᠨ ᠳᠦᠷᠢᠮ ᠤᠨ ᠦᠢᠯᠡᠳᠦᠯ ᠢ ᠪᠠᠳᠠᠷᠠᠭᠤᠯᠵᠤ᠂ ᠪᠡᠯᠡ ᠣᠷᠣᠭᠤᠯᠤᠯᠲᠠ ᠶᠢᠨ ᠶᠡᠷᠦᠩᠬᠡᠢ ᠬᠡᠮᠵᠢᠶ᠎ᠡ ᠨᠢ 1 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠴᠢᠬᠤᠯᠠ ᠶᠡᠭᠡ ᠭᠠᠳᠠᠭᠠᠳᠤ ᠪᠡᠯᠡ ᠶᠢᠨ ᠲᠦᠷᠦᠯ ᠵᠦᠢᠯ ᠪᠣᠯᠣᠨ ᠭᠤᠣᠯᠳᠠᠯᠭ᠎ᠠ ᠲᠠᠢ ᠭᠠᠳᠠᠭᠠᠳᠤ ᠪᠡᠯᠡ ᠶᠢᠨ ᠠᠵᠤ ᠠᠬᠤᠶᠢᠯᠠᠯ ᠳᠤ ᠮᠥᠷᠳᠡᠨ ᠦᠢᠯᠡᠴᠢᠯᠡᠬᠦ ᠡᠷᠴᠢᠮ ᠢᠶᠠᠨ ᠴᠢᠩᠭᠠᠷᠠᠭᠤᠯᠵᠤ᠂ ᠪᠦᠭᠦ ᠶᠠᠪᠤᠴᠠ ᠪᠠᠷ ᠮᠥᠷᠳᠡᠨ ᠦᠢᠯᠡᠴᠢᠯᠡᠬᠦ ᠲᠦᠷᠦᠯ ᠵᠦᠢᠯ ᠢ ᠨᠠᠶᠢᠳᠠᠪᠤᠷᠢᠵᠢᠭᠤᠯᠤᠨ ᠬᠡᠷᠡᠭᠵᠢᠭᠦᠯᠦᠨ᠎ᠡ᠃ ᠨᠠᠷᠢᠯᠢᠭ ᠣᠨᠣᠴᠠᠲᠠᠢ ᠪᠠᠷ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠡᠷᠴᠢᠮ ᠢᠶᠠᠨ ᠴᠢᠩᠭᠠᠷᠠᠭᠤᠯᠵᠤ᠂ ᠮᠠᠨ ᠤ ᠣᠷᠣᠨ ᠤ ᠨᠠᠢᠮᠠᠨ ᠶᠡᠭᠡ ᠠᠵᠤ ᠦᠢᠯᠡᠰ ᠤᠨ ᠪᠦᠯᠦᠭᠵᠢᠯ ᠪᠠ 16 ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠪᠡᠯᠡ ᠣᠷᠣᠭᠤᠯᠬᠤ ᠢᠷᠡᠯᠲᠡ ᠶᠢᠨ ᠭᠠᠵᠠᠷ ᠢ ᠥᠷᠭᠡᠳᠬᠡᠨ᠂ ᠡᠸᠦ᠋ᠷᠦᠫᠡ ᠠᠮᠧᠷᠢᠺᠠ᠂ ᠶᠠᠫᠤᠨ ᠺᠤᠷᠢᠶᠠ᠂ ᠰᠢᠩᠭᠠᠫᠤᠷ᠂ ᠰᠢᠶᠠᠩᠭᠠᠩ ᠣᠣᠮᠧᠨ ᠵᠡᠷᠭᠡ ᠭᠤᠣᠯᠳᠠᠯᠭ᠎ᠠ ᠲᠠᠢ ᠤᠯᠤᠰ ᠪᠠ ᠭᠠᠵᠠᠷ ᠣᠷᠣᠨ ᠳᠤ ᠬᠠᠨᠳᠤᠭᠤᠯᠤᠭᠰᠠᠨ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠠᠵᠢᠯ ᠢ ᠦᠷᠭᠦᠯᠵᠢᠯᠡᠨ ᠴᠢᠩᠭᠠᠳᠬᠠᠵᠤ᠂ ᠭᠠᠳᠠᠭᠠᠳᠤ ᠠᠵᠤ ᠠᠬᠤᠢ ᠠᠷᠠᠯᠵᠢᠶ᠎ᠠ ᠶᠢᠨ ᠲᠤᠰᠬᠠᠢ ᠪᠡᠯᠡ ᠮᠥᠩᠭᠦ ᠶᠢᠨ ᠦᠢᠯᠡᠳᠦᠯ ᠢ ᠪᠠᠳᠠᠷᠠᠭᠤᠯᠤᠨ᠂ ᠠᠶᠢᠮᠠᠭ ᠬᠤᠲᠠ ᠶᠢᠨ ᠭᠠᠳᠠᠭᠠᠳᠤ ᠪᠡᠯᠡ ᠶᠢ ᠲᠠᠲᠠᠬᠤ ᠠᠵᠢᠯᠯᠠᠭ᠎ᠠ ᠥᠷᠨᠢᠭᠦᠯᠬᠦ ᠶᠢ ᠵᠣᠷᠢᠭᠵᠢᠭᠤᠯᠤᠨ ᠳᠡᠮᠵᠢᠨ᠎ᠡ᠃ ᠳᠦᠷᠢᠮ ᠤᠨ ᠭᠡᠯᠪᠡᠷᠢ ᠶᠢᠨ ᠨᠡᠭᠡᠭᠡᠯᠲᠡ ᠶᠢᠨ ᠲᠠᠪᠴᠠᠩ ᠤᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠳᠤᠮᠳᠠᠳᠤ ᠤᠯᠤᠰ ︵ᠥᠪᠥᠷ ᠮᠣᠩᠭᠤᠯ︶  ᠤᠨ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ ᠢ ᠬᠦᠴᠦᠲᠡᠢ ᠪᠥᠭᠡᠳ ᠡᠮᠬᠢ ᠵᠢᠷᠤᠮ ᠲᠠᠢ ᠥᠷᠨᠢᠭᠦᠯᠵᠦ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠳᠦᠷᠢᠮ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠲᠡᠷᠡ ᠬᠡᠪ ᠢᠶᠠᠷ ᠨᠢ ᠳᠡᠯᠭᠡᠷᠡᠭᠦᠯᠬᠦ ᠶᠢ ᠲᠦᠷᠦᠭᠦᠯᠡᠨ ᠨᠢᠭᠡᠳᠦᠯᠲᠡᠢ ᠲᠥᠯᠥᠪᠵᠢᠭᠦᠯᠦᠨ ᠠᠬᠢᠭᠤᠯᠤᠨ᠎ᠠ᠃ ᠳᠤᠮᠳᠠᠳᠤ ᠮᠣᠩᠭᠤᠯ ᠤᠨ ᠡᠷᠢᠶᠡᠨ ᠬᠤᠲᠠ - ᠵᠠᠮ ᠤᠨ ᠡᠭᠦᠳᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠢ ᠭᠤᠶᠤᠴᠢᠯᠠᠨ ᠪᠠᠶᠢᠭᠤᠯᠬᠤ ᠶᠢ ᠲᠦᠷᠭᠡᠳᠬᠡᠨ ᠠᠬᠢᠭᠤᠯᠤᠨ᠎ᠠ᠃ ᠤᠯᠤᠰ ᠤᠨ ᠲᠠᠰ ᠤᠨ ᠠᠵᠤ ᠠᠬᠤᠢ ᠶᠢᠨ ᠨᠡᠭᠡᠭᠡᠨ ᠬᠥᠭᠵᠢᠭᠦᠯᠦᠯᠲᠡ ᠶᠢᠨ ᠣᠷᠣᠨ ᠤ ᠶᠡᠷᠦᠩᠬᠡᠶᠢᠯᠡᠭᠰᠡᠨ ᠬᠥᠭᠵᠢᠯᠲᠡ ᠶᠢᠨ ᠲᠦᠪᠰᠢᠨ ᠢ ᠲᠣᠭᠲᠠᠭᠤᠨ ᠢᠶᠠᠷ ᠳᠡᠭᠡᠭᠰᠢᠯᠡᠭᠦᠯᠭᠦ ᠶᠢ ᠵᠢᠯᠤᠭᠤᠳᠴᠤ᠂ ᠭᠠᠳᠠᠭᠠᠳᠤ ᠨᠡᠭᠡᠭᠡᠯᠲᠡ ᠶᠢᠨ ᠲᠠᠪᠴᠠᠩ ᠤᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠤᠨ᠎ᠠ᠃         ᠴᠠᠭᠠᠨ ᠰᠠᠷ᠎ᠠ ᠣᠶᠢᠷᠠᠳᠴᠤ᠂ ᠥᠪᠥᠷ ᠮᠣᠩᠭᠤᠯ ᠤᠨ ᠡᠬᠡ ᠭᠠᠵᠠᠷ ᠲᠤ ᠥᠯᠵᠡᠢ ᠪᠡᠯᠭᠡ᠂ ᠪᠠᠶᠠᠷ ᠭᠦᠷ᠂ ᠠᠮᠢᠵᠢᠷᠠᠯ ᠤᠨ ᠬᠦᠴᠦᠨ ᠢᠶᠠᠷ ᠪᠢᠯᠬᠠᠨ᠎ᠠ᠃ ᠬᠢᠯᠢ ᠶᠢᠨ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠠᠭᠠᠷᠠᠯᠲᠠᠢ ᠶᠠᠪᠤᠭᠳᠠᠵᠤ᠂ ᠬᠢᠯᠢ ᠠᠯᠤᠰᠯᠠᠭᠰᠠᠨ ᠠᠷᠠᠯᠵᠢᠶ᠎ᠠ ᠥᠷᠨᠢᠩᠭᠦᠢ ᠬᠥᠭᠵᠢᠵᠦ ᠪᠠᠶᠢᠨ᠎ᠠ᠃ ᠦᠢᠯᠡᠳᠪᠦᠷᠢ ᠶᠢᠨ ᠲᠠᠰᠤᠭ ᠲᠤ ᠦᠢᠯᠡᠳᠪᠦᠷᠢᠯᠡᠯ ᠥᠨᠳᠥᠷ ᠪᠦᠲᠦᠮᠵᠢᠲᠡᠢ ᠶᠠᠪᠤᠭᠳᠠᠵᠤ᠂ ᠭᠠᠳᠠᠭᠠᠳᠤ ᠪᠡᠯᠡ ᠶᠢᠨ ᠳᠡᠭᠡᠳᠦ ᠮᠡᠷᠭᠡᠵᠢᠯ ᠤᠨ ᠠᠵᠤ ᠦᠢᠯᠡᠰ ᠤᠨ ᠲᠦᠷᠦᠯ ᠵᠦᠢᠯ ᠢ ᠨᠠᠶᠢᠳᠠᠪᠤᠷᠢᠵᠢᠭᠤᠯᠤᠨ᠎ᠠ᠃ ︽ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ︾ ᠡᠬᠢᠯᠡᠬᠦ ᠲᠠᠰᠢᠷᠠᠮ ᠢᠶᠠᠷ᠂ ᠲᠠᠮᠢᠷᠴᠢᠳ ᠤᠷᠤᠯᠳᠤᠭᠠᠨ ᠤ ᠲᠠᠯᠠᠪᠠᠢ ᠳᠤ ᠡᠷᠡᠮᠡᠬᠡᠶᠢᠯᠡᠨ ᠲᠡᠮᠡᠴᠡᠨ᠎ᠡ ᠁ ᠥᠪᠥᠷ ᠮᠣᠩᠭᠤᠯ ᠤᠨ ᠭᠠᠵᠠᠷ ᠪᠣᠯᠭᠠᠨ ᠳᠤ ᠠᠮᠢᠵᠢᠷᠠᠯ ᠤᠨ ᠬᠦᠴᠦᠨ ᠢᠶᠠᠷ ᠪᠢᠯᠬᠠᠵᠤ᠂ ᠡᠷᠡᠮᠡᠬᠡᠶᠢᠯᠡᠨ ᠤᠷᠤᠭᠰᠢᠯᠠᠵᠠᠭᠠᠨ᠎ᠠ᠃      ︽ᠥᠨᠥᠳᠥᠷ ᠤᠨ ᠥᠪᠥᠷ ᠮᠣᠩᠭᠤᠯ ᠤᠨ ᠴᠢᠬᠤᠯᠠ ᠡᠯᠧᠮᠧᠨ᠋ᠲ ᠤᠨ ᠡᠬᠢ ᠪᠠᠶᠠᠯᠢᠭ ᠡᠯᠪᠡᠭ ᠳᠡᠯᠪᠡᠭ᠂ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠨᠡᠩ ᠰᠢᠯᠢᠳᠡᠭ᠂ ᠬᠥᠭᠵᠢᠯᠲᠡ ᠶᠢᠨ ᠬᠠᠨᠳᠤᠰᠢ ᠡᠷᠴᠢᠮᠲᠡᠢ ᠪᠠᠶᠢᠨ᠎ᠠ᠃ ᠥᠪᠥᠷ ᠮᠣᠩᠭᠤᠯ ᠤᠨ ᠭᠠᠳᠠᠭᠠᠳᠤ ᠪᠡᠯᠡ ᠶᠢᠨ ᠠᠵᠢᠯ ᠤᠨ ᠡᠩᠨᠡᠭᠡ ᠶᠢᠨ ᠬᠢᠨ ᠭᠠᠳᠠᠭᠠᠳᠤ ᠪᠡᠯᠡ ᠶᠢ ᠠᠰᠢᠭᠯᠠᠬᠤ ᠶᠢ ᠠᠬᠢᠭᠤᠯᠬᠤ ᠠᠵᠢᠯ ᠢ ᠪᠦᠭᠦ ᠬᠦᠴᠦᠨ ᠢᠶᠠᠷ ᠢᠶᠠᠨ ᠡᠷᠴᠢᠮᠲᠡᠢ ᠥᠷᠨᠢᠭᠦᠯᠵᠦ᠂ ᠨᠡᠩ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠪᠠᠷ ᠭᠠᠳᠠᠭᠠᠳᠤ ᠪᠡᠯᠡ ᠶᠢ ᠠᠰᠢᠭᠯᠠᠬᠤ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠵᠦ᠂ ᠤᠯᠠᠨ ᠤᠯᠤᠰ ᠤᠨ ᠪᠡᠯᠡ ᠣᠷᠣᠭᠤᠯᠤᠭᠴᠢᠳ ᠲᠤ ᠨᠡᠩ ᠰᠠᠶᠢᠨ ᠨᠡᠩ ᠰᠢᠯᠢᠳᠡᠭ ᠪᠦᠭᠦ ᠲᠠᠯ᠎ᠠ ᠶᠢᠨ᠂ ᠪᠦᠭᠦ ᠬᠡᠯᠬᠢᠶ᠎ᠡ ᠶᠢᠨ ᠦᠢᠯᠡᠴᠢᠯᠡᠭᠡ ᠬᠠᠩᠭᠠᠵᠤ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠢ ᠤᠮᠠᠷᠠᠲᠤ ᠬᠢᠯᠢ ᠶᠢᠨ ᠡᠬᠡ ᠭᠠᠵᠠᠷ ᠲᠤ ᠰᠠᠨᠠᠭ᠎ᠠ ᠠᠮᠤᠷ ᠠᠵᠢᠯ ᠬᠢᠵᠦ ᠦᠢᠯᠡᠰ ᠪᠣᠰᠬᠠᠵᠤ᠂ ᠦᠷᠭᠦᠯᠵᠢᠯᠡᠨ ᠬᠥᠭᠵᠢᠭᠦᠯᠦᠨ ᠪᠤᠵᠠᠭᠠᠶᠢᠷᠠᠭᠤᠯᠤᠨ᠎ᠠ︾ ᠭᠡᠵᠦ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠢᠩᠬᠢᠮ ᠤᠨ ᠳᠠᠷᠤᠭ᠎ᠠ ᠭᠦᠸᠧ ᠵᠧᠦ ᠮᠢᠩ ᠬᠡᠯᠡᠪᠡ᠃       ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ  
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号